ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠣᠯᠵᠤ ᠠᠪᠬᠤ ᠶᠢ ᠪᠠᠲᠤᠯᠠᠬᠤ ᠶᠢᠨ ᠲᠥᠯᠥᠭᠡ᠂ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ | ᠶᠣᠰᠣᠭᠠᠷ ᠲᠤᠭ᠎ᠠ ᠪᠦᠷᠢᠳᠬᠡᠯ ᠬᠢᠬᠦ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ | ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ | ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ | ᠭᠦᠢᠴᠡᠳᠬᠡᠬᠦ ᠶᠠᠪᠤᠴᠠ ᠳᠤ ᠦᠢᠯᠡᠲᠦᠭᠰᠡᠨ ᠪᠤᠶᠤ ᠣᠯᠤᠭᠰᠠᠨ ᠵᠣᠬᠢᠬᠤ ᠬᠡᠯᠪᠡᠷᠢ ᠪᠠᠷ ᠲᠡᠮᠳᠡᠭᠯᠡᠵᠦ ᠬᠠᠳᠠᠭᠠᠯᠠᠭᠰᠠᠨ | ᠮᠡᠳᠡᠭᠡ ᠵᠠᠩᠭᠢ ᠶᠢ ᠵᠢᠭᠠᠵᠤ ᠪᠣᠢ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠣᠯᠤᠭᠰᠠᠨ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠦᠢᠯᠡᠲᠦᠭᠰᠡᠨ ᠪᠤᠶᠤ ᠠᠩᠬ᠎ᠠ ᠣᠯᠤᠭᠰᠠᠨ ᠵᠠᠰᠠᠭ | ᠵᠠᠬᠢᠷᠭᠠᠨ ᠤ ᠪᠠᠶᠢᠭᠤᠯᠭ᠎ᠠ ᠠᠴᠠ ᠬᠠᠷᠢᠭᠤᠴᠠᠵᠤ ᠢᠯᠡ ᠪᠣᠯᠭᠠᠨ᠎ᠠ᠃ ᠪᠤᠰᠤᠳ ᠵᠠᠰᠠᠭ ᠵᠠᠬᠢᠷᠭᠠᠨ ᠤ | ᠪᠠᠶᠢᠭᠤᠯᠭ᠎ᠠ ᠯᠤᠭ᠎ᠠ ᠬᠠᠮᠲᠤ ᠪᠠᠷ ᠵᠣᠬᠢᠶᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠣᠯ ᠲᠦᠷᠦᠭᠦᠯᠡᠨ | ᠵᠣᠬᠢᠶᠠᠭᠰᠠᠨ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠬᠠᠷᠢᠭᠤᠴᠠᠨ ᠢᠯᠡ ᠪᠣᠯᠭᠠᠬᠤ ᠬᠡᠷᠡᠭᠲᠡᠶ᠃ | ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ᠂ ᠢᠯᠡ ᠪᠣᠯᠭᠠᠬᠤ ᠪᠠᠷ ᠬᠡᠪ ᠤᠨ | ᠪᠠᠶᠢᠳᠠᠯ ᠪᠣᠯᠭᠠᠵᠤ᠂ ᠢᠯᠡ ᠪᠣᠯᠭᠠᠬᠤ ᠦᠭᠡᠢ ᠪᠠᠷ ᠣᠨᠴᠠᠭᠠᠢ ᠪᠠᠶᠢᠳᠠᠯ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃ | ᠦᠨᠡᠨᠴᠢ ᠰᠢᠳᠤᠷᠭᠤ᠂ ᠲᠥᠪ ᠭᠤᠤᠯᠴᠢ᠂ ᠬᠠᠤᠯᠢ ᠳᠤ ᠨᠡᠶᠢᠴᠡᠬᠦ᠂ ᠠᠷᠠᠳ ᠲᠤ ᠲᠦᠬᠦᠮ ᠦᠵᠡᠭᠦᠯᠬᠦ ᠵᠠᠷᠴᠢᠮ ᠢ | ᠵᠢᠷᠤᠮᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠴᠠ ᠡᠮᠦᠨ᠎ᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠤᠭ᠎ᠠ ᠪᠦᠷᠢᠳᠬᠡᠯ ᠤᠨ ᠬᠠᠤᠯᠢ︾ ᠵᠢᠴᠢ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠪᠣᠯᠤᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠯᠡ ᠪᠣᠯᠭᠠᠬᠤ ᠪᠠᠷ ᠪᠠᠶᠢᠭ᠎ᠠ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠬᠡᠷᠡᠭᠲᠡᠶ᠂ ᠵᠥᠪᠰᠢᠶᠡᠷᠡᠬᠦ ᠴᠢᠬᠤᠯᠠᠲᠠᠶ ᠪᠠᠶᠢᠪᠠᠯ᠂ | ᠵᠥᠪᠰᠢᠶᠡᠷᠡᠭᠦᠯᠦᠭᠡᠳ ᠢᠯᠡ ᠪᠣᠯᠭᠠᠬᠤ ᠬᠡᠷᠡᠭᠲᠡᠶ᠃ | ᠳᠥᠷᠪᠡ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠡᠶᠢᠭᠡᠮ ᠤᠨ ᠲᠣᠭᠲᠠᠭᠤᠨ | ᠪᠠᠶᠢᠳᠠᠯ ᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ᠂ ᠨᠡᠶᠢᠭᠡᠮ ᠪᠠ ᠠᠵᠤ ᠠᠬᠤᠢ ᠶᠢᠨ ᠬᠠᠮᠢᠶᠠᠷᠤᠯᠲᠠ ᠶᠢᠨ ᠡᠮᠬᠢ | ᠵᠢᠷᠤᠮ ᠢ ᠰᠠᠮᠠᠭᠤᠷᠠᠭᠤᠯᠬᠤ ᠬᠤᠳᠠᠯ ᠬᠠᠭᠤᠷᠮᠠᠭ ᠪᠤᠶᠤ ᠪᠦᠷᠢᠨ ᠪᠤᠰᠤ ᠮᠡᠳᠡᠭᠡ ᠵᠠᠩᠭᠢ ᠶᠢ ᠣᠯᠵᠤ ᠮᠡᠳᠡᠪᠡᠯ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠤᠶᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠢ | ᠦᠨᠳᠦᠰᠦᠯᠡᠨ ᠵᠠᠰᠠᠭ ᠤᠨ ᠣᠷᠳᠣᠨ ᠤ ᠣᠨᠣᠪᠴᠢᠲᠠᠶ ᠮᠡᠳᠡᠭᠡ ᠵᠠᠩᠭᠢ ᠶᠢ ᠨᠡᠶᠢᠲᠡᠯᠡᠵᠦ ᠢᠯᠭᠠᠷᠠᠭᠤᠯᠬᠤ ᠬᠡᠷᠡᠭᠲᠡᠶ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠪᠠ ᠲᠤᠰᠢᠶᠠᠯ ᠬᠠᠷᠢᠭᠤᠴᠠᠯᠭ᠎ᠠ | ᠲᠠᠪᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠢ ᠬᠠᠷᠢᠭᠤᠴᠠᠵᠤ᠂ ᠬᠤᠪᠢᠳᠠᠨ ᠬᠠᠮᠢᠶᠠᠷᠬᠤ ᠲᠣᠪᠴᠢᠶ᠎ᠠ ᠶᠢᠨ ᠤᠳᠤᠷᠢᠳᠤᠯᠭ᠎ᠠ ᠠᠵᠢᠯᠯᠠᠬᠤ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠤᠨ | ᠲᠣᠪᠴᠢᠶ᠎ᠠ᠂ ᠠᠵᠢᠯ ᠦᠢᠯᠡᠰ ᠤᠨ ᠨᠢᠭᠡᠴᠡ ︵ᠳᠣᠷᠣᠭᠰᠢ ︽ᠡᠯ᠎ᠡ ᠨᠢᠭᠡᠴᠡ︾ ᠭᠡᠵᠦ ᠲᠣᠪᠴᠢᠯᠠᠨ᠎ᠠ︶ ᠶᠢ | ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠪᠣᠯᠭᠠᠨ᠎ᠠ᠃ ᠠᠯᠪᠠᠨ ᠭᠡᠷ᠂ ᠶᠡᠷᠦᠩᠬᠡᠶᠢᠯᠡᠭᠰᠡᠨ ᠭᠠᠵᠠᠷ᠂ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ᠂ ᠵᠢᠷᠤᠭ ᠲᠥᠯᠥᠪᠯᠡᠭᠡ ᠶᠢᠨ | ᠬᠠᠮᠢᠶᠠᠷᠤᠯᠲᠠ ᠶᠢᠨ ᠭᠠᠵᠠᠷ᠂ ᠠᠵᠢᠯᠲᠠᠨ ᠤ ᠶᠠᠪᠤᠳᠠᠯ ᠤᠨ ᠭᠠᠵᠠᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠢᠶᠠᠷ ᠠᠵᠢᠯ ᠤᠨ ᠳᠤᠭᠤᠶᠢᠯᠠᠩ ᠤᠨ ᠪᠠᠶᠢᠩᠭᠤ ᠶᠢᠨ ᠪᠦᠷᠢᠯᠳᠦᠬᠦᠨ ᠨᠢᠭᠡᠴᠡ | ᠪᠣᠯᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ | ᠵᠢᠷᠭᠤᠭ᠎ᠠ᠂ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠠᠯᠪᠠᠨ ᠭᠡᠷ᠄ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠳᠦᠷ ᠲᠤᠲᠤᠮ ᠤᠨ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠬᠠᠮᠢᠶ᠎ᠠ ᠪᠥᠬᠦᠶ ᠲᠦᠷᠢᠮ ᠢ ᠲᠣᠭᠲᠠᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠵᠦᠭᠯᠡᠭᠦᠷ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠨᠡᠶᠢᠲᠡᠯᠡᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ | ᠬᠠᠮᠠᠭᠠᠯᠠᠬᠤ ᠬᠢᠨᠠᠨ ᠪᠠᠶᠢᠴᠠᠭᠠᠯᠲᠠ ᠶᠢ ᠵᠢᠷᠤᠮᠵᠢᠭᠤᠯᠬᠤ᠂ ᠡᠯ᠎ᠡ ᠨᠢᠭᠡᠴᠡ ᠶᠢᠨ ᠰᠠᠨᠠᠯ ᠢ ᠦᠨᠳᠦᠰᠦᠯᠡᠨ᠂ ᠠᠯᠪᠠᠨ | ᠪᠢᠴᠢᠭ ᠢ ᠢᠯᠡ ᠪᠣᠯᠭᠠᠬᠤ ᠰᠢᠨᠵᠢ ᠴᠢᠨᠠᠷ ᠲᠤ ᠬᠢᠨᠠᠨ ᠬᠠᠷᠭᠤᠭᠤᠯᠤᠯᠳᠠ ᠬᠢᠨ᠎ᠡ᠃ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠳᠤ ᠳᠤᠷᠠᠳᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠳᠤ ᠬᠠᠷᠢᠭᠤᠯᠲᠠ ᠥᠭᠴᠦ᠂ ᠮᠡᠳᠡᠭᠡ ᠵᠠᠩᠭᠢ ᠶᠢᠨ ᠯᠠᠪᠯᠠᠯᠲᠠ ᠥᠭᠬᠦ ᠤᠴᠢᠷ ᠶᠠᠪᠤᠳᠠᠯ ᠢ | ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠰᠦᠯᠵᠢᠶᠡᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠤᠯᠤᠩ ᠤᠨ ᠮᠡᠳᠡᠭᠡ ᠵᠠᠩᠭᠢ ᠶᠢ | ᠰᠢᠨᠡᠳᠬᠡᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠤᠨ ᠲᠤᠭ᠎ᠠ | ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠵᠢᠴᠢ ᠪᠢᠴᠢᠭ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠵᠤ᠂ ᠭᠤᠶᠤᠴᠢᠯᠠᠯ ᠶᠣᠰᠣᠭᠠᠷ ᠢᠯᠡ ᠪᠣᠯᠭᠠᠬᠤ ᠵᠦᠢᠯᠡᠰ ᠢ ᠳᠠᠩᠰᠠᠯᠠᠭᠤᠯᠬᠤ ᠬᠡᠷᠡᠭᠲᠡᠶ᠃ | ︵ᠬᠤᠶᠠᠷ︶ ᠶᠡᠷᠦᠩᠬᠡᠶᠢᠯᠡᠭᠰᠡᠨ ᠭᠠᠵᠠᠷ᠄ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠨᠡᠶᠢᠲᠡᠯᠡᠬᠦ ᠪᠠ ᠬᠠᠮᠢᠶᠠᠷᠬᠤ ᠶᠢ ᠬᠠᠷᠢᠭᠤᠴᠠᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ | ᠶᠠᠪᠤᠳᠠᠯ ᠢ ᠰᠢᠢᠳᠪᠦᠷᠢᠯᠡᠨ᠎ᠡ᠃ ᠡᠯ᠎ᠡ ᠨᠢᠭᠡᠴᠡ ᠶᠢᠨ ᠰᠠᠨᠠᠯ ᠢ ᠦᠨᠳᠦᠰᠦᠯᠡᠨ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠰᠢᠨᠵᠢ ᠴᠢᠨᠠᠷ ᠲᠤ ᠬᠢᠨᠠᠨ ᠬᠠᠷᠭᠤᠭᠤᠯᠤᠯᠲᠠ ᠬᠢᠨ᠎ᠠ᠃ ᠪᠣᠭᠤᠮᠲᠠ | ᠰᠠᠬᠢᠵᠤ ᠪᠠᠶᠢᠭ᠎ᠠ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠯᠠᠪᠯᠠᠯᠲᠠ ᠥᠭᠬᠦ ᠭᠤᠶᠤᠴᠢᠯᠠᠯ ᠤᠨ ᠤᠴᠢᠷ | ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠤᠨ ᠬᠠᠷᠢᠭᠤᠯᠲᠠ ᠶᠢ ᠬᠢᠨᠠᠬᠤ ᠳᠤ ᠣᠷᠣᠯᠴᠠᠬᠤ ᠬᠡᠷᠡᠭᠲᠡᠶ᠃ | ︵ᠳᠥᠷᠪᠡ︶ ᠵᠢᠷᠤᠭ ᠲᠥᠯᠥᠪᠯᠡᠭᠡ ᠶᠢᠨ ᠬᠠᠮᠢᠶᠠᠷᠤᠯᠲᠠ ᠶᠢᠨ ᠭᠠᠵᠠᠷ᠄ ᠲᠤᠭ᠎ᠠ ᠪᠦᠷᠢᠳᠬᠡᠯ ᠤᠨ ᠳᠦᠷᠢᠮ ᠤᠨ | ᠪᠠᠷᠢᠮᠵᠢᠶ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ | ᠲᠤᠭ᠎ᠠ ᠪᠦᠷᠢᠳᠬᠡᠯ ᠤᠨ ᠳᠦᠷᠢᠮ ᠤᠨ ᠪᠠᠷᠢᠮᠵᠢᠶ᠎ᠠ ᠶᠢᠨ ᠮᠡᠳᠡᠭᠡ ᠵᠠᠩᠭᠢ ᠶᠢᠨ ᠯᠠᠪᠯᠠᠯᠲᠠ ᠭᠤᠶᠤᠴᠢᠯᠠᠬᠤ ᠶᠠᠪᠤᠳᠠᠯ ᠢ | ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ︵ᠲᠠᠪᠤ︶ ᠠᠵᠢᠯᠲᠠᠨ ᠤ ᠶᠠᠪᠤᠳᠠᠯ ᠤᠨ ᠭᠠᠵᠠᠷ᠄ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ᠂ ᠡᠭᠦᠷᠭᠡ ᠴᠢᠳᠠᠪᠤᠷᠢ ᠶᠢ ᠢᠯᠡ ᠪᠣᠯᠭᠠᠬᠤ ᠠᠭᠤᠯᠭ᠎ᠠ ᠶᠢ ᠬᠢᠨᠠᠨ ᠬᠠᠷᠭᠤᠭᠤᠯᠬᠤ ᠶᠢ | ᠬᠠᠷᠢᠭᠤᠴᠠᠨ᠎ᠠ᠃ | ︵ᠵᠢᠷᠭᠤᠭ᠎ᠠ︶ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠄ ᠡᠯ᠎ᠡ ᠨᠢᠭᠡᠴᠡ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ︵ᠳᠣᠯᠤᠭ᠎ᠠ︶ ᠡᠯ᠎ᠡ ᠨᠢᠭᠡᠴᠡ᠄ ᠲᠤᠰ ᠰᠠᠯᠠᠭ᠎ᠠ ᠮᠥᠴᠢᠷ ᠤᠨ ᠢᠶᠠᠨ ᠢᠯᠡ ᠪᠣᠯᠭᠠᠭᠰᠠᠨ ᠮᠡᠳᠡᠭᠡ ᠵᠠᠩᠭᠢ ᠶᠢ | ᠡᠮᠬᠢᠯᠡᠬᠦ᠂ ᠬᠢᠨᠠᠨ ᠬᠠᠷᠭᠤᠭᠤᠯᠬᠤ᠂ ᠬᠠᠩᠭᠠᠬᠤ ᠶᠢ ᠬᠠᠷᠢᠭᠤᠴᠠᠨ᠎ᠠ᠃ ᠮᠡᠳᠡᠭᠡ ᠵᠠᠩᠭᠢ ᠶᠢ ᠢᠯᠡ ᠪᠣᠯᠭᠠᠬᠤ | ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ ᠲᠣᠰ ᠰᠠᠯᠠᠭ᠎ᠠ ᠮᠥᠴᠢᠷ ᠤᠨ ᠠᠯᠪᠠᠨ ᠪᠢᠴᠢᠭ ᠪᠣᠯᠤᠨ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠰᠢᠨᠵᠢ ᠴᠢᠨᠠᠷ ᠤᠨ ᠰᠠᠨᠠᠯ ᠢ | ᠳᠤᠷᠠᠳᠬᠤ ᠬᠡᠷᠡᠭᠲᠡᠶ᠃ ᠲᠤᠰ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠵᠥᠪᠯᠡᠯᠭᠡ ᠥᠭᠬᠦ ᠪᠠ ᠢᠯᠡ ᠪᠣᠯᠭᠠᠬᠤ | ᠭᠠᠷᠴᠠᠭ ᠠᠴᠠ ᠭᠠᠳᠠᠨᠠᠬᠢ ᠮᠡᠳᠡᠭᠡ ᠵᠠᠩᠭᠢ ᠶᠢᠨ ᠭᠤᠶᠤᠴᠢᠯᠠᠯ ᠢ ᠬᠠᠷᠢᠭᠤᠴᠠᠨ ᠰᠢᠢᠳᠪᠦᠷᠢᠯᠡᠵᠦ᠂ ᠬᠠᠷᠢᠭᠤᠯᠲᠠ | ᠥᠭᠬᠦ ᠰᠠᠨᠠᠯ ᠪᠠ ᠮᠠᠲ᠋ᠧᠷᠢᠶᠠᠯ ᠢ ᠬᠠᠩᠭᠠᠬᠤ ᠬᠡᠷᠡᠭᠲᠡᠶ᠃ | ᠭᠤᠷᠪᠠᠳᠤᠭᠠᠷ ᠪᠦᠯᠦᠭ ᠬᠦᠷᠢᠶ᠎ᠡ ᠬᠡᠪᠴᠢᠶ᠎ᠡ | ᠲᠤᠯᠤᠭ᠎ᠠ᠂ ᠳᠣᠤᠷ᠎ᠠ ᠵᠢᠭᠰᠠᠭᠠᠭᠰᠠᠨ ᠦᠨᠳᠦᠰᠦᠨ ᠱᠠᠭᠠᠷᠳᠠᠯᠭ᠎ᠠ ᠶᠢᠨ ᠨᠢᠭᠡ ᠳᠤ ᠨᠡᠶᠢᠴᠡᠭᠰᠡᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠄ | ︵ᠨᠢᠭᠡ︶ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ᠃ | ︵ᠬᠤᠶᠠᠷ︶ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠡᠭᠦᠷᠭᠡ ᠴᠢᠳᠠᠪᠤᠷᠢ᠂ ᠠᠵᠢᠯᠯᠠᠬᠤ ᠬᠠᠶ᠋ᠢᠭ᠂ | ᠠᠵᠢᠯᠯᠠᠬᠤ ᠴᠠᠭ᠂ ᠬᠠᠷᠢᠯᠴᠠᠬᠤ ᠠᠷᠭ᠎ᠠ ᠮᠠᠶ᠋ᠢᠭ᠃ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ | ᠭᠦᠢᠴᠡᠳᠬᠡᠯ ᠤᠨ ᠮᠡᠳᠡᠭᠡ ᠵᠠᠩᠭᠢ᠃ | ︵ᠭᠤᠷᠪᠠ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠵᠡᠷᠭᠡ ᠲᠤᠭ᠎ᠠ ᠪᠦᠷᠢᠳᠬᠡᠯ ᠤᠨ | ᠮᠡᠳᠡᠭᠡ ᠵᠠᠩᠭᠢ᠂ ᠲᠤᠭ᠎ᠠ ᠪᠦᠷᠢᠳᠬᠡᠯ ᠤᠨ ᠮᠠᠲ᠋ᠧᠷᠢᠶᠠᠯ᠃ | ︵ᠳᠥᠷᠪᠡ︶ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠦᠨᠳᠦᠰᠦ | ᠪᠠᠷᠢᠮᠲᠠ᠂ ᠨᠥᠬᠦᠴᠡᠯ᠂ ᠵᠢᠷᠤᠮ ᠵᠢᠴᠢ ᠵᠣᠬᠢᠬᠤ ᠨᠡᠶᠢᠭᠡᠮ ᠤᠨ ᠨᠥᠯᠥᠭᠡ ᠲᠠᠢ ᠵᠠᠰᠠᠭ ᠵᠠᠬᠢᠷᠭᠠᠨ ᠤ ᠰᠢᠳᠬᠡᠯ ᠥᠭᠬᠦ | ᠲᠣᠭᠲᠠᠭᠠᠯ ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠤᠯᠤᠰ ᠠᠴᠠ ᠬᠤᠯᠪᠣᠭᠳᠠᠯ | ᠪᠦᠬᠦᠢ ᠲᠣᠭᠲᠠᠭᠠᠯ ᠳᠤ ᠪᠤᠰᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠬᠡᠷᠡᠭᠲᠡᠶ᠃ | ᠨᠠᠢᠮᠠ᠂ ᠳᠣᠤᠷᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠭᠡᠢ | ︵ᠨᠢᠭᠡ︶ ᠤᠯᠤᠰ ᠤᠨ ᠨᠢᠭᠤᠴᠠ ᠳᠤ ᠲᠣᠭᠠᠴᠠᠭᠳᠠᠬᠤ᠃ | ︵ᠬᠤᠶᠠᠷ︶ ᠬᠤᠳᠠᠯᠳᠤᠭᠠᠨ ᠤ ᠨᠢᠭᠤᠴᠠ ᠳᠤ ᠲᠣᠭᠠᠴᠠᠭᠳᠠᠬᠤ᠃ | ︵ᠭᠤᠷᠪᠠ︶ ᠬᠤᠪᠢ ᠬᠥᠮᠦᠨ ᠤ ᠨᠢᠭᠤᠴᠠ ᠳᠤ ᠲᠣᠭᠠᠴᠠᠭᠳᠠᠬᠤ᠃ | ︵ᠳᠥᠷᠪᠡ︶ ᠲᠤᠭ᠎ᠠ ᠪᠦᠷᠢᠳᠬᠡᠯ ᠤᠨ ᠪᠠᠶᠢᠴᠠᠭᠠᠯᠲᠠ ᠠᠴᠠ ᠲᠠᠩ ᠭᠠᠭᠴᠠ ᠲᠤᠭ᠎ᠠ ᠪᠦᠷᠢᠳᠬᠡᠯ ᠤᠨ | ᠪᠠᠶᠢᠴᠠᠭᠠᠭᠳᠠᠬᠤ ᠡᠲᠡᠭᠡᠳ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ ᠳᠡᠶᠢᠯᠬᠦ᠃ | ︵ᠲᠠᠪᠤ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠲᠠᠢ ᠬᠤᠯᠪᠣᠭ᠎ᠠ ᠲᠠᠢ ᠪᠠᠶᠢᠵᠤ᠂ ᠢᠯᠡ | ᠪᠣᠯᠭᠠᠭᠰᠠᠨ ᠤ ᠳᠠᠷᠠᠭ᠎ᠠ ᠪᠠᠶᠢᠴᠠᠭᠠᠬᠤ᠂ ᠪᠠᠶᠢᠴᠠᠭᠠᠬᠤ᠂ ᠭᠡᠷᠡᠴᠢ ᠠᠪᠬᠤ ᠵᠡᠷᠭᠡ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠨᠥᠯᠥᠭᠡᠯᠡᠵᠦ ᠮᠡᠳᠡᠬᠦ᠃ | ︵ᠵᠢᠷᠭᠤᠭ᠎ᠠ︶ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ᠂ | ᠳᠣᠲᠣᠭᠠᠳᠤ ᠶᠢᠨ ᠠᠵᠢᠯ ᠤᠨ ᠶᠠᠪᠤᠴᠠ ᠵᠡᠷᠭᠡ ᠳᠣᠲᠣᠭᠠᠳᠤ ᠬᠡᠷᠡᠭ ᠶᠠᠪᠤᠳᠠᠯ᠃ | ︵ᠳᠣᠯᠤᠭ᠎ᠠ︶ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠭᠦᠢᠴᠡᠳᠭᠡᠬᠦ ᠶᠠᠪᠤᠴᠠ ᠳᠤ | ᠪᠣᠶ ᠪᠣᠯᠤᠭᠰᠠᠨ ᠶᠠᠷᠢᠯᠴᠠᠭᠰᠠᠨ ᠲᠡᠮᠳᠡᠭᠯᠡᠯ᠂ ᠶᠠᠪᠤᠴᠠ ᠶᠢᠨ ᠨᠣᠤᠷᠠᠭ᠂ ᠵᠥᠪᠳᠡᠯᠴᠡᠬᠦ ᠵᠠᠬᠢᠳᠠᠯ᠂ ᠵᠢᠭᠠᠪᠤᠷᠢ ᠠᠪᠴᠤ | ᠮᠡᠳᠡᠭᠦᠯᠬᠦ ᠵᠡᠷᠭᠡ ᠶᠠᠪᠤᠴᠠ ᠶᠢᠨ ᠴᠢᠨᠠᠷᠲᠠᠶ ᠮᠡᠳᠡᠭᠡ ᠵᠠᠩᠭᠢ᠃ | ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠢᠯᠡ ᠪᠣᠯᠭᠠᠬᠤ ᠶᠢ | ᠴᠠᠭᠠᠵᠠᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠵᠢᠴᠢ ᠢᠯᠡ ᠪᠣᠯᠭᠠᠭᠰᠠᠨ ᠤ ᠳᠠᠷᠠᠭ᠎ᠠ ᠤᠯᠤᠰ ᠤᠨ ᠠᠮᠤᠷ | ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠪᠠᠶᠢᠳᠠᠯ ᠳᠤ ᠠᠶᠤᠯ ᠤᠴᠠᠷᠠᠭᠤᠯᠵᠤ ᠮᠡᠳᠡᠬᠦ ᠵᠠᠰᠠᠭ ᠤᠨ ᠣᠷᠳᠣᠨ ᠤ ᠮᠡᠳᠡᠭᠡ ᠵᠠᠩᠭᠢ᠃ | ᠡᠮᠦᠨᠡᠬᠢ ᠪᠠᠳᠠᠭ ᠤᠨ ︵ᠬᠤᠶᠠᠷ︶ ᠳ᠋ᠦ᠋ᠭᠡᠷ ᠵᠤᠷᠪᠤᠰ᠂ ︵ᠭᠤᠷᠪᠠ︶ ᠳ᠋ᠤᠭᠠᠷ ᠵᠤᠷᠪᠤᠰ ᠲᠤ ᠵᠢᠭᠰᠠᠭᠠᠭᠰᠠᠨ | ᠵᠠᠰᠠᠭ ᠤᠨ ᠣᠷᠳᠣᠨ ᠤ ᠮᠡᠳᠡᠭᠡ ᠵᠠᠩᠭᠢ᠂ ᠡᠷᠬᠡᠲᠦ ᠬᠥᠮᠦᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ ᠢᠯᠡ | ᠪᠣᠯᠭᠠᠵᠤ ᠪᠣᠯᠤᠨ᠎ᠠ᠃ ︵ᠳᠣᠯᠤᠭ᠎ᠠ︶ ᠳ᠋ᠤᠭᠠᠷ ᠵᠤᠷᠪᠤᠰ ᠲᠤ ᠵᠢᠭᠰᠠᠭᠠᠭᠰᠠᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠢᠯᠡ ᠪᠠᠷ ᠨᠡᠶᠢᠲᠡᠯᠡᠬᠦ ᠬᠡᠷᠡᠭᠲᠡᠶ | ᠭᠡᠵᠦ ᠲᠣᠭᠲᠠᠭᠠᠭᠰᠠᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠥᠷᠪᠡᠳᠦᠭᠡᠷ ᠪᠦᠯᠦᠭ ᠠᠷᠭ᠎ᠠ ᠵᠠᠮ ᠪᠠ ᠳᠡᠰ ᠳᠠᠷᠠᠭᠠᠯᠠᠯ | ᠶᠢᠰᠦ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠣᠤᠷᠠᠬᠢ ᠠᠷᠭ᠎ᠠ ᠵᠠᠮ ᠢᠶᠠᠷ | ᠳᠠᠮᠵᠢᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶᠡᠨ ᠥᠷᠲᠡᠭᠡ ᠪᠠ ᠥᠪᠥᠷ | ᠮᠣᠩᠭᠤᠯ ᠤᠨ ᠲᠤᠭ᠎ᠠ ᠪᠦᠷᠢᠳᠬᠡᠯ ᠤᠨ ᠪᠢᠴᠢᠯ ᠮᠡᠳᠡᠭᠡ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠵᠠᠭᠤᠴᠢᠯᠠᠭᠤᠷ᠃ | ︵ᠳᠥᠷᠪᠡ︶ ᠬᠡᠪᠯᠡᠭᠳᠡᠬᠦᠨ ᠢ ᠪᠦᠷᠢᠳᠬᠡᠬᠦ᠃ | ᠠᠷᠪᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠴᠠ ᠡᠮᠦᠨ᠎ᠡ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠬᠦ | ᠬᠡᠷᠡᠭᠲᠡᠶ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠡ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠵᠣᠬᠢᠴᠠᠩᠭᠤᠶ | ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠪᠠᠶᠢᠳᠠᠯ ᠢ ᠦᠵᠡᠵᠦ | ᠪᠠᠶᠢᠭᠠᠳ ᠬᠤᠪᠢᠳᠠᠨ ᠬᠠᠮᠢᠶᠠᠷᠬᠤ ᠲᠣᠪᠴᠢᠶᠠᠨ ᠤ ᠤᠳᠤᠷᠢᠳᠤᠯᠭ᠎ᠠ ᠳᠤ ᠮᠡᠳᠡᠭᠦᠯᠦᠨ ᠵᠥᠪᠰᠢᠶᠡᠷᠡᠭᠦᠯᠵᠦ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠴᠢᠬᠤᠯᠠ ᠶᠡᠭᠡ ᠵᠦᠢᠯᠡᠰ ᠢ ᠲᠣᠪᠴᠢᠶᠠᠨ ᠳᠠᠷᠤᠭ᠎ᠠ ᠳᠤ ᠮᠡᠳᠡᠭᠦᠯᠦᠨ | ᠵᠥᠪᠰᠢᠶᠡᠷᠡᠭᠦᠯᠦᠨ᠎ᠡ᠃ | ᠠᠷᠪᠠᠨ ᠨᠢᠭᠡ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠰᠠᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠤᠨ ᠬᠦᠰᠦᠨᠦᠭᠲᠦ︾ ᠶᠢ ᠲᠠᠭᠯᠠᠬᠤ ᠬᠡᠷᠡᠭᠲᠡᠶ᠃ | ᠠᠷᠪᠠᠨ ᠬᠤᠶᠠᠷ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ | ᠳᠤᠷᠠᠳᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ᠂ ᠳᠣᠤᠷᠠᠬᠢ ᠮᠡᠲᠦ ᠢᠯᠡ | ᠪᠣᠯᠭᠠᠬᠤ ᠪᠠᠷ ᠭᠤᠶᠤᠴᠢᠯᠠᠬᠤ ᠲᠠᠰ ᠳᠠᠷᠠᠭᠠᠯᠠᠯ ᠢᠶᠠᠷ ᠭᠦᠢᠴᠡᠳᠬᠡᠬᠦ ᠬᠡᠷᠡᠭᠲᠡᠶ᠄ | ︵ᠨᠢᠭᠡ︶ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠶᠢ ᠨᠢᠭᠡᠨᠲᠡ ᠰᠠᠨᠠᠭᠠᠴᠢᠯᠠᠭ᠎ᠠ ᠠᠴᠠ ᠪᠠᠨ | ᠢᠯᠡ ᠪᠣᠯᠭᠠᠭᠰᠠᠨ ᠪᠤᠶᠤ ᠢᠯᠡ ᠪᠣᠯᠭᠠᠵᠤ ᠪᠣᠯᠬᠤ ᠳᠤ ᠭᠦᠷᠪᠡᠯ᠂ ᠠᠯᠪᠠᠨ ᠬᠡᠷ ᠠᠴᠠ ᠭᠤᠶᠤᠴᠢᠯᠠᠭᠴᠢ ᠠᠴᠠ ᠲᠣᠰ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ᠂ ᠠᠷᠭ᠎ᠠ ᠵᠠᠮ ᠪᠠ ᠴᠠᠭ ᠬᠤᠭᠤᠴᠠᠭ᠎ᠠ ᠳᠤ | ᠬᠠᠷᠢᠭᠤ ᠥᠭᠭᠦᠨ᠎ᠡ᠃ | ︵ᠬᠤᠶᠠᠷ︶ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠢᠯᠡ | ᠪᠣᠯᠭᠠᠵᠤ ᠪᠣᠯᠬᠤ ᠦᠭᠡᠢ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠬᠠᠷᠢᠶᠠᠯᠠᠭᠳᠠᠬᠤ ᠦᠭᠡᠢ ᠠᠭᠤᠯᠭ᠎ᠠ | ᠠᠭᠤᠯᠤᠭᠳᠠᠵᠤ᠂ ᠭᠡᠪᠡᠴᠦ ᠢᠯᠭᠠᠨ ᠰᠢᠢᠳᠪᠦᠷᠢᠯᠡᠵᠦ ᠳᠡᠶᠢᠯᠬᠦ ᠳᠤ ᠬᠦᠷᠪᠡᠯ᠂ ᠭᠤᠶᠤᠴᠢᠯᠠᠭᠴᠢ ᠳᠤ ᠢᠯᠡ ᠪᠣᠯᠭᠠᠵᠤ | ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠶᠢ ᠬᠠᠩᠭᠠᠬᠤ ᠬᠡᠷᠡᠭᠲᠡᠶ᠃ ᠢᠯᠡ ᠪᠣᠯᠭᠠᠬᠤ ᠥᠬᠡᠶ | ᠠᠭᠤᠯᠭ᠎ᠠ ᠳᠤ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ︔ | ︵ᠭᠤᠷᠪᠠ︶ ᠭᠤᠶᠤᠴᠢᠯᠠᠭᠴᠢ ᠶᠢᠨ ᠳᠤᠷᠠᠳᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠤᠶᠤᠴᠢᠯᠠᠯ ᠤᠨ ᠲᠤᠬᠠᠶ ᠨᠢᠭᠡᠨᠲᠡ ᠬᠠᠷᠢᠭᠤᠯᠲᠠ ᠥᠭᠴᠦ᠂ ᠭᠤᠶᠤᠴᠢᠯᠠᠭᠴᠢ ᠠᠳᠠᠯᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠳᠠᠪᠬᠤᠷ ᠭᠤᠶᠤᠴᠢᠯᠠᠭᠰᠠᠨ ᠪᠠᠶᠢᠪᠠᠯ᠂ ᠳᠠᠪᠬᠤᠷᠳᠠᠭᠤᠯᠤᠨ | ᠰᠢᠢᠳᠪᠦᠷᠢᠯᠡᠬᠦ ᠦᠭᠡᠢ ᠭᠡᠵᠦ ᠭᠤᠶᠤᠴᠢᠯᠠᠭᠴᠢ ᠳᠤ ᠮᠡᠳᠡᠭᠳᠡᠨ᠎ᠡ᠃ | ︵ᠳᠥᠷᠪᠡ︶ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠶ ᠦᠭᠡᠶ ᠪᠣᠯ ᠵᠢᠭᠠᠨ ᠵᠢᠯᠣᠭᠤᠳᠬᠤ ᠪᠠ | ᠲᠣᠳᠣᠷᠬᠠᠶᠢᠯᠠᠬᠤ ᠬᠡᠷᠡᠭᠲᠡᠶ᠃ ᠲᠡᠭᠡᠬᠦ ᠮᠥᠷᠲᠡᠭᠡᠨ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 7 ᠠᠵᠢᠯᠯᠠᠬᠤ | ᠡᠳᠦᠷ ᠤᠨ ᠳᠣᠲᠣᠷ᠎ᠠ ᠨᠢᠭᠡ ᠤᠳᠠᠭ᠎ᠠ ᠪᠠᠷ ᠭᠤᠶᠤᠴᠢᠯᠠᠭᠴᠢ ᠳᠤ ᠨᠥᠬᠦᠪᠥᠷᠢᠯᠡᠨ ᠵᠠᠯᠠᠷᠠᠭᠤᠯᠬᠤ ᠶᠢ ᠮᠡᠳᠡᠭᠳᠡᠨ᠎ᠡ᠂ | ᠭᠤᠶᠤᠴᠢᠯᠠᠭᠴᠢ ᠵᠦᠶ ᠶᠣᠰᠣᠨ ᠤ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠥᠷᠢᠯᠡᠨ ᠵᠠᠯᠠᠷᠠᠭᠤᠯᠬᠤ | ᠦᠭᠡᠢ ᠪᠣᠯ ᠭᠤᠶᠤᠴᠢᠯᠠᠯ ᠢ ᠤᠷᠬᠢᠬᠰᠡᠠ ᠢᠶᠠᠷ ᠦᠵᠡᠬᠦ᠃ | ︵ᠲᠠᠪᠤ︶ ᠭᠤᠶᠤᠴᠢᠯᠠᠭᠴᠢ ᠳᠤ ᠬᠠᠩᠭᠠᠭᠰᠠᠨ ᠮᠡᠳᠡᠭᠡ ᠵᠠᠩᠭᠢ ᠨᠢ ᠨᠢᠭᠡᠨᠲᠡ ᠵᠣᠬᠢᠶᠠᠭᠰᠠᠨ ᠪᠤᠶᠤ ᠣᠯᠤᠭᠰᠠᠨ | ᠵᠠᠰᠠᠭ ᠤᠨ ᠣᠷᠳᠣᠨ ᠤ ᠮᠡᠳᠡᠭᠡ ᠵᠠᠩᠭᠢ ᠪᠠᠶᠢᠬᠤ ᠬᠡᠷᠡᠭᠲᠡᠶ᠃ ᠤᠳᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠪᠣᠯᠪᠠᠰᠤᠷᠠᠭᠤᠯᠤᠨ ᠵᠠᠳᠠᠯᠬᠤ ᠴᠢᠬᠤᠯᠠᠲᠠᠶ ᠪᠠᠶᠢᠪᠠᠯ᠂ ᠬᠠᠩᠭᠠᠬᠤ ᠦᠭᠡᠢ ᠪᠠᠶᠢᠵᠤ ᠪᠣᠯᠤᠨ᠎ᠠ᠃ | ︵ᠵᠢᠷᠭᠤᠭ᠎ᠠ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠦᠭᠡᠢ ᠪᠠᠶᠢᠪᠠᠯ᠂ ᠢᠯᠡ | ᠪᠣᠯᠭᠠᠬᠤ ᠦᠭᠡᠢ ᠪᠥᠭᠡᠳ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢ ᠭᠤᠶᠤᠴᠢᠯᠠᠭᠴᠢ ᠳᠤ | ᠮᠡᠳᠡᠭᠳᠡᠨ᠎ᠡ᠃ | ︵ᠳᠣᠯᠤᠭ᠎ᠠ︶ ᠪᠠᠶᠢᠴᠠᠭᠠᠨ ᠡᠷᠢᠬᠦ ᠪᠠᠷ ᠭᠤᠶᠤᠴᠢᠯᠠᠭᠰᠠᠨ ᠮᠡᠳᠡᠭᠡ ᠵᠠᠩᠭᠢ ᠦᠭᠡᠶ ᠪᠣᠯ ᠲᠤᠰ ᠵᠠᠰᠠᠭ ᠤᠨ | ᠣᠷᠳᠣᠨ ᠤ ᠮᠡᠳᠡᠭᠡ ᠵᠠᠩᠭᠢ ᠪᠠᠶᠢᠬᠤ ᠦᠭᠡᠶ ᠶᠢ ᠭᠤᠶᠤᠴᠢᠯᠠᠭᠴᠢ ᠳᠤ ᠮᠡᠳᠡᠭᠳᠡᠨ᠎ᠡ᠃ | ︵ ᠨᠠᠢᠮᠠ︶ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠳᠤ ᠥᠯᠥ ᠬᠠᠷᠢᠶᠠᠯᠠᠭᠳᠠᠪᠠᠯ᠂ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ | ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ᠃ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢ ᠲᠣᠭᠲᠠᠭᠠᠵᠤ ᠳᠡᠶᠢᠯᠬᠦ ᠳᠤ ᠬᠦᠷᠪᠡᠯ᠂ | ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠢᠯᠡ ᠪᠣᠯᠭᠠᠬᠤ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ | ᠠᠷᠭ᠎ᠠ ᠮᠠᠶ᠋ᠢᠭ ᠢ ᠬᠡᠯᠡᠵᠦ ᠥᠭᠭᠦᠨ᠎ᠡ᠃ | ︵ᠶᠢᠰᠦ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢ ᠭᠤᠷᠪᠠᠳᠠᠬᠢ ᠡᠲᠡᠭᠡᠳ ᠤᠨ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠣᠯ᠂ ᠭᠤᠷᠪᠠᠳᠠᠬᠢ ᠡᠲᠡᠭᠡᠳ ᠤᠨ ᠰᠠᠨᠠᠯ ᠢ ᠪᠢᠴᠢᠭ ᠢᠶᠠᠷ | ᠬᠤᠷᠢᠶᠠᠬᠤ ᠬᠡᠷᠡᠭᠲᠡᠶ᠃ | ᠭᠤᠶᠤᠴᠢᠯᠠᠯ ᠢ ᠦᠨᠳᠦᠰᠦᠯᠡᠨ ᠬᠠᠷᠢᠭᠤ ᠥᠭᠭᠦᠭᠰᠡᠨ ᠰᠠᠨᠠᠯ ᠪᠠ ᠮᠠᠲ᠋ᠧᠷᠢᠶᠠᠯ ᠢ ᠡᠯ᠎ᠡ ᠨᠢᠭᠡᠴᠡ ᠶᠢᠨ ᠭᠤᠣᠯ | ᠬᠠᠷᠢᠭᠤᠴᠠᠯᠭᠠᠲᠠᠨ ᠢᠶᠠᠷ ᠨᠤᠲᠠᠯᠠᠭᠤᠯᠵᠤ ᠲᠤᠰᠢᠶᠠᠭᠰᠠᠨ ᠤ ᠳᠠᠷᠠᠭ᠎ᠠ᠂ ᠭᠤᠶᠤᠴᠢᠯᠠᠯ ᠢ ᠢᠯᠡ ᠪᠣᠯᠭᠠᠬᠤ ᠳᠡᠰ | ᠳᠠᠷᠠᠭᠠᠯᠠᠯ ᠢᠶᠠᠷ ᠬᠢᠨᠠᠨ ᠬᠠᠷᠭᠤᠭᠤᠯᠵᠤ᠂ ᠠᠯᠪᠠᠨ ᠭᠡᠷ ᠠᠴᠠ ᠭᠤᠶᠤᠴᠢᠯᠠᠭᠴᠢ ᠳᠤ ᠵᠢᠩᠬᠢᠨᠢ ᠪᠠᠷ ᠬᠠᠷᠢᠭᠤᠯᠲᠠ | ᠥᠭᠭᠦᠨ᠎ᠡ᠃ ᠪᠠᠶᠢᠳᠠᠯ ᠢ ᠨᠢ ᠦᠵᠡᠵᠦ ᠪᠠᠶᠢᠭᠠᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠤᠨ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠨᠢᠭᠡᠴᠢ ᠳᠤ ᠳᠡᠪᠰᠢᠭᠦᠯᠵᠦ ᠬᠠᠮᠲᠤᠷᠠᠨ ᠬᠢᠨᠠᠭᠤᠯᠵᠤ | ᠪᠣᠯᠤᠨ᠎ᠠ᠂ ᠡᠰᠡᠬᠦᠯ᠎ᠡ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠭᠠᠳ᠂ ᠴᠢᠬᠤᠯᠠ ᠲᠠᠢ ᠦᠶ᠎ᠡ ᠳᠤ | ᠲᠣᠪᠴᠢᠶᠠᠨ ᠳᠠᠷᠤᠭ᠎ᠠ ᠳᠤ ᠮᠡᠳᠡᠭᠦᠯᠵᠦ ᠬᠢᠨᠠᠨ ᠦᠵᠡᠭᠦᠯᠬᠦ ᠬᠡᠷᠡᠭᠲᠡᠶ᠃ | ᠠᠷᠪᠠᠨ ᠭᠤᠷᠪᠠ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ | ᠳᠤᠷᠠᠳᠤᠭᠰᠠᠨ ᠮᠡᠳᠡᠭᠡ ᠵᠠᠩᠭᠢ ᠶᠢᠨ ᠲᠤᠬᠠᠶ ᠵᠥᠪᠯᠡᠯᠭᠡ ᠥᠭᠬᠦ᠂ ᠲᠡᠷᠡ ᠳᠣᠤᠷ᠎ᠠ ᠨᠢ ᠬᠠᠷᠢᠭᠤᠯᠲᠠ ᠥᠭᠴᠦ | ᠴᠢᠳᠠᠪᠠᠯ᠂ ᠲᠡᠷᠡ ᠳᠣᠤᠷ᠎ᠠ ᠨᠢ ᠬᠠᠷᠢᠭᠤᠯᠲᠠ ᠥᠭᠬᠦ ᠬᠡᠷᠡᠭᠲᠡᠶ᠃ ᠲᠡᠷᠡ ᠳᠣᠤᠷ᠎ᠠ ᠨᠢ ᠬᠠᠷᠢᠭᠤᠯᠲᠠ ᠥᠭᠴᠦ ᠳᠡᠢᠯᠬᠦ | ᠦᠭᠡᠢ ᠪᠣᠯ ᠠᠯᠪᠠᠨ ᠭᠡᠷ ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ | ᠬᠠᠮᠢᠶ᠎ᠠ ᠪᠦᠬᠦᠢ ᠨᠢᠭᠡᠴᠡ ᠳᠤ ᠰᠢᠯᠵᠢᠭᠦᠯᠦᠨ ᠥᠭᠴᠦ ᠬᠠᠷᠢᠭᠤᠴᠠᠨ ᠰᠢᠢᠳᠪᠦᠷᠢᠯᠡᠬᠦ ᠬᠡᠷᠡᠭᠲᠡᠶ᠃ ᠮᠡᠳᠡᠭᠡ ᠵᠠᠩᠭᠢ ᠶᠢᠨ | ᠴᠢᠬᠤᠯᠠ ᠴᠢᠨᠠᠷ ᠢ ᠦᠨᠳᠦᠰᠦᠯᠡᠨ᠂ ᠠᠯᠪᠠᠨ ᠭᠡᠷ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠣᠪᠴᠢᠶ᠎ᠠ᠂ ᠶᠡᠷᠦᠩᠬᠡᠶᠢᠯᠡᠭᠰᠡᠨ ᠭᠠᠵᠠᠷ ᠲᠤ ᠬᠠᠷᠢᠭᠤᠯᠲᠠ ᠥᠭᠭᠦᠭᠰᠡᠨ ᠰᠠᠨᠠᠯ ᠢ ᠬᠢᠨᠠᠨ | ᠬᠠᠷᠭᠤᠭᠤᠯᠬᠤ ᠪᠠᠷ ᠳᠡᠪᠰᠢᠭᠦᠯᠵᠦ ᠪᠣᠯᠤᠨ᠎ᠠ᠃ ᠴᠢᠬᠤᠯᠠ ᠲᠠᠢ ᠦᠶ᠎ᠡ ᠳᠤ ᠬᠤᠪᠢᠳᠠᠨ ᠬᠠᠮᠢᠶᠠᠷᠬᠤ ᠲᠣᠪᠴᠢᠶ᠎ᠠ ᠶᠢᠨ | ᠤᠳᠤᠷᠢᠳᠤᠯᠭ᠎ᠠ ᠳᠤ ᠮᠡᠳᠡᠭᠦᠯᠦᠨ ᠬᠢᠨᠠᠨ ᠤᠩᠰᠢᠭᠤᠯᠵᠤ ᠪᠣᠯᠤᠨ᠎ᠠ᠃ | ᠠᠷᠪᠠᠨ ᠳᠥᠷᠪᠡᠨ᠂ ᠭᠤᠶᠤᠴᠢᠯᠠᠭᠴᠢ ᠶᠢᠨ ᠱᠠᠭᠠᠷᠳᠠᠭᠰᠠᠨ ᠣᠯᠬᠤ ᠠᠷᠭ᠎ᠠ ᠮᠠᠶ᠋ᠢᠭ ᠪᠠ ᠠᠴᠢᠶᠠᠯᠠᠪᠤᠷᠢᠶᠢᠨ | ᠬᠡᠯᠪᠡᠷᠢ ᠶᠣᠰᠣᠭᠠᠷ ᠭᠤᠶᠤᠴᠢᠯᠠᠯ ᠶᠣᠰᠣᠭᠠᠷ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠬᠠᠩᠭᠠᠵᠤ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠴᠢᠶᠠᠯᠠᠪᠤᠷᠢ ᠶᠢᠨ ᠠᠶᠤᠯ ᠦᠭᠡᠶ ᠳᠤ ᠬᠥᠨᠥᠭᠡᠯ ᠤᠴᠠᠷᠠᠭᠤᠯᠵᠤ | ᠮᠡᠳᠡᠬᠦ ᠪᠤᠶᠤ ᠢᠯᠡ ᠪᠣᠯᠭᠠᠬᠤ ᠥᠪᠡᠷ ᠤᠨ ᠥᠷᠲᠡᠭ ᠨᠢ ᠬᠡᠳᠦ ᠥᠨᠳᠥᠷ ᠪᠣᠯᠤᠭᠰᠠᠨ ᠪᠣᠯ ᠭᠤᠶᠤᠴᠢᠯᠠᠭᠴᠢ ᠶᠢ | ᠲᠣᠬᠢᠷᠠᠭᠤᠯᠵᠤ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠤᠶᠤ ᠪᠤᠰᠤᠳ ᠵᠣᠬᠢᠰᠲᠠᠶ ᠠᠷᠭ᠎ᠠ ᠮᠠᠶ᠋ᠢᠭ | ᠪᠣᠯᠤᠨ ᠠᠴᠢᠶᠠᠯᠠᠪᠤᠷᠢ ᠶᠢᠨ ᠬᠡᠯᠪᠡᠷᠢ ᠪᠠᠷ ᠬᠠᠩᠭᠠᠵᠤ ᠪᠣᠯᠤᠨ᠎ᠠ᠃ | ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ | ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠃ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ | ᠴᠢᠬᠤᠯᠠᠲᠠᠶ ᠪᠠᠶᠢᠪᠠᠯ᠂ ᠬᠤᠪᠢᠳᠠᠨ ᠬᠠᠮᠢᠶᠠᠷᠬᠤ ᠲᠣᠪᠴᠢᠶᠠᠨ ᠤ ᠤᠳᠤᠷᠢᠳᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃ | ᠲᠡᠷᠡᠴᠢᠯᠡᠨ ᠠᠯᠪᠠᠨ ᠭᠡᠷ ᠠᠴᠠ ᠭᠤᠶᠤᠴᠢᠯᠠᠭᠴᠢ ᠳᠤ ᠬᠡᠯᠡᠵᠦ ᠥᠭᠭᠦᠨ᠎ᠡ᠂ ᠬᠠᠷᠢᠭᠤᠯᠲᠠ ᠥᠭᠬᠦ ᠬᠤᠭᠤᠴᠠᠭ᠎ᠠ ᠶᠢ | 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠳᠠᠪᠤᠳᠤᠭᠠᠷ ᠪᠦᠯᠦᠭ ᠬᠢᠨᠠᠯᠲᠠ ᠪᠠ ᠪᠠᠲᠤᠯᠠᠭ᠎ᠠ | ᠠᠷᠪᠠᠨ ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠢᠯ ᠪᠦᠷᠢ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠨᠡᠶᠢᠲᠡᠯᠡᠵᠦ᠂ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠦᠨ ᠬᠦᠷᠭᠡᠨ᠎ᠡ᠃ | ᠠᠷᠪᠠᠨ ᠳᠣᠯᠤᠭ᠎ᠠ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠳᠤ ᠬᠢᠨᠠᠯᠲᠠ ᠲᠠᠯᠪᠢᠬᠤ ᠡᠷᠬᠡ ᠲᠠᠢ᠃ ᠪᠠᠰᠠ ᠰᠢᠭᠦᠮᠵᠢᠯᠡᠯ ᠪᠠ ᠰᠠᠨᠠᠭᠤᠯᠭ᠎ᠠ | ᠳᠤᠷᠠᠳᠤᠨ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ | ᠭᠡᠵᠦ ᠦᠵᠡᠪᠡᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ | ᠢᠯᠡᠴᠢᠯᠡᠨ ᠮᠡᠳᠡᠭᠦᠯᠵᠦ ᠪᠣᠯᠤᠨ᠎ᠠ᠃ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ | ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | ᠠᠷᠪᠠᠨ ᠨᠠᠢᠮᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠣᠰ ᠬᠠᠮᠢᠶᠠᠷᠤᠯᠲᠠ ᠶᠢᠨ ᠠᠷᠭ᠎ᠠ ᠶᠢᠨ | ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠳᠤᠭᠤᠶᠢᠯᠠᠩ ᠠᠴᠠ ᠵᠠᠷᠯᠢᠭᠳᠠᠨ ᠵᠠᠯᠠᠷᠠᠭᠤᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ | ᠪᠣᠯ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠤᠨ ᠠᠵᠢᠯᠲᠠᠨ ᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠠᠷᠪᠠ ᠶᠢᠰᠦ᠂ ᠲᠤᠰ ᠬᠠᠮᠢᠶᠠᠷᠤᠯᠲᠠ ᠶᠢᠨ ᠠᠷᠭ᠎ᠠ ᠳᠤ ᠪᠠᠭᠲᠠᠬᠤ ᠦᠭᠡᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠪᠤᠰᠤᠳ ᠬᠠᠮᠢᠶ᠎ᠠ ᠪᠦᠬᠦᠢ ᠠᠭᠤᠯᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠠᠴᠠ ᠲᠤᠭ᠎ᠠ ᠪᠦᠷᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠬᠡᠷᠡᠭᠵᠢᠭᠦᠯᠦᠨ᠎ᠡ᠃ | ᠬᠤᠷᠢ᠂ ᠲᠣᠰ ᠬᠠᠮᠢᠶᠠᠷᠤᠯᠲᠠ ᠶᠢᠨ ᠠᠷᠭ᠎ᠠ ᠶᠢ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | |