ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠳᠦᠷᠢᠮ
ᠨᠡᠶᠢᠲᠡᠯᠡᠭᠰᠡᠨ ᠴᠠᠭ᠄
2020/12/6
       ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠳᠦᠷᠢᠮ      ︵2006 ᠣᠨ ᠤ 8 ᠰᠠᠷ᠎ᠠ ᠶᠢᠨ 23 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ 473 ᠳ᠋ᠤᠭᠠᠷ ᠵᠠᠷᠯᠢᠭ ᠢᠶᠠᠷ ᠨᠡᠶᠢᠲᠡᠯᠡᠪᠡ︶    ᠨᠢᠭᠡᠳᠦᠭᠡᠷ ᠪᠦᠯᠦᠭ ᠶᠡᠷᠦᠩᠬᠡᠶ ᠲᠦᠷᠢᠮ    ᠨᠢᠭᠡᠳᠦᠭᠡᠷ  ᠵᠤᠷᠪᠤᠰ᠄ ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢ ᠰᠢᠨᠵᠢᠯᠡᠬᠦ ᠤᠬᠠᠭᠠᠨᠴᠢ᠂ ᠪᠦᠲᠦᠮᠵᠢᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠲᠥᠯᠥᠭᠡ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠣᠯᠤᠨ ᠳᠠᠷᠤᠢ ᠲᠥᠷᠬᠡᠨ ᠴᠢᠨᠠᠷ ᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠦᠨᠳᠦᠰᠦᠯᠡᠨ᠂ ᠲᠣᠰ ᠳᠦᠷᠢᠮ ᠢ ᠲᠣᠭᠲᠠᠭᠠᠪᠠ᠃    ᠬᠤᠶᠠᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ ᠨᠢ ᠮᠠᠨ ᠤ ᠤᠯᠤᠰ ᠤᠨ ᠬᠥᠳᠡᠭᠡ ᠠᠵᠤ ᠠᠬᠤᠶ᠂ ᠬᠥᠳᠡᠭᠡ ᠲᠣᠰᠬᠤᠨ ᠪᠣᠯᠤᠨ ᠲᠠᠷᠢᠶᠠᠴᠢᠳ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠰᠢᠨᠵᠢᠯᠡᠬᠦ ᠤᠬᠠᠭᠠᠨᠴᠢ ᠰᠢᠢᠳᠪᠦᠷᠢᠲᠤ ᠪᠣᠳᠣᠯᠭ᠎ᠠ ᠶᠢ ᠰᠤᠳᠤᠯᠤᠨ ᠲᠣᠭᠲᠠᠭᠠᠬᠤ ᠳᠤ ᠦᠨᠳᠦᠰᠦᠯᠡᠯ ᠬᠠᠩᠭᠠᠵᠤ᠂ ᠲᠡᠷᠡᠴᠢᠯᠡᠨ ᠲᠠᠷᠢᠶᠠᠯᠠᠩ ᠤᠨ ᠤᠢᠯᠡᠳᠪᠤᠷᠢᠯᠡᠯ ᠡᠵᠡᠩᠨᠡᠯ ᠪᠣᠯᠤᠨ ᠨᠡᠶᠢᠭᠡᠮ ᠨᠡᠶᠢᠲᠡ ᠳᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ  ᠦᠢᠯᠡᠴᠢᠯᠡᠭᠡ ᠬᠠᠩᠭᠠᠨ᠎ᠠ᠃    ᠭᠤᠷᠪᠠᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠤᠯᠤᠰ ᠤᠨ ᠨᠢᠭᠡᠳᠦᠯᠲᠡᠶ ᠤᠳᠤᠷᠢᠳᠤᠯᠭ᠎ᠠ᠂ ᠰᠠᠯᠠᠭ᠎ᠠ ᠮᠥᠴᠢᠷ ᠤᠳ ᠠᠵᠢᠯ ᠢᠶᠠᠨ ᠬᠤᠪᠢᠳᠠᠨ ᠬᠠᠮᠵᠢᠯᠴᠠᠬᠤ᠂ ᠣᠷᠣᠨ ᠨᠤᠲᠤᠭ ᠤᠨ ᠬᠢᠨ ᠱᠠᠲᠤ ᠬᠤᠪᠢᠶᠠᠨ ᠬᠠᠷᠢᠭᠤᠴᠠᠬᠤ ᠵᠠᠷᠴᠢᠮ ᠤᠨ ᠶᠣᠰᠣᠭᠠᠷ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃    ᠳᠥᠷᠪᠡᠳᠦᠭᠡᠷ ᠵᠤᠷᠪᠤᠰ᠄ ᠲᠥᠷᠥ ᠶᠢᠨ ᠪᠠᠶᠢᠭᠤᠯᠤᠭ᠎ᠠ᠂ ᠨᠡᠶᠢᠭᠡᠮ ᠤᠨ ᠪᠦᠯᠬᠦᠮ ᠵᠢᠴᠢ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠨᠢᠭᠡᠴᠡ ᠪᠠ ᠬᠤᠪᠢ ᠬᠥᠮᠦᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠪᠣᠯᠤᠨ ᠲᠣᠰ ᠳᠦᠷᠢᠮ ᠤᠨ ᠲᠣᠭᠲᠠᠭᠠᠯ ᠶᠣᠰᠣᠭᠠᠷ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠣᠷᠣᠯᠴᠠᠬᠤ ᠶᠢᠨ ᠬᠠᠮᠲᠤ ᠨᠢᠭᠲᠠ ᠬᠠᠮᠵᠢᠯᠴᠠᠬᠤ ᠬᠡᠷᠡᠭᠲᠡᠶ᠃    ᠲᠠᠪᠤᠳᠤᠭᠠᠷ ᠵᠤᠷᠪᠤᠰ᠄ ᠡᠯ᠎ᠡ ᠱᠠᠲᠤᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠳᠣᠷᠣᠭᠰᠢ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠭᠡᠵᠦ ᠲᠣᠪᠴᠢᠯᠠᠨ᠎ᠠ︶ ᠪᠣᠯᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠠᠵᠢᠯᠲᠠᠨ᠂ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ︵ᠳᠣᠷᠣᠭᠰᠢ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠭᠡᠵᠦ ᠨᠢᠭᠡᠳᠦᠯᠲᠡᠶ ᠨᠡᠷᠡᠶᠢᠳᠦᠨ᠎ᠡ︶ ᠨᠢ ᠪᠠᠶᠢᠴᠠᠭᠠᠬᠤ᠂ ᠮᠡᠳᠡᠭᠦᠯᠬᠦ᠂ ᠬᠢᠨᠠᠯᠲᠠ ᠲᠠᠯᠪᠢᠬᠤ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠬᠦᠯᠵᠤ᠂ ᠶᠠᠮᠠᠷᠪᠠ ᠨᠢᠭᠡᠴᠢ ᠪᠠ ᠬᠤᠪᠢ ᠬᠥᠮᠦᠨ ᠭᠠᠷ ᠳᠥᠷᠢᠵᠤ ᠪᠣᠯᠬᠤ ᠤᠢᠭᠡᠢ᠃    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠤᠳᠤᠷᠢᠳᠬᠤ ᠬᠥᠮᠦᠰ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠪᠣᠯᠤᠨ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠠᠤᠯᠢ ᠶᠣᠰᠣᠭᠠᠷ ᠬᠠᠩᠭᠠᠭᠰᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠳᠤ ᠥᠪᠡᠰᠦᠪᠡᠨ ᠵᠠᠰᠠᠪᠤᠷᠢ ᠣᠷᠣᠭᠤᠯᠵᠤ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠠᠯᠪᠠᠳᠠᠨ ᠵᠠᠷᠯᠢᠭᠳᠠᠵᠤ᠂ ᠰᠠᠨᠠᠭ᠎ᠠ ᠲᠠᠪᠠ ᠪᠠᠷ ᠢᠶᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠥᠭᠡᠷᠡᠲᠦᠭᠦᠯᠬᠦ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠵᠤ ᠪᠣᠯᠬᠤ ᠦᠭᠡᠶ᠃ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠥᠭᠡᠷᠡᠲᠦᠭᠦᠯᠬᠦ ᠶᠢ ᠲᠡᠪᠴᠢᠬᠦ᠂ ᠬᠤᠷᠢᠭᠯᠠᠬᠤ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ ᠶᠢ ᠲᠡᠪᠴᠢᠬᠦ᠂ ᠬᠤᠷᠢᠭᠯᠠᠬᠤ ᠬᠥᠮᠦᠰ ᠲᠤ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠶ᠃    ᠵᠢᠷᠭᠤᠳᠤᠭᠠᠷ ᠵᠤᠷᠪᠤᠰ᠄ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠰᠣᠨᠢᠨ ᠰᠡᠳᠬᠦᠯ᠂ ᠷᠠᠳᠢᠣ᠋᠂ ᠲᠧᠯᠸᠢᠰ᠂ ᠢᠨᠲ᠋ᠧᠷ ᠰᠦᠯᠵᠢᠶ᠎ᠡ ᠪᠣᠯᠤᠨ ᠭᠠᠳᠠᠨᠠᠬᠢ ᠵᠠᠷ ᠮᠡᠳᠡᠭᠡ ᠵᠡᠷᠭᠡ ᠵᠠᠭᠤᠴᠢ ᠶᠢ ᠭᠦᠢᠴᠡᠳ‌ᠠᠰᠢᠭᠯᠠᠵᠤ᠂ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃    ᠳᠣᠯᠣᠳᠤᠭᠠᠷ ᠵᠦᠢᠯ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠭᠦᠷᠭᠡᠯᠡᠬᠦ ᠪᠥᠭᠡᠳ ᠵᠤᠬᠢᠬᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠴᠠᠭ ᠲᠤᠬᠠᠶ ᠳᠤᠨᠢ ᠭᠠᠷᠭᠠᠨ ᠥᠭᠴᠦ᠂ ᠪᠥᠷᠢᠨ ᠭᠦᠢᠴᠡᠳ ᠪᠤᠯᠭᠠᠬᠤ ᠶᠢ ᠪᠠᠲᠤᠯᠠᠨ᠎ᠠ᠃    ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠢᠭᠡᠳᠦᠯᠲᠡᠶ ᠬᠠᠮᠢᠶᠠᠷᠴᠤ᠂ ᠲᠤᠰᠬᠠᠶ ᠵᠣᠭᠤᠰ ᠢ ᠲᠤᠰᠬᠠᠶ  ᠵᠦᠢᠯ ᠳᠤᠨᠢ ᠬᠡᠷᠡᠭᠯᠡᠵᠦ᠂ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃     ᠨᠠᠢᠮᠠᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢ 10 ᠵᠢᠯ ᠳᠤ ᠨᠢᠭᠡ ᠤᠳᠠᠭ᠎ᠠ ᠬᠢᠵᠦ᠂ ᠡᠴᠦᠰ ᠤᠨ ᠲᠤᠭ᠎ᠠ ᠨᠢ 6 ᠲᠠᠢ ᠤᠴᠠᠷᠠᠭᠰᠠᠨ ᠤᠨ ᠪᠣᠯ ᠨᠡᠶᠢᠳᠡᠮ ᠪᠠᠶᠢᠴᠠᠭᠠᠯᠲᠠ ᠶᠢᠨ  ᠪᠠᠶᠢᠵᠤ᠂ 12 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠤᠯ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠪᠣᠯᠤᠨ᠎ᠠ᠃ ᠤᠨᠴᠠᠭᠠᠢ ᠭᠠᠵᠠᠷ ᠣᠷᠣᠨ ᠤ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠴᠠᠭ ᠢ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠵᠥᠪᠰᠢᠶᠡᠷᠡᠭᠦᠯᠦᠭᠡᠳ ᠵᠣᠬᠢᠰᠲᠠᠶ ᠲᠣᠬᠢᠷᠠᠭᠤᠯᠤᠯᠲᠠ ᠬᠢᠨ᠎ᠡ᠃    ᠬᠤᠶᠠᠳᠤᠭᠠᠷ ᠪᠦᠯᠦᠭ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ    ᠡᠲᠡᠭᠡᠳ᠂ ᠬᠡᠪᠴᠢᠶ᠎ᠡ ᠪᠣᠯᠤᠨ ᠠᠭᠤᠯᠭ᠎ᠠ    ᠶᠢᠰᠦᠳᠦᠭᠡᠷ ᠵᠦᠢᠯ  ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠤᠳᠤᠷ᠎ᠠ  ᠪᠠᠶᠢᠬᠤ ᠳᠣᠤᠷᠠᠬᠢ ᠮᠡᠲᠦ ᠬᠤᠪᠢ ᠬᠥᠮᠦᠨ ᠪᠣᠯᠤᠨ ᠨᠢᠭᠡᠴᠡ ᠪᠣᠯᠤᠨ᠎ᠠ᠃    ︵ᠨᠢᠭᠡ︶ ᠬᠥᠳᠡᠭᠡ ᠲᠣᠰᠬᠤᠨ ᠤ ᠲᠠᠷᠢᠶᠠᠯᠠᠩ ᠤᠨ   ᠦᠢᠯᠡᠳᠪᠦᠷᠢᠯᠡᠯ ᠡᠵᠡᠩᠨᠡᠯᠲᠡ ᠶᠢᠨ ᠡᠷᠦᠭᠡ ᠪᠠ ᠪᠤᠰᠤᠳ ᠰᠠᠭᠤᠭᠠᠯᠢ ᠡᠷᠦᠭᠡ ᠪᠠᠭᠲᠠᠨ᠎ᠠ᠃    ︵ᠬᠤᠶᠠᠷ︶ ᠬᠤᠳᠠ ᠪᠠᠯᠭᠠᠰᠤᠨ ᠤ ᠲᠠᠷᠢᠶᠠᠯᠠᠩ ᠤᠨ  ᠦᠢᠯᠡᠳᠪᠦᠷᠢᠯᠡᠯ ᠡᠵᠡᠩᠨᠡᠯᠲᠡ ᠶᠢᠨ ᠡᠷᠦᠭᠡ᠃    ︵ᠭᠤᠷᠪᠠ︶ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ᠃    ︵ᠲᠦᠷᠪᠡ︶ ᠭᠠᠴᠠᠭᠠᠨ ᠤ ᠠᠷᠠᠳ ᠤᠨ ᠵᠥᠪᠯᠡᠯ᠃    ︵ᠲᠠᠪᠤ︶ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠃    ᠠᠷᠪᠠᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠯᠠᠪᠯᠠᠨ ᠠᠰᠠᠭᠤᠭᠰᠠᠨ ᠢ ᠦᠨᠡᠨ ᠮᠥᠨ ᠢᠶᠠᠷ ᠨᠢ ᠬᠠᠷᠢᠭᠤᠯᠵᠤ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤᠬᠠᠶ ᠳᠤᠨᠢ ᠲᠠᠭᠯᠠᠨ ᠮᠡᠳᠡᠭᠦᠯᠬᠦ ᠬᠡᠷᠡᠭᠲᠡᠶ᠂ ᠬᠤᠳᠠᠯ ᠢᠶᠠᠷ ᠮᠡᠳᠡᠬᠦᠯᠬᠦ ᠪᠤᠶᠤ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠬᠦ ᠪᠠ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠃    ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠮᠢᠯᠠᠭᠰᠠᠨ ᠪᠠᠶᠢᠴᠠᠭᠠᠯᠲᠠ ᠶᠢᠨ ᠠᠩᠭᠢ ᠶᠢᠨ ᠬᠠᠤᠯᠢ ᠶᠣᠰᠣᠭᠠᠷ ᠬᠢᠬᠦ ᠬᠢᠨᠠᠯᠲᠠ ᠪᠠᠶᠢᠴᠠᠭᠠᠯᠲᠠ ᠲᠠᠢ ᠬᠠᠮᠵᠢᠯᠴᠠᠨ᠂ ᠪᠠᠶᠢᠳᠠᠯ ᠢ ᠦᠨᠡᠨ ᠮᠥᠨ ᠢᠶᠠᠷ ᠨᠢ ᠲᠤᠰᠬᠠᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠵᠤ᠂ ᠪᠠᠶᠢᠴᠠᠭᠠᠯᠲᠠ ᠶᠢ ᠳᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃ ᠠᠩᠬᠠᠨ ᠤ ᠲᠡᠮᠳᠡᠭᠯᠡᠯ᠂ ᠲᠤᠭ᠎ᠠ ᠪᠦᠷᠢᠳᠬᠡᠯ ᠤᠨ ᠡᠬᠡ ᠳᠠᠩᠰᠠ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ᠂ ᠨᠢᠭᠲᠠᠯᠠᠨ ᠪᠣᠳᠣᠬᠤ ᠮᠠᠲ᠋ᠧᠷᠢᠶᠠᠯ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢ ᠰᠢᠯᠵᠢᠬᠦᠯᠤᠨ᠂ ᠨᠢᠭᠤᠨ ᠳᠠᠯᠳᠠᠯᠠᠵᠤ᠂ ᠥᠭᠡᠷᠡᠲᠦᠭᠦᠯᠵᠦ᠂  ᠰᠦᠢᠳᠭᠡᠨ ᠬᠠᠶᠠᠵᠤ ᠪᠣᠯᠬᠤ ᠦᠭᠡᠢ᠃    ᠠᠷᠪᠠᠨ ᠨᠢᠭᠡᠳᠦᠭᠡᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠲᠥᠷᠥᠯ ᠤᠨ ᠬᠡᠪᠴᠢᠶ᠎ᠡ ᠳᠤ᠄ ᠲᠠᠷᠢᠮᠠᠯ ᠤᠨ  ᠦᠢᠯᠡᠰ᠂ ᠣᠢ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠪᠣᠯᠤᠨ ᠲᠠᠷᠢᠶᠠᠯᠠᠩ ᠣᠢ ᠰᠢᠭᠤᠶ᠂ ᠵᠢᠭᠠᠰᠤᠨ ᠠᠵᠤ ᠠᠬᠤᠢ ᠶᠢᠨ  ᠦᠢᠯᠡᠴᠢᠯᠡᠭᠡᠨ ᠤ  ᠦᠢᠯᠡᠰ ᠪᠠᠭᠲᠠᠨ᠎ᠠ᠃    ᠠᠷᠪᠠᠨ ᠬᠤᠶᠠᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ᠄ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ᠂ ᠲᠠᠷᠢᠶᠠᠯᠠᠩ ᠤᠨ  ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ᠂ ᠲᠠᠷᠢᠶᠠᠯᠠᠩ ᠤᠨ ᠭᠠᠵᠠᠷ ᠰᠢᠷᠣᠶ ᠠᠰᠢᠭᠯᠠᠬᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠵᠢᠴᠢ ᠠᠵᠢᠯ ᠣᠯᠭᠤᠯᠲᠠ᠂ ᠬᠥᠳᠡᠭᠡ ᠲᠣᠰᠬᠤᠨ ᠤ ᠰᠠᠭᠤᠷᠢ ᠲᠥᠬᠦᠭᠡᠷᠤᠮᠵᠢ᠂ ᠬᠥᠳᠡᠭᠡ ᠲᠣᠰᠬᠤᠨ ᠤ ᠨᠡᠶᠢᠭᠡᠮ ᠤᠨ  ᠦᠢᠯᠡᠴᠢᠯᠡᠭᠡ᠂ ᠲᠠᠷᠢᠶᠠᠴᠢᠳ ᠤᠨ ᠠᠮᠢᠳᠤᠷᠠᠯ᠂ ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠵᠡᠷᠭᠡ  ᠵᠦᠢᠯ ᠪᠠᠭᠳᠠᠨ᠎ᠠ᠃    ᠡᠮᠦᠨᠡᠬᠢ ᠵᠤᠷᠪᠤᠰ ᠲᠤ ᠲᠣᠭᠲᠠᠭᠠᠭᠰᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ᠃    ᠠᠷᠪᠠᠨ ᠭᠤᠷᠪᠠᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠪᠦᠬᠦ ᠲᠠᠯ᠎ᠠ ᠶᠢᠨ ᠪᠠᠶᠢᠴᠠᠭᠠᠯᠲᠠ ᠶᠢᠨ ᠠᠷᠭ᠎ᠠ ᠶᠢ ᠬᠡᠷᠡᠭᠯᠡᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠣᠨᠴᠠ ᠲᠣᠭᠲᠠᠭᠠᠭᠰᠠᠨ ᠠᠭᠤᠯᠭ᠎ᠠ ᠳᠤ ᠵᠢᠱᠢᠶ᠎ᠡ ᠠᠪᠴᠤ ᠪᠠᠶᠢᠴᠠᠭᠠᠯᠲᠠ ᠬᠢᠬᠦ ᠠᠷᠭ᠎ᠠ ᠶᠢ ᠠᠪᠴᠣ ᠪᠣᠯᠤᠨ᠎ᠠ᠃    ᠠᠷᠪᠠᠨ ᠳᠥᠷᠪᠡᠳᠦᠭᠡᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠤᠯᠤᠰ ᠤᠨ ᠲᠤᠭ᠎ᠠ ᠪᠦᠷᠢᠳᠬᠡᠯ ᠤᠨ ᠲᠥᠷᠥᠯ ᠬᠤᠪᠢᠶᠠᠬᠤ ᠪᠠᠷᠢᠮᠵᠢᠶ᠎ᠠ ᠶᠢ ᠬᠡᠷᠡᠭᠯᠡᠨ᠎ᠡ᠃    ᠠᠷᠪᠠᠨ ᠲᠠᠪᠤᠳᠤᠭᠠᠷ ᠵᠤᠷᠪᠤᠰ  ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠥᠰᠦᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠢᠭᠡᠳᠦᠯᠲᠡᠶ ᠲᠣᠭᠲᠠᠭᠠᠨ᠎ᠠ᠃    ᠮᠤᠵᠢ ᠶᠢᠨ ᠱᠠᠲᠤᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠬᠡᠷᠡᠭᠴᠡᠭᠡ ᠪᠠᠨ ᠦᠨᠳᠦᠰᠦᠯᠡᠨ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠳᠠᠭᠠᠯᠳᠤᠭᠤᠯᠤᠯ ᠬᠦᠰᠦᠨᠦᠭᠲᠦ ᠨᠡᠮᠡᠨ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃    ᠭᠤᠷᠪᠠᠳᠤᠭᠠᠷ ᠪᠦᠯᠦᠭ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢ    ᠵᠣᠬᠢᠶᠠᠨ ᠪᠠᠶᠢᠭᠤᠯᠤᠨ ᠶᠠᠪᠤᠭᠳᠠᠭᠤᠯᠬᠤ    ᠠᠷᠪᠠᠨ ᠵᠢᠷᠭᠤᠳᠤᠭᠠᠷ ᠵᠤᠷᠪᠤᠰ᠄ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠪᠠ ᠤᠳᠤᠷᠢᠳᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠭᠠᠷᠭᠠᠵᠤ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠡᠳᠦᠷ ᠲᠤᠲᠤᠮ ᠤᠨ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠪᠣᠳᠠᠲᠠᠶ ᠬᠠᠷᠢᠭᠤᠴᠠᠨ᠎ᠠ᠃    ᠠᠷᠪᠠᠨ ᠳᠣᠯᠣᠳᠤᠭᠠᠷ ᠵᠤᠷᠪᠤᠰ᠄ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠭᠡᠷ ᠢ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠤᠨ ᠨᠢᠭᠡᠳᠦᠯᠲᠡᠶ ᠲᠣᠭᠲᠠᠭᠠᠯ ᠪᠣᠯᠤᠨ ᠱᠠᠭᠠᠷᠳᠠᠯᠭ᠎ᠠ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠲᠣᠮᠢᠯᠠᠭᠰᠠᠨ ᠪᠠᠶᠢᠴᠠᠭᠠᠯᠲᠠ ᠶᠢᠨ ᠠᠩᠭᠢ ᠨᠢ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠤᠨ ᠪᠦᠷᠢᠯᠳᠦᠬᠦᠨ ᠨᠢᠭᠡᠴᠡ ᠶᠢᠨ ᠬᠤᠪᠢ ᠪᠠᠷ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠶᠠᠪᠤᠭᠳᠠᠭᠤᠯᠬᠤ ᠠᠵᠢᠯ ᠳᠤ ᠣᠷᠣᠯᠴᠠᠨ᠎ᠠ᠃    ᠲᠣᠰᠬᠤᠨ ᠤ ᠠᠷᠠᠳ ᠤᠨ ᠵᠥᠪᠯᠡᠯ ᠨᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠳᠣᠤᠷ᠎ᠠ᠂ ᠲᠤᠰ ᠣᠷᠣᠨ ᠤ ᠪᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃    ᠠᠷᠪᠠᠨ  ᠨᠠᠢᠮᠠᠳᠤᠭᠠᠷ ᠵᠤᠷᠪᠤᠰ᠄ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠨᠢᠭᠲᠠ ᠬᠠᠮᠵᠢᠯᠴᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠠᠷᠢᠶ᠎ᠠ ᠪᠦᠬᠦᠢ ᠲᠠᠷᠢᠶᠠᠯᠠᠩ  ᠦᠢᠯᠡᠳᠪᠦᠷᠢᠯᠡᠯ ᠤᠨ ᠨᠢᠭᠡᠴᠡ ᠶᠢᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠠᠴᠠ ᠲᠣᠰ ᠲᠣᠰ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃    ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠠᠩᠬᠢ ᠶᠢᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠠᠩᠬᠢ ᠶᠢᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃    ᠠᠷᠪᠠ ᠶᠢᠰᠦᠳᠦᠭᠡᠷ ᠵᠤᠷᠪᠤᠰ᠄ ᠬᠥᠳᠡᠭᠡ ᠲᠣᠰᠬᠤᠨ ᠤ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠢ ᠶᠢᠨ ᠳᠠᠩᠰᠠᠯᠠᠯ ᠢ ᠨᠡᠶᠢᠳᠡᠮ ᠪᠠᠶᠢᠴᠠᠭᠠᠯᠲᠠ ᠶᠢᠨ ᠣᠷᠣᠨ ᠬᠤᠪᠢᠶᠠᠨ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠢ ᠲᠣᠰᠬᠤᠨ ᠤ ᠠᠷᠠᠳ ᠤᠨ ᠵᠥᠪᠯᠡᠯ ᠤᠨ ᠬᠠᠮᠢᠶᠠᠷᠤᠯᠲᠠ ᠶᠢᠨ ᠭᠠᠵᠠᠷ ᠣᠷᠣᠨ ᠢᠶᠠᠷ ᠰᠠᠭᠤᠷᠢ ᠪᠣᠯᠭᠠᠨ ᠬᠤᠪᠢᠶᠠᠷᠢᠯᠠᠵᠤ᠂ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠨᠢᠭᠡᠪᠦᠷᠢ ᠶᠢ ᠨᠡᠶᠢᠳᠡᠮ ᠪᠠᠶᠢᠴᠠᠭᠠᠯᠲᠠ ᠶᠢᠨ ᠵᠢᠵᠢᠭ ᠲᠣᠭᠤᠷᠢᠭ ᠪᠣᠯᠭᠠᠨ ᠬᠤᠪᠢᠶᠠᠵᠤ ᠪᠣᠯᠤᠨ᠎ᠠ᠃    ᠬᠤᠲᠠ ᠪᠠᠯᠭᠠᠰᠤ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠳᠠᠩᠰᠠᠯᠠᠯ ᠢ ᠨᠡᠶᠢᠳᠡᠮ ᠪᠠᠶᠢᠴᠠᠭᠠᠯᠲᠠ ᠶᠢᠨ ᠲᠥᠰᠦᠯ ᠤᠨ ᠲᠣᠭᠲᠠᠭᠠᠯ ᠶᠣᠰᠣᠭᠠᠷ ᠬᠢᠬᠦ ᠬᠡᠷᠡᠭᠲᠡᠶ᠃    ᠬᠤᠷᠢᠳᠤᠭᠠᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠵᠢᠵᠢᠭ ᠲᠣᠭᠤᠷᠢᠭ ᠨᠢᠭᠡᠪᠦᠷᠢ ᠳᠤ ᠨᠢᠭᠡ ᠨᠡᠷ᠎ᠡ ᠨᠡᠶᠢᠳᠡᠮ ᠪᠠᠶᠢᠴᠠᠭᠠᠬᠤ ᠠᠵᠢᠯᠲᠠᠨ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠰᠤᠷᠪᠤᠯᠵᠢᠯᠠᠨ ᠲᠡᠮᠳᠡᠭᠯᠡᠬᠦ ᠠᠵᠢᠯ ᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠣᠷᠣᠨ ᠨᠢᠭᠡᠪᠦᠷᠢ ᠳᠤ ᠠᠳᠠᠭ ᠲᠠᠭᠠᠨ ᠨᠢᠭᠡ ᠨᠡᠷ᠎ᠡ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠲᠣᠬᠢᠷᠠᠭᠤᠯᠬᠤ᠂ ᠵᠢᠯᠣᠭᠤᠳᠬᠤ ᠪᠠ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠠᠰᠠ ᠰᠢᠭᠤᠳ ᠰᠤᠷᠪᠤᠯᠵᠢᠯᠠᠨ ᠳᠠᠩᠰᠠᠯᠠᠵᠤ ᠪᠣᠯᠤᠨ᠎ᠠ᠃    ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠭᠤᠤᠯᠳᠠᠭᠤ ᠨᠡᠯᠢᠶᠡᠳ ᠥᠨᠳᠥᠷ ᠰᠣᠶᠣᠯ ᠤᠨ ᠬᠢᠷᠢ ᠬᠡᠮᠵᠢᠶ᠎ᠡ ᠲᠠᠢ ᠰᠢᠶᠠᠩ ᠲᠣᠰᠬᠤᠨ ᠤ ᠺᠠᠳ᠋ᠷ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠪᠣᠯᠤᠨ ᠲᠤᠬᠠᠶ ᠶᠢᠨ ᠭᠠᠵᠠᠷ ᠤᠨ ᠪᠤᠰᠤᠳ ᠰᠠᠭᠤᠭᠠᠯᠢ ᠠᠷᠠᠳ ᠡᠭᠦᠷᠭᠡᠯᠡᠨ᠎ᠡ᠃    ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢ ᠪᠣᠯᠤᠨ ᠨᠡᠶᠢᠳᠡᠮ ᠪᠠᠶᠢᠴᠠᠭᠠᠭᠴᠢ ᠨᠢ ᠪᠡᠶ᠎ᠡ ᠮᠠᠬᠠᠪᠣᠳ ᠡᠷᠡᠭᠦᠯ ᠴᠢᠭᠢᠷᠠᠭ᠂ ᠬᠠᠷᠢᠭᠤᠴᠠᠯᠭᠠᠲᠤ ᠣᠪᠣᠷ ᠢᠶᠠᠷ ᠴᠢᠩᠭ᠎ᠠ ᠪᠠᠶᠢᠬᠤ ᠬᠡᠷᠡᠭᠲᠡᠶ᠃    ᠬᠤᠷᠢᠨ ᠨᠢᠭᠡᠳᠦᠭᠡᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠤᠰᠤᠳ ᠬᠤᠯᠪᠣᠭᠳᠠᠯ ᠪᠦᠬᠦᠢ ᠨᠢᠭᠡᠴᠡ ᠠᠴᠠ ᠠᠵᠢᠯᠲᠠᠨ ᠢ ᠵᠢᠭᠡᠯᠡᠨ ᠰᠢᠯᠵᠢᠭᠦᠯᠵᠦ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠬᠢᠯᠭᠡᠵᠦ ᠪᠣᠯᠤᠨ᠎ᠠ᠃ ᠬᠤᠯᠪᠣᠭᠳᠠᠯ ᠪᠦᠬᠦᠢ ᠨᠢᠭᠡᠴᠡ ᠨᠥᠬᠦᠴᠡᠯ ᠳᠤ ᠨᠡᠶᠢᠴᠡᠬᠦ ᠬᠥᠮᠦᠰ ᠢ ᠢᠳᠡᠪᠬᠢᠲᠡᠶ ᠪᠠᠷ ᠪᠠᠳᠤᠯᠠᠨ ᠰᠣᠩᠭᠤᠵᠤ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠬᠢᠯᠭᠡᠬᠦ ᠬᠡᠷᠡᠭᠲᠡᠶ᠃    ᠤᠷᠢᠨ ᠬᠡᠷᠡᠭᠯᠡᠭᠰᠡᠨ ᠬᠥᠮᠦᠰ ᠲᠤ ᠤᠷᠢᠨ ᠬᠡᠷᠡᠭᠯᠡᠭᠰᠡᠨ ᠨᠢᠭᠡᠴᠡ ᠠᠴᠠ ᠬᠥᠳᠡᠯᠮᠦᠷᠢ ᠶᠢᠨ ᠬᠥᠯᠥᠰᠥ ᠣᠯᠭᠤᠮᠵᠢ ᠥᠭᠴᠦ᠂ ᠵᠢᠭᠡᠯᠡᠨ ᠰᠢᠯᠵᠢᠭᠦᠯᠦᠭᠰᠡᠨ ᠬᠥᠮᠦᠰ ᠤᠨ ᠴᠠᠯᠢᠩ ᠢ ᠤᠤᠯ ᠨᠢᠭᠡᠴᠡ ᠠᠴᠠ ᠨᠢ ᠥᠭᠴᠦ᠂ ᠲᠡᠭᠦᠨ ᠤ ᠠᠰᠠᠷᠠᠮᠵᠢ ᠬᠠᠷᠠᠭᠠᠯᠵᠠᠯ ᠢ ᠨᠢ ᠬᠤᠪᠢᠷᠠᠭᠤᠯᠬᠤ ᠦᠭᠡᠢ᠃    ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠤ ᠲᠣᠰᠬᠤᠨ ᠤ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠳᠤ ᠵᠣᠬᠢᠰᠲᠠᠶ ᠠᠵᠢᠯ ᠤᠨ ᠨᠥᠬᠦᠪᠥᠷᠢ ᠲᠤᠬᠢᠷᠠᠭᠤᠯᠤᠨ᠎ᠠ᠃    ᠬᠤᠷᠢᠨ ᠬᠤᠶᠠᠳᠤᠭᠠᠷ ᠵᠤᠷᠪᠤᠰ᠄ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠬᠥᠮᠦᠰ ᠲᠤ ᠪᠦᠬᠦ ᠤᠯᠤᠰ ᠠᠴᠠ ᠨᠢᠭᠡᠳᠦᠯᠲᠡᠶ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠶᠢᠨ ᠦᠨᠡᠮᠯᠡᠯ ᠪᠤᠶᠤ ᠨᠡᠶᠢᠳᠡᠮ ᠪᠠᠶᠢᠴᠠᠭᠠᠭᠴᠢ ᠶᠢᠨ ᠦᠨᠡᠮᠯᠡᠯ ᠣᠯᠭᠤᠬᠤ ᠤᠯᠭᠤᠨ᠎ᠠ᠃    ᠬᠤᠷᠢᠨ ᠭᠤᠷᠪᠠᠳᠤᠭᠠᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠠᠰᠠᠭᠤᠳᠠᠯ ᠤᠨ ᠲᠤᠬᠠᠶ ᠬᠤᠯᠪᠣᠭᠳᠠᠯ ᠪᠦᠬᠦᠢ ᠨᠢᠭᠡᠴᠡ ᠪᠣᠯᠤᠨ ᠬᠤᠪᠢ ᠬᠥᠮᠦᠨ ᠠᠴᠠ ᠯᠠᠪᠯᠠᠨ ᠠᠰᠠᠭᠤᠬᠤ ᠡᠷᠬᠡ ᠲᠠᠢ᠂ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠢ ᠱᠠᠭᠠᠷᠳᠠᠵᠤ ᠪᠠᠶᠢᠭᠠᠳ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠯᠭᠠᠵᠤ᠂ ᠦᠨᠡᠨ ᠪᠣᠳᠠᠲᠠᠶ ᠪᠤᠰᠤ ᠮᠠᠲ᠋ᠧᠷᠢᠶᠠᠯ ᠢ ᠨᠢ ᠵᠠᠰᠠᠪᠤᠷᠢᠯᠠᠭᠤᠯᠬᠤ ᠬᠡᠷᠡᠭᠲᠡᠶ᠃    ᠬᠤᠷᠢᠨ ᠳᠥᠷᠪᠡᠳᠦᠭᠡᠷ ᠵᠤᠷᠪᠤᠰ᠄ ᠨᠡᠶᠢᠳᠡᠮ ᠪᠠᠶᠢᠴᠠᠭᠠᠬᠤ ᠠᠵᠢᠯᠲᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠡᠷᠬᠢᠯᠡᠭᠰᠡᠨ ᠠᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠰᠠᠬᠢᠵᠤ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠡᠪᠴᠢᠬᠦ ᠪᠠ ᠬᠤᠷᠢᠭᠯᠠᠬᠤ ᠬᠡᠷᠡᠭᠲᠡᠶ᠃    ᠨᠡᠶᠢᠳᠡᠮ ᠪᠠᠶᠢᠴᠠᠭᠠᠯᠲᠠ ᠶᠢᠨ ᠠᠵᠢᠯᠲᠠᠨ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠶ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠬᠤᠳᠠᠯ ᠬᠠᠭᠤᠷᠮᠠᠭ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠬᠠᠩᠭᠠᠬᠤ ᠶᠢ ᠠᠯᠪᠠᠳᠠᠨ ᠵᠠᠷᠯᠢᠭᠳᠠᠬᠤ ᠪᠠ ᠳᠣᠬᠢᠵᠤ ᠪᠣᠯᠬᠤ ᠦᠭᠡᠶ᠃    ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ  ᠭᠦᠢᠴᠡᠳᠭᠡᠬᠦ ᠳᠤ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢᠨ ᠦᠨᠡᠮᠯᠡᠯ ᠪᠤᠶᠤ ᠨᠡᠶᠢᠳᠡᠮ ᠪᠠᠶᠢᠴᠠᠭᠠᠭᠴᠢ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃    ᠬᠤᠷᠢᠨ ᠲᠠᠪᠤᠳᠤᠭᠠᠷ ᠵᠤᠷᠪᠤᠰ᠄ ᠨᠡᠶᠢᠳᠡᠮ ᠪᠠᠶᠢᠴᠠᠭᠠᠭᠴᠢ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠠᠤᠯᠢ ᠶᠣᠰᠣᠭᠠᠷ ᠰᠢᠭᠤᠳ ᠰᠤᠷᠪᠤᠯᠵᠢᠯᠠᠵᠤ᠂ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠵᠤ᠂ ᠲᠠᠭᠯᠠᠨ ᠮᠡᠳᠡᠭᠦᠯᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠵᠤ ᠳᠠᠭᠤᠰᠤᠭᠰᠠᠨ ᠤ ᠳᠠᠷᠠᠭ᠎ᠠ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠳᠠᠷᠤᠵᠤ ᠨᠤᠲᠠᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢ ᠭᠠᠷ ᠤᠨ ᠦᠰᠦᠭ ᠵᠢᠷᠤᠭᠰᠠᠨ ᠪᠤᠶᠤ ᠲᠠᠮᠠᠭ᠎ᠠ ᠳᠠᠷᠤᠭᠰᠠᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃    ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠡᠭᠦᠨ ᠤ ᠬᠠᠷᠢᠭᠤᠴᠠᠨ ᠲᠡᠮᠳᠡᠭᠯᠡᠬᠦ᠂ ᠬᠢᠨᠠᠬᠤ᠂ ᠰᠢᠩᠭᠡᠭᠡᠨ ᠣᠷᠣᠭᠤᠯᠤᠭᠰᠠᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠬᠢᠭᠡᠳ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠭᠠᠷ ᠤᠨ ᠦᠰᠦᠭ ᠵᠢᠷᠤᠭᠰᠠᠨ ᠪᠤᠶᠤ ᠲᠠᠮᠠᠭ᠎ᠠ ᠳᠠᠷᠤᠭᠰᠠᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠤᠨ ᠨᠢᠭᠡᠳᠦᠯᠲᠡᠶ ᠴᠢᠨᠠᠷ ᠲᠤ ᠬᠠᠷᠢᠭᠤᠴᠠᠬᠤ ᠬᠡᠷᠡᠭᠲᠡᠶ᠃    ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠡᠮᠬᠢᠳᠭᠡᠨ ᠴᠤᠭᠯᠠᠭᠤᠯᠤᠭᠰᠠᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠤᠨ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠶ᠃    ᠳᠥᠷᠪᠡᠳᠦᠭᠡᠷ ᠪᠦᠯᠦᠭ ᠲᠤᠭ᠎ᠠ ᠪᠠᠷᠢᠮᠲᠠ ᠢ ᠡᠮᠬᠢᠯᠡᠬᠦ ᠪᠠ ᠶᠠᠰᠤ ᠴᠢᠨᠠᠷ ᠢ ᠡᠵᠡᠮᠳᠡᠬᠦ    ᠬᠤᠷᠢᠨ ᠵᠢᠷᠭᠤᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠡᠮᠬᠢᠯᠡᠬᠦ ᠲᠥᠰᠦᠯ ᠪᠣᠯᠤᠨ ᠬᠡᠷᠡᠭᠵᠢᠭᠦᠯᠬᠦ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠣᠭᠲᠠᠭᠠᠨ᠎ᠠ᠃    ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤᠭ᠎ᠠ ᠪᠠᠷᠢᠮᠲᠠ ᠶᠢ ᠡᠮᠬᠢᠯᠡᠬᠦ ᠲᠥᠰᠦᠯ ᠪᠠ ᠬᠡᠷᠡᠭᠵᠢᠭᠦᠯᠬᠦ ᠠᠷᠭ᠎ᠠ ᠶᠢᠨ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢ ᠡᠮᠬᠢᠯᠡᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃    ᠬᠤᠷᠢᠨ ᠳᠣᠯᠣᠳᠤᠭᠠᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠡᠮᠬᠢᠯᠡᠬᠦ ᠠᠵᠢᠯ ᠢ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃    ᠬᠤᠷᠢᠨ ᠨᠠᠢᠮᠠᠳᠤᠭᠠᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠲᠤᠭ᠎ᠠ ᠪᠠᠷᠢᠮᠲᠠ ᠶᠢᠨ ᠬᠠᠳᠠᠭᠠᠯᠠᠬᠤ ᠪᠠ ᠠᠴᠢᠶᠠᠯᠠᠬᠤ ᠶᠢ ᠬᠥᠮᠥᠷᠭᠡ ᠳᠤ ᠣᠷᠣᠭᠤᠯᠬᠤ ᠠᠵᠢᠯ ᠢ ᠰᠠᠶᠢᠲᠤᠷ ᠬᠢᠵᠤ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠡᠳᠦᠷ ᠲᠤᠲᠤᠮ ᠤᠨ ᠬᠠᠮᠢᠶᠠᠷᠤᠯᠲᠠ ᠪᠣᠯᠤᠨ ᠰᠢᠨᠡᠳᠬᠡᠬᠦ ᠶᠢ ᠴᠢᠩᠭᠠᠳᠬᠠᠬᠤ ᠬᠡᠷᠡᠭᠲᠡᠶ᠃    ᠬᠤᠷᠢᠨ ᠶᠢᠰᠦᠳᠦᠭᠡᠷ ᠵᠤᠷᠪᠤᠰ᠄ ᠤᠯᠤᠰ ᠠᠴᠠ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠳᠦᠷᠢᠮ ᠢ ᠪᠠᠶᠢᠭᠤᠯᠤᠨ᠎ᠠ᠃    ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠶᠠᠪᠤᠴᠠ ᠳᠠᠬᠢ ᠵᠠᠩᠭᠢᠯᠠᠭ᠎ᠠ ᠨᠢᠭᠡᠪᠦᠷᠢ ᠳᠤ ᠶᠠᠰᠤ ᠴᠢᠨᠠᠷ ᠢ ᠡᠵᠡᠮᠳᠡᠬᠦ ᠪᠠ ᠪᠠᠶᠢᠴᠠᠭᠠᠵᠤ ᠰᠢᠯᠭᠠᠨ ᠠᠪᠤᠨ᠎ᠠ᠃    ᠭᠤᠴᠢᠳᠤᠭᠠᠷ ᠵᠤᠷᠪᠤᠰ᠄ ᠨᠡᠶᠢᠳᠡᠮ ᠪᠠᠶᠢᠴᠠᠭᠠᠬᠤ ᠠᠵᠢᠯᠲᠠᠨ ᠶᠠᠰᠤ ᠴᠢᠨᠠᠷ ᠢ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃    ᠨᠡᠶᠢᠳᠡᠮ ᠪᠠᠶᠢᠴᠠᠭᠠᠯᠲᠠ ᠶᠢᠨ ᠠᠵᠢᠯᠲᠠᠨ ᠨᠡᠶᠢᠳᠡᠮ ᠪᠠᠶᠢᠴᠠᠭᠠᠯᠲᠠ ᠶᠢᠨ ᠲᠥᠰᠦᠯ ᠤᠨ ᠲᠣᠭᠲᠠᠭᠠᠯ ᠶᠣᠰᠣᠭᠠᠷ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠳᠠᠬᠢᠨ ᠪᠠᠶᠢᠴᠠᠭᠠᠬᠤ ᠪᠠ ᠰᠢᠯᠭᠠᠨ ᠠᠪᠬᠤ ᠵᠡᠷᠭᠡ ᠠᠵᠢᠯ ᠢ ᠬᠢᠨ᠎ᠡ᠃    ᠭᠤᠴᠢᠨ ᠨᠢᠭᠡᠳᠦᠭᠡᠷ ᠵᠤᠷᠪᠤᠰ᠄ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠳᠠᠷᠠᠭᠠᠬᠢ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ᠎ᠠ᠃ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠪᠦᠬᠦ ᠤᠯᠤᠰ ᠪᠤᠶᠤ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃    ᠲᠠᠪᠤᠳᠤᠭᠠᠷ ᠪᠦᠯᠦᠭ ᠲᠤᠭ᠎ᠠ ᠪᠠᠷᠢᠮᠲᠠ ᠨᠡᠶᠢᠲᠡᠯᠡᠬᠦ᠂ ᠮᠠᠲ᠋ᠧᠷᠢᠶᠠᠯ    ᠬᠠᠮᠢᠶᠠᠷᠬᠤ ᠪᠠ ᠨᠡᠭᠡᠭᠡᠨ ᠠᠰᠢᠭᠯᠠᠬᠤ    ᠭᠤᠴᠢᠨ ᠬᠤᠶᠠᠳᠤᠭᠠᠷ ᠵᠤᠷᠪᠤᠰ᠄ ᠤᠯᠤᠰ ᠠᠴᠠ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃    ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠬᠤᠷᠢᠶᠠᠩᠭᠤᠶ ᠮᠠᠲ᠋ᠧᠷᠢᠶᠠᠯ ᠤᠨ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠠᠴᠠ ᠪᠤᠰᠤᠳ ᠢ ᠨᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃    ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠤᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠭᠤᠣᠯ ᠪᠣᠯᠬᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠢᠨᠠᠨ ᠲᠣᠭᠲᠠᠭᠠᠬᠤ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ  ᠨᠡᠶᠢᠲᠡᠯᠡᠨ᠎ᠡ᠃    ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠨᠡᠶᠢᠲᠡᠯᠡᠬᠦ ᠳᠡᠭᠡᠨ ᠳᠡᠭᠡᠷ᠎ᠡ ᠨᠢᠭᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠭᠦᠯᠦᠨ ᠬᠢᠨᠠᠨ ᠵᠥᠪᠰᠢᠶᠡᠷᠡᠬᠦᠯᠤᠨ᠎ᠡ᠃    ᠭᠤᠴᠢᠨ ᠭᠤᠷᠪᠠᠳᠤᠭᠠᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠪᠣᠯᠤᠨ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠴᠤᠭᠯᠠᠭᠤᠯᠤᠭᠰᠠᠨ ᠳᠠᠩ ᠭᠠᠭᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠮᠠᠲ᠋ᠧᠷᠢᠶᠠᠯ ᠳᠤ᠂ ᠨᠢᠭᠤᠴᠠ ᠶᠢ ᠬᠠᠮᠠᠭᠠᠯᠠᠵᠤ᠂ ᠨᠡᠶᠢᠳᠡᠮ ᠪᠠᠶᠢᠴᠠᠭᠠᠯᠲᠠ ᠠᠴᠠ ᠭᠠᠳᠠᠨᠠᠬᠢ ᠵᠣᠷᠢᠯᠭ᠎ᠠ ᠳᠤ ᠬᠡᠷᠡᠭᠯᠡᠵᠦ ᠪᠣᠯᠬᠤ ᠦᠭᠡᠢ᠃    ᠭᠤᠴᠢᠨ ᠳᠥᠷᠪᠡᠳᠦᠭᠡᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠠᠳᠠᠭᠠᠯᠠᠬᠤ᠂ ᠬᠠᠮᠢᠶᠠᠷᠬᠤ ᠪᠠ ᠨᠡᠶᠢᠭᠡᠮ ᠨᠡᠶᠢᠲᠡ ᠳᠤ  ᠦᠢᠯᠡᠴᠢᠯᠡᠭᠡ ᠬᠠᠩᠭᠠᠬᠤ ᠵᠡᠷᠭᠡ ᠠᠵᠢᠯ ᠢ ᠰᠠᠶᠢᠲᠤᠷ ᠬᠢᠵᠤ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠪᠠ ᠬᠡᠷᠡᠭᠯᠡᠭᠡᠨ ᠳᠤ ᠤᠷᠤᠭᠤᠯᠤᠨ᠎ᠠ᠃    ᠭᠤᠴᠢᠨ ᠲᠠᠪᠤᠳᠤᠭᠠᠷ ᠵᠤᠷᠪᠤᠰ᠄ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠬᠤᠯᠪᠣᠭᠳᠠᠯ ᠪᠦᠬᠦᠢ ᠡᠩ ᠤᠨ ᠲᠤᠭ᠎ᠠ ᠪᠦᠷᠢᠳᠬᠡᠯ ᠤᠨ ᠲᠡᠤᠬᠡ ᠶᠢᠨ ᠲᠤᠭ᠎ᠠ ᠪᠠᠷᠢᠮᠲᠠ ᠳᠤ ᠵᠠᠰᠠᠪᠤᠷᠢ ᠣᠷᠣᠭᠤᠯᠤᠨ᠎ᠠ᠃ ᠪᠣᠳᠠᠲᠠᠶ ᠠᠷᠭ᠎ᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠲᠣᠭᠲᠠᠭᠠᠨ᠎ᠠ᠃    ᠵᠢᠷᠭᠤᠳᠤᠭᠠᠷ ᠪᠦᠯᠦᠭ ᠬᠥᠬᠢᠭᠦᠯᠦᠨ ᠰᠠᠶᠢᠰᠢᠶᠠᠬᠤ ᠪᠠ ᠰᠢᠢᠳᠭᠡᠨ ᠲᠣᠷᠭᠠᠬᠤ    ᠭᠤᠴᠢᠨ ᠵᠢᠷᠭᠤᠳᠤᠭᠠᠷ ᠵᠤᠷᠪᠤᠰ᠄ ᠲᠣᠰ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠵᠠᠷᠴᠢᠮ ᠢ ᠪᠠᠷᠢᠮᠳᠠᠯᠠᠨ᠂ ᠢᠯᠡᠳᠲᠡ ᠠᠮᠵᠢᠯᠲᠠ ᠪᠥᠳᠥᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠥᠬᠢᠭᠦᠯᠦᠨ ᠱᠠᠩᠨᠠᠨ᠎ᠠ᠃    ᠭᠤᠴᠢᠨ ᠳᠣᠯᠣᠳᠤᠭᠠᠷ ᠵᠦᠢᠯ᠄ ᠣᠷᠣᠨ ᠨᠤᠲᠤᠭ᠂ ᠰᠠᠯᠠᠭ᠎ᠠ ᠮᠥᠴᠢᠷ᠂ ᠨᠢᠭᠡᠴᠡ ᠶᠢᠨ ᠤᠳᠤᠷᠢᠳᠬᠤ ᠬᠥᠮᠦᠰ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠳᠤ ᠥᠪᠡᠷᠲᠡᠭᠡᠨ ᠵᠠᠰᠠᠪᠤᠷᠢ ᠣᠷᠣᠭᠤᠯᠵᠤ᠂ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠠᠯᠪᠠᠲᠠᠨ ᠵᠠᠷᠯᠢᠭᠳᠠᠵᠤ᠂ ᠰᠠᠨᠠᠭ᠎ᠠ ᠲᠠᠪᠠ ᠪᠠᠷ ᠢᠶᠠᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠥᠭᠡᠷᠡᠲᠦᠭᠦᠯᠦᠭᠰᠡᠨ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠵᠤ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠥᠭᠡᠷᠡᠲᠦᠭᠦᠯᠬᠦ ᠶᠢ ᠲᠡᠪᠴᠢᠭᠰᠡᠨ᠂ ᠬᠤᠷᠢᠭᠯᠠᠭᠰᠠᠨ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ ᠶᠢ ᠲᠡᠪᠴᠢᠭᠰᠡᠨ᠂ ᠬᠤᠷᠢᠭᠯᠠᠭᠰᠠᠨ ᠬᠥᠮᠦᠰ ᠲᠤ ᠴᠣᠬᠢᠯᠲᠠ ᠥᠭᠴᠦ ᠥᠰᠢᠶ᠎ᠡ ᠠᠪᠤᠭᠰᠠᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠪᠤᠶᠤ ᠰᠠᠬᠢᠯᠭ᠎ᠠ ᠪᠠᠲᠤ ᠶᠢᠨ ᠰᠢᠢᠳᠭᠡᠯ ᠥᠭᠬᠦ ᠪᠥᠭᠡᠳ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠮᠢᠯᠠᠭᠰᠠᠨ ᠪᠠᠶᠢᠴᠠᠭᠠᠬᠤ ᠠᠩᠭᠢ ᠠᠴᠠ ᠵᠠᠷᠯᠠᠨ ᠰᠢᠬᠦᠮᠵᠢᠯᠡᠵᠤ᠂ ᠶᠠᠯ᠎ᠠ ᠲᠠᠢ ᠪᠤᠯᠤᠭᠰᠠᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠭᠤᠴᠢᠨ ᠨᠠᠢᠮᠠᠳᠤᠭᠠᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠨᠡᠶᠢᠳᠡᠮ ᠪᠠᠶᠢᠴᠠᠭᠠᠯᠲᠠ ᠶᠢᠨ ᠲᠥᠰᠦᠯ ᠢ ᠬᠡᠷᠡᠭᠵᠢᠭᠦᠯᠬᠦ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠬᠦ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠠᠯᠪᠠᠲᠠᠨ ᠵᠠᠷᠯᠢᠭᠳᠠᠬᠤ᠂ ᠬᠤᠳᠠᠯ ᠬᠠᠭᠤᠷᠮᠠᠭ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠬᠠᠩᠭᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠮᠢᠯᠠᠭᠰᠠᠨ ᠪᠠᠶᠢᠴᠠᠭᠠᠬᠤ ᠠᠩᠭᠢ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠪᠤᠶᠤ ᠰᠠᠬᠢᠯᠭ᠎ᠠ ᠪᠠᠲᠤ ᠶᠢᠨ ᠰᠢᠢᠳᠭᠡᠯ ᠥᠭᠬᠦ ᠶᠢᠨ ᠬᠠᠮᠲᠤ ᠵᠠᠷᠯᠠᠨ ᠰᠢᠭᠦᠮᠵᠢᠯᠡᠵᠦ ᠪᠣᠯᠤᠨ᠎ᠠ᠃    ᠭᠤᠴᠢ ᠶᠢᠰᠦᠳᠦᠭᠡᠷ ᠵᠤᠷᠪᠤᠰ᠄ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠳᠣᠣᠷᠠᠬᠢ ᠮᠡᠲᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠮᠢᠯᠠᠭᠰᠠᠨ ᠪᠠᠶᠢᠴᠠᠭᠠᠬᠤ ᠠᠩᠬᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠮᠡᠳᠡᠭᠡᠯᠡᠨ ᠰᠢᠬᠦᠮᠵᠢᠯᠡᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠪᠤᠶᠤ ᠰᠠᠬᠢᠯᠭ᠎ᠠ ᠪᠠᠲᠤ ᠶᠢᠨ ᠰᠢᠢᠳᠭᠡᠯ ᠥᠭᠭᠦᠨ᠎ᠡ᠃    ︵ᠨᠢᠭᠡ︶ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠠᠤᠯᠢ ᠶᠣᠰᠣᠭᠠᠷ ᠪᠠᠶᠢᠴᠠᠭᠠᠯᠲᠠ ᠬᠢᠬᠦ ᠶᠢ ᠲᠡᠪᠴᠢᠭᠰᠡᠨ ᠪᠤᠶᠤ ᠬᠠᠷᠰᠢᠯᠠᠭᠰᠠᠨ᠃    ︵ᠬᠤᠶᠠᠷ︶ ᠬᠤᠳᠠᠯ ᠬᠠᠭᠤᠷᠮᠠᠭ ᠪᠤᠶᠤ ᠪᠦᠷᠢᠨ ᠪᠤᠰᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠬᠠᠩᠭᠠᠭᠰᠠᠨ᠃    ︵ᠭᠤᠷᠪᠠ︶ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠮᠠᠲ᠋ᠧᠷᠢᠶᠠᠯ ᠢ ᠴᠠᠭ ᠲᠤᠬᠠᠢ ᠳᠤᠨᠢ ᠬᠠᠩᠭᠠᠭᠰᠠᠨ ᠥᠭᠡᠢ ᠪᠤᠶᠤ ᠰᠢᠮᠳᠠᠭᠤᠯᠵᠤ ᠮᠡᠳᠡᠭᠦᠯᠦᠭᠰᠡᠨ ᠤ ᠲᠠᠷᠠᠭ᠎ᠠ ᠪᠠᠰᠠ ᠬᠠᠩᠭᠠᠭᠰᠠᠨ ᠥᠭᠡᠢ᠃    ︵ᠲᠥᠷᠪᠡ︶ ᠬᠠᠤᠯᠢ ᠶᠣᠰᠣᠭᠠᠷ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠲᠡᠪᠴᠢᠭᠰᠡᠨ᠂ ᠲᠦᠯᠬᠢᠯᠴᠡᠭᠰᠡᠨ᠂ ᠬᠠᠷᠰᠢᠯᠠᠭᠰᠠᠨ᠃    ︵ᠲᠠᠪᠤ︶ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠦᠯᠢᠶᠡᠬᠦ ᠦᠶ᠎ᠡ ᠳᠤ᠂ ᠤᠭ ᠲᠡᠮᠳᠡᠭᠯᠡᠯ᠂ ᠲᠤᠭ᠎ᠠ ᠪᠦᠷᠢᠳᠬᠡᠯ ᠤᠨ ᠡᠬᠡ ᠳᠠᠩᠰᠠ᠂ ᠨᠡᠶᠢᠳᠡᠮ ᠪᠠᠶᠢᠴᠠᠭᠠᠭᠰᠠᠨ ᠬᠦᠰᠦᠨᠦᠭᠲᠦ᠂ ᠨᠢᠭᠲᠠᠯᠠᠨ ᠪᠣᠳᠣᠭᠰᠠᠨ ᠮᠠᠲ᠋ᠧᠷᠢᠶᠠᠯ ᠵᠢᠴᠢ ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠢ ᠰᠢᠯᠵᠢᠭᠦᠯᠦᠭᠰᠡᠨ᠂ ᠨᠢᠭᠤᠵᠤ ᠳᠠᠯᠳᠠᠯᠠᠭᠰᠠᠨ᠂ ᠥᠭᠡᠷᠡᠲᠦᠭᠦᠯᠦᠭᠰᠡᠨ᠂ ᠰᠦᠢᠳᠭᠡᠵᠦ ᠬᠠᠶᠠᠭᠰᠠᠨ᠃    ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠡᠮᠦᠨᠡᠬᠢ ᠪᠠᠳᠠᠭ ᠲᠤ ᠵᠢᠭᠰᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠮᠢᠯᠠᠭᠰᠠᠨ ᠪᠠᠶᠢᠴᠠᠭᠠᠬᠤ ᠠᠩᠬᠢ ᠠᠴᠠ ᠰᠡᠷᠡᠮᠵᠢ ᠲᠤᠬᠢᠶ᠎ᠠ ᠥᠭᠬᠦ ᠪᠥᠭᠡᠳ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠠᠭᠠᠨ᠎ᠠ᠃ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠡᠷᠦᠬᠡ ᠡᠮᠦᠨᠡᠬᠢ ᠪᠠᠳᠠᠭ ᠲᠤ ᠵᠢᠭᠰᠠᠭᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠮᠢᠯᠠᠭᠰᠠᠨ ᠪᠠᠶᠢᠴᠠᠭᠠᠬᠤ ᠠᠩᠭᠢ ᠰᠡᠷᠡᠮᠵᠢ ᠥᠭᠬᠦ ᠶᠢᠨ ᠬᠠᠮᠲᠤ 1 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃    ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠲᠣᠰ ᠵᠦᠢᠯ ᠤᠨ ᠨᠢᠭᠡᠳᠦᠭᠡᠷ ᠵᠤᠷᠪᠤᠰ ᠤᠨ ︵ᠨᠢᠭᠡ︶᠂ ︵ᠳᠥᠷᠪᠡ︶ ᠳ᠋ᠤᠭᠠᠷ ᠲᠤ ᠵᠢᠭᠰᠠᠭᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ  ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠭᠦᠨ᠎ᠡ᠃    ᠳᠥᠴᠢᠳᠦᠭᠡᠷ ᠵᠤᠷᠪᠤᠰ᠄ ᠨᠡᠶᠢᠳᠡᠮ ᠪᠠᠶᠢᠴᠠᠭᠠᠬᠤ ᠠᠵᠢᠯᠲᠠᠨ ᠬᠠᠷᠢᠭᠤᠴᠠᠯᠭ᠎ᠠ ᠪᠠᠨ ᠠᠯᠳᠠᠵᠤ᠂ ᠲᠤᠰᠢᠶᠠᠯ ᠢᠶᠠᠨ ᠭᠤᠲᠤᠭᠠᠭᠰᠠᠨ ᠵᠡᠷᠭᠡ ᠬᠦᠨᠳᠦ ᠨᠣᠴᠢᠲᠠᠶ ᠤᠷᠰᠢᠭ ᠲᠠᠲᠠᠭᠰᠠᠨ  ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠪᠤᠶᠤ ᠰᠠᠬᠢᠯᠭ᠎ᠠ ᠪᠠᠲᠤ ᠶᠢᠨ ᠰᠢᠢᠳᠭᠡᠯ ᠥᠭᠬᠦ ᠬᠡᠷᠡᠭᠲᠡᠶ ᠪᠥᠭᠡᠳ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠣᠮᠢᠯᠠᠭᠰᠠᠨ ᠪᠠᠶᠢᠴᠠᠭᠠᠬᠤ ᠠᠩᠭᠢ ᠠᠴᠠ ᠵᠠᠷᠯᠠᠨ ᠰᠢᠭᠦᠮᠵᠢᠯᠡᠵᠦ ᠪᠣᠯᠤᠨ᠎ᠠ᠃    ᠳᠥᠴᠢᠨ ᠨᠢᠭᠡᠳᠦᠭᠡᠷ ᠵᠤᠷᠪᠤᠰ᠄ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠ ᠵᠠᠬᠢᠳᠠᠯ ᠤᠨ ᠬᠠᠶᠢᠷᠴᠠᠭ ᠭᠠᠷᠭᠠᠵᠤ᠂ ᠬᠥᠳᠡᠭᠡ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠯᠡᠴᠢᠯᠡᠨ ᠮᠡᠳᠡᠭᠦᠯᠬᠦ ᠪᠠ ᠬᠢᠨᠠᠯᠲᠠ ᠲᠠᠯᠪᠢᠬᠤ ᠶᠢ ᠬᠦᠯᠢᠶᠡᠬᠦ ᠶᠢᠨ ᠬᠠᠮᠲᠤ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠬᠥᠮᠦᠰ ᠢ ᠱᠠᠩᠨᠠᠨ ᠬᠥᠬᠢᠬᠦᠯᠤᠨ᠎ᠡ᠃    ᠳᠣᠯᠣᠳᠤᠭᠠᠷ ᠪᠦᠯᠦᠭ  ᠳᠠᠭᠠᠯᠳᠤᠭᠤᠯᠤᠭᠰᠠᠨ ᠳᠥᠷᠢᠮ    ᠳᠥᠴᠢᠨ ᠬᠤᠶᠠᠳᠤᠭᠠᠷ ᠵᠤᠷᠪᠤᠰ  ᠄ ᠲᠤᠰ ᠲᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号