ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠳᠦᠷᠢᠮ
ᠨᠡᠶᠢᠲᠡᠯᠡᠭᠰᠡᠨ ᠴᠠᠭ᠄
2020/12/2
   ᠨᠢᠭᠡᠳᠦᠭᠡᠷ ᠵᠤᠷᠪᠤᠰ    ᠢᠷᠭᠡᠳ᠂ ᠬᠠᠤᠯᠢ ᠶᠢᠨ ᠡᠲᠡᠭᠡᠳ ᠪᠣᠯᠣᠨ ᠪᠤᠰᠤᠳ ᠵᠣᠬᠢᠶᠠᠨ ᠪᠠᠢᠭᠤᠯᠤᠯᠲᠠ ᠶᠢᠨ ᠬᠠᠤᠯᠢ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠵᠤ ᠮᠡᠳᠡᠬᠦ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠣᠰ ᠳᠦᠷᠢᠮ ᠢ ᠲᠣᠭᠲᠠᠭᠠᠵᠠᠢ᠃    ᠬᠤᠶᠠᠳᠤᠭᠠᠷ ᠵᠤᠷᠪᠤᠰ    ᠲᠤᠰ ᠳᠦᠷᠢᠮ ᠳᠤ ᠬᠡᠯᠡᠭᠰᠡᠨ ᠭᠤᠶᠤᠴᠢᠯᠠᠯ ᠢᠶᠠᠷ ᠢᠯᠡ ᠪᠣᠯᠭᠠᠬᠤ ᠭᠡᠳᠡᠭ ᠨᠢ ᠢᠷᠭᠡᠳ᠂ ᠬᠠᠤᠯᠢ ᠶᠢᠨ ᠡᠲᠡᠭᠡᠳ ᠪᠣᠯᠣᠨ ᠪᠤᠰᠤᠳ ᠵᠣᠬᠢᠶᠠᠨ ᠪᠠᠢᠭᠤᠯᠤᠯᠲᠠ ︵ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ︶ ᠥᠪᠡᠷ ᠤᠨ ᠦᠢᠯᠡᠳᠪᠦᠷᠢᠯᠡᠯ᠂ ᠠᠮᠢᠳᠤᠷᠠᠯ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠣᠨᠴᠠᠭᠠᠶ ᠬᠡᠷᠡᠭᠴᠡᠭᠡ ᠪᠠᠨ ᠦᠨᠳᠦᠰᠦᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ︵ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠪᠠᠭᠲᠠᠨ᠎ᠠ︶ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠦᠭᠡᠢ ᠤᠴᠢᠷ ᠶᠠᠪᠤᠳᠠᠯ ᠳᠤ ᠭᠤᠶᠤᠴᠢᠯᠠᠯ ᠶᠠᠪᠤᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠲᠣᠭᠲᠠᠭᠠᠯ ᠶᠣᠰᠣᠭᠠᠷ ᠬᠦᠯᠢᠶᠡᠨ ᠠᠪᠴᠤ ᠰᠢᠢᠳᠪᠦᠷᠢᠯᠡᠨ᠎ᠡ᠃    ᠭᠤᠷᠪᠠᠳᠤᠭᠠᠷ ᠵᠤᠷᠪᠤᠰ    ᠭᠤᠶᠤᠴᠢᠯᠠᠯ ᠢᠶᠠᠷ ᠢᠯᠡ ᠪᠣᠯᠭᠠᠬᠤ ᠶᠢᠨ ᠦᠨᠳᠦᠰᠦᠨ ᠵᠠᠷᠴᠢᠮ ᠪᠣᠯ ᠬᠠᠤᠯᠢ ᠶᠣᠰᠣᠭᠠᠷ ᠢᠯᠡ ᠪᠣᠯᠭᠠᠬᠤ᠂ ᠦᠨᠡᠨ ᠪᠣᠳᠠᠲᠠᠶ ᠲᠥᠪ ᠭᠤᠤᠯᠴᠢ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠣᠯᠠᠨ ᠲᠦᠮᠡᠨ ᠳᠤ ᠳᠥᠭᠦᠮ ᠦᠵᠡᠭᠦᠯᠬᠦ ᠶᠠᠪᠤᠳᠠᠯ ᠪᠣᠯᠤᠨ᠎ᠠ᠃    ᠳᠥᠷᠪᠡᠳᠦᠭᠡᠷ ᠵᠤᠷᠪᠤᠰ    ᠭᠤᠶᠤᠴᠢᠯᠠᠯ ᠢᠶᠠᠷ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠳᠤ᠄    ︵ᠨᠢᠭᠡ︶ ᠵᠥᠪᠬᠡᠨ ᠭᠤᠶᠤᠴᠢᠯᠠᠭᠴᠢ ᠪᠠ ᠠᠰᠢᠭ ᠬᠤᠤᠷ ᠤᠨ ᠬᠤᠯᠪᠣᠭ᠎ᠠ ᠲᠠᠢ ᠬᠦᠮᠦᠨ ᠤ ᠦᠢᠯᠡᠳᠪᠦᠷᠢᠯᠡᠯ᠂ ᠠᠮᠢᠳᠤᠷᠠᠯ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠣᠨᠴᠠᠭᠠᠶ ᠬᠡᠷᠡᠭᠴᠡᠭᠡ ᠂ ᠨᠡᠶᠢᠭᠡᠮ ᠨᠡᠶᠢᠲᠡ ᠳᠤ ᠥᠷᠭᠡᠨ ᠢᠶᠠᠷ ᠮᠡᠳᠡᠭᠦᠯᠬᠦ ᠪᠤᠶᠤ ᠣᠷᠣᠯᠴᠠᠭᠤᠯᠬᠤ ᠴᠢᠬᠤᠯᠠ ᠥᠬᠡᠶ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠬᠤᠯᠪᠣᠭᠳᠠᠨ᠎ᠠ︔    ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠢᠨᠠᠨ ᠵᠥᠪᠰᠢᠶᠡᠷᠡᠭᠳᠡᠭᠰᠡᠨ ᠤᠯᠤᠰ ᠣᠷᠣᠨ ᠤ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠪᠤᠷᠢᠲᠠᠢ ᠳᠤ ᠠᠶᠤᠯ ᠤᠴᠠᠷᠠᠭᠤᠯᠬᠤ ᠥᠬᠡᠶ ᠭᠡᠵᠦ ᠦᠵᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ︔    ︵ᠭᠤᠷᠪᠠ︶ ᠪᠤᠰᠤᠳ ᠬᠠᠤᠯᠢ ᠶᠣᠰᠣᠭᠠᠷ ᠭᠤᠶᠤᠴᠢᠯᠠᠯ ᠢ ᠦᠨᠳᠦᠰᠦᠯᠡᠨ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ᠃    ᠲᠠᠪᠤᠳᠤᠭᠠᠷ ᠵᠤᠷᠪᠤᠰ    ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠦᠶ᠎ᠡ ᠳᠤ᠂ ᠵᠠᠬᠢᠳᠠᠯ᠂ ᠹᠠᠺᠰ᠂ ᠢᠮᠧᠯ ᠵᠡᠷᠭᠡ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠤᠷᠠᠳᠴᠤ ᠪᠣᠯᠤᠨ᠎ᠠ︔ ᠪᠢᠴᠢᠭ ᠤᠨ ᠬᠡᠯᠪᠡᠷᠢ ᠶᠢ ᠬᠡᠷᠡᠭᠯᠡᠬᠦ ᠳᠤ ᠦᠨᠡᠬᠡᠷ ᠬᠦᠴᠢᠷᠳᠡᠯ ᠲᠠᠢ ᠪᠠᠶᠢᠪᠠᠯ᠂ ᠭᠤᠶᠤᠴᠢᠯᠠᠭᠴᠢ ᠠᠮᠠᠨ ᠦᠭᠡ ᠪᠠᠷ ᠳᠤᠷᠠᠳᠴᠤ ᠪᠣᠯᠤᠨ᠎ᠠ᠂ ᠲᠤᠰ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠷᠣᠯᠠᠨ ᠲᠠᠭᠯᠠᠨ᠎ᠠ᠃    ᠭᠤᠶᠤᠴᠢᠯᠠᠭᠴᠢ ᠢᠨᠲ᠋ᠧᠷ ᠰᠦᠯᠵᠢᠶ᠎ᠡ ᠪᠠᠷ ᠳᠠᠮᠵᠢᠨ ᠭᠤᠶᠤᠴᠢᠯᠠᠯ ᠭᠠᠷᠭᠠᠭᠰᠠᠨ  ᠪᠠᠶᠢᠪᠠᠯ᠂ ᠢᠮᠧᠯ ᠤᠨ ᠬᠡᠯᠪᠡᠷᠢ ᠪᠠᠷ ᠬᠦᠯᠢᠶᠡᠨ ᠠᠪᠴᠤ ᠰᠢᠢᠳᠪᠦᠷᠢᠯᠡᠬᠦ ᠨᠢᠭᠡᠴᠡ ᠶᠢᠨ ᠢᠮᠧᠯ ᠤᠨ  ᠬᠠᠶᠢᠷᠴᠠᠭ ᠲᠤ ᠶᠠᠪᠤᠭᠤᠯᠤᠨ᠎ᠠ︔ ᠵᠠᠬᠢᠳᠠᠯ᠂ ᠹᠠᠺᠰ ᠤᠨ ᠬᠡᠯᠪᠡᠷᠢ ᠪᠠᠷ ᠭᠤᠶᠤᠴᠢᠯᠠᠯ ᠭᠠᠷᠭᠠᠭᠰᠠᠨ  ᠪᠠᠶᠢᠪᠠᠯ᠂ ᠵᠠᠬᠢᠳᠠᠯ ᠤᠨ ᠳᠤᠭᠲᠤᠢ ᠪᠤᠶᠤ ᠹᠠᠺᠰ ᠤᠨ ᠢᠶᠠᠨ ᠨᠢᠭᠤᠷ ᠤᠨ ᠵᠡᠭᠦᠨ ᠳᠣᠣᠷ᠎ᠠ ᠥᠨᠴᠥᠭ ᠲᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠦᠰᠦᠭ ᠢᠶᠠᠷ ᠲᠣᠳᠣᠷᠬᠠᠶᠢᠯᠠᠬᠤ ᠬᠡᠷᠡᠭᠲᠡᠶ᠃    ᠵᠢᠷᠭᠤᠳᠤᠭᠠᠷ ᠵᠤᠷᠪᠤᠰ    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠳᠤ ᠳᠣᠤᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠬᠤ ᠬᠡᠷᠡᠭᠲᠡᠶ᠄    ︵ᠨᠢᠭᠡ︶ ᠭᠤᠶᠤᠴᠢᠯᠠᠭᠴᠢ ᠶᠢᠨ ᠣᠪᠣᠭ ᠨᠡᠷ᠎ᠡ ᠪᠤᠶᠤ ᠨᠡᠷᠡᠶᠢᠳᠦᠯ᠂ ᠦᠨᠡᠮᠯᠡᠯ ᠤᠨ ᠨᠡᠷᠡᠶᠢᠳᠦᠯ ᠵᠢᠴᠢ ᠨᠣᠮᠧᠷ ᠪᠤᠶᠤ ᠺᠣᠳ᠋᠂ ᠬᠠᠷᠢᠯᠴᠠᠬᠤ ᠠᠷᠭ᠎ᠠ ᠮᠠᠶ᠋ᠢᠭ ᠵᠡᠷᠭᠡ︔    ︵ᠬᠤᠶᠠᠷ︶ ᠢᠯᠡ ᠪᠣᠯᠭᠠᠬᠤ ᠪᠠᠷ ᠭᠤᠶᠤᠴᠢᠯᠠᠵᠤ ᠪᠠᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠳᠦᠷᠰᠦᠯᠡᠯ︔    ︵ᠭᠤᠷᠪᠠ︶ ᠭᠤᠶᠤᠴᠢᠯᠠᠵᠤ  ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠬᠡᠯᠪᠡᠷᠢ ᠶᠢᠨ ᠱᠠᠭᠠᠷᠳᠠᠯᠭ᠎ᠠ︔    ︵ᠳᠥᠷᠪᠡ︶ ᠭᠤᠶᠤᠴᠢᠯᠠᠭᠴᠢ ᠶᠢᠨ ᠭᠠᠷ ᠤᠨ ᠦᠰᠦᠭ ᠪᠤᠶᠤ ᠲᠠᠮᠠᠭ᠎ᠠ ᠪᠠᠶᠢᠨ᠎ᠠ︔    ᠳᠣᠯᠣᠳᠤᠭᠠᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠠᠯᠪᠠᠨ ᠰᠦᠯᠵᠢᠶᠡᠨ ᠳᠡᠭᠡᠷ᠎ᠡ ᠪᠠᠨ ︽ᠭᠤᠶᠤᠴᠢᠯᠠᠯ ᠶᠣᠰᠣᠭᠠᠷ ᠢᠯᠡ ᠪᠣᠯᠭᠠᠬᠤ ᠲᠤᠰᠬᠠᠶ ᠪᠤᠯᠤᠩ︾ ᠭᠠᠷᠭᠠᠵᠤ᠂ ᠢᠯᠡ ᠪᠣᠯᠭᠠᠬᠤ ᠭᠤᠶᠤᠴᠢᠯᠠᠯ ᠤᠨ ᠬᠦᠰᠦᠨᠦᠭ ᠢ ᠬᠠᠩᠭᠠᠵᠤ᠂ ᠭᠤᠶᠤᠴᠢᠯᠠᠭᠴᠢ ᠢᠨᠲ᠋ᠧᠷ ᠰᠦᠯᠵᠢᠶ᠎ᠡ ᠪᠠᠷ ᠳᠠᠮᠵᠢᠨ ᠡᠯᠧᠺᠲᠷᠣᠨ ᠪᠢᠴᠢᠭᠯᠡᠯ ᠤᠯᠬᠤ ᠳᠤ ᠲᠥᠬᠦᠮ ᠦᠵᠡᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠯ ᠭᠠᠷᠭᠠᠬᠤ ᠶᠢ ᠳᠡᠮᠵᠢᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠪᠠᠰᠠ ᠲᠠᠷᠬᠠᠭᠠᠬᠤ᠂ ᠰᠢᠤᠳᠠᠨ ᠢᠶᠠᠷ ᠢᠯᠡᠭᠡᠬᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠭᠤᠶᠤᠴᠢᠯᠠᠭᠴᠢ ᠳᠤ ᠭᠤᠶᠤᠴᠢᠯᠠᠬᠤ ᠬᠦᠰᠦᠨᠦᠭᠲᠦ ᠶᠢᠨ ᠬᠡᠯᠪᠡᠷᠢᠵᠢᠭᠰᠡᠨ ᠲᠣᠪᠬᠢᠮᠠᠯ ᠢ ᠬᠠᠩᠭᠠᠵᠤ ᠪᠣᠯᠤᠨ᠎ᠠ᠃    ᠨᠠᠢᠮᠠᠳᠤᠭᠠᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ ᠳᠠᠷᠦ᠋ᠢᠬᠠᠨ ᠳᠠᠩᠰᠠᠯᠠᠬᠤ ᠶᠢᠨ ᠬᠠᠮᠲᠤ ᠭᠤᠶᠤᠴᠢᠯᠠᠭᠴᠢ ᠳᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠬᠠᠷᠢᠭᠤ ᠪᠠᠷᠢᠮᠲᠠ︾ ᠶᠢ ᠬᠠᠷᠢᠭᠤ ᠲᠤᠰᠬᠠᠬᠤ ᠬᠡᠷᠡᠭᠲᠡᠶ᠃    ᠶᠢᠰᠦᠳᠦᠭᠡᠷ ᠵᠤᠷᠪᠤᠰ    ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠵᠠᠰᠠᠭ ᠵᠠᠬᠢᠷᠭᠠᠨ ᠤ ᠪᠠᠶᠢᠭᠤᠯᠭ᠎ᠠ ᠳᠣᠤᠷ᠎ᠠ ᠵᠢᠭᠰᠠᠭᠠᠭᠰᠠᠨ ᠪᠠᠶᠢᠳᠠᠯ ᠢ ᠦᠨᠳᠦᠰᠦᠯᠡᠨ ᠲᠤᠰ ᠲᠤᠰ ᠤᠨ ᠬᠠᠷᠢᠭᠤᠯᠲᠠ ᠥᠭᠭᠦᠨ᠎ᠡ᠄    ︵ᠨᠢᠭᠡ︶ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠬᠤ ᠪᠥᠭᠡᠳ ᠨᠢᠭᠡᠨᠲᠡ ᠨᠡᠶᠢᠭᠡᠮ ᠳᠤ ᠢᠯᠡ ᠪᠣᠯᠭᠠᠭᠰᠠᠨ  ᠪᠠᠶᠢᠪᠠᠯ᠂ ᠲᠤᠰ ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠭᠤᠶᠤᠴᠢᠯᠠᠭᠴᠢ ᠳᠤ ᠬᠡᠯᠡᠵᠦ ᠥᠭᠬᠦ ᠬᠡᠷᠡᠭᠲᠡᠶ︔    ︵ᠬᠤᠶᠠᠷ︶ ᠢᠯᠡ ᠪᠣᠯᠭᠠᠬᠤ ᠦᠭᠡᠢ ᠬᠡᠪᠴᠢᠶᠡᠨ ᠳᠤ ᠬᠠᠷᠢᠶᠠᠯᠠᠭᠳᠠᠪᠠᠯ᠂ ᠢᠯᠡ ᠪᠣᠯᠭᠠᠬᠤ ᠦᠭᠡᠢ ᠮᠡᠳᠡᠭᠳᠡᠬᠦ ᠪᠢᠴᠢᠭ ᠲᠤᠰᠬᠠᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃    ︵ᠭᠤᠷᠪᠠ︶ ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠢᠯᠡ ᠪᠣᠯᠭᠠᠬᠤ ᠶᠠᠪᠤᠳᠠᠯ ᠳᠤ ᠬᠠᠷᠢᠶᠠᠯᠠᠭᠳᠠᠬᠤ ᠦᠭᠡᠢ ᠪᠤᠶᠤ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠣᠷᠣᠰᠢᠬᠤ ᠦᠭᠡᠢ ᠪᠣᠯ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠪᠤᠰᠤ ᠮᠡᠳᠡᠭᠡ ᠵᠠᠩᠭᠢ ᠶᠢ ᠮᠡᠳᠡᠭᠳᠡᠬᠦ ᠪᠢᠴᠢᠭ ᠢ ᠬᠢᠵᠦ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ︔ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠶᠢᠭᠤᠯᠭ᠎ᠠ ᠳᠤ ᠲᠣᠳᠣᠷᠬᠠᠢ  ᠪᠠᠶᠢᠳᠠᠯ ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠢ ᠮᠡᠳᠡᠭᠳᠡᠬᠦ ᠬᠡᠷᠡᠭᠲᠡᠶ᠃    ︵ᠳᠥᠷᠪᠡ︶ ᠢᠯᠡ ᠪᠣᠯᠭᠠᠬᠤ ᠪᠠᠷ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠶ ᠦᠭᠡᠶ ᠪᠠᠶᠢᠪᠠᠯ᠂ ᠭᠤᠶᠤᠴᠢᠯᠠᠭᠴᠢ ᠳᠤ ᠭᠤᠶᠤᠴᠢᠯᠠᠯ ᠢᠶᠠᠨ ᠬᠤᠪᠢᠷᠠᠭᠤᠯᠬᠤ᠂ ᠨᠥᠬᠦᠪᠥᠷᠢᠯᠡᠬᠦ ᠶᠢ ᠮᠡᠳᠡᠭᠳᠡᠬᠦ ᠬᠡᠷᠡᠭᠲᠡᠶ᠃    ᠠᠷᠪᠠᠳᠤᠭᠠᠷ ᠵᠤᠷᠪᠤᠰ    ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠢᠯᠡ ᠪᠣᠯᠭᠠᠵᠤ ᠪᠣᠯᠬᠤ ᠦᠭᠡᠢ ᠠᠭᠤᠯᠠᠨ᠎ᠠ ᠠᠭᠤᠯᠵᠤ᠂ ᠭᠡᠪᠡᠴᠦ ᠢᠯᠭᠠᠵᠤ ᠰᠢᠢᠳᠪᠦᠷᠢᠯᠡᠵᠦ ᠴᠢᠳᠠᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠳᠤ ᠢᠯᠡ ᠪᠣᠯᠭᠠᠵᠤ ᠪᠣᠯᠬᠤ ᠮᠡᠳᠡᠭᠡ ᠵᠠᠩᠭᠢ ᠶᠢᠨ ᠠᠭᠤᠯᠭ᠎ᠠ ᠶᠢ ᠬᠠᠩᠭᠠᠬᠤ ᠬᠡᠷᠡᠭᠲᠡᠶ᠃    ᠠᠷᠪᠠᠨ ᠨᠢᠭᠡᠳᠦᠭᠡᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠵᠤ᠂ ᠢᠯᠡ ᠪᠣᠯᠭᠠᠭᠰᠠᠨ ᠤ ᠳᠠᠷᠠᠭ᠎ᠠ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠨ᠎ᠠ ᠭᠡᠵᠦ ᠦᠵᠡᠪᠡᠯ᠂ ᠭᠤᠷᠪᠠᠳᠤᠭᠠᠷ ᠡᠲᠡᠭᠡᠳ ᠤᠨ ᠰᠠᠨᠠᠯ ᠢ ᠪᠢᠴᠢᠭ ᠢᠶᠠᠷ ᠬᠤᠷᠢᠶᠠᠵᠤ᠂ ᠭᠤᠷᠪᠠᠳᠠᠬᠢ ᠡᠲᠡᠭᠡᠳ ᠢᠯᠡ ᠪᠣᠯᠭᠠᠬᠤ ᠶᠢ ᠵᠥᠪᠰᠢᠶᠡᠷᠡᠭᠰᠡᠨ ᠪᠠᠶᠢᠪᠠᠯ ᠢᠯᠡ ᠪᠣᠯᠭᠠᠵᠤ ᠪᠣᠯᠤᠨ᠎ᠠ︔ ᠭᠤᠷᠪᠠᠳᠤᠭᠠᠷ ᠡᠲᠡᠭᠡᠳ ᠢᠯᠡ ᠪᠣᠯᠭᠠᠬᠤ ᠶᠢ ᠵᠥᠪᠰᠢᠶᠡᠷᠡᠬᠦ ᠦᠭᠡᠢ ᠪᠣᠯ ᠢᠯᠡ ᠪᠣᠯᠭᠠᠵᠤ ᠪᠣᠯᠬᠤ ᠦᠭᠡᠢ᠃ ᠭᠡᠪᠡᠴᠦ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠬᠤ ᠦᠭᠡᠢ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠴᠢᠬᠤᠯᠠ ᠶᠡᠭᠡ ᠨᠥᠯᠥᠭᠡ ᠦᠵᠡᠭᠦᠯᠵᠦ ᠮᠡᠳᠡᠨ᠎ᠡ ᠭᠡᠵᠦ ᠦᠵᠡᠪᠡᠯ᠂ ᠢᠯᠡ ᠪᠣᠯᠭᠠᠬᠤ ᠬᠡᠷᠡᠭᠲᠡᠶ ᠪᠥᠭᠡᠳ ᠢᠯᠡ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠪᠠ ᠤᠴᠢᠷ ᠰᠢᠯᠲᠠᠭᠠᠨ ᠢ ᠭᠤᠷᠪᠠᠳᠠᠬᠢ ᠡᠲᠡᠭᠡᠳ ᠲᠤ ᠪᠢᠴᠢᠭ ᠢᠶᠠᠷ ᠮᠡᠳᠡᠭᠳᠡᠬᠦ ᠬᠡᠷᠡᠭᠲᠡᠶ᠃    ᠠᠷᠪᠠᠨ ᠬᠤᠶᠠᠳᠤᠭᠠᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠲᠡᠷᠡ ᠳᠣᠣᠷ᠎ᠠ ᠨᠢ ᠬᠠᠷᠢᠭᠤᠯᠲᠠ ᠥᠭᠴᠦ ᠳᠡᠶᠢᠯᠪᠡᠯ᠂ ᠲᠡᠷᠡ ᠳᠣᠣᠷ᠎ᠠ ᠨᠢ ᠬᠠᠷᠢᠭᠤᠯᠲᠠ ᠥᠭᠬᠦ ᠬᠡᠷᠡᠭᠲᠡᠶ᠃ ᠲᠡᠷᠡ ᠳᠣᠣᠷ᠎ᠠ ᠨᠢ ᠬᠠᠷᠢᠭᠤᠯᠲᠠ ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠯᠲᠠ ᠥᠭᠬᠦ ᠬᠡᠷᠡᠭᠲᠡᠶ︔ ᠮᠡᠳᠡᠭᠡ ᠵᠠᠩᠭᠢ ᠶᠢᠨ ᠮᠠᠲ᠋ᠧᠷᠢᠶᠠᠯ ᠢ  ᠰᠢᠢᠳᠪᠦᠷᠢᠯᠡᠬᠦ ᠵᠡᠷᠭᠡ ᠪᠤᠰᠤᠳᠴᠢ ᠰᠢᠯᠲᠠᠭᠠᠨ ᠵᠢᠴᠢ ᠪᠤᠰᠤᠳ ᠵᠦᠶ ᠶᠣᠰᠣᠨ ᠤ ᠰᠢᠯᠲᠠᠭᠠᠨ ᠠᠴᠠ ᠪᠣᠯᠵᠤ ᠲᠣᠭᠲᠠᠭᠰᠠᠨ ᠬᠤᠭᠤᠴᠠᠭᠠᠨ ᠳᠣᠲᠣᠷ᠎ᠠ ᠬᠠᠷᠢᠭᠤᠯᠲᠠ ᠥᠭᠬᠦ ᠳᠤ ᠪᠡᠷᠬᠡ  ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠬᠦ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠂  ᠬᠠᠷᠢᠭᠤᠯᠲᠠ ᠥᠭᠬᠦ ᠬᠤᠭᠤᠴᠠᠭ᠎ᠠ ᠶᠢ ᠬᠠᠮᠤᠭ ᠤᠷᠲᠤ ᠳᠠᠭᠠᠨ 15 ᠠᠵᠢᠯᠯᠠᠬᠤ ᠡᠳᠦᠷ ᠠᠴᠠ ᠢᠯᠡᠭᠦᠦ ᠤᠷᠲᠤᠳᠬᠠᠵᠤ ᠪᠣᠯᠬᠤ ᠦᠭᠡᠢ᠃ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠭᠤᠷᠪᠠᠳᠠᠬᠢ ᠡᠲᠡᠭᠡᠳ ᠤᠨ ᠡᠷᠬᠡ ᠠᠰᠢᠭ ᠲᠤ ᠬᠤᠯᠪᠣᠭᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠷᠪᠠᠳᠠᠬᠢ ᠡᠲᠡᠭᠡᠳ ᠤᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠲᠤᠰ ᠵᠤᠷᠪᠤᠰ ᠲᠤ ᠲᠤᠭᠳᠠᠭᠠᠭᠳᠠᠭᠰᠠᠨ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠃    ᠠᠷᠪᠠᠨ ᠭᠤᠷᠪᠠᠳᠤᠭᠠᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠢ ᠦᠨᠳᠦᠰᠦᠯᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠭᠤᠶᠤᠴᠢᠯᠠᠭᠴᠢ ᠶᠢᠨ ᠱᠠᠭᠠᠷᠳᠠᠭᠰᠠᠨ ᠬᠡᠯᠪᠡᠷᠢ ᠪᠠᠷ ᠬᠠᠩᠭᠠᠬᠤ ᠶᠣᠰᠣᠲᠠᠢ︔ ᠭᠤᠶᠤᠴᠢᠯᠠᠭᠴᠢ ᠶᠢᠨ ᠱᠠᠭᠠᠷᠳᠠᠭᠰᠠᠨ ᠬᠡᠯᠪᠡᠷᠢ ᠪᠠᠷ ᠬᠠᠩᠭᠠᠬᠤ ᠶᠢᠨ ᠠᠷᠭ᠎ᠠ ᠦᠭᠡᠢ ᠭᠡᠪᠡᠯ ᠭᠤᠶᠤᠴᠢᠯᠠᠭᠴᠢ ᠳᠤ ᠬᠠᠮᠢᠶ᠎ᠠ ᠪᠦᠬᠦᠢ ᠮᠠᠲ᠋ᠧᠷᠢᠶᠠᠯ ᠢ ᠤᠩᠰᠢᠭᠤᠯᠬᠤ᠂ ᠬᠠᠭᠤᠯᠪᠤᠷᠢ ᠮᠠᠲ᠋ᠧᠷᠢᠶᠠᠯ ᠬᠠᠩᠭᠠᠬᠤ ᠪᠤᠶᠤ ᠪᠤᠰᠤᠳ ᠵᠣᠬᠢᠰᠲᠠᠶ ᠬᠡᠯᠪᠡᠷᠢ ᠪᠠᠷ ᠬᠠᠩᠭᠠᠵᠤ ᠪᠣᠯᠤᠨ᠎ᠠ᠃    ᠠᠷᠪᠠᠨ ᠳᠥᠷᠪᠡᠳᠦᠭᠡᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠣᠰᠣᠭᠠᠷ ᠵᠠᠰᠠᠭ‌‍ᠤᠨ ᠣᠷᠳᠣᠨ ᠤ ᠮᠡᠳᠡᠭᠡ ᠵᠠᠩᠭᠢ ᠬᠠᠩᠭᠠᠬᠤ ᠳᠤ ᠬᠠᠢᠬᠤ᠂ ᠺᠣᠫᠢᠳᠠᠬᠤ᠂ ᠰᠢᠤᠳᠠᠨ ᠢᠶᠠᠷ ᠢᠯᠡᠭᠡᠬᠦ ᠵᠡᠷᠭᠡ ᠥᠷᠲᠡᠭ ᠤᠨ ᠵᠠᠷᠤᠳᠠᠯ ᠢ ᠬᠤᠷᠢᠶᠠᠨ ᠠᠪᠬᠤ ᠠᠴᠠ ᠭᠠᠳᠠᠨ᠎ᠠ᠂ ᠪᠤᠰᠤᠳ ᠵᠠᠷᠤᠳᠠᠯ ᠬᠤᠷᠢᠶᠠᠵᠤ ᠪᠣᠯᠬᠤ ᠦᠭᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠲᠥᠯᠥᠪᠦᠷᠢ ᠲᠠᠢ  ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠳᠠᠮᠵᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠵᠤ ᠪᠣᠯᠬᠤ ᠥᠬᠡᠶ᠃ ᠵᠠᠰᠠᠭ ᠵᠠᠬᠢᠷᠭᠠᠨ ᠤ ᠪᠠᠶᠢᠭᠤᠯᠭ᠎ᠠ  ᠬᠠᠶᠢᠬᠤ᠂ ᠺᠣᠫᠢᠳᠠᠬᠤ᠂ ᠰᠢᠤᠳᠠᠨ ᠢᠶᠠᠷ ᠢᠯᠡᠭᠡᠬᠦ ᠵᠡᠷᠭᠡ ᠥᠪᠡᠷ ᠤᠨ ᠥᠷᠲᠡᠭ ᠤᠨ ᠵᠠᠷᠤᠳᠠᠯ ᠢ ᠬᠤᠷᠢᠶᠠᠬᠤ ᠳᠤ ᠪᠠᠷᠠᠭ᠎ᠠ ᠶᠢᠨ ᠦᠨ᠎ᠡ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠃    ᠠᠷᠪᠠᠨ ᠲᠠᠪᠤᠳᠤᠭᠠᠷ ᠵᠤᠷᠪᠤᠰ    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠰᠠᠨ ᠢᠷᠭᠡᠳ ᠦᠨᠡᠬᠡᠷ ᠠᠵᠤ ᠠᠬᠤᠢ ᠶᠢᠨ ᠬᠦᠴᠢᠷᠳᠡᠯ ᠲᠠᠢ  ᠪᠠᠶᠢᠪᠠᠯ᠂ ᠲᠣᠰ ᠬᠥᠮᠦᠨ ᠤ ᠭᠤᠶᠤᠴᠢᠯᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ‌‍ᠶᠢᠨ ᠬᠠᠷᠢᠭᠤᠴᠠᠯᠭᠠᠲᠠᠨ ᠤ ᠬᠢᠨᠠᠨ ᠵᠥᠪᠰᠢᠶᠡᠷᠡᠯ ᠢᠶᠠᠷ ᠳᠠᠮᠵᠢᠨ᠂ ᠬᠠᠮᠢᠶ᠎ᠠ ᠪᠥᠬᠦᠶ ᠵᠠᠷᠤᠳᠠᠯ ᠢ ᠬᠠᠰᠤᠵᠤ ᠬᠡᠯᠲᠦᠷᠢᠭᠦᠯᠵᠦ ᠪᠣᠯᠤᠨ᠎ᠠ᠃    ᠠᠷᠪᠠᠨ ᠵᠢᠷᠭᠤᠳᠤᠭᠠᠷ ᠵᠤᠷᠪᠤᠰ    ᠭᠤᠶᠤᠴᠢᠯᠠᠭᠴᠢ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠣᠰᠣᠭᠠᠷ ᠢᠯᠡ ᠪᠣᠯᠭᠠᠬᠤ ᠡᠭᠦᠷᠭᠡ ᠪᠠᠨ ᠲᠣᠭᠲᠠᠭᠠᠯ ᠶᠣᠰᠣᠭᠠᠷ ᠭᠦᠢᠴᠡᠳᠬᠡᠭᠰᠡᠨ ᠦᠭᠡᠢ ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠠᠳᠠᠯᠢ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ᠃ ᠢᠯᠡᠴᠢᠯᠡᠨ ᠮᠡᠳᠡᠭᠦᠯᠦᠭᠰᠡᠨ ᠢ ᠣᠯᠤᠭᠰᠠᠨ ᠪᠠᠶᠢᠭᠤᠯᠭ᠎ᠠ ᠪᠠᠶᠢᠴᠠᠭᠠᠨ  ᠰᠢᠢᠳᠪᠦᠷᠢᠯᠡᠬᠦ ᠶᠢᠨ ᠬᠠᠮᠲᠤ ᠪᠠᠶᠢᠳᠠᠯ ᠢ ᠦᠨᠳᠦᠰᠦᠯᠡᠨ ᠭᠤᠶᠤᠴᠢᠯᠠᠭᠴᠢ ᠳᠤ ᠬᠠᠷᠢᠭᠤᠯᠲᠠ ᠥᠭᠬᠦ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠣᠯᠭᠠᠬᠤ ᠠᠵᠢᠯ ᠤᠨ ᠳᠤᠮᠳᠠᠬᠢ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃    ᠠᠷᠪᠠᠨ ᠳᠣᠯᠣᠳᠤᠭᠠᠷ ᠵᠤᠷᠪᠤᠰ    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠭᠤᠶᠤᠴᠢᠯᠠᠯ ᠢᠶᠠᠷ ᠢᠯᠡ ᠪᠣᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠂ ᠢᠯᠡ ᠪᠣᠯᠭᠠᠬᠤ ᠡᠭᠦᠷᠭᠡ ᠪᠠᠨ ᠬᠠᠤᠯᠢ ᠶᠣᠰᠣᠭᠠᠷ  ᠭᠦᠢᠴᠡᠳᠬᠡᠬᠦ ᠦᠭᠡᠢ ᠪᠣᠯ ᠴᠠᠭ ᠲᠤᠬᠠᠶ ᠳᠤᠨᠢ ᠵᠠᠯᠠᠷᠠᠭᠤᠯᠬᠤ ᠶᠢ ᠰᠢᠮᠳᠠᠭᠤᠯᠬᠤ ᠬᠡᠷᠡᠭᠲᠡᠶ᠃    ᠠᠷᠪᠠᠨ ᠨᠠᠢᠮᠠᠳᠤᠭᠠᠷ ᠵᠤᠷᠪᠤᠰ   ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠢ ᠵᠥᠷᠢᠴᠡᠵᠦ᠂ ᠳᠣᠣᠷᠠᠬᠢ  ᠪᠠᠶᠢᠳᠠᠯ ᠤᠨ ᠨᠢᠭᠡ ᠨᠢ  ᠪᠠᠶᠢᠪᠠᠯ᠂ ᠠᠳᠠᠯᠢ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠶᠠᠪᠤᠳᠠᠯ ᠨᠢ ᠬᠦᠨᠳᠦ ᠨᠣᠴᠢᠲᠠᠶ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯᠠᠲᠤ ᠬᠡᠷᠡᠭ ᠪᠣᠯᠣᠭᠰᠠᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠨᠢᠭᠡ︶ ᠭᠤᠶᠤᠴᠢᠯᠠᠭᠴᠢ ᠳᠤ ᠢᠯᠡ ᠪᠣᠯᠭᠠᠬᠤ ᠶᠣᠰᠣᠲᠠᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠪᠤᠶᠤ ᠬᠠᠩᠭᠠᠬᠤ ᠦᠭᠡᠢ ᠪᠤᠶᠤ ᠵᠠᠰᠠᠭ ᠤᠨ ᠣᠷᠳᠣᠨ ᠤ ᠬᠤᠳᠠᠯ ᠬᠠᠭᠤᠷᠮᠠᠭ ᠮᠡᠳᠡᠭᠡ ᠵᠠᠩᠭᠢ ᠶᠢ ᠬᠠᠩᠭᠠᠭᠰᠠᠨ︔    ︵ᠬᠤᠶᠠᠷ︶ ᠮᠡᠳᠡᠭᠳᠡᠬᠦ ᠡᠭᠦᠷᠭᠡ ᠪᠠᠨ  ᠭᠦᠢᠴᠡᠳᠬᠡᠭᠰᠡᠨ ᠦᠭᠡᠢ ᠠᠴᠠ ᠪᠤᠯᠵᠤ ᠭᠤᠷᠪᠠᠳᠠᠬᠢ ᠡᠲᠡᠭᠡᠳ‌‍ᠤᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ︔    ︵ᠭᠤᠷᠪᠠ︶ ᠲᠣᠭᠲᠠᠭᠠᠯ ᠢ ᠵᠥᠷᠢᠴᠡᠨ ᠰᠦᠢᠳᠬᠡᠯ ᠬᠤᠷᠢᠶᠠᠭᠰᠠᠨ︔    ︵ᠳᠥᠷᠪᠡ︶ ᠪᠤᠰᠤᠳ ᠰᠠᠬᠢᠯᠭ᠎ᠠ ᠪᠠᠲᠤ᠂ ᠬᠠᠤᠯᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ᠃    ᠠᠷᠪᠠ ᠶᠢᠰᠦᠳᠦᠭᠡᠷ ᠵᠤᠷᠪᠤᠰ   ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠭᠰᠠᠨ ᠬᠤᠯᠪᠣᠭᠳᠠᠯ ᠪᠦᠬᠦᠢ ᠪᠠᠶᠢᠳᠠᠯ ᠢ ᠲᠡᠮᠳᠡᠭᠯᠡᠵᠦ ᠳᠠᠩᠰᠠ ᠡᠪᠬᠡᠮᠡᠯ ᠳᠤ ᠤᠷᠠᠭᠤᠯᠵᠤ᠂ ᠣᠨ ᠤ ᠮᠡᠳᠡᠭᠦᠯᠦᠯᠲᠡ ᠳᠡᠭᠡᠨ ᠲᠤᠬᠠᠶ ᠶᠢᠨ ᠵᠢᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠲᠤᠭ᠎ᠠ ᠵᠢᠴᠢ  ᠰᠢᠢᠳᠪᠦᠷᠢᠯᠡᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃    ᠬᠤᠷᠢᠳᠤᠭᠠᠷ ᠵᠤᠷᠪᠤᠰ    ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠣᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ  ᠦᠢᠯᠡᠰ ᠤᠨ  ᠨᠢᠭᠡᠴᠢ ᠶᠢᠨ ᠮᠡᠳᠡᠭᠡ ᠵᠠᠩᠭᠢ ᠶᠢ ᠭᠤᠶᠤᠴᠢᠯᠠᠯ ᠤᠨ ᠶᠣᠰᠣᠭᠠᠷ ᠢᠯᠡ ᠪᠣᠯᠭᠠᠬᠤ ᠠᠵᠢᠯ ᠲᠣᠰ ᠲᠦᠷᠢᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃    ᠬᠠᠷᠢᠨ ᠨᠢᠭᠡᠳᠦᠭᠡᠷ ᠵᠤᠷᠪᠤᠰ    ᠲᠣᠰ ᠲᠦᠷᠢᠮ ᠤᠨ ᠬᠡᠷᠡᠭᠵᠢᠭᠦᠯᠦᠭᠰᠡᠨ ᠪᠠᠶᠢᠳᠠᠯ ᠢ ᠬᠠᠮᠲᠤ ᠳᠤᠨᠢ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠵᠢᠯ ᠤᠨ ᠬᠠᠷᠠᠯᠲᠠ ᠶᠢᠨ ᠰᠢᠯᠭᠠᠯᠲᠠ ᠳᠤ ᠣᠷᠣᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号