ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠳᠦᠷᠢᠮ
ᠨᠡᠶᠢᠲᠡᠯᠡᠭᠰᠡᠨ ᠴᠠᠭ᠄
2020/12/2
   ᠨᠢᠭᠡᠳᠦᠭᠡᠷ ᠵᠣᠷᠪᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠳᠠᠯ ᠢ ᠬᠠᠤᠯᠢ ᠶᠣᠰᠣᠭᠠᠷ ᠪᠦᠬᠦ ᠲᠠᠯ᠎ᠠ ᠪᠠᠷ᠂ ᠵᠥᠪ ᠣᠨᠣᠪᠴᠢᠲᠠᠶ᠂ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠳᠦᠷᠢᠮ ᠢ ᠲᠣᠭᠲᠠᠭᠠᠪᠠ᠃    ᠬᠤᠶᠠᠳᠤᠭᠠᠷ ᠵᠣᠷᠪᠤᠰ ᠪᠦᠬᠦ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ︵ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠪᠠᠭᠲᠠᠨ᠎ᠠ︶ ᠨᠤᠭᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ᠂ ᠨᠡᠶᠢᠲᠡᠯᠡᠬᠦ ᠳᠦᠷᠢᠮ ᠢ ᠪᠠᠶᠢᠭᠤᠯᠬᠤ ᠬᠡᠷᠡᠭᠲᠡᠶ᠃    ᠭᠤᠷᠪᠠᠳᠤᠭᠠᠷ ᠵᠣᠷᠪᠤᠰ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠵᠢᠯ ᠪᠦᠷᠢ ᠶᠢᠨ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠶ᠃    ᠳᠥᠷᠪᠡᠳᠦᠭᠡᠷ ᠵᠣᠷᠪᠤᠰ ᠣᠨ ᠤ ᠮᠡᠳᠡᠭᠦᠯᠦᠯᠲᠡ ᠳᠤ ᠤᠷᠢᠳᠠᠪᠠᠷ ᠳᠠᠩᠰᠠᠯᠠᠭᠤᠯᠵᠤ ᠳᠠᠷᠠᠭ᠎ᠠ ᠨᠢ ᠨᠡᠶᠢᠲᠡᠯᠡᠬᠦ ᠳᠦᠷᠢᠮ ᠢ ᠬᠡᠷᠡᠭᠵᠢᠭᠦᠯᠦᠨ᠎ᠡ᠃    ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠠᠶᠢᠮᠠᠭ ᠬᠤᠲᠠ ᠶᠢᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠦᠨᠳᠦᠰᠦᠯᠡᠨ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠪᠢᠴᠢᠨ᠎ᠡ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠪᠣᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠭ᠎ᠠ ᠪᠦᠷᠢᠳᠬᠡᠯ ᠤᠨ ᠬᠦᠰᠦᠨᠦᠭᠲᠦ ᠶᠢ ᠲᠤᠰ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠬᠤ ᠪᠦᠭᠡᠳ ᠠᠯᠪᠠᠨ ᠲᠠᠮᠠᠭ᠎ᠠ ᠳᠠᠷᠤᠵᠤ᠂ ᠵᠢᠯ ᠪᠦᠷᠢ ᠶᠢᠨ 2 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︶ ᠳᠤ ᠬᠦᠷᠭᠡᠵᠦ ᠳᠠᠩᠰᠠᠯᠠᠭᠤᠯᠬᠤ ᠬᠡᠷᠡᠭᠲᠡᠶ᠃    ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃    ᠲᠠᠪᠤᠳᠤᠭᠠᠷ ᠵᠣᠷᠪᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠳᠣᠤᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄    ︵ᠨᠢᠭᠡ︶ ᠵᠢᠯ ᠤᠨ ᠲᠤᠲᠤᠷᠠᠬᠢ ᠲᠣᠰ ᠭᠠᠵᠠᠷ ᠣᠷᠣᠨ ᠪᠤᠶᠤ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠠᠵᠢᠯ ᠤᠨ ᠪᠠᠶᠢᠳᠠᠯ    1. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠶᠢᠭᠤᠯᠤᠮᠵᠢ ᠶᠢᠨ ᠪᠠᠶᠢᠭᠤᠯᠤᠯᠲᠠ ᠪᠠ ᠵᠠᠷᠤᠳᠠᠯ ᠤᠨ ᠪᠠᠲᠤᠯᠠᠭ᠎ᠠ ᠶᠢᠨ ᠪᠠᠶᠢᠳᠠᠯ᠃    2. ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ︾ ᠪᠠ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾ ᠢ ᠰᠢᠨᠡᠳᠬᠡᠨ ᠲᠡᠭᠦᠯᠳᠡᠷᠵᠢᠭᠦᠯᠦᠭᠰᠡᠨ ᠪᠠᠶᠢᠳᠠᠯ᠃    3. ᠠᠵᠢᠯ ᠤᠨ ᠲᠣᠭᠲᠠᠴᠠ ᠪᠠ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠭᠰᠡᠨ ᠪᠠᠶᠢᠳᠠᠯ᠃    4. ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠤᠭᠰᠠᠨ ᠪᠠᠶᠢᠳᠠᠯ᠃    5. ᠤᠬᠠᠭᠤᠯᠭ᠎ᠠ ᠪᠠ ᠪᠣᠯᠪᠠᠰᠤᠷᠠᠭᠤᠯᠤᠯ ᠤᠨ ᠪᠠᠶᠢᠳᠠᠯ᠃    ︵ᠬᠤᠶᠠᠷ︶ ᠵᠢᠯ ᠤᠨ ᠲᠤᠲᠤᠷᠠᠬᠢ ᠲᠣᠰ ᠭᠠᠵᠠᠷ ᠣᠷᠣᠨ ᠪᠤᠶᠤ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ    1. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠶᠡᠷᠦᠩᠬᠡᠶ ᠲᠤᠭ᠎ᠠ ᠬᠡᠮᠵᠢᠶ᠎ᠡ᠂ ᠡᠯ᠎ᠡ ᠲᠥᠷᠥᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠪᠠ ᠭᠤᠤᠯᠳᠠᠯᠭ᠎ᠠ ᠲᠠᠢ ᠠᠭᠤᠯᠭ᠎ᠠ ᠶᠢᠨ ᠲᠠᠨᠢᠯᠴᠠᠭᠤᠯᠭ᠎ᠠ ᠵᠡᠷᠭᠡ ᠪᠠᠭᠲᠠᠨ᠎ᠠ᠃    2. ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠮᠠᠶ᠋ᠢᠭ ᠲᠤ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠨᠡᠶᠢᠲᠡ ᠶᠢᠨ ᠬᠢᠨᠠᠨ ᠦᠵᠡᠬᠦ ᠲᠠᠯᠠᠪᠤᠷ᠂ ᠰᠣᠨᠢᠨ ᠮᠡᠳᠡᠭᠡ ᠨᠡᠶᠢᠲᠡᠯᠡᠬᠦ ᠬᠤᠷᠠᠯ ᠪᠠ ᠪᠤᠰᠤᠳ ᠠᠷᠭ᠎ᠠ ᠵᠠᠮ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠭᠰᠡᠨ ᠵᠡᠷᠭᠡ ᠪᠠᠶᠢᠳᠠᠯ ᠪᠠᠭᠲᠠᠨ᠎ᠠ᠃    3. ᠢᠯᠡ ᠬᠢᠨᠠᠨ ᠦᠵᠡᠬᠦ ᠲᠠᠯᠠᠪᠤᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠦᠵᠡᠬᠦ ᠬᠥᠮᠦᠨ ᠤ ᠲᠤᠭ᠎ᠠ ᠪᠣᠯᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠰᠦᠯᠵᠢᠶ᠎ᠡ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠰᠦᠯᠵᠢᠶᠠᠨ ᠨᠢᠭᠤᠷ ᠤᠨ ᠰᠤᠷᠪᠤᠯᠵᠢᠯᠠᠭᠰᠠᠨ ᠲᠤᠭ᠎ᠠ ᠬᠡᠮᠵᠢᠶ᠎ᠡ ᠶᠢ ᠢᠯᠡ ᠪᠠᠶᠢᠯᠭᠠᠬᠤ ᠬᠡᠷᠡᠭᠲᠡᠶ᠃    ︵ᠭᠤᠷᠪᠠ︶ ᠵᠢᠯ ᠤᠨ ᠲᠤᠲᠤᠷ᠎ᠠ ᠭᠤᠶᠤᠴᠢᠯᠠᠯ ᠢ ᠦᠨᠳᠦᠰᠦᠯᠡᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠥᠷᠨᠢᠭᠦᠯᠦᠭᠰᠡᠨ ᠪᠠᠶᠢᠳᠠᠯ    1. ᠢᠯᠡ ᠪᠣᠯᠭᠠᠬᠤ ᠪᠠᠷ ᠭᠤᠶᠤᠴᠢᠯᠠᠭᠰᠠᠨ ᠪᠠᠶᠢᠳᠠᠯ᠂ ᠨᠢᠭᠤᠷᠲᠠᠨ ᠭᠤᠶᠤᠴᠢᠯᠠᠬᠤ᠂ ᠠᠯᠪᠠᠨ ᠰᠦᠯᠵᠢᠶᠡᠨ ᠠᠴᠠ ᠲᠤᠰᠤᠭᠰᠠᠨ᠂ ᠹᠠᠺᠰ᠂ ᠵᠠᠬᠢᠳᠠᠯ ᠪᠠ ᠪᠤᠰᠤᠳ ᠬᠡᠯᠪᠡᠷᠢ ᠪᠠᠷ ᠢᠯᠡ ᠪᠣᠯᠭᠠᠬᠤ ᠪᠠᠷ ᠭᠤᠶᠤᠴᠢᠯᠠᠭᠰᠠᠨ ᠲᠤᠭ᠎ᠠ ᠬᠡᠮᠵᠢᠶ᠎ᠡ ᠵᠢᠴᠢ ᠬᠤᠯᠪᠣᠭᠳᠠᠬᠤ ᠭᠤᠤᠯᠳᠠᠯᠭ᠎ᠠ ᠲᠠᠢ ᠬᠦᠷᠢᠶ᠎ᠡ ᠶᠢᠨ  ᠪᠠᠶᠢᠳᠠᠯ᠃    2. ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠭᠰᠡᠨ ᠪᠠᠶᠢᠳᠠᠯ᠂ ᠢᠯᠡ ᠪᠣᠯᠭᠠᠬᠤ᠂ ᠬᠡᠰᠡᠭ ᠢᠯᠡ ᠪᠣᠯᠭᠠᠬᠤ ᠪᠠ ᠥᠯᠥ ᠨᠡᠶᠢᠲᠡᠯᠡᠬᠦ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠵᠢᠴᠢ ᠵᠠᠳᠠᠯᠤᠯᠲᠠ ᠶᠢᠨ ᠪᠠᠢᠳᠠᠯ᠃    3. ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠰᠦᠢᠳᠭᠡᠯ ᠬᠤᠷᠢᠶᠠᠬᠤ ᠵᠢᠴᠢ ᠬᠠᠰᠤᠵᠤ ᠬᠡᠯᠲᠦᠷᠢᠭᠦᠯᠦᠭᠰᠡᠨ᠂ ᠵᠢᠯ ᠤᠨ ᠳᠣᠲᠣᠷ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠰᠠᠨ ᠵᠠᠷᠤᠳᠠᠯ ᠤᠨ ᠲᠤᠭ᠎ᠠ ᠪᠠ ᠵᠢᠯ ᠤᠨ ᠳᠣᠲᠣᠷ᠎ᠠ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ ᠪᠠᠶᠢᠳᠠᠯ ᠣᠷᠣᠰᠢᠵᠤ ᠪᠠᠶᠢᠬᠤ ᠡᠰᠡᠬᠦ ᠪᠠᠶᠢᠳᠠᠯ᠃    ︵ᠲᠦᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠬᠠᠶ ᠯᠠᠪᠯᠠᠯᠲᠠ᠂ ᠵᠠᠭᠠᠯᠳᠤᠭᠰᠠᠨ ᠪᠠᠶᠢᠳᠠᠯ ᠵᠢᠴᠢ ᠰᠢᠢᠳᠪᠦᠷᠢᠯᠡᠭᠰᠡᠨ ᠦᠷ᠎ᠡ ᠳ᠋ᠦᠩ    ︵ᠲᠠᠪᠤ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ᠂ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠳᠠᠯ᠃    ︵ᠵᠢᠷᠭᠤᠭ᠎ᠠ︶ ᠣᠷᠣᠰᠢᠵᠤ ᠪᠠᠶᠢᠭ᠎ᠠ ᠭᠤᠤᠯ ᠠᠰᠠᠭᠤᠳᠠᠯ ᠪᠣᠯᠤᠨ ᠬᠠᠯᠠᠨ ᠰᠠᠶᠢᠵᠢᠷᠠᠭᠤᠯᠤᠭᠰᠠᠨ ᠪᠠᠶᠢᠳᠠᠯ᠃    1. ᠲᠣᠰ ᠭᠠᠵᠠᠷ ᠣᠷᠣᠨ ᠪᠤᠶᠤ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠰ ᠪᠡᠶ᠎ᠡ ᠶᠢᠨ ᠢᠯᠡᠷᠡᠭᠦᠯᠦᠭᠰᠡᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠠᠪᠤᠭᠰᠠᠨ ᠪᠣᠳᠠᠲᠠᠶ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠦᠷ᠎ᠡ ᠳ᠋ᠦᠩ ᠢ ᠲᠣᠳᠣᠷᠬᠠᠶᠢᠯᠠᠬᠤ ᠬᠡᠷᠡᠭᠲᠡᠶ᠃    2. ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠬᠢᠨᠠᠯᠲᠠ ᠲᠠᠯᠪᠢᠬᠤ ᠬᠢᠨᠠᠨ ᠰᠢᠯᠭᠠᠬᠤ ᠳᠤᠮᠳᠠ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠠᠷᠭ᠎ᠠ ᠬᠡᠮᠵᠢᠶ᠎ᠡ᠂ ᠦᠷ᠎ᠡ ᠳ᠋ᠦᠩ ᠢ ᠲᠣᠳᠣᠷᠬᠠᠶᠢᠯᠠᠬᠤ ᠬᠡᠷᠡᠭᠲᠡᠶ᠃    3. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠦᠨᠡᠯᠡᠨ ᠶᠠᠷᠢᠯᠴᠠᠬᠤ ᠳᠤᠮᠳᠠ ᠠᠰᠠᠭᠤᠳᠠᠯ ᠢ ᠰᠠᠶᠢᠵᠢᠷᠠᠭᠤᠯᠤᠭᠰᠠᠨ ᠠᠷᠭ᠎ᠠ ᠬᠡᠮᠵᠢᠶ᠎ᠡ ᠪᠠ ᠦᠷ᠎ᠡ ᠳ᠋ᠦᠩ ᠢ ᠲᠣᠳᠣᠷᠬᠠᠶᠢᠯᠠᠬᠤ ᠬᠡᠷᠡᠭᠲᠡᠶ᠃    4. ᠵᠢᠯ ᠤᠨ ᠲᠣᠲᠣᠷᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠠᠴᠠ ᠪᠣᠯᠵᠤ ᠡᠭᠦᠰᠦᠭᠰᠡᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤᠯᠳᠤᠬᠤ ︵ᠪᠠᠷᠢᠮᠲᠠᠯᠠᠬᠤ ᠰᠢᠢᠳ ᠪᠠ ᠭᠠᠷᠭᠠᠭᠰᠠᠨ ᠲᠠᠰᠤᠯᠤᠯᠲᠠ ᠨᠢ ᠡᠭᠦᠨ ᠳᠤ ᠪᠠᠭᠲᠠᠬᠤ ᠦᠭᠡᠢ︶᠂ ᠤᠴᠢᠷ ᠰᠢᠯᠲᠠᠭᠠᠨ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠦᠷ᠎ᠡ ᠳ᠋ᠦᠩ ᠢ ᠲᠣᠳᠣᠷᠬᠠᠶᠢᠯᠠᠬᠤ ᠬᠡᠷᠡᠭᠲᠡᠶ᠃    5. ᠵᠢᠯ ᠤᠨ ᠲᠤᠲᠤᠷᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠨᠢ ᠵᠠᠷᠭᠤ ᠪᠤᠯᠤᠭᠰᠠᠨ ᠪᠠᠶᠢᠳᠠᠯ᠂ ᠰᠢᠯᠲᠠᠭᠠᠨ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠦᠷ᠎ᠡ ᠳ᠋ᠦᠩ ᠢ ᠲᠣᠳᠣᠷᠬᠠᠶᠢᠯᠠᠬᠤ ᠬᠡᠷᠡᠭᠲᠡᠶ᠃    ︵ᠲᠤᠯᠤᠭ᠎ᠠ︶ ᠮᠡᠳᠡᠭᠦᠯᠬᠦ ᠴᠢᠬᠤᠯᠠᠲᠠᠶ ᠪᠤᠰᠤᠳ ᠵᠦᠢᠯ ᠤᠳ᠃    ᠵᠢᠷᠭᠤᠳᠤᠭᠠᠷ ᠵᠣᠷᠪᠤᠰ ᠰᠤᠷᠭᠠᠨ ᠬᠥᠮᠦᠵᠢᠯ᠂ ᠡᠮᠴᠢᠯᠡᠭᠡ᠂ ᠲᠥᠯᠥᠪᠯᠡᠭᠡᠲᠦ ᠦᠷᠡᠵᠢᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠨᠢ ᠲᠣᠰ ᠲᠦᠷᠢᠮ ᠢᠶᠠᠷ ᠯᠠᠪᠯᠠᠯᠲᠠ ᠪᠣᠯᠭᠠᠬᠤ ᠬᠡᠷᠡᠭᠲᠡᠢ᠃    ᠳᠣᠯᠣᠳᠤᠭᠠᠷ ᠵᠣᠷᠪᠤᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠢᠨᠠᠨ ᠪᠠᠶᠢᠴᠠᠭᠠᠬᠤ ᠲᠢᠩᠬᠢᠮ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃     ᠨᠠᠢᠮᠠᠳᠤᠭᠠᠷ ᠵᠣᠷᠪᠤᠰ ᠲᠤᠰ ᠳᠦᠷᠢᠮ ᠤᠨ ᠬᠡᠷᠡᠭᠵᠢᠭᠦᠯᠦᠭᠰᠡᠨ ᠪᠠᠶᠢᠳᠠᠯ ᠳᠤ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠣᠨ ᠤ ᠠᠵᠢᠯ ᠤᠨ ᠬᠠᠷᠠᠯᠲᠠ ᠶᠢᠨ ᠬᠢᠨᠠᠨ ᠰᠢᠯᠭᠠᠯᠲᠠ ᠳᠤ ᠬᠠᠮᠲᠤ ᠳᠤᠨᠢ ᠣᠷᠣᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号