ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠄ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠬᠡᠵᠢᠶ᠎ᠡ ᠡᠷᠦᠬᠡ ᠳᠤ ᠣᠷᠣᠵᠤ ᠳᠠᠩᠰᠠᠯᠠᠬᠤ ᠪᠣᠶ︖ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢ | ᠨᠡᠶᠢᠳᠡᠮ ᠪᠠᠶᠢᠴᠠᠭᠠᠭᠴᠢ ᠶᠢᠨ ᠠᠵᠢᠯ ᠢᠶᠠᠨ ᠥᠷᠨᠢᠭᠦᠯᠬᠦ ᠳᠤ ᠬᠡᠷᠬᠢᠨ ᠬᠠᠮᠵᠢᠯᠴᠠᠬᠤ ᠬᠡᠷᠡᠭᠲᠡᠶ ᠪᠣᠶ︖ | ᠵᠸᠠᠩ ᠵᠢᠶᠠᠨ ᠬᠤᠸᠠ᠄ ᠲᠠᠨ ᠤ ᠠᠰᠠᠭᠤᠯᠲᠠ ᠳᠤ ᠪᠠᠶᠠᠷᠯᠠᠯ᠎ᠠ᠃ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠪᠦᠬᠦ ᠲᠠᠯ᠎ᠠ ᠶᠢᠨ ᠪᠠᠶᠢᠴᠠᠭᠠᠯᠲᠠ ᠪᠣᠯᠤᠨ᠎ᠠ᠃ ᠨᠡᠶᠢᠳᠡᠮ | ᠪᠠᠶᠢᠴᠠᠭᠠᠯᠲᠠ ᠶᠢᠨ ᠡᠲᠡᠭᠡᠳ ᠢ ᠴᠢᠬᠤᠯᠠᠴᠢᠯᠠᠬᠤ ᠦᠭᠡᠶ ᠣᠷᠬᠢᠭᠳᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ | ᠲᠤᠰᠠᠳᠠ ᠡᠷᠦᠬᠡ ᠪᠣᠯᠭᠠᠨ ᠳᠤ ᠨᠡᠶᠢᠳᠡᠮ ᠪᠠᠶᠢᠴᠠᠭᠠᠯᠲᠠ ᠬᠢᠬᠦ ᠴᠢᠬᠤᠯᠠᠲᠠᠶ ᠪᠠᠶᠢᠵᠤ᠂ ᠣᠷᠣᠰᠢᠨ ᠰᠠᠭᠤᠵᠤ ᠪᠠᠶᠢᠭ᠎ᠠ | ᠬᠥᠮᠦᠨ ᠠᠮᠠ ᠶᠢ ᠳᠠᠩᠰᠠᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ ᠬᠤᠶᠠᠷ ᠵᠦᠢᠯ ᠳᠤ ᠨᠡᠶᠢᠳᠡᠮ | ᠪᠠᠶᠢᠴᠠᠭᠠᠭᠴᠢ ᠶᠢ ᠡᠷᠦᠬᠡ ᠳᠤ ᠣᠷᠣᠭᠤᠯᠬᠤ ᠴᠢᠬᠤᠯᠠᠲᠠᠶ ᠪᠠᠶᠢᠵᠤ᠂ ᠲᠣᠰ ᠲᠣᠰ ᠪᠠᠶᠢᠳᠠᠯ ᠢ ᠣᠶᠢᠯᠠᠭᠠᠬᠤ ᠪᠠ | ᠳᠠᠩᠰᠠᠯᠠᠬᠤ ᠠᠵᠢᠯ ᠬᠢᠨ᠎ᠡ᠃ | ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠠᠵᠢᠯ 10 ᠰᠠᠷ᠎ᠠ ᠶᠢᠨ 11 ᠤ ᠡᠳᠦᠷ ᠠᠴᠠ ᠡᠬᠢᠯᠡᠵᠦ | 10 ᠰᠠᠷ᠎ᠠ ᠶᠢᠨ 31 ᠤ ᠡᠳᠦᠷ ᠳᠠᠭᠤᠰᠤᠨ᠎ᠠ᠃ ᠣᠳᠣᠬᠠᠨ ᠳᠤ ᠡᠯ᠎ᠡ ᠭᠠᠵᠠᠷ ᠤᠨ ᠬᠢᠨ ᠡᠨᠡ ᠠᠵᠢᠯ ᠢ ᠶᠠᠭ | ᠥᠷᠨᠢᠭᠦᠯᠵᠦ ᠪᠠᠶᠢᠨ᠎ᠠ᠃ ᠡᠨᠡ ᠬᠦ ᠱᠠᠲᠤᠨ ᠳᠤ ᠨᠡᠶᠢᠳᠡᠮ ᠪᠠᠶᠢᠴᠠᠭᠠᠭᠴᠢ ᠡᠷᠦᠬᠡ ᠳᠠᠷᠠᠭᠠᠯᠠᠨ ᠲᠤᠬᠠᠶ ᠶᠢᠨ | ᠭᠠᠵᠠᠷ ᠲᠤ ᠬᠠᠶᠢᠨ ᠰᠥᠪᠡᠭᠴᠢᠯᠡᠯᠳᠡ ᠬᠢᠵᠦ᠂ ᠨᠡᠶᠢᠳᠡᠮ ᠪᠠᠶᠢᠴᠠᠭᠠᠯᠲᠠ ᠶᠢᠨ ᠣᠷᠣᠨ ᠳᠤᠭᠤᠷᠢᠭ ᠳᠣᠲᠣᠷᠠᠬᠢ | ᠣᠷᠣᠨ ᠰᠠᠭᠤᠴᠠ ᠶᠢᠨ ᠲᠤᠭ᠎ᠠ ᠬᠡᠮᠵᠢᠶ᠎ᠡ ᠶᠢ ᠲᠣᠳᠣᠷᠬᠠᠶ ᠮᠡᠳᠡᠵᠦ᠂ ᠡᠯ᠎ᠡ ᠰᠠᠭᠤᠭᠠᠯᠢ ᠡᠷᠦᠬᠡ ᠳᠤ ᠨᠡᠶᠢᠳᠡᠮ | ᠪᠠᠶᠢᠴᠠᠭᠠᠯᠲᠠ ᠶᠢᠨ ᠮᠡᠳᠡᠭᠳᠡᠯ ᠥᠭᠴᠦ᠂ ᠳᠠᠩᠰᠠᠯᠠᠬᠤ ᠠᠷᠭ᠎ᠠ ᠮᠠᠶ᠋ᠢᠭ ᠢ ᠯᠠᠪᠯᠠᠨ ᠠᠰᠠᠭᠤᠵᠤ᠂ ᠭᠡᠷ ᠳᠣᠲᠣᠷᠠᠬᠢ | ᠬᠥᠮᠦᠰ ᠤᠨ ᠶᠡᠭᠡ ᠲᠥᠯᠥᠪ ᠪᠠᠶᠢᠳᠠᠯ ᠢ ᠣᠶᠢᠯᠠᠭᠠᠬᠤ ᠬᠡᠷᠡᠭᠲᠡᠶ᠃ | 11 ᠰᠠᠷ᠎ᠠ ᠶᠢᠨ 1 ᠤ ᠡᠳᠦᠷ ᠠᠴᠠ ᠡᠬᠢᠯᠡᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠳᠠᠩᠰᠠᠯᠠᠬᠤ ᠱᠠᠲᠤᠨ ᠳᠤ | ᠤᠷᠤᠨ᠎ᠠ᠃ ᠨᠡᠶᠢᠳᠡᠮ ᠪᠠᠶᠢᠴᠠᠭᠠᠭᠴᠢ ᠡᠷᠦᠬᠡ ᠪᠤᠯᠠᠭᠠᠨ ᠳᠤ ᠣᠷᠣᠵᠤ᠂ ᠨᠡᠶᠢᠳᠡᠮ ᠪᠠᠶᠢᠴᠠᠭᠠᠯᠲᠠ ᠶᠢᠨ ᠮᠡᠳᠡᠭᠡ | ᠵᠠᠩᠭᠢ ᠶᠢ ᠬᠥᠮᠦᠨ ᠳᠠᠷᠠᠭᠠᠯᠠᠨ ᠲᠡᠮᠳᠡᠭᠯᠡᠵᠦ᠂ ᠡᠨᠡ ᠬᠤᠭᠤᠴᠠᠭᠠᠨ ᠳᠤ ᠪᠠᠰᠠ 10% ᠶᠢᠨ ᠰᠠᠭᠤᠭᠠᠯᠢ ᠡᠷᠦᠬᠡ ᠶᠢ | ᠰᠣᠩᠭᠤᠨ ᠠᠪᠴᠤ ᠨᠡᠶᠢᠳᠡᠮ ᠪᠠᠶᠢᠴᠠᠭᠠᠯᠲᠠ ᠶᠢᠨ ᠤᠷᠲᠤ ᠬᠦᠰᠦᠨᠦᠭ ᠢ ᠲᠠᠭᠯᠠᠵᠤ᠂ ᠨᠠᠩ ᠨᠠᠷᠢᠨ ᠨᠢᠭᠲᠠ ᠬᠥᠮᠦᠨ | ᠠᠮᠠ ᠶᠢᠨ ᠪᠦᠲᠦᠴᠡ ᠶᠢᠨ ᠮᠡᠳᠡᠭᠡ ᠵᠠᠩᠭᠢ ᠶᠢ ᠪᠠᠶᠢᠴᠠᠭᠠᠨ᠎ᠠ᠃ ᠪᠥᠬᠦ ᠳᠠᠩᠰᠠᠯᠠᠬᠤ ᠠᠵᠢᠯ 12 ᠰᠠᠷ᠎ᠠ ᠶᠢᠨ 10 ᠤ | ᠡᠳᠦᠷ ᠳᠠᠭᠤᠰᠤᠨ᠎ᠠ᠃ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠨᠢᠭᠡᠳᠦᠯᠲᠡᠶ | ᠦᠨᠡᠮᠯᠡᠯ ᠵᠡᠭᠦᠵᠦ ᠠᠵᠢᠯ ᠢᠶᠠᠨ ᠥᠷᠨᠢᠬᠦᠯᠵᠤ᠂ ᠰᠠᠭᠤᠭᠠᠯᠢ ᠡᠷᠦᠬᠡ ᠨᠢ ᠤᠷᠢᠳᠠᠪᠠᠷ ᠨᠡᠶᠢᠳᠡᠮ ᠪᠠᠶᠢᠴᠠᠭᠠᠭᠴᠢ ᠶᠢᠨ | ᠪᠡᠶ᠎ᠡ ᠶᠢᠨ ᠭᠠᠷᠤᠯ ᠢ ᠪᠠᠶᠢᠴᠠᠭᠠᠨ ᠲᠣᠳᠣᠷᠬᠠᠶᠢᠯᠠᠭᠠᠳ᠂ ᠳᠠᠷᠠᠭ᠎ᠠ ᠨᠢ ᠨᠡᠶᠢᠳᠡᠮ ᠪᠠᠶᠢᠴᠠᠭᠠᠭᠴᠢ ᠶᠢ ᠭᠡᠷ ᠲᠡᠭᠡᠨ | ᠤᠷᠢᠵᠤ ᠳᠠᠩᠰᠠᠯᠠᠭᠤᠯᠤᠨ᠎ᠠ᠃ | ᠬᠤᠶᠠᠳᠤᠭᠠᠷ ᠠᠰᠠᠭᠤᠳᠠᠯ ᠨᠢ ᠬᠥᠮᠦᠨ ᠠᠮᠠ ᠶᠢᠨ ᠠᠰᠠᠭᠤᠳᠠᠯ ᠪᠠᠶᠢᠵᠤ᠂ ᠤᠯᠤᠰ ᠣᠷᠣᠨ ᠤ ᠠᠵᠤ ᠠᠬᠤᠶ᠂ | ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠰᠠᠭᠤᠷᠢ ᠴᠢᠨᠠᠷᠲᠠᠶ ᠠᠰᠠᠭᠤᠳᠠᠯ ᠮᠥᠨ᠃ ᠬᠥᠮᠦᠨ ᠠᠮᠠ ᠶᠢᠨ | ᠪᠠᠶᠢᠳᠠᠯ ᠤᠨ ᠬᠥᠭᠵᠢᠯᠲᠡ ᠬᠤᠪᠢᠷᠠᠯᠲᠠ ᠨᠢ ᠤᠯᠤᠰ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠥᠯᠥᠭᠡᠯᠡᠵᠦ᠂ ᠮᠥᠨ ᠴᠦ ᠬᠤᠪᠢ ᠬᠥᠮᠦᠨ ᠪᠠ ᠭᠡᠷ ᠪᠦᠯᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ | ᠡᠶᠢᠮᠦ ᠠᠴᠠ᠂ ᠬᠥᠮᠦᠨ ᠠᠮᠠ ᠶᠢᠨ ᠥᠨᠳᠤᠰᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠷᠨᠢᠭᠦᠯᠬᠦ ᠨᠢ ᠠᠯᠤᠰ | ᠬᠡᠲᠦ ᠶᠢᠨ ᠠᠴᠢ ᠬᠤᠯᠪᠣᠭᠳᠠᠯ ᠲᠠᠢ ᠪᠥᠭᠡᠳ ᠡᠨᠡ ᠨᠢ ᠤᠯᠤᠰ ᠣᠷᠣᠨ ᠤ ᠲᠥᠯᠥᠭᠡ ᠮᠥᠷᠲᠡᠭᠡᠨ ᠪᠠᠰᠠ ᠬᠡᠷ | ᠪᠦᠯᠢ ᠶᠢᠨ ᠲᠥᠯᠥᠭᠡ ᠶᠤᠮ᠃ ᠨᠡᠶᠢᠳᠡᠮ ᠪᠠᠶᠢᠴᠠᠭᠠᠭᠳᠠᠬᠤ ᠡᠲᠡᠭᠡᠳ ᠨᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠶᠢᠨ ᠲᠤᠭ᠎ᠠ ᠪᠦᠷᠢᠳᠬᠡᠯ ᠤᠨ ᠬᠠᠤᠯᠢ︾ ᠪᠣᠯᠤᠨ ︽ᠪᠦᠬᠦ ᠤᠯᠤᠰ ᠶᠢᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠦᠨᠡᠨ ᠪᠣᠳᠠᠲᠠᠶ᠂ ᠵᠥᠪ ᠣᠨᠣᠪᠴᠢᠲᠠᠶ᠂ ᠪᠦᠷᠢᠨ ᠪᠦᠲᠦᠨ᠂ ᠴᠠᠭ | ᠲᠤᠬᠠᠶ ᠳᠤᠨᠢ ᠬᠠᠩᠭᠠᠵᠤ᠂ ᠬᠤᠯᠪᠣᠭᠳᠠᠯ ᠪᠦᠬᠦᠢ ᠠᠰᠠᠭᠤᠳᠠᠯ ᠢ ᠦᠨᠡᠨ ᠮᠥᠨ ᠢᠶᠠᠷ ᠨᠢ ᠬᠠᠷᠢᠭᠤᠯᠵᠤ᠂ ᠬᠤᠳᠠᠯ | ᠬᠠᠭᠤᠷᠮᠠᠭ ᠮᠡᠳᠡᠭᠡ ᠵᠠᠩᠭᠢ ᠬᠠᠩᠭᠠᠬᠤ ᠦᠭᠡᠢ᠂ ᠬᠤᠯᠪᠣᠭᠳᠠᠯ ᠪᠦᠬᠦᠢ ᠪᠠᠶᠢᠳᠠᠯ ᠢ ᠨᠢᠭᠤᠨ ᠳᠠᠯᠳᠠᠯᠠᠵᠤ᠂ | ᠬᠠᠭᠤᠷᠮᠠᠭᠯᠠᠨ ᠵᠣᠬᠢᠶᠠᠬᠤ ᠦᠭᠡᠢ ᠪᠠᠶᠢᠬᠤ ᠬᠡᠷᠡᠭᠳᠡᠢ᠃ ᠨᠡᠶᠢᠭᠡᠮ ᠨᠡᠶᠢᠲᠡ ᠶᠢᠨ ᠬᠢᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠠᠯᠠᠭᠤᠨ ᠢᠶᠠᠷ ᠳᠡᠮᠵᠢᠵᠦ᠂ ᠨᠡᠶᠢᠳᠡᠮ ᠪᠠᠶᠢᠴᠠᠭᠠᠭᠴᠢ ᠶᠢᠨ ᠪᠠᠶᠢᠴᠠᠭᠠᠯᠲᠠ ᠬᠢᠬᠦ ᠳᠤ | ᠢᠳᠡᠪᠬᠢᠲᠡᠶ ᠬᠠᠮᠵᠢᠯᠴᠠᠬᠤ ᠶᠢ ᠬᠦᠰᠡᠵᠦ ᠪᠠᠶᠢᠨ᠎ᠠ᠃ | ᠡᠭᠦᠨ ᠠᠴᠠ ᠭᠠᠳᠠᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ᠶᠢᠨ ᠶᠢᠰᠦᠳᠦᠭᠡᠷ ᠵᠦᠢᠯ ᠳᠤ᠄ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ | ᠠᠵᠢᠯᠳᠠᠨ ᠨᠢ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠪᠠᠨ ᠣᠯᠵᠤ ᠮᠡᠳᠡᠭᠰᠡᠨ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ ᠪᠣᠯᠤᠨ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ | ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠭᠤᠴᠢᠨ ᠭᠤᠷᠪᠠᠳᠤᠭᠠᠷ | ᠵᠦᠢᠯ ᠳᠤ᠄ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠤᠭᠰᠠᠨ ᠳᠠᠩ ᠭᠠᠭᠴᠠ ᠨᠡᠶᠢᠳᠡᠮ | ᠪᠠᠶᠢᠴᠠᠭᠠᠯᠲᠠ ᠶᠢᠨ ᠡᠲᠡᠭᠡᠳ ᠤᠨ ᠢᠷᠡᠯᠳᠡ ᠢ ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ ᠳᠡᠶᠢᠯᠬᠦ | ᠮᠠᠲ᠋ᠧᠷᠢᠶᠠᠯ ᠢ ᠶᠠᠮᠠᠷᠪᠠ ᠨᠢᠭᠡᠴᠢ ᠪᠠ ᠬᠤᠪᠢ ᠬᠥᠮᠦᠨ ᠭᠠᠳᠠᠭᠰᠢ ᠬᠠᠩᠭᠠᠵᠤ᠂ ᠵᠠᠳᠠᠷᠠᠭᠤᠯᠵᠤ ᠪᠣᠯᠬᠤ ᠦᠭᠡᠢ᠂ | ᠬᠥᠮᠦᠨ ᠠᠮᠠ ᠶᠢᠨ ᠨᠡᠶᠢᠳᠡᠮ ᠪᠠᠶᠢᠴᠠᠭᠠᠬᠤ ᠡᠲᠡᠭᠡᠳ ᠲᠤ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠬᠦ | ᠦᠨᠳᠦᠰᠦᠯᠡᠯ ᠪᠣᠯᠭᠠᠵᠤ ᠪᠣᠯᠬᠤ ᠦᠭᠡᠶ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠠᠴᠠ ᠭᠠᠳᠠᠨᠠᠬᠢ | ᠵᠣᠷᠢᠯᠭ᠎ᠠ ᠳᠤ ᠬᠡᠷᠡᠭᠯᠡᠵᠦ ᠪᠣᠯᠬᠤ ᠦᠭᠡᠶ᠃ ᠮᠥᠨᠴᠤ ᠪᠢᠳᠡ ᠪᠥᠬᠦ ᠶᠠᠪᠤᠴᠠ ᠳᠤ ᠪᠠᠨ ᠠᠷᠠᠳ ᠢᠷᠭᠡᠨ ᠤ ᠬᠤᠪᠢ | ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠶᠢ ᠴᠢᠩᠭᠠᠳᠬᠠᠵᠤ᠂ ᠶᠠᠮᠠᠷᠪᠠ ᠨᠢᠭᠡᠴᠡ ᠪᠠ ᠬᠤᠪᠢ ᠬᠥᠮᠦᠨ᠂ ᠶᠠᠮᠠᠷᠪᠠ | ᠪᠠᠶᠢᠭᠤᠯᠤᠮᠵᠢ᠂ ᠬᠤᠪᠢ ᠬᠥᠮᠦᠨ ᠳᠤ ᠠᠷᠠᠳ ᠢᠷᠭᠡᠨ ᠤ ᠮᠡᠳᠡᠭᠡ ᠵᠠᠩᠭᠢ ᠶᠢ ᠵᠠᠳᠠᠷᠠᠭᠤᠯᠬᠤ ᠶᠢ ᠴᠢᠩᠭ᠎ᠠ | ᠴᠠᠭᠠᠵᠠᠯᠠᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠨ ᠨᠡᠶᠢᠳᠡᠮ | ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠮᠡᠳᠡᠭᠡ ᠵᠠᠩᠭᠢ ᠳᠤ ᠡᠷᠬᠡᠪᠰᠢ ᠨᠢᠭᠤᠴᠠ ᠶᠢ ᠬᠠᠮᠠᠭᠠᠯᠠᠬᠤ | ᠡᠭᠦᠷᠭᠡ ᠪᠠᠨ ᠴᠢᠩᠭ᠎ᠠ ᠭᠦᠢᠴᠡᠳᠭᠡᠬᠦ ᠬᠡᠷᠡᠭᠲᠡᠶ᠃ ᠳᠡᠭᠡᠬᠦ ᠦᠭᠡᠢ ᠪᠣᠯ ᠵᠤᠬᠢᠬᠤ ᠬᠠᠤᠯᠢ ᠶᠢᠨ ᠬᠠᠷᠢᠭᠤᠴᠠᠯᠭ᠎ᠠ | ᠡᠭᠦᠷᠭᠡᠯᠡᠬᠦ ᠪᠣᠯᠤᠨ᠎ᠠ᠃ | ᠤᠮᠠᠷᠠᠲᠤ ᠶᠢᠨ ᠰᠢᠨ᠎ᠡ ᠰᠣᠨᠢᠨ᠄ ᠲᠣᠰ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖ | ᠵᠢᠶᠠᠩ ᠰᠢᠶᠠᠨ᠄ ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠠᠴᠠ ᠡᠮᠦᠨ᠎ᠡ ᠡᠷᠦᠬᠡ ᠠᠮᠠ ᠶᠢᠨ ᠴᠡᠭᠴᠡᠯᠡᠯᠲᠡ ᠶᠢ ᠪᠦᠬᠦ | ᠲᠠᠯ᠎ᠠ ᠪᠠᠷ ᠥᠷᠨᠢᠭᠦᠯᠬᠦ ᠪᠣᠯ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠨᠢᠭᠡ ᠵᠦᠶ᠋ᠯ ᠤᠨ ᠰᠠᠭᠤᠷᠢ ᠠᠵᠢᠯ ᠪᠣᠯᠤᠨ᠎ᠠ᠃ ᠥᠪᠡᠷᠲᠡᠭᠡᠨ | ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠠᠵᠢᠯ ᠤᠨ ᠪᠠᠶᠢᠷᠢᠯᠠᠭᠤᠯᠤᠯᠲᠠ | ᠶᠣᠰᠣᠭᠠᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠡᠨᠡ ᠵᠢᠯ ᠤᠨ 5 ᠰᠠᠷ᠎ᠠ ᠶᠢᠨ 15 ᠤ | ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ᠂ 4 ᠬᠠᠭᠠᠰ ᠰᠠᠷ᠎ᠠ ᠶᠢᠨ ᠴᠠᠭ ᠬᠤᠭᠤᠴᠠᠭ᠎ᠠ ᠶᠢ | ᠲᠥᠪᠯᠡᠷᠡᠭᠦᠯᠦᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠡᠷᠦᠬᠡ ᠠᠮᠠ ᠶᠢ ᠴᠡᠭᠴᠡᠯᠡᠬᠦ ᠠᠵᠢᠯ ᠢ ᠥᠷᠨᠢᠭᠦᠯᠪᠡ᠃ | ᠨᠢᠭᠡ ᠳᠤ᠂ ᠡᠷᠦᠬᠡ ᠠᠮᠠ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠬᠠᠷᠭᠤᠭᠤᠯᠤᠨ᠎ᠠ᠃ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠤᠭ᠎ᠠ ᠪᠦᠷᠢᠳᠬᠡᠯ᠂ ᠡᠷᠡᠬᠦᠯ ᠬᠠᠮᠠᠭᠠᠯᠠᠯ ᠤᠨ | ᠭᠠᠵᠠᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠬᠥᠮᠦᠨ ᠠᠮᠠ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠠᠰᠢᠭᠯᠠᠵᠤ᠂ ᠬᠥᠮᠦᠨ | ᠠᠮᠠ ᠶᠢᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ᠎ᠡ᠃ ᠥᠷᠭᠡᠨ ᠣᠯᠠᠨ ᠨᠡᠶᠢᠭᠡᠮ ᠲᠣᠭᠤᠷᠢᠭ᠂ | ᠲᠣᠰᠬᠤᠨ ᠳᠤ ᠰᠠᠭᠤᠭ᠎ᠠ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠲᠣᠰᠬᠤᠨ ᠤ ᠰᠠᠭᠤᠭᠠᠯᠢ ᠠᠷᠠᠳ ᠤᠨ | ᠡᠶᠡᠳᠡᠬᠦᠯᠥᠭᠴᠢ ᠺᠠᠳ᠋ᠷ᠂ ᠰᠥᠯᠵᠢᠶᠡᠨ ᠤ ᠠᠵᠢᠯᠲᠠᠨ ᠵᠡᠷᠭᠡ ᠬᠦᠴᠦᠨ ᠢ ᠵᠣᠬᠢᠴᠠᠭᠤᠯᠤᠨ ᠳᠠᠶᠢᠴᠢᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠭᠡᠷ ᠲᠤ ᠨᠢ ᠣᠴᠢᠬᠤ | ᠪᠤᠶᠤ ᠳ᠋ᠢᠶᠠᠩᠬᠤᠸᠠ᠂ ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠡᠷᠦᠬᠡ ᠪᠠ ᠬᠥᠮᠦᠨ ᠳᠠᠷᠠᠭᠠᠯᠠᠨ ᠬᠥᠮᠦᠨ ᠠᠮᠠ ᠶᠢᠨ | ᠮᠡᠳᠡᠭᠡ ᠵᠠᠩᠭᠢ ᠶᠢᠨ ᠦᠨᠳᠦᠰᠦᠨ ᠲᠥᠷᠥᠯ ᠵᠦᠢᠯ ᠤᠨ ᠬᠠᠷᠭᠤᠭᠤᠯᠤᠯᠲᠠ ᠶᠢ ᠥᠷᠨᠢᠭᠦᠯᠵᠦ᠂ ᠪᠠᠶᠢᠩᠭᠤ ᠰᠠᠭᠤᠭ᠎ᠠ | ᠬᠥᠮᠦᠨ ᠠᠮᠠ᠂ ᠲᠦᠷ ᠰᠠᠭᠤᠭ᠎ᠠ ᠬᠥᠮᠦᠨ ᠠᠮᠠ ᠶᠢᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ | ᠣᠶᠢᠯᠠᠭᠠᠪᠠ᠃ | ᠬᠤᠶᠠᠷ ᠲᠤ᠂ ᠨᠢᠭᠡ ᠪᠦᠯᠦᠭ ᠡᠷᠦᠬᠡ ᠠᠮᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠡᠷᠦᠬᠡ | ᠠᠮᠠ ᠶᠢᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠤᠨ ᠳᠤᠮᠳᠠ ᠣᠯᠵᠤ ᠮᠡᠳᠡᠭᠰᠡᠨ ᠡᠯ᠎ᠡ ᠵᠦᠢᠯ ᠤᠨ ᠡᠷᠦᠬᠡ | ᠠᠮᠠ ᠶᠢᠨ ᠠᠰᠠᠭᠤᠳᠠᠯ ᠢ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠤᠰᠤᠭᠠᠷ ᠰᠢᠢᠳᠪᠦᠷᠢᠯᠡᠵᠦ᠂ | ᠡᠷᠦᠬᠡ ᠠᠮᠠ ᠪᠣᠯᠤᠨ ᠠᠷᠠᠳ ᠢᠷᠭᠡᠳ ᠤᠨ ᠪᠡᠶ᠎ᠡ ᠶᠢᠨ ᠥᠨᠡᠮᠯᠡᠯ ᠤᠨ ᠳ᠋ᠤᠭᠠᠷ ᠤᠨ ᠣᠨᠣᠪᠴᠢᠲᠤ ᠴᠢᠨᠠᠷ᠂ ᠴᠣᠷ ᠤᠨ | ᠭᠠᠭᠴᠠ ᠴᠢᠨᠠᠷ ᠢ ᠦᠨᠡᠨᠬᠦ ᠪᠠᠳᠤᠯᠠᠪᠠ᠃ ᠪᠦᠷᠢᠳᠬᠡᠯ ᠢ ᠦᠨᠳᠦᠰᠦᠯᠡᠪᠡᠯ᠂ ᠡᠷᠦᠬᠡ ᠠᠮᠠ ᠶᠢᠨ ᠴᠡᠭᠴᠡᠯᠡᠯᠲᠡ ᠶᠢᠨ | ᠬᠤᠭᠤᠴᠠᠭᠠᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠦᠬᠡ ᠳᠤ ᠣᠷᠣᠵᠤ | ᠬᠠᠷᠭᠤᠭᠤᠯᠤᠨ᠂ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠲᠠᠢ 8628 ᠬᠥᠮᠦᠨ ᠢ ᠵᠢᠭᠰᠠᠭᠠᠨ | ᠪᠠᠶᠢᠴᠠᠭᠠᠵᠤ᠂ ᠡᠷᠦᠬᠡ ᠠᠮᠠ ᠣᠷᠣᠭᠤᠯᠬᠤ ᠠᠰᠠᠭᠤᠳᠠᠯ ᠢ ᠴᠥᠮ ᠴᠠᠭ ᠲᠤᠬᠠᠶ ᠳᠤᠨᠢ ᠰᠢᠢᠳᠪᠦᠷᠢᠯᠡᠪᠡ ᠃ | ᠳᠠᠪᠬᠤᠷᠳᠠᠭᠰᠠᠨ ᠡᠷᠦᠬᠡ ᠠᠮᠠ ᠶᠢᠨ 20579 ᠶᠢ ᠬᠦᠴᠦᠨ ᠥᠬᠡᠶ ᠪᠤᠯᠭᠠᠵᠤ᠂ ᠨᠠᠰᠤ ᠪᠠᠷᠠᠭᠰᠠᠨ ᠪᠠᠶᠢᠲᠠᠯ᠎ᠠ | ᠬᠦᠴᠦᠨ ᠥᠬᠡᠶ ᠪᠤᠯᠠᠭᠠᠳᠤᠢ ᠡᠷᠦᠬᠡ ᠠᠮᠠ ᠶᠢᠨ 52539 ᠶᠢ ᠬᠦᠴᠦᠨ ᠥᠬᠡᠶ ᠪᠣᠯᠭᠠᠪᠠ᠃ ᠡᠷᠦᠬᠡ ᠠᠮᠠ ᠶᠢᠨ | ᠳᠠᠩᠰᠠᠯᠠᠯ ᠤᠨ 436468 ᠲᠥᠷᠥᠯ ᠵᠦᠶ᠋ᠯ ᠢ ᠬᠤᠪᠢᠷᠠᠭᠤᠯᠵᠤ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ | ᠪᠤᠷᠤᠭᠤᠳᠠᠭᠰᠠᠨ ᠨᠣᠮᠧᠷ 95 ᠶᠢ ᠵᠠᠯᠠᠷᠠᠭᠤᠯᠪᠠ᠃ ᠡᠷᠦᠬᠡ ᠠᠮᠠ ᠶᠢ ᠴᠡᠭᠴᠡᠯᠡᠬᠦ ᠬᠤᠭᠤᠴᠠᠭᠠᠨ ᠳᠤ᠂ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠦᠷ ᠰᠠᠭᠤᠬᠤ 55 ᠲᠦᠮᠡᠨ ᠬᠥᠮᠦᠨ ᠢ ᠰᠢᠨ᠎ᠡ ᠪᠠᠷ | ᠳᠠᠩᠰᠠᠯᠠᠭᠤᠯᠪᠠ᠃ | ᠡᠷᠦᠬᠡ ᠠᠮᠠ ᠶᠢ ᠴᠡᠭᠴᠡᠯᠡᠬᠦ ᠠᠵᠢᠯ ᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠤᠨ᠂ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠳᠤ ᠣᠨᠣᠪᠴᠢᠲᠠᠶ ᠪᠥᠭᠡᠳ ᠨᠠᠷᠢᠨ ᠪᠣᠳᠠᠲᠠᠶ ᠲᠤᠭ᠎ᠠ ᠪᠠᠷᠢᠮᠲᠠ ᠶᠢᠨ ᠮᠠᠲ᠋ᠧᠷᠢᠶᠠᠯ ᠬᠠᠩᠭᠠᠵᠤ᠂ | ᠮᠠᠨ ᠤ ᠣᠷᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ | ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ᠄ ᠲᠤᠰ ᠤᠳᠠᠭᠠᠨ ᠤ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠨᠢ ᠠᠷᠠᠳ ᠤᠯᠠᠨ ᠤ ᠠᠩᠬᠠᠷᠴᠤ ᠪᠠᠶᠢᠭ᠎ᠠ ︽ᠡᠪᠡᠳᠴᠢᠨ ᠦᠵᠡᠭᠦᠯᠬᠦ ᠳᠤ | ᠬᠦᠴᠢᠷ︾᠂ ︽ᠡᠪᠡᠳᠴᠢᠨ ᠦᠵᠡᠭᠦᠯᠬᠦ ᠳᠤ ᠥᠨ᠎ᠡ ᠲᠠᠢ︾ ᠠᠰᠠᠭᠤᠳᠠᠯ ᠢ ᠰᠢᠢᠳᠪᠦᠷᠢᠯᠡᠬᠦ ᠳᠤ ᠪᠣᠳᠠᠲᠠᠢ | ᠬᠠᠪᠰᠤᠷᠤᠮᠵᠢ ᠪᠣᠯᠬᠤ ᠦᠦ︖ | ᠸᠠᠩ ᠴᠧᠩ ᠯᠢᠶᠠᠩ᠄ ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ | ᠡᠩ ᠲᠡᠷᠢᠭᠦᠨ ᠳᠤ᠂ ᠮᠠᠨ ᠤ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠪᠠᠶᠢᠳᠠᠯ ᠢ ᠲᠣᠳᠣᠷᠬᠠᠢ | ᠣᠶᠢᠯᠠᠭᠠᠬᠤ ᠨᠢ ᠪᠢᠳᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠳᠤ ᠢᠳᠡᠪᠬᠢᠲᠡᠢ ᠬᠠᠪᠰᠤᠷᠤᠯᠭ᠎ᠠ ᠪᠣᠯᠬᠤ ᠶᠤᠮ᠃ ᠵᠢᠱᠢᠶᠡᠯᠡᠪᠡᠯ᠄ ᠪᠢᠳᠡ ᠨᠡᠶᠢᠭᠡᠮ ᠲᠣᠭᠤᠷᠢᠭ ᠤᠨ | ᠬᠥᠮᠦᠨ ᠠᠮᠠ ᠶᠢᠨ ᠲᠤᠭ᠎ᠠ ᠪᠠ ᠪᠦᠲᠦᠴᠡ ᠶᠢ ᠦᠨᠳᠦᠰᠦᠯᠡᠵᠦ᠂ ᠡᠮᠴᠢᠯᠡᠭᠡᠨ ᠤ ᠪᠠᠶᠢᠭᠤᠯᠤᠮᠵᠢ ︵ᠣᠨᠴᠠᠭᠠᠶᠢᠯᠠᠨ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ︶ ᠶᠢᠨ ᠲᠤᠭ᠎ᠠ ᠬᠡᠮᠵᠢᠶ᠎ᠡ ᠪᠣᠯᠤᠨ ᠲᠠᠷᠬᠠᠯᠲᠠ ᠵᠢᠴᠢ ᠡᠮᠴᠢ | ᠰᠤᠪᠢᠯᠠᠭᠴᠢᠳ ᠤᠨ ᠬᠠᠷᠢᠴᠠᠯ ᠢ ᠲᠤᠬᠢᠷᠠᠭᠤᠯᠤᠨ᠂ ᠡᠮ ᠡᠮᠨᠡᠯᠭᠡ ᠶᠢᠨ ᠡᠬᠢ ᠪᠠᠶᠠᠯᠢᠭ ᠤᠨ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠵᠦ᠂ ᠠᠷᠠᠳ ᠣᠯᠠᠨ ᠤ ᠡᠪᠡᠳᠴᠢᠨ ᠡᠮᠨᠡᠭᠦᠯᠬᠦ ᠬᠠᠷᠰᠢ ᠰᠠᠭᠠᠳ ᠢ ᠪᠠᠭᠤᠷᠠᠭᠤᠯᠵᠤ᠂ ᠨᠡᠩ | ᠣᠯᠠᠨ ᠬᠥᠮᠦᠰ ᠲᠤ ᠳᠥᠭᠦᠮ ᠳᠥᠲᠡ᠂ ᠲᠦᠷᠭᠡᠨ᠂ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠶᠢ | ᠬᠥᠷᠳᠡᠭᠡᠵᠤ ᠪᠤᠯᠤᠨ᠎ᠠ᠃ | ᠳᠠᠷᠠᠭᠠᠯᠠᠪᠠᠯ᠂ ᠬᠥᠮᠦᠨ ᠠᠮᠠ ᠶᠢᠨ ᠲᠤᠭ᠎ᠠ ᠪᠠ ᠪᠦᠲᠦᠴᠡ ᠶᠢ ᠣᠨᠣᠪᠴᠢᠲᠠᠶ ᠡᠵᠡᠮᠰᠢᠵᠦ᠂ ᠵᠠᠰᠠᠭ ᠤᠨ | ᠣᠷᠳᠣᠨ ᠢ ᠬᠠᠪᠰᠤᠷᠤᠨ ᠣᠯᠠᠨ ᠨᠡᠶᠢᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢ ᠰᠢᠯᠢᠳᠡᠭᠵᠢᠭᠦᠯᠵᠦ᠂ ᠡᠷᠡᠭᠦᠯ | ᠬᠠᠮᠠᠭᠠᠯᠠᠯ ᠤᠨ ᠶᠡᠷᠦᠩᠬᠡᠶ ᠵᠠᠷᠤᠳᠠᠯ ᠤᠨ ᠳᠣᠲᠣᠷᠠᠬᠢ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ | ᠬᠠᠷᠢᠴᠠᠯ ᠢ ᠲᠣᠬᠢᠷᠠᠭᠤᠯᠵᠤ ᠪᠣᠯᠤᠨ᠎ᠠ᠃ ᠡᠭᠦᠨ ᠤ ᠤᠯᠠᠮ ᠢᠶᠠᠷ ᠬᠤᠪᠢ ᠬᠥᠮᠦᠨ ᠤ ᠡᠷᠡᠭᠦᠯ ᠬᠠᠮᠠᠭᠠᠯᠠᠯ ᠤᠨ | ᠵᠠᠷᠤᠯᠭ᠎ᠠ ᠶᠢᠨ ᠬᠠᠷᠢᠴᠠᠯ ᠢ ᠪᠠᠭᠤᠷᠠᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠳᠠᠷᠤᠭᠠᠰᠤ ᠶᠢ | ᠬᠥᠩᠭᠡᠷᠡᠭᠦᠯᠦᠨ᠎ᠡ᠃ | ᠡᠴᠦᠰ ᠲᠤ᠂ ᠬᠥᠮᠦᠨ ᠠᠮᠠ ᠶᠢᠨ ᠲᠤᠭ᠎ᠠ ᠪᠠ ᠪᠦᠲᠦᠴᠡ ᠶᠢ ᠣᠨᠣᠪᠴᠢᠲᠠᠶ ᠡᠵᠡᠮᠰᠢᠪᠡᠯ᠂ ᠮᠠᠨ ᠤ | ᠢᠷᠡᠭᠡᠳᠦᠶ ᠶᠢᠨ ᠡᠮᠴᠢᠯᠡᠭᠡᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠭᠵᠢᠯᠲᠡ ᠶᠢᠨ | ᠴᠢᠭᠯᠡᠯ ᠢ ᠲᠥᠯᠥᠪᠵᠢᠭᠦᠯᠬᠦ ᠳᠤ ᠬᠠᠪᠰᠤᠷᠠᠮᠵᠢ ᠪᠣᠯᠤᠨ᠎ᠠ᠃ ᠵᠢᠱᠢᠶᠡᠯᠡᠪᠡᠯ᠄ ᠣᠳᠣ ᠶᠢᠨ ᠬᠥᠮᠦᠨ ᠠᠮᠠ ᠶᠢᠨ | ᠪᠦᠲᠦᠴᠡ ᠶᠢᠨ ᠬᠥᠭᠵᠢᠯᠲᠡ ᠨᠢ ᠨᠠᠰᠤᠵᠢᠬᠤ ᠬᠠᠨᠳᠤᠰᠢ ᠲᠠᠢ ᠪᠣᠯᠵᠤ᠂ ᠣᠳᠣ ᠪᠠᠶᠢᠭ᠎ᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠨᠠᠰᠤᠲᠠᠶᠢᠴᠤᠳ ᠲᠤ ᠬᠠᠨᠳᠤᠭᠤᠯᠤᠭᠰᠠᠨ ᠦᠢᠯᠡᠴᠢᠯᠡᠭᠡ ᠨᠢ ᠪᠠᠰᠠ | ᠡᠬᠢᠯᠡᠯᠲᠡ ᠶᠢᠨ ᠱᠠᠲᠤᠨ ᠳᠠᠭᠠᠨ ᠪᠠᠶᠢᠵᠤ᠂ ᠡᠨᠡᠬᠦ ᠬᠥᠮᠦᠨ ᠠᠮᠠ ᠶᠢᠨ ᠨᠠᠰᠤᠵᠢᠯᠲᠠ ᠶᠢᠨ ᠬᠥᠭᠵᠢᠯᠲᠡ ᠶᠢᠨ | ᠬᠠᠨᠳᠤᠰᠢ ᠨᠢ ᠤᠳᠤ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠰᠢᠰᠲ᠋ᠧᠮ ᠳᠤ ᠯᠤᠲᠤ ᠶᠡᠭᠡ | ᠥᠷᠢᠰᠥᠯᠳᠦᠭᠡᠨ ᠢ ᠤᠴᠠᠷᠠᠭᠤᠯᠵᠠᠶ᠃ ᠢᠷᠡᠭᠡᠳᠦᠶ ᠳᠤ᠂ ᠨᠠᠰᠤᠲᠠᠶᠢᠴᠤᠳ ᠤᠨ ᠡᠮ ᠡᠮᠨᠡᠯᠭᠡ ᠪᠣᠯᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠢᠶ᠎ᠠ ᠪᠥᠬᠦᠶ ᠰᠢᠨᠵᠢᠯᠡᠭᠡᠨ ᠤ ᠬᠥᠭᠵᠢᠯᠲᠡ ᠴᠢᠬᠤᠯᠠ | ᠪᠣᠯᠬᠤ ᠶᠤᠮ᠃ ᠬᠥᠮᠦᠨ ᠠᠮᠠ ᠶᠢᠨ ᠲᠤᠭ᠎ᠠ ᠪᠠᠷᠢᠮᠲᠠ ᠶᠢ ᠣᠨᠣᠪᠴᠢᠲᠠᠶ ᠡᠵᠡᠮᠰᠢᠬᠦ ᠨᠢ ᠪᠢᠳᠡᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠭᠵᠢᠯᠲᠡ ᠶᠢᠨ ᠴᠢᠭᠯᠡᠯ ᠢᠶᠠᠨ ᠲᠣᠬᠢᠷᠠᠭᠤᠯᠵᠤ᠂ ᠢᠷᠡᠭᠡᠳᠤᠢ ᠶᠢᠨ ᠡᠮ | ᠡᠮᠨᠡᠯᠭᠡ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠳᠤ ᠲᠤᠯᠭᠠᠷᠠᠭᠰᠠᠨ ᠥᠷᠢᠰᠤᠯᠳᠤᠭᠡᠨ ᠢ ᠠᠷᠭᠠᠴᠠᠭᠠᠵᠤ᠂ ᠥᠷᠭᠡᠨ | ᠣᠯᠠᠨ ᠠᠷᠠᠳ ᠲᠦᠮᠡᠨ ᠳᠤ ᠨᠠᠩ ᠰᠠᠶᠢᠨ ᠦᠢᠯᠡᠴᠢᠯᠡᠬᠦ ᠳᠤ ᠠᠰᠢᠭᠳᠠᠢ ᠶᠤᠮ᠃ |