ᠨᠢᠭᠡ᠂ ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠦᠨᠳᠦᠰᠦᠨ ᠪᠠᠶᠢᠳᠠᠯ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ | ᠡᠷᠦᠬᠡ ᠪᠠᠭᠲᠠᠬᠤ ᠥᠬᠡᠶ︶ ᠨᠢ ᠠᠳᠠᠯᠢ ᠬᠤᠭᠤᠴᠠᠭᠠᠨ ᠤ ᠬᠢ ᠠᠴᠠ 22.3% ᠪᠠᠷ ᠪᠠᠭᠤᠷᠠᠵᠤ᠂ ᠪᠠᠭᠤᠷᠠᠯᠲᠠ ᠶᠢᠨ | ᠬᠡᠮᠵᠢᠶ ᠡ ᠨᠢ ᠨᠢᠭᠡᠳᠦᠭᠡᠷ ᠤᠯᠠᠷᠢᠯ ᠤᠨ ᠬᠢ ᠠᠴᠠ 15.0 ᠵᠠᠭᠤᠨ ᠤ ᠬᠤᠪᠢ ᠪᠠᠭᠠᠰᠴᠠᠶ᠃ ᠡᠭᠦᠨ ᠳᠤ᠂ | ᠠᠷᠠᠳ ᠤᠨ ᠪᠠᠯᠠ ᠣᠷᠣᠭᠤᠯᠤᠯᠲᠠ 13.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ | ᠤᠯᠠᠷᠢᠯ ᠤᠨ ᠬᠢ ᠠᠴᠠ 9.4 ᠵᠠᠭᠤᠨ ᠤ ᠬᠤᠪᠢ ᠪᠠᠭᠠᠰᠴᠠᠶ᠃ | ᠠᠵᠤ ᠦᠢᠯᠡᠰ ᠤᠨ ᠬᠤᠪᠢᠶᠠᠷᠢᠯᠠᠯ ᠤᠨ ᠲᠠᠯ᠎ᠠ ᠠᠴᠠ ᠦᠵᠡᠪᠡᠯ᠂ ᠲᠦᠷᠦᠭᠦᠤ ᠬᠠᠭᠠᠰ ᠵᠢᠯ ᠳᠤ᠂ ᠨᠢᠭᠡᠳᠦᠭᠡᠷ | ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.3% ᠪᠠᠷ᠂ ᠬᠤᠶᠠᠳᠤᠭᠠᠷ | ᠠᠵᠤ ᠦᠢᠯᠡᠰ ᠤᠨ ᠪᠠᠯᠠ ᠣᠷᠣᠭᠤᠯᠤᠯᠲᠠ 21.0% ᠪᠠᠷ᠂ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ 22.8% ᠪᠠᠷ ᠲᠣᠰ ᠲᠣᠰ ᠪᠠᠭᠤᠷᠠᠪᠠ᠃ ᠭᠤᠷᠪᠠᠨ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠬᠠᠷᠢᠴᠠᠯ ᠢ ᠨᠢᠭᠡᠳᠦᠭᠡᠷ ᠤᠯᠠᠷᠢᠯ ᠳᠤ 3.6᠄ 50.0᠄ 46.4 ᠪᠠᠶᠢᠭᠰᠠᠨ ᠠᠴᠠ 3.2᠄ | 41.3᠄ 55.5 ᠪᠣᠯᠭᠠᠨ ᠲᠣᠬᠢᠷᠠᠭᠤᠯᠵᠠᠢ᠃ | ᠬᠦᠷᠢᠶ᠎ᠡ ᠴᠠᠷ᠎ᠠ ᠶᠢᠨ ᠲᠠᠯ᠎ᠠ ᠠᠴᠠ ᠦᠵᠡᠪᠡᠯ᠂ ᠲᠦᠷᠦᠭᠦᠤ ᠬᠠᠭᠠᠰ ᠵᠢᠯ ᠳᠤ᠂ ᠲᠠᠷᠢᠶᠠᠯᠠᠩ᠂ ᠣᠶ ᠰᠢᠭᠤᠶ᠂ | ᠮᠠᠯ ᠠᠵᠤ ᠠᠬᠤᠶ᠂ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36. | 6% ᠪᠠᠷ ᠪᠠᠭᠤᠷᠠᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 21.5% ᠪᠠᠷ ᠪᠠᠭᠤᠷᠠᠪᠠ᠃ ᠡᠭᠦᠨ ᠤ | ᠳᠣᠲᠣᠷ᠎ᠠ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 40.9% ᠪᠠᠷ ᠪᠠᠭᠤᠷᠠᠵᠤ᠂ ᠴᠠᠬᠢᠯᠭᠠᠨ ᠬᠦᠴᠦ᠂ | ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ 36. | 3% ᠪᠠᠷ ᠨᠡᠮᠡᠭᠳᠡᠨ᠂ ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ 19.4% ᠪᠠᠷ ᠪᠠᠭᠤᠷᠠᠭᠰᠠᠨ ᠪᠦᠭᠡᠳ | ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 19.8% ᠪᠠᠷ ᠪᠠᠭᠤᠷᠠᠪᠠ᠃ | ᠬᠤᠶᠠᠷ᠂ ᠪᠡᠯᠡ ᠣᠷᠣᠭᠤᠯᠤᠯᠲᠠ ᠶᠢᠨ ᠠᠵᠢᠯᠯᠠᠭᠠᠨ ᠤ ᠣᠨᠴᠠᠯᠢᠭ | ︵ᠨᠢᠭᠡ︶ ᠠᠷᠠᠳ ᠤᠨ ᠪᠠᠯᠠ ᠣᠷᠣᠭᠤᠯᠤᠯᠲᠠ ᠶᠢᠨ ᠡᠵᠡᠯᠡᠬᠦ ᠬᠠᠷᠢᠴᠠᠯ ᠳᠡᠭᠡᠭᠰᠢᠯᠡᠪᠡ | ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠠᠷᠠᠳ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 13.7% ᠳᠣᠷᠣᠭᠰᠢᠯᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ | ᠤᠯᠠᠷᠢᠯ ᠤᠨ ᠬᠢ ᠠᠴᠠ 9.4 ᠵᠠᠭᠤᠨ ᠤ ᠬᠤᠪᠢ ᠪᠠᠭᠠᠰᠴᠤ᠂ ᠪᠦᠬᠦ ᠪᠡᠯᠡ ᠣᠷᠣᠭᠤᠯᠤᠯᠲᠠ ᠶᠢᠨ ᠡᠵᠡᠯᠡᠬᠦ | ᠬᠤᠪᠢ ᠶᠢᠨ ᠵᠢᠩ ᠨᠢ 56.6% ᠳᠤ ᠬᠦᠷᠴᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 5.6 | ᠵᠠᠭᠤᠨ ᠤ ᠨᠢᠭᠡᠴᠢ ᠳᠡᠭᠡᠭᠰᠢᠯᠡᠵᠡᠶ᠃ | ᠠᠵᠢᠯ ᠲᠥᠷᠥᠯ ᠤᠨ ᠲᠠᠯ᠎ᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ᠂ ᠠᠷᠠᠳ ᠤᠨ ᠪᠡᠯᠡ | ᠣᠷᠣᠭᠤᠯᠤᠯᠲᠠ ᠳᠤ ᠦᠢᠯᠡᠳᠬᠦ ᠦᠢᠯᠡᠰ 24.5% ᠶᠢ ᠡᠵᠡᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ 46.2% ᠢ ᠡᠵᠡᠯᠡᠵᠦ᠂ ᠬᠤᠶᠠᠭᠤᠯᠠ ᠪᠠᠨ ᠨᠡᠶᠢᠯᠡᠭᠡᠳ 70.7% ᠳᠤ ᠬᠦᠷᠴᠡᠶ᠃ | ︵ᠬᠤᠶᠠᠷ︶ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ | ᠬᠡᠮᠵᠢᠶ᠎ᠡ ᠢᠯᠡᠳᠲᠡ ᠪᠠᠭᠠᠰᠪᠠ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠠᠴᠠ ᠪᠠᠨ 21.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | ᠨᠢᠭᠡᠳᠦᠭᠡᠷ ᠤᠯᠠᠷᠢᠯ ᠠᠴᠠ 34.4 ᠵᠠᠭᠤᠨ ᠤ ᠬᠤᠪᠢ ᠪᠠᠭᠠᠰᠪᠠ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ 26.2 ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 9.4 ᠵᠠᠭᠤᠨ ᠤ ᠬᠤᠪᠢ | ᠪᠠᠭᠠᠰᠴᠤ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 19.0% ᠪᠠᠷ | ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 48.5 ᠵᠠᠭᠤᠨ ᠤ ᠬᠤᠪᠢ ᠪᠠᠭᠠᠰᠪᠠ᠃ |