︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠰᠢ᠂ ᠥᠪᠥᠷ | ᠮᠣᠩᠭᠤᠯ ᠤᠨ ᠠᠵᠤ ᠠᠬᠤᠶ ᠨᠢ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠬᠥᠭᠵᠢᠯᠲᠡ ᠶᠢᠨ | ᠴᠢᠨᠠᠷ ᠴᠢᠨᠰᠠᠭ᠎ᠠ ᠠᠯᠬᠤᠮ ᠠᠯᠬᠤᠮ ᠢᠶᠠᠷ ᠳᠡᠭᠡᠭᠰᠢᠯᠡᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ | ᠴᠢᠬᠤᠯᠠ ᠠᠬᠢᠴᠠ ᠲᠠᠢ ᠪᠣᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠰᠢᠨ᠎ᠡ ᠦᠷ᠎ᠡ | ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠰᠡᠬᠦᠯ ᠬᠤᠷᠢᠶᠠᠬᠤ ᠠᠵᠢᠯ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠪᠡ᠃ | ᠭᠡᠪᠡᠴᠦ᠂ ᠡᠨᠡ ᠵᠢᠯ ᠤᠨ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠨᠢ ᠮᠠᠨ ᠤ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠥᠯᠥᠪᠵᠢᠭᠦᠯᠭᠡ ᠪᠠ ᠡᠨᠡ ᠵᠢᠯ ᠤᠨ | ᠡᠬᠢᠨ ᠳᠤ ᠲᠣᠭᠲᠠᠭᠠᠭᠰᠠᠨ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠥᠷᠢᠰᠥᠯᠳᠦᠭᠡᠨ ᠠᠪᠴᠢᠷᠠᠭᠰᠠᠨ | ᠪᠠᠶᠢᠨ᠎ᠠ᠃ | ᠨᠢᠭᠡ᠂ ᠠᠵᠤ ᠠᠬᠤᠶ ᠶᠢᠨ ᠪᠣᠳᠠᠲᠤ ᠬᠦᠴᠦᠨ ᠲᠠᠰᠤᠷᠠᠯᠳᠠ ᠦᠭᠡᠢ ᠳᠡᠭᠡᠭᠰᠢᠯᠡᠪᠡ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢ᠂ ᠮᠠᠨ ᠤ | ᠤᠯᠤᠰ ᠤᠨ ᠠᠵᠤ ᠠᠬᠤᠶ ᠨᠢᠭᠡᠨᠲᠡ ᠳᠡᠭᠡᠳᠦ ᠬᠤᠷᠳᠤᠴᠠ ᠪᠠᠷ ᠨᠡᠮᠡᠭᠳᠡᠬᠦ ᠱᠠᠲᠤᠨ ᠠᠴᠠ ᠴᠢᠨᠠᠷ ᠰᠠᠶᠢᠲᠠᠶ | ᠬᠥᠭᠵᠢᠯᠲᠡ ᠶᠢᠨ ᠱᠠᠲᠤᠨ ᠳᠤ ᠰᠢᠯᠵᠢᠪᠡ᠃ ᠪᠦᠬᠦ ᠣᠷᠣᠨ ᠠᠴᠠ ᠡᠯ᠎ᠡ ᠵᠦᠢᠯ ᠤᠨ ᠬᠦᠴᠢᠷᠳᠡᠯ ᠪᠠ | ᠥᠷᠢᠰᠥᠯᠳᠦᠭᠡᠨ ᠢ ᠢᠳᠡᠪᠬᠢᠲᠡᠢ ᠠᠷᠭᠠᠴᠠᠵᠤ᠂ ᠠᠵᠤ ᠠᠬᠤᠢ ᠶᠢᠨ ᠨᠡᠮᠡᠭᠳᠡᠯ ᠳᠠᠬᠢᠨ ᠳᠡᠭᠡᠭᠰᠢᠯᠡᠵᠡᠢ᠃ 2016 | -2019 ᠣᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠪᠦᠷᠢ ᠳᠤᠮᠳᠠᠴᠢ ᠪᠠᠷ 5. | 3% ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠨᠢ 2015 ᠣᠨ ᠳᠤ 12.6᠄ 40.7᠄ 46.7 | ᠪᠠᠶᠢᠭᠰᠠᠨ ᠠᠴᠠ 2019 ᠣᠨ ᠳᠤ 10.8᠄ 39.6᠄ 49.6 ᠪᠣᠯᠵᠤ᠂ ᠲᠠᠷᠢᠶᠠᠯᠠᠩ ᠮᠠᠯ ᠠᠵᠤ ᠠᠬᠤᠶ ᠪᠠᠷ | ᠰᠠᠭᠤᠷᠢ ᠪᠣᠯᠭᠠᠭᠰᠠᠨ᠂ ᠦᠢᠯᠡᠴᠢᠯᠡᠭᠡᠨ ᠤ ᠦᠢᠯᠡᠰ ᠢᠶᠠᠷ ᠭᠤᠤᠯ ᠴᠣᠭᠴᠠ ᠪᠣᠯᠭᠠᠭᠰᠠᠨ᠂ ᠠᠵᠤ | ᠦᠢᠯᠡᠳᠪᠦᠷᠢ ᠶᠢᠨ ᠪᠦᠲᠦᠴᠡ ᠲᠠᠰᠤᠷᠠᠯᠲᠠ ᠤᠢᠭᠡᠢ ᠰᠢᠯᠢᠳᠡᠭᠵᠢᠨ ᠳᠡᠰ ᠳᠡᠪᠰᠢᠭᠰᠡᠨ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠶ ᠪᠣᠯᠭᠠᠭᠰᠠᠨ ᠪᠠᠶᠢᠨ᠎ᠠ᠃ 2019 ᠣᠨ ᠳᠤ᠂ ᠬᠥᠮᠦᠨ ᠳᠤᠮᠳᠠᠴᠢ ᠶᠢᠨ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 67852 ᠲᠥᠭᠦᠷᠢᠭ ᠲᠤ ᠬᠦᠷᠴᠦ᠂ ᠨᠢᠭᠡᠨᠲᠡ | ᠳᠤᠮᠳᠠ ᠵᠡᠷᠭᠡ ᠠᠴᠠ ᠳᠡᠭᠡᠭᠦᠷ ᠣᠷᠣᠯᠭ᠎ᠠ ᠲᠠᠢ ᠤᠯᠤᠰ ᠤᠨ ᠲᠦᠪᠰᠢᠨ ᠳᠤ ᠬᠥᠷᠪᠡ᠃ ᠡᠩ ᠤᠨ ᠤᠯᠠᠨ | ᠨᠡᠶᠢᠲᠡ ᠶᠢᠨ ᠲᠥᠰᠦᠪ ᠤᠨ ᠣᠷᠣᠯᠭ᠎ᠠ 1964.5 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2059.7 | ᠳ᠋ᠦᠩᠰᠢᠭᠤᠷ ᠲᠥᠭᠦᠷᠢᠭ ᠪᠤᠯᠵᠤ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠶ ᠲᠤᠭ᠎ᠠ ᠨᠢ ᠵᠢᠯ ᠪᠦᠷᠢ ᠳᠤᠮᠳᠠᠴᠢ ᠪᠠᠷ 5.3% ᠪᠠᠷ ᠨᠡᠮᠡᠭᠳᠡᠪᠡ᠃ ᠪᠥᠬᠦ ᠣᠷᠣᠨ ᠤ ᠪᠠᠶᠢᠩᠭᠤ ᠰᠠᠭᠤᠭ᠎ᠠ | ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 2015 ᠣᠨ ᠳᠤ 60.3% ᠪᠠᠶᠢᠭᠰᠠᠨ ᠠᠴᠠ ᠪᠠᠨ | 2019 ᠣᠨ ᠳᠤ 63.4% ᠪᠣᠯᠵᠣ ᠳᠡᠭᠡᠭᠰᠢᠯᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠶᠡᠷᠦᠩᠬᠡᠶ ᠦᠷᠳᠡᠭ ᠵᠢᠯ ᠪᠦᠷᠢ ᠳᠤᠮᠳᠠᠴᠢ ᠪᠠᠷ 5.7% ᠪᠠᠷ ᠨᠡᠮᠡᠭᠳᠡᠪᠡ᠃ 2020 ᠤᠨ ᠳᠡᠭᠡᠷ᠎ᠡ ᠬᠠᠭᠠᠰ ᠵᠢᠯ ᠳᠤ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠣᠷᠣᠨ ᠠᠴᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ | ᠬᠤᠭᠤᠴᠠᠭᠠᠨ ᠤ ᠬᠢ ᠠᠴᠠ 3.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ | ᠤᠯᠠᠷᠢᠯ ᠤᠨ ᠬᠢ ᠠᠴᠠ 2.0 ᠵᠠᠭᠤᠨ ᠤ ᠨᠢᠭᠡᠴᠢ ᠪᠠᠭᠠᠰᠴᠤ᠂ ᠠᠵᠤ ᠠᠬᠤᠶ ᠶᠢᠨ ᠡᠷᠭᠢᠯᠲᠡ ᠠᠯᠬᠤᠮ ᠠᠯᠬᠤᠮ ᠢᠶᠠᠷ | ᠰᠡᠷᠭᠦᠪᠡ᠃ | ᠬᠤᠶᠠᠷ᠂ ᠠᠷᠠᠳ ᠤᠨ ᠠᠮᠢᠳᠤᠷᠠᠯ ᠤᠨ ᠪᠠᠲᠤᠯᠠᠭ᠎ᠠ ᠦᠷ᠎ᠡ ᠪᠦᠲᠦᠮᠵᠢ ᠣᠯᠪᠠ | ︵ᠨᠢᠭᠡ︶ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠨᠢ ᠠᠵᠤ ᠠᠬᠤᠶ ᠶᠢᠨ ᠨᠡᠮᠡᠭᠳᠡᠯ ᠲᠠᠢ | ᠦᠨᠳᠦᠰᠦᠨ ᠳᠤ ᠪᠠᠨ ᠠᠳᠠᠯᠢ ᠠᠯᠬᠤᠮ ᠲᠠᠢ | ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2015 ᠣᠨ ᠳᠤ | 22310 ᠲᠥᠭᠦᠷᠢᠭ ᠪᠠᠶᠢᠭᠰᠠᠨ ᠠᠴᠠ ᠪᠠᠨ 2019 ᠣᠨ ᠳᠤ 30555 ᠲᠥᠭᠦᠷᠢᠭ ᠪᠣᠯᠤᠨ ᠨᠡᠮᠡᠭᠳᠡᠵᠦ᠂ ᠵᠢᠯ | ᠪᠦᠷᠢ ᠳᠤᠮᠳᠠᠴᠢ ᠪᠠᠷ 6.3% ᠪᠠᠷ ᠪᠣᠳᠠᠲᠠᠶ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 30594 ᠲᠥᠭᠦᠷᠢᠭ | ᠪᠠᠶᠢᠭᠰᠠᠨ ᠠᠴᠠ ᠪᠠᠨ 40782 ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 5.6% ᠪᠠᠷ | ᠪᠣᠳᠠᠲᠠᠶ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 10776 ᠲᠥᠭᠦᠷᠢᠭ ᠪᠠᠶᠢᠭᠰᠠᠨ ᠠᠴᠠ 15283 ᠲᠥᠭᠦᠷᠢᠭ ᠪᠣᠯᠵᠤ᠂ ᠵᠢᠯ ᠪᠦᠷᠢ | ᠳᠤᠮᠳᠠᠴᠢ ᠪᠠᠷ 7.2% ᠢᠶᠠᠷ ᠪᠣᠳᠠᠲᠠᠶ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠬᠠᠷᠢᠴᠠᠯ 2.67 ︵ᠬᠥᠳᠡᠭᠡ ᠲᠣᠰᠬᠤᠨ ᠢᠶᠠᠷ 1 ᠪᠣᠯᠭᠠᠪᠠ︶ ᠪᠣᠯᠵᠤ᠂ ᠡᠩᠭᠧᠯ ᠤᠨ | ᠢᠯᠡᠳᠬᠡᠮᠵᠢ ᠶᠢ 26.6% ᠪᠣᠯᠲᠠᠯ᠎ᠠ ᠪᠠᠭᠤᠷᠠᠭᠤᠯᠪᠠ᠃ ᠡᠨᠡ ᠵᠢᠯ ᠠᠴᠠ ᠨᠠᠰᠢ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠨᠥᠯᠥᠭᠡᠯᠡᠯ ᠳᠣᠣᠷ᠎ᠠ᠂ ᠪᠦᠬᠦ ᠣᠷᠣᠨ ᠠᠴᠠ ︽ᠵᠢᠷᠭᠤᠭ᠎ᠠ ᠶᠢ ᠲᠣᠭᠲᠠᠭᠤᠨ ᠪᠠᠶᠢᠯᠭᠠᠬᠤ | ︾ ᠠᠵᠢᠯ ᠢ ᠢᠳᠡᠪᠬᠢᠲᠡᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠦᠷ᠎ᠡ ᠪᠦᠲᠦᠮᠵᠢ ᠣᠯᠪᠠ᠃ ᠳᠡᠭᠡᠷ᠎ᠡ ᠬᠠᠭᠠᠰ | ᠵᠢᠯ ᠳᠤ ᠪᠦᠬᠦ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠰᠥᠭᠡᠷᠭᠦ ᠪᠠᠶᠢᠭᠰᠠᠨ ᠠᠴᠠ ᠪᠠᠨ ᠡᠶᠡᠷᠬᠦ | ᠪᠣᠯᠵᠤ᠂ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠪᠡ᠃ | ︵ᠬᠤᠶᠠᠷ︶ ᠨᠡᠢᠭᠡᠮ ᠤᠨ ᠪᠠᠲᠤᠯᠠᠭ᠎ᠠ ᠶᠢᠨ ᠪᠦᠷᠬᠦᠴᠡ ᠶᠢ ᠦᠷᠭᠦᠯᠵᠢᠯᠡᠨ ᠥᠷᠭᠡᠳᠬᠡᠵᠦ᠂ ᠠᠷᠠᠳ ᠤᠨ | ᠠᠮᠢᠳᠤᠷᠠᠯ ᠤᠨ ᠢᠨᠵᠧᠨᠧᠷᠢᠩ ᠲᠣᠭᠲᠠᠭᠤᠨ ᠢᠶᠠᠷ ᠬᠥᠭᠵᠢᠪᠡ | 2019 ᠣᠨ ᠳᠤ᠂ ᠪᠥᠬᠦ ᠣᠷᠣᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ | ᠲᠤᠭ᠎ᠠ 1532 ᠲᠦᠮᠡ ᠳᠤ ᠬᠦᠷᠴᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ | 96.5%᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠶᠢᠭᠡᠮᠴᠢᠯᠡᠨ ᠣᠯᠭᠤᠭᠰᠠᠨ ᠨᠣᠷᠮ᠎ᠠ 100% ᠳᠤ | ᠬᠦᠷᠪᠡ᠃ 2019 ᠣᠨ ᠳᠤ᠂ ᠪᠥᠬᠦ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ | ᠦᠶ᠎ᠡ ᠶᠢᠨ ᠰᠤᠷᠭᠠᠭᠤᠯᠢ ᠳᠤ ᠣᠷᠣᠬᠤ ᠪᠥᠬᠦ ᠨᠣᠷᠮ᠎ᠠ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 5.7 | ᠵᠠᠭᠤᠨ ᠤ ᠨᠢᠭᠡᠴᠢ ᠥᠨᠳᠥᠷ ᠪᠠᠶᠢᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ | ᠪᠥᠬᠦ ᠨᠣᠷᠮ᠎ᠠ 42.7% ᠳᠤ ᠬᠦᠷᠴᠡᠶ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ | ᠨᠠᠰᠢ᠂ ᠪᠥᠬᠦ ᠣᠷᠣᠨ ᠤ ᠬᠢᠮᠳᠠ ᠣᠷᠣᠨ ᠰᠠᠭᠤᠴᠠ ᠶᠢᠨ ᠢᠨᠵᠧᠨᠧᠷᠢᠩ ᠲᠠᠰᠤᠷᠠᠯᠲᠠ ᠥᠬᠡᠶ ᠠᠬᠢᠭᠤᠯᠵᠤ᠂ | ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠡᠬᠢᠯᠡᠭᠦᠯᠦᠭᠰᠡᠨ ᠪᠠ | ᠦᠨᠳᠦᠰᠦᠨ ᠳᠡᠭᠡᠨ 4 ᠵᠢᠯ ᠳᠠᠷᠠᠭᠠᠯᠠᠨ ᠤᠯᠤᠰ ᠤᠨ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ 2019 | ᠣᠨ ᠳᠤ᠂ ᠪᠥᠬᠦ ᠣᠷᠣᠨ ᠤ ᠮᠢᠩᠭᠠᠨ ᠬᠥᠮᠦᠨ ᠪᠦᠷᠢ ᠳᠤ 3.1 ᠠᠵᠢᠯ ᠮᠡᠷᠭᠡᠵᠢᠯ ︵ᠲᠤᠰᠠᠯᠠᠭᠴᠢ︶ ᠤᠨ | ᠡᠮᠴᠢ ᠲᠠᠢ᠂ 1000 ᠨᠠᠰᠤᠲᠠᠨ ᠪᠦᠷᠢ ᠳᠤ 52 ᠨᠠᠰᠤᠲᠠᠨ ᠠᠰᠠᠷᠠᠬᠤ ᠣᠷᠣ ᠲᠠᠢ᠃ 2019 ᠣᠨ ᠳᠤ᠂ ᠪᠥᠬᠦ | ᠣᠷᠣᠨ ᠤ ᠬᠥᠮᠦᠨ ᠳᠤᠮᠳᠠᠴᠢ ᠶᠢᠨ ᠣᠯᠠᠨ ᠨᠡᠶᠢᠲᠡ ᠶᠢᠨ ᠰᠣᠶᠣᠯ ᠤᠨ ᠡᠳ᠋ ᠤᠨ ᠵᠠᠰᠠᠭ ᠤᠨ ᠵᠠᠷᠤᠯᠭ᠎ᠠ 470 | ᠲᠥᠭᠦᠷᠢᠭ᠂ ︽ᠭᠤᠷᠪᠠᠨ ᠣᠷᠳᠣᠨ ᠨᠢᠭᠡ ᠥᠷᠲᠡᠭᠡ︾ ᠶᠢᠨ ᠪᠦᠷᠬᠦᠯᠲᠡ ᠶᠢᠨ ᠨᠣᠷᠮ᠎ᠠ 110.7%᠂ ᠷᠠᠳᠢᠣ᠋ | ᠲᠧᠯᠸᠢᠰ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠯᠲᠡ ᠶᠢᠨ ᠨᠣᠷᠮ᠎ᠠ 99.2%᠂ ︽ᠤᠯᠠᠭᠠᠨᠮᠥ᠋ᠴᠢᠷ ᠤᠨ | ᠲᠦᠷᠢᠮ︾ ᠢ ᠨᠡᠶᠢᠲᠡᠯᠡᠨ ᠬᠡᠷᠡᠭᠵᠢᠭᠦᠯᠵᠦ᠂ ᠪᠥᠬᠦ ᠵᠢᠯ ᠳᠤ ᠦᠨᠳᠦᠰᠦᠨ ᠱᠠᠲᠤᠨ ᠳᠤ ᠭᠦᠨᠵᠡᠭᠡᠶᠢᠷᠡᠨ 8700 | ᠭᠠᠷᠤᠶ ᠤᠳᠠᠭ᠎ᠠ ᠲᠣᠭᠯᠠᠯᠲᠠ ᠭᠠᠷᠭᠠᠪᠠ᠃ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠨᠡᠩ ᠲᠡᠭᠦᠯᠳᠡᠷᠵᠢᠵᠦ᠂ | ᠵᠣᠯ ᠵᠢᠷᠭᠠᠯ ᠤᠨ ᠲᠦᠷᠦᠭᠳᠡᠯ ᠨᠡᠩ ᠦᠷᠭᠦᠯᠵᠢᠯᠡᠵᠦ᠂ ᠠᠮᠤᠷ ᠲᠦᠪᠰᠢᠨ ᠤ ᠲᠦᠷᠦᠭᠳᠡᠯ ᠨᠡᠩ ᠪᠠᠲᠤᠯᠠᠭ᠎ᠠ ᠲᠠᠢ | ᠪᠣᠯᠪᠠ᠃ | ᠭᠤᠷᠪᠠ᠂ ᠠᠮᠢ ᠠᠬᠤᠢ ᠶᠢᠨ ᠬᠠᠮᠠᠭᠠᠯᠠᠯᠲᠠ ᠪᠠ ᠪᠣᠬᠢᠷᠲᠤᠯ ᠦᠭᠡᠢ ᠬᠥᠭᠵᠢᠯᠲᠡ ᠯᠠᠪᠳᠠᠭᠤᠨ ᠢᠶᠠᠷ ᠬᠤᠯᠠ | ᠠᠶᠠᠯᠠᠨ᠎ᠠ | ︽ᠢᠳᠡᠵᠦ ᠡᠮᠦᠰᠬᠦ ᠶᠢ ᠬᠦᠰᠡᠵᠦ︾ ᠪᠠᠶᠢᠭᠰᠠᠨ ᠠᠴᠠ ᠪᠠᠨ ︽ᠣᠷᠴᠢᠨ ᠲᠣᠭᠤᠷᠢᠨ ᠢ ᠬᠠᠮᠠᠭᠠᠯᠠᠬᠤ ᠶᠢ | ᠬᠦᠰᠡᠵᠦ︾ ᠪᠠᠶᠢᠬᠤ ᠪᠣᠯᠵᠤ᠂ ︽ᠣᠷᠣᠰᠢᠨ ᠲᠣᠭᠲᠠᠨᠢᠬᠤ︾ ᠠᠴᠠ ︽ᠠᠮᠢ ᠠᠬᠤᠢ ᠶᠢ ᠡᠷᠬᠢᠮᠯᠡᠬᠦ︾ ᠬᠦᠷᠲᠡᠯ᠎ᠡ᠂ | ᠠᠷᠠᠳ ᠤᠯᠠᠨ ᠤ ︽ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ︾ ᠶᠢ ᠲᠠᠰᠤᠷᠠᠯᠳᠠ ᠦᠭᠡᠢ ᠲᠡᠰ ᠳᠡᠪᠰᠢᠭᠦᠯᠪᠡ᠃ | ᠨᠣᠭᠤᠭᠠᠨ ᠥᠩᠭᠡ ᠪᠣᠯ ᠥᠪᠥᠷ ᠮᠣᠩᠭᠤᠯ ᠤᠨ ᠰᠠᠭᠤᠷᠢ ᠥᠩᠭᠡ ᠪᠠ ᠦᠨ᠎ᠡ ᠥᠷᠲᠡᠭ ᠮᠥᠨ᠂ ᠠᠮᠢ ᠠᠬᠤᠶ ᠪᠣᠯ | ᠥᠪᠥᠷ ᠮᠣᠩᠭᠤᠯ ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ᠃ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠥᠪᠥᠷ ᠮᠣᠩᠭᠤᠯ | ᠪᠣᠯ ᠮᠠᠨ ᠤ ᠤᠯᠤᠰ ᠤᠨ ᠡᠯᠡᠰᠦᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠬᠠᠮᠤᠭ ᠲᠥᠪᠯᠡᠷᠡᠭᠰᠡᠨ ᠮᠣᠵᠢ | ᠣᠷᠣᠨ ᠤ ᠨᠢᠭᠡ ᠪᠣᠯᠤᠨ᠎ᠠ᠃ ᠵᠠᠰᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠪᠠᠷ ᠳᠡᠮᠵᠢᠨ᠂ ᠥᠪᠥᠷ | ᠮᠣᠩᠭᠤᠯ ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ 15 ᠵᠢᠯ ᠳᠠᠷᠠᠭᠠᠯᠠᠨ ︽ | ᠬᠤᠣᠰ ᠪᠠᠭᠠᠰᠬᠠᠬᠤ︾ ᠶᠢ ᠪᠠᠲᠤᠯᠠᠪᠠ᠃ ᠢᠯᠠᠩᠭᠤᠶ᠎ᠠ ᠬᠥᠪᠴᠢ ᠶᠢᠨ ᠡᠯᠡᠰᠦ ᠶᠢᠨ ᠥᠷᠭᠡᠳᠬᠦ ᠬᠠᠨᠳᠤᠰᠢ ᠶᠢ | ᠨᠢᠭᠡᠨᠲᠡ ᠪᠦᠲᠦᠮᠵᠢᠲᠡᠢ ᠬᠢᠵᠠᠭᠠᠷᠯᠠᠵᠤ᠂ ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ | ᠶᠡᠬᠡᠪᠡᠷ ᠰᠠᠶᠢᠵᠢᠷᠠᠵᠤ᠂ ᠠᠮᠢ ᠠᠬᠤᠶ ᠶᠢᠨ ᠪᠠᠶᠢᠳᠠᠯ ᠨᠢ ︽ᠡᠯᠡᠰᠦ ᠰᠢᠬᠠᠮᠳᠠᠭᠤᠯᠵᠤ ᠬᠥᠮᠦᠨ ᠢ ᠤᠬᠤᠷᠢᠭᠤᠯᠬᠤ︾ | ᠠᠴᠠ ︽ᠬᠥᠮᠦᠨ ᠰᠢᠬᠠᠮᠳᠠᠭᠤᠯᠵᠤ ᠡᠯᠡᠰᠦ ᠶᠢ ᠤᠬᠤᠷᠢᠭᠤᠯᠬᠤ︾ ᠲᠡᠤᠬᠡᠲᠦ ᠴᠢᠨᠠᠷᠲᠠᠶ ᠬᠤᠪᠢᠷᠠᠯᠲᠠ ᠶᠢ | ᠪᠡᠶᠡᠯᠡᠭᠦᠯᠵᠡᠶ᠃ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠣᠷᠴᠢᠨ ᠲᠣᠭᠤᠷᠢᠨ ᠤ | ᠲᠥᠯᠥᠪᠵᠢᠭᠦᠯᠭᠡ ᠶᠢᠨ ᠵᠠᠬᠢᠷᠭ᠎ᠠ ᠳᠤ ᠪᠦᠬᠦ ᠪᠥᠮᠪᠥᠷᠴᠡᠭ ᠤᠨ ᠡᠯᠡᠰᠦᠨ ᠴᠦᠯ ᠤᠨ ︽ᠠᠮᠢ ᠠᠬᠤᠢ ᠶᠢᠨ ᠠᠵᠤ | ᠠᠬᠤᠢ ᠶᠢᠨ ᠵᠢᠱᠢᠶ᠎ᠡ ᠦᠵᠡᠭᠦᠯᠬᠦ ᠣᠷᠣᠨ︾ ᠢᠶᠠᠷ ᠲᠣᠭᠲᠠᠭᠠᠭᠳᠠᠪᠠ᠃ | ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠬᠠᠷᠢᠯᠴᠠᠨ ᠬᠠᠮᠲᠤᠪᠠᠷ ᠠᠰᠢᠭ ᠬᠦᠷᠲᠡᠨ᠎ᠡ᠃ 2019 | ᠣᠨ ᠳᠤ᠂ ᠪᠦᠬᠦ ᠣᠷᠣᠨ ᠤ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ 1.15 ᠳ᠋ᠦᠩᠰᠢᠭᠤᠷ ᠮᠦ | ᠤᠯᠠᠭᠠᠨ ᠱᠤᠭᠤᠮ ᠢ ᠪᠠᠲᠤ ᠰᠠᠬᠢᠵᠤ᠂ ᠬᠥᠮᠦᠨ ᠪᠦᠷᠢ ᠳᠤ ᠳᠤᠮᠳᠠᠴᠢ ᠪᠠᠷ 5.5 ᠮᠦ ᠲᠠᠷᠢᠶᠠᠨ ᠭᠠᠵᠠᠷ ᠢ ᠡᠵᠡᠯᠡᠪᠡ᠃ | ᠪᠦᠬᠦ ᠤᠯᠤᠰ ᠤᠨ ᠬᠥᠮᠦᠨ ᠳᠤᠮᠳᠠᠴᠢ ᠶᠢᠨ ᠲᠠᠷᠢᠶᠠᠨ ᠭᠠᠵᠠᠷ ᠤᠨ ᠲᠠᠯᠠᠪᠠᠢ ᠶᠢᠨ 3 ᠳᠠᠬᠢᠨ ᠢᠯᠡᠭᠦᠤ ᠪᠠᠶᠢᠵᠤ᠂ | ᠪᠦᠬᠦ ᠤᠯᠤᠰ ᠲᠤ ᠨᠢᠭᠡᠳᠦᠭᠡᠷ ᠲᠤ ᠯᠠᠪᠳᠠᠭᠤᠨ ᠣᠷᠣᠵᠤ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ | ᠬᠤᠴᠢᠯᠭ᠎ᠠ ᠶᠢᠨ ᠪᠦᠷᠬᠦᠴᠡ 44% ᠳᠤ ᠬᠦᠷᠴᠦ᠂ ᠣᠢ ᠰᠢᠭᠤᠶ ᠶᠢᠨ ᠪᠦᠷᠬᠦᠴᠡ ᠶᠢᠨ ᠨᠣᠷᠮ᠎ᠠ 22.1% ᠳᠤ | ᠬᠦᠷᠴᠦ᠂ 944 ᠲᠦᠮᠡᠨ ᠮᠦ ᠬᠥᠷᠥᠰᠥ ᠰᠢᠷᠣᠶ ᠶᠢᠨ ᠢᠳᠡᠭᠳᠡᠯ ᠢ ᠵᠠᠰᠠᠪᠠ᠃ 2019 ᠤᠨ ᠳᠤ᠂ ᠪᠥᠬᠦ ᠣᠷᠣᠨ ᠤ | ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ ᠶᠡᠷᠦᠩᠬᠡᠶ ᠮᠠᠰᠢᠨ ᠴᠣᠭᠴᠠᠯᠠᠮᠵᠢ ᠶᠢᠨ | ᠪᠠᠭᠲᠠᠭᠠᠮᠵᠢ ᠶᠢᠨ 31.3% ᠶᠢ ᠡᠵᠡᠯᠡᠵᠦ᠂ ᠰᠠᠯᠬᠢᠨ ᠤ ᠬᠦᠴᠦᠨ᠂ ᠨᠡᠷᠡᠨ ᠤ ᠡᠨᠧᠷᠭᠢ ᠵᠡᠷᠭᠡ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠬᠤ ᠬᠡᠮᠵᠢᠶ᠎ᠡ 728 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ︽ᠨᠢᠭᠡ ᠪᠤᠯᠤᠩ ᠨᠣᠮᠢᠨ | ᠤᠰᠤ ᠦᠳᠡᠰᠢ ᠶᠢᠨ ᠲᠤᠶᠠᠭ᠎ᠠ ᠶᠢ ᠭᠡᠶᠢᠭᠦᠯᠦᠨ᠎ᠡ︾ ︽ᠡᠪᠡᠰᠦ ᠮᠣᠳᠣ ᠭᠠᠵᠠᠷ ᠰᠠᠢ ᠥᠬᠡᠶ ᠰᠠᠯᠬᠢᠨ ᠳᠤ | ᠦᠯᠢᠶᠡᠭᠳᠡᠨᠡ︾ ᠭᠡᠬᠦ ᠭᠤᠶᠣ ᠦᠵᠡᠮᠵᠢ ᠦᠶ᠎ᠡ ᠶᠢᠨ ᠦᠶ᠎ᠡ ᠳᠤ ᠤᠯᠠᠮᠵᠢᠯᠠᠭᠳᠠᠭᠰᠠᠭᠠᠷ ᠢᠷᠡᠵᠡᠶ᠃ |