ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠰᠦᠯᠵᠢᠶᠡᠨ ᠤ ᠰᠢᠰᠲ᠋ᠧᠮ ᠤᠨ ᠠᠶᠤᠯ ᠥᠬᠡᠶ ᠬᠡᠷᠡᠭᠯᠡᠬᠦ ᠬᠠᠮᠢᠶᠠᠷᠤᠯᠲᠠ ᠶᠢᠨ ᠵᠢᠷᠤᠮᠵᠢᠯ
ᠨᠡᠶᠢᠲᠡᠯᠡᠭᠰᠡᠨ ᠴᠠᠭ᠄
2020/12/2
    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠰᠦᠯᠵᠢᠶᠡᠨ ᠤ ᠰᠢᠰᠲ᠋ᠧᠮ ᠤᠨ ᠠᠶᠤᠯᠭᠦᠶ ᠬᠡᠷᠡᠭᠯᠡᠯᠲᠡ ᠪᠠ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠤᠯᠤᠰ ᠤᠨ ᠨᠢᠭᠤᠴᠠ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠂ ︽ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠵᠢᠴᠢ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠱᠠᠲᠤ ᠬᠤᠪᠢᠶᠠᠨ ᠬᠠᠮᠠᠭᠠᠯᠠᠬᠤ᠂ ᠳᠡᠰ ᠬᠤᠪᠢᠶᠠᠨ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠤᠨᠴᠠᠭᠠᠶᠢᠯᠠᠨ ᠲᠣᠰ ᠵᠢᠷᠤᠮᠵᠢᠯ ᠢ ᠲᠣᠭᠲᠠᠭᠠᠪᠠ᠃    ᠨᠢᠭᠡ᠂ ᠶᠡᠷᠦᠩᠬᠡᠶ ᠳᠦᠷᠢᠮ    ︵ᠨᠢᠭᠡ︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠺᠣᠮᠫᠢᠦ᠋ᠲ᠋ᠧᠷ ᠤᠨ ᠲᠣᠤᠷ ᠰᠦᠯᠵᠢᠶᠡᠨ ᠤ ᠰᠢᠰᠲ᠋ᠧᠮ ᠨᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠦᠯᠵᠢᠶ᠎ᠡ ︵ᠲᠤᠭ᠎ᠠ ᠪᠦᠷᠢᠳᠬᠡᠯ ᠤᠨ ᠳᠣᠲᠣᠷ ᠰᠦᠯᠵᠢᠶ᠎ᠡ︶ ᠪᠣᠯᠤᠨ ᠲᠤᠭ᠎ᠠ ᠪᠦᠷᠢᠳᠬᠡᠯ ᠤᠨ ᠭᠠᠳᠠᠷ ᠰᠦᠯᠵᠢᠶ᠎ᠡ ᠶᠢᠨ ᠬᠤᠶᠠᠷ ᠬᠡᠰᠡᠭ ᠢᠶᠠᠷ ᠪᠦᠷᠢᠯᠳᠦᠨ᠎ᠡ᠃ ᠳᠠᠮᠵᠢᠭᠤᠯᠬᠤ ᠲᠤᠭ᠎ᠠ ᠪᠠᠷᠢᠮᠲᠠ ᠶᠢᠨ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠤᠶᠠᠷ ᠢᠵᠢ ᠰᠦᠯᠵᠢᠶᠡᠨ ᠤ ᠰᠢᠰᠲ᠋ᠧᠮ ᠤᠨ ᠬᠤᠭᠤᠷᠣᠨᠳᠣᠬᠢ ᠱᠤᠭᠤᠮ ᠨᠢ ᠹᠢᠽᠢᠺ ᠤᠨ ᠬᠡᠯᠪᠡᠷᠢ ᠪᠠᠷ ᠲᠤᠰᠠᠭᠠᠷᠯᠠᠳᠠᠭ᠂ ᠡᠭᠦᠨ ᠳᠤ ᠪᠦᠷᠢᠳᠬᠡᠯ ᠤᠨ ᠭᠠᠳᠠᠷ ᠰᠦᠯᠵᠢᠶ᠎ᠡ ᠨᠢ ᠤᠲᠠᠰᠤ ᠦᠭᠡᠶ ᠪᠠᠷ ᠰᠦᠯᠵᠢᠶᠡᠨ ᠳᠤ ᠭᠠᠷᠳᠠᠭ᠃    ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠲᠥᠪ ᠨᠢ ᠲᠣᠪᠴᠢᠶᠠᠨ ᠤ ᠳᠣᠲᠣᠷᠠᠬᠢ ᠲᠣᠤᠷ ᠰᠦᠯᠵᠢᠶ᠎ᠡ ᠶᠢᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠺᠣᠮᠫᠢᠦ᠋ᠲ᠋ᠧᠷ ᠤᠨ ᠲᠣᠣᠷ ᠰᠦᠯᠵᠢᠶᠡᠨ ᠤ ᠲᠥᠬᠦᠭᠡᠷᠦᠮᠵᠢ ᠪᠠ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠠᠷᠭ᠎ᠠ ᠪᠤᠳᠤᠯᠭ᠎ᠠ ᠵᠢᠴᠢ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠰᠦᠯᠵᠢᠶᠡᠨ ᠤ ᠰᠢᠰᠲ᠋ᠧᠮ ᠤᠨ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠡᠭᠦᠷᠭᠡᠯᠡᠨ᠎ᠡ᠃    ︵ᠭᠤᠷᠪᠠ︶ ᠡᠯ᠎ᠡ ᠭᠠᠵᠠᠷ ᠳᠠᠰᠤᠭ᠂ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯ ᠲᠣᠰ ᠭᠠᠵᠠᠷ ᠳᠠᠰᠤᠭ᠂ ᠨᠢᠭᠡᠴᠡ ᠶᠢᠨ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠲᠣᠰ ᠭᠠᠵᠠᠷ ᠳᠠᠰᠤᠭ᠂ ᠨᠢᠭᠡᠴᠡ ᠶᠢᠨ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠺᠣᠮᠫᠢᠦ᠋ᠲ᠋ᠧᠷ ᠤᠨ ᠰᠦᠯᠵᠢᠶ᠎ᠡ ᠶᠢ ᠬᠡᠷᠡᠭᠯᠡᠬᠦ ᠬᠥᠮᠦᠨ ᠨᠢ ᠰᠢᠭᠤᠳ ᠬᠠᠷᠢᠭᠤᠴᠠᠯᠭ᠎ᠠ ᠲᠠᠢ ᠬᠥᠮᠦᠨ ᠪᠣᠯᠤᠨ᠎ᠠ᠃    ︵ᠲᠦᠷᠪᠡ︶ ᠬᠡᠷᠡᠭᠯᠡᠭᠴᠢᠳ ᠺᠣᠮᠫᠢᠦ᠋ᠲ᠋ᠧᠷ ᠪᠠ ᠰᠦᠯᠵᠢᠶᠡᠨ ᠤ ᠰᠢᠰᠲ᠋ᠧᠮ ᠳᠤ ᠬᠡᠪ ᠤᠨ ᠪᠤᠰᠤ ᠪᠠᠶᠢᠳᠠᠯ ᠪᠤᠶᠤ ᠪᠤᠰᠤᠳ ᠭᠡᠮᠲᠦᠯ ᠭᠠᠷᠤᠭᠰᠠᠨ ᠢ ᠣᠯᠵᠤ ᠮᠡᠳᠡᠭᠰᠡᠨ ᠪᠣᠯ ᠲᠣᠪᠴᠢᠶᠠᠨ ᠤ ᠨᠢᠭᠤᠴᠠ ᠶᠢ ᠬᠠᠮᠠᠭᠠᠯᠠᠬᠤ ᠠᠯᠪᠠᠨ ᠭᠡᠷ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠥᠪ ᠲᠤ ᠴᠠᠭ ᠲᠤᠬᠠᠶ ᠳᠤᠨᠢ ᠮᠡᠳᠡᠭᠦᠯᠵᠦ ᠰᠢᠢᠳᠪᠦᠷᠢᠯᠡᠬᠦᠯᠬᠦᠬᠡᠷᠡᠭᠲᠡᠶ᠃    ︵ᠲᠠᠪᠤ︶ ᠲᠣᠰ ᠲᠣᠭᠲᠠᠭᠠᠯ ᠢ ᠵᠥᠷᠢᠴᠡᠭᠰᠡᠨ ᠪᠦᠬᠦᠨ᠂ ᠮᠡᠳᠡᠭᠡ ᠵᠠᠩᠭᠢ ᠵᠠᠳᠠᠷᠠᠭᠤᠯᠤᠭᠰᠠᠨ᠂ ᠬᠠᠺᠧᠷ ᠲᠦᠷᠢᠮᠡᠬᠡᠶᠢᠯᠡᠨ ᠤᠷᠤᠭᠰᠠᠨ᠂ ᠸᠢᠷᠦ᠋ᠰ ᠤᠨ ᠬᠠᠯᠳᠠᠪᠤᠷᠢᠯᠠᠯ᠂ ᠲᠥᠬᠦᠭᠡᠷᠦᠮᠵᠢ ᠪᠠ ᠲᠤᠭ᠎ᠠ ᠪᠠᠷᠢᠮᠲᠠ ᠶᠢ ᠡᠪᠳᠡᠭᠰᠡᠨ ᠪᠣᠯ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃    ᠬᠤᠶᠠᠷ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠦᠯᠵᠢᠶ᠎ᠡ    ︵ᠨᠢᠭᠡ︶ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠲᠣᠤᠷ ᠰᠦᠯᠵᠢᠶ᠎ᠡ ᠪᠣᠯ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠴᠢᠬᠤᠯᠠ ᠲᠤᠯᠭᠠᠭᠤᠷᠢᠯᠠᠯ ᠪᠣᠯᠤᠨ᠎ᠠ᠃ ᠮᠥᠨᠴᠦ ᠪᠦᠬᠦ ᠤᠯᠤᠰ ᠤᠨ ᠲᠤᠭ᠎ᠠ ᠪᠦᠷᠢᠳᠬᠡᠯ ᠤᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠲᠣᠤᠷ ᠰᠦᠯᠵᠢᠶ᠎ᠡ ᠶᠢᠨ ᠪᠦᠷᠢᠯᠳᠦᠬᠦᠨ ᠬᠡᠰᠡᠭ ᠪᠠ ᠪᠦᠬᠦ ᠣᠷᠣᠨ ᠤ ᠲᠤᠭ᠎ᠠ ᠪᠦᠷᠢᠳᠬᠡᠯ ᠤᠨ ᠳᠥᠷᠪᠡᠨ ᠳᠡᠰ ᠤᠨ ᠲᠣᠤᠷ ᠰᠦᠯᠵᠢᠶ᠎ᠡ ᠶᠢᠨ ᠭᠤᠤᠯ ᠲᠥᠪ ᠪᠣᠯᠤᠨ᠎ᠠ᠃ ᠲᠤᠰ ᠰᠦᠯᠵᠢᠶ᠎ᠡ ᠨᠢ ᠢᠨᠲ᠋ᠧᠷ ᠰᠦᠯᠵᠢᠶ᠎ᠡ ᠶᠢᠨ ᠹᠢᠽᠢᠺ ᠤᠨ ᠬᠡᠯᠪᠡᠷᠢ ᠪᠠᠷ ᠠᠮᠤᠷ ᠲᠦᠪᠰᠢᠨ ᠢᠶᠠᠷ ᠲᠤᠰᠠᠭᠠᠷᠯᠠᠵᠤ᠂ ᠵᠥᠪᠬᠡᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠠᠵᠢᠯᠲᠠᠨ ᠡᠳᠦᠷ ᠲᠤᠲᠤᠮ ᠤᠨ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ᠂ ᠠᠯᠪᠠᠨ ᠠᠵᠢᠯ ᠳᠤ ᠬᠡᠷᠡᠭᠯᠡᠬᠦ ᠳᠤ ᠬᠠᠩᠭᠠᠵᠤ᠂ ᠠᠵᠢᠯ ᠯᠤᠭ᠎ᠠ ᠬᠤᠯᠪᠣᠭᠳᠠᠯ ᠦᠭᠡᠶ ᠪᠤᠰᠤᠳ ᠠᠭᠤᠯᠭ᠎ᠠ ᠶᠢ ᠰᠢᠢᠳᠪᠦᠷᠢᠯᠡᠵᠦ᠂ ᠬᠠᠳᠠᠭᠠᠯᠠᠵᠤ᠂ ᠳᠠᠮᠵᠢᠭᠤᠯᠵᠤ ᠪᠣᠯᠬᠤ ᠦᠭᠡᠶ᠃    ︵ᠬᠤᠶᠠᠷ︶ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠤ ᠲᠥᠪᠯᠡᠷᠡᠭᠦᠯᠦᠨ ᠨᠢᠭᠤᠴᠠ ᠳᠤ ᠬᠤᠯᠪᠣᠭᠳᠠᠬᠤ ᠦᠭᠡᠢ ᠮᠡᠳᠡᠭᠡ ᠵᠠᠩᠭᠢ ᠶᠢ ᠬᠠᠳᠠᠭᠠᠯᠠᠬᠤ ᠪᠠ ᠠᠵᠢᠯᠯᠠᠭᠤᠯᠬᠤ ᠠᠵᠢᠯ ᠨᠢ ᠨᠢᠭᠤᠴᠠ ᠪᠤᠰᠤ ᠠᠵᠢᠯ ᠤᠨ ᠰᠦᠯᠵᠢᠶᠡᠨ ᠳᠤ ᠲᠣᠭᠠᠴᠠᠭᠳᠠᠨ᠎ᠠ᠂ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠬᠠᠳᠠᠭᠠᠯᠠᠬᠤ ᠪᠠ  ᠰᠢᠢᠳᠪᠦᠷᠢᠯᠡᠬᠦ ᠶᠢ ᠴᠠᠭᠠᠵᠠᠯᠠᠨ᠎ᠠ᠃    ︵ᠭᠤᠷᠪᠠ︶ ᠰᠢᠰᠲ᠋ᠧᠮ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠠᠬᠢ ᠺᠣᠮᠫᠢᠦ᠋ᠲ᠋ᠧᠷ ᠲᠤ ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠤ ᠵᠠᠯᠭᠠᠵᠤ ᠤᠷᠤᠭᠰᠠᠨ ᠺᠣᠮᠫᠢᠦ᠋ᠲ᠋ᠧᠷ ᠲᠤ ᠡᠷᠬᠡᠪᠰᠢ ᠰᠢᠷᠡᠭᠡᠨ ᠨᠢᠭᠤᠷ ᠤᠨ ᠦᠵᠦᠭᠦᠷ ᠤᠨ ᠬᠠᠮᠢᠶᠠᠷᠤᠯᠲᠠ ᠶᠢᠨ ᠰᠢᠰᠲ᠋ᠧᠮ ᠤᠭᠰᠠᠷᠠᠵᠤ᠂ ᠨᠢᠭᠡᠳᠦᠯᠲᠡᠶ ᠠᠮᠤᠷ ᠲᠦᠪᠰᠢᠨ ᠤ ᠬᠠᠮᠢᠶᠠᠷᠤᠯᠲᠠ ᠶᠢ ᠬᠦᠯᠢᠶᠡᠪᠡᠯ ᠰᠠᠶ᠋ᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠤ ᠵᠠᠯᠭᠠᠵᠤ ᠣᠷᠣᠭᠤᠯᠵᠤ ᠪᠣᠯᠤᠨ᠎ᠠ᠃    ︵ᠳᠥᠷᠪᠡ︶ ᠺᠣᠮᠫᠢᠦ᠋ᠲ᠋ᠧᠷ ᠤᠨ ip ᠬᠠᠶ᠋ᠢᠭ ᠵᠡᠷᠭᠡ ᠲᠣᠤᠷ ᠰᠦᠯᠵᠢᠶᠡᠨ ᠤ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠲᠤᠭ᠎ᠠ ᠪᠠᠷᠢᠮᠲᠠ ᠶᠢᠨ ᠲᠥᠪ ᠠᠴᠠ ᠨᠢᠭᠡᠳᠦᠯᠲᠡᠶ ᠬᠤᠪᠢᠶᠠᠷᠢᠯᠠᠨ ᠬᠠᠮᠢᠶᠠᠷᠬᠤ ᠶᠢᠨ ᠬᠠᠮᠲᠤ ᠳᠠᠩᠰᠠᠯᠠᠨ ᠲᠡᠮᠳᠡᠭᠯᠡᠨ᠎ᠡ᠃ ᠬᠡᠷᠡᠭᠯᠡᠭᠴᠢ ᠶᠢᠨ ip ᠬᠠᠶ᠋ᠢᠭ ᠵᠡᠷᠭᠡ ᠲᠣᠤᠷ ᠰᠦᠯᠵᠢᠶᠡᠨ ᠤ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠥᠭᠡᠷᠡᠴᠢᠯᠡᠬᠦ ᠵᠢᠴᠢ ᠲᠣᠤᠷ ᠰᠦᠯᠵᠢᠶᠡᠨ ᠤ ᠪᠦᠲᠦᠴᠡ ᠶᠢ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃    ︵ᠲᠠᠪᠤ︶ ᠬᠡᠷᠡᠭᠯᠡᠭᠴᠢ ᠺᠣᠮᠫᠢᠦ᠋ᠲ᠋ᠧᠷ ᠲᠤ ᠬᠠᠳᠠᠭᠠᠯᠠᠵᠤ  ᠪᠠᠶᠢᠭ᠎ᠠ ᠰᠢᠰᠲ᠋ᠧᠮ ᠤᠨ ᠵᠥᠭᠡᠯᠡᠨ ᠲᠣᠨᠤᠭ ᠢ ᠬᠠᠰᠤᠬᠤ᠂ ᠵᠠᠰᠠᠪᠤᠷᠢ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ ᠺᠣᠮᠫᠢᠦ᠋ᠲ᠋ᠧᠷ ᠳᠡᠭᠡᠷ᠎ᠡ ᠲᠣᠭᠯᠠᠭᠠᠮ ᠤᠨ ᠵᠥᠭᠡᠯᠡᠨ ᠬᠡᠷᠡᠭᠰᠡᠯ ᠵᠢᠴᠢ ᠠᠵᠢᠯ ᠲᠠᠢ ᠬᠠᠮᠢᠶ᠎ᠠ ᠦᠭᠡᠢ ᠪᠤᠰᠤᠳ ᠬᠡᠷᠡᠭᠯᠡᠭᠡᠨ ᠤ ᠫᠷᠤᠭ᠍ᠷᠠᠮ ᠤᠭᠰᠠᠷᠠᠵᠤ ᠪᠣᠯᠬᠤ ᠦᠭᠡᠢ᠃    ︵ᠵᠢᠷᠭᠤᠭ᠎ᠠ︶ ᠨᠡᠷ᠎ᠡ ᠪᠤᠷᠤᠭᠤᠯᠠᠭᠰᠠᠨ ᠦᠢᠯᠡᠴᠢᠯᠡᠭᠦᠷ ᠨᠢ ᠠᠮᠤᠷ ᠲᠦᠪᠰᠢᠨ ᠤ ᠪᠠᠲᠤᠯᠠᠭ᠎ᠠ ᠦᠭᠡᠢ ᠪᠠᠶᠢᠵᠤ ᠵᠥᠪᠬᠡᠨ ᠣᠯᠠᠨ ᠨᠡᠶᠢᠲᠡ ᠶᠢᠨ ᠮᠡᠳᠡᠭᠡ ᠵᠠᠩᠭᠢ ᠶᠢ ᠬᠠᠳᠠᠭᠠᠯᠠᠬᠤ ᠳᠤ ᠲᠣᠬᠢᠷᠠᠨ᠎ᠠ᠃ ᠴᠢᠬᠤᠯᠠ ᠮᠡᠳᠡᠭᠡ ᠵᠠᠩᠭᠢ ᠶᠢ ᠬᠠᠳᠠᠭᠠᠯᠠᠵᠤ ᠪᠣᠯᠬᠤ ᠦᠭᠡᠢ᠂ ᠬᠡᠷᠪᠡ ᠲᠤᠭ᠎ᠠ ᠪᠠᠷᠢᠮᠲᠠ ᠭᠡᠭᠡᠭᠳᠡᠪᠡᠯ᠂ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠨ᠎ᠡ᠃ ᠨᠡᠷ᠎ᠡ ᠪᠤᠷᠤᠭᠤᠯᠠᠭᠰᠠᠨ ftp ᠦᠢᠯᠡᠴᠢᠯᠡᠭᠦᠷ ᠳᠡᠭᠡᠷ᠎ᠡ ᠥᠪᠡᠷ ᠤᠨ ᠪᠡᠶ᠎ᠡ ᠳᠤ ᠬᠠᠷᠢᠶᠠᠯᠠᠭᠳᠠᠬᠤ ᠦᠭᠡᠢ ᠲᠤᠭ᠎ᠠ ᠪᠠᠷᠢᠮᠲᠠ ᠶᠢ ᠬᠠᠰᠤᠵᠤ ᠪᠣᠯᠬᠤ ᠦᠭᠡᠢ᠂ ᠡᠭᠦᠨ ᠤ ᠬᠠᠮᠲᠤ ᠬᠡᠷᠡᠭᠯᠡᠬᠦ ᠥᠬᠡᠶ ᠲᠤᠭ᠎ᠠ ᠪᠠᠷᠢᠮᠲᠠ ᠶᠢ ᠲᠣᠭᠲᠠᠭᠰᠠᠨ ᠴᠠᠭ ᠲᠤ ᠴᠡᠪᠡᠷᠯᠡᠬᠦ ᠬᠡᠷᠡᠭᠲᠡᠶ᠃    ︵ᠲᠤᠯᠤᠭ᠎ᠠ︶ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠲᠣᠤᠷ ᠰᠦᠯᠵᠢᠶ᠎ᠡ ᠳᠠᠬᠢ ᠺᠣᠮᠫᠢᠦ᠋ᠲ᠋ᠧᠷ ᠤᠨ ᠦᠵᠦᠭᠦᠷ ᠵᠢᠴᠢ ᠲᠡᠭᠦᠨ ᠤ ᠭᠠᠳᠠᠷ ᠲᠥᠬᠦᠭᠡᠷᠦᠮᠵᠢ ᠳᠤ ᠢᠨ᠋ᠧᠲᠷ ᠰᠦᠯᠵᠢᠶ᠎ᠡ ᠪᠠ ᠪᠤᠰᠤᠳ ᠮᠡᠳᠡᠭᠡ ᠵᠠᠩᠭᠢ ᠶᠢᠨ ᠲᠣᠤᠷ ᠰᠦᠯᠵᠢᠶ᠎ᠡ ᠳᠤ ᠵᠠᠯᠭᠠᠬᠤ ᠶᠢ ᠴᠠᠭᠠᠵᠠᠯᠠᠨ᠎ᠠ᠃ ᠺᠣᠮᠫᠢᠦ᠋ᠲ᠋ᠧᠷ ᠤᠨ ᠦᠵᠦᠭᠦᠷ ᠨᠢ ᠤᠲᠠᠰᠤ ᠦᠭᠡᠢ ᠬᠠᠷᠢᠯᠴᠠᠨ ᠬᠤᠯᠪᠣᠬᠤ ᠴᠢᠳᠠᠪᠤᠷᠢ ᠲᠠᠢ ᠲᠥᠬᠦᠭᠡᠷᠦᠮᠵᠢ ᠶᠢ ᠬᠡᠷᠡᠭᠯᠡᠵᠦ ᠪᠣᠯᠬᠤ ᠦᠭᠡᠢ᠂ ᠵᠢᠱᠢᠶᠡᠯᠡᠪᠡᠯ ᠭᠠᠷ ᠤᠲᠠᠰᠤ᠂ ᠤᠲᠠᠰᠤ ᠦᠭᠡᠢ ᠳᠠᠷᠤᠪᠴᠢ ᠶᠢᠨ ᠲᠠᠪᠠᠭ᠂ ᠤᠲᠠᠰᠤ ᠦᠭᠡᠢ ᠮᠠᠦ᠋ᠰ ᠵᠡᠷᠭᠡᠪᠣᠯᠤᠨ᠎ᠠ᠃    ︵ᠨᠠᠢᠮᠠ︶ ᠬᠡᠷᠡᠭᠯᠡᠬᠦ ᠰᠢᠯᠵᠢᠮᠡᠯ ᠬᠠᠳᠠᠭᠠᠯᠠᠬᠤ ᠵᠠᠭᠤᠴᠢ ︵U ᠲᠠᠪᠠᠭ᠂ ᠰᠢᠯᠵᠢᠮᠡᠯ ᠬᠠᠲᠠᠭᠤ ᠳ᠋ᠢᠰᠺ᠂ ᠵᠥᠭᠡᠯᠡᠨ ᠳ᠋ᠢᠰᠺ᠂ ᠭᠡᠷᠡᠯᠯᠢᠭ ᠳ᠋ᠢᠰᠺ᠂ ᠰᠣᠷᠢᠨᠵᠢᠨ ᠪᠦᠰᠡ᠂ ᠬᠠᠳᠠᠭᠠᠯᠠᠬᠤ ᠺᠠᠷᠲ ᠵᠢᠴᠢ ᠪᠤᠰᠤᠳ ᠬᠠᠳᠠᠭᠠᠯᠠᠬᠤ ᠴᠢᠳᠠᠪᠤᠷᠢ ᠪᠥᠬᠦᠶ ᠡᠯ᠎ᠡ ᠲᠥᠷᠥᠯ ᠤᠨ ᠵᠠᠭᠤᠴᠢ᠂ ᠳᠣᠷᠣᠭᠰᠢ ᠠᠳᠠᠯᠢ︶᠃ ᠡᠷᠬᠡᠪᠰᠢ ᠲᠤᠰᠬᠠᠶ ᠰᠦᠯᠵᠢᠶ᠎ᠡ ᠶᠢ ᠲᠤᠰᠬᠠᠶ ᠬᠡᠷᠡᠭᠯᠡᠬᠦ ᠬᠡᠷᠡᠭᠲᠡᠶ᠂ ᠪᠤᠰᠤᠳ ᠰᠦᠯᠵᠢᠶ᠎ᠡ ᠲᠠᠢ ᠰᠣᠯᠪᠢᠴᠠᠭᠤᠯᠤᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠡᠷᠪᠡ ᠢᠨᠲ᠋ᠧᠷ ᠰᠦᠯᠵᠢᠶ᠎ᠡ ᠵᠢᠴᠢ ᠪᠤᠰᠤᠳ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶᠡᠨ ᠳᠡᠭᠡᠷᠡᠬᠢ ᠲᠤᠭ᠎ᠠ ᠪᠠᠷᠢᠮᠲᠠ ᠶᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷ᠎ᠡ ᠪᠠᠭᠤᠯᠭᠠᠨ ᠠᠪᠬᠤ ᠭᠡᠪᠡᠯ᠂ ᠸᠢᠷᠦ᠋ᠰ ᠢ ᠪᠠᠶᠢᠴᠠᠭᠠᠨ ᠠᠯᠠᠬᠤ᠂ ᠳᠠᠩ ᠴᠢᠭᠯᠡᠯ ᠢᠶᠠᠷ ᠣᠷᠣᠭᠤᠯᠬᠤ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃    ︵ᠶᠢᠰᠦ︶ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠲᠣᠤᠷ ᠰᠦᠯᠵᠢᠶᠡᠨ ᠳᠠᠬᠢ ᠺᠣᠮᠫᠢᠦ᠋ᠲ᠋ᠧᠷ ᠪᠦᠷᠢ ᠳᠤ ᠴᠥᠮ ᠸᠢᠷᠦ᠋ᠰ ᠠᠯᠠᠬᠤ ᠵᠥᠭᠡᠯᠡᠨ ᠲᠣᠨᠤᠭ ᠤᠭᠰᠠᠷᠠᠵᠤ ᠪᠤᠶ᠃ ᠺᠣᠮᠫᠢᠦ᠋ᠲ᠋ᠧᠷ ᠬᠡᠷᠡᠭᠯᠡᠬᠦ ᠬᠥᠮᠦᠰ ᠨᠠᠭᠠᠳᠤ ᠵᠠᠬ᠎ᠠ ᠨᠢ ᠭᠠᠷᠠᠭ ᠪᠦᠷᠢ ᠨᠢᠭᠡ ᠤᠳᠠᠭ᠎ᠠ ᠳᠡᠰ ᠳᠡᠪᠰᠢᠬᠦ ᠶᠢᠨ ᠬᠠᠮᠲᠤ ᠸᠢᠷᠦ᠋ᠰ ᠠᠯᠠᠬᠤ ᠶᠢ ᠪᠡᠶᠡᠯᠡᠭᠦᠯᠬᠦ ᠶᠢᠨ ᠬᠠᠮᠲᠤ ᠴᠢᠬᠤᠯᠠ ᠲᠤᠭ᠎ᠠ ᠪᠠᠷᠢᠮᠲᠠ ᠶᠢᠨ ᠪᠡᠯᠡᠳᠬᠡᠯ ᠬᠤᠪᠢ ᠵᠢᠴᠢ ᠲᠥᠬᠦᠭᠡᠷᠦᠮᠵᠢ ᠶᠢᠨ ᠲᠣᠭᠤᠰᠣ ᠰᠡᠷᠭᠡᠶᠢᠯᠡᠬᠦ᠂ ᠤᠰᠤ ᠰᠡᠷᠭᠡᠶᠢᠯᠡᠬᠦ ᠪᠠ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠬᠦ ᠬᠡᠷᠡᠭᠲᠡᠶ᠃    ︵ᠠᠷᠪᠠ︶ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ ᠤᠨ ᠠᠵᠢᠯᠲᠠᠳ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠩᠭᠠᠭᠰᠠᠨ ᠮᠡᠳᠡᠭᠡ ᠵᠠᠩᠭᠢ ᠳᠠᠭᠠᠨ ᠬᠠᠷᠢᠭᠤᠴᠠᠬᠤ ᠬᠡᠷᠡᠭᠲᠡᠶ᠃ ᠠᠵᠢᠯᠯᠠᠬᠤ ᠰᠦᠯᠵᠢᠶ᠎ᠡ ᠶᠢ ᠠᠰᠢᠭᠯᠠᠨ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ᠂ ᠤᠯᠤᠰ ᠤᠨ ᠨᠢᠭᠤᠴᠠ ᠶᠢ ᠵᠠᠳᠠᠷᠠᠭᠤᠯᠬᠤ ᠵᠡᠷᠭᠡ ᠶᠠᠯᠠᠲᠤ ᠠᠵᠢᠯᠯᠠᠭ᠎ᠠ ᠬᠢᠵᠦ ᠪᠣᠯᠬᠤ ᠦᠭᠡᠢ᠂ ᠦᠨᠳᠦᠰᠦᠨ ᠬᠠᠤᠯᠢ ᠪᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ ᠬᠤᠤᠷ ᠬᠥᠨᠥᠭᠡᠯ ᠲᠠᠢ ᠮᠡᠳᠡᠭᠡ ᠵᠠᠩᠭᠢ ᠶᠢ  ᠦᠢᠯᠡᠳᠴᠦ᠂ ᠪᠠᠭᠤᠯᠭᠠᠨ ᠠᠪᠴᠤ᠂ ᠤᠯᠠᠮᠵᠢᠯᠠᠨ ᠲᠠᠷᠬᠠᠭᠠᠵᠤ ᠪᠣᠯᠬᠤ ᠦᠭᠡᠢ᠃    ᠭᠤᠷᠪᠠ᠂ ᠲᠤᠭ᠎ᠠ ᠪᠦᠷᠢᠳᠬᠡᠯ ᠤᠨ ᠭᠠᠳᠠᠷ ᠰᠦᠯᠵᠢᠶ᠎ᠡ    ︵ᠨᠢᠭᠡ︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠭᠠᠳᠠᠷ ᠰᠦᠯᠵᠢᠶ᠎ᠡ ᠬᠢᠭᠡᠳ ᠢᠨᠲ᠋ᠧᠷ ᠰᠦᠯᠵᠢᠶ᠎ᠡ ᠶᠢ ᠯᠣᠭᠢᠭ ᠢᠶᠠᠷ ᠲᠤᠰᠠᠭᠠᠷᠯᠠᠬᠤ ᠠᠷᠭ᠎ᠠ ᠮᠠᠶ᠋ᠢᠭ ᠢᠶᠠᠷ ᠬᠤᠯᠪᠣᠵᠤ᠂ ᠲᠣᠰ ᠰᠦᠯᠵᠢᠶ᠎ᠡ ᠨᠢ ᠢᠨᠲ᠋ᠧᠷ ᠰᠦᠯᠵᠢᠶᠡᠨ ᠳᠣᠲᠣᠷᠠᠬᠢ ᠡᠯ᠎ᠡ ᠲᠥᠷᠥᠯ ᠤᠨ ᠡᠬᠢ ᠪᠠᠶᠠᠯᠢᠭ ᠢ ᠰᠢᠭᠤᠳ ᠰᠤᠷᠪᠤᠯᠵᠢᠯᠠᠵᠤ ᠪᠣᠯᠤᠨ᠎ᠠ᠂ ᠵᠥᠪᠬᠡᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠠᠵᠢᠯᠲᠠᠳ ᠠᠵᠢᠯ ᠤᠨ ᠬᠡᠷᠡᠭᠴᠡᠭᠡ ᠠᠴᠠ ᠪᠣᠯᠵᠤ ᠢᠨᠲ᠋ᠧᠷ ᠰᠦᠯᠵᠢᠶ᠎ᠡ ᠠᠴᠠ ᠮᠠᠲ᠋ᠧᠷᠢᠶᠠᠯ ᠢ ᠪᠠᠶᠢᠴᠠᠭᠠᠨ ᠦᠵᠡᠵᠦ᠂ ᠰᠤᠷᠤᠯᠴᠠᠵᠤ ᠰᠣᠯᠢᠯᠴᠠᠬᠤ ᠳᠤ ᠬᠡᠷᠡᠭᠯᠡᠳᠡᠭ᠃ ᠠᠵᠢᠯ ᠲᠠᠢ ᠬᠤᠯᠪᠣᠭᠳᠠᠯ ᠦᠭᠡᠢ ᠪᠤᠰᠤᠳ ᠠᠵᠢᠯᠯᠠᠭ᠎ᠠ ᠳᠤ ᠬᠡᠷᠡᠭᠯᠡᠵᠦ ᠪᠣᠯᠬᠤ ᠦᠭᠡᠢ᠃    ︵ᠬᠤᠶᠠᠷ︶ ᠲᠤᠭ᠎ᠠ ᠪᠦᠷᠢᠳᠬᠡᠯ ᠤᠨ ᠭᠠᠳᠠᠷ ᠰᠦᠯᠵᠢᠶ᠎ᠡ ᠳᠤ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠵᠢᠴᠢ ᠠᠵᠢᠯ ᠲᠠᠢ ᠬᠤᠯᠪᠣᠭᠳᠠᠬᠤ ᠪᠤᠰᠤᠳ ᠮᠡᠳᠡᠭᠡ ᠵᠠᠩᠭᠢ ᠶᠢ ᠬᠠᠳᠠᠭᠠᠯᠠᠬᠤ ᠪᠠ ᠰᠢᠢᠳᠪᠦᠷᠢᠯᠡᠬᠦ ᠶᠢ ᠴᠢᠩᠭ᠎ᠠ ᠴᠠᠭᠠᠵᠠᠯᠠᠨ᠎ᠠ᠃    ︵ᠭᠤᠷᠪᠠ︶ ᠲᠤᠭ᠎ᠠ ᠪᠦᠷᠢᠳᠬᠡᠯ ᠤᠨ ᠭᠠᠳᠠᠷ ᠰᠦᠯᠵᠢᠶ᠎ᠡ ᠳᠠᠬᠢ ᠺᠣᠮᠫᠢᠦ᠋ᠲ᠋ᠧᠷ ᠤᠨ ᠦᠵᠦᠭᠦᠷ ᠢ ᠤᠲᠠᠰᠤ ᠦᠭᠡᠶ ᠠᠷᠭ᠎ᠠ ᠮᠠᠶ᠋ᠢᠭ ᠢᠶᠠᠷ ᠵᠠᠯᠭᠠᠵᠤ ᠣᠷᠣᠭᠤᠯᠤᠨ᠎ᠠ᠃ ᠵᠠᠯᠭᠠᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠤᠭ᠎ᠠ ᠪᠠᠷᠢᠮᠲᠠ ᠶᠢᠨ ᠲᠥᠪ ᠨᠢ ᠠᠵᠢᠯᠲᠠᠨ ᠨᠢᠭᠡᠪᠦᠷᠢ ᠳᠤ ᠨᠢᠭᠡ ᠬᠡᠷᠡᠭᠯᠡᠭᠴᠢ ᠶᠢᠨ ᠨᠡᠷ᠎ᠡ ᠪᠠ ᠳᠣᠬᠢᠶ᠎ᠠ ᠶᠢ ᠬᠤᠪᠢᠶᠠᠷᠢᠯᠠᠨ ᠥᠭᠴᠦ᠂ ᠬᠡᠷᠡᠭᠯᠡᠭᠴᠢ ᠶᠢᠨ ᠨᠡᠷ᠎ᠡ ᠪᠠ ᠳᠣᠬᠢᠶ᠎ᠠ ᠶᠢ ᠰᠢᠯᠭᠠᠨ ᠪᠠᠲᠤᠯᠠᠭᠰᠠᠨ ᠤ ᠳᠠᠷᠠᠭ᠎ᠠ ᠰᠠᠶ᠋ᠢ ᠲᠤᠭ᠎ᠠ ᠪᠦᠷᠢᠳᠬᠡᠯ ᠤᠨ ᠭᠠᠳᠠᠷ ᠰᠦᠯᠵᠢᠶᠡᠨ ᠳᠤ ᠵᠠᠯᠭᠠᠵᠤ ᠪᠣᠯᠤᠨ᠎ᠠ᠃    ︵ᠳᠥᠷᠪᠡ︶ ᠬᠥᠮᠦᠨ ᠨᠢᠭᠡᠪᠦᠷᠢ ᠳᠤ ᠬᠤᠪᠢᠶᠠᠷᠢᠯᠠᠨ ᠥᠭᠭᠦᠭᠰᠡᠨ ᠬᠡᠷᠡᠭᠯᠡᠭᠴᠢ ᠶᠢᠨ ᠨᠡᠷ᠎ᠡ ᠪᠠ ᠳᠣᠬᠢᠶ᠎ᠠ ᠶᠢ ᠲᠣᠬᠢᠲᠠᠶ ᠬᠠᠳᠠᠭᠠᠯᠠᠨ ᠬᠠᠮᠢᠶᠠᠷᠴᠤ᠂ ᠪᠠᠰᠠ ᠴᠠᠭ ᠲᠤᠬᠠᠶ ᠳᠤᠨᠢ ᠳᠣᠬᠢᠶ᠎ᠠ ᠳᠠᠭᠠᠨ ᠵᠠᠰᠠᠪᠤᠷᠢ ᠣᠷᠣᠭᠤᠯᠵᠤ᠂ ᠳᠣᠬᠢᠶᠠᠨ ᠤ ᠤᠷᠲᠤᠴᠠ᠂ ᠪᠤᠳᠤᠯᠢᠶᠠᠨᠲᠤ ᠬᠡᠮᠵᠢᠶ᠎ᠡ ᠵᠡᠷᠭᠡ ᠠᠶᠤᠯ ᠦᠭᠡᠢ ᠴᠢᠨᠠᠷ ᠢ ᠪᠠᠲᠤᠯᠠᠵᠤ᠂ ᠬᠡᠷᠡᠭᠯᠡᠭᠴᠢ ᠶᠢᠨ ᠨᠡᠷ᠎ᠡ᠂ ᠳᠣᠬᠢᠶ᠎ᠠ ᠶᠢ ᠪᠤᠰᠤᠳ ᠬᠥᠮᠦᠰ ᠲᠤ ᠵᠠᠳᠠᠷᠠᠭᠤᠯᠬᠤ ᠶᠢ ᠴᠢᠩᠭ᠎ᠠ ᠴᠠᠭᠠᠵᠠᠯᠠᠨ᠎ᠠ᠃    ︵ᠲᠠᠪᠤ︶ ᠲᠤᠭ᠎ᠠ ᠪᠦᠷᠢᠳᠬᠡᠯ ᠤᠨ ᠭᠠᠳᠠᠷ ᠰᠦᠯᠵᠢᠶ᠎ᠡ ᠶᠢ ᠵᠥᠪᠬᠡᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠭᠤᠯᠭ᠎ᠠ ᠪᠠ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠡᠷᠡᠭᠯᠡᠭᠴᠢ ᠳᠤ ᠬᠡᠷᠡᠭᠯᠡᠭᠦᠯᠦᠨ᠎ᠡ᠃ ᠲᠤᠭ᠎ᠠ ᠪᠦᠷᠢᠳᠬᠡᠯ ᠤᠨ ᠭᠠᠳᠠᠷ ᠰᠦᠯᠵᠢᠶᠡᠨ ᠳᠤ ᠵᠠᠯᠭᠠᠵᠤ ᠣᠷᠣᠭᠤᠯᠤᠭᠰᠠᠨ ᠺᠣᠮᠫᠢᠦ᠋ᠲ᠋ᠧᠷ ᠨᠢ ᠲᠤᠭ᠎ᠠ ᠪᠦᠷᠢᠳᠬᠡᠯ ᠤᠨ ᠳᠣᠲᠣᠷ ᠰᠦᠯᠵᠢᠶ᠎ᠡ ᠲᠠᠢ ᠰᠣᠯᠪᠢᠴᠠᠨ ᠬᠡᠷᠡᠭᠯᠡᠵᠦ ᠪᠣᠯᠬᠤ ᠦᠭᠡᠢ᠃    ︵ᠵᠢᠷᠭᠤᠭ᠎ᠠ︶ ᠭᠠᠳᠠᠷ ᠤᠲᠠᠰᠤ ᠥᠬᠡᠶ ᠰᠦᠯᠵᠢᠶᠡᠨ ᠤ ᠺᠠᠷᠲ ᠢᠶᠠᠷ ᠲᠤᠭ᠎ᠠ ᠪᠦᠷᠢᠳᠬᠡᠯ ᠤᠨ ᠭᠠᠳᠠᠷ ᠰᠦᠯᠵᠢᠶᠡᠨ ᠳᠤ ᠵᠠᠯᠭᠠᠵᠤ ᠣᠷᠣᠭᠤᠯᠤᠭᠰᠠᠨ ᠺᠣᠮᠫᠢᠦ᠋ᠲ᠋ᠧᠷ ᠢ ᠬᠡᠷᠡᠭᠯᠡᠵᠦ᠂ ᠤᠲᠠᠰᠤ ᠦᠭᠡᠢ ᠰᠦᠯᠵᠢᠶᠡᠨ ᠤ ᠺᠠᠷᠲ ᠤᠨ ᠬᠡᠯᠪᠡᠷᠢ ᠮᠠᠶ᠋ᠢᠭ᠂ MAC ᠬᠠᠶ᠋ᠢᠭ ᠵᠡᠷᠭᠡ ᠬᠠᠲᠠᠭᠤ ᠲᠣᠨᠣᠭᠯᠠᠯ ᠤᠨ ᠮᠡᠳᠡᠭᠡ ᠵᠠᠩᠭᠢ ᠶᠢ ᠡᠷᠬᠡᠪᠰᠢ ᠲᠤᠭ᠎ᠠ ᠪᠠᠷᠢᠮᠲᠠ ᠶᠢᠨ ᠲᠥᠪ ᠲᠤ ᠲᠡᠮᠳᠡᠭᠯᠡᠵᠦ ᠳᠠᠩᠰᠠᠯᠠᠭᠤᠯᠬᠤ ᠬᠡᠷᠡᠭᠲᠡᠶ᠃ ᠬᠡᠷᠡᠭᠯᠡᠭᠴᠢ ᠳᠤᠷ᠎ᠠ ᠪᠠᠷ ᠢᠶᠠᠨ ᠤᠲᠠᠰᠤ ᠦᠭᠡᠢ ᠰᠦᠯᠵᠢᠶᠡᠨ ᠤ ᠺᠠᠷᠲ ᠪᠣᠯᠤᠨ ᠺᠣᠮᠫᠢᠦ᠋ᠲ᠋ᠧᠷ ᠢ ᠰᠠᠯᠭᠠᠵᠤ ᠪᠣᠯᠬᠤ ᠦᠭᠡᠢ᠃ ᠬᠡᠷᠪᠡ ᠤᠲᠠᠰᠤ ᠦᠭᠡᠢ ᠰᠦᠯᠵᠢᠶᠡᠨ ᠤ ᠺᠠᠷᠲ ᠡᠪᠳᠡᠷᠡᠪᠡᠯ ᠡᠷᠬᠡᠪᠰᠢ ᠰᠣᠯᠢᠬᠤ ᠴᠢᠬᠤᠯᠠ ᠲᠠᠢ ᠪᠣᠯ ᠲᠤᠭ᠎ᠠ ᠪᠠᠷᠢᠮᠲᠠ ᠶᠢᠨ ᠲᠥᠪ ᠲᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠰᠣᠯᠢᠵᠤ ᠪᠣᠯᠤᠨ᠎ᠠ᠃    ︵ᠳᠣᠯᠤᠭ᠎ᠠ︶ ᠲᠤᠭ᠎ᠠ ᠪᠦᠷᠢᠳᠬᠡᠯ ᠤᠨ ᠭᠠᠳᠠᠷ ᠰᠦᠯᠵᠢᠶ᠎ᠡ ᠳᠠᠬᠢ ᠺᠣᠮᠫᠢᠦ᠋ᠲ᠋ᠧᠷ ᠲᠤ ᠡᠷᠬᠡᠪᠰᠢ ᠸᠢᠷᠦ᠋ᠰ ᠠᠯᠠᠬᠤ ᠵᠥᠭᠡᠯᠡᠨ ᠲᠣᠨᠤᠭ ᠤᠭᠰᠠᠷᠠᠭᠤᠯᠬᠤ ᠬᠡᠷᠡᠭᠲᠡᠶ᠃ ᠠᠵᠢᠯᠯᠠᠬᠤ ᠰᠢᠰᠲ᠋ᠧᠮ ᠤᠨ ᠨᠥᠬᠦᠭᠡᠰᠦ ᠶᠢ ᠴᠠᠭ ᠲᠤᠬᠠᠶ ᠳᠤᠨᠢ ᠰᠢᠨᠡᠳᠬᠡᠵᠦ᠂ ᠬᠠᠺᠧᠷ ᠤᠨ ᠳᠠᠭᠠᠷᠢᠯᠲᠠ᠂ ᠲᠷᠣᠵᠠᠨ᠂ ᠺᠣᠮᠫᠢᠦ᠋ᠲ᠋ᠧᠷ ᠤᠨ ᠸᠢᠷᠦ᠋ᠰ ᠢ ᠲᠠᠷᠬᠠᠭᠠᠬᠤ ᠵᠡᠷᠭᠡ  ᠦᠢᠯᠡ ᠠᠵᠢᠯᠯᠠᠭ᠎ᠠ ᠲᠠᠢ ᠡᠪᠳᠡᠯᠭᠡ ᠶᠢᠨ ᠴᠢᠨᠠᠷᠲᠠᠶ ᠵᠥᠭᠡᠯᠡᠨ ᠲᠣᠨᠤᠭ ᠢ ᠤᠭᠰᠠᠷᠠᠬᠤ ᠪᠠ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠤᠯᠤᠰ ᠠᠴᠠ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠬᠠᠤᠯᠢ ᠪᠤᠰᠤ ᠮᠡᠳᠡᠭᠡ ᠵᠠᠩᠭᠢ ᠶᠢ ᠦᠢᠯᠡᠳᠬᠦ᠂ ᠪᠠᠶᠢᠴᠠᠭᠠᠨ ᠦᠵᠡᠬᠦ᠂ ᠪᠠᠭᠤᠯᠭᠠᠨ ᠠᠪᠬᠤ ᠪᠠ ᠤᠯᠠᠮᠵᠢᠯᠠᠨ ᠲᠠᠷᠬᠠᠭᠠᠬᠤ ᠶᠢ ᠴᠢᠩᠭ᠎ᠠ ᠴᠠᠭᠠᠵᠠᠯᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号