ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠄ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠬᠡᠵᠢᠶ᠎ᠡ ᠡᠷᠦᠬᠡ ᠳᠤ ᠣᠷᠣᠵᠤ ᠳᠠᠩᠰᠠᠯᠠᠬᠤ ᠪᠣᠶ︖ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢ ᠨᠡᠶᠢᠳᠡᠮ | ᠪᠠᠶᠢᠴᠠᠭᠠᠭᠴᠢ ᠶᠢᠨ ᠠᠵᠢᠯ ᠢᠶᠠᠨ ᠥᠷᠨᠢᠭᠦᠯᠬᠦ ᠳᠤ ᠬᠡᠷᠬᠢᠨ ᠬᠠᠮᠵᠢᠯᠴᠠᠬᠤ ᠬᠡᠷᠡᠭᠲᠡᠶ ᠪᠣᠶ︖ | ᠵᠧᠩ ᠵᠢᠶᠠᠨ ᠬᠤᠸᠠ᠄ ᠲᠠᠨ ᠤ ᠠᠰᠠᠭᠤᠯᠲᠠ ᠳᠤ ᠪᠠᠶᠠᠷᠯᠠᠯ᠎ᠠ᠃ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠪᠦᠬᠦ ᠲᠠᠯ᠎ᠠ ᠶᠢᠨ ᠪᠠᠶᠢᠴᠠᠭᠠᠯᠲᠠ ᠪᠣᠯᠤᠨ᠎ᠠ᠃ ᠨᠡᠶᠢᠳᠡᠮ | ᠪᠠᠶᠢᠴᠠᠭᠠᠯᠲᠠ ᠶᠢᠨ ᠡᠲᠡᠭᠡᠳ ᠢ ᠴᠢᠬᠤᠯᠠᠴᠢᠯᠠᠬᠤ ᠦᠭᠡᠶ ᠣᠷᠬᠢᠭᠳᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ ᠲᠤᠰᠠᠳᠠ | ᠡᠷᠦᠬᠡ ᠪᠣᠯᠭᠠᠨ ᠳᠤ ᠨᠡᠶᠢᠳᠡᠮ ᠪᠠᠶᠢᠴᠠᠭᠠᠯᠲᠠ ᠬᠢᠬᠦ ᠴᠢᠬᠤᠯᠠᠲᠠᠶ ᠪᠠᠶᠢᠵᠤ᠂ ᠣᠷᠣᠰᠢᠨ ᠰᠠᠭᠤᠵᠤ ᠪᠠᠶᠢᠭ᠎ᠠ ᠬᠥᠮᠦᠨ ᠠᠮᠠ ᠶᠢ | ᠳᠠᠩᠰᠠᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠳᠤᠮᠳᠠ ᠬᠤᠶᠠᠷ ᠵᠦᠢᠯ ᠳᠤ ᠨᠡᠶᠢᠳᠡᠮ ᠪᠠᠶᠢᠴᠠᠭᠠᠭᠴᠢ ᠶᠢ ᠡᠷᠦᠬᠡ ᠳᠤ | ᠣᠷᠣᠭᠤᠯᠬᠤ ᠴᠢᠬᠤᠯᠠᠲᠠᠶ ᠪᠠᠶᠢᠵᠤ᠂ ᠲᠣᠰ ᠲᠣᠰ ᠪᠠᠶᠢᠳᠠᠯ ᠢ ᠣᠶᠢᠯᠠᠭᠠᠬᠤ ᠪᠠ ᠳᠠᠩᠰᠠᠯᠠᠬᠤ ᠠᠵᠢᠯ ᠬᠢᠨ᠎ᠡ᠃ | ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠠᠵᠢᠯ 10 ᠰᠠᠷ᠎ᠠ ᠶᠢᠨ 11 ᠤ ᠡᠳᠦᠷ ᠠᠴᠠ ᠡᠬᠢᠯᠡᠵᠦ 10 | ᠰᠠᠷ᠎ᠠ ᠶᠢᠨ 31 ᠤ ᠡᠳᠦᠷ ᠳᠠᠭᠤᠰᠤᠨ᠎ᠠ᠃ ᠣᠳᠣᠬᠠᠨ ᠳᠤ ᠡᠯ᠎ᠡ ᠭᠠᠵᠠᠷ ᠤᠨ ᠬᠢᠨ ᠡᠨᠡ ᠠᠵᠢᠯ ᠢ ᠶᠠᠭ ᠥᠷᠨᠢᠭᠦᠯᠵᠦ | ᠪᠠᠶᠢᠨ᠎ᠠ᠃ ᠡᠨᠡ ᠬᠦ ᠱᠠᠲᠤᠨ ᠳᠤ ᠨᠡᠶᠢᠳᠡᠮ ᠪᠠᠶᠢᠴᠠᠭᠠᠭᠴᠢ ᠡᠷᠦᠬᠡ ᠳᠠᠷᠠᠭᠠᠯᠠᠨ ᠲᠤᠬᠠᠶ ᠶᠢᠨ ᠭᠠᠵᠠᠷ ᠲᠤ ᠬᠠᠶᠢᠨ | ᠰᠥᠪᠡᠭᠴᠢᠯᠡᠯᠳᠡ ᠬᠢᠵᠦ᠂ ᠨᠡᠶᠢᠳᠡᠮ ᠪᠠᠶᠢᠴᠠᠭᠠᠯᠲᠠ ᠶᠢᠨ ᠣᠷᠣᠨ ᠳᠤᠭᠤᠷᠢᠭ ᠳᠣᠲᠣᠷᠠᠬᠢ ᠣᠷᠣᠨ ᠰᠠᠭᠤᠴᠠ ᠶᠢᠨ ᠲᠤᠭ᠎ᠠ | ᠬᠡᠮᠵᠢᠶ᠎ᠡ ᠶᠢ ᠲᠣᠳᠣᠷᠬᠠᠶ ᠮᠡᠳᠡᠵᠦ᠂ ᠡᠯ᠎ᠡ ᠰᠠᠭᠤᠭᠠᠯᠢ ᠡᠷᠦᠬᠡ ᠳᠤ ᠨᠡᠶᠢᠳᠡᠮ ᠪᠠᠶᠢᠴᠠᠭᠠᠯᠲᠠ ᠶᠢᠨ ᠮᠡᠳᠡᠭᠳᠡᠯ ᠥᠭᠴᠦ᠂ | ᠳᠠᠩᠰᠠᠯᠠᠬᠤ ᠠᠷᠭ᠎ᠠ ᠮᠠᠶ᠋ᠢᠭ ᠢ ᠯᠠᠪᠯᠠᠨ ᠠᠰᠠᠭᠤᠵᠤ᠂ ᠭᠡᠷ ᠳᠣᠲᠣᠷᠠᠬᠢ ᠬᠥᠮᠦᠰ ᠤᠨ ᠶᠡᠭᠡ ᠲᠥᠯᠥᠪ ᠪᠠᠶᠢᠳᠠᠯ ᠢ ᠣᠶᠢᠯᠠᠭᠠᠬᠤ | ᠬᠡᠷᠡᠭᠲᠡᠶ᠃ | 11 ᠰᠠᠷ᠎ᠠ ᠶᠢᠨ 1 ᠤ ᠡᠳᠦᠷ ᠠᠴᠠ ᠡᠬᠢᠯᠡᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠳᠠᠩᠰᠠᠯᠠᠬᠤ ᠱᠠᠲᠤᠨ ᠳᠤ | ᠤᠷᠤᠨ᠎ᠠ᠃ ᠨᠡᠶᠢᠳᠡᠮ ᠪᠠᠶᠢᠴᠠᠭᠠᠭᠴᠢ ᠡᠷᠦᠬᠡ ᠪᠤᠯᠠᠭᠠᠨ ᠳᠤ ᠣᠷᠣᠵᠤ᠂ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠶᠢ | ᠬᠥᠮᠦᠨ ᠳᠠᠷᠠᠭᠠᠯᠠᠨ ᠲᠡᠮᠳᠡᠭᠯᠡᠵᠦ᠂ ᠡᠨᠡ ᠬᠤᠭᠤᠴᠠᠭᠠᠨ ᠳᠤ ᠪᠠᠰᠠ 10% ᠶᠢᠨ ᠰᠠᠭᠤᠭᠠᠯᠢ ᠡᠷᠦᠬᠡ ᠶᠢ ᠰᠣᠩᠭᠤᠨ ᠠᠪᠴᠤ | ᠨᠡᠶᠢᠳᠡᠮ ᠪᠠᠶᠢᠴᠠᠭᠠᠯᠲᠠ ᠶᠢᠨ ᠤᠷᠲᠤ ᠬᠦᠰᠦᠨᠦᠭ ᠢ ᠲᠠᠭᠯᠠᠵᠤ᠂ ᠨᠠᠩ ᠨᠠᠷᠢᠨ ᠨᠢᠭᠲᠠ ᠬᠥᠮᠦᠨ ᠠᠮᠠ ᠶᠢᠨ ᠪᠦᠲᠦᠴᠡ ᠶᠢᠨ | ᠮᠡᠳᠡᠭᠡ ᠵᠠᠩᠭᠢ ᠶᠢ ᠪᠠᠢᠴᠠᠭᠠᠨ᠎ᠠ᠃ ᠪᠥᠬᠦ ᠳᠠᠩᠰᠠᠯᠠᠬᠤ ᠠᠵᠢᠯ 12 ᠰᠠᠷ᠎ᠠ ᠶᠢᠨ 10 ᠤ ᠡᠳᠦᠷ ᠳᠠᠭᠤᠰᠤᠨ᠎ᠠ᠃ ᠨᠡᠶᠢᠳᠡᠮ | ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠨᠢᠭᠡᠳᠦᠯᠲᠡᠶ ᠦᠨᠡᠮᠯᠡᠯ ᠵᠡᠭᠦᠵᠦ ᠠᠵᠢᠯ ᠢᠶᠠᠨ | ᠥᠷᠨᠢᠬᠦᠯᠵᠤ᠂ ᠰᠠᠭᠤᠭᠠᠯᠢ ᠡᠷᠦᠬᠡ ᠨᠢ ᠤᠷᠢᠳᠠᠪᠠᠷ ᠨᠡᠶᠢᠳᠡᠮ ᠪᠠᠶᠢᠴᠠᠭᠠᠭᠴᠢ ᠶᠢᠨ ᠪᠡᠶ᠎ᠡ ᠶᠢᠨ ᠭᠠᠷᠤᠯ ᠢ ᠪᠠᠶᠢᠴᠠᠭᠠᠨ | ᠲᠣᠳᠣᠷᠬᠠᠶᠢᠯᠠᠭᠠᠳ᠂ ᠳᠠᠷᠠᠭ᠎ᠠ ᠨᠢ ᠨᠡᠶᠢᠳᠡᠮ ᠪᠠᠶᠢᠴᠠᠭᠠᠭᠴᠢ ᠶᠢ ᠭᠡᠷ ᠲᠡᠭᠡᠨ ᠤᠷᠢᠵᠤ ᠳᠠᠩᠰᠠᠯᠠᠭᠤᠯᠤᠨ᠎ᠠ᠃ | ᠬᠤᠶᠠᠳᠤᠭᠠᠷ ᠠᠰᠠᠭᠤᠳᠠᠯ ᠨᠢ ᠬᠥᠮᠦᠨ ᠠᠮᠠ ᠶᠢᠨ ᠠᠰᠠᠭᠤᠳᠠᠯ ᠪᠠᠶᠢᠵᠤ᠂ ᠤᠯᠤᠰ ᠣᠷᠣᠨ ᠤ ᠠᠵᠤ ᠠᠬᠤᠶ᠂ | ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠰᠠᠭᠤᠷᠢ ᠴᠢᠨᠠᠷᠲᠠᠶ ᠠᠰᠠᠭᠤᠳᠠᠯ ᠮᠥᠨ᠃ ᠬᠥᠮᠦᠨ ᠠᠮᠠ ᠶᠢᠨ ᠪᠠᠶᠢᠳᠠᠯ ᠤᠨ | ᠬᠥᠭᠵᠢᠯᠲᠡ ᠬᠤᠪᠢᠷᠠᠯᠲᠠ ᠨᠢ ᠤᠯᠤᠰ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠥᠯᠥᠭᠡᠯᠡᠵᠦ᠂ ᠮᠥᠨ ᠴᠦ | ᠬᠤᠪᠢ ᠬᠥᠮᠦᠨ ᠪᠠ ᠭᠡᠷ ᠪᠦᠯᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠡᠶᠢᠮᠦ ᠠᠴᠠ᠂ ᠬᠥᠮᠦᠨ ᠠᠮᠠ ᠶᠢᠨ | ᠥᠨᠳᠤᠰᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠷᠨᠢᠭᠦᠯᠬᠦ ᠨᠢ ᠠᠯᠤᠰ ᠬᠡᠲᠦ ᠶᠢᠨ ᠠᠴᠢ ᠬᠤᠯᠪᠣᠭᠳᠠᠯ ᠲᠠᠢ | ᠪᠥᠭᠡᠳ ᠡᠨᠡ ᠨᠢ ᠤᠯᠤᠰ ᠣᠷᠣᠨ ᠤ ᠲᠥᠯᠥᠭᠡ ᠮᠥᠷᠲᠡᠭᠡᠨ ᠪᠠᠰᠠ ᠬᠡᠷ ᠪᠦᠯᠢ ᠶᠢᠨ ᠲᠥᠯᠥᠭᠡ ᠶᠤᠮ᠃ ᠨᠡᠶᠢᠳᠡᠮ | ᠪᠠᠶᠢᠴᠠᠭᠠᠭᠳᠠᠬᠤ ᠡᠲᠡᠭᠡᠳ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ | ᠪᠣᠯᠤᠨ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ | ᠵᠢᠷᠤᠮᠯᠠᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠦᠨᠡᠨ ᠪᠣᠳᠠᠲᠠᠶ᠂ ᠵᠥᠪ | ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠬᠠᠩᠭᠠᠵᠤ᠂ ᠬᠤᠯᠪᠣᠭᠳᠠᠯ ᠪᠦᠬᠦᠢ ᠠᠰᠠᠭᠤᠳᠠᠯ ᠢ ᠦᠨᠡᠨ | ᠮᠥᠨ ᠢᠶᠠᠷ ᠨᠢ ᠬᠠᠷᠢᠭᠤᠯᠵᠤ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ ᠦᠭᠡᠢ᠂ ᠬᠤᠯᠪᠣᠭᠳᠠᠯ ᠪᠦᠬᠦᠢ ᠪᠠᠶᠢᠳᠠᠯ ᠢ | ᠨᠢᠭᠤᠨ ᠳᠠᠯᠳᠠᠯᠠᠵᠤ᠂ ᠬᠠᠭᠤᠷᠮᠠᠭᠯᠠᠨ ᠵᠣᠬᠢᠶᠠᠬᠤ ᠦᠭᠡᠢ ᠪᠠᠶᠢᠬᠤ ᠬᠡᠷᠡᠭᠳᠡᠢ᠃ ᠨᠡᠶᠢᠭᠡᠮ ᠨᠡᠶᠢᠲᠡ ᠶᠢᠨ ᠬᠢᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠯᠠᠭᠤᠨ ᠢᠶᠠᠷ ᠳᠡᠮᠵᠢᠵᠦ᠂ ᠨᠡᠶᠢᠳᠡᠮ ᠪᠠᠶᠢᠴᠠᠭᠠᠭᠴᠢ ᠶᠢᠨ ᠪᠠᠶᠢᠴᠠᠭᠠᠯᠲᠠ | ᠬᠢᠬᠦ ᠳᠤ ᠢᠳᠡᠪᠬᠢᠲᠡᠶ ᠬᠠᠮᠵᠢᠯᠴᠠᠬᠤ ᠶᠢ ᠬᠦᠰᠡᠵᠦ ᠪᠠᠶᠢᠨ᠎ᠠ᠃ | ᠡᠭᠦᠨ ᠠᠴᠠ ᠭᠠᠳᠠᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ | ᠶᠢᠨ ᠶᠢᠰᠦᠳᠦᠭᠡᠷ ᠵᠦᠢᠯ ᠳᠤ᠄ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠳᠠᠨ ᠨᠢ | ᠲᠤᠭ᠎ᠠ ᠪᠦᠷᠢᠳᠬᠡᠯ ᠤᠨ ᠠᠵᠢᠯ ᠤᠨ ᠳᠤᠮᠳᠠ ᠪᠠᠨ ᠣᠯᠵᠤ ᠮᠡᠳᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ | ᠪᠣᠯᠤᠨ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ ︽ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠭᠤᠴᠢᠨ ᠭᠤᠷᠪᠠᠳᠤᠭᠠᠷ ᠵᠦᠢᠯ ᠳᠤ᠄ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠳᠤᠮᠳᠠ ᠣᠯᠤᠭᠰᠠᠨ ᠳᠠᠩ ᠭᠠᠭᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠢᠷᠡᠯᠳᠡ ᠶᠢ | ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ ᠳᠡᠶᠢᠯᠬᠦ ᠮᠠᠲ᠋ᠧᠷᠢᠶᠠᠯ ᠢ ᠶᠠᠮᠠᠷᠪᠠ ᠨᠢᠭᠡᠴᠢ ᠪᠠ ᠬᠤᠪᠢ ᠬᠥᠮᠦᠨ ᠭᠠᠳᠠᠭᠰᠢ | ᠬᠠᠩᠭᠠᠵᠤ᠂ ᠵᠠᠳᠠᠷᠠᠭᠤᠯᠵᠤ ᠪᠣᠯᠬᠤ ᠦᠭᠡᠢ᠂ ᠬᠥᠮᠦᠨ ᠠᠮᠠ ᠶᠢᠨ ᠨᠡᠶᠢᠳᠡᠮ ᠪᠠᠶᠢᠴᠠᠭᠠᠬᠤ ᠡᠲᠡᠭᠡᠳ ᠲᠤ ᠪᠣᠳᠠᠲᠠᠶ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠬᠢᠬᠦ ᠦᠨᠳᠦᠰᠦᠯᠡᠯ ᠪᠣᠯᠭᠠᠵᠤ ᠪᠣᠯᠬᠤ ᠦᠭᠡᠶ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠠᠴᠠ ᠭᠠᠳᠠᠨᠠᠬᠢ ᠵᠣᠷᠢᠯᠭ᠎ᠠ ᠳᠤ ᠬᠡᠷᠡᠭᠯᠡᠵᠦ ᠪᠣᠯᠬᠤ ᠦᠭᠡᠶ᠃ ᠮᠥᠨᠴᠤ ᠪᠢᠳᠡ ᠪᠥᠬᠦ ᠶᠠᠪᠤᠴᠠ ᠳᠤ ᠪᠠᠨ | ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠶᠢ ᠴᠢᠩᠭᠠᠳᠬᠠᠵᠤ᠂ ᠶᠠᠮᠠᠷᠪᠠ ᠨᠢᠭᠡᠴᠢ ᠪᠠ ᠬᠤᠪᠢ | ᠬᠥᠮᠦᠨ᠂ ᠶᠠᠮᠠᠷᠪᠠ ᠪᠠᠶᠢᠭᠤᠯᠤᠮᠵᠢ᠂ ᠬᠤᠪᠢ ᠬᠥᠮᠦᠨ ᠳᠤ ᠠᠷᠠᠳ ᠢᠷᠭᠡᠨ ᠤ ᠮᠡᠳᠡᠭᠡ ᠵᠠᠩᠭᠢ ᠶᠢ ᠵᠠᠳᠠᠷᠠᠭᠤᠯᠬᠤ ᠶᠢ ᠴᠢᠩᠭ᠎ᠠ | ᠴᠠᠭᠠᠵᠠᠯᠠᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠨ ᠨᠡᠶᠢᠳᠡᠮ | ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠮᠡᠳᠡᠭᠡ ᠵᠠᠩᠭᠢ ᠳᠤ ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ | ᠴᠢᠩᠭ᠎ᠠ ᠭᠦᠢᠴᠡᠳᠭᠡᠬᠦ ᠬᠡᠷᠡᠭᠲᠡᠶ᠃ ᠳᠡᠭᠡᠬᠦ ᠦᠭᠡᠢ ᠪᠣᠯ ᠵᠤᠬᠢᠬᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠯᠤᠨ᠎ᠠ᠃ | ᠤᠮᠠᠷᠠᠲᠤ ᠶᠢᠨ ᠰᠢᠨ᠎ᠡ ᠰᠣᠨᠢᠨ᠄ ᠲᠣᠰ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖ | ᠵᠢᠶᠠᠩ ᠰᠢᠶᠠᠨ᠄ ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠠᠴᠠ ᠡᠮᠦᠨ᠎ᠡ ᠡᠷᠦᠬᠡ ᠠᠮᠠ ᠶᠢᠨ ᠴᠡᠭᠴᠡᠯᠡᠯᠲᠡ ᠶᠢ ᠪᠦᠬᠦ ᠲᠠᠯ᠎ᠠ ᠪᠠᠷ | ᠥᠷᠨᠢᠭᠦᠯᠬᠦ ᠪᠣᠯ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠶᠠᠰᠤ | ᠴᠢᠨᠠᠷ ᠢ ᠦᠨᠡᠨᠬᠦ ᠪᠠᠲᠤᠯᠠᠬᠤ ᠨᠢᠭᠡ ᠵᠦᠢᠯ ᠤᠨ ᠰᠠᠭᠤᠷᠢ ᠠᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠡᠨᠡ ᠵᠢᠯ ᠤᠨ 5 ᠰᠠᠷ᠎ᠠ ᠶᠢᠨ 15 ᠤ ᠡᠳᠦᠷ ᠠᠴᠠ 9 ᠰᠠᠷ᠎ᠠ ᠶᠢᠨ 30 ᠤ | ᠡᠳᠦᠷ ᠪᠣᠯᠲᠠᠯ᠎ᠠ᠂ 4 ᠬᠠᠭᠠᠰ ᠰᠠᠷ᠎ᠠ ᠶᠢᠨ ᠴᠠᠭ ᠬᠤᠭᠤᠴᠠᠭ᠎ᠠ ᠶᠢ ᠲᠥᠪᠯᠡᠷᠡᠭᠦᠯᠦᠨ ᠳᠣᠯᠣᠳᠤᠭᠠᠷ ᠤᠳᠠᠭᠠᠨ ᠤ ᠪᠥᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠠᠮᠠ ᠶᠢ ᠴᠡᠭᠴᠡᠯᠡᠬᠦ ᠠᠵᠢᠯ ᠢ ᠥᠷᠨᠢᠭᠦᠯᠪᠡ᠃ | ᠨᠢᠭᠡ ᠳᠤ᠂ ᠡᠷᠦᠬᠡ ᠠᠮᠠ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠬᠠᠷᠭᠤᠭᠤᠯᠤᠨ᠎ᠠ᠃ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠤᠭ᠎ᠠ ᠪᠦᠷᠢᠳᠬᠡᠯ᠂ ᠡᠷᠡᠬᠦᠯ ᠬᠠᠮᠠᠭᠠᠯᠠᠯ ᠤᠨ ᠭᠠᠵᠠᠷ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠬᠥᠮᠦᠨ ᠠᠮᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠠᠰᠢᠭᠯᠠᠵᠤ᠂ ᠬᠥᠮᠦᠨ ᠠᠮᠠ ᠶᠢᠨ | ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ᠎ᠡ᠃ ᠥᠷᠭᠡᠨ ᠣᠯᠠᠨ ᠨᠡᠶᠢᠭᠡᠮ ᠲᠣᠭᠤᠷᠢᠭ᠂ ᠲᠣᠰᠬᠤᠨ ᠳᠤ ᠰᠠᠭᠤᠭ᠎ᠠ | ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠲᠣᠰᠬᠤᠨ ᠤ ᠰᠠᠭᠤᠭᠠᠯᠢ ᠠᠷᠠᠳ ᠤᠨ ᠡᠶᠡᠳᠡᠬᠦᠯᠥᠭᠴᠢ ᠺᠠᠳ᠋ᠷ᠂ | ᠰᠥᠯᠵᠢᠶᠡᠨ ᠤ ᠠᠵᠢᠯᠲᠠᠨ ᠵᠡᠷᠭᠡ ᠬᠦᠴᠦᠨ ᠢ ᠵᠣᠬᠢᠴᠠᠭᠤᠯᠤᠨ ᠳᠠᠶᠢᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠭᠡᠷ ᠲᠤ ᠨᠢ ᠣᠴᠢᠬᠤ ᠪᠤᠶᠤ ᠳ᠋ᠢᠶᠠᠩᠬᠤᠸᠠ᠂ ᠰᠦᠯᠵᠢᠶ᠎ᠡ | ᠵᠡᠷᠭᠡ ᠠᠷᠭ᠎ᠠ ᠮᠠᠶ᠋ᠢᠭ ᠢᠶᠠᠷ ᠡᠷᠦᠬᠡ ᠪᠠ ᠬᠥᠮᠦᠨ ᠳᠠᠷᠠᠭᠠᠯᠠᠨ ᠬᠥᠮᠦᠨ ᠠᠮᠠ ᠶᠢᠨ ᠮᠡᠳᠡᠭᠡ ᠵᠠᠩᠭᠢ ᠶᠢᠨ ᠦᠨᠳᠦᠰᠦᠨ ᠲᠥᠷᠥᠯ | ᠵᠦᠢᠯ ᠤᠨ ᠬᠠᠷᠭᠤᠭᠤᠯᠤᠯᠲᠠ ᠶᠢ ᠥᠷᠨᠢᠭᠦᠯᠵᠦ᠂ ᠪᠠᠶᠢᠩᠭᠤ ᠰᠠᠭᠤᠭ᠎ᠠ ᠬᠥᠮᠦᠨ ᠠᠮᠠ᠂ ᠲᠦᠷ ᠰᠠᠭᠤᠭ᠎ᠠ ᠬᠥᠮᠦᠨ ᠠᠮᠠ ᠶᠢᠨ | ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠪᠠ᠃ | ᠬᠤᠶᠠᠷ ᠲᠤ᠂ ᠨᠢᠭᠡ ᠪᠦᠯᠦᠭ ᠡᠷᠦᠬᠡ ᠠᠮᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠡᠷᠦᠬᠡ ᠠᠮᠠ ᠶᠢᠨ | ᠮᠡᠳᠡᠭᠡ ᠵᠠᠩᠭᠢ ᠶᠢ ᠬᠠᠷᠭᠤᠭᠤᠯᠬᠤ ᠠᠵᠢᠯ ᠤᠨ ᠳᠤᠮᠳᠠ ᠣᠯᠵᠤ ᠮᠡᠳᠡᠭᠰᠡᠨ ᠡᠯ᠎ᠡ ᠵᠦᠢᠯ ᠤᠨ ᠡᠷᠦᠬᠡ ᠠᠮᠠ ᠶᠢᠨ | ᠠᠰᠠᠭᠤᠳᠠᠯ ᠢ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠤᠰᠤᠭᠠᠷ ᠰᠢᠢᠳᠪᠦᠷᠢᠯᠡᠵᠦ᠂ ᠡᠷᠦᠬᠡ ᠠᠮᠠ | ᠪᠣᠯᠤᠨ ᠠᠷᠠᠳ ᠢᠷᠭᠡᠳ ᠤᠨ ᠪᠡᠶ᠎ᠡ ᠶᠢᠨ ᠥᠨᠡᠮᠯᠡᠯ ᠤᠨ ᠳ᠋ᠤᠭᠠᠷ ᠤᠨ ᠣᠨᠣᠪᠴᠢᠲᠤ ᠴᠢᠨᠠᠷ᠂ ᠴᠣᠷ ᠤᠨ ᠭᠠᠭᠴᠠ ᠴᠢᠨᠠᠷ ᠢ | ᠦᠨᠡᠨᠬᠦ ᠪᠠᠳᠤᠯᠠᠪᠠ᠃ ᠪᠦᠷᠢᠳᠬᠡᠯ ᠢ ᠦᠨᠳᠦᠰᠦᠯᠡᠪᠡᠯ᠂ ᠡᠷᠦᠬᠡ ᠠᠮᠠ ᠶᠢᠨ ᠴᠡᠭᠴᠡᠯᠡᠯᠲᠡ ᠶᠢᠨ ᠬᠤᠭᠤᠴᠠᠭᠠᠨ ᠳᠤ᠂ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠷᠦᠬᠡ ᠳᠤ ᠣᠷᠣᠵᠤ ᠬᠠᠷᠭᠤᠭᠤᠯᠤᠨ᠂ ᠪᠠᠶᠢᠩᠭᠤ ᠰᠠᠭᠤᠭ᠎ᠠ ᠡᠷᠦᠬᠡ | ᠠᠮᠠ ᠶᠢᠨ ᠲᠠᠩᠰᠠ ᠲᠠᠢ 8628 ᠬᠥᠮᠦᠨ ᠢ ᠵᠢᠭᠰᠠᠭᠠᠨ ᠪᠠᠶᠢᠴᠠᠭᠠᠵᠤ᠂ ᠡᠷᠦᠬᠡ ᠠᠮᠠ ᠣᠷᠣᠭᠤᠯᠬᠤ ᠠᠰᠠᠭᠤᠳᠠᠯ ᠢ ᠴᠥᠮ | ᠴᠠᠭ ᠲᠤᠬᠠᠶ ᠳᠤᠨᠢ ᠰᠢᠢᠳᠪᠦᠷᠢᠯᠡᠪᠡ᠃ ᠳᠠᠪᠬᠤᠷᠳᠠᠭᠰᠠᠨ ᠡᠷᠦᠬᠡ ᠠᠮᠠ ᠶᠢᠨ 20579 ᠶᠢ ᠬᠦᠴᠦᠨ ᠥᠬᠡᠶ ᠪᠤᠯᠭᠠᠵᠤ᠂ | ᠨᠠᠰᠤ ᠪᠠᠷᠠᠭᠰᠠᠨ ᠪᠠᠶᠢᠲᠠᠯ᠎ᠠ ᠬᠦᠴᠦᠨ ᠥᠬᠡᠶ ᠪᠤᠯᠠᠭᠠᠳᠤᠢ ᠡᠷᠦᠬᠡ ᠠᠮᠠ ᠶᠢᠨ 52539 ᠶᠢ ᠬᠦᠴᠦᠨ ᠥᠬᠡᠶ ᠪᠣᠯᠭᠠᠪᠠ᠃ | ᠡᠷᠦᠬᠡ ᠠᠮᠠ ᠶᠢᠨ ᠳᠠᠩᠰᠠᠯᠠᠯ ᠤᠨ 436468 ᠲᠥᠷᠥᠯ ᠵᠦᠢᠯ ᠢ ᠬᠤᠪᠢᠷᠠᠭᠤᠯᠵᠤ᠂ ᠠᠷᠠᠳ ᠢᠷᠭᠡᠨ ᠤ ᠪᠡᠶ᠎ᠡ ᠶᠢᠨ | ᠦᠨᠡᠮᠯᠡᠯ ᠤᠨ ᠪᠤᠷᠤᠭᠤᠳᠠᠭᠰᠠᠨ ᠨᠣᠮᠧᠷ 95 ᠶᠢ ᠵᠠᠯᠠᠷᠠᠭᠤᠯᠪᠠ᠃ ᠡᠷᠦᠬᠡ ᠠᠮᠠ ᠶᠢ ᠴᠡᠭᠴᠡᠯᠡᠬᠦ ᠬᠤᠭᠤᠴᠠᠭᠠᠨ ᠳᠤ᠂ ᠪᠦᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠦᠷ ᠰᠠᠭᠤᠬᠤ 55 ᠲᠦᠮᠡᠨ ᠬᠥᠮᠦᠨ ᠢ ᠰᠢᠨ᠎ᠡ ᠪᠠᠷ | ᠳᠠᠩᠰᠠᠯᠠᠭᠤᠯᠪᠠ᠃ | ᠡᠷᠦᠬᠡ ᠠᠮᠠ ᠶᠢ ᠴᠡᠭᠴᠡᠯᠡᠬᠦ ᠠᠵᠢᠯ ᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠤᠨ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠣᠨᠣᠪᠴᠢᠲᠠᠶ ᠪᠥᠭᠡᠳ ᠨᠠᠷᠢᠨ ᠪᠣᠳᠠᠲᠠᠶ ᠲᠤᠭ᠎ᠠ ᠪᠠᠷᠢᠮᠲᠠ ᠶᠢᠨ ᠮᠠᠲ᠋ᠧᠷᠢᠶᠠᠯ ᠬᠠᠩᠭᠠᠵᠤ᠂ ᠮᠠᠨ ᠤ | ᠣᠷᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ | ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ᠄ ᠲᠤᠰ ᠤᠳᠠᠭᠠᠨ ᠤ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠨᠢ ᠠᠷᠠᠳ ᠤᠯᠠᠨ ᠤ ᠠᠩᠬᠠᠷᠴᠤ ᠪᠠᠶᠢᠭ᠎ᠠ ︽ᠡᠪᠡᠳᠴᠢᠨ ᠦᠵᠡᠭᠦᠯᠬᠦ ᠳᠤ ᠬᠦᠴᠢᠷ︾᠂ ︽ | ᠡᠪᠡᠳᠴᠢᠨ ᠦᠵᠡᠭᠦᠯᠬᠦ ᠳᠤ ᠥᠨ᠎ᠡ ᠲᠠᠢ︾ ᠠᠰᠠᠭᠤᠳᠠᠯ ᠢ ᠰᠢᠢᠳᠪᠦᠷᠢᠯᠡᠬᠦ ᠳᠤ ᠪᠣᠳᠠᠲᠠᠢ ᠬᠠᠪᠰᠤᠷᠤᠮᠵᠢ ᠪᠣᠯᠬᠤ ᠦᠦ︖ | ᠸᠠᠩ ᠴᠧᠩ ᠯᠢᠶᠠᠩ᠄ ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ | ᠡᠩ ᠲᠡᠷᠢᠭᠦᠨ ᠳᠤ᠂ ᠮᠠᠨ ᠤ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠪᠠᠶᠢᠳᠠᠯ ᠢ ᠲᠣᠳᠣᠷᠬᠠᠢ | ᠣᠶᠢᠯᠠᠭᠠᠬᠤ ᠨᠢ ᠪᠢᠳᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠳᠤ ᠢᠳᠡᠪᠬᠢᠲᠡᠢ ᠬᠠᠪᠰᠤᠷᠤᠯᠭ᠎ᠠ ᠪᠣᠯᠬᠤ ᠶᠤᠮ᠃ ᠵᠢᠱᠢᠶᠡᠯᠡᠪᠡᠯ᠄ ᠪᠢᠳᠡ ᠨᠡᠶᠢᠭᠡᠮ ᠲᠣᠭᠤᠷᠢᠭ ᠤᠨ ᠬᠥᠮᠦᠨ | ᠠᠮᠠ ᠶᠢᠨ ᠲᠤᠭ᠎ᠠ ᠪᠠ ᠪᠦᠲᠦᠴᠡ ᠶᠢ ᠦᠨᠳᠦᠰᠦᠯᠡᠵᠦ᠂ ᠡᠮᠴᠢᠯᠡᠭᠡᠨ ᠤ ᠪᠠᠶᠢᠭᠤᠯᠤᠮᠵᠢ ︵ᠣᠨᠴᠠᠭᠠᠶᠢᠯᠠᠨ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ︶ ᠶᠢᠨ ᠲᠤᠭ᠎ᠠ ᠬᠡᠮᠵᠢᠶ᠎ᠡ ᠪᠣᠯᠤᠨ ᠲᠠᠷᠬᠠᠯᠲᠠ ᠵᠢᠴᠢ ᠡᠮᠴᠢ ᠰᠤᠪᠢᠯᠠᠭᠴᠢᠳ ᠤᠨ | ᠬᠠᠷᠢᠴᠠᠯ ᠢ ᠲᠤᠬᠢᠷᠠᠭᠤᠯᠤᠨ᠂ ᠡᠮ ᠡᠮᠨᠡᠯᠭᠡ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ | ᠠᠷᠠᠳ ᠣᠯᠠᠨ ᠤ ᠡᠪᠡᠳᠴᠢᠨ ᠡᠮᠨᠡᠭᠦᠯᠬᠦ ᠬᠠᠷᠰᠢ ᠰᠠᠭᠠᠳ ᠢ ᠪᠠᠭᠤᠷᠠᠭᠤᠯᠵᠤ᠂ ᠨᠡᠩ ᠣᠯᠠᠨ ᠬᠥᠮᠦᠰ ᠲᠤ ᠳᠥᠭᠦᠮ ᠳᠥᠲᠡ | ᠂ ᠲᠦᠷᠭᠡᠨ᠂ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠶᠢ ᠬᠥᠷᠳᠡᠭᠡᠵᠤ ᠪᠤᠯᠤᠨ᠎ᠠ᠃ | ᠳᠠᠷᠠᠭᠠᠯᠠᠪᠠᠯ᠂ ᠬᠥᠮᠦᠨ ᠠᠮᠠ ᠶᠢᠨ ᠲᠤᠭ᠎ᠠ ᠪᠠ ᠪᠦᠲᠦᠴᠡ ᠶᠢ ᠣᠨᠣᠪᠴᠢᠲᠠᠶ ᠡᠵᠡᠮᠰᠢᠵᠦ᠂ ᠵᠠᠰᠠᠭ ᠤᠨ ᠣᠷᠳᠣᠨ ᠢ | ᠬᠠᠪᠰᠤᠷᠤᠨ ᠣᠯᠠᠨ ᠨᠡᠶᠢᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢ ᠰᠢᠯᠢᠳᠡᠭᠵᠢᠭᠦᠯᠵᠦ᠂ ᠡᠷᠡᠭᠦᠯ ᠬᠠᠮᠠᠭᠠᠯᠠᠯ ᠤᠨ | ᠶᠡᠷᠦᠩᠬᠡᠶ ᠵᠠᠷᠤᠳᠠᠯ ᠤᠨ ᠳᠣᠲᠣᠷᠠᠬᠢ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ ᠬᠠᠷᠢᠴᠠᠯ ᠢ | ᠲᠣᠬᠢᠷᠠᠭᠤᠯᠵᠤ ᠪᠣᠯᠤᠨ᠎ᠠ᠃ ᠡᠭᠦᠨ ᠤ ᠤᠯᠠᠮ ᠢᠶᠠᠷ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ ᠬᠠᠷᠢᠴᠠᠯ ᠢ | ᠪᠠᠭᠤᠷᠠᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ | ᠡᠴᠦᠰ ᠲᠤ᠂ ᠬᠥᠮᠦᠨ ᠠᠮᠠ ᠶᠢᠨ ᠲᠤᠭ᠎ᠠ ᠪᠠ ᠪᠦᠲᠦᠴᠡ ᠶᠢ ᠣᠨᠣᠪᠴᠢᠲᠠᠶ ᠡᠵᠡᠮᠰᠢᠪᠡᠯ᠂ ᠮᠠᠨ ᠤ ᠢᠷᠡᠭᠡᠳᠦᠶ ᠶᠢᠨ | ᠡᠮᠴᠢᠯᠡᠭᠡᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠭᠵᠢᠯᠲᠡ ᠶᠢᠨ ᠴᠢᠭᠯᠡᠯ ᠢ | ᠲᠥᠯᠥᠪᠵᠢᠭᠦᠯᠬᠦ ᠳᠤ ᠬᠠᠪᠰᠤᠷᠤᠮᠵᠢ ᠪᠣᠯᠤᠨ᠎ᠠ᠃ ᠵᠢᠱᠢᠶᠡᠯᠡᠪᠡᠯ᠄ ᠣᠳᠣ ᠶᠢᠨ ᠬᠥᠮᠦᠨ ᠠᠮᠠ ᠶᠢᠨ ᠪᠦᠲᠦᠴᠡ ᠶᠢᠨ | ᠬᠥᠭᠵᠢᠯᠲᠡ ᠨᠢ ᠨᠠᠰᠤᠵᠢᠬᠤ ᠬᠠᠨᠳᠤᠰᠢ ᠲᠠᠢ ᠪᠣᠯᠵᠤ᠂ ᠣᠳᠣ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠤᠨ ᠨᠠᠰᠤᠲᠠᠶᠢᠴᠤᠳ ᠲᠤ ᠬᠠᠨᠳᠤᠭᠤᠯᠤᠭᠰᠠᠨ ᠦᠢᠯᠡᠴᠢᠯᠡᠭᠡ ᠨᠢ ᠪᠠᠰᠠ ᠡᠬᠢᠯᠡᠯᠲᠡ ᠶᠢᠨ | ᠱᠠᠲᠤᠨ ᠳᠠᠭᠠᠨ ᠪᠠᠶᠢᠵᠤ᠂ ᠡᠨᠡᠬᠦ ᠬᠥᠮᠦᠨ ᠠᠮᠠ ᠶᠢᠨ ᠨᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠨᠢ ᠤᠳᠤ ᠪᠠᠶᠢᠭ᠎ᠠ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠳᠤ ᠯᠤᠲᠤ ᠶᠡᠭᠡ ᠥᠷᠢᠰᠥᠯᠳᠦᠭᠡᠨ ᠢ ᠤᠴᠠᠷᠠᠭᠤᠯᠵᠠᠶ᠃ | ᠢᠷᠡᠭᠡᠳᠦᠶ ᠳᠤ᠂ ᠨᠠᠰᠤᠲᠠᠶᠢᠴᠤᠳ ᠤᠨ ᠡᠮ ᠡᠮᠨᠡᠯᠭᠡ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠠᠮᠢᠶ᠎ᠠ ᠪᠥᠬᠦᠶ ᠰᠢᠨᠵᠢᠯᠡᠭᠡᠨ ᠤ ᠬᠥᠭᠵᠢᠯᠲᠡ ᠴᠢᠬᠤᠯᠠ ᠪᠣᠯᠬᠤ ᠶᠤᠮ᠃ ᠬᠥᠮᠦᠨ ᠠᠮᠠ ᠶᠢᠨ ᠲᠤᠭ᠎ᠠ | ᠪᠠᠷᠢᠮᠲᠠ ᠶᠢ ᠣᠨᠣᠪᠴᠢᠲᠠᠶ ᠡᠵᠡᠮᠰᠢᠬᠦ ᠨᠢ ᠪᠢᠳᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠬᠥᠭᠵᠢᠯᠲᠡ ᠶᠢᠨ ᠴᠢᠭᠯᠡᠯ ᠢᠶᠠᠨ ᠲᠣᠬᠢᠷᠠᠭᠤᠯᠵᠤ᠂ ᠢᠷᠡᠭᠡᠳᠤᠢ ᠶᠢᠨ ᠡᠮ ᠡᠮᠨᠡᠯᠭᠡ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠳᠤ | ᠲᠤᠯᠭᠠᠷᠠᠭᠰᠠᠨ ᠥᠷᠢᠰᠤᠯᠳᠤᠭᠡᠨ ᠢ ᠠᠷᠭᠠᠴᠠᠭᠠᠵᠤ᠂ ᠥᠷᠭᠡᠨ ᠣᠯᠠᠨ ᠠᠷᠠᠳ ᠲᠦᠮᠡᠨ ᠳᠤ ᠨᠠᠩ ᠰᠠᠶᠢᠨ ᠦᠢᠯᠡᠴᠢᠯᠡᠬᠦ ᠳᠤ | ᠠᠰᠢᠭᠳᠠᠢ ᠶᠤᠮ᠃ |