︵1990 ᠣᠨ ᠤ 12 ᠳ᠋ᠤᠭᠠᠷ ᠰᠠᠷ᠎ᠠ ᠶᠢᠨ 8 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠳᠣᠯᠣᠳᠤᠭᠠᠷ ᠤᠳᠠᠭᠠᠨ ᠤ ᠬᠤᠷᠠᠯ ᠢᠶᠠᠷ ᠪᠠᠲᠤᠯᠠᠪᠠ 1994 ᠣᠨ ᠤ 11 ᠳ᠋ᠦᠭᠡᠷ | ᠰᠠᠷ᠎ᠠ ᠶᠢᠨ 19 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠨᠢᠭᠡᠳᠦᠭᠡᠷ ᠬᠤᠷᠠᠯᠳᠤᠭᠠᠨ ᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠬᠠᠮᠢᠶᠠᠷᠤᠯᠲᠠ ᠶᠢᠨ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠠᠩᠬ᠎ᠠ | ᠤᠳᠠᠭ᠎ᠠ ᠵᠠᠰᠠᠪᠤᠷᠢ ᠣᠷᠣᠭᠤᠯᠪᠠ 1998 ᠣᠨ ᠤ 4 ᠳ᠋ᠦᠭᠡᠷ ᠰᠠᠷ᠎ᠠ ᠶᠢᠨ 16 ᠤ ᠡᠳᠦᠷ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨᠲ᠋ᠥ᠋ᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠤ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠦᠷᠢᠮ﹀ ᠳᠤ | ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠬᠤᠶᠠᠳᠠᠬᠢ ᠤᠳᠠᠭ᠎ᠠ ᠵᠠᠰᠠᠪᠤᠷᠢ ᠣᠷᠣᠭᠤᠯᠪᠠ | 2017 ᠣᠨ ᠤ 7 ᠳ᠋ᠤᠭᠠᠷ ᠰᠠᠷ᠎ᠠ ᠶᠢᠨ 22 ᠤᠨ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨᠲ᠋ᠥ᠋ᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠦᠷᠢᠮ﹀ ᠳᠤ ᠵᠠᠰᠠᠪᠤᠷᠢ | ᠣᠷᠣᠭᠤᠯᠬᠤ ᠲᠤᠬᠠᠶ ᠲᠣᠭᠲᠠᠭᠠᠯ︾ ᠢ ᠦᠨᠳᠦᠰᠦᠯᠡᠨ ᠭᠤᠷᠪᠠᠳᠠᠭᠢ ᠤᠳᠠᠭ᠎ᠠ ᠵᠠᠰᠠᠪᠤᠷᠢ ᠣᠷᠣᠭᠤᠯᠪᠠ ︶ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠤᠷᠪᠤᠰ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠪᠠ ᠬᠢᠨᠠᠯᠲᠠ ᠶᠢ | ᠴᠢᠩᠭᠠᠳᠬᠠᠬᠤ ᠶᠢᠨ ᠲᠥᠯᠥᠭᠡ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠣᠨᠣᠪᠴᠢᠲᠠᠶ᠂ ᠴᠠᠭ ᠲᠤᠬᠠᠶ ᠳᠤᠨᠢ | ᠪᠠᠶᠢᠬᠤ ᠶᠢ ᠪᠠᠲᠤᠯᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ | ᠪᠠᠶᠢᠭᠤᠯᠤᠯᠲᠠ᠂ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠳᠠᠭᠠᠭᠠᠴᠢᠯᠠᠨ ᠡᠵᠡᠩᠨᠡᠬᠦ ᠡᠷᠦᠬᠡ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠡᠷᠬᠡᠪᠰᠢ ᠲᠣᠰ ᠳᠦᠷᠢᠮ ᠤᠨ ᠲᠣᠭᠲᠠᠭᠠᠯ ᠶᠣᠰᠣᠭᠠᠷ | ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠣᠨᠣᠪᠴᠢᠲᠠᠶ ᠪᠥᠭᠡᠳ ᠴᠠᠭ | ᠲᠤᠬᠠᠶ ᠳᠤᠨᠢ ᠬᠠᠩᠭᠠᠬᠤ ᠬᠡᠷᠡᠭᠲᠡᠶ᠃ | ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠣᠯᠤᠨ ᠠᠷᠠᠳ ᠢᠷᠭᠡᠳ ᠠᠴᠠ ᠤᠯᠤᠰ | ᠪᠣᠯᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ | ᠦᠨᠡᠨ ᠮᠥᠨ ᠢᠶᠠᠷ ᠨᠢ ᠬᠠᠩᠭᠠᠬᠤ ᠡᠭᠦᠷᠭᠡ ᠲᠠᠢ᠃ | ᠭᠤᠷᠪᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯ ᠲᠤᠰ ᠵᠠᠰᠠᠭ ᠵᠠᠬᠢᠷᠭᠠᠨ ᠤ ᠣᠷᠣᠨ ᠤ ᠨᠡᠶᠢᠭᠡᠮ ᠠᠵᠤ ᠠᠬᠤᠶ ᠶᠢᠨ | ᠮᠡᠳᠡᠭᠡ ᠵᠠᠩᠭᠢ ᠶᠢᠨ ᠭᠤᠤᠯ ᠴᠣᠭᠴᠠ ᠶᠢᠨ ᠰᠠᠯᠠᠭ᠎ᠠ ᠮᠥᠴᠢᠷ ᠪᠣᠯᠤᠨ ᠤᠯᠤᠰ ᠠᠷᠠᠳ ᠤᠨ ᠠᠵᠤ ᠠᠬᠤᠶ ᠶᠢᠨ | ᠲᠣᠭᠠᠴᠠᠭ᠎ᠠ ᠶᠢᠨ ᠲᠥᠪ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠪᠠ ᠯᠠᠪᠯᠠᠭ᠎ᠠ ᠥᠭᠬᠦ ᠪᠠᠶᠢᠭᠤᠯᠤᠮᠵᠢ ᠪᠣᠯᠬᠤ ᠪᠥᠭᠡᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠣᠰ ᠳᠦᠷᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠯᠭ᠎ᠠ ᠪᠣᠯᠤᠨ᠎ᠠ᠃ | ᠳᠥᠷᠪᠡᠳᠦᠭᠡᠷ ᠵᠤᠷᠪᠤᠰ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠤ | ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠲᠤᠭ᠎ᠠ ᠪᠦᠷᠢᠳᠬᠡᠯ ᠤᠨ ᠪᠠᠶᠢᠴᠠᠭᠠᠯᠲᠠᠶᠢᠨ ᠡᠷᠬᠡ᠂ | ᠮᠡᠳᠡᠭᠦᠯᠦᠯᠲᠡ ᠶᠢᠨ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠤᠯᠢ ᠪᠠᠷ ᠬᠠᠮᠠᠭᠠᠯᠠᠨ᠎ᠠ᠃ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠲᠤᠭ᠎ᠠ ᠪᠦᠷᠢᠳᠬᠡᠯ ᠤᠨ | ᠮᠠᠲ᠋ᠧᠷᠢᠶᠠᠯ ᠤᠨ ᠣᠨᠣᠪᠴᠢᠲᠤ ᠴᠢᠨᠠᠷ ᠪᠣᠯᠤᠨ ᠴᠠᠭ ᠲᠤᠬᠠᠶᠢᠴᠢ ᠴᠢᠨᠠᠷ ᠢ ᠬᠠᠤᠯᠢ ᠶᠣᠰᠣᠭᠠᠷ ᠪᠠᠲᠤᠯᠠᠵᠤ᠂ ᠲᠤᠭ᠎ᠠ | ᠪᠦᠷᠢᠳᠬᠡᠯ ᠤᠨ ᠨᠢᠭᠤᠴᠠ ᠶᠢ ᠬᠠᠮᠠᠭᠠᠯᠠᠨ᠎ᠠ᠃ | ᠶᠠᠮᠠᠷᠪᠠ ᠨᠢᠭᠡᠴᠢ᠂ ᠶᠠᠮᠠᠷᠪᠠ ᠬᠥᠮᠦᠨ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ | ᠠᠵᠢᠯᠲᠠᠨ ᠤ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠬᠠᠩᠭᠠᠭᠰᠠᠨ ᠲᠤᠭ᠎ᠠ | ᠪᠦᠷᠢᠳᠬᠡᠯ ᠤᠨ ᠮᠠᠲ᠋ᠧᠷᠢᠶᠠᠯ ᠳᠤ ᠵᠠᠰᠠᠪᠤᠷᠢ ᠣᠷᠣᠭᠤᠯᠵᠤ ᠪᠣᠯᠬᠤ ᠦᠭᠡᠢ᠂ ᠲᠤᠭ᠎ᠠ ᠪᠦᠷᠢᠳᠬᠡᠯ ᠤᠨ ᠠᠵᠢᠯᠲᠠᠨ ᠢ | ᠠᠯᠪᠠᠳᠠᠵᠤ ᠪᠠᠶᠢᠭᠠᠳ ᠵᠠᠰᠠᠭᠤᠯᠵᠤ ᠪᠣᠯᠬᠤ ᠦᠭᠡᠢ᠃ | ᠲᠠᠪᠤᠳᠤᠭᠠᠷ ᠵᠤᠷᠪᠤᠰ ᠠᠯᠢᠪᠠ ᠨᠢᠭᠡᠴᠢ ᠪᠠ ᠠᠷᠠᠳ ᠢᠷᠭᠡᠨ ᠲᠤᠭ᠎ᠠ ᠪᠦᠷᠢᠳᠬᠡᠯ ᠤᠨ ᠬᠠᠤᠯᠢ ᠴᠠᠭᠠᠵᠠ᠂ | ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠶᠢ ᠬᠠᠤᠯᠢ | ᠴᠠᠭᠠᠵᠠ ᠪᠠᠷ ᠬᠠᠮᠠᠭᠠᠯᠠᠵᠤ᠂ ᠶᠠᠮᠠᠷᠪᠠ ᠬᠥᠮᠦᠨ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠢ᠃ | ᠬᠤᠶᠠᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠ ᠲᠤᠭ᠎ᠠ ᠪᠦᠷᠢᠳᠬᠡᠯ ᠤᠨ ᠠᠵᠢᠯᠲᠠᠨ | ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠡᠷᠬᠡᠪᠰᠢ ᠪᠡᠶ᠎ᠡ ᠪᠠᠨ ᠳᠠᠭᠠᠭᠠᠭᠰᠠᠨ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ ᠲᠤᠰᠠᠭᠠᠷ | ᠪᠠᠶᠢᠭᠤᠯᠬᠤ ᠬᠡᠷᠡᠭᠲᠡᠶ᠃ ᠰᠤᠮᠤ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠭ᠎ᠠ | ᠪᠦᠷᠢᠳᠬᠡᠯ ᠤᠨ ᠠᠵᠢᠯ ᠤᠨ ᠥᠷᠲᠡᠭᠡ ᠪᠤᠶᠤ ᠲᠤᠰᠬᠠᠶ ᠲᠤᠰᠢᠶᠠᠯᠲᠤ ᠲᠤᠭ᠎ᠠ ᠪᠦᠷᠢᠳᠬᠡᠯ ᠤᠨ ᠠᠵᠢᠯᠲᠠᠨ | ᠪᠠᠶᠢᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠤᠰᠢᠶᠠᠯ ᠬᠠᠪᠰᠤᠷᠭᠠᠭᠰᠠᠨ ᠲᠤᠭ᠎ᠠ | ᠪᠦᠷᠢᠳᠬᠡᠭᠴᠢ ᠲᠣᠬᠢᠷᠠᠭᠤᠯᠵᠤ ᠪᠣᠯᠤᠨ᠎ᠠ᠃ | ᠲᠤᠭ᠎ᠠ ᠪᠦᠷᠢᠳᠬᠡᠯ ᠤᠨ ᠪᠠᠶᠢᠭᠤᠯᠤᠮᠵᠢ᠂ ᠲᠤᠭ᠎ᠠ ᠪᠦᠷᠢᠳᠬᠡᠯ ᠤᠨ ᠠᠵᠢᠯ ᠤᠨ ᠦᠷᠳᠡᠭᠡ᠂ ᠲᠤᠰᠬᠠᠶ | ᠲᠤᠰᠢᠶᠠᠯᠲᠤ ᠲᠤᠭ᠎ᠠ ᠪᠦᠷᠢᠳᠬᠡᠯ ᠤᠨ ᠠᠵᠢᠯᠲᠠᠨ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠭᠴᠢ ᠬᠠᠤᠯᠢ | ᠶᠣᠰᠣᠭᠠᠷ ᠲᠤᠭ᠎ᠠ ᠪᠦᠷᠢᠳᠬᠡᠯ ᠤᠨ ᠬᠠᠮᠢᠶᠠᠷᠤᠯᠲᠠ᠂ ᠵᠣᠬᠢᠴᠠᠭᠤᠯᠤᠯᠲᠠ᠂ ᠬᠢᠨᠠᠯᠲᠠ᠂ ᠪᠠᠶᠢᠴᠠᠭᠠᠯᠲᠠ ᠶᠢᠨ ᠡᠷᠬᠡ | ᠲᠤᠰᠢᠶᠠᠯ ᠢ ᠭᠦᠢᠴᠡᠳᠬᠡᠨ᠎ᠡ᠃ | ᠳᠣᠯᠣᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ | ᠪᠠᠶᠢᠭᠤᠯᠤᠯᠲᠠ ᠬᠡᠷᠡᠭᠴᠡᠭᠡ ᠪᠠᠨ ᠦᠨᠳᠦᠰᠦᠯᠡᠨ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠪᠠᠶᠢᠭᠤᠯᠤᠮᠵᠢ | ᠭᠠᠷᠭᠠᠵᠤ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ | ᠨᠢᠭᠡᠴᠢ ᠳᠤ ᠶᠡᠷᠦᠩᠬᠡᠶᠢᠯᠡᠭᠰᠡᠨᠲ᠋ᠤᠭᠠ ᠪᠦᠷᠢᠳᠬᠡᠯ ᠤᠨ ᠠᠵᠢᠯᠲᠠᠨ ᠭᠠᠷᠭᠠᠵᠤ᠂ ᠡᠭᠦᠨ ᠤ ᠬᠠᠮᠲᠤ ᠲᠤᠭ᠎ᠠ | ᠪᠦᠷᠢᠳᠬᠡᠯ ᠤᠨ ᠬᠠᠷᠢᠭᠤᠴᠠᠯᠭᠠᠲᠠᠨ ᠢ ᠵᠢᠭᠠᠨ ᠲᠣᠭᠲᠠᠭᠠᠵᠤ᠂ ᠲᠤᠰ ᠨᠢᠭᠡᠴᠡ᠂ ᠰᠠᠯᠠᠭ᠎ᠠ ᠮᠥᠴᠢᠷ ᠵᠢᠴᠢ ᠬᠠᠷᠢᠶ᠎ᠠ | ᠰᠢᠰᠲ᠋ᠧᠮ ᠤᠨᠲ᠋ᠣᠲᠣᠷᠠᠬᠢ ᠬᠠᠷᠢᠶ᠎ᠠ ᠨᠢᠭᠡᠴᠢ ᠶᠢᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ | ᠤᠳᠤᠷᠢᠳᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃ ᠲᠤᠬᠠᠶᠢᠯᠠᠭᠰᠠᠨ ᠠᠵᠢᠯ ᠤᠨ ᠲᠠᠯ᠎ᠠ ᠪᠠᠷ ᠪᠠᠶᠢᠭ᠎ᠠ | ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠢᠯᠤᠭᠤᠳᠤᠯᠭ᠎ᠠ ᠶᠢ | ᠬᠦᠯᠢᠶᠡᠨ᠎ᠡ᠃ | ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠲᠤᠭ᠎ᠠ ᠪᠦᠷᠢᠳᠬᠡᠯ ᠤᠨ ᠲᠣᠪᠴᠢᠶ᠎ᠠ ︵ | ᠭᠠᠵᠠᠷ︶᠂ ᠵᠢᠩᠬᠢᠨᠢ ᠪᠠ ᠳᠡᠳ᠋ ᠲᠣᠪᠴᠢᠶ᠎ᠠ ︵ᠭᠠᠵᠠᠷ︶ ᠶᠢᠨ ᠳᠠᠷᠤᠭ᠎ᠠ ᠶᠢ ᠲᠣᠮᠢᠯᠠᠬᠤ ᠪᠠ ᠪᠠᠭᠤᠯᠭᠠᠬᠤ᠂ | ᠰᠢᠯᠵᠢᠭᠦᠯᠬᠦ ᠳᠤ ᠡᠷᠬᠡᠪᠰᠢ ᠳᠡᠭᠡᠷ᠎ᠡ ᠨᠢᠭᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠭ᠎ᠠᠶᠢᠨ ᠵᠥᠪᠰᠢᠶᠡᠷᠡᠯ ᠢ | ᠤᠯᠬᠤ ᠬᠡᠷᠡᠭᠲᠡᠢ᠃ ᠰᠤᠮᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠤᠭ᠎ᠠ | ᠪᠦᠷᠢᠳᠬᠡᠯ ᠤᠨ ᠠᠵᠢᠯᠲᠠᠨ ᠤ ᠬᠤᠪᠢᠷᠠᠯᠲᠠ ᠶᠢ ᠡᠷᠬᠡᠪᠰᠢ ᠬᠤᠰᠢᠭᠤ ᠰᠢᠶᠠᠨᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠯᠭ᠎ᠠ ᠶᠢᠨ ᠵᠥᠪᠰᠢᠶᠡᠷᠡᠯ ᠢ ᠣᠯᠬᠤ ᠬᠡᠷᠡᠭᠲᠡᠶ᠃ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠤᠭ᠎ᠠ ᠪᠦᠷᠢᠳᠬᠡᠯ ᠤᠨ ᠠᠵᠢᠯᠲᠠᠨ ᠲᠤᠭ᠎ᠠ | ᠪᠦᠷᠢᠳᠬᠡᠯ ᠤᠨ ᠠᠵᠢᠯ ᠤᠨ ᠪᠠᠶᠢᠷᠢ ᠠᠴᠠ ᠰᠢᠯᠵᠢᠬᠦ ᠳᠤ ᠡᠷᠬᠡᠪᠰᠢ ᠳᠡᠭᠡᠷ᠎ᠡ ᠱᠠᠲᠤᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠥᠪᠰᠢᠶᠡᠷᠡᠯ ᠢ ᠣᠯᠬᠤ ᠬᠡᠷᠡᠭᠲᠡᠶ᠃ | ᠲᠤᠭ᠎ᠠ ᠪᠦᠷᠢᠳᠬᠡᠯ ᠤᠨ ᠠᠵᠢᠯᠲᠠᠨ ᠲᠤᠭ᠎ᠠ ᠪᠦᠷᠢᠳᠬᠡᠯ ᠤᠨ ᠠᠵᠢᠯ ᠤᠨ ᠪᠠᠶᠢᠷᠢ ᠠᠴᠠ ᠰᠢᠯᠵᠢᠬᠦ ᠳᠤ ᠡᠷᠬᠡᠪᠰᠢ | ᠰᠢᠯᠵᠢᠭᠦᠯᠦᠨ ᠲᠣᠬᠢᠷᠠᠭᠤᠯᠬᠤ ᠶᠢ ᠵᠣᠯᠭᠠᠭᠤᠯᠬᠤ ᠵᠠᠷᠴᠢᠮ ᠤᠨ ᠶᠣᠰᠣᠭᠠᠷ ᠭᠠᠷᠳᠠᠮ ᠭᠦᠢᠴᠡᠳᠬᠡᠬᠦ ᠬᠡᠷᠡᠭᠲᠡᠶ᠃ | ᠶᠢᠰᠦᠳᠦᠭᠡᠷ ᠵᠤᠷᠪᠤᠰ ᠲᠤᠭ᠎ᠠ ᠪᠦᠷᠢᠳᠬᠡᠯ ᠤᠨ ᠳᠦᠷᠢᠮ ᠶᠣᠰᠣᠭᠠᠷ ᠲᠣᠭᠲᠠᠭᠠᠭᠰᠠᠨ ᠬᠤᠭᠤᠴᠠᠭᠠᠨ ᠳᠤ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠳᠡᠭᠡᠭᠰᠢ ᠮᠡᠳᠡᠭᠦᠯᠦᠭᠰᠡᠨ ᠦᠭᠡᠢ ᠪᠣᠯ ᠲᠤᠭ᠎ᠠ ᠪᠦᠷᠢᠳᠬᠡᠯ ᠤᠨ ᠪᠠᠶᠢᠭᠤᠯᠤᠮᠵᠢ ︽ | ᠲᠤᠭ᠎ᠠ ᠪᠦᠷᠢᠳᠬᠡᠯ ᠤᠨ ᠮᠠᠲ᠋ᠧᠷᠢᠶᠠᠯ ᠢ ᠰᠢᠪᠠᠳᠠᠨ ᠮᠡᠳᠡᠭᠦᠯᠬᠦ ᠬᠠᠭᠤᠳᠠᠰᠤ︾ ᠭᠠᠷᠭᠠᠵᠤ ᠰᠢᠪᠠᠳᠠᠨ ᠮᠡᠳᠡᠭᠦᠯᠬᠦ | ᠬᠡᠷᠡᠭᠲᠡᠶ᠃ ᠰᠢᠮᠳᠠᠭᠤᠯᠵᠤ ᠮᠡᠳᠡᠭᠦᠯᠦᠭᠰᠡᠨ ᠨᠢᠭᠡᠴᠢ ᠡᠷᠬᠡᠪᠰᠢ ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠲᠤᠭ᠎ᠠ | ᠪᠦᠷᠢᠳᠬᠡᠯ ᠤᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ | ᠠᠷᠪᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠠᠶᠢᠮᠠᠭ ᠤᠨ ᠵᠠᠬᠢᠷᠭ᠎ᠠ ᠶᠢᠨ ᠲᠤᠭ᠎ᠠ ᠪᠦᠷᠢᠳᠬᠡᠯ ᠤᠨ ᠪᠠᠶᠢᠭᠤᠯᠭ᠎ᠠ ᠶᠢᠨ ᠳᠣᠲᠣᠭᠠᠳᠤ ᠳᠤ ᠲᠤᠭ᠎ᠠ | ᠪᠦᠷᠢᠳᠬᠡᠯ ᠪᠠᠶᠢᠴᠠᠭᠠᠬᠤ ᠪᠠᠶᠢᠭᠤᠯᠤᠮᠵᠢ ᠪᠠᠶᠢᠭᠤᠯᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠭ᠎ᠠ ᠳᠤ ᠲᠤᠰᠬᠠᠢ ᠲᠤᠰᠢᠶᠠᠯ ᠤᠨ ᠲᠤᠭ᠎ᠠ ᠪᠦᠷᠢᠳᠬᠡᠯ ᠤᠨ | ᠪᠠᠶᠢᠴᠠᠭᠠᠭᠴᠢ ᠭᠠᠷᠭᠠᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠲᠤᠰᠬᠠᠶ ︵ᠬᠠᠪᠰᠤᠷᠭᠠᠭᠰᠠᠨ︶ ᠲᠤᠰᠢᠶᠠᠯ ᠤᠨ ᠲᠤᠭ᠎ᠠ ᠪᠦᠷᠢᠳᠬᠡᠯ ᠤᠨ ᠪᠠᠶᠢᠴᠠᠭᠠᠭᠴᠢ | ᠲᠣᠬᠢᠷᠠᠭᠤᠯᠵᠤ᠂ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠬᠡᠷᠡᠭᠴᠡᠭᠡ ᠪᠠᠨ ᠦᠨᠳᠦᠰᠦᠯᠡᠨ ᠲᠤᠭ᠎ᠠ | ᠪᠦᠷᠢᠳᠬᠡᠯ ᠤᠨ ᠪᠠᠶᠢᠴᠠᠭᠠᠭᠴᠢ ᠭᠠᠷᠭᠠᠵᠤ᠂ ᠬᠠᠷᠢᠶ᠎ᠠ ᠨᠢᠭᠡᠴᠡ ᠠᠴᠠ ᠲᠤᠭ᠎ᠠ ᠪᠦᠷᠢᠳᠬᠡᠯ ᠤᠨ ᠬᠠᠤᠯᠢ ᠴᠠᠭᠠᠵᠠ᠂ | ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠰᠤᠮᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠤᠭ᠎ᠠ ᠪᠦᠷᠢᠳᠬᠡᠯ ᠤᠨ | ᠠᠵᠢᠯ ᠤᠨ ᠥᠷᠲᠡᠭᠡ ᠂ ᠲᠤᠰᠬᠠᠶ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ᠂ ᠲᠣᠰ | ᠬᠠᠷᠢᠶ᠎ᠠ ᠣᠷᠣᠨ ᠤ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ | ᠠᠵᠢᠯ ᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠤᠷᠪᠤᠰ ᠲᠤᠭ᠎ᠠ ᠪᠦᠷᠢᠳᠬᠡᠯ ᠤᠨ ᠪᠠᠶᠢᠴᠠᠭᠠᠭᠴᠢ ᠶᠢ ᠡᠯ᠎ᠡ ᠱᠠᠲᠤᠨ ᠤ ᠲᠤᠭ᠎ᠠ | ᠪᠦᠷᠢᠳᠬᠡᠯ ᠤᠨ ᠪᠠᠶᠢᠭᠤᠯᠭ᠎ᠠ ᠪᠠ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠮᠡᠳᠡᠭᠦᠯᠵᠦ᠂ ᠳᠡᠭᠡᠷ᠎ᠡ ᠨᠢᠭᠡ | ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠯᠭ᠎ᠠ ᠠᠴᠠ ᠬᠢᠨᠠᠨ ᠵᠥᠪᠰᠢᠶᠡᠷᠡᠨ᠎ᠡ᠃ | ᠲᠤᠭ᠎ᠠ ᠪᠦᠷᠢᠳᠬᠡᠯ ᠤᠨ ᠪᠠᠶᠢᠴᠠᠭᠠᠭᠴᠢ ᠡᠭᠦᠷᠭᠡ ᠭᠦᠢᠴᠡᠳᠬᠡᠬᠦ ᠦᠶ᠎ᠡ ᠳᠤ᠂ ︽ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠦᠨᠡᠮᠯᠡᠯ︾ ᠢ ᠭᠠᠷᠭᠠᠵᠤ ᠦᠵᠡᠭᠦᠯᠬᠦ ᠬᠡᠷᠡᠭᠲᠡᠶ᠃ ︽ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠦᠨᠡᠮᠯᠡᠯ︾ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠᠡᠴᠠ ᠬᠢᠨᠠᠨ ᠣᠯᠭᠤᠬᠤ | ᠬᠡᠷᠡᠭᠲᠡᠶ᠃ | ᠠᠷᠪᠠᠨ ᠬᠤᠶᠠᠳᠤᠭᠠᠷ ᠵᠤᠷᠪᠤᠰ ᠲᠤᠭ᠎ᠠ ᠪᠦᠷᠢᠳᠬᠡᠯ ᠤᠨ ᠪᠠᠶᠢᠴᠠᠭᠠᠭᠴᠢ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠡᠭᠦᠷᠭᠡ ᠭᠦᠢᠴᠡᠳᠬᠡᠬᠦ ᠦᠶ᠎ᠡ ᠳᠤ ︽ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠪᠠᠶᠢᠴᠠᠭᠠᠨ | ᠯᠠᠪᠯᠠᠬᠤ ᠪᠢᠴᠢᠭ︾ ᠶᠠᠪᠤᠭᠤᠯᠬᠤ ᠡᠷᠬᠡ ᠲᠠᠢ᠃ ᠪᠠᠶᠢᠴᠠᠭᠠᠭᠳᠠᠬᠤ ᠨᠢᠭᠡᠴᠢ ᠨᠢ ︽ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠪᠠᠶᠢᠴᠠᠭᠠᠨ ᠯᠠᠪᠯᠠᠬᠤ ᠪᠢᠴᠢᠭ︾ ᠢ ᠣᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠣᠷ᠎ᠠ ᠪᠠᠶᠢᠴᠠᠭᠠᠨ ᠯᠠᠪᠯᠠᠭᠰᠠᠨ ᠤᠴᠢᠷ ᠶᠠᠪᠤᠳᠠᠯ ᠳᠤ ᠪᠣᠳᠠᠲᠤ ᠪᠠᠶᠢᠳᠠᠯ ᠵᠶ᠋ᠠᠷᠨᠢ ᠬᠠᠷᠢᠭᠤᠯᠲᠠ ᠥᠭᠬᠦ | ᠬᠡᠷᠡᠭᠲᠡᠶ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠪᠠ ᠲᠤᠭ᠎ᠠ ᠪᠦᠷᠢᠳᠬᠡᠯ ᠤᠨ ᠪᠠᠶᠢᠴᠠᠭᠠᠭᠴᠢ ᠲᠤᠭ᠎ᠠ | ᠪᠦᠷᠢᠳᠬᠡᠯ ᠤᠨ ᠪᠠᠶᠢᠴᠠᠭᠠᠯᠲᠠ ᠬᠢᠬᠦ ᠳᠡᠭᠡᠨ᠂ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠲᠤᠭ᠎ᠠ ᠪᠦᠷᠢᠳᠬᠡᠯ ᠤᠨ ᠡᠭᠡ | ᠲᠡᠩᠰᠠ᠂ ᠤᠬ ᠲᠡᠮᠳᠡᠭᠯᠡᠯ ᠵᠢᠴᠢ ᠬᠤᠯᠪᠣᠭᠳᠠᠯ ᠪᠦᠬᠦᠢ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ | ᠪᠤᠳᠦᠬᠤ ᠲᠡᠩᠰᠠ ᠳᠡᠪᠲᠡᠷ᠂ ᠨᠢᠭᠲᠠᠯᠠᠨ ᠪᠤᠳᠦᠬᠤ ᠮᠡᠳᠡᠭᠦᠯᠦᠯᠲᠡ ᠶᠢᠨ ᠬᠦᠰᠦᠨᠦᠭᠲᠦ ᠶᠢ ᠪᠠᠶᠢᠴᠠᠭᠠᠬᠤ ᠡᠷᠬᠡ ᠲᠠᠢ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠳᠠᠨ ᠠᠴᠠ ᠪᠠᠶᠢᠴᠠᠭᠠᠭᠳᠠᠬᠤ ᠨᠢᠭᠡᠴᠡᠶᠢᠨ ᠨᠢᠭᠤᠴᠠ ᠶᠢ | ᠬᠠᠮᠠᠭᠠᠯᠠᠵᠤ ᠥᠭᠬᠦ ᠬᠡᠷᠡᠭᠲᠡᠶ᠃ | ᠠᠷᠪᠠᠨ ᠭᠤᠷᠪᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ᠂ ᠲᠣᠭᠤᠷᠢᠭ ᠲᠠᠢ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ ᠶᠢᠨ ᠲᠤᠭ᠎ᠠ ᠪᠦᠷᠢᠳᠬᠡᠯ ᠤᠨ ᠪᠠᠶᠢᠭᠤᠯᠭ᠎ᠠ᠂ ᠳᠣᠤᠷ᠎ᠠ ᠨᠢᠭᠡ | ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠭ᠎ᠠ ᠳᠤ ᠵᠣᠬᠢᠴᠠᠩᠭᠤᠶ ᠲᠤᠰᠢᠶᠠᠯ ᠪᠤᠶᠤ ᠲᠤᠰᠬᠠᠶ ᠮᠡᠷᠭᠡᠵᠢᠯ ᠤᠨ | ᠴᠣᠯᠠ ᠲᠠᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠤᠰᠬᠠᠶ ᠲᠣᠮᠢᠯᠠᠭᠴᠢ ᠶᠢ ᠲᠣᠮᠢᠯᠠᠬᠤ ᠡᠷᠬᠡ ᠲᠠᠢ᠂ | ᠲᠥᠯᠥᠭᠡᠯᠡᠭᠴᠢ ᠲᠣᠮᠢᠯᠠᠭᠰᠠᠨ ᠪᠠᠶᠢᠭᠤᠯᠭ᠎ᠠ ᠶᠢ ᠲᠥᠯᠥᠭᠡᠯᠡᠨ ᠪᠠᠶᠢᠭ᠎ᠠ ᠭᠠᠵᠠᠷ ᠤᠨ ᠳᠣᠲᠣᠷ᠎ᠠ ᠬᠦᠨᠳᠦ ᠶᠡᠭᠡ | ᠨᠥᠯᠥᠭᠡ ᠪᠠ ᠬᠦᠴᠢᠷᠳᠡᠯ ᠲᠠᠢ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ᠭᠤᠷᠪᠠᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠵᠢᠴᠢ ᠮᠠᠲ᠋ᠧᠷᠢᠶᠠᠯ ᠤᠨ ᠬᠠᠮᠢᠶᠠᠷᠤᠯᠲᠠ | ᠠᠷᠪᠠᠨ ᠳᠥᠷᠪᠡᠳᠦᠭᠡᠷ ᠵᠤᠷᠪᠤᠰ ᠪᠦᠬᠦ ᠣᠷᠣᠨ ᠤ ᠴᠢᠨᠠᠷᠲᠠᠶ ᠤᠯᠤᠰ ᠠᠷᠠᠳ ᠤᠨ ᠠᠵᠤ ᠠᠬᠤᠶ᠂ ᠨᠡᠶᠢᠭᠡᠮ | ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠬᠦᠰᠦᠨᠦᠭᠲᠦ ᠶᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶᠠᠨ ᠠᠴᠠ | ᠵᠣᠬᠢᠶᠠᠵᠤ ᠲᠣᠭᠲᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠶ | ᠮᠡᠷᠭᠡᠵᠢᠯ ᠤᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ᠂ ᠲᠤᠰ ᠰᠠᠯᠠᠭ᠎ᠠ ᠮᠥᠴᠢᠷ ᠤᠨ ᠬᠠᠷᠢᠶ᠎ᠠ | ᠨᠢᠭᠡᠴᠡ ᠳᠤ ᠣᠯᠭᠤᠭᠰᠠᠨ ᠮᠡᠳᠡᠭᠦᠯᠬᠦ ᠬᠦᠰᠦᠨᠦᠭᠲᠦ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠯᠭ᠎ᠠ ᠳᠤ ᠮᠡᠳᠡᠭᠦᠯᠵᠦ ᠳᠠᠩᠰᠠᠯᠠᠭᠤᠯᠵᠤ᠂ ᠪᠤᠰᠤᠳ ᠨᠢᠭᠡᠴᠡ ᠳᠤ | ᠬᠤᠯᠪᠣᠭᠳᠠᠬᠤ ᠮᠡᠳᠡᠭᠦᠯᠬᠦ ᠬᠦᠰᠦᠨᠦᠭᠲᠦ ᠶᠢ ᠴᠥᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠯᠭ᠎ᠠ ᠠᠴᠠ ᠬᠢᠨᠠᠨ ᠵᠥᠪᠰᠢᠶᠡᠷᠡᠨ᠎ᠡ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠵᠢᠴᠢ ᠡᠯ᠎ᠡ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ᠂ | ᠳᠡᠭᠡᠷ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠯᠭ᠎ᠠ ᠪᠣᠯᠤᠨ ᠳᠡᠭᠡᠷ᠎ᠡ | ᠨᠢᠭᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠯᠤᠭ᠎ᠠ | ᠳᠠᠪᠬᠤᠷᠳᠠᠵᠤ᠂ ᠵᠥᠷᠢᠴᠡᠯ ᠲᠠᠢ ᠪᠠᠶᠢᠵᠤ ᠪᠣᠯᠬᠤ ᠦᠭᠡᠶ᠃ | ᠠᠷᠪᠠᠨ ᠲᠠᠪᠤᠳᠤᠭᠠᠷ ᠵᠤᠷᠪᠤᠰ ᠲᠣᠭᠲᠠᠭᠰᠠᠨ ᠳᠡᠰ ᠳᠠᠷᠠᠭᠠᠯᠠᠯ ᠶᠣᠰᠣᠭᠠᠷ ᠵᠥᠪᠰᠢᠶᠡᠷᠡᠭᠰᠡᠨ ᠪᠤᠶᠤ | ᠳᠠᠩᠰᠠᠯᠠᠭᠤᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠦᠰᠦᠨᠦᠭᠲᠦ ᠳᠤ ᠡᠷᠬᠡᠪᠰᠢ ᠪᠠᠶᠢᠴᠠᠭᠠᠯᠲᠠ ᠶᠢᠨ | ᠬᠦᠰᠦᠨᠦᠭ ᠤᠨ ᠪᠠᠷᠠᠭᠤᠨ ᠳᠡᠭᠡᠷ᠎ᠡ ᠥᠨᠴᠥᠭ ᠲᠤ ᠬᠦᠰᠦᠨᠦᠭ ᠵᠣᠬᠢᠶᠠᠭᠰᠠᠨ ᠪᠠᠶᠢᠭᠤᠯᠤᠯᠭᠠᠶᠢᠨ ᠨᠡᠷᠡᠶᠢᠳᠦᠯ᠂ | ᠬᠦᠰᠦᠨᠦᠭ ᠤᠨ ᠳ᠋ᠤᠭᠠᠷ᠂ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠪᠠᠶᠢᠭᠤᠯᠤᠯᠭᠠᠶᠢᠨ ᠨᠡᠷᠡᠶᠢᠳᠦᠯ ᠵᠢᠴᠢ | ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠳ᠋ᠤᠭᠠᠷᠯᠠᠯ ᠢ ᠲᠣᠳᠣᠷᠬᠠᠶᠢᠯᠠᠬᠤ ᠬᠡᠷᠡᠭᠲᠡᠶ᠃ ᠳᠡᠭᠡᠷ᠎ᠡ ᠳᠤᠷᠠᠳᠤᠭᠰᠠᠨ | ᠲᠣᠭᠲᠠᠭᠠᠯ ᠳᠤ ᠨᠡᠶᠢᠴᠡᠬᠦ ᠦᠭᠡᠢ ᠲᠤᠭ᠎ᠠ ᠪᠦᠷᠢᠳᠬᠡᠯ ᠤᠨ ᠪᠠᠶᠢᠴᠠᠭᠠᠯᠲᠠᠶᠢᠨ ᠬᠦᠰᠦᠨᠦᠭᠲᠦ ᠨᠢ ᠬᠠᠤᠯᠢ ᠪᠤᠰᠤ | ᠮᠡᠳᠡᠭᠦᠯᠦᠯᠲᠡ ᠶᠢᠨ ᠬᠦᠰᠦᠨᠦᠭᠲᠦ ᠳᠤ ᠬᠠᠷᠢᠶᠠᠯᠠᠭᠳᠠᠵᠤ᠂ ᠬᠤᠯᠪᠣᠭᠳᠠᠯ ᠪᠦᠬᠦᠢ ᠨᠢᠭᠡᠴᠡ ᠪᠤᠶᠤ ᠬᠤᠪᠢ ᠬᠥᠮᠦᠨ | ᠲᠠᠭᠯᠠᠵᠤ ᠮᠡᠳᠡᠭᠦᠯᠬᠦ ᠦᠭᠡᠢ ᠡᠷᠬᠡ ᠲᠠᠢ᠂ ᠡᠯ᠎ᠡ ᠱᠠᠲᠤᠨᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠯᠭ᠎ᠠ ᠬᠦᠴᠦᠨ ᠦᠭᠡᠢ ᠪᠣᠯᠭᠠᠬᠤ ᠡᠷᠬᠡ ᠲᠠᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠯ᠎ᠡ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠯᠭ᠎ᠠ ᠶᠢᠨ ᠲᠣᠭᠲᠠᠭᠠᠭᠰᠠᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ | ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠬᠦ ᠬᠡᠷᠡᠭᠲᠡᠶ᠃ | ᠠᠷᠪᠠᠨ ᠵᠢᠷᠭᠤᠳᠤᠭᠠᠷ ᠵᠤᠷᠪᠤᠰ ᠡᠯ᠎ᠡ ᠵᠠᠰᠠᠭ ᠵᠠᠬᠢᠷᠭᠠᠨ ᠤ ᠣᠷᠣᠨ ᠤ ᠤᠯᠤᠰ ᠠᠷᠠᠳ ᠤᠨ ᠠᠵᠤ ᠠᠬᠤᠶ᠂ | ᠨᠡᠶᠢᠭᠡᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠦᠨᠳᠦᠰᠦᠨ ᠪᠠᠶᠢᠳᠠᠯ ᠤᠨ ᠪᠦᠷᠢᠳᠬᠡᠯ | ᠮᠠᠲ᠋ᠧᠷᠢᠶᠠᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠭ᠎ᠠ ᠠᠴᠠ | ᠬᠠᠮᠢᠶᠠᠷᠬᠤ ᠪᠠ ᠬᠠᠩᠭᠠᠨ᠎ᠠ᠃ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ᠂ | ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠲᠤᠭ᠎ᠠ ᠪᠦᠷᠢᠳᠬᠡᠯᠤᠨ ᠮᠠᠲ᠋ᠧᠷᠢᠶᠠᠯ ᠢ ᠲᠣᠰ ᠰᠠᠯᠠᠭ᠎ᠠ ᠮᠥᠴᠢᠷ᠂ | ᠨᠢᠭᠡᠴᠢ ᠶᠢᠨ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠲᠤᠭ᠎ᠠ ᠪᠦᠷᠢᠳᠬᠡᠯ ᠤᠨ ᠠᠵᠢᠯᠲᠠᠨ ᠬᠠᠮᠢᠶᠠᠷᠬᠤ ᠪᠠ | ᠬᠠᠩᠭᠠᠨ᠎ᠠ᠃ | ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠯᠤᠰ ᠠᠷᠠᠳ ᠤᠨ ᠠᠵᠤ ᠠᠬᠤᠶ᠂ ᠨᠡᠶᠢᠭᠡᠮ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠳᠤ ᠬᠠᠷᠢᠶᠠᠯᠠᠭᠳᠠᠬᠤ ᠲᠤᠭ᠎ᠠ ᠪᠦᠷᠢᠳᠬᠡᠯ ᠤᠨ ᠮᠡᠳᠡᠭᠦᠯᠬᠦ | ᠬᠦᠰᠦᠨᠦᠭᠲᠦ᠂ ᠮᠠᠲ᠋ᠧᠷᠢᠶᠠᠯ ᠢ ᠳᠡᠭᠡᠭᠰᠢ ᠮᠡᠳᠡᠭᠦᠯᠵᠦ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠢᠭᠤᠯᠤᠯᠭ᠎ᠠ ᠳᠤ ᠡᠷᠬᠡᠪᠰᠢ ᠬᠠᠮᠲᠤ ᠳᠤᠨᠢ ᠬᠠᠭᠤᠯᠤᠨ ᠢᠯᠡᠭᠡᠬᠦ ᠬᠡᠷᠡᠭᠲᠡᠶ᠃ | ᠠᠷᠪᠠᠨ ᠳᠣᠯᠣᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠲᠤᠰ ᠵᠠᠰᠠᠭ ᠵᠠᠬᠢᠷᠭᠠᠨ ᠤ ᠣᠷᠣᠨ ᠤ ᠤᠯᠤᠰ | ᠠᠷᠠᠳ ᠤᠨ ᠠᠵᠤ ᠠᠬᠤᠶ᠂ ᠨᠡᠶᠢᠭᠡᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠬᠢᠨᠠᠨ ᠲᠣᠭᠲᠠᠭᠠᠬᠤ᠂ ᠨᠡᠶᠢᠲᠡᠯᠡᠬᠦ᠂ ᠬᠡᠪᠯᠡᠬᠦ ᠶᠢ ᠬᠠᠷᠢᠭᠤᠴᠠᠨ᠎ᠠ᠃ ᠲᠡᠷᠡᠴᠢᠯᠡᠨ ᠡᠯ᠎ᠡ | ᠵᠦᠢᠯ ᠤᠨ ᠬᠡᠯᠪᠡᠷᠢ ᠪᠠᠷ ᠲᠤᠭ᠎ᠠ ᠪᠦᠷᠢᠳᠬᠡᠯ ᠤᠨ ᠠᠯᠪᠠᠨ ᠮᠡᠳᠡᠭᠡ ᠪᠣᠯᠤᠨ ᠪᠤᠰᠤᠳ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ | ᠠᠵᠢᠯ ᠲᠥᠷᠥᠯ ᠤᠳ ᠲᠤᠰ ᠰᠢᠰᠲ᠋ᠧᠮ ᠤᠨ ᠤᠯᠤᠰ ᠠᠷᠠᠳ ᠤᠨ ᠠᠵᠤ ᠠᠬᠤᠶ᠂ ᠨᠡᠶᠢᠭᠡᠮ ᠪᠣᠯᠤᠨ ᠰᠢᠨᠵᠢᠯᠡᠬᠦ | ᠤᠬᠠᠭᠠᠨ ᠮᠡᠷᠭᠡᠵᠢᠯ ᠳᠤ ᠬᠤᠯᠪᠣᠭᠳᠠᠬᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠢᠯᠡ ᠪᠠᠷ ᠨᠡᠶᠢᠲᠡᠯᠡᠬᠦ ᠳᠤ ᠡᠷᠬᠡᠪᠰᠢ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠᠷ ᠬᠢᠨᠠᠨ | ᠵᠥᠪᠰᠢᠶᠡᠷᠡᠭᠦᠯᠬᠦ ᠬᠡᠷᠡᠭᠲᠡᠶ᠃ | ᠰᠣᠨᠢᠨ ᠮᠡᠳᠡᠭᠡ᠂ ᠬᠡᠪᠯᠡᠯ ᠤᠨ ᠨᠢᠭᠡᠴᠡ ᠬᠠᠷᠠᠬᠠᠨ ᠨᠡᠶᠢᠲᠡᠯᠡᠭᠡᠳᠦᠶ ᠠᠵᠤ ᠠᠬᠤᠶ᠂ ᠰᠢᠨᠵᠢᠯᠡᠬᠦ ᠤᠬᠠᠭᠠᠨ | ᠮᠡᠷᠭᠡᠵᠢᠯ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠬᠦ ᠳᠤ᠂ ᠪᠦᠬᠦ | ᠣᠷᠣᠨ ᠤ ᠴᠢᠨᠠᠷᠲᠠᠶ ᠶᠢ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠠᠷ ᠬᠢᠨᠠᠨ | ᠵᠥᠪᠰᠢᠶᠡᠷᠡᠭᠦᠯᠵᠦ᠂ ᠭᠠᠵᠠᠷ ᠣᠷᠣᠨ ᠤ ᠴᠢᠨᠠᠷᠲᠠᠶ ᠶᠢ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ | ᠪᠠᠶᠢᠴᠠᠭᠠᠭᠳᠠᠭᠰᠠᠨ ᠭᠠᠭᠴᠠ ᠵᠦᠢᠯ ᠤᠨ ᠪᠠᠶᠢᠴᠠᠭᠠᠯᠲᠠ ᠶᠢᠨ ᠮᠠᠲ᠋ᠧᠷᠢᠶᠠᠯ ᠢ ᠬᠤᠯᠪᠣᠭᠳᠠᠯ ᠪᠦᠬᠦᠢ | ᠪᠠᠶᠢᠴᠠᠭᠠᠭᠳᠠᠭᠴᠢ ᠶᠢᠨ ᠪᠢᠴᠢᠭ ᠤᠨ ᠵᠥᠪᠰᠢᠶᠡᠷᠡᠯ ᠦᠭᠡᠢ ᠪᠠᠷ ᠵᠠᠳᠠᠷᠠᠭᠤᠯᠵᠤ ᠪᠣᠯᠬᠤ ᠦᠭᠡᠢ᠃ | ᠠᠷᠪᠠᠨ ᠨᠠᠢᠮᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠡᠪᠯᠡᠬᠦ ᠡᠷᠬᠡ ᠲᠠᠢ᠂ ᠲᠤᠰᠬᠠᠶ ᠵᠦᠢᠯ ᠤᠨ ᠪᠠᠶᠢᠴᠠᠭᠠᠯᠲᠠ ᠪᠠ | ᠵᠢᠱᠢᠯᠲᠡ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠪᠠ ᠦᠢᠯᠡᠰ ᠤᠨ | ᠪᠣᠯᠤᠮᠵᠢᠲᠤ ᠰᠤᠳᠤᠯᠭᠠᠨ ᠢ ᠡᠭᠦᠷᠭᠡᠯᠡᠵᠦ᠂ ᠨᠠᠶᠢᠳᠠᠯᠭ᠎ᠠ ᠶᠢ ᠬᠦᠯᠢᠶᠡᠨ ᠠᠪᠴᠤ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠰᠦᠯ ᠢ ᠵᠢᠷᠤᠭᠯᠠᠨ ᠲᠥᠯᠥᠪᠯᠡᠬᠦ᠂ ᠪᠣᠳᠣᠬᠤ ᠮᠡᠷᠭᠡᠵᠢᠯ ᠪᠣᠯᠤᠨ ᠵᠥᠭᠡᠯᠡᠨ ᠲᠣᠨᠤᠭ ᠢ ᠨᠡᠭᠡᠭᠡᠨ | ᠬᠥᠭᠵᠢᠭᠦᠯᠬᠦ ᠯᠠᠪᠯᠠᠭ᠎ᠠ ᠵᠡᠷᠭᠡ ᠮᠡᠳᠡᠭᠡ ᠵᠠᠩᠭᠢ ᠶᠢᠨ ᠯᠠᠪᠯᠠᠭ᠎ᠠ ᠥᠭᠬᠦ ᠦᠢᠯᠡᠴᠢᠯᠡᠭᠡ ᠬᠠᠩᠭᠠᠨ᠎ᠠ᠃ | ᠠᠷᠪᠠ ᠶᠢᠰᠦᠳᠦᠭᠡᠷ ᠵᠤᠷᠪᠤᠰ ᠤᠯᠤᠰ ᠤᠨ ᠨᠢᠭᠤᠴᠠ ᠳᠤ ᠬᠤᠯᠪᠣᠭᠳᠠᠬᠤ ᠲᠤᠭ᠎ᠠ ᠪᠦᠷᠢᠳᠬᠡᠯ ᠤᠨ | ᠮᠠᠲ᠋ᠧᠷᠢᠶᠠᠯ ᠳᠤ ᠡᠷᠬᠡᠪᠰᠢ ᠨᠢᠭᠤᠴᠠ ᠶᠢᠨ ᠳᠡᠰ ᠢ ᠲᠣᠭᠲᠠᠭᠠᠬᠤ ᠬᠡᠷᠡᠭᠲᠡᠶ᠂ ᠲᠡᠷᠡᠴᠢᠯᠡᠨ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ | ᠬᠠᠩᠭᠠᠬᠤ ᠪᠠ ᠨᠡᠶᠢᠲᠡᠯᠡᠨ᠎ᠡ᠃ | ᠬᠤᠷᠢᠳᠤᠭᠠᠷ ᠵᠤᠷᠪᠤᠰ ᠡᠯ᠎ᠡ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠶᠢᠨ ᠲᠤᠭ᠎ᠠ ᠪᠦᠷᠢᠳᠬᠡᠯ ᠤᠨ | ᠪᠠᠶᠢᠭᠤᠯᠤᠮᠵᠢ ᠪᠤᠶᠤ ᠲᠤᠭ᠎ᠠ ᠪᠦᠷᠢᠳᠬᠡᠯ ᠤᠨ ᠠᠵᠢᠯᠲᠠᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ | ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠳᠠᠩᠰᠠ ᠡᠪᠬᠡᠮᠡᠯ ᠤᠨ ᠳᠦᠷᠢᠮ ᠢ ᠪᠠᠶᠢᠭᠤᠯᠬᠤ ᠬᠡᠷᠡᠭᠲᠡᠶ᠃ ᠤᠭ ᠭᠡᠷᠡᠴᠢ | ᠪᠠᠷᠢᠮᠲᠠ ᠪᠠ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ | ᠤᠰᠠᠳᠬᠠᠵᠤ ᠪᠣᠯᠬᠤ ᠦᠭᠡᠢ᠃ | ᠬᠤᠷᠢᠨ ᠨᠢᠭᠡᠳᠦᠭᠡᠷ ᠵᠤᠷᠪᠤᠰ ᠤᠯᠤᠰ ᠤᠨ ᠲᠣᠭᠲᠠᠭᠠᠯ ᠢ ᠦᠨᠳᠦᠰᠦᠯᠡᠨ᠂ ᠬᠥᠮᠦᠨ ᠠᠮᠠ᠂ ᠠᠵᠤ | ᠦᠢᠯᠡᠳᠪᠦᠷᠢ᠂ ᠲᠠᠷᠢᠶᠠᠯᠠᠩ ᠤᠨ ᠭᠤᠷᠪᠠᠳᠤᠭᠠᠷ ᠠᠵᠤ ᠦᠢᠯᠡᠰ᠂ ᠲᠤᠭ᠎ᠠ ᠪᠦᠷᠢᠳᠬᠡᠯ ᠤᠨ ᠨᠢᠭᠡᠴᠢ᠂ | ᠣᠷᠣᠭᠤᠯᠤᠯᠲᠠ ᠭᠠᠷᠭᠠᠯᠲᠠ ᠳᠤ ᠦᠶᠡᠯᠡᠯ ᠤᠨ ᠴᠢᠨᠠᠷᠲᠠᠶ ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠦᠨ᠎ᠡ᠃ | ᠦᠶᠡᠯᠡᠯ ᠤᠨ ᠴᠢᠨᠠᠷᠲᠠᠶ ᠨᠡᠶᠢᠳᠡᠮ ᠪᠠᠶᠢᠴᠠᠭᠠᠯᠲᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠨᠢᠭᠡᠳᠦᠯᠲᠡᠶ ᠪᠠᠶᠢᠷᠢᠯᠠᠭᠤᠯᠵᠤ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠪᠠᠷ ᠬᠡᠷᠡᠭᠵᠢᠭᠦᠯᠦᠨ᠎ᠡ᠃ | ᠦᠶᠡᠯᠡᠯ ᠤᠨ ᠴᠢᠨᠠᠷᠲᠠᠶ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ | ᠪᠣᠯᠤᠨ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠵᠦ᠂ ᠣᠨ ᠤ | ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠤᠨ᠎ᠠ᠃ | ᠬᠤᠷᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠬᠠᠷᠢᠶ᠎ᠠ ᠰᠠᠯᠠᠭ᠎ᠠ ᠮᠥᠴᠢᠷ ᠪᠣᠯᠤᠨ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠬᠢᠵᠦ᠂ ᠲᠤᠭ᠎ᠠ ᠪᠦᠷᠢᠳᠬᠡᠯ ᠤᠨ | ᠪᠠᠶᠢᠭᠤᠯᠤᠯᠭ᠎ᠠ ᠶᠢᠨ ᠬᠠᠩᠭᠠᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠦᠨᠳᠦᠰᠦᠯᠡᠯ ᠪᠣᠯᠭᠠᠨ᠎ᠠ᠃ | ᠬᠤᠷᠢᠨ ᠭᠤᠷᠪᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠯᠭ᠎ᠠ ᠠᠳᠠᠯᠢ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠣᠨ ᠳᠣᠣᠷ᠎ᠠ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠯᠡᠭᠰᠡᠨ ᠲᠤᠭ᠎ᠠ ᠪᠦᠷᠢᠳᠬᠡᠯ ᠤᠨ | ᠮᠠᠲ᠋ᠧᠷᠢᠶᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠡᠷᠬᠡ ᠲᠠᠢ᠃ ᠲᠤᠭ᠎ᠠ ᠪᠠᠷᠢᠮᠲᠠ ᠶᠢᠨ ᠢᠷᠡᠯᠲᠡ ᠪᠠ | ᠪᠤᠳᠤᠯᠲᠠ ᠳᠤ ᠪᠤᠷᠤᠭᠤ ᠲᠠᠢ ᠪᠠᠶᠢᠬᠤ ᠶᠢ ᠣᠯᠵᠤ ᠮᠡᠳᠡᠪᠡᠯ ᠵᠠᠷᠯᠢᠭᠳᠠᠨ ᠵᠠᠯᠠᠷᠠᠭᠤᠯᠬᠤ ᠬᠡᠷᠡᠭᠲᠡᠶ᠃ | ᠳᠥᠷᠪᠡᠳᠦᠭᠡᠷ ᠪᠦᠯᠦᠭ ᠱᠠᠩᠨᠠᠬᠤ ᠪᠠ ᠲᠣᠷᠭᠠᠬᠤ | ᠬᠤᠷᠢᠨ ᠳᠥᠷᠪᠡᠳᠦᠭᠡᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ᠂ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠤᠭ᠎ᠠ ᠪᠦᠷᠢᠳᠬᠡᠯ ᠤᠨ | ᠠᠵᠢᠯ ᠤᠨ ᠳᠤᠮᠳᠠ ᠳᠣᠤᠷ᠎ᠠ ᠵᠢᠭᠰᠠᠭᠠᠭᠰᠠᠨ ᠢᠯᠡᠷᠡᠯ ᠤᠨ ᠨᠢᠭᠡ ᠨᠢ ᠪᠠᠶᠢᠬᠤ ᠨᠢᠭᠡᠴᠡ ᠪᠤᠶᠤ ᠬᠤᠪᠢ ᠬᠥᠮᠦᠨ ᠢ | ᠬᠥᠬᠢᠭᠦᠯᠦᠨ ᠰᠠᠶᠢᠰᠢᠶᠠᠬᠤ ᠪᠤᠶᠤ ᠱᠠᠩᠨᠠᠨ᠎ᠠ᠄ | ︵ᠨᠢᠭᠡ︶ ᠲᠤᠭ᠎ᠠ ᠪᠦᠷᠢᠳᠬᠡᠯ ᠤᠨ ᠠᠵᠢᠯ ᠢᠶᠠᠷ ᠳᠠᠮᠵᠢᠭᠤᠯᠤᠨ᠂ ᠡᠯ᠎ᠡ ᠱᠠᠲᠤᠨ ᠤ ᠤᠳᠤᠷᠢᠳᠤᠯᠭ᠎ᠠ ᠪᠠ | ᠨᠡᠶᠢᠭᠡᠮ ᠤᠨ ᠡᠯ᠎ᠡ ᠡᠲᠡᠭᠡᠳ ᠲᠤ ᠴᠢᠨᠠᠷ ᠰᠠᠶᠢᠲᠠᠶ ᠦᠢᠯᠡᠴᠢᠯᠡᠭᠡ ᠬᠠᠩᠭᠠᠭᠰᠠᠨ ᠠᠮᠵᠢᠯᠲᠠ ᠨᠢ ᠲᠤᠪᠤᠶᠢᠮ᠎ᠠ ᠪᠠᠶᠢᠬᠤ᠃ | | ︵ᠬᠤᠶᠠᠷ︶ ᠲᠣᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠬᠦ ᠳᠤᠮᠳᠠ᠂ | ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠣᠨᠣᠪᠴᠢᠲᠤ ᠴᠢᠨᠠᠷ᠂ ᠴᠠᠭ ᠲᠤᠬᠠᠢ ᠳᠤ ᠴᠢᠨᠠᠷ ᠪᠠ ᠪᠦᠬᠦ ᠲᠠᠯ᠎ᠠ ᠶᠢᠨ | ᠴᠢᠨᠠᠷ ᠢ ᠪᠠᠲᠤᠯᠠᠵᠤ᠂ ᠲᠡᠷᠡᠴᠢᠯᠡᠨ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ | ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ᠃ | ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ | ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠶᠢ ᠥᠭᠡᠷᠡᠴᠢᠯᠡᠬᠦ᠂ ᠲᠦᠷᠢᠮ ᠢ ᠲᠡᠭᠦᠯᠳᠡᠷᠵᠢᠭᠦᠯᠬᠦ ᠲᠠᠯ᠎ᠠ ᠪᠠᠷ ᠲᠤᠪᠤᠶᠢᠮ᠎ᠠ | ᠠᠮᠵᠢᠯᠲᠠ ᠣᠯᠤᠭᠰᠠᠨ᠃ | ︵ᠲᠦᠷᠪᠡ︶ ᠤᠯᠤᠰ ᠣᠷᠣᠨ ᠪᠠ ᠠᠷᠠᠳ ᠲᠦᠮᠡᠨ ᠤ ᠠᠰᠢᠭ ᠲᠤᠰᠠ ᠶᠢ ᠬᠠᠤᠯᠢ ᠶᠣᠰᠣᠭᠠᠷ ᠬᠠᠮᠠᠭᠠᠯᠠᠵᠤ᠂ | ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠶᠠᠪᠤᠳᠠᠯ ᠲᠠᠢ ᠲᠡᠮᠡᠴᠡᠯ ᠬᠢᠭᠰᠡᠨ | ᠢᠯᠡᠷᠡᠯ ᠨᠢ ᠲᠤᠪᠤᠶᠢᠮ᠎ᠠ ᠪᠠᠶᠢᠬᠤ᠃ | ︵ᠲᠠᠪᠤ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠠᠵᠢᠯᠲᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠤᠨ ᠲᠠᠯ᠎ᠠ ᠪᠠᠷ | ᠢᠯᠡᠳᠲᠡᠠᠮᠵᠢᠯᠲᠠ ᠣᠯᠤᠭᠰᠠᠨ᠃ | ᠬᠤᠷᠢᠨ ᠲᠠᠪᠤᠳᠤᠭᠠᠷ ᠵᠤᠷᠪᠤᠰ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠢᠴᠢ ᠲᠤᠭ᠎ᠠ ᠪᠦᠷᠢᠳᠬᠡᠯ ᠤᠨ ᠠᠵᠢᠯᠲᠠᠨ᠂ | ᠳᠣᠣᠷᠠᠬᠢ ᠬᠠᠤᠯᠢ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠭ᠎ᠠ ᠠᠴᠠ ᠨᠡᠶᠢᠲᠡᠯᠡᠨ | ᠰᠢᠭᠦᠮᠵᠢᠯᠡᠵᠦ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠪᠤᠶᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠰᠠᠨᠠᠭᠤᠯᠭ᠎ᠠ ᠭᠠᠷᠭᠠᠵᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠄ | ︵ᠨᠢᠭᠡ︶ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠠᠴᠠ | ᠤᠯᠤᠰ ᠤᠨ ᠲᠤᠭ᠎ᠠ ᠪᠦᠷᠢᠳᠬᠡᠯ ᠤᠨ ᠳᠦᠷᠢᠮ᠂ ᠠᠷᠭ᠎ᠠ ᠶᠢᠨ ᠶᠣᠰᠣᠭᠠᠷ ᠦᠨᠳᠦᠰᠦᠯᠡᠭᠰᠡᠨ ᠦᠭᠡᠶ ᠪᠠᠷ | ᠴᠤᠭᠯᠠᠭᠤᠯᠤᠭᠰᠠᠨ ᠲᠤᠭ᠎ᠠ ᠪᠦᠷᠢᠳᠬᠡᠯ ᠤᠨ ᠮᠠᠲ᠋ᠧᠷᠢᠶᠠᠯ ᠃ ᠬᠠᠮᠲᠤ ᠶᠢᠨ ᠰᠤᠳᠤᠯᠭᠠᠨ ᠪᠤᠶᠤ ᠬᠤᠪᠢ ᠬᠥᠮᠦᠨ ᠤ | ᠰᠠᠨᠠᠭ᠎ᠠ ᠪᠠᠷ ᠵᠶ᠋ᠠᠨᠲ᠋ᠤᠭᠠ ᠪᠦᠷᠢᠳᠬᠡᠯ ᠤᠨ ᠲᠤᠭ᠎ᠠ ᠪᠠᠷᠢᠮᠲᠠ ᠶᠢ ᠲᠣᠭᠲᠠᠭᠠᠵᠤ᠂ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠥᠪᠡᠰᠦᠪᠡᠨ ᠵᠠᠰᠠᠭᠰᠠᠨ᠃ | ︵ᠬᠤᠶᠠᠷ︶ ᠡᠷᠬᠡ ᠲᠤᠰᠢᠶᠠᠯ ᠢᠶᠠᠨ ᠠᠰᠢᠭᠯᠠᠨ ᠲᠤᠭ᠎ᠠ ᠪᠦᠷᠢᠳᠬᠡᠯ ᠤᠨ ᠪᠠᠶᠢᠭᠤᠯᠤᠮᠵᠢ᠂ ᠲᠤᠭ᠎ᠠ | ᠪᠦᠷᠢᠳᠬᠡᠯ ᠤᠨ ᠠᠵᠢᠯᠲᠠᠨ ᠳᠤ ᠵᠢᠭᠠᠨ ᠲᠤᠬᠢᠵᠤ᠂ ᠠᠯᠪᠠᠳᠠᠨ ᠵᠠᠷᠯᠢᠭᠳᠠᠵᠤ᠂ ᠰᠠᠨᠠᠭᠤᠯᠭ᠎ᠠ ᠥᠭᠴᠦ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠥᠭᠡᠷᠡᠲᠦᠭᠦᠯᠦᠭᠰᠡᠨ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠭᠰᠠᠨ᠃ | ︵ᠭᠤᠷᠪᠠ︶ ᠲᠤᠭ᠎ᠠ ᠪᠦᠷᠢᠳᠬᠡᠯ ᠤᠨ ᠠᠵᠢᠯᠲᠠᠨ ᠠᠴᠠ ᠤᠳᠤᠷᠢᠳᠬᠤ ᠬᠥᠮᠦᠰ ᠤᠨ ᠲᠤᠭ᠎ᠠ ᠪᠦᠷᠢᠳᠬᠡᠯ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠡᠪᠴᠢᠬᠦ ᠦᠭᠡᠢ᠂ ᠬᠤᠷᠢᠭᠯᠠᠬᠤ ᠦᠭᠡᠢ᠂ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠥᠭᠡᠷᠡᠲᠦᠭᠦᠯᠦᠭᠰᠡᠨ ᠪᠤᠶᠤ ᠬᠤᠳᠠᠯ ᠬᠠᠭᠤᠷᠮᠠᠭ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠵᠣᠬᠢᠶᠠᠬᠤ ᠳᠤ ᠣᠷᠣᠯᠴᠠᠭᠰᠠᠨ᠃ | ᠬᠤᠷᠢᠨ ᠵᠢᠷᠭᠤᠳᠤᠭᠠᠷ ᠵᠤᠷᠪᠤᠰ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ | ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠠᠴᠠ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠥᠭᠡᠷᠡᠲᠦᠭᠦᠯᠬᠦ ᠶᠢ ᠲᠡᠪᠴᠢᠭᠰᠡᠨ᠂ ᠡᠰᠡᠷᠭᠦᠴᠡᠭᠰᠡᠨ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ | ᠵᠣᠬᠢᠶᠠᠬᠤ ᠠᠵᠢᠯᠯᠠᠭ᠎ᠠ ᠶᠢ ᠲᠡᠪᠴᠢᠭᠰᠡᠨ᠂ ᠡᠰᠡᠷᠭᠦᠴᠡᠭᠰᠡᠨ ᠲᠤᠭ᠎ᠠ ᠪᠦᠷᠢᠳᠬᠡᠯ ᠤᠨ ᠠᠵᠢᠯᠲᠠᠨ ᠳᠤ ᠴᠣᠬᠢᠯᠲᠠ | ᠥᠭᠴᠦ ᠬᠠᠷᠢᠭᠤ ᠠᠪᠤᠭᠰᠠᠨ ᠢ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠴᠦ᠂ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠳᠣᠯᠣᠳᠤᠭᠠᠷ ᠵᠤᠷᠪᠤᠰ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠲᠤ ᠳᠣᠤᠷᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ ᠨᠡᠶᠢᠲᠡᠯᠡᠨ ᠰᠢᠭᠦᠮᠵᠢᠯᠡᠨ᠎ᠡ᠃ | ᠦᠢᠯᠡ ᠪᠠᠶᠢᠳᠠᠯ ᠨᠢ ᠨᠡᠯᠢᠶᠡᠳ ᠬᠦᠨᠳᠦ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠭᠤᠣᠯᠴᠢᠯᠠᠨ ᠬᠠᠮᠢᠶᠠᠷᠬᠤ | ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠢᠳᠬᠡᠯ ᠥᠭᠴᠦ ᠪᠣᠯᠤᠨ᠎ᠠ᠄ | ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠤᠭ᠎ᠠ ᠪᠦᠷᠢᠳᠬᠡᠯᠤᠨ | ᠳᠦᠷᠢᠮ ᠢ ᠵᠥᠷᠢᠴᠡᠭᠰᠡᠨ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠪᠣᠳᠠᠲᠠᠶ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠠᠴᠠ ᠥᠨᠳᠥᠷ ᠪᠤᠶᠤ ᠳᠣᠤᠭᠤᠷ ᠬᠤᠳᠠᠯ ᠢᠶᠠᠷ ᠮᠡᠳᠡᠭᠦᠯᠦᠭᠰᠡᠨ ᠪᠤᠶᠤ ᠳᠠᠷᠤᠭᠠᠳ ᠮᠡᠳᠡᠭᠦᠯᠦᠭᠰᠡᠨ ᠦᠭᠡᠢ᠃ | ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠵᠦ᠂ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ ᠪᠥᠭᠡᠳ ᠮᠡᠳᠡᠭᠦᠯᠦᠨ ᠬᠦᠷᠭᠡᠭᠰᠡᠨ᠃ | ︵ᠭᠤᠷᠪᠠ︶ ᠡᠷᠬᠡ ᠲᠤᠰᠢᠶᠠᠯ ᠪᠤᠶᠤ ᠠᠵᠢᠯ ᠤᠨ ᠲᠠᠯ᠎ᠠ ᠪᠠᠷ ᠬᠢ ᠳᠥᠭᠦᠮ ᠨᠥᠬᠦᠴᠡᠯ ᠢᠶᠠᠨ ᠠᠰᠢᠭᠯᠠᠵᠤ᠂ | ᠬᠠᠤᠯᠢ ᠪᠤᠰᠤ ᠪᠠᠶᠢᠴᠠᠭᠠᠯᠲᠠ ᠶᠢ ᠳᠤᠷ᠎ᠠ ᠪᠠᠷ ᠢᠶᠠᠨ ᠵᠣᠬᠢᠶᠠᠨ ᠪᠠᠶᠢᠭᠤᠯᠤᠭᠰᠠᠨ ᠪᠤᠶᠤ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠥᠭᠡᠷᠡᠲᠦᠭᠦᠯᠦᠭᠰᠡᠨ ᠪᠥᠭᠡᠳ ᠮᠡᠳᠡᠭᠦᠯᠦᠨ ᠬᠦᠷᠭᠡᠭᠰᠡᠨ᠃ | ︵ᠳᠥᠷᠪᠡ︶ ᠲᠤᠭ᠎ᠠ ᠪᠦᠷᠢᠳᠬᠡᠯ ᠤᠨ ᠳᠦᠷᠢᠮ ᠢ ᠬᠡᠷᠡᠭᠵᠢᠭᠦᠯᠬᠦ ᠦᠭᠡᠢ᠂ ᠲᠤᠭ᠎ᠠ ᠪᠦᠷᠢᠳᠬᠡᠯ ᠤᠨ ᠮᠠᠲ᠋ᠧᠷᠢᠶᠠᠯ | ᠬᠠᠩᠭᠠᠬᠤ ᠡᠭᠦᠷᠭᠡ ᠪᠠᠨ ᠭᠦᠢᠴᠡᠳᠬᠡᠬᠦ ᠦᠭᠡᠢ᠂ ᠲᠣᠭᠲᠠᠭᠰᠠᠨ ᠬᠤᠭᠤᠴᠠᠭᠠᠨ ᠳᠣᠲᠣᠷ᠎ᠠ ︽ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠪᠠᠶᠢᠴᠠᠭᠠᠨ ᠯᠠᠪᠯᠠᠬᠤ ᠪᠢᠴᠢᠭ︾ ᠪᠣᠯᠤᠨ ︽ᠲᠤᠭ᠎ᠠ ᠪᠦᠷᠢᠳᠬᠡᠯ ᠤᠨ ᠮᠠᠲ᠋ᠧᠷᠢᠶᠠᠯ ᠢ ᠰᠢᠪᠠᠳᠠᠨ | ᠮᠡᠳᠡᠭᠦᠯᠬᠦ ᠬᠠᠭᠤᠳᠠᠰᠤ︾ ᠳᠤ ᠬᠠᠷᠢᠭᠤᠯᠲᠠ ᠥᠭᠬᠦ ᠦᠭᠡᠢ ᠵᠢᠴᠢ ᠲᠤᠭ᠎ᠠ ᠪᠦᠷᠢᠳᠬᠡᠯ ᠤᠨ ᠪᠠᠶᠢᠭᠤᠯᠭ᠎ᠠ ᠶᠢᠨ | ᠭᠦᠢᠴᠡᠳᠬᠡᠬᠦ ᠪᠠᠷ ᠱᠠᠭᠠᠷᠳᠠᠭᠰᠠᠨ ᠡᠭᠦᠷᠭᠡ ᠶᠢ ᠣᠶᠢᠰᠢᠶᠠᠬᠤ ᠦᠭᠡᠢ ᠪᠠᠷ ᠲᠤᠭ᠎ᠠ ᠪᠦᠷᠢᠳᠬᠡᠯ ᠤᠨ ᠮᠠᠲ᠋ᠧᠷᠢᠶᠠᠯ ᠢ | ᠮᠡᠳᠡᠭᠦᠯᠬᠦ ᠶᠢ ᠲᠡᠪᠴᠢᠭᠰᠡᠨ᠃ | ︵ᠲᠠᠪᠤ︶ ᠲᠤᠭ᠎ᠠ ᠪᠦᠷᠢᠳᠬᠡᠯ ᠤᠨ ᠳᠦᠷᠢᠮ ᠢ ᠵᠥᠷᠢᠴᠡᠵᠦ᠂ ᠨᠢᠭᠡ ᠵᠢᠯ ᠤᠨ ᠳᠣᠲᠣᠷ᠎ᠠ ᠲᠤᠭ᠎ᠠ ᠪᠦᠷᠢᠳᠬᠡᠯ ᠤᠨ | ᠮᠠᠲ᠋ᠧᠷᠢᠶᠠᠯ ᠢᠶᠠᠨ ᠨᠡᠶᠢᠲᠡ ᠭᠤᠷᠪᠠ ᠤᠳᠠᠭ᠎ᠠ ᠬᠤᠶᠢᠰᠢᠯᠠᠭᠤᠯᠤᠨ ᠮᠡᠳᠡᠭᠦᠯᠦᠭᠰᠡᠨ᠃ | ᠬᠤᠷᠢᠨ ᠨᠠᠢᠮᠠᠳᠤᠭᠠᠷ ᠵᠤᠷᠪᠤᠰ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠬᠤᠪᠢ ᠬᠥᠮᠦᠨ ᠳᠤ ᠲᠣᠰ ᠳᠦᠷᠢᠮ ᠤᠨ ᠬᠤᠷᠢ | ᠶᠢᠰᠦᠳᠦᠭᠡᠷ ᠵᠤᠷᠪᠤᠰ ᠲᠤ ᠵᠢᠭᠰᠠᠭᠠᠭᠰᠠᠨᠠᠵᠢᠯᠯᠠᠭᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠰᠡᠷᠡᠮᠵᠢ | ᠥᠭᠬᠦ ᠶᠢᠨ ᠬᠠᠮᠲᠤ ᠵᠣᠭᠤᠰ ᠢᠶᠠᠷ ᠲᠣᠷᠭᠠᠵᠤ ᠪᠣᠯᠤᠨ᠎ᠠ᠃ | ᠲᠤᠭ᠎ᠠ ᠪᠦᠷᠢᠳᠬᠡᠯ ᠤᠨ ᠪᠠᠶᠢᠭᠤᠯᠭ᠎ᠠ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠵᠣᠬᠢᠶᠠᠨ | ᠪᠠᠶᠢᠭᠤᠯᠤᠯᠲᠠ ᠳᠤ ᠨᠠᠶᠢᠳᠠᠵᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠦᠭᠦᠯᠵᠦ ᠪᠣᠯᠤᠨ᠎ᠠ᠃ | ᠬᠤᠷᠢ ᠶᠢᠰᠦᠳᠦᠭᠡᠷ ᠵᠤᠷᠪᠤᠰ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ | ᠵᠥᠷᠢᠴᠡᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠬᠠᠷᠠᠭᠠᠯᠵᠠᠯ ᠤᠨ ᠣᠯᠭᠤᠮᠵᠢ ᠶᠢ ᠮᠡᠬᠡᠯᠡᠨ ᠠᠪᠤᠭᠰᠠᠨ | ᠪᠤᠶᠤ ᠢᠷᠠᠭᠤ ᠠᠯᠳᠠᠷ ᠤᠨ ᠴᠣᠯᠠ ᠵᠢᠴᠢ ᠱᠠᠩᠨᠠᠯ ᠤᠨ ᠮᠥᠩᠭᠦ ᠶᠢ ᠮᠡᠬᠡᠯᠡᠨ ᠠᠪᠤᠭᠰᠠᠨ ᠪᠣᠯ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠯᠭ᠎ᠠ ᠠᠴᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ ᠳᠤ ᠳᠡᠪᠰᠢᠭᠦᠯᠦᠨ ᠬᠦᠴᠦᠨ ᠦᠭᠡᠢ ᠪᠣᠯᠭᠠᠬᠤ ᠪᠤᠶᠤ | ᠨᠡᠬᠡᠮᠵᠢᠯᠡᠨ ᠠᠪᠴᠢᠷᠠᠭᠤᠯᠬᠤ ᠬᠡᠷᠡᠭᠲᠡᠶ᠃ | ᠭᠤᠴᠢᠳᠤᠭᠠᠷ ᠵᠤᠷᠪᠤᠰ ᠲᠤᠭ᠎ᠠ ᠪᠦᠷᠢᠳᠬᠡᠯ ᠪᠠᠶᠢᠴᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ | ᠲᠤᠭ᠎ᠠ ᠪᠦᠷᠢᠳᠬᠡᠯ ᠪᠠᠶᠢᠴᠠᠭᠠᠭᠴᠢ ᠡᠷᠬᠡ ᠲᠤᠰᠢᠶᠠᠯ ᠢᠶᠠᠨ ᠬᠡᠷᠡᠭᠵᠢᠭᠦᠯᠬᠦ ᠳᠤᠮᠳᠠ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠬᠦᠨᠳᠦ ᠪᠠᠷ ᠰᠢᠢᠳᠪᠦᠷᠢᠯᠡᠬᠦ ᠬᠡᠷᠡᠭᠲᠡᠶ᠃ | ᠭᠤᠴᠢᠨ ᠨᠢᠭᠡᠳᠦᠭᠡᠷ ᠵᠤᠷᠪᠤᠰ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ | ᠪᠠ ᠲᠣᠰ ᠳᠦᠷᠢᠮ ᠢ ᠵᠥᠷᠢᠴᠡᠵᠦ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ | ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠬᠤᠶᠠᠳᠤᠭᠠᠷ ᠵᠤᠷᠪᠤᠰ ᠵᠠᠰᠠᠭ ᠵᠠᠬᠢᠷᠭᠠᠨ ᠤ ᠰᠢᠢᠳᠬᠡᠯ ᠢ ᠲᠤᠭ᠎ᠠ ᠪᠦᠷᠢᠳᠬᠡᠯ ᠤᠨ | ᠪᠠᠶᠢᠭᠤᠯᠤᠯᠭ᠎ᠠ ᠠᠴᠠ ᠲᠤᠬᠠᠶ ᠶᠢᠨ ᠬᠥᠮᠦᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠨᠢᠭᠡᠴᠢ ᠳᠤ ︽ | ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠲᠤ ᠵᠠᠰᠠᠭ ᠵᠠᠬᠢᠷᠭᠠᠨ ᠤ ᠰᠢᠢᠳᠬᠡᠯ ᠥᠭᠬᠦ ᠰᠠᠨᠠᠯ ᠤᠨ | ᠪᠢᠴᠢᠭ︾ ᠳᠤᠷᠠᠳᠴᠤ᠂ ᠲᠤᠬᠠᠶ ᠶᠢᠨ ᠬᠥᠮᠦᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠨᠢᠭᠡᠴᠢ ᠠᠴᠠ ᠰᠢᠢᠳᠪᠦᠷᠢᠯᠡᠬᠦ ᠪᠥᠭᠡᠳ ᠦᠷ᠎ᠡ ᠳ᠋ᠦᠩ ᠢ ᠲᠤᠭ᠎ᠠ ᠪᠦᠷᠢᠳᠬᠡᠯ ᠤᠨ ᠪᠠᠶᠢᠭᠤᠯᠭ᠎ᠠ ᠳᠤ ᠬᠠᠭᠤᠯᠤᠨ | ᠬᠦᠷᠭᠡᠨ᠎ᠡ᠃ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠲᠤᠭ᠎ᠠ | ᠪᠦᠷᠢᠳᠬᠡᠯ ᠤᠨ ᠪᠠᠶᠢᠭᠤᠯᠭ᠎ᠠ ᠠᠴᠠ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠤᠶᠤ ᠠᠵᠢᠯᠳᠠᠨ ᠤ ᠶᠠᠪᠤᠳᠠᠯ ᠤᠨ | ᠰᠠᠯᠠᠭ᠎ᠠ ᠮᠥᠴᠢᠷ ᠲᠤ ᠰᠢᠭᠤᠳ ᠮᠡᠳᠡᠭᠦᠯᠵᠦ ᠰᠢᠢᠳᠪᠦᠷᠢᠯᠡᠵᠦ ᠪᠣᠯᠤᠨ᠎ᠠ᠃ | ᠭᠤᠴᠢᠨ ᠭᠤᠷᠪᠠᠳᠤᠭᠠᠷ ᠵᠤᠷᠪᠤᠰ ᠰᠢᠢᠳᠬᠡᠭᠳᠡᠭᠰᠡᠨ ᠨᠢᠭᠡᠴᠢ ᠪᠤᠶᠤ ᠬᠤᠪᠢ ᠬᠥᠮᠦᠨ ᠵᠠᠰᠠᠭ ᠵᠠᠬᠢᠷᠭᠠᠨᠤ | ᠰᠢᠢᠳᠬᠡᠯ ᠢ ᠵᠥᠪᠰᠢᠶᠡᠷᠡᠬᠦ ᠤᠢᠭᠡᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ | ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ ᠬᠤᠭᠤᠴᠠᠭ᠎ᠠ ᠬᠡᠲᠦᠷᠡᠲᠡᠯ᠎ᠡ ᠲᠠᠬᠢᠨ | ᠵᠥᠪᠯᠡᠬᠦ ᠪᠠᠷ ᠭᠤᠶᠤᠴᠢᠯᠠᠭᠰᠠᠨ ᠦᠭᠡᠢ᠂ ᠵᠠᠭᠠᠯᠳᠤᠬᠤ ᠦᠭᠡᠢ ᠪᠥᠭᠡᠳ ᠪᠠᠰᠠ ᠭᠦᠢᠴᠡᠳᠬᠡᠬᠦ ᠦᠭᠡᠢ ᠪᠠᠶᠢᠪᠠᠯ᠂ | ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠨᠢ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ | ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠤᠨ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢᠨ ᠳᠥᠷᠪᠡᠳᠦᠭᠡᠷ ᠵᠤᠷᠪᠤᠰ ᠲᠣᠰ ᠳᠦᠷᠢᠮ ᠤᠨ ᠪᠣᠳᠠᠲᠠᠶ ᠬᠡᠷᠡᠭᠵᠢᠭᠦᠯᠬᠦ ᠠᠷᠭ᠎ᠠ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠭᠤᠴᠢᠨ ᠲᠠᠪᠤᠳᠤᠭᠠᠷ ᠵᠤᠷᠪᠤᠰ ᠲᠣᠰ ᠳᠦᠷᠢᠮ ᠢ 1991 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |