— ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠴᠤᠪᠤᠷᠠᠯ | ᠮᠡᠳᠡᠭᠡᠯᠡᠯ ᠠᠷᠪᠠᠨ ᠭᠤᠷᠪᠠ | ᠮᠥᠩᠭᠦᠨ ᠭᠦᠢᠯᠭᠡᠭᠡ ᠪᠣᠯ ᠤᠳᠤ ᠦᠶ᠎ᠡ ᠶᠢᠨ ᠠᠵᠤ ᠠᠬᠤᠢ ᠶᠢᠨ ᠭᠤᠣᠯᠯᠠᠭᠴᠢ ᠮᠥᠨ᠂ ᠨᠡᠩ ᠴᠤ ᠨᠢᠭᠡ | ᠤᠯᠤᠰ ᠤᠨ ᠴᠢᠬᠤᠯᠠ ᠭᠤᠣᠯᠯᠠᠭᠴᠢ ᠦᠷᠢᠰᠦᠯᠳᠦᠬᠦ ᠬᠦᠴᠦᠨ ᠪᠣᠯᠣᠨ᠎ᠠ᠃ ᠮᠥᠩᠭᠦᠨ ᠭᠦᠢᠯᠭᠡᠭᠡ ᠲᠣᠭᠲᠠᠪᠤᠷᠢᠵᠢᠪᠠᠯ | ᠠᠯᠢᠪᠠ ᠦᠢᠯᠡᠰ ᠬᠥᠭᠵᠢᠵᠦ᠂ ᠮᠥᠩᠭᠦᠨ ᠭᠦᠢᠯᠭᠡᠭᠡᠨ ᠤ ᠦᠢᠯᠡᠰ ᠤᠨ ᠲᠣᠭᠲᠠᠭᠤᠨ ᠬᠥᠭᠵᠢᠯᠲᠡ ᠨᠢ ᠲᠦᠭ | ᠲᠦᠮᠡᠨ ᠠᠶᠢᠯ ᠡᠷᠦᠬᠡ ᠶᠢᠨ ᠠᠷᠠᠳ ᠤᠯᠠᠨ ᠤ ᠠᠮᠢᠳᠤᠷᠠᠯ ᠳᠤ ᠠᠰᠢᠭ ᠬᠦᠷᠲᠡᠭᠡᠨ᠎ᠡ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠤᠨ ᠢᠯᠡᠳᠬᠡᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠷᠸ᠎ᠠ ᠠᠵᠤ ᠠᠬᠤᠶ ᠶᠢᠨ ᠲᠣᠭᠲᠠᠭᠤᠨ ᠪᠠᠶᠢᠳᠠᠯ ᠢ ᠠᠬᠢᠭᠤᠯᠬᠤ᠂ ᠪᠣᠳᠠᠲᠤ ᠴᠣᠭᠴᠠ ᠶᠢᠨ | ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ | ᠪᠦᠷᠢᠨᠰᠢᠬᠦᠯᠬᠦ ᠬᠡᠷᠡᠭᠲᠡᠶ ᠭᠡᠵᠦ ᠳᠤᠷᠠᠳᠤᠨ ᠭᠠᠷᠭᠠᠵᠠᠶ᠃ 2015 ᠣᠨ ᠳᠤ᠂ ᠶᠡᠷᠦᠩᠬᠡᠢ ᠱᠦᠵᠢ ᠰᠢ ᠶᠢᠨ ᠫᠢᠩ | ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠷᠪᠠᠨ | ᠨᠠᠢᠮᠠᠳᠤᠭᠠᠷ ᠤᠳᠠᠭᠠᠨ ᠤ ᠬᠤᠷᠠᠯ ᠳᠡᠭᠡᠷᠡᠬᠢ ᠶᠠᠷᠢᠶᠠᠨ ᠳᠠᠭᠠᠨ᠂ ︽ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡ ᠶᠢ ᠬᠥᠭᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠦᠷᠬᠦᠴᠡ ᠶᠢᠨ ᠨᠤᠷᠮ᠎ᠠ᠂ ᠣᠯᠵᠤ | ᠪᠣᠯᠬᠤᠶᠢᠴᠠ ᠴᠢᠨᠠᠷ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠮᠥᠩᠭᠦᠨ ᠭᠦᠢᠯᠭᠡᠭᠡᠨ ᠤ ᠬᠡᠷᠡᠭᠴᠡᠭᠡ ᠶᠢ ᠬᠠᠩᠭᠠᠨ᠎ᠠ᠃︾ ᠭᠡᠵᠦ ᠵᠢᠭᠠᠨ ᠭᠠᠷᠭᠠᠭᠰᠠᠨ ᠪᠠᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠭᠤᠤᠯᠯᠠᠭᠤᠯᠤᠨ᠂ ᠲᠤᠰ ᠭᠠᠵᠠᠷ ᠤᠨ | ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ ᠲᠠᠢ ᠤᠶᠠᠯᠳᠤᠭᠤᠯᠤᠨ᠂ ᠮᠥᠩᠭᠦᠨ ᠭᠦᠢᠯᠭᠡᠭᠡ ᠵᠢᠴᠢ | ᠦᠢᠯᠡᠴᠢᠯᠡᠭᠡᠨ ᠤ ᠰᠢᠨ᠎ᠡ ᠶᠢ ᠡᠭᠦᠳᠬᠦ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠡᠯ᠎ᠡ ᠲᠥᠷᠥᠯ ᠤᠨ ᠪᠠᠯᠠ | ᠲᠣᠬᠢᠷᠠᠭᠤᠯᠭ᠎ᠠ ᠶᠢᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠨᠢ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠪᠣᠯᠣᠭᠰᠠᠨ ᠪᠠᠶᠢᠨ᠎ᠠ᠃ | ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠬᠦᠴᠦᠨ | ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠶᠡᠷᠦᠩᠬᠡᠶ | ᠱᠦᠵᠢ ᠰᠢ ᠶᠢᠨ ᠫᠢᠩ 2014 ᠣᠨ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠵᠤ | ᠭᠠᠷᠭᠠᠭᠰᠠᠨ ᠨᠢ᠂ ︽ᠲᠠᠷᠢᠶᠠᠯᠠᠩ ᠮᠠᠯ ᠠᠵᠤ ᠠᠬᠤᠢ ᠪᠣᠯᠤᠨ ᠮᠠᠯᠵᠢᠬᠤ ᠣᠷᠣᠨ ᠤ ᠠᠵᠢᠯ ᠢ ᠬᠦᠴᠦᠯᠡᠨ ᠰᠠᠶᠢᠲᠤᠷ | ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢ ᠰᠠᠶᠢᠲᠤᠷ ᠬᠥᠭᠵᠢᠭᠦᠯᠬᠦ ᠬᠡᠷᠡᠭᠲᠡᠢ᠃ ᠲᠠᠷᠢᠶᠠᠯᠠᠩ ᠮᠠᠯ ᠠᠵᠤ | ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠣᠷᠣᠨ ᠤ ᠴᠢᠨᠠᠷᠯᠢᠭ ᠪᠥᠭᠡᠳ ᠲᠦᠷᠭᠡᠨ | ᠬᠥᠭᠵᠢᠯᠲᠡ ᠶᠢ ᠠᠬᠢᠭᠤᠯᠤᠨ᠎ᠠ᠃ 2019 ᠣᠨ ᠤ 7 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾ ᠢ ᠠᠩᠬ᠎ᠠ | ᠲᠠᠷᠬᠠᠭᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠰᠡᠳᠦᠪᠲᠦ ᠺᠠᠷᠲ︾ ᠲᠠᠢ | ᠬᠡᠷᠡᠭᠯᠡᠭᠴᠢ ᠳᠤ ᠵᠢᠭᠡᠯᠡᠯᠭᠡ ᠭᠤᠶᠤᠴᠢᠯᠠᠵᠤ᠂ ᠤᠷᠢᠳᠠᠪᠠᠷ ᠬᠦᠯᠢᠶᠡᠨ ᠠᠪᠴᠤ ᠰᠢᠢᠳᠪᠦᠷᠢᠯᠡᠬᠦ᠂ ᠬᠦᠦ ᠮᠥᠩᠭᠦ ᠶᠢᠨ | ᠨᠣᠷᠮ᠎ᠠ ᠳᠤ ᠬᠠᠷᠠᠭᠠᠯᠵᠠᠯ ᠦᠵᠡᠭᠦᠯᠬᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠵᠡᠷᠭᠡ ᠲᠤᠰᠬᠠᠶ | ᠬᠠᠷᠢᠶᠠᠨ ᠤ ᠰᠠᠭᠠᠳ ᠦᠭᠡᠢ ᠨᠡᠪᠲᠡᠷᠡᠬᠦ ᠵᠠᠮ ᠤᠨ ᠦᠢᠯᠡᠴᠢᠯᠡᠭᠡ ᠶᠢ ᠬᠦᠷᠲᠡᠵᠦ᠂ ᠺᠠᠷᠲ ᠡᠵᠡᠮᠰᠢᠵᠦ ᠪᠠᠶᠢᠭ᠎ᠠ | ᠮᠠᠯᠴᠢᠨ ᠲᠠᠷᠢᠶᠠᠴᠢᠨ ᠳᠤ ᠲᠤᠭ᠎ᠠ ᠶᠣᠰᠣᠭᠠᠷ ᠢᠲᠡᠭᠡᠮᠵᠢᠲᠦ ᠵᠢᠭᠡᠯᠡᠯᠭᠡ ᠶᠢᠨ ᠬᠡᠪᠴᠢᠶᠡᠨ ᠤ ᠲᠤᠯᠭᠠᠭᠤᠷᠢᠯᠠᠯ ᠪᠠ | ᠦᠢᠯᠡᠳᠪᠦᠷᠢᠯᠡᠯ᠂ ᠠᠮᠢᠳᠤᠷᠠᠯ᠂ ᠳᠠᠩᠰᠠ ᠰᠢᠯᠵᠢᠭᠦᠯᠬᠦ᠂ ᠵᠣᠭᠤᠰ ᠥᠭᠬᠦ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ | ᠶᠡᠷᠦᠩᠬᠡᠶᠢᠯᠡᠭᠰᠡᠨ ᠬᠡᠷᠡᠭᠴᠡᠭᠡ ᠶᠢ ᠬᠠᠩᠭᠠᠵᠤ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠳᠤ ᠠᠰᠢᠭ | ᠬᠦᠷᠲᠡᠭᠡᠬᠦ ᠬᠡᠪᠴᠢᠶ᠎ᠡ ᠶᠢ ᠥᠷᠭᠡᠳᠬᠡᠵᠦ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ᠪᠥᠬᠦ ᠣᠷᠣᠨ ᠤ | ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠰᠢᠨ᠎ᠡ ᠠᠮᠵᠢᠯᠲᠠ | ᠤᠯᠬᠤ ᠶᠢ ᠠᠬᠢᠭᠤᠯᠬᠤ ᠬᠦᠴᠦᠲᠡᠶ ᠲᠤᠯᠭᠠᠭᠤᠷᠢᠯᠠᠯ ᠪᠣᠯᠭᠠᠪᠠ᠃ 2019 ᠣᠨ ᠳᠤ᠂ ᠪᠥᠬᠦ ᠣᠷᠣᠨ ᠤ | ᠲᠠᠷᠢᠶᠠᠯᠠᠩ ᠢ ᠲᠤᠰᠠᠯᠠᠬᠤ ᠶᠢᠨ ᠦᠢᠯᠡᠰ ᠲᠤ ᠵᠠᠷᠤᠴᠠᠭᠤᠯᠬᠤ ᠲᠤᠬᠠᠶᠢᠯᠠᠭᠰᠠᠨ ᠠᠵᠢᠯ 252 ᠲᠦᠮᠡᠨ ᠬᠤᠪᠢ᠂ 56 | ᠳ᠋ᠦᠩᠰᠢᠭᠤᠷ ᠲᠥᠭᠦᠷᠢᠭ ᠪᠣᠯᠪᠠ᠃ ︽ᠮᠠᠯᠴᠢᠨ ᠲᠠᠷᠢᠶᠠᠴᠢᠨ ᠤ ᠠᠯᠤᠰ ᠡᠵᠡᠮᠰᠢᠯᠲᠦ ᠢᠲᠡᠭᠡᠮᠵᠢᠲᠦ ᠵᠢᠭᠡᠯᠡᠯᠭᠡ︾ | ᠪᠠ ᠪᠠᠩᠬᠢ ᠶᠢᠨ ᠬᠤᠯᠪᠣᠭᠠᠨ ᠤ ︽ᠹᠦ᠋ ᠨᠦᠩ ᠲᠦᠩ︾ ᠭᠡᠬᠦ ᠬᠤᠶᠠᠷ ᠵᠦᠢᠯ ᠤᠨ ᠲᠠᠷᠢᠶᠠᠯᠠᠩ ᠳᠤ | ᠬᠤᠯᠪᠣᠭᠳᠠᠭᠰᠠᠨ ᠲᠤᠬᠠᠶᠢᠯᠠᠭᠰᠠᠨ ᠠᠵᠢᠯ ᠳᠤ ᠨᠡᠶᠢᠲᠡ 112 ᠲᠦᠮᠡᠨ ᠬᠤᠪᠢ᠂ 388 ᠳ᠋ᠦᠩᠰᠢᠭᠤᠷ ᠲᠥᠭᠦᠷᠢᠭ | ᠵᠠᠷᠤᠴᠠᠭᠤᠯᠪᠠ᠃ | ᠰᠦ ᠶᠢᠨ ᠦᠢᠯᠡᠰ ᠪᠣᠯ ᠥᠪᠡᠷᠲᠡᠭᠡᠨ ᠵᠠᠰᠠᠬᠤ ᠣᠷᠣᠨ ᠤ ᠴᠢᠬᠤᠯᠠ ᠲᠤᠯᠭᠠᠭᠤᠷᠢ ᠠᠵᠤ ᠦᠢᠯᠡᠰ ᠪᠣᠯᠤᠨ᠎ᠠ᠃ | 2019 ᠣᠨ ᠤ 8 ᠰᠠᠷ᠎ᠠ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ | ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠪᠣᠯᠤᠨ ︽ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠬᠥᠲᠥᠯᠦᠨ | ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠪᠠᠰᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠵᠤ᠂ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢ ᠴᠢᠩᠭᠠᠷᠠᠭᠤᠯᠵᠤ᠂ ᠰᠠᠭᠠᠯᠢ ᠶᠢᠨ ᠮᠠᠯ ᠤᠨ ᠠᠮᠢᠳᠤ ᠴᠣᠭᠴᠠ᠂ ᠪᠠᠷᠢᠴᠠᠭᠠᠯᠠᠬᠤ | ᠡᠷᠬᠡ ᠶᠢᠨ ᠬᠠᠷᠢᠶ᠎ᠠ ᠱᠠᠭᠠᠷᠳᠠᠯᠭ᠎ᠠ ᠳᠤ ᠨᠡᠶᠢᠴᠡᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠷ ᠪᠠᠷᠢᠴᠠᠭᠠᠯᠠᠭᠰᠠᠨ ᠡᠳ᠋ | ᠪᠣᠯᠭᠠᠭᠰᠠᠨ ᠪᠠᠷᠢᠴᠠᠭᠠᠳᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠳᠠᠮᠵᠢᠵᠤ᠂ ᠨᠥᠬᠦᠴᠡᠯ ᠳᠤ ᠨᠡᠶᠢᠴᠡᠬᠦ ᠳᠤᠮᠳᠠ | ᠵᠢᠵᠢᠭ ᠮᠠᠯᠵᠢᠯ ᠤᠨ ᠲᠠᠯᠠᠪᠠᠢ ᠶᠢᠨ ᠵᠢᠭᠡᠯᠡᠯᠭᠡ ᠶᠢ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ | ᠰᠢᠰᠲ᠋ᠧᠮᠵᠢ ᠳᠤ ᠣᠷᠣᠭᠤᠯᠤᠨ ᠳᠡᠮᠵᠢᠯᠭᠡ ᠦᠵᠡᠭᠦᠯᠵᠦ᠂ ᠲᠣᠮᠣ ᠬᠡᠯᠪᠡᠷᠢ ᠶᠢᠨ ᠰᠦ ᠪᠣᠯᠪᠠᠰᠤᠷᠠᠭᠤᠯᠬᠤ ᠠᠵᠤ | ᠠᠬᠤᠶᠢᠯᠠᠯ ᠪᠣᠯᠤᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ | ᠨᠡᠮᠡᠭᠳᠡᠭᠦᠯᠵᠦ᠂ ᠰᠦ ᠶᠢᠨ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃ 2020 ᠣᠨ ᠤ 1 -7 | ᠳ᠋ᠤᠭᠠᠷ ᠰᠠᠷ᠎ᠠ ᠳᠤ᠂ ᠪᠥᠬᠦ ᠣᠷᠣᠨ ᠤ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠳᠤ ᠨᠡᠶᠢᠲᠡ 137 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠲᠠᠯᠪᠢᠪᠠ᠃ | ᠰᠢᠨ᠎ᠡ ᠶᠢ ᠡᠭᠦᠳᠬᠦ ᠪᠠᠷ ᠳᠡᠮᠵᠢᠵᠦ᠂ ᠣᠯᠠᠨ ᠨᠡᠶᠢᠲᠡ ᠶᠢᠨ ᠠᠳᠠᠯ ᠦᠢᠯᠡᠰ ᠴᠣᠭᠴᠠᠯᠠᠬᠤ ᠳᠤ ᠰᠠᠭᠤᠷᠢ | ᠲᠠᠯᠪᠢᠵᠤ ᠥᠭᠭᠦᠨ᠎ᠡ᠃ 2014 ᠣᠨ ᠳᠤ᠂ ᠠᠷᠠᠳ ᠤᠨ ᠪᠠᠩᠬᠢ ᠶᠢᠨ ᠶᠡᠷᠦᠩᠬᠡᠶ ᠪᠠᠩᠬᠢ ᠵᠢᠵᠢᠭ ᠠᠵᠤ | ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢᠨ ᠪᠠᠭᠠᠵᠢ ᠶᠢ ᠡᠭᠦᠳᠦᠨ ᠪᠠᠶᠢᠭᠤᠯᠵᠤ᠂ ᠵᠢᠵᠢᠭ ᠬᠡᠯᠪᠡᠷᠢ ᠶᠢᠨ | ᠬᠤᠲᠠ ᠶᠢᠨ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ | ᠬᠤᠷᠰᠢᠭᠰᠠᠨ ᠪᠠᠩᠬᠢ᠂ ᠲᠣᠰᠬᠤᠨ ᠪᠠᠯᠭᠠᠰᠤᠨ ᠤ ᠪᠠᠩᠬᠢ ᠵᠡᠷᠭᠡ ᠳᠥᠷᠪᠡᠨ ᠲᠥᠷᠥᠯ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠳᠡᠮᠵᠢᠵᠦ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠲᠠᠯᠪᠢᠬᠤ ᠶᠢ | ᠥᠷᠭᠡᠳᠬᠡᠬᠦ ᠳᠤ ᠲᠤᠰᠬᠠᠶᠢᠯᠠᠨ ᠬᠡᠷᠡᠭᠯᠡᠪᠡ᠃ ᠠᠷᠠᠳ ᠤᠨ ᠪᠠᠩᠬᠢ ᠶᠢᠨ ᠬᠥᠬᠡᠬᠤᠲᠠ ᠭᠤᠤᠯ ᠰᠠᠯᠪᠤᠷᠢ ᠪᠠᠩᠬᠢ ᠪᠥᠬᠦ | ᠤᠯᠤᠰ ᠲᠤ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ ᠶᠢ ᠤᠷᠢᠳᠠᠪᠠᠷ ᠪᠡᠶᠡᠯᠡᠭᠦᠯᠪᠡ᠃ | 2019 ᠣᠨ᠂ ᠪᠥᠬᠦ ᠣᠷᠣᠨ ᠳᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠨᠡᠶᠢᠲᠡ 57.8 ᠳ᠋ᠦᠩᠰᠢᠭᠤᠷ ᠲᠥᠭᠦᠷᠢᠭ ᠲᠠᠯᠪᠢᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ | ᠰᠢᠨ᠎ᠡ ᠪᠠᠷ 34.9 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ ᠥᠪᠥᠷ ᠮᠣᠩᠭᠤᠯ ᠤᠨ ᠪᠠᠩᠬᠢ ᠨᠢ ᠮᠣᠩᠭᠤᠯ | ᠬᠤᠳᠠᠯᠳᠤᠭᠠᠴᠢᠨ ᠤ ᠬᠤᠨ ᠭᠠᠯᠠᠭᠤ ᠺᠠᠷᠲ ᠢᠶᠠᠷ ᠲᠦᠰᠢᠭ ᠪᠣᠯᠭᠠᠵᠤ᠂ ︽ᠮᠣᠩᠭᠤᠯ ᠤᠨ ᠣᠨᠴᠠᠯᠢᠭ︾ ᠤᠨ ᠠᠵᠤ | ᠦᠢᠯᠡᠰ ᠤᠨ ᠬᠤᠯᠪᠣᠭ᠎ᠠ ᠶᠢ ᠪᠠᠶᠢᠭᠤᠯᠵᠤ᠂ ᠣᠳᠣᠬᠠᠨ ᠳᠤ ᠲᠥᠷᠥᠯ ᠵᠦᠢᠯ ᠤᠨ ᠬᠡᠪᠴᠢᠶ᠎ᠡ ᠶᠢ 8 ᠠᠶᠢᠮᠠᠭ ᠬᠤᠲᠠ᠂ | 600 ᠭᠠᠷᠤᠢ ᠵᠢᠵᠢᠭ ᠪᠢᠴᠢᠯ ᠠᠵᠤ ᠠᠬᠤᠶᠢᠯᠠᠯ ᠪᠣᠯᠭᠠᠨ ᠥᠷᠭᠡᠳᠬᠡᠵᠦ᠂ ᠨᠡᠶᠢᠲᠡ 5.1 ᠳ᠋ᠦᠩᠰᠢᠭᠤᠷ | ᠲᠥᠭᠦᠷᠢᠭ ᠤᠨ ᠢᠲᠡᠭᠡᠮᠵᠢ ᠣᠯᠭᠤᠪᠠ᠃ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ ᠪᠠ | ᠬᠡᠷᠡᠭᠯᠡᠬᠦ ᠨᠢ ᠪᠣᠳᠠᠲᠤ ᠴᠣᠭᠴᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠵᠠᠷ | ᠣᠷᠣᠨ ᠤ ᠠᠵᠤ ᠠᠬᠤᠢ ᠶᠢᠨ ᠪᠦᠲᠦᠴᠡ ᠶᠢ ᠰᠠᠶᠢᠵᠢᠷᠠᠭᠤᠯᠵᠤ᠂ ᠭᠠᠵᠠᠷ ᠣᠷᠣᠨ ᠤ ᠲᠣᠭᠲᠠᠭᠤᠨ ᠢ | ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠵᠤ ᠥᠪᠡᠷ ᠤᠨ ᠥᠷᠲᠡᠭ ᠢ | ᠪᠠᠭᠤᠷᠠᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠠᠴᠠ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠲᠥᠷᠥᠯ ᠵᠦᠢᠯ ᠢ ᠶᠡᠬᠡᠪᠡᠷ | ᠬᠠᠰᠤᠵᠤ ᠬᠡᠯᠲᠦᠷᠢᠭᠦᠯᠵᠦ᠂ 2018 ᠣᠨ ᠤ ᠡᠴᠦᠰ ᠪᠣᠯᠲᠠᠯ᠎ᠠ᠂ ᠠᠵᠤ ᠠᠬᠤᠶᠢᠯᠠ ᠳᠤ ᠬᠤᠯᠪᠣᠭᠳᠠᠭᠰᠠᠨ 14 | ᠵᠦᠢᠯ ᠤᠨ ᠵᠠᠷᠤᠳᠠᠯ ᠢ ᠬᠦᠴᠦᠨ ᠦᠭᠡᠢ ᠪᠣᠯᠭᠠᠵᠤ᠂ 17 ᠵᠦᠢᠯ ᠤᠨ ᠳ᠋ᠦᠩᠨᠡᠨ ᠪᠣᠳᠣᠬᠤ ᠲᠥᠷᠥᠯ ᠤᠨ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠳᠣᠷᠣᠭᠰᠢᠯᠠᠭᠤᠯᠵᠤ᠂ 2014 ᠣᠨ ᠠᠴᠠ 2018 ᠤᠨ 10 ᠰᠠᠷ᠎ᠠ ᠪᠣᠯᠲᠠᠯ᠎ᠠ᠂ | ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠳᠤ ᠪᠠᠷᠤᠭ 4000 ᠲᠦᠮᠡᠨ | ᠲᠥᠭᠦᠷᠢᠭ ᠤᠨ ᠵᠠᠪᠰᠠᠷ ᠤᠨ ᠲᠤᠬᠠᠶᠢᠯᠠᠭᠰᠠᠨ ᠠᠵᠢᠯ ᠤᠨ ᠭᠠᠷ ᠭᠦᠢᠴᠡᠳᠭᠡᠯ ᠤᠨ ᠰᠦᠢᠳᠭᠡᠯ ᠢ ᠬᠠᠰᠤᠵᠤ | ᠬᠡᠯᠲᠦᠷᠢᠭᠦᠯᠵᠦ᠂ ᠣᠯᠠᠨ ᠲᠦᠮᠡᠨ ᠳᠤ ᠠᠰᠢᠭ ᠬᠦᠷᠲᠡᠭᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠪᠡ᠃ | ᠮᠥᠩᠭᠦᠨ ᠭᠦᠢᠯᠭᠡᠭᠡᠨ ᠤ ᠪᠠᠲᠤᠯᠠᠭ᠎ᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ | ᠬᠦᠴᠦᠨ ᠴᠢᠳᠠᠪᠤᠷᠢ ᠪᠠᠨ ᠡᠷᠭᠦᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠣᠷᠣᠨ ᠤ | ᠡᠯ᠎ᠡ ᠱᠠᠲᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠥᠬᠦ ᠬᠡᠪᠴᠢᠶ᠎ᠡ ᠪᠠᠷ ᠨᠡᠶᠢᠳᠡᠮ ᠬᠠᠷᠠᠭᠠᠯᠵᠠᠯ ᠦᠵᠡᠭᠦᠯᠬᠦ | ᠮᠥᠩᠭᠦᠨ ᠭᠦᠢᠯᠭᠡᠭᠡ ᠶᠠᠪᠤᠭᠳᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠣᠭᠠᠴᠠᠭ᠎ᠠ ᠬᠢᠵᠦ ᠳ᠋ᠦᠩᠨᠡᠨ | ᠪᠣᠳᠣᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠩᠬᠢ ᠶᠢᠨ ᠺᠠᠷᠲ ᠤᠨ | ᠲᠠᠷᠢᠶᠠᠯᠠᠩ ᠢ ᠲᠤᠰᠠᠯᠠᠬᠤ ᠵᠣᠭᠤᠰ ᠭᠠᠷᠭᠠᠬᠤ ᠦᠢᠯᠡᠴᠢᠯᠡᠭᠡᠨ ᠤ ᠴᠡᠭ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠰᠢᠯᠵᠢᠮᠡᠯ ᠲᠣᠭᠠᠴᠠᠭ᠎ᠠ ᠵᠡᠷᠭᠡ ᠣᠳᠣᠬᠢᠴᠢᠯᠠᠭᠰᠠᠨ ᠲᠣᠭᠠᠴᠠᠭ᠎ᠠ ᠬᠢᠬᠦ ᠠᠷᠭ᠎ᠠ ᠮᠠᠶ᠋ᠢᠭ ᠢ | ᠶᠡᠬᠡᠪᠡᠷ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠣᠭᠠᠴᠠᠭ᠎ᠠ ᠬᠢᠬᠦ ᠦᠢᠯᠡᠴᠢᠯᠡᠭᠡᠨ ᠤ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠡᠮᠡᠯ ᠬᠠᠷᠠᠭᠠᠯᠵᠠᠯᠲᠤ ︽ | ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢ ᠴᠢᠩᠭᠠᠳᠬᠠᠪᠠ᠃ 2013 ᠣᠨ ᠤ 11 ᠳ᠋ᠦᠭᠡᠷ ᠰᠠᠷ᠎ᠠ ᠠᠴᠠ | ᠡᠬᠢᠯᠡᠨ᠂ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ︽ᠮᠥᠩᠭᠦᠨ ᠭᠦᠢᠯᠭᠡᠭᠡᠨ ᠢᠶᠠᠷ ᠶᠠᠳᠠᠭᠤ ᠶᠢ | ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾ ᠢ ᠬᠡᠷᠡᠭᠵᠢᠭᠦᠯᠪᠡ᠃ ︽ᠵᠠᠰᠠᠭ ᠤᠨ ᠣᠷᠳᠣᠨ + ᠡᠳ᠋ ᠤᠨ | ᠵᠠᠰᠠᠭ + ᠮᠥᠩᠭᠦᠨ ᠭᠦᠢᠯᠭᠡᠭᠡ︾ ᠶᠢᠨ ᠶᠠᠳᠠᠭᠤ ᠶᠢ ᠲᠡᠳᠬᠦᠬᠦ ᠵᠠᠭᠪᠤᠷ ᠢ ᠠᠪᠴᠤ᠂ ᠡᠳ᠋ ᠤᠨ ᠵᠠᠰᠠᠭ ᠤᠨ | ᠶᠠᠳᠠᠭᠤ ᠶᠢ ᠲᠡᠳᠬᠦᠬᠦ ᠳᠠᠭᠠᠭᠠᠯᠲᠠ ᠶᠢᠨ ᠨᠥᠬᠦᠪᠥᠷᠢ ᠶᠢᠨ ᠲᠤᠰᠬᠠᠶ ᠪᠡᠯᠡ ᠮᠥᠩᠭᠦ ᠭᠠᠷᠭᠠᠵᠤ᠂ ᠶᠠᠳᠠᠭᠤ ᠶᠢ | ᠲᠡᠳᠬᠦᠬᠦ ᠲᠤᠰᠬᠠᠶ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠭᠠᠷᠭᠠᠵᠤ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠳᠡᠮ ᠬᠦᠤ ᠲᠠᠢ ᠳᠡᠮᠵᠢᠯᠭᠡ ᠦᠵᠡᠭᠦᠯᠵᠦ᠂ ᠶᠠᠳᠠᠭᠤ ᠬᠦᠴᠢᠷᠳᠡᠯᠲᠡᠶ ᠲᠠᠷᠢᠶᠠᠴᠢᠨ ᠮᠠᠯᠴᠢᠳ ᠤᠨ | ᠳᠠᠭᠠᠭᠠᠯᠲᠠ ᠬᠢᠬᠦ ᠳᠤ ᠬᠦᠴᠢᠷᠲᠡᠶ᠂ ᠵᠢᠭᠡᠯᠡᠯᠭᠡ ᠵᠢᠭᠡᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠴᠢᠷᠮᠠᠶᠢᠨ | ᠰᠢᠢᠳᠪᠦᠷᠢᠯᠡᠪᠡ᠃ | 2019 ᠣᠨ ᠤ ᠡᠴᠦᠰ ᠲᠤ᠂ ᠪᠥᠬᠦ ᠣᠷᠣᠨ ᠤ ᠮᠥᠩᠭᠦᠨ ᠭᠦᠢᠯᠭᠡᠭᠡᠨ ᠤ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠬᠦ ᠵᠢᠭᠡᠯᠡᠯᠭᠡ ᠶᠢᠨ ᠦᠯᠡᠳᠡᠪᠦᠷᠢ 982.6 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ | ᠬᠤᠪᠢ ᠬᠥᠮᠦᠨ ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠦᠯᠡᠳᠡᠪᠦᠷᠢ 152.6 | ᠳ᠋ᠦᠩᠰᠢᠭᠤᠷ ᠲᠥᠭᠦᠷᠢᠭ᠂ ᠠᠵᠤ ᠦᠢᠯᠡᠰ ᠤᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠵᠢᠭᠡᠯᠡᠯᠭᠡ 453. | 4 ᠳ᠋ᠦᠩᠰᠢᠭᠤᠷ ᠲᠥᠭᠦᠷᠢᠭ᠂ ᠲᠥᠷᠥᠯ ᠵᠦᠢᠯ ᠤᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ | ᠦᠯᠡᠳᠡᠪᠦᠷᠢ 376.6 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 21.5 ᠳ᠋ᠦᠩᠰᠢᠭᠤᠷ ᠲᠥᠭᠦᠷᠢᠭ ᠤᠨ | ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠩ ᠣᠯᠠᠨ | ᠭᠠᠵᠠᠷ ᠤᠨ ᠵᠢᠭᠡᠯᠡᠯᠭᠡ ᠶᠢᠨ ᠪᠡᠯᠡ ᠮᠥᠩᠭᠦ ᠶᠢ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠳᠤ ᠣᠷᠣᠭᠤᠯᠬᠤ ᠶᠢ | ᠢᠳᠡᠪᠬᠢᠲᠡᠶ ᠳᠠᠶᠢᠴᠢᠯᠠᠵᠠᠶ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠦᠷᠳᠡᠵᠦ ᠪᠣᠯᠬᠤᠶᠢᠴᠠ ᠴᠢᠨᠠᠷ | ᠢᠯᠡᠳᠲᠡ ᠳᠡᠭᠡᠭᠰᠢᠯᠡᠪᠡ᠃ | ᠠᠵᠤ ᠠᠬᠤᠶᠢᠯᠠᠯ ᠳᠤ ᠦᠢᠯᠡᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ | ᠪᠠᠲᠤᠯᠠᠭ᠎ᠠ ᠬᠠᠩᠭᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠡᠯ᠎ᠡ | ᠱᠠᠲᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠲᠣᠯᠣᠭᠠᠶᠢᠯᠠᠭᠴᠢ | ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠭᠦᠨ ᠠᠭᠤᠰᠤᠯᠴᠠᠯ ᠢ ᠶᠡᠬᠡᠪᠡᠷ ᠠᠬᠢᠭᠤᠯᠵᠠᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠠᠮᠵᠢᠵᠤ᠂ ᠮᠣᠩᠭᠤᠯ ᠬᠤᠳᠠᠯᠳᠤᠭ᠎ᠠ ᠶᠢ | ᠪᠣᠳᠠᠲᠠᠶᠢᠵᠢᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ᠂ ᠮᠣᠩᠭᠤᠯ ᠥᠰᠥᠭ ᠤᠨ ᠨᠡᠷ᠎ᠡ ᠲᠡᠮᠳᠡᠭᠲᠦ ᠶᠢ ᠨᠠᠩ | ᠬᠡᠭᠡᠨᠴᠢᠷ ᠰᠠᠶᠢᠬᠠᠨ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠠᠵᠤ | ᠠᠬᠤᠶᠢᠯᠠᠯ ᠢ ᠭᠤᠤᠯᠳᠠᠯᠭ᠎ᠠ ᠲᠠᠢ ᠳᠡᠮᠵᠢᠨ᠎ᠡ᠃ 2019 ᠣᠨ ᠤ ᠡᠴᠦᠰ ᠲᠤ᠂ ᠥᠪᠥᠷ ᠮᠣᠩᠭᠤᠯ ᠤᠨ ᠨᠡᠶᠢᠭᠡᠮ ᠤᠨ | ᠪᠠᠯᠠ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ 1492.1 ᠳ᠋ᠦᠩᠰᠢᠭᠤᠷ ᠲᠥᠭᠦᠷᠢᠭ ᠪᠠᠶᠢᠵᠤ᠂ ᠰᠢᠭᠤᠳ | ᠪᠠᠯᠠ ᠲᠣᠬᠢᠷᠠᠭᠤᠯᠭ᠎ᠠ ᠲᠣᠭᠲᠠᠭᠤᠨ ᠢᠶᠠᠷ ᠨᠡᠮᠡᠭᠳᠡᠪᠡ᠃ | 2018 ᠣᠨ ᠠᠴᠠ ᠤᠳᠤ ᠪᠣᠯᠲᠠᠯ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷ᠂ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ | ᠨᠠᠮᠳᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠤᠨ ᠬᠦᠴᠦᠨ ᠢ ᠠᠬᠢᠭᠤᠯᠬᠤ | ᠲᠥᠪ ᠨᠢᠭᠡᠨᠲᠡ 16 ᠪᠠᠩᠬᠢ᠂ 5 ᠳᠠᠭᠠᠭᠠᠯᠲᠠ ᠶᠢᠨ ᠺᠣᠮᠫᠠᠨᠢ᠂ 4 ᠦᠨᠡᠯᠡᠨ ᠵᠢᠱᠢᠬᠦ ᠺᠣᠮᠫᠠᠨᠢ ᠲᠠᠢ ᠬᠠᠮᠲᠤᠷᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠠᠨᠵᠢᠯᠠᠬᠤ ᠲᠦᠭᠰᠢᠭᠦᠷᠢ ᠶᠢ ᠨᠥᠬᠦᠪᠥᠷᠢᠯᠡᠬᠦ ᠪᠡᠯᠡ | ᠮᠥᠩᠭᠦ 1.1 ᠳ᠋ᠦᠩᠰᠢᠭᠤᠷ ᠲᠥᠭᠦᠷᠢᠭ ᠣᠷᠣᠭᠤᠯᠵᠤ᠂ ᠪᠠᠩᠬᠢ ᠠᠴᠠ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ 80 ᠠᠵᠤ ᠠᠬᠤᠶᠢᠯᠠᠯ ᠳᠤ 104 ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠳᠠᠨᠵᠢᠯᠠᠭᠰᠠᠨ ᠪᠡᠯᠡ ᠲᠤᠬᠢᠷᠠᠭᠤᠯᠭ᠎ᠠ ᠶᠢᠨ ᠵᠢᠭᠡᠯᠡᠯᠭᠡ ᠬᠠᠩᠭᠠᠬᠤ ᠶᠢ ᠠᠬᠢᠭᠤᠯᠵᠤ᠂ ᠵᠢᠭᠡᠯᠡᠯᠭᠡ ᠶᠢᠨ ᠬᠡᠪᠴᠢᠶ᠎ᠡ 18. | 8 ᠳ᠋ᠦᠩᠰᠢᠭᠤᠷ ᠲᠥᠭᠦᠷᠢᠭ ᠲᠤ ᠬᠦᠷᠪᠡ᠃ ᠥᠪᠥᠷ ᠮᠣᠩᠭᠤᠯ ᠤᠨ ᠪᠠᠩᠬᠢ ᠪᠠᠷ ᠵᠢᠱᠢᠶᠡᠯᠡᠪᠡᠯ᠂ 2019 ᠣᠨ ᠤ | ᠡᠴᠦᠰ ᠪᠣᠯᠲᠠᠯ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ | ᠦᠯᠡᠳᠡᠪᠦᠷᠢ 21 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 31% ᠪᠠᠷ ᠨᠡᠮᠡᠭᠳᠡᠵᠡᠶ᠃ | ᠵᠢᠭᠡᠯᠡᠯᠭᠡ ᠲᠠᠯᠪᠢᠬᠤ ᠬᠡᠷᠡᠭᠯᠡᠭᠴᠢ ᠳᠤ ᠱᠤᠸᠠᠩ ᠰᠢᠨ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ᠂ ᠰᠢᠶᠠᠨ | ᠬᠤᠩ ᠰᠢᠨᠵᠢᠯᠡᠬᠦ ᠤᠬᠠᠭᠠᠨ ᠮᠡᠷᠭᠡᠵᠢᠯ᠂ ᠪᠠᠶ ᠪᠠᠩ ᠰᠢᠨᠵᠢᠯᠡᠬᠦ ᠤᠬᠠᠭᠠᠨ ᠮᠡᠷᠭᠡᠵᠢᠯ᠂ ᠵᠢᠶᠠᠨ ᠯᠦᠩ ᠠᠮᠢᠳᠤ ᠪᠣᠳᠠᠰ | ᠂ ᠯᠢᠦᠢ ᠰᠢᠶᠦ᠋ᠨ ᠲᠠᠷᠢᠶᠠᠯᠠᠩ ᠮᠠᠯ ᠠᠵᠤ ᠠᠬᠤᠶ᠂ ᠪᠧᠶ ᠴᠢᠩ ᠮᠡᠳᠡᠭᠡ ᠵᠠᠩᠭᠢ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠠᠭᠲᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠵᠤ ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃ | ᠮᠥᠩᠭᠦᠨ ᠭᠦᠢᠯᠭᠡᠭᠡ ᠠᠮᠢᠳᠤᠯᠢᠭ ᠪᠣᠯᠪᠠᠯ ᠠᠵᠤ ᠠᠬᠤᠢ ᠠᠮᠢᠳᠤᠯᠢᠭ ᠪᠣᠯᠤᠨ᠎ᠠ᠃ ᠮᠥᠩᠭᠦᠨ ᠭᠦᠢᠯᠭᠡᠭᠡ | ᠲᠣᠭᠲᠠᠭᠤᠨ᠂ ᠠᠵᠤ ᠠᠬᠤᠢ ᠲᠣᠭᠲᠠᠭᠤᠨ᠃ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢᠨ ᠶᠡᠭᠡ | ᠠᠬᠤᠶ ᠪᠠᠶᠢᠳᠠᠯ ᠳᠣᠣᠷ᠎ᠠ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠬᠢᠨ ᠥᠪᠡᠷ ᠤᠨ | ᠳᠠᠪᠠᠭᠤᠯᠢᠭ ᠢᠶᠠᠨ ᠪᠠᠳᠠᠷᠠᠭᠤᠯᠵᠤ ᠥᠪᠡᠷᠮᠢᠴᠡ ᠣᠨᠴᠠᠯᠢᠭ ᠲᠠᠢ ᠬᠤᠳᠠᠯᠳᠤᠭᠠᠨ ᠤ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠳ ᠤᠨ ᠮᠥᠩᠭᠦᠨ ᠭᠦᠢᠯᠭᠡᠭᠡᠨ ᠤ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠵᠦ᠂ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠳᠤ ᠦᠢᠯᠡᠴᠢᠯᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠭᠠᠷᠮᠠᠭᠠᠢ ᠮᠥᠩᠭᠦᠨ ᠭᠦᠢᠯᠭᠡᠭᠡᠨ ᠤ ᠬᠦᠴᠦᠨ ᠴᠢᠳᠠᠯ ᠢ | ᠨᠡᠮᠡᠷᠢᠯᠡᠪᠡ᠃ |