ᠠᠵᠢᠯ ᠣᠯᠭᠤᠯᠲᠠ ᠶᠢ ᠠᠬᠢᠭᠤᠯᠵᠤ ᠬᠦᠴᠦᠷᠬᠡᠭᠵᠢᠭᠦᠯᠬᠦ ᠶᠢ ᠪᠠᠲᠤᠯᠠᠵᠤ ᠠᠷᠠᠳ ᠢᠷᠭᠡᠳ ᠤᠨ ᠵᠣᠯ ᠵᠢᠷᠭᠠᠯ ᠢ ᠪᠦᠲᠦᠭᠡᠶ᠎ᠡ
ᠨᠡᠶᠢᠲᠡᠯᠡᠭᠰᠡᠨ ᠴᠠᠭ᠄
2020/12/2
   — ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠴᠤᠪᠤᠷᠠᠯ ᠮᠡᠳᠡᠭᠡᠯᠡᠯ ᠠᠷᠪᠠᠨ ᠬᠤᠶᠠᠷ    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠢᠯᠡᠳᠬᠡᠯ ᠳᠤ ᠲᠣᠳᠣᠷᠬᠠᠶ ᠳᠤᠷᠠᠳᠤᠭᠰᠠᠨ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠴᠢᠬᠤᠯᠠ ᠬᠠᠷᠠᠯᠲᠠ ᠪᠣᠯ ᠠᠵᠢᠯ ᠣᠯᠭᠤᠯᠲᠠ ᠶᠢ ᠨᠡᠩ ᠭᠦᠢᠴᠡᠳ ᠪᠣᠯᠭᠠᠬᠤ ᠶᠢ ᠦᠨᠡᠨ ᠬᠦ ᠪᠠᠲᠤᠯᠠᠵᠤ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠶᠠᠪᠤᠳᠠᠯ ᠪᠣᠯᠤᠨ᠎ᠠ᠃    ᠠᠵᠢᠯ ᠣᠯᠭᠤᠯᠲᠠ ᠶᠢᠨ ᠬᠡᠪᠴᠢᠶ᠎ᠡ ᠶᠢ ᠥᠷᠭᠡᠳᠬᠡᠭᠡᠳ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠠᠭᠤᠷᠢ ᠶᠢ ᠪᠠᠬᠢᠵᠢᠭᠦᠯᠪᠡ᠃ ᠠᠵᠢᠯ ᠣᠯᠭᠤᠯᠲᠠ ᠨᠢ ᠨᠢᠭᠡ ᠲᠠᠯ᠎ᠠ ᠪᠠᠷ ᠠᠵᠤ ᠠᠬᠤᠶᠢᠯᠠᠯ ᠤᠨ ᠦᠢᠯᠡᠳᠪᠦᠷᠢᠯᠡᠯ᠂ ᠠᠵᠤ ᠠᠬᠤᠢ ᠶᠢᠨ ᠬᠥᠭᠵᠢᠯᠲᠡ ᠲᠠᠢ ᠬᠤᠯᠪᠣᠭᠳᠠᠵᠤ᠂ ᠨᠢᠭᠡ ᠲᠠᠯ᠎ᠠ ᠪᠠᠷ ᠲᠦᠭ ᠲᠦᠮᠡᠨ ᠠᠶᠢᠯ ᠡᠷᠦᠬᠡ᠂ ᠠᠷᠠᠳ ᠤᠨ ᠠᠮᠢᠳᠤᠷᠠᠯ ᠤᠨ ᠬᠠᠯᠠᠭᠤᠨ ᠬᠦᠢᠲᠡᠨ ᠲᠠᠢ ᠬᠤᠯᠪᠣᠭᠳᠠᠵᠤ ᠪᠠᠶᠢᠳᠠᠭ᠃ ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠥᠬᠦ ᠣᠷᠣᠨ ᠤ ᠠᠵᠢᠯ ᠣᠯᠭᠤᠯᠲᠠ ᠶᠢᠨ ᠬᠡᠪᠴᠢᠶ᠎ᠡ ᠲᠠᠰᠤᠷᠠᠯᠲᠠ ᠥᠬᠡᠶ ᠥᠷᠭᠡᠵᠢᠪᠡ᠃ 2019 ᠣᠨ ᠤ ᠡᠴᠦᠰ ᠲᠤ᠂ ᠪᠥᠬᠦ ᠣᠷᠣᠨ ᠤ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ 1331.0 ᠲᠦᠮᠡᠨ ᠬᠥᠮᠦᠨ ᠳᠤ ᠬᠦᠷᠴᠦ᠂ 2012 ᠣᠨ ᠤ ᠬᠢ ᠠᠴᠠ 26.1 ᠲᠦᠮᠡᠨ ᠬᠥᠮᠦᠨ ᠨᠡᠮᠡᠭᠳᠡᠪᠡ᠃ ᠬᠤᠳᠠ ᠪᠠᠯᠭᠠᠰᠤᠨ ᠤ ᠠᠵᠢᠯ ᠣᠯᠭᠤᠯᠲᠠ ᠶᠢᠨ ᠠᠵᠢᠯ ᠯᠠᠪᠳᠠᠭᠤᠨ ᠢᠶᠠᠷ ᠠᠬᠢᠪᠠ᠃ ᠡᠭᠦᠨ ᠳᠤ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ 8 ᠵᠢᠯ ᠳᠠᠷᠠᠭᠠᠯᠠᠨ ᠵᠢᠯ ᠪᠦᠷᠢ 25 ᠲᠦᠮᠡᠨ ᠬᠥᠮᠦᠨ ᠠᠴᠠ ᠳᠡᠭᠡᠭᠰᠢ ᠨᠡᠮᠡᠭᠳᠡᠵᠦ᠂ ᠨᠡᠶᠢᠲᠡ 212 ᠲᠦᠮᠡᠨ ᠬᠥᠮᠦᠨ ᠢ ᠳᠠᠪᠠᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠤᠷᠳᠤ ᠬᠤᠭᠤᠴᠠᠭ᠎ᠠ ᠪᠠᠷ 4% ᠶᠢᠨ ᠳᠣᠲᠣᠷ᠎ᠠ ᠳᠣᠤᠷ᠎ᠠ ᠪᠠᠶᠢᠷᠢᠨ ᠳᠤ ᠲᠣᠭᠲᠠᠭᠤᠨ ᠪᠠᠶᠢᠬᠤ ᠶᠢ ᠪᠠᠲᠤᠯᠠᠪᠠ᠃ ᠭᠤᠤᠯᠳᠠᠯᠭ᠎ᠠ ᠲᠠᠢ ᠠᠵᠢᠯ ᠣᠯᠭᠤᠯᠲᠠ ᠶᠢᠨ ᠬᠠᠮᠲᠤᠯᠢᠭ ᠤᠨ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ 2019 ᠣᠨ ᠳᠤ᠂ ᠪᠥᠬᠦ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ 14.98 ᠲᠦᠮᠡᠨ ᠬᠥᠮᠦᠨ ᠳᠤ ᠠᠵᠢᠯ ᠣᠯᠭᠤᠵᠤ᠂ 254.7 ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠰᠢᠯᠵᠢᠭᠦᠯᠦᠨ ᠠᠵᠢᠯ ᠣᠯᠭᠤᠵᠤ᠂ ᠠᠵᠢᠯ ᠣᠯᠭᠤᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠬᠡᠭᠰᠡᠨ ᠨᠢ᠂ ᠮᠠᠨ ᠤ ᠣᠷᠣᠨ ᠤ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠬᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃    ᠠᠵᠢᠯ ᠣᠯᠭᠤᠯᠲᠠ ᠶᠢᠨ ᠪᠦᠲᠦᠴᠡ ᠶᠢ ᠰᠢᠯᠢᠳᠡᠭᠵᠢᠭᠦᠯᠦᠭᠡᠳ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠠᠭᠤᠷᠢ ᠦᠡᠭᠭᠡ ᠶᠢ ᠨᠡᠮᠡᠭᠳᠡᠭᠦᠯᠪᠡ᠃ ᠮᠠᠨ ᠤ ᠣᠷᠣᠨ ᠤ ᠠᠵᠤ ᠦᠢᠯᠡᠰ ᠤᠨ ᠪᠦᠲᠦᠴᠡ᠂ ᠬᠤᠲᠠ ᠬᠥᠳᠡᠭᠡ ᠶᠢᠨ ᠪᠦᠲᠦᠴᠡ ᠶᠢᠨ ᠲᠠᠰᠤᠷᠠᠯᠲᠠ ᠦᠭᠡᠢ ᠰᠢᠯᠢᠳᠡᠭᠵᠢᠬᠦ ᠶᠢ ᠳᠠᠭᠠᠯᠳᠤᠨ᠂ ᠠᠵᠢᠯ ᠣᠯᠭᠤᠬᠤ ᠠᠷᠭ᠎ᠠ ᠵᠠᠮ ᠨᠠᠩ ᠣᠯᠠᠨ ᠡᠰᠢᠵᠢᠵᠦ᠂ ᠠᠵᠢᠯ ᠣᠯᠭᠤᠬᠤ ᠬᠡᠯᠪᠡᠷᠢ ᠪᠠᠶᠢᠳᠠᠯ ᠨᠠᠩ ᠪᠠᠶᠠᠯᠢᠭᠵᠢᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠰᠢᠨ᠎ᠡ ᠠᠵᠤ  ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠤᠳᠠᠯᠳᠤᠭᠠᠨ ᠤ ᠵᠠᠭᠪᠤᠷ ᠤᠨ ᠠᠵᠢᠯ ᠣᠯᠭᠤᠯᠲᠠ ᠶᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠠᠵᠢᠯ ᠣᠯᠭᠤᠯᠲᠠ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠭᠤᠷᠪᠠᠳᠤᠭᠠᠷ ᠠᠵᠤ  ᠦᠢᠯᠡᠰ ᠤᠨ ᠠᠵᠢᠯ ᠣᠯᠭᠤᠯᠲᠠ ᠶᠢᠨ ᠭᠤᠤᠯᠯᠠᠬᠤ ᠳᠠᠪᠠᠭᠤᠯᠢᠭ ᠦᠷᠭᠦᠯᠵᠢᠯᠡᠨ ᠪᠠᠬᠢᠵᠢᠪᠡ᠃ 2012 ᠣᠨ ᠳᠤ᠂ ᠪᠦᠬᠦ ᠣᠷᠣᠨ ᠤ ᠭᠤᠷᠪᠠᠨ ᠠᠵᠤ ᠦᠢᠯᠡᠰ ᠤᠨ ᠠᠵᠢᠯ ᠣᠯᠭᠤᠯᠲᠠ ᠶᠢᠨ ᠪᠦᠲᠦᠴᠡ 44.7᠄ 18.1᠄ 37.2 ᠪᠠᠶᠢᠵᠤ᠂ ᠠᠵᠢᠯ ᠣᠯᠭᠤᠯᠲᠠ ᠶᠢᠨ ᠪᠦᠲᠦᠴᠡ ᠳᠤ ︽ᠨᠢᠭᠡ ᠭᠤᠷᠪᠠ ᠬᠤᠶᠠᠷ︾ ᠤᠨ ᠣᠨᠴᠠᠯᠢᠭ ᠢᠯᠡᠷᠡᠪᠡ᠃ ᠨᠢᠭᠡᠳᠦᠭᠡᠷ ᠠᠵᠤ  ᠦᠢᠯᠡᠰ ᠪᠣᠯ ᠮᠥᠨ ᠯᠡ ᠬᠠᠮᠤᠭ ᠤᠨ ᠣᠯᠠᠨ ᠠᠵᠢᠯ ᠣᠯᠭᠤᠯᠲᠠ ᠶᠢ ᠰᠢᠩᠭᠡᠭᠡᠨ ᠠᠪᠤᠭᠰᠠᠨ ᠠᠵᠤ ᠦᠢᠯᠡᠰ ᠪᠣᠯᠤᠨ᠎ᠠ᠃ 2019 ᠣᠨ ᠪᠣᠯᠬᠤ ᠳᠤ᠂ ᠪᠦᠬᠦ ᠣᠷᠣᠨ ᠤ ᠭᠤᠷᠪᠠᠨ ᠠᠵᠤ ᠦᠢᠯᠡᠰ ᠤᠨ ᠠᠵᠢᠯ ᠣᠯᠭᠤᠯᠲᠠ ᠶᠢᠨ ᠬᠤᠪᠢ ᠶᠢᠨ ᠵᠢᠩ 41.8᠄ 15.7᠄ 42.4 ᠪᠣᠯᠵᠤ᠂ ᠠᠵᠢᠯ ᠣᠯᠭᠤᠯᠲᠠ ᠶᠢᠨ ᠪᠦᠲᠦᠴᠡ ᠳᠤ ︽ᠭᠤᠷᠪᠠ ᠨᠢᠭᠡ ᠬᠤᠶᠠᠷ︾ ᠤᠨ ᠣᠨᠴᠠᠯᠢᠭ ᠢᠯᠡᠷᠡᠪᠡ᠃ ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠬᠤᠪᠢ ᠶᠢᠨ ᠵᠢᠩ 2012 ᠣᠨ ᠤ ᠬᠢ ᠠᠴᠠ 5.2 ᠵᠠᠭᠤᠨ ᠤ ᠨᠢᠭᠡᠴᠢ ᠳᠡᠭᠡᠭᠰᠢᠯᠡᠵᠦ᠂ ᠭᠤᠷᠪᠠᠳᠤᠭᠠᠷ ᠠᠵᠤ ᠦᠢᠯᠡᠰ ᠨᠢᠭᠡᠨᠲᠡ ᠠᠵᠢᠯ ᠣᠯᠭᠤᠯᠲᠠ ᠶᠢ ᠰᠢᠩᠭᠡᠭᠡᠨ ᠠᠪᠬᠤ ᠭᠤᠤᠯ ᠬᠦᠴᠦᠨ ᠪᠣᠯᠵᠠᠶ᠃ ᠢᠯᠠᠩᠭᠤᠶ᠎ᠠ ᠮᠥᠩᠭᠦᠨ  ᠭᠦᠢᠯᠭᠡᠭᠡᠨ ᠤ ᠦᠢᠯᠡᠰ᠂ ᠵᠥᠭᠡᠯᠡᠨ ᠲᠣᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ  ᠦᠢᠯᠡᠴᠢᠯᠡᠭᠡᠨ ᠤ ᠦᠢᠯᠡᠰ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠪᠣᠯᠤᠨ ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠦᠢᠯᠡᠰ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠮᠠᠰᠢ ᠲᠦᠷᠭᠡᠨ᠂ ᠠᠵᠢᠯ ᠣᠯᠭᠤᠯᠲᠠ ᠶᠢᠨ ᠬᠡᠪᠴᠢᠶ᠎ᠡ ᠨᠢ ᠴᠥᠮ 2012 ᠣᠨ ᠤ ᠬᠢ ᠠᠴᠠ ᠬᠤᠶᠠᠷ ᠲᠠᠬᠢᠨ ᠢᠯᠡᠭᠦᠤ ᠨᠡᠮᠡᠭᠳᠡᠪᠡ᠃ ᠬᠤᠳᠠ ᠪᠠᠯᠭᠠᠰᠤᠨ ᠤ ᠠᠵᠢᠯ ᠣᠯᠭᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠵᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠤᠳᠠ ᠪᠠᠯᠭᠠᠰᠣᠵᠢᠯᠳᠡ ᠶᠢᠨ ᠠᠬᠢᠴᠠ ᠶᠢᠨ ᠲᠦᠷᠭᠡᠳᠬᠡᠬᠦ ᠶᠢ ᠳᠠᠭᠠᠯᠳᠤᠨ᠂ ᠬᠤᠳᠠ ᠪᠠᠯᠭᠠᠰᠤᠨ ᠤ ᠠᠵᠢᠯ ᠣᠯᠭᠤᠯᠲᠠ ᠶᠢᠨ ᠬᠤᠪᠢ ᠶᠢᠨ ᠵᠢᠩ ᠢᠯᠡᠳᠲᠡ ᠳᠡᠭᠡᠭᠰᠢᠯᠡᠪᠡ᠃ 2019 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠠᠵᠢᠯ ᠣᠯᠤᠭᠰᠠᠳ 619.5 ᠲᠦᠮᠡᠨ ᠬᠥᠮᠦᠨ᠂ ᠠᠵᠢᠯ ᠣᠯᠭᠤᠯᠲᠠ ᠶᠢᠨ ᠬᠤᠪᠢ ᠶᠢᠨ ᠵᠢᠩ 46.5% ᠳᠤ ᠬᠦᠷᠴᠦ᠂ 2012 ᠣᠨ ᠤ ᠬᠢ ᠠᠴᠠ ᠲᠤᠰ ᠲᠤᠰ 56.9 ᠲᠦᠮᠡᠨ ᠬᠥᠮᠦᠨ ᠪᠠ 3.4 ᠵᠠᠭᠤᠨ ᠤ ᠨᠢᠭᠡᠴᠢ ᠨᠡᠮᠡᠭᠳᠡᠪᠡ᠃ ᠡᠭᠦᠨ ᠤ ᠬᠠᠮᠲᠤ᠂ ᠬᠥᠳᠡᠭᠡ ᠲᠣᠰᠬᠤᠨ ᠤ ᠠᠵᠢᠯ ᠣᠯᠭᠤᠯᠲᠠ ᠶᠢᠨ ᠬᠡᠪᠴᠢᠶ᠎ᠡ ᠦᠷᠭᠦᠯᠵᠢᠯᠡᠨ ᠪᠠᠭᠠᠰᠪᠠ᠃ 2019 ᠣᠨ ᠳᠤ᠂ ᠪᠥᠬᠦ ᠣᠷᠣᠨ ᠤ ᠬᠥᠳᠡᠭᠡ ᠲᠣᠰᠬᠤᠨ ᠤ ᠠᠵᠢᠯ ᠣᠯᠤᠭᠰᠠᠨ ᠬᠥᠮᠦᠨ ᠤ ᠲᠤᠭ᠎ᠠ 711.5 ᠲᠦᠮᠡᠨ ᠬᠥᠮᠦᠨ᠂ 2012 ᠣᠨ ᠤ ᠬᠢ ᠠᠴᠠ 30.8 ᠲᠦᠮᠡᠨ ᠬᠥᠮᠦᠨ ᠬᠠᠰᠤᠭᠳᠠᠵᠤ᠂ ᠬᠥᠳᠡᠭᠡ ᠲᠣᠰᠬᠤᠨ ᠤ ᠦᠯᠡᠭᠦᠤ ᠬᠥᠳᠡᠯᠮᠦᠷᠢ ᠶᠢᠨ ᠬᠦᠴᠦᠨ ᠨᠢ ᠬᠤᠲᠠ ᠪᠠᠯᠭᠠᠰᠤ ᠲᠡᠰᠢ ᠠᠬᠢᠬᠤ ᠬᠤᠷᠳᠤᠴᠠ ᠠᠯᠬᠤᠮ ᠠᠯᠬᠤᠮ ᠢᠶᠠᠷ ᠲᠦᠷᠭᠡᠳᠦᠭᠰᠡᠨ ᠢ ᠢᠯᠡᠷᠡᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠰᠢᠩᠭᠡᠭᠡᠨ ᠠᠪᠴᠤ ᠠᠵᠢᠯ ᠣᠯᠭᠤᠬᠤ ᠶᠠᠪᠤᠳᠠᠯ ᠮᠡᠳᠡᠭᠳᠡᠬᠦ᠋ᠢᠴᠡ ᠴᠢᠩᠭᠠᠷᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠵᠢᠯ ᠣᠯᠭᠤᠬᠤ ᠦᠢᠯᠡᠰ ᠪᠣᠰᠬᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠰ ᠪᠣᠰᠬᠠᠬᠤ ᠪᠠᠷᠢᠮᠵᠢᠶ᠎ᠠ ᠶᠢ ᠳᠣᠷᠣᠭᠰᠢᠯᠠᠭᠤᠯᠵᠤ᠂ ᠲᠦᠮᠡᠨ ᠣᠯᠠᠨ ᠢᠶᠠᠷ ᠢᠶᠠᠨ ᠦᠢᠯᠡᠰ ᠪᠣᠰᠬᠠᠬᠤ ᠣᠷᠣᠨ ᠵᠠᠶ ᠪᠠᠶᠢᠭᠤᠯᠵᠤ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠡᠷᠴᠢᠮ ᠢᠶᠠᠨ ᠨᠡᠮᠡᠭᠳᠡᠭᠦᠯᠵᠦ᠂ ᠦᠢᠯᠡᠰ ᠪᠣᠰᠬᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠢᠯᠡᠰ ᠪᠣᠰᠬᠠᠬᠤ  ᠦᠢᠯᠡᠴᠢᠯᠡᠭᠡ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠨᠡᠶᠢᠲᠡ ᠶᠢᠨ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠤᠷᠢᠳ ᠡᠮᠦᠨ᠎ᠡ ᠭᠠᠷᠤᠭ᠎ᠠ ᠦᠭᠡᠢ ᠬᠥᠭᠵᠢᠶᠡᠨᠲᠡᠶ ᠪᠠᠶᠢᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ 2019 ᠣᠨ ᠳᠤ᠂ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠨᠡᠶᠢᠲᠡ ᠶᠢᠨ ᠥᠮᠴᠢᠯᠡᠯ ᠤᠨ ᠪᠤᠰᠤ ᠵᠠᠬ᠎ᠠ ᠳᠡᠯᠭᠡᠭᠦᠷ ᠤᠨ ᠭᠤᠤᠯ ᠴᠣᠭᠴᠠ ᠨᠢᠭᠡᠨᠲᠡ 199.8 ᠲᠦᠮᠡᠨ ᠡᠷᠦᠬᠡ ᠶᠢ ᠳᠠᠪᠠᠵᠤ᠂ ᠪᠥᠬᠦ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠲᠤᠭ᠎ᠠ ᠶᠢᠨ 97.4% ᠠᠴᠠ ᠳᠡᠭᠡᠭᠰᠢᠬᠢ ᠶᠢ ᠡᠵᠡᠯᠡᠪᠡ᠃    ᠴᠠᠯᠢᠩ ᠤᠨ ᠣᠷᠣᠯᠭ᠎ᠠ ᠳᠡᠭᠡᠭᠰᠢᠯᠡᠭᠡᠳ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠣᠷᠣᠯᠭ᠎ᠠ ᠶᠢᠨ ᠨᠡᠮᠡᠭᠳᠡᠯ ᠪᠣᠯ ᠠᠵᠢᠯ ᠣᠯᠭᠤᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢᠨ ᠳᠣᠲᠣᠭᠠᠳᠤ ᠱᠠᠭᠠᠷᠳᠠᠯᠭ᠎ᠠ ᠮᠥᠨ᠂ ᠪᠠᠰᠠ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠴᠢᠬᠤᠯᠠ ᠪᠡᠯᠭᠡ ᠲᠡᠮᠳᠡᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠢᠯᠡᠳᠬᠡᠯ ᠳᠤ᠄ ︽2020 ᠣᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ 2010 ᠣᠨ ᠤ ᠬᠢ ᠠᠴᠠ ᠬᠤᠶᠠᠷ ᠲᠠᠬᠢᠨ ᠪᠣᠯᠲᠠᠯ᠎ᠠ ᠨᠡᠮᠡᠭᠳᠡᠭᠦᠯᠦᠨ᠎ᠡ︾ ᠭᠡᠵᠦ ᠳᠤᠷᠠᠳᠤᠨ ᠭᠠᠷᠭᠠᠪᠠ᠃ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠳᠣᠲᠣᠷᠠᠬᠢ ᠴᠠᠯᠢᠩ ᠤᠨ ᠴᠢᠨᠠᠷᠲᠠᠶ ᠣᠷᠣᠯᠭ᠎ᠠ ᠶᠢᠨ ᠡᠵᠡᠯᠡᠬᠦ ᠬᠠᠷᠢᠴᠠᠯ ᠬᠠᠮᠤᠭ ᠶᠡᠭᠡ᠂ ᠢᠯᠠᠩᠭᠤᠶ᠎ᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠴᠠᠯᠢᠩ ᠤᠨ ᠣᠷᠣᠯᠭ᠎ᠠ ᠨᠢ ᠪᠦᠬᠦ ᠣᠷᠣᠯᠭ᠎ᠠ ᠶᠢᠨ ᠬᠢᠨᠢ 6 ᠬᠤᠪᠢ ᠠᠴᠠ ᠳᠡᠭᠡᠭᠰᠢᠬᠢ ᠶᠢ ᠡᠵᠡᠯᠡᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠲᠣᠭᠲᠠᠭᠠᠬᠤ ᠵᠠᠩᠭᠢᠯᠠᠭ᠎ᠠ ᠶᠢᠨ ᠬᠦᠴᠦᠨ  ᠵᠦᠢᠯ ᠪᠣᠯᠪᠠ᠃ 2012 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠠᠴᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠥᠭᠡᠷᠡᠴᠢᠯᠡᠯᠲᠡ ᠶᠢᠨ ᠲᠥᠰᠦᠯ ᠢ ᠲᠠᠰᠤᠷᠠᠯᠲᠠ ᠦᠭᠡᠢ ᠲᠦᠷᠭᠡᠳᠬᠡᠨ  ᠨᠡᠶᠢᠳᠡᠪᠦᠷᠢᠵᠢᠭᠤᠯᠵᠤ᠂ ᠠᠵᠤ ᠠᠬᠤᠶᠢᠯᠠᠯ ᠤᠨ ᠠᠵᠢᠯᠴᠢᠨ ᠤ ᠴᠠᠯᠢᠩ ᠤᠨ ᠬᠡᠪ ᠤᠨ ᠨᠡᠮᠡᠭᠳᠡᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠣᠯᠠᠨ ᠤᠳᠠᠭ᠎ᠠ ᠲᠣᠬᠢᠷᠠᠭᠤᠯᠤᠯᠲᠠ ᠬᠢᠵᠦ᠂ ᠠᠵᠢᠯ ᠣᠯᠤᠭᠰᠠᠳ ᠤᠨ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠪᠡ᠃ 2019 ᠤᠨ ᠳᠤ᠂ ᠪᠦᠬᠦ ᠣᠷᠣᠨ ᠤ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ  ᠨᠢᠭᠡᠴᠢ ᠳᠤ ᠠᠵᠢᠯ ᠣᠯᠤᠭᠰᠠᠳ ᠤᠨ ᠵᠢᠯ ᠤᠨ ᠳᠤᠮᠳᠠᠴᠢ ᠴᠠᠯᠢᠩ 80563 ᠲᠥᠭᠦᠷᠢᠭ ᠲᠤ ᠬᠦᠷᠴᠦ᠂ 2012 ᠣᠨ ᠤ ᠬᠢ ᠠᠴᠠ 34006 ᠲᠥᠭᠦᠷᠢᠭ᠂ 73% ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 8.1% ᠪᠠᠷ ᠨᠡᠮᠡᠭᠳᠡᠪᠡ᠃ 2019 ᠣᠨ ᠤ ᠪᠦᠬᠦ ᠣᠷᠣᠨ ᠤ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ  ᠨᠢᠭᠡᠴᠢ ᠳᠤ ᠠᠵᠢᠯ ᠣᠯᠤᠭᠰᠠᠳ ᠤᠨ ᠵᠢᠯ ᠤᠨ ᠳᠤᠮᠳᠠᠴᠢ ᠴᠠᠯᠢᠩ 43491 ᠲᠥᠭᠦᠷᠢᠭ᠂ 2012 ᠤᠨ ᠤ ᠬᠢ ᠠᠴᠠ 13730 ᠲᠥᠭᠦᠷᠢᠭ᠂ 46.1% ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 5.6% ᠪᠠᠷ ᠨᠡᠮᠡᠭᠳᠡᠪᠡ᠃ ᠬᠤᠲᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ  ᠨᠢᠭᠡᠴᠢ ᠪᠣᠯᠤᠨ ᠬᠤᠪᠢ ᠶᠢᠨ ᠡᠵᠡᠩᠨᠡᠯᠲᠡ ᠶᠢᠨ  ᠨᠢᠭᠡᠴᠢ ᠶᠢᠨ ᠵᠢᠯ ᠤᠨ ᠳᠤᠮᠳᠠᠴᠢ ᠴᠠᠯᠢᠩ ᠨᠢ 2010 ᠣᠨ ᠤ ᠬᠢ ᠠᠴᠠ ᠬᠤᠶᠠᠷ ᠳᠠᠬᠢᠨ ᠢᠯᠡᠭᠦᠤ ᠨᠡᠮᠡᠭᠳᠡᠵᠡᠶ᠃ ᠡᠨᠡ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠴᠡᠶ᠃    ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠢᠯᠠᠯᠲᠠ ᠳᠤ ᠨᠡᠮᠡᠷᠢᠯᠡᠨ᠎ᠡ᠃ ᠣᠳᠣᠬᠠᠨ ᠳᠤ᠂ ᠮᠠᠨ ᠤ ᠣᠷᠣᠨ ᠨᠢᠭᠡᠨᠲᠡ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠰᠢᠢᠳᠪᠦᠷᠢᠲᠦ ᠱᠠᠲᠤᠨ ᠳᠤ ᠣᠷᠣᠪᠠ᠃ ᠭᠡᠪᠡᠴᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠪᠠᠷ ᠪᠦᠬᠦ ᠣᠷᠣᠨ ᠤ ᠠᠵᠢᠯ ᠣᠯᠭᠤᠬᠤ ᠠᠵᠢᠯ ᠲᠦᠢᠯ ᠤᠨ ᠶᠡᠭᠡ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠢᠯᠠᠩᠭᠤᠶ᠎ᠠ ᠣᠷᠣᠯᠭ᠎ᠠ ᠪᠠᠭᠠᠲᠠᠶ ᠬᠥᠮᠦᠰ᠂ ᠠᠮᠢᠳᠤᠯᠢᠭ ᠢᠶᠠᠷ ᠠᠵᠢᠯ ᠤᠯᠬᠤ ᠬᠥᠮᠦᠰ ᠪᠠ ᠳᠠᠩᠰᠠᠯᠠᠵᠤ ᠺᠠᠷᠲᠯᠠᠭᠰᠠᠨ ᠵᠡᠷᠭᠡ ᠡᠯ᠎ᠡ ᠲᠦᠷᠦᠯ ᠤᠨ ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠤᠯᠬᠤ ᠬᠦᠴᠢᠷᠳᠡᠯ ᠮᠡᠳᠡᠭᠳᠡᠬᠦ᠋ᠢᠴᠡ ᠨᠡᠮᠡᠭᠳᠡᠪᠡ᠃ ᠡᠶᠢᠮᠦ ᠠᠴᠠ᠂ ᠡᠯ᠎ᠡ ᠭᠠᠵᠠᠷ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ ᠎ᠠ ᠪᠠᠷ ᠰᠠᠶᠢᠲᠤᠷ ᠬᠢᠬᠦ ᠶᠢᠨ ᠬᠠᠮᠲᠤ᠂ ᠠᠵᠢᠯ ᠣᠯᠭᠤᠯᠲᠠ ᠶᠢᠨ ᠠᠵᠢᠯ ᠢ ᠡᠩ ᠲᠡᠷᠢᠭᠦᠨ ᠳᠤ ᠲᠠᠯᠪᠢᠬᠤ ᠶᠢ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ︽ᠨᠢᠭᠡ ᠬᠥᠮᠦᠨ ᠠᠵᠢᠯ ᠣᠯᠵᠤ᠂ ᠪᠦᠬᠦ ᠭᠡᠷ ᠢᠶᠠᠷ ᠢᠶᠠᠨ ᠶᠠᠳᠠᠭᠤ ᠠᠴᠠ ᠠᠩᠭᠢᠵᠢᠷᠠᠬᠤ︾ ᠢᠲᠡᠭᠡᠯ ᠵᠣᠷᠢᠭ ᠢᠶᠠᠷ ᠲᠦᠮᠡᠨ ᠪᠡᠷᠬᠡ ᠶᠢ ᠢᠯᠠᠨ ᠳᠠᠪᠠᠵᠤ᠂ ᠠᠵᠢᠯ ᠣᠯᠭᠤᠯᠲᠠ ᠶᠢᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠮ ᠳᠡᠭᠡᠷ᠎ᠡ ᠡᠩᠨᠡᠭᠡ ᠠᠴᠠ ᠪᠠᠨ ᠬᠤᠴᠣᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠤ ᠠᠵᠢᠯ ᠠᠯᠳᠠᠭᠰᠠᠳ ᠲᠤ 3.51 ᠲᠦᠮᠡᠨ ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠶ 1.71 ᠲᠦᠮᠡᠨ ᠬᠥᠮᠦᠨ ᠢ ᠲᠥᠪᠬᠢᠨᠡᠭᠦᠯᠵᠦ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠠᠷᠢᠯᠭᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠠᠵᠢᠯ ᠯᠠᠪᠳᠠᠭᠤᠨ ᠢᠶᠠᠷ ᠠᠬᠢᠪᠠ ᠃ ᠡᠭᠦᠨ ᠤ ᠬᠠᠮᠲᠤ᠂ ︽ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ︹2020︺48 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠭᠠᠵᠠᠷ ᠣᠷᠣᠨ ︽ᠨᠢᠭᠡ ᠶᠢ ᠳᠠᠪᠠᠭᠤᠯᠵᠤ ᠬᠤᠶᠠᠷ ᠢ ᠳᠤᠲᠠᠭᠤ ᠥᠬᠡᠶ ᠪᠠᠶᠢᠯᠭᠠᠬᠤ︾ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠬᠠᠷᠠᠯᠲᠠ ᠶᠢᠨ ᠲᠣᠭᠤᠷᠢᠨ ᠳᠤ᠂ ᠦᠷᠭᠦᠯᠵᠢᠯᠡᠨ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠭᠠᠳᠠᠭᠰᠢ ᠭᠠᠷᠴᠤ ᠬᠥᠯᠥᠰᠥᠨ ᠠᠵᠢᠯ ᠬᠢᠬᠦ ᠬᠦᠰᠡᠯ ᠲᠠᠢ ᠬᠥᠮᠦᠰ ᠢ ᠤᠷᠢᠳᠠᠪᠠᠷ ᠵᠣᠬᠢᠶᠠᠨ ᠪᠠᠶᠢᠭᠤᠯᠤᠨ ᠭᠠᠳᠠᠭᠰᠢ ᠭᠠᠷᠭᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠰᠢᠩᠭᠡᠭᠡᠨ ᠠᠪᠴᠤ ᠠᠵᠢᠯ ᠣᠯᠭᠤᠭᠰᠠᠨ ᠠᠵᠤ ᠠᠬᠤᠶᠢᠯᠠᠯ ᠳᠤ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠨᠥᠬᠦᠪᠥᠷᠢ ᠪᠣᠯᠤᠨ ᠨᠢᠭᠡ ᠤᠳᠠᠭ᠎ᠠ ᠶᠢᠨ ᠴᠢᠨᠠᠷᠲᠠᠶ ᠠᠵᠢᠯ ᠣᠯᠭᠤᠬᠤ ᠨᠥᠬᠦᠪᠥᠷᠢ ᠶᠢ ᠴᠠᠭ ᠲᠤᠬᠠᠶ ᠳᠤᠨᠢ ᠣᠯᠭᠤᠬᠤ ᠬᠡᠷᠡᠭᠲᠡᠶ᠃ ᠡᠭᠦᠨ ᠤ ᠬᠠᠮᠲᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠲᠤᠬᠠᠶ ᠶᠢᠨ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠬᠤ ᠠᠷᠭ᠎ᠠ ᠵᠠᠮ ᠢ ᠢᠳᠡᠪᠬᠢᠲᠡᠶ ᠪᠠᠷ ᠥᠷᠭᠡᠳᠬᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠣᠯᠤᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ ᠠᠵᠢᠯ ᠣᠯᠬᠤ ᠳᠤ ᠬᠦᠴᠢᠷᠲᠡᠶ ᠬᠥᠮᠦᠰ ᠲᠡᠰᠢ ᠬᠡᠯᠪᠠᠶᠢᠯᠭᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2500 ᠭᠠᠷᠤᠢ ᠲᠦᠮᠡᠨ ᠲᠠᠯ᠎ᠠ ᠨᠤᠲᠤᠭ ᠤᠨ ᠬᠥᠮᠥᠰ ᠤᠨ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠥᠪᠥᠷ ᠮᠣᠩᠭᠤᠯ ᠤᠨ ᠪᠦᠬᠦ ᠲᠠᠯ᠎ᠠ ᠪᠠᠷ ᠴᠢᠨᠡᠭᠡᠯᠢᠭᠵᠢᠬᠦ ᠠᠭᠤᠤ ᠶᠡᠭᠡ ᠢᠯᠠᠯᠲᠠ ᠶᠢ ᠬᠠᠮᠲᠤ ᠪᠠᠷ ᠤᠭᠲᠤᠶ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号