ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠮᠡᠳᠡᠭᠡ ᠵᠠᠩᠭᠢ ᠶᠢ ᠤᠬᠠᠭᠤᠯᠬᠤ ᠤᠯᠠᠷᠢᠯ ᠤᠨ ᠬᠢᠨᠠᠨ ᠰᠢᠯᠭᠠᠯᠲᠠ ᠶᠢᠨ ᠠᠷᠭ᠎ᠠ
ᠨᠡᠶᠢᠲᠡᠯᠡᠭᠰᠡᠨ ᠴᠠᠭ᠄
2020/12/2
   ᠨᠢᠭᠡ᠂ ᠬᠢᠨᠠᠨ ᠰᠢᠯᠭᠠᠬᠤ ᠡᠲᠡᠭᠡᠳ    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ᠃    ᠬᠤᠶᠠᠷ᠂ ᠬᠢᠨᠠᠨ ᠰᠢᠯᠭᠠᠬᠤ ᠦᠶᠡᠯᠡᠯ    ᠤᠯᠠᠷᠢᠯ ᠪᠦᠷᠢ ᠨᠢᠭᠡ ᠤᠳᠠᠭ᠎ᠠ ᠶᠠᠪᠤᠭᠳᠠᠨ᠎ᠠ᠃    ᠭᠤᠷᠪᠠ᠂ ᠬᠢᠨᠠᠨ ᠰᠢᠯᠭᠠᠬᠤ ᠠᠭᠤᠯᠭ᠎ᠠ    ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠤᠬᠠᠭᠤᠯᠭ᠎ᠠ ᠶᠢᠨ ᠮᠡᠳᠡᠭᠡ ᠵᠠᠩᠭᠢ ᠶᠢ ᠨᠠᠶᠢᠷᠠᠭᠤᠯᠤᠨ ᠪᠢᠴᠢᠵᠦ ᠮᠡᠳᠡᠭᠦᠯᠦᠨ ᠬᠦᠷᠭᠡᠬᠦ ᠠᠵᠢᠯ᠃ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠭᠤᠯᠭ᠎ᠠ ᠳᠤ ᠪᠠᠭᠲᠠᠬᠤ ᠨᠢ᠄    ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠥᠭᠡᠷᠡᠴᠢᠯᠡᠯᠲᠡ ᠬᠢᠭᠡᠳ ᠬᠥᠭᠵᠢᠯᠲᠡ ᠶᠢ ᠠᠬᠢᠭᠤᠯᠤᠭᠰᠠᠨ ᠰᠢᠨ᠎ᠡ ᠲᠤᠷᠰᠢᠯᠭ᠎ᠠ ᠵᠢᠴᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠭ᠎ᠠ ᠪᠦᠷᠢᠳᠬᠡᠯ ᠤᠨ ᠰᠢᠨ᠎ᠡ ᠶᠢ ᠡᠭᠦᠳᠬᠦ ᠶᠢ ᠥᠷᠨᠢᠭᠦᠯᠦᠭᠰᠡᠨ ᠰᠠᠶᠢᠨ ᠠᠷᠭ᠎ᠠ ᠬᠡᠮᠵᠢᠶ᠎ᠡ ᠵᠢᠴᠢ ᠬᠠᠷᠢᠭᠤ ᠲᠤᠰᠬᠠᠭᠰᠠᠨ ᠰᠠᠨᠠᠯ᠃    ︵ᠬᠤᠶᠠᠷ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠳᠤᠷᠢᠳᠤᠯᠭ᠎ᠠ ᠶᠢᠨ ᠪᠠᠶᠢᠷᠢᠯᠠᠭᠤᠯᠤᠭᠰᠠᠨ᠂ ᠵᠥᠪᠰᠢᠶᠡᠷᠡᠭᠰᠡᠨ ᠲᠤᠭ᠎ᠠ ᠪᠦᠷᠢᠳᠬᠡᠯ ᠤᠨ ᠰᠢᠰᠲ᠋ᠧᠮ ᠤᠨ ᠠᠵᠢᠯ ᠤᠨ ᠬᠡᠷᠡᠭᠵᠢᠭᠦᠯᠦᠭᠰᠡᠨ ᠪᠠᠢᠳᠠᠯ᠃    ︵ᠭᠤᠷᠪᠠ︶ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ᠂ ᠲᠤᠭ᠎ᠠ ᠪᠦᠷᠢᠳᠬᠡᠯ ᠤᠨ ᠳᠦᠷᠢᠮ ᠠᠷᠭ᠎ᠠ ᠶᠢᠨ ᠥᠭᠡᠷᠡᠴᠢᠯᠡᠯᠲᠡ᠂ ᠲᠣᠤᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠤᠭ᠎ᠠ ᠪᠦᠷᠢᠳᠬᠡᠯ ᠤᠨ ᠰᠣᠶᠣᠯ ᠤᠨ ᠪᠠᠶᠢᠭᠤᠯᠤᠯᠲᠠ ᠵᠡᠷᠭᠡ᠃    ︵ᠳᠥᠷᠪᠡ︶ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠵᠢᠭᠠᠪᠤᠷᠢ᠂ ᠴᠣᠬᠤᠯᠠᠪᠤᠷᠢ᠂ ᠣᠷᠣᠯᠴᠠᠭᠰᠠᠨ ᠲᠤᠭ᠎ᠠ ᠪᠦᠷᠢᠳᠬᠡᠯ ᠤᠨ ᠠᠵᠢᠯᠯᠠᠭ᠎ᠠ᠃    ︵ᠲᠠᠪᠤ︶ ᠣᠳᠣᠬᠠᠨ ᠤ ᠲᠤᠭ᠎ᠠ ᠪᠦᠷᠢᠳᠬᠡᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠣᠷᠣᠰᠢᠵᠤ  ᠪᠠᠶᠢᠭ᠎ᠠ ᠠᠰᠠᠭᠤᠳᠠᠯ᠃    ︵ᠵᠢᠷᠭᠤᠭ᠎ᠠ︶ ᠡᠯ᠎ᠡ ᠵᠦᠢᠯ ᠤᠨ ᠨᠡᠶᠢᠳᠡᠮ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠠᠬᠢᠯᠲᠠ ᠶᠢᠨ ᠪᠠᠶᠢᠳᠠᠯ᠃    ︵ᠳᠣᠯᠤᠭ᠎ᠠ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠳᠤ ︽ᠠᠵᠢᠯ ᠤᠨ ᠪᠠᠶᠢᠳᠠᠯ ᠤᠨ ᠰᠣᠯᠢᠯᠴᠠᠭ᠎ᠠ︾ ᠪᠤᠯᠤᠩ ᠳᠤ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ᠂ ᠭᠤᠣᠯ ᠠᠭᠤᠯᠭ᠎ᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠢᠯᠯᠠᠬᠤ ᠠᠷᠭ᠎ᠠ ᠨᠢ ᠪᠦᠬᠦ ᠤᠯᠤᠰ ᠲᠤ ᠲᠡᠷᠢᠭᠦᠯᠡᠬᠦ ᠪᠤᠶᠤ ᠥᠪᠡᠷᠮᠢᠴᠡ ᠪᠦᠲᠦᠭᠡᠯᠴᠢ ᠴᠢᠨᠠᠷ ᠲᠠᠢ᠂ ᠬᠠᠮᠢᠶ᠎ᠠ ᠪᠦᠬᠦᠢ ᠠᠷᠭ᠎ᠠ ᠪᠠᠷᠢᠯ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠣᠶᠢᠯᠠᠭᠠᠭᠳᠠᠬᠤᠨ ᠲᠠᠢ ᠨᠡᠶᠢᠴᠡᠬᠦ ᠡᠰᠡᠬᠦ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠮᠡᠳᠡᠷᠡᠬᠦ ᠪᠤᠶᠤ ᠰᠠᠨᠠᠭᠠᠴᠢᠯᠠᠬᠤ᠂ ᠬᠢᠬᠦ ᠠᠷᠭ᠎ᠠ ᠨᠢ ᠪᠤᠰᠤᠳ ᠭᠠᠵᠠᠷ ᠣᠷᠣᠨ ᠳᠤ ᠰᠤᠷᠤᠯᠴᠠᠬᠤ ᠪᠤᠶᠤ ᠳᠡᠯᠭᠡᠷᠡᠭᠦᠯᠵᠦ ᠴᠢᠳᠠᠬᠤ ᠰᠢᠨ᠎ᠡ ᠲᠤᠷᠰᠢᠯᠭ᠎ᠠ ᠵᠢᠴᠢ ᠰᠠᠶᠢᠨ ᠬᠢᠬᠦ ᠠᠷᠭ᠎ᠠ᠂ 1000 ᠦᠰᠦᠭ ᠠᠴᠠ ᠳᠤᠲᠠᠭᠤ ᠦᠭᠡᠢ ᠪᠠᠶᠢᠬᠤ ᠬᠡᠷᠡᠭᠲᠡᠢ᠃    ᠳᠥᠷᠪᠡ᠂ ᠬᠤᠪᠢ ᠲᠣᠭᠲᠠᠭᠠᠬᠤ ᠪᠠᠷᠢᠮᠵᠢᠶ᠎ᠠ    ᠤᠬᠠᠭᠤᠯᠭ᠎ᠠ ᠶᠢᠨ ᠠᠵᠢᠯ ᠢ ᠬᠢᠨᠠᠨ ᠰᠢᠯᠭᠠᠬᠤ ᠳᠤ ᠬᠤᠪᠢ ᠲᠡᠮᠳᠡᠭᠯᠡᠬᠦ ᠠᠷᠭ᠎ᠠ ︵ᠨᠡᠶᠢᠲᠡ 9 ᠬᠤᠪᠢ︶ ᠠᠪᠴᠤ᠂ ᠬᠤᠪᠢ ᠪᠤᠳᠤᠬᠤ ᠪᠣᠳᠠᠲᠠᠶ ᠪᠠᠷᠢᠮᠵᠢᠶ᠎ᠠ ᠨᠢ ᠳᠣᠤᠷᠠᠬᠢ ᠮᠡᠲᠦ᠄    ︵ᠨᠢᠭᠡ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠᠶᠢᠳᠠᠯ ︵3 ᠬᠤᠪᠢ︶    ᠡᠯ᠎ᠡ ᠭᠠᠵᠠᠷ ᠲᠠᠰᠤᠭ ᠲᠣᠪᠴᠢᠶ᠎ᠠ ︵ᠨᠢᠭᠡᠴᠡ︶ ᠶᠢᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠨᠢ ᠤᠯᠠᠷᠢᠯ ᠪᠦᠷᠢ ᠳᠤ 4 ᠵᠦᠢᠯ ᠠᠴᠠ ᠳᠤᠲᠠᠭᠤ ᠪᠠᠶᠢᠵᠤ ᠪᠣᠯᠬᠤ ᠦᠭᠡᠢ᠂ ᠮᠡᠳᠡᠭᠦᠯᠦᠨ ᠬᠦᠷᠭᠡᠬᠦ ᠡᠭᠦᠷᠭᠡ ᠶᠢ ᠪᠡᠶᠡᠯᠡᠭᠦᠯᠦᠭᠰᠡᠳ 2 ᠬᠤᠪᠢ ᠣᠯᠵᠤ᠂ ᠮᠡᠳᠡᠭᠦᠯᠦᠨ ᠬᠦᠷᠭᠡᠬᠦ ᠡᠭᠦᠷᠭᠡ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠢᠯᠡᠭᠦᠦ ᠨᠢᠭᠡ ᠵᠤᠷᠪᠤᠰ ᠮᠡᠳᠡᠭᠦᠯᠦᠨ ᠬᠦᠷᠭᠡᠬᠦ ᠪᠦᠷᠢ 0.2 ᠬᠤᠪᠢ ᠨᠡᠮᠡᠵᠦ᠂ ᠶᠡᠷᠦᠩᠬᠡᠶ ᠬᠤᠪᠢ ᠶᠢ 3 ᠬᠤᠪᠢ ᠬᠦᠷᠲᠡᠯ᠎ᠡ ᠬᠢᠵᠠᠭᠠᠷᠯᠠᠨ᠎ᠠ᠃ ᠲᠡᠭ ᠮᠡᠳᠡᠭᠦᠯᠦᠨ ᠬᠦᠷᠭᠡᠬᠦ ᠳᠤ ᠬᠤᠪᠢ ᠣᠯᠭᠤᠬᠤ ᠦᠭᠡᠢ᠂ ᠡᠭᠦᠷᠭᠡ ᠪᠠᠨ ᠪᠡᠶᠡᠯᠡᠭᠦᠯᠦᠭᠡᠳᠦᠶ ᠪᠣᠯ ᠮᠡᠳᠡᠭᠦᠯᠦᠨ ᠬᠦᠷᠭᠡᠭᠰᠡᠨ ᠲᠤᠭ᠎ᠠ ᠬᠡᠮᠵᠢᠶ᠎ᠡ ᠶᠢ ᠦᠨᠳᠦᠰᠦᠯᠡᠨ ᠪᠠᠶᠢᠳᠠᠯ ᠢ ᠨᠢ ᠦᠵᠡᠵᠦ ᠬᠤᠪᠢ ᠣᠯᠭᠤᠨ᠎ᠠ᠃    ︵ᠬᠤᠶᠠᠷ︶ ᠬᠤᠪᠢ ᠨᠡᠮᠡᠭᠰᠡᠨ ᠪᠠᠶᠢᠳᠠᠯ ︵6 ᠬᠤᠪᠢ︶    ︽ᠠᠵᠢᠯ ᠤᠨ ᠪᠠᠶᠢᠳᠠᠯ ᠤᠨ ᠰᠣᠯᠢᠯᠴᠠᠭ᠎ᠠ︾ ᠳᠤ ᠬᠡᠷᠡᠭᠯᠡᠭᠰᠡᠨ ᠮᠡᠳᠡᠭᠡ ᠵᠠᠩᠭᠢ ᠳᠤ᠂ ᠵᠤᠷᠪᠤᠰ ᠪᠦᠷᠢ ᠳᠤ 2 ᠬᠤᠪᠢ ᠨᠡᠮᠡᠨ᠎ᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠣᠲᠣᠭᠠᠳᠤ ᠭᠠᠳᠠᠭᠠᠳᠤ ᠰᠦᠯᠵᠢᠶᠡᠨ ᠤ ᠬᠡᠷᠡᠭᠯᠡᠭᠰᠡᠨ ᠮᠡᠳᠡᠭᠡ ᠵᠠᠩᠭᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠤᠯᠤᠩ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠳᠤ ᠬᠡᠷᠡᠭᠯᠡᠭᠰᠡᠨ ᠮᠡᠳᠡᠭᠡ ᠵᠠᠩᠭᠢ᠂ ᠵᠤᠷᠪᠤᠰ ᠪᠦᠷᠢ ᠳᠤ 1 ᠬᠤᠪᠢ ᠨᠡᠮᠡᠨ᠎ᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠰᠦᠯᠵᠢᠶ᠎ᠡ᠂ ᠲᠤᠭ᠎ᠠ ᠪᠦᠷᠢᠳᠬᠡᠯ ᠤᠨ ᠪᠢᠴᠢᠯ ᠮᠡᠳᠡᠭᠡ ᠳᠤ ᠬᠡᠷᠡᠭᠯᠡᠭᠰᠡᠨ ᠮᠡᠳᠡᠭᠡ ᠵᠠᠩᠭᠢ᠂ ᠵᠤᠷᠪᠤᠰ ᠪᠦᠷᠢ ᠳᠤ 0.2 ᠬᠤᠪᠢ ᠨᠡᠮᠡᠵᠦ᠂ ᠶᠡᠷᠦᠩᠬᠡᠶ ᠬᠤᠪᠢ ᠶᠢ 6 ᠬᠤᠪᠢ ᠬᠦᠷᠲᠡᠯ᠎ᠡ ᠬᠢᠵᠠᠭᠠᠷᠯᠠᠨ᠎ᠠ ︵ᠠᠳᠠᠯᠢ ᠨᠢᠭᠡᠨ ᠮᠡᠳᠡᠭᠡ ᠵᠠᠩᠭᠢ ᠶᠢ ᠣᠯᠠᠨ ᠤᠳᠠᠭ᠎ᠠ ᠬᠡᠷᠡᠭᠯᠡᠭᠰᠡᠨ ᠪᠠᠶᠢᠪᠠᠯ᠂ ᠵᠥᠪᠬᠡᠨ ᠬᠠᠮᠤᠭ ᠤᠨ ᠥᠨᠳᠥᠷ ᠬᠤᠪᠢ ᠶᠢ ᠨᠢᠭᠡ ᠤᠳᠠᠭ᠎ᠠ ᠨᠡᠮᠡᠨ᠎ᠡ︶    ︵ᠭᠤᠷᠪᠠ︶ ᠮᠡᠳᠡᠭᠡ ᠵᠠᠩᠭᠢ ᠶᠢ ᠪᠤᠴᠠᠭᠠᠭᠰᠠᠨ ᠪᠠᠶᠢᠳᠠᠯ ︵ᠬᠤᠪᠢ ᠬᠠᠰᠤᠬᠤ  ᠵᠦᠢᠯ︶    1. ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠶᠢᠨ ᠠᠭᠤᠯᠭ᠎ᠠ ᠨᠢ ᠦᠨᠡᠨ ᠪᠣᠳᠠᠲᠠᠶ ᠪᠢᠰᠢ ᠪᠣᠯ ᠵᠤᠷᠪᠤᠰ ᠪᠦᠷᠢ ᠳᠤ 1 ᠬᠤᠪᠢ ᠬᠠᠰᠤᠨ᠎ᠠ᠃    2. ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠳᠤ ᠢᠯᠡᠷᠬᠡᠶ ᠪᠤᠷᠤᠭᠤ ᠢᠯᠡᠷᠡᠵᠦ ︵ᠵᠢᠱᠢᠶᠡᠯᠡᠪᠡᠯ᠂ ᠬᠥᠮᠦᠰ ᠡᠰᠢᠯᠡᠨ ᠬᠡᠷᠡᠭᠯᠡᠭᠰᠡᠨ ᠨᠢ ᠡᠮᠬᠢ ᠵᠠᠮᠪᠠᠷᠠᠭ᠎ᠠ ᠦᠭᠡᠢ᠂ ᠤᠳᠤᠷᠢᠳᠬᠤ ᠬᠥᠮᠦᠨ ᠤ ᠨᠡᠷ᠎ᠡ ᠪᠠ ᠲᠤᠰᠢᠶᠠᠯ ᠤᠨ ᠠᠯᠳᠠᠭ᠎ᠠ᠂ ᠪᠤᠷᠤᠭᠤ ᠦᠰᠦᠭ ᠨᠡᠯᠢᠶᠡᠳ ᠣᠯᠠᠨ ᠵᠡᠷᠭᠡ︶᠂ ᠪᠤᠴᠠᠭᠠᠭᠰᠠᠨ ᠵᠤᠷᠪᠤᠰ ᠪᠦᠷᠢ ᠶᠢ 0.1 ᠬᠤᠪᠢ ᠬᠠᠰᠤᠨ᠎ᠠ᠃    ᠲᠠᠪᠤ᠂ ᠪᠣᠳᠠᠲᠠᠶ ᠱᠠᠭᠠᠷᠳᠠᠯᠭ᠎ᠠ    ᠡᠯ᠎ᠡ ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠂ ᠨᠢᠭᠡ ᠤᠴᠢᠷ ᠢ ᠬᠡᠳᠦᠨ ᠤᠳᠠᠭ᠎ᠠ ᠬᠤᠪᠢᠶᠠᠨ ᠮᠡᠳᠡᠭᠦᠯᠦᠨ ᠬᠦᠷᠭᠡᠵᠦ ᠪᠣᠯᠬᠤ ᠦᠭᠡᠢ᠃ ᠬᠡᠷᠪᠡ ᠴᠢᠬᠤᠯᠠ ᠶᠡᠭᠡ ᠪᠠᠴᠢᠮ ᠮᠡᠳᠡᠭᠡ ᠵᠠᠩᠭᠢ ᠪᠠᠶᠢᠪᠠᠯ ᠴᠠᠭ ᠲᠤᠬᠠᠶ ᠳᠤᠨᠢ ᠲᠣᠪᠴᠢᠶᠠᠨ ᠤ ᠠᠯᠪᠠᠨ ᠭᠡᠷ ᠲᠠᠢ ᠬᠠᠷᠢᠯᠴᠠᠵᠤ᠂ ᠰᠠᠭᠠᠲᠠᠭᠠᠬᠤ ᠠᠴᠠ ᠵᠠᠶᠢᠯᠠᠰᠬᠢᠬᠦ ᠬᠡᠷᠡᠭᠲᠡᠶ᠃    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠡᠯ᠎ᠡ ᠭᠠᠵᠠᠷ ᠳᠠᠰᠤᠭ ᠲᠣᠪᠴᠢᠶ᠎ᠠ ︵ᠨᠢᠭᠡᠴᠡ︶ ᠨᠢ ᠤᠯᠠᠷᠢᠯ ᠪᠦᠷᠢ ᠲᠣᠪᠴᠢᠶᠠᠨ ᠤ ᠠᠯᠪᠠᠨ ᠭᠡᠷ ᠲᠤ ︽ᠮᠡᠳᠡᠭᠡ ᠵᠠᠩᠭᠢ ᠶᠢᠨ ᠤᠬᠠᠭᠤᠯᠭ᠎ᠠ ᠶᠢᠨ ᠤᠯᠠᠷᠢᠯ ᠤᠨ ᠬᠢᠨᠠᠨ ᠰᠢᠯᠭᠠᠬᠤ ᠬᠦᠰᠦᠨᠦᠭᠲᠦ︾ ︵ᠠᠷᠤ ᠳᠤᠨᠢ ᠳᠠᠭᠠᠯᠳᠤᠭᠤᠯᠤᠨ᠎ᠠ︶ ᠪᠠᠨ ᠮᠡᠳᠡᠭᠦᠯᠦᠨ ᠬᠦᠷᠭᠡᠬᠦ ᠬᠡᠷᠡᠭᠲᠡᠶ᠃    ᠲᠣᠰ ᠠᠷᠭ᠎ᠠ ᠶᠢ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号