ᠡᠷᠬᠡ ᠰᠦᠷᠲᠦ ᠲᠠᠶᠢᠯᠤᠮᠵᠢ᠄ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠠᠵᠤ ᠠᠬᠤᠶ ᠲᠣᠭᠲᠠᠭᠤᠨ ᠢᠶᠠᠷ ᠰᠡᠷᠭᠦᠪᠡ
ᠨᠡᠶᠢᠲᠡᠯᠡᠭᠰᠡᠨ ᠴᠠᠭ᠄
2020/12/3
   ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠳᠤ ᠬᠢᠵᠢᠭ ᠢ ᠰᠡᠷᠭᠡᠶᠢᠯᠡᠨ ᠬᠢᠵᠠᠭᠠᠷᠯᠠᠭᠰᠠᠨ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠭᠰᠠᠨ ᠠᠴᠠ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠳᠤ ᠢᠳᠡᠪᠬᠢᠲᠡᠶ ᠬᠤᠪᠢᠷᠠᠯᠲᠠ ᠭᠠᠷᠴᠤ᠂ ᠠᠵᠤ ᠠᠬᠤᠶ ᠪᠦᠬᠦᠯᠢ ᠴᠣᠭᠴᠠ ᠪᠠᠷ ᠢᠶᠠᠨ ᠡᠮᠬᠢ ᠵᠢᠷᠤᠮ ᠲᠠᠢ ᠰᠡᠷᠭᠦᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 7704.1 ᠳ᠋ᠦᠩᠰᠢᠭᠤᠷ ᠲᠥᠭᠦᠷᠢᠭ ᠲᠤ ᠬᠦᠷᠴᠦ᠂  ᠬᠠᠷᠢᠴᠠᠭᠤᠯᠬᠤᠶᠢᠴᠠ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠠᠴᠠ ᠪᠠᠨ 3.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ 2.0 ᠵᠠᠭᠤᠨ ᠤ ᠬᠤᠪᠢ ᠪᠠᠭᠠᠰᠴᠠᠶ᠃    ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠲᠦᠷᠭᠡᠨ ᠰᠡᠷᠭᠦᠭᠡᠪᠡ    ᠪᠦᠬᠦ ᠣᠷᠣᠨ ᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 366.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 0.5% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ 11.6 ᠵᠠᠭᠤᠨ ᠤ ᠬᠤᠪᠢ ᠪᠠᠭᠠᠰᠴᠠᠶ᠃ ᠠᠮᠤ ᠪᠤᠳᠠᠭ᠎ᠠ ᠲᠠᠷᠢᠬᠤ ᠲᠠᠯᠠᠪᠠᠢ ᠲᠣᠭᠲᠠᠭᠤᠨ ᠢᠶᠠᠷ ᠨᠡᠮᠡᠭᠳᠡᠵᠦ᠂ ᠮᠠᠯ ᠠᠵᠤ ᠠᠬᠤᠢ ᠶᠢᠨ  ᠦᠢᠯᠡᠳᠪᠦᠷᠢᠯᠡᠯ ᠤᠨ ᠪᠠᠶᠢᠳᠠᠯ ᠨᠢᠭᠡᠳᠦᠭᠡᠷ ᠤᠯᠠᠷᠢᠯ ᠠᠴᠠ ᠪᠠᠨ ᠢᠯᠡᠳᠲᠡ ᠰᠠᠶᠢᠵᠢᠷᠠᠵᠤ᠂ ᠰᠡᠷᠭᠦᠨ ᠬᠦᠭᠵᠢᠭᠰᠡᠨ ᠪᠠᠶᠢᠨ᠎ᠠ᠃    ᠬᠤᠶᠠᠷ᠂ ᠠᠵᠤ ᠦᠢᠯᠡᠳᠪᠦᠷᠢ ᠨᠢ ᠬᠤᠶᠠᠳᠤᠭᠠᠷ ᠠᠵᠤ ᠦᠢᠯᠡᠰ ᠤᠨ ᠰᠡᠷᠭᠦᠯᠲᠡ ᠶᠢ ᠳᠡᠮᠵᠢᠭᠰᠡᠨ ᠪᠠᠶᠢᠨ᠎ᠠ    ᠳᠡᠭᠡᠷ᠎ᠡ ᠬᠠᠭᠠᠰ ᠵᠢᠯ᠂ ᠪᠦᠬᠦ ᠣᠷᠣᠨ ᠤ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 3227.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 1.8% ᠪᠠᠷ ᠪᠠᠭᠤᠷᠠᠵᠠᠢ᠂ ᠡᠭᠦᠨ ᠳᠤ᠂ ᠪᠥᠬᠦ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ ᠪᠠᠨ 2.1% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ 1.3 ᠵᠠᠭᠤᠨ ᠤ ᠬᠤᠪᠢ ᠪᠠᠭᠠᠰᠪᠠ᠃ ᠦᠢᠯᠡᠳᠬᠦ ᠦᠢᠯᠡᠰ ᠨᠢ ᠪᠦᠬᠦ ᠣᠷᠣᠨ ᠤ ᠠᠵᠤ ᠠᠬᠤᠢ ᠶᠢᠨ ᠰᠡᠷᠭᠦᠭᠡᠯᠲᠡ ᠳᠤ ᠨᠡᠯᠢᠶᠡᠳ ᠬᠦᠴᠦᠲᠡᠶ ᠲᠤᠯᠭᠠᠭᠤᠷᠢᠯᠠᠯ ᠬᠠᠩᠭᠠᠵᠤ ᠂ ᠪᠥᠬᠦ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠠᠴᠠ ᠪᠠᠨ 4.6% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠠᠴᠠ 3.7 ᠵᠠᠭᠤᠨ ᠤ ᠬᠤᠪᠢ ᠳᠡᠭᠡᠭᠰᠢᠯᠡᠪᠡ᠃    ᠭᠤᠷᠪᠠ᠂  ᠦᠢᠯᠡᠴᠢᠯᠡᠭᠡᠨ ᠤ ᠦᠢᠯᠡᠰ ᠤᠨ ᠰᠠᠶᠢᠵᠢᠷᠠᠯᠲᠠ ᠶᠢᠨ ᠪᠠᠶᠢᠳᠠᠯ ᠢᠯᠡᠷᠡᠬᠡᠢ    ᠳᠡᠭᠡᠷ᠎ᠡ ᠬᠠᠭᠠᠰ ᠵᠢᠯ᠂ ᠪᠥᠬᠦ ᠣᠷᠣᠨ ᠤ ᠭᠤᠷᠪᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ 4110.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 5.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ 1.2 ᠵᠠᠭᠤᠨ ᠤ ᠬᠤᠪᠢ ᠪᠠᠭᠠᠰᠴᠠᠶ᠃ ᠡᠭᠦᠨ ᠳᠤ ᠭᠡᠷ ᠬᠥᠷᠥᠩᠭᠡ ᠶᠢᠨ ᠦᠢᠯᠡᠰ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠠᠴᠠ ᠪᠠᠨ 3.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠠᠴᠠ 2.1 ᠵᠠᠭᠤᠨ ᠤ ᠬᠤᠪᠢ ᠳᠡᠭᠡᠭᠰᠢᠯᠡᠪᠡ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ ᠪᠠᠨ 13.4 ᠳᠣᠷᠣᠭᠰᠢᠯᠠᠵᠤ᠂ ᠪᠠᠭᠤᠳᠠᠯ ᠢᠳᠡᠭᠡᠨ ᠤᠮᠳᠠᠭᠠᠨ ᠤ  ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ ᠪᠠᠨ 29.3% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ ᠲᠣᠰ ᠲᠣᠰ 6.7 ᠪᠠ 11.9 ᠵᠠᠭᠤᠨ ᠤ ᠬᠤᠪᠢ ᠪᠠᠭᠠᠰᠴᠤ᠂ ᠬᠡᠷᠡᠭᠯᠡᠭᠡᠨ ᠤ ᠬᠦᠷᠢᠶ᠎ᠡ ᠲᠠᠰᠤᠷᠠᠯᠲᠠ ᠦᠭᠡᠢ ᠰᠡᠷᠭᠦᠪᠡ᠃    ᠶᠡᠷᠦᠩᠬᠡᠶ ᠳᠤᠨᠢ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠠᠨ ᠤ ᠣᠷᠣᠨ ᠤ ᠠᠵᠤ ᠠᠬᠤᠶ ᠳᠤ ᠨᠡᠯᠢᠶᠡᠳ ᠬᠠᠷᠰᠢ ᠪᠣᠯᠤᠭᠰᠠᠨ ᠪᠣᠯᠪᠠᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠢᠳᠠᠪᠦᠷᠢᠵᠢᠭᠤᠯᠤᠭᠰᠠᠨ ᠠᠴᠠ ᠲᠥᠷᠥ ᠶᠢᠨ ᠪᠣᠳᠣᠯᠭ᠎ᠠ ᠶᠢᠨ  ᠦᠢᠯᠡᠳᠦᠯ ᠤᠯᠠᠮ  ᠳᠣᠪᠣᠶᠢᠵᠤ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢᠨ ᠬᠠᠨᠳᠤᠰᠢ ᠳᠤ ᠬᠤᠪᠢᠷᠠᠯᠲᠠ ᠭᠠᠷᠤᠭᠰᠠᠨ ᠥᠬᠡᠶ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号