ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠠᠷᠭ᠎ᠠ
ᠨᠡᠶᠢᠲᠡᠯᠡᠭᠰᠡᠨ ᠴᠠᠭ᠄
2020/12/2
   ᠨᠢᠭᠡᠳᠦᠭᠡᠷ ᠵᠤᠷᠪᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ  ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠥᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠥᠯᠢ︾ ᠵᠢᠴᠢ ᠬᠡᠷᠡᠭᠵᠢᠭᠦᠯᠬᠦ ᠨᠠᠷᠢᠨ ᠳᠦᠷᠢᠮ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠪᠣᠯᠤᠨ ︽ᠲᠤᠭ᠎ᠠ ᠪᠦᠷᠢᠳᠬᠡᠯ ᠤᠨ ᠠᠵᠢᠯ ᠤᠨ ᠤᠯᠤᠰ ᠤᠨ ᠨᠢᠭᠤᠴᠠ ᠶᠢᠨ ᠬᠦᠷᠢᠶ᠎ᠡ ᠬᠡᠪᠴᠢᠶᠡᠨ ᠤ ᠲᠣᠭᠲᠠᠭᠠᠯ︾ ᠢ ᠦᠨᠳᠦᠰᠦᠯᠡᠨ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠤᠷᠪᠤᠰ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠡ ︵ᠳᠣᠷᠣᠭᠰᠢ ᠡᠯ᠎ᠡ ᠨᠢᠭᠡᠴᠡ ᠭᠡᠵᠦ ᠲᠣᠪᠴᠢᠯᠠᠨ᠎ᠠ︶ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠠᠵᠢᠯ᠂ ᠲᠣᠰ ᠠᠷᠭ᠎ᠠ ᠲᠣᠬᠢᠷᠠᠨ᠎ᠠ᠃ ᠲᠣᠰ ᠠᠷᠭ᠎ᠠ ᠳᠤ ᠬᠡᠯᠡᠵᠦ ᠪᠠᠶᠢᠭ᠎ᠠ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠭᠡᠳᠡᠭ ᠨᠢ ᠢᠯᠡ ᠪᠣᠯᠭᠠᠬᠤ ᠪᠠᠷ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠡᠰᠡᠬᠦ ᠶᠢ ᠬᠠᠥᠯᠢ ᠶᠣᠰᠣᠭᠠᠷ ᠬᠢᠨᠠᠨ ᠪᠠᠶᠢᠴᠠᠭᠠᠬᠤ ᠶᠢ ᠵᠢᠭᠠᠵᠤ ᠪᠣᠢ᠃    ᠭᠤᠷᠪᠠᠳᠤᠭᠠᠷ ᠵᠤᠷᠪᠤᠰ᠂ ᠡᠯ᠎ᠡ ᠨᠢᠭᠡᠴᠡ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠭᠤᠶᠢᠯᠠᠩ ᠤᠨ ᠤᠳᠤᠷᠢᠳᠤᠯᠭ᠎ᠠ ᠶᠢᠨ ᠳᠣᠤᠷ᠎ᠠ᠂ ᠲᠤᠰ ᠨᠢᠭᠡᠴᠡ ᠲᠠᠢ ᠪᠠᠨ ᠬᠤᠯᠪᠣᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ᠳᠥᠷᠪᠡᠳᠦᠭᠡᠷ ᠵᠤᠷᠪᠤᠰ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠳᠤ ︽ᠬᠡᠨ ᠭᠤᠤᠯᠯᠠᠨ ᠬᠠᠮᠢᠶᠠᠷᠪᠠᠯ ᠬᠡᠨ ᠬᠢᠨᠠᠨ ᠪᠠᠶᠢᠴᠠᠭᠠᠵᠤ᠂ ᠬᠡᠨ ᠬᠢᠨᠠᠨ ᠪᠠᠶᠢᠴᠠᠭᠠᠪᠠᠯ ᠬᠡᠨ ᠬᠠᠷᠢᠭᠤᠴᠠᠬᠤ᠂ ᠤᠷᠢᠳᠠᠪᠠᠷ ᠬᠢᠨᠠᠨ ᠪᠠᠶᠢᠴᠠᠭᠠᠵᠤ ᠳᠠᠷᠠᠭ᠎ᠠ ᠨᠢ ᠢᠯᠡ ᠪᠣᠯᠭᠠᠬᠤ︾ ᠵᠠᠷᠴᠢᠮ ᠢ ᠵᠢᠷᠤᠮᠯᠠᠨ᠎ᠠ᠃ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠲᠣᠰ ᠨᠢᠭᠡᠴᠡ ᠶᠢᠨ ᠢᠶᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠂ ᠲᠣᠰ ᠨᠢᠭᠡᠴᠡ ᠶᠢᠨ ᠢᠶᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ᠲᠠᠪᠤᠳᠤᠭᠠᠷ ᠵᠤᠷᠪᠤᠰ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠰᠦᠷᠳᠡᠭᠦᠯᠵᠦ ᠪᠣᠯᠬᠤ ᠦᠭᠡᠢ᠂ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠳᠤ ᠬᠤᠯᠪᠣᠭᠳᠠᠵᠤ ᠪᠣᠯᠬᠤ ᠦᠭᠡᠢ᠂ ᠭᠡᠪᠡᠴᠦ ᠭᠤᠷᠪᠠᠳᠠᠬᠢ ᠡᠲᠡᠭᠡᠳ ᠠᠴᠠ ᠢᠯᠡ ᠪᠣᠯᠭᠠᠬᠤ ᠶᠢ ᠵᠥᠪᠰᠢᠶᠡᠷᠡᠭᠰᠡᠨ ᠪᠤᠶᠤ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠠᠴᠠ ᠢᠯᠡ ᠪᠣᠯᠭᠠᠬᠤ ᠥᠬᠡᠶ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠴᠢᠬᠤᠯᠠ ᠶᠡᠭᠡ ᠨᠥᠯᠥᠭᠡ ᠤᠴᠠᠷᠠᠭᠤᠯᠵᠤ ᠮᠡᠳᠡᠨ᠎ᠡ ᠭᠡᠵᠦ ᠦᠵᠡᠭᠰᠡᠨ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ ᠵᠠᠰᠠᠭ ᠤᠨ ᠣᠷᠳᠣᠨ  ᠮᠡᠳᠡᠭᠡ ᠵᠠᠩᠭᠢ ᠶᠢ ᠢᠯᠡ ᠪᠣᠯᠭᠠᠵᠤ ᠪᠣᠯᠤᠨ᠎ᠠ᠃    ᠵᠢᠷᠭᠤᠳᠤᠭᠠᠷ ᠵᠤᠷᠪᠤᠰ᠂ ᠡᠯ᠎ᠡ ᠨᠢᠭᠡᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠴᠠ ᠡᠮᠦᠨ᠎ᠡ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠬᠠᠭᠤᠳᠠᠰᠤ︾ ᠶᠢ ᠲᠠᠭᠯᠠᠨ ᠪᠢᠴᠢᠬᠦ ᠶᠢᠨ ᠬᠠᠮᠲᠤ 2 ᠠᠵᠢᠯᠯᠠᠬᠤ ᠡᠳᠦᠷ ᠤᠨ ᠳᠣᠲᠣᠷ᠎ᠠ ᠳᠣᠤᠷᠠᠬᠢ ᠲᠠᠰ ᠳᠠᠷᠠᠭᠠᠯᠠᠯ ᠢᠶᠠᠷ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠨ᠎ᠠ᠄    ︵ᠨᠢᠭᠡ︶  ᠨᠢᠭᠡᠴᠢ ᠬᠢᠨᠠᠨ ᠪᠠᠶᠢᠴᠠᠭᠠᠭᠠᠳ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠦᠭᠡᠢ ᠵᠠᠰᠠᠭ ᠤᠨ ᠣᠷᠳᠣᠨ ᠤ ᠮᠡᠳᠡᠭᠡ ᠵᠠᠩᠭᠢ᠂ ᠢᠯᠡ ᠪᠣᠯᠭᠠᠬᠤ ᠰᠢᠨᠵᠢ ᠴᠢᠨᠠᠷ ᠢ ᠲᠣᠭᠲᠠᠭᠠᠵᠤ᠂ ᠢᠯᠡ ᠪᠣᠯᠭᠠᠬᠤ ᠪᠤᠶᠤ ᠢᠯᠡ ᠪᠣᠯᠭᠠᠬᠤ ᠦᠭᠡᠢ ᠲᠣᠭᠲᠠᠭᠠᠯ ᠭᠠᠷᠭᠠᠵᠤ᠂ ᠢᠯᠡ ᠪᠣᠯᠭᠠᠬᠤ ᠦᠭᠡᠢ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠢᠯᠡ ᠪᠣᠯᠭᠠᠬᠤ ᠦᠭᠡᠢ ᠰᠢᠯᠲᠠᠭᠠᠨ ᠢ ᠲᠠᠭᠯᠠᠨ᠎ᠠ᠃ ᠨᠢᠭᠡᠨᠲᠡ ᠬᠢᠨᠠᠨ ᠪᠠᠶᠢᠴᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠤᠬᠠᠭᠳᠠᠬᠤᠨ ᠪᠣᠯᠤᠨ ᠮᠥᠨ ᠴᠢᠨᠠᠷ ᠤᠨ ᠠᠭᠤᠯᠭ᠎ᠠ ᠳᠤ ᠬᠤᠪᠢᠷᠠᠯᠲᠠ ᠭᠠᠷᠤᠭᠰᠠᠨ ᠦᠭᠡᠢ ᠶᠢ ᠨᠢ ᠳᠠᠬᠢᠨ ᠳᠠᠪᠲᠠᠨ ᠬᠢᠨᠠᠨ ᠪᠠᠶᠢᠴᠠᠭᠠᠬᠤ ᠦᠭᠡᠢ᠃    ︵ᠬᠤᠶᠠᠷ︶  ᠨᠢᠭᠡᠴᠢ ᠬᠢᠨᠠᠨ ᠪᠠᠶᠢᠴᠠᠭᠠᠭᠠᠳ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠢᠯᠡ ᠪᠣᠯᠭᠠᠬᠤ ᠰᠢᠨᠵᠢ ᠴᠢᠨᠠᠷ ᠢ ᠲᠣᠭᠲᠠᠭᠠᠵᠤ᠂ ᠢᠯᠡ ᠪᠣᠯᠭᠠᠬᠤ ᠪᠤᠶᠤ ᠢᠯᠡ ᠪᠣᠯᠭᠠᠬᠤ ᠦᠭᠡᠢ ᠲᠣᠭᠲᠠᠭᠠᠯ ᠭᠠᠷᠭᠠᠵᠤ᠂ ᠢᠯᠡ ᠪᠣᠯᠭᠠᠬᠤ ᠦᠭᠡᠢ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠢᠯᠡ ᠪᠣᠯᠭᠠᠬᠤ ᠦᠭᠡᠢ ᠰᠢᠯᠲᠠᠭᠠᠨ ᠢ ᠲᠠᠭᠯᠠᠨ᠎ᠠ᠃ ᠬᠡᠷᠪᠡ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠤᠯᠪᠣᠭᠳᠠᠪᠠᠯ᠂ ᠭᠤᠷᠪᠠᠳᠠᠬᠢ ᠡᠲᠡᠭᠡᠳ ᠤᠨ ᠰᠠᠨᠠᠯ ᠢ ᠪᠢᠴᠢᠭ ᠢᠶᠠᠷ ᠬᠤᠷᠢᠶᠠᠬᠤ ᠬᠡᠷᠡᠭᠲᠡᠶ᠂ ᠭᠤᠷᠪᠠᠳᠠᠬᠢ ᠡᠲᠡᠭᠡᠳ ᠢᠯᠡ ᠪᠣᠯᠭᠠᠬᠤ ᠶᠢ ᠵᠥᠪᠰᠢᠶᠡᠷᠡᠬᠦ ᠦᠭᠡᠢ ᠪᠣᠯ ᠢᠯᠡ ᠪᠣᠯᠭᠠᠵᠤ ᠪᠣᠯᠬᠤ ᠦᠭᠡᠢ᠃    ︵ᠭᠤᠷᠪᠠ︶  ᠨᠢᠭᠡᠴᠢ ᠬᠢᠨᠠᠨ ᠪᠠᠶᠢᠴᠠᠭᠠᠭᠠᠳ ᠤᠯᠤᠰ ᠤᠨ ᠨᠢᠭᠤᠴᠠ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ᠂ ᠢᠯᠡ ᠪᠣᠯᠭᠠᠵᠤ ᠪᠣᠯᠬᠤ ᠦᠭᠡᠢ ᠲᠣᠭᠲᠠᠭᠠᠯ ᠭᠠᠷᠭᠠᠬᠤ ᠶᠢᠨ ᠬᠠᠮᠲᠤ ᠢᠯᠡ ᠪᠣᠯᠭᠠᠵᠤ ᠪᠣᠯᠬᠤ ᠦᠭᠡᠢ ᠰᠢᠯᠲᠠᠭᠠᠨ ᠢᠶᠠᠨ ᠲᠠᠭᠯᠠᠬᠤ ᠬᠡᠷᠡᠭᠲᠡᠶ᠃    ︵ᠳᠥᠷᠪᠡ︶ ᠢᠯᠡ ᠪᠣᠯᠭᠠᠬᠤ ᠪᠠᠷ  ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ᠂ ᠲᠣᠰ ᠨᠢᠭᠡᠴᠢ ᠢᠯᠡ ᠪᠣᠯᠭᠠᠬᠤ ᠡᠰᠡᠬᠦ ᠪᠤᠶᠤ ᠴᠢᠬᠤᠯᠠ ᠶᠡᠭᠡ ᠬᠠᠷᠢᠴᠠᠭ᠎ᠠ ᠲᠠᠢ ᠡᠰᠡᠬᠦ ᠶᠢ ᠲᠣᠭᠲᠠᠭᠠᠬᠤ ᠶᠢᠨ ᠠᠷᠭ᠎ᠠ ᠥᠬᠡᠶ ᠪᠣᠯ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠭᠤᠶᠤᠴᠢᠯᠠᠯ ᠤᠨ ᠬᠠᠭᠤᠳᠠᠰᠤ︾ ᠶᠢᠨ ᠬᠡᠯᠪᠡᠷᠢ ᠪᠠᠷ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠤ ᠤᠳᠤᠷᠢᠳᠤᠯᠭ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃ ᠬᠤᠪᠢᠳᠠᠨ ᠬᠠᠮᠢᠶᠠᠷᠬᠤ ᠲᠣᠪᠴᠢᠶᠠᠨ ᠤ ᠤᠳᠤᠷᠢᠳᠤᠯᠭ᠎ᠠ ᠢᠯᠡ ᠪᠣᠯᠭᠠᠵᠤ ᠪᠣᠯᠬᠤ ᠡᠰᠡᠬᠦ ᠶᠢ ᠲᠣᠭᠲᠠᠭᠠᠵᠤ ᠳᠡᠶᠢᠯᠬᠦ ᠦᠭᠡᠢ ᠪᠣᠯ᠂ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠭᠤᠶᠢᠯᠠᠩ ᠳᠤ ᠳᠡᠪᠰᠢᠭᠦᠯᠦᠨ ᠰᠠᠨᠠᠯ ᠳᠤᠷᠠᠳᠤᠭᠤᠯᠵᠤ᠂ ᠲᠣᠪᠴᠢᠶᠠᠨ ᠤ ᠭᠤᠤᠯ ᠤᠳᠤᠷᠢᠳᠤᠯᠭ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠬᠤ ᠬᠡᠷᠡᠭᠲᠡᠶ᠃    ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ‌‍ᠶᠢᠨ ᠬᠠᠭᠤᠳᠠᠰᠤ︾ ᠪᠣᠯᠤᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠭᠤᠶᠤᠴᠢᠯᠠᠯ ᠤᠨ ᠬᠠᠭᠤᠳᠠᠰᠤ︾ ᠲᠤᠰ ᠪᠦᠷᠢ ᠬᠤᠶᠠᠷᠬᠤᠪᠢ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠡᠴᠡ ᠪᠣᠯᠤᠨ ᠠᠯᠪᠠᠨ ᠭᠡᠷ ᠠᠴᠠ ᠲᠣᠰ ᠲᠣᠰ ᠳᠠᠩᠰᠠ ᠡᠪᠬᠡᠮᠡᠯ ᠳᠤ ᠬᠠᠳᠠᠭᠠᠯᠠᠨ᠎ᠠ᠃    ᠳᠣᠯᠣᠳᠤᠭᠠᠷ ᠵᠤᠷᠪᠤᠰ᠂ ᠬᠠᠥᠯᠢ ᠶᠣᠰᠣᠭᠠᠷ ᠨᠢᠭᠤᠴᠠ ᠲᠠᠶᠢᠯᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠰᠢᠨᠵᠢ ᠴᠢᠨᠠᠷ ᠢ ᠲᠣᠰ ᠮᠡᠳᠡᠭᠡ ᠵᠠᠩᠭᠢ ᠶᠢᠨ ᠨᠢᠭᠤᠴᠠ ᠲᠠᠶᠢᠯᠤᠭᠰᠠᠨ ᠡᠳᠦᠷ ᠠᠴᠠ ᠡᠬᠢᠯᠡᠨ ᠲᠣᠭᠲᠠᠭᠠᠬᠤ ᠬᠡᠷᠡᠭᠲᠡᠶ᠃     ᠨᠠᠢᠮᠠᠳᠤᠭᠠᠷ ᠵᠤᠷᠪᠤᠰ᠂ ᠲᠤᠰ ᠲᠣᠭᠲᠠᠭᠠᠯ ᠠᠴᠠ ᠵᠥᠷᠢᠴᠡᠵᠦ᠂ ᠢᠯᠡ ᠪᠣᠯᠭᠠᠬᠤ ᠶᠣᠰᠣ ᠦᠭᠡᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠣᠯ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠬᠠᠥᠯᠢ ᠶᠣᠰᠣᠭᠠᠷ ᠨᠡᠬᠡᠮᠵᠢᠯᠡᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号