ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠨᠡᠶᠢᠳᠡᠯᠡᠬᠦ ᠦᠭᠡ
ᠨᠡᠶᠢᠲᠡᠯᠡᠭᠰᠡᠨ ᠴᠠᠭ᠄
2020/12/7
ᠦᠪᠡᠷᠳᠡᠭᠡᠨ ᠵᠠᠰᠠᠬᠤ ᠤᠷᠤᠨ ᠤ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠳᠡᠳ᠋ ᠳᠠᠷᠤᠭ᠎ᠠ ᠲᠢᠶᠠᠨ ᠰᠢᠨ ᠿᠦ     ︵2020 ᠤᠨ ᠤ 10 ᠳ᠋ᠤᠭᠠᠷ ᠰᠠᠷ᠎ᠠ ᠶᠢᠨ 23 ᠤ ᠡᠳᠦᠷ︶    ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠤᠯ ᠳᠤᠮᠳᠠᠲᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠰᠢᠨ᠎ᠡ ᠴᠠᠭ ᠦᠶ᠎ᠡ ᠳᠤ ᠤᠷᠤᠵᠦ᠂ ᠮᠠᠨ ᠤ ᠤᠯᠤᠰ ᠤᠨ ᠬᠦᠮᠦᠨ ᠠᠮᠠ ᠶᠢᠨ ᠬᠦᠭᠵᠢᠯᠲᠡ ᠴᠢᠬᠤᠯᠡ ᠡᠷᠭᠢᠯᠲᠡ ᠶᠢᠨ ᠬᠤᠭᠤᠴᠠᠭᠠᠨ ᠳᠤ ᠤᠷᠤᠭᠰᠠᠨ ᠨᠢᠭᠡ ᠤᠳᠠᠭᠠᠨ ᠤ ᠴᠢᠬᠤᠯᠡ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠤᠯᠤᠨ᠎ᠠ᠃ ᠡᠩᠬᠡ ᠳᠠᠶᠢᠪᠦᠩ ᠴᠠᠭ ᠦᠶ᠎ᠡ ᠶᠢᠨ ᠬᠠᠮᠤᠭ ᠤᠨ ᠶᠡᠭᠡ ᠨᠡᠶᠢᠭᠡᠮ ᠤᠨ ᠳᠠᠶᠢᠴᠢᠯᠡᠯᠲᠠ ᠮᠦᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠠᠴᠠ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠳᠤ᠂ ᠰᠢᠨ᠎ᠡ ᠭᠦᠭᠵᠢᠯᠲᠡ ᠶᠢᠨ ᠤᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ᠂ ᠠᠵᠦ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠬᠤ ᠨᠢ ᠴᠦᠮ ᠴᠢᠬᠤᠯᠡ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠤᠭᠳᠠᠯ ᠲᠠᠢ ᠶᠤᠮ᠃ ᠡᠨᠡ ᠤᠳᠠᠭᠠᠨ ᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠪᠠᠷ ᠳᠠᠮᠵᠢᠨ᠂ ᠬᠦᠮᠦᠨ ᠠᠮᠠ ᠶᠢᠨ ᠨᠡᠮᠡᠭᠳᠡᠯ ᠤᠨ ᠪᠠᠶᠢᠳᠠᠯ ᠢ ᠪᠦᠬᠦ ᠲᠠᠯ᠎ᠠ ᠪᠠᠷ ᠤᠨᠤᠪᠴᠢᠲᠠᠢ ᠤᠯᠵᠦ ᠪᠤᠯᠤᠨ᠎ᠠ᠃ ᠠᠳᠠᠯᠢ ᠪᠤᠰᠤ ᠲᠦᠷᠦᠯ ᠬᠤᠪᠢᠶᠠᠭᠰᠠᠨ ᠬᠦᠮᠦᠨ ᠠᠮᠠ ᠶᠢᠨ ᠲᠤᠭ᠎ᠠ ᠬᠡᠮᠵᠢᠶ᠎ᠠ ᠵᠢᠴᠢ ᠰᠤᠷᠭᠠᠨ ᠬᠥᠮᠦᠵᠢᠯ ᠬᠥᠷᠲᠡᠭᠰᠡᠨ ᠬᠡᠮᠵᠢᠶ᠎ᠠ᠂ ᠤᠷᠤᠨ ᠰᠠᠭᠤᠴᠠ ᠶᠢᠨ ᠪᠠᠶᠢᠳᠠᠯ ᠵᠡᠷᠭᠡ ᠮᠡᠳᠡᠭᠡ ᠵᠠᠩᠭᠢ ᠨᠢ ᠨᠠᠮ ᠪᠠ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠳᠠᠭᠠᠬᠤ ᠳᠤ ᠦᠢᠯᠡᠴᠢᠯᠡᠬᠦ᠂ ᠵᠠᠰᠠᠭ ᠤᠨ ᠤᠷᠳᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠦᠷᠢ ᠶᠢᠨ ᠤᠳᠤᠬᠢᠴᠢᠯᠠᠯᠲᠠ ᠶᠢ ᠪᠦᠳᠦᠮᠵᠢᠲᠠᠢ ᠠᠬᠢᠭᠤᠯᠵᠦ᠂ ᠠᠵᠦ ᠠᠬᠤᠢ ᠨᠡᠶᠢᠭᠡᠮ ᠤᠨ ᠴᠢᠨᠠᠷ ᠰᠠᠶᠢᠲᠠᠢ ᠳᠠᠪᠠᠯᠲᠠᠲᠦ ᠮᠠᠶ᠋ᠢᠭ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ ᠪᠦᠬᠦ ᠤᠷᠤᠨ ᠤ ᠬᠦᠮᠦᠨ ᠠᠮᠠ ᠶᠢᠨ ᠬᠠᠮᠤᠭ ᠤᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠤᠲᠤᠯᠠᠵᠦ᠂ ᠬᠦᠮᠦᠨ ᠠᠮᠠ ᠶᠢᠨ ᠬᠤᠪᠢᠷᠠᠯᠲᠡ ᠶᠢᠨ ᠬᠠᠨᠳᠤᠰᠢ ᠶᠢᠨ ᠴᠢᠨᠠᠷᠲᠠᠢ ᠤᠨᠴᠠᠯᠢᠭ ᠢ ᠰᠢᠨᠵᠢᠯᠡᠬᠦ ᠤᠬᠠᠭᠠᠨᠴᠢ ᠪᠠᠷ ᠡᠵᠡᠮᠰᠢᠬᠦ ᠳ᠋ᠠ ᠠᠰᠢᠭᠲᠠᠢ᠃ ᠪᠡᠯᠡ ᠤᠷᠤᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ᠂ ᠬᠤᠲᠠ ᠬᠦᠳᠡᠭᠡ ᠤᠷᠤᠨ ᠪᠦᠰᠡ ᠶᠢᠨ ᠪᠠᠶᠢᠷᠢᠯᠠᠭᠤᠯᠤᠯᠲᠠ᠂ ᠦᠷᠭᠦᠯᠵᠢᠯᠡᠬᠦ ᠬᠥᠭᠵᠢᠯᠲᠡ ᠵᠡᠷᠭᠡ ᠴᠢᠬᠤᠯᠡ ᠶᠡᠭᠡ ᠰᠢᠢᠳᠪᠦᠷᠢᠲᠦ ᠪᠣᠳᠣᠯᠭ᠎ᠠ ᠳᠠᠬᠢ ᠬᠦᠮᠦᠨ ᠠᠮᠠ ᠶᠢᠨ ᠬᠦᠴᠦᠨ ᠵᠦᠢᠯ ᠤᠨ ᠰᠠᠭᠤᠷᠢᠯᠠᠬᠤ ᠴᠢᠨᠠᠷᠲᠠᠢ ᠦᠢᠯᠡᠳᠦᠯ ᠢ ᠬᠦᠢᠴᠡᠳ ᠪᠠᠳᠠᠷᠠᠭᠤᠯᠬᠤ ᠳᠤ ᠠᠰᠢᠭᠲᠠᠢ᠃ ︽ᠲᠤᠭ᠎ᠠ ᠪᠠᠷᠢᠮᠲᠠ ᠪᠠᠷ ᠦᠬᠡᠭ ᠶᠠᠷᠢᠬᠤ᠂ ᠲᠤᠭ᠎ᠠ ᠪᠠᠷᠢᠮᠳᠠ  ᠪᠠᠷ ᠰᠢᠢᠳᠪᠦᠷᠢᠲᠦ ᠪᠤᠳᠤᠯᠭ᠎ᠠ ᠳᠤᠭᠳᠠᠭᠠᠬᠤ᠂ ᠲᠤᠭ᠎ᠠ ᠪᠠᠷᠢᠮᠳᠠ ᠪᠠᠷ ᠬᠠᠮᠢᠶᠠᠷᠬᠤ᠂ ᠲᠤᠭ᠎ᠠ ᠪᠠᠷᠢᠮᠳᠠ ᠪᠠᠷ ᠰᠢᠨ᠎ᠡ ᠶᠢ ᠡᠭᠦᠳᠬᠦ︾ ᠵᠠᠰᠠᠯᠲᠠ ᠶᠢᠨ ᠤᠶᠢᠯᠠᠭᠠᠭᠳᠠᠬᠤᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ ᠠᠰᠢᠭᠲᠠᠢ ᠶᠤᠮ᠃ ᠬᠦᠮᠦᠨ ᠠᠮᠠ ᠬᠢᠭᠡᠳ ᠬᠥᠭᠵᠢᠯᠲᠡ ᠶᠢᠨ ᠶᠡᠷᠦᠩᠬᠡᠶᠢᠯᠡᠭᠰᠡᠨ ᠰᠢᠢᠳᠪᠦᠷᠢᠲᠦ ᠪᠤᠳᠦᠯᠭ᠎ᠠ ᠳᠤᠭᠳᠠᠭᠠᠬᠤ ᠲᠤᠭᠳᠠᠴᠠ ᠶᠢ ᠳᠠᠰᠤᠷᠠᠯᠲᠠ ᠦᠭᠡᠢ ᠪᠦᠷᠢᠨᠰᠢᠭᠦᠯᠦᠨ᠎ᠡ᠃ ᠬᠦᠮᠦᠨ ᠠᠮᠠ ᠬᠢᠭᠡᠳ ᠠᠵᠤ ᠠᠬᠤᠢ ᠨᠡᠶᠢᠭᠡᠮ᠂ ᠡᠬᠢ ᠪᠠᠶᠠᠯᠢᠭ ᠤᠷᠴᠢᠨ ᠲᠤᠭᠤᠷᠢᠨ ᠤ ᠵᠤᠬᠢᠴᠠᠩᠭᠤᠢ ᠬᠥᠭᠵᠢᠯᠲᠡ ᠶᠢ ᠪᠡᠶᠡᠯᠡᠬᠦᠯᠬᠦ ᠶᠢ ᠠᠬᠢᠭᠤᠯᠵᠦ᠂ ᠠᠵᠦ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠳᠤ ᠬᠠᠮᠤᠭ ᠤᠨ ᠴᠢᠬᠤᠯᠡ ᠡᠬᠢ ᠪᠠᠶᠠᠯᠢᠭ ᠪᠠ ᠲᠤᠯᠭᠠᠭᠤᠷᠢᠯᠠᠯ ᠬᠠᠩᠭᠠᠬᠤ ᠳᠤ ᠠᠰᠢᠭᠲᠠᠢ ᠶᠤᠮ᠃    ᠲᠤᠤᠷ᠎ᠠ ᠤᠯᠠᠨ ᠳᠤ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠶᠡᠷᠦᠩᠭᠡᠢ ᠳᠤᠬᠢᠷᠠᠭᠤᠯᠤᠯᠲᠠ ᠪᠤᠯᠤᠨ ᠮᠠᠨ ᠤ ᠤᠷᠤᠨ ᠤ ᠠᠵᠢᠯ ᠦᠷᠨᠢᠭᠦᠯᠦᠭᠰᠡᠨ ᠪᠠᠶᠢᠳᠠᠯ ᠢ ᠮᠡᠳᠡᠭᠳᠡᠶ᠎ᠡ᠃    ᠨᠢᠭᠡ᠂ ᠲᠤᠯᠤᠳᠤᠭᠠᠷ ᠤᠳᠠᠭᠠᠨ ᠤ ᠪᠦᠬᠦ ᠤᠯᠤᠰ ᠠᠴᠠ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠠᠵᠢᠯ ᠤᠨ ᠶᠡᠷᠦᠩᠭᠡᠢ ᠳᠤᠬᠢᠷᠠᠭᠤᠯᠤᠯᠳᠠ    ︽ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠲᠦᠰᠦᠯ︾ ᠢ ᠥᠨᠳᠦᠰᠦᠯᠡᠪᠡᠯ᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠶᠡᠷᠦᠩᠭᠡᠢ ᠪᠣᠷᠣ ᠲᠦᠯᠦᠪ ᠲᠤ ᠭᠤᠤᠯᠳᠠᠭᠤ ᠲᠤᠯᠤᠭᠠᠨ ᠲᠠᠯ᠎ᠠ ᠪᠤᠢ᠄ ︵ᠨᠢᠭᠡ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠃ ᠮᠠᠨ ᠤ ᠤᠯᠤᠰ ᠠᠴᠠ ᠬᠦᠮᠦᠨ ᠠᠮᠠ ᠶᠢᠨ ᠲᠤᠭ᠎ᠠ᠂ ᠪᠦᠲᠦᠴᠡ᠂ ᠳᠠᠷᠬᠠᠯᠲᠠ᠂ ᠤᠷᠤᠨ ᠰᠠᠭᠤᠴᠡ ᠵᠡᠷᠭᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠤᠳᠤᠯᠠᠵᠦ᠂ ᠬᠦᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠦᠮᠦᠨ ᠠᠮᠠ ᠶᠢᠨ ᠤᠷᠲᠦ ᠤᠳᠠᠭᠠᠨ ᠬᠤᠭᠤᠴᠠᠭᠠᠨ ᠤ ᠳᠡᠩᠴᠡᠭᠦᠷᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠦᠭᠡ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠳᠤᠭᠳᠠᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ᠨᠡᠶᠢᠭᠡᠮ ᠵᠢᠷᠥᠮ ᠤᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠢ ᠪᠦᠬᠦ ᠲᠠᠯ᠎ᠠ ᠪᠠᠷ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠡᠶᠢᠰᠢ ᠤᠷᠤᠭᠰᠢᠯᠠᠵᠤ᠂ ᠰᠢᠨᠵᠢᠯᠡᠬᠦ ᠤᠬᠠᠭᠠᠨᠴᠢ ᠵᠦᠪ ᠤᠨᠤᠪᠴᠢᠲᠠᠢ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ︵ᠬᠤᠶᠠᠷ︶ ᠨᠡᠶᠢᠳᠡᠮ ᠪᠠᠶᠢᠴᠠᠭᠠᠬᠤ ᠴᠠᠭ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠦ ᠴᠠᠭ ᠪᠤᠯ 2020 ᠤᠨ 11 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠪᠤᠯᠤᠨ᠎ᠠ᠃ ︵ᠭᠤᠷᠪᠠ︶ ᠨᠡᠶᠢᠳᠡᠮ ᠪᠠᠶᠢᠴᠠᠭᠠᠭᠳᠠᠬᠤ ᠡᠳᠡᠭᠡᠳ᠃ ᠨᠡᠶᠢᠳᠡᠮ ᠪᠠᠶᠢᠴᠠᠭᠠᠯᠲᠠ ᠶᠢᠨ ᠡᠲᠡᠭᠡᠳ ᠭᠡᠳᠡᠭ ᠨᠢ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠴᠠᠭ ᠲᠤ ᠪᠥᠬᠦᠳᠡ ᠨᠠᠶᠢᠷᠠᠮᠳᠠᠬᠤ ᠳᠤᠮᠳᠠᠲᠦ ᠠᠷᠠᠳ ᠤᠯᠤᠰ ᠤᠨ ᠬᠢᠯᠢ ᠶᠢᠨ ᠲᠤᠳᠤᠷ᠎ᠠ ᠪᠠᠶᠢᠭ᠎ᠠ ᠪᠠᠶᠢᠭᠠᠯᠢ ᠬᠦᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠲᠣ ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠪᠠᠴᠦ ᠰᠠᠭᠤᠷᠢᠰᠢᠭ᠎ᠠ ᠦᠭᠡᠢ ᠳᠤᠮᠳᠠᠲᠦ ᠤᠯᠤᠰ ᠤᠨ ᠠᠷᠠᠳ ᠢᠷᠭᠡᠨ ᠢ ᠵᠢᠭᠠᠵᠤ ᠪᠤᠢ᠃ ᠪᠥᠬᠦᠳᠡ ᠨᠠᠶᠢᠷᠠᠮᠳᠠᠬᠤ ᠳᠤᠮᠳᠠᠲᠦ ᠠᠷᠠᠳ ᠤᠯᠤᠰ ᠤᠨ ᠬᠢᠯᠢ ᠶᠢᠨ ᠲᠤᠲᠤᠷ᠎ᠠ ᠣᠬᠤᠷ ᠬᠤᠭᠤᠴᠠᠭ᠎ᠠ ᠪᠠᠷ ᠰᠠᠭᠠᠲᠠᠬᠤ ᠬᠢᠯᠢ ᠶᠢᠨ ᠭᠠᠳᠠᠨᠠᠬᠢ ᠬᠦᠮᠦᠰ ᠢ ᠪᠠᠭᠳᠠᠭᠠᠬᠤ ᠦᠭᠡᠢ᠃ ︵ᠳᠥᠷᠪᠡ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠃ ᠨᠡᠶᠢᠳᠡᠮ ᠪᠠᠶᠢᠴᠠᠭᠠᠯᠲᠠ ᠶᠢᠨ ᠳᠠᠩᠰᠠᠯᠠᠯ ᠤᠨ ᠭᠤᠤᠯ ᠠᠭᠤᠯᠭ᠎ᠠ ᠳᠤ᠄ ᠤᠪᠤᠭ ᠨᠡᠷ᠎ᠠ᠂ ᠪᠡᠶ᠎ᠡ ᠶᠢᠨ ᠥᠨᠡᠮᠯᠡᠯ ᠤᠨ ᠨᠤᠮᠧᠷ ᠂ ᠴᠢᠨᠠᠷ ᠤᠨ ᠢᠯᠭᠠᠯ᠂ ᠨᠠᠰᠤ᠂ ᠦᠨᠳᠦᠰᠦᠲᠡᠨ᠂ ᠰᠤᠷᠭᠠᠨ ᠬᠥᠮᠦᠵᠢᠯ ᠬᠥᠷᠳᠡᠭᠰᠡᠨ ᠬᠡᠮᠵᠢᠶ᠎ᠡ᠂ ᠠᠵᠢᠯ ᠲᠦᠷᠥᠯ᠂ ᠡᠷᠬᠢᠯᠡᠭᠰᠡᠨ ᠠᠵᠢᠯ᠂ ᠨᠡᠭᠦᠳᠡᠯ ᠰᠢᠯᠵᠢᠯᠳᠡ᠂ ᠤᠷᠤᠭ ᠤᠨ ᠪᠠᠶᠢᠳᠠᠯ᠂ ᠬᠡᠦᠬᠡᠳ ᠠᠪᠤᠭᠰᠠᠨ ᠡᠰᠡᠬᠦ ᠶᠢᠨ ᠪᠠᠶᠢᠳᠠᠯ᠂ ᠥᠬᠦᠭᠰᠡᠨ᠂ ᠤᠷᠤᠨ ᠰᠠᠭᠤᠴᠡ ᠶᠢᠨ ᠪᠠᠶᠢᠳᠠᠯ ᠵᠡᠷᠭᠡ ᠪᠠᠭᠳᠠᠨ᠎ᠠ᠃ ︵ᠲᠠᠪᠦ︶ ᠨᠡᠶᠢᠳᠠᠮ ᠪᠠᠶᠢᠴᠠᠭᠠᠬᠤ ᠠᠷᠭ᠎ᠠ᠃ ᠨᠡᠶᠢᠳᠠᠮ ᠪᠠᠶᠢᠴᠠᠭᠠᠯᠲᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠬᠦ ᠠᠷᠭ᠎ᠠ ᠶᠢ ᠠᠪᠴᠦ᠂ ᠡᠷᠦᠬᠡ ᠪᠠᠷ ᠨᠢ ᠨᠢᠭᠡᠴᠢ ᠪᠤᠯᠠᠭᠠᠨ ᠳᠠᠩᠰᠠᠯᠠᠭᠤᠯᠬᠤ ᠬᠡᠷᠡᠭᠲᠡᠢ᠃ ᠨᠡᠶᠢᠳᠠᠮ ᠪᠠᠶᠢᠴᠠᠭᠠᠯᠲᠠ ᠶᠢᠨ ᠳᠠᠩᠰᠠᠯᠠᠯ ᠳᠤ ᠨᠡᠶᠢᠳᠠᠮ ᠪᠠᠶᠢᠴᠠᠭᠠᠭᠴᠢ ᠡᠷᠦᠬᠡ ᠳᠤ ᠬᠥᠷᠴᠦ ᠯᠠᠪᠯᠠᠨ ᠠᠰᠠᠭᠤᠬᠤ᠂ ᠲᠤᠬᠠᠢ ᠶᠢᠨ ᠭᠠᠵᠠᠷ ᠲᠤᠨᠢ ᠲᠠᠭᠯᠠᠨ ᠮᠡᠳᠡᠭᠦᠯᠬᠦ ᠪᠤᠶᠤ ᠨᠡᠶᠢᠳᠠᠮ ᠪᠠᠶᠢᠴᠠᠭᠠᠯᠲᠠ ᠶᠢᠨ ᠡᠳᠡᠭᠡᠳ ᠡᠵᠡᠨ ᠮᠡᠳᠡᠨ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠬᠤ ᠬᠡᠷᠡᠭᠲᠡᠢ᠃ ᠨᠡᠶᠢᠳᠠᠮ ᠪᠠᠶᠢᠴᠠᠭᠠᠭᠴᠢ ᠡᠯᠧᠺᠲᠷᠤᠨ ᠴᠤᠭᠯᠠᠭᠤᠯᠬᠤ ᠳᠥᠬᠦᠭᠡᠷᠦᠮᠵᠢ ︵PAD ᠪᠤᠶᠤ ᠤᠶᠤᠨᠲᠦ ᠭᠠᠷ ᠤᠲᠠᠰᠦ︶ ᠶᠢ ᠬᠡᠷᠡᠭᠯᠡᠨ ᠨᠡᠶᠢᠳᠠᠮ ᠪᠠᠶᠢᠴᠠᠭᠠᠭᠳᠠᠬᠤ ᠡᠳᠡᠭᠡᠳ ᠤᠨ ᠮᠡᠳᠡᠭᠡ ᠵᠠᠩᠭᠢ ᠶᠢ ᠳᠠᠩᠰᠠᠯᠠᠬᠤ ᠶᠢᠨ ᠬᠠᠮᠲᠦ ᠰᠦᠯᠵᠢᠶ᠎ᠠ ᠬᠤᠯᠪᠤᠨ ᠴᠠᠭ ᠲᠤᠬᠠᠢ ᠳᠤᠨᠢ ᠲᠡᠭᠰᠢ ᠮᠡᠳᠡᠭᠦᠯᠦᠨ᠎ᠡ᠃ ᠡᠰᠡᠭᠦᠯ᠎ᠡ ᠨᠡᠶᠢᠳᠡᠮ ᠪᠠᠶᠢᠴᠠᠭᠠᠭᠳᠠᠬᠤ ᠡᠳᠡᠭᠡᠳ ᠢ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠦᠪᠡᠷ ᠢᠶᠠᠷ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ︵ᠵᠢᠷᠭᠤᠭ᠎ᠠ︶ ᠨᠡᠶᠢᠳᠠᠮ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ︽ᠪᠥᠬᠦ ᠤᠯᠤᠰ ᠲᠤ ᠨᠢᠭᠡᠳᠤᠯᠲᠠᠢ ᠤᠳᠤᠷᠢᠳᠬᠤ᠂ ᠰᠠᠯᠠᠭ᠎ᠠ ᠮᠦᠴᠢᠷ ᠠᠵᠢᠯ ᠬᠤᠪᠢᠶᠠᠷᠢᠯᠠᠨ ᠬᠠᠮᠵᠢᠯᠴᠠᠬᠤ᠂ ᠤᠷᠤᠨ ᠨᠤᠲᠤᠭ ᠤᠨ ᠬᠢᠨ ᠱᠠᠲᠦ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠦ ᠪᠠᠷ ᠤᠷᠤᠯᠴᠠᠬᠤ︾ ᠵᠠᠷᠢᠮ ᠶᠤᠰᠤᠭᠠᠷ᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ︵ᠲᠤᠯᠤᠭ᠎ᠠ︶ ᠨᠡᠶᠢᠳᠠᠮ ᠪᠠᠶᠢᠴᠠᠭᠠᠯᠲᠠ ᠶᠢᠨ ᠭᠤᠤᠯ ᠪᠤᠯᠬᠤ ᠠᠵᠢᠯ ᠤᠨ ᠱᠠᠲᠦ ᠦᠶ᠎ᠡ᠃ ᠨᠡᠶᠢᠳᠠᠮ ᠪᠠᠶᠢᠴᠠᠭᠠᠯᠲᠠ ᠶᠢᠨ ᠠᠵᠢᠯ ᠢ ᠭᠤᠷᠪᠠᠨ ᠱᠠᠲᠦ ᠦᠶ᠎ᠡ ᠬᠤᠪᠢᠶᠠᠵᠦ ᠶᠠᠪᠤᠭᠳᠠᠭᠤᠯᠤᠨ᠎ᠠ᠃ ᠨᠢᠭᠡ ᠳᠤ ᠪᠡᠯᠡᠳᠭᠡᠯ ᠱᠠᠲᠦ ︵2019 ᠤᠨ ᠤ 10 ᠳ᠋ᠤᠭᠠᠷ ᠰᠠᠷ᠎ᠠ — 2020 ᠤᠨ ᠤ 10 ᠳ᠋ᠤᠭᠠᠷ ᠰᠠᠷ᠎ᠠ︶᠃ ᠡᠨᠡᠬᠦ ᠱᠠᠲᠦ ᠦᠶ᠎ᠡ ᠶᠢᠨ ᠭᠤᠤᠯ ᠠᠵᠢᠯ ᠪᠤᠯ᠄ ᠡᠯ᠎ᠡ ᠱᠠᠳᠤᠨ ᠤ ᠨᠡᠶᠢᠳᠠᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠨᠡᠶᠢᠳᠠᠮ ᠪᠠᠶᠢᠴᠠᠭᠠᠯᠲᠠ ᠶᠢᠨ ᠲᠦᠰᠦᠯ ᠪᠠ ᠠᠵᠢᠯ ᠤᠨ ᠲᠥᠯᠦᠪᠯᠡᠭᠡ ᠳᠣᠭᠲᠠᠭᠠᠵᠤ᠂ ᠨᠡᠶᠢᠳᠠᠮ ᠪᠠᠶᠢᠴᠠᠭᠠᠯᠲᠠ ᠶᠢᠨ ᠳᠤᠷᠰᠢᠯᠲᠠ ᠬᠢᠵᠦ᠂ ᠨᠡᠶᠢᠳᠠᠮ ᠪᠠᠶᠢᠴᠠᠭᠠᠯᠲᠠ ᠶᠢᠨ ᠵᠠᠷᠤᠳᠠᠯ ᠪᠤᠯᠤᠨ ᠡᠳ᠋ ᠪᠤᠳᠠᠰ ᠢ ᠨᠠᠶᠢᠳᠠᠪᠦᠷᠢᠵᠢᠭᠤᠯᠬᠤ᠂ ᠨᠡᠶᠢᠳᠠᠮ ᠪᠠᠶᠢᠴᠠᠭᠠᠯᠲᠠ ᠶᠢᠨ ᠤᠬᠠᠭᠤᠯᠭ᠎ᠠ ᠬᠢᠵᠦ᠂ ᠨᠡᠶᠢᠳᠠᠮ ᠪᠠᠶᠢᠴᠠᠭᠠᠯᠲᠠ ᠶᠢᠨ ᠵᠢᠯᠤᠭᠤᠳᠤᠭᠴᠢ ᠪᠤᠯᠤᠨ ᠨᠡᠶᠢᠳᠠᠮ ᠪᠠᠶᠢᠴᠠᠭᠠᠭᠴᠢ ᠶᠢ ᠰᠤᠩᠭᠤᠨ ᠤᠷᠢᠵᠦ᠂ ᠨᠡᠶᠢᠳᠠᠮ ᠪᠠᠶᠢᠴᠠᠭᠠᠯᠲᠠ ᠶᠢᠨ ᠤᠷᠤᠨ ᠤ ᠬᠤᠪᠢᠶᠠᠷᠢᠯᠠᠯ ᠵᠢᠴᠢ ᠵᠢᠷᠤᠭᠯᠠᠯ᠂ ᠡᠷᠦᠬᠡ ᠠᠮᠠ ᠶᠢᠨ ᠴᠡᠭᠴᠡᠯᠡᠯᠲᠡ ᠬᠢᠵᠦ᠂ ᠪᠠᠶᠢᠳᠠᠯ ᠢ ᠤᠶᠢᠯᠠᠭᠠᠬᠤ ᠵᠡᠷᠭᠡ ᠶᠢ ᠦᠷᠨᠢᠭᠦᠯᠬᠦ ᠬᠡᠷᠡᠭᠲᠡᠢ᠃ ᠬᠤᠶᠠᠷ  ᠲᠤ ᠨᠡᠶᠢᠳᠠᠮ ᠪᠠᠶᠢᠴᠠᠭᠠᠯᠲᠠ ᠬᠢᠬᠦ ᠳᠠᠩᠰᠠᠯᠠᠯ ᠤᠨ ᠱᠠᠲᠦ ᠦᠶ᠎ᠡ ︵2020 ᠤᠨ ᠤ 11 ᠳ᠋ᠦ᠋ᠭᠡᠷ ᠰᠠᠷ᠎ᠠ  ᠠᠴᠠ 12 ᠳ᠋ᠤᠭᠠᠷ ᠰᠠᠷ᠎ᠠ︶᠃ ᠡᠨᠡ ᠬᠦ ᠱᠠᠲᠤᠨ ᠤ ᠭᠤᠤᠯ ᠠᠵᠢᠯ ᠪᠤᠯ᠄ ᠨᠡᠶᠢᠳᠠᠮ ᠪᠠᠶᠢᠴᠠᠭᠠᠭᠴᠢ ᠡᠷᠦᠬᠡ ᠳᠤ ᠤᠷᠤᠵᠦ ᠳᠠᠩᠰᠠᠯᠠᠨ᠎ᠠ ᠃ ᠬᠠᠷᠢᠴᠠᠭᠤᠯᠤᠨ ᠳᠠᠪᠳᠠᠨ ᠪᠠᠶᠢᠴᠠᠭᠠᠵᠤ᠂ ᠬᠡᠷᠡᠭ ᠤᠨ ᠳᠠᠷᠠᠭᠠᠬᠢ ᠶᠠᠰᠤ ᠴᠢᠨᠠᠷ ᠢ ᠰᠤᠭᠤᠴᠢᠨ ᠪᠠᠶᠢᠴᠠᠭᠠᠬᠤ ᠵᠡᠷᠭᠡ ᠶᠢ ᠦᠷᠨᠢᠭᠦᠯᠪᠡ᠃ ᠭᠤᠷᠪᠠ ᠳᠤ ᠲᠤᠭ᠎ᠠ ᠪᠠᠷᠢᠮᠳᠠ ᠶᠢ ᠬᠤᠷᠢᠶᠠᠩᠭᠤᠶᠢᠯᠠᠬᠤ ᠪᠠ ᠨᠡᠶᠢᠳᠠᠯᠡᠬᠦ ᠱᠠᠲᠦ ᠦᠶ᠎ᠡ ︵2020 ᠤᠨ ᠤ 12 ᠳ᠋ᠤᠭᠠᠷ ᠰᠠᠷ᠎ᠠ  ᠠᠴᠠ2022 ᠤᠨ ᠤ 12 ᠳ᠋ᠤᠭᠠᠷ ᠰᠠᠷ᠎ᠠ︶᠃ ᠡᠨᠡ ᠬᠦ ᠱᠠᠳᠤᠨ ᠤ ᠭᠤᠤᠯ ᠠᠵᠢᠯ ᠪᠤᠯ᠄ ᠲᠤᠭ᠎ᠠ ᠪᠠᠷᠢᠮᠳᠠ ᠶᠢ ᠰᠢᠢᠳᠪᠦᠷᠢᠯᠡᠬᠦ᠂ ᠬᠤᠷᠢᠶᠠᠩᠭᠤᠶᠢᠯᠠᠬᠤ᠂ ᠦᠨᠡᠯᠡᠨ ᠵᠢᠱᠢᠬᠦ ᠵᠡᠷᠭᠡ ᠪᠤᠯᠤᠨ᠎ᠠ᠃ ᠭᠤᠤᠯ ᠪᠤᠯᠬᠤ ᠲᠤᠭ᠎ᠠ ᠪᠠᠷᠢᠮᠳᠠ ᠶᠢᠨ ᠠᠯᠪᠠᠨ ᠮᠡᠳᠡᠭᠡ᠂ ᠨᠡᠶᠢᠳᠠᠮ ᠪᠠᠶᠢᠴᠠᠭᠠᠯᠲᠠ ᠶᠢᠨ ᠮᠠᠲ᠋ᠧᠷᠢᠶᠠᠯ ᠢ ᠨᠡᠭᠡᠭᠡᠨ ᠠᠰᠢᠭᠯᠠᠬᠤ ᠵᠡᠷᠭᠡ᠃    ᠬᠤᠶᠠᠷ᠂ ᠮᠠᠨ ᠤ ᠤᠷᠤᠨ ᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠪᠡᠯᠡᠳᠭᠡᠯ ᠠᠵᠢᠯ ᠤᠨ ᠠᠭᠢᠯᠳᠡ ᠶᠢᠨ ᠪᠠᠶᠢᠳᠠᠯ    ᠮᠠᠨ ᠤ ᠤᠷᠤᠨ ᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠳᠡᠭᠡᠲᠦ ᠬᠡᠮᠵᠢᠶ᠎ᠠ ᠪᠠᠷ ᠴᠢᠬᠤᠯᠠᠴᠢᠯᠠᠭᠰᠠᠨ ᠪᠠ ᠪᠠᠲᠦ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠤᠷᠤᠨ ᠤ ᠡᠯ᠎ᠡ ᠱᠠᠳᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠬᠢᠵᠢᠭ ᠤᠨ ᠪᠠᠶᠢᠳᠠᠯ ᠤᠨ ᠨᠥᠯᠥᠭᠡ ᠶᠢ ᠢᠯᠡᠨ ᠳᠠᠪᠠᠵᠦ᠂ ᠢᠳᠡᠪᠬᠢᠲᠠᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠷᠢᠨ ᠨᠢᠭᠲᠠ ᠳᠣᠬᠢᠷᠠᠭᠤᠯᠤᠨ ᠪᠠᠶᠢᠷᠢᠯᠠᠭᠤᠯᠵᠤ᠂ ᠵᠤᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠤᠯᠳᠠ ᠶᠢ ᠵᠤᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠶᠡᠭᠡ ᠬᠡᠮᠵᠢᠶᠡᠨ ᠤ ᠭᠠᠷᠮᠠᠭᠠᠢ ᠦᠷ᠎ᠡ ᠪᠦᠲᠦᠮᠵᠢᠲᠠᠢ ᠪᠡᠯᠡᠳᠬᠡᠯ ᠠᠵᠢᠯ ᠢ ᠬᠢᠵᠦ᠂ ᠡᠷᠦᠭᠡ ᠳᠤ ᠤᠷᠤᠵᠦ ᠳᠠᠩᠰᠠᠯᠠᠬᠤ ᠠᠵᠢᠯ ᠢ ᠴᠢᠨᠠᠷ ᠰᠠᠶᠢᠲᠠᠢ ᠦᠷᠨᠢᠭᠦᠯᠬᠦ ᠳᠤ ᠪᠠᠲᠦ ᠪᠠᠬᠢ ᠰᠠᠭᠤᠷᠢ ᠳᠠᠯᠪᠢᠵᠦ ᠥᠭᠴᠡᠢ᠃    ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠳᠡᠭᠡᠲᠦ ᠬᠡᠮᠵᠢᠶ᠎ᠠ ᠪᠠᠷ ᠠᠵᠢᠯ ᠢᠶᠠᠨ ᠳᠦᠯᠬᠢᠨ ᠠᠬᠢᠭᠤᠯᠬᠤ ᠬᠡᠷᠡᠭᠲᠡᠢ᠃ ᠪᠦᠬᠦ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠠᠵᠢᠯ ᠢ ᠳᠡᠭᠡᠲᠦ ᠬᠡᠮᠵᠢᠶ᠎ᠠ ᠪᠠᠷ ᠴᠢᠬᠤᠯᠠᠴᠢᠯᠠᠵᠤ᠂ ᠨᠡᠶᠢᠳᠠᠮ ᠪᠠᠶᠢᠴᠠᠭᠠᠯᠲᠠ ᠶᠢᠨ ᠠᠵᠢᠯ ᠢ ᠵᠤᠬᠢᠶᠠᠨ ᠪᠠᠶᠢᠭᠤᠯᠤᠨ ᠤᠳᠤᠷᠢᠳᠬᠤ ᠪᠠᠨ ᠢᠳᠠᠪᠬᠢᠲᠠᠢ ᠴᠢᠩᠭᠠᠳᠬᠠᠵᠤ᠂ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠠᠵᠢᠯ ᠢ ᠡᠳᠦᠷ ᠲᠣᠳᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠤ᠂ ᠵᠠᠰᠠᠭ ᠤᠨ ᠤᠷᠳᠤᠨ ᠤ ᠦᠢᠯᠡ ᠠᠵᠢᠯᠯᠠᠭ᠎ᠠ ᠶᠢ ᠴᠢᠩᠭᠠᠳᠬᠠᠵᠤ᠂ ᠪᠣᠲᠠᠲᠦ ᠪᠠᠶᠢᠳᠠᠯ ᠲᠠᠢ ᠤᠶᠠᠯᠳᠤᠭᠤᠯᠤᠨ᠂ ᠤᠷᠢᠳᠴᠢᠯᠠᠨ ᠲᠦᠯᠦᠪᠯᠡᠵᠦ᠂ ᠨᠡᠶᠢᠳᠠᠮ ᠪᠠᠶᠢᠴᠠᠭᠠᠯᠲᠠ ᠶᠢᠨ ᠠᠵᠢᠯ ᠤᠨ ᠳᠤᠮᠳᠠ ᠤᠷᠤᠰᠢᠵᠦ ᠪᠠᠶᠢᠭ᠎ᠠ ᠬᠥᠴᠢᠷᠳᠡᠯ ᠪᠤᠯᠤᠨ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠦ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠦᠷᠨᠢᠬᠦ ᠶᠢ ᠦᠨᠳᠦᠷ ᠪᠠᠶᠢᠷᠢ ᠪᠠᠷ ᠳᠦᠯᠬᠢᠨ ᠠᠬᠢᠭᠤᠯᠬᠤ ᠬᠡᠷᠡᠭᠲᠡᠢ᠃ 2020 ᠤᠨ ᠤ 1 ᠳ᠋ᠦ᠋ᠭᠡᠷ ᠰᠠᠷ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ︽ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠠᠵᠢᠯ ᠢ ᠰᠠᠶᠢᠳᠤᠷ ᠬᠢᠬᠦ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ︾ ᠢ ᠠᠯᠪᠠᠨ ᠶᠤᠰᠤᠭᠠᠷ ᠪᠠᠭᠤᠯᠭᠠᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠤᠨ ᠤ ᠪᠠᠶᠢᠩᠭᠤ ᠶᠢᠨ ᠳᠡᠳ᠋ ᠳᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠪᠦ᠋ ᠰᠢᠶᠤᠥ ᠯᠢᠨ ᠳᠡᠷᠢᠭᠦᠯᠡᠭᠴᠢ ᠪᠡᠶ᠎ᠡ ᠪᠠᠷ ᠢᠶᠠᠨ ᠳᠣᠯᠣᠳᠤᠭᠠᠷ ᠤᠳᠠᠭᠠᠨ ᠤ ᠬᠥᠮᠥᠨ ᠠᠮᠠ ᠶᠢᠨ  ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠦ᠂ ᠵᠠᠩ ᠱᠤᠤ ᠴᠥᠨ ᠪᠠᠶᠢᠩᠭᠤ ᠶᠢᠨ ᠳᠡᠳ᠋ ᠳᠡᠷᠢᠭᠦᠯᠡᠭᠴᠢ ᠤᠯᠠᠨ ᠤᠳᠠᠭ᠎ᠠ ᠬᠠᠷᠢᠭᠤ ᠮᠡᠳᠡᠭᠦᠯᠤᠯᠳᠡ ᠰᠤᠨᠤᠰᠴᠦ᠂ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠡᠯ᠎ᠠ ᠵᠦᠢᠯ ᠤᠨ ᠪᠡᠯᠡᠳᠭᠡᠯ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠬᠦ ᠳᠤ ᠴᠢᠬᠤᠯᠡ ᠵᠢᠭᠠᠪᠦᠷᠢ ᠥᠭᠴᠦ᠂ ᠦᠨᠳᠦᠰᠤᠨ ᠵᠢᠷᠦᠮᠯᠡᠯ ᠬᠠᠩᠭᠠᠭᠰᠠᠨ ᠪᠠᠶᠢᠨ᠎ᠠ᠃     ︵ᠬᠤᠶᠠᠷ︶ ᠰᠠᠯᠠᠭ᠎ᠠ ᠮᠦᠴᠢᠷ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠬᠤ ᠬᠡᠷᠡᠭᠲᠡᠢ᠃ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠢ ᠲᠦᠭᠡᠮᠡᠯᠵᠢᠬᠦᠯᠬᠦ ᠠᠯᠪᠠᠨ ᠭᠡᠷ ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠢᠳᠡᠪᠬᠢᠲᠠᠢ ᠵᠤᠯᠭᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠦᠮᠦᠨ ᠤ ᠬᠦᠴᠦᠨ ᠢ ᠲᠦᠭᠡᠮᠡᠯᠵᠢᠭᠦᠯᠦᠨ ᠰᠢᠢᠳᠪᠦᠷᠢᠯᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠠᠮᠳᠤᠷᠠᠨ ᠳᠠᠷᠤᠮᠠᠯᠯᠠᠨ ᠶᠠᠪᠤᠭᠤᠯᠬᠤ ᠶᠢᠨ ᠬᠠᠮᠲᠦ ᠮᠠᠨ ᠤ ᠤᠷᠤᠨ ᠤ ᠪᠤᠲᠠᠲᠦ ᠪᠠᠶᠢᠳᠠᠯ ᠲᠠᠢ ᠤᠶᠠᠯᠳᠤᠭᠤᠯᠤᠨ ᠠᠵᠢᠯ ᠤᠨ ᠱᠠᠭᠠᠷᠳᠠᠯᠭ᠎ᠠ ᠪᠠᠨ ᠳᠤᠷᠠᠳᠴᠦ᠂ ᠨᠡᠶᠢᠳᠠᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ ᠳᠤ ᠬᠤᠯᠪᠤᠭᠳᠠᠬᠤ ᠶᠢ ᠪᠠᠭᠳᠠᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠦᠮᠦᠵᠢᠯ ᠪᠤᠯᠤᠨ ᠤᠷᠤᠨ ᠰᠠᠭᠤᠴᠡ ᠪᠦᠳᠦᠭᠡᠨ ᠪᠠᠶᠢᠭᠤᠯᠤᠯᠲᠠ ᠶᠢᠨ ᠰᠢᠰᠲ᠋ᠧᠮ ᠨᠢ ᠨᠡᠶᠢᠳᠠᠮ ᠪᠠᠶᠢᠴᠠᠭᠠᠯᠲᠠ ᠶᠢᠨ ᠪᠦᠷᠢᠳᠭᠡᠯ ᠲᠠᠢ ᠬᠠᠮᠵᠢᠯᠴᠠᠵᠤ᠂ ᠲᠦᠷᠦᠭᠰᠡᠨ ᠬᠦᠮᠦᠨ ᠠᠮᠠ ᠶᠢ ᠤᠷᠬᠢᠭᠳᠠᠭᠤᠯᠵᠤ ᠮᠡᠳᠡᠭᠦᠯᠬᠦ ᠦᠭᠡᠢ ᠪᠠᠶᠢᠬᠤ ᠶᠢ ᠰᠡᠷᠭᠡᠶᠢᠯᠡᠵᠤ᠂ ᠡᠷᠦᠬᠡ ᠠᠮᠠ ᠶᠢᠨ ᠴᠡᠭᠴᠡᠯᠡᠯᠲᠡ᠂ ᠬᠢᠨᠳᠠᠨ᠂ ᠬᠤᠷᠢᠭᠤᠯ ᠤᠨ ᠭᠠᠵᠠᠷ᠂ ᠬᠤᠤᠷ ᠳᠠᠲᠠᠬᠤ ᠶᠢ ᠵᠤᠭᠰᠤᠭᠠᠬᠤ ᠭᠠᠵᠠᠷ ᠤᠨ ᠤᠨᠴᠠᠭᠠᠢ ᠬᠦᠮᠦᠰ ᠤᠨ ᠳᠠᠩᠰᠠᠯᠠᠯᠲᠠ ᠵᠡᠷᠭᠡ ᠶᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠨᠡᠪᠳᠡᠷᠡᠯᠴᠡᠭᠡ ᠵᠤᠬᠢᠴᠠᠭᠤᠯᠭ᠎ᠠ ᠶᠢ ᠰᠠᠶᠢᠳᠤᠷ ᠬᠢᠵᠦ᠂ ᠨᠡᠶᠢᠳᠠᠮ ᠪᠠᠶᠢᠴᠠᠭᠠᠯᠲᠠ ᠶᠢᠨ ᠠᠵᠢᠯ ᠤᠨ ᠳᠤᠮᠳᠠ ᠢᠯᠡᠷᠡᠭᠰᠡᠨ ᠬᠥᠴᠢᠷᠳᠡᠯ ᠪᠤᠯᠤᠨ ᠠᠰᠠᠭᠤᠳᠠᠯ ᠢ ᠬᠠᠮᠳᠤᠪᠠᠷ ᠰᠤᠳᠤᠯᠤᠨ ᠰᠢᠢᠳᠪᠦᠷᠢᠯᠡᠵᠦ᠂ ᠪᠦᠬᠦ ᠤᠷᠤᠨ ᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠠᠵᠢᠯ ᠤᠨ ᠡᠮᠬᠢ ᠵᠢᠷᠦᠮ ᠲᠠᠢ᠂ ᠬᠥᠴᠦᠲᠠᠢ ᠳᠦᠯᠬᠢᠨ ᠠᠬᠢᠭᠤᠯᠬᠤ ᠳᠤ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠪᠤᠯᠤᠨ ᠲᠤᠯᠭᠠᠭᠤᠷᠢᠯᠠᠯ ᠬᠠᠩᠭᠠᠵᠠᠢ᠃    ᠭᠤᠷᠪᠠ᠂ ︽ᠳᠦᠷᠪᠡᠨ ᠨᠠᠶᠢᠳᠠᠪᠦᠷᠢᠵᠢᠭᠤᠯᠤᠯᠳᠠ︾ ᠶᠢ ᠰᠠᠶᠢᠳᠤᠷ ᠠᠳᠬᠤᠵᠤ᠂ ᠨᠡᠶᠢᠳᠠᠮ ᠪᠠᠶᠢᠴᠠᠭᠠᠯᠲᠠ ᠶᠢᠨ ᠪᠠᠲᠤᠯᠠᠭ᠎ᠠ ᠬᠦᠴᠦᠲᠠᠢ ᠪᠤᠯᠪᠠ᠃ ᠬᠥᠨᠳᠡᠯᠡᠨ ᠢᠶᠠᠷ ᠲᠠᠯ᠎ᠠ ᠬᠥᠷᠳᠡᠯ᠎ᠡ᠂ ᠭᠤᠯᠲᠤ ᠪᠠᠷ ᠡᠴᠤᠰ ᠲᠤᠨᠢ ᠲᠤᠯᠲᠠᠯ᠎ᠠ᠂ ᠵᠡᠭᠦᠨᠰᠢ ᠪᠠᠷᠠᠭᠤᠨᠰᠢ ᠬᠠᠮᠵᠢᠯᠴᠠᠨ᠎ᠠ᠃ ᠳᠡᠭᠡᠲᠦ ᠳᠤᠤᠷᠠᠲᠦ ᠱᠠᠳᠤᠨ ᠤ ᠬᠠᠮᠳᠤᠷᠠᠨ ᠬᠦᠳᠠᠯᠤᠯᠴᠡᠭᠰᠡᠨ ᠨᠡᠶᠢᠳᠠᠮ ᠪᠠᠶᠢᠴᠠᠭᠠᠯᠲᠠ ᠶᠢᠨ ᠵᠤᠬᠢᠶᠠᠨ ᠪᠠᠶᠢᠭᠤᠯᠤᠯᠲᠠ ᠶᠢᠨ ᠰᠢᠰᠲ᠋ᠧᠮ ᠨᠢ ᠬᠦᠮᠦᠨ ᠠᠮᠠ ᠶᠢᠨ ᠨᠠᠶᠢᠳᠡᠮ ᠪᠠᠶᠢᠴᠠᠭᠠᠯᠲᠠ ᠶᠢ ᠰᠠᠶᠢᠳᠤᠷ ᠵᠤᠬᠢᠶᠠᠨ ᠪᠠᠶᠢᠭᠤᠯᠤᠨ ᠬᠡᠷᠡᠭᠵᠢᠬᠦᠯᠬᠦ᠂ ᠡᠯ᠎ᠡ ᠵᠦᠢᠯ ᠤᠨ ᠨᠡᠶᠢᠳᠠᠮ ᠪᠠᠶᠢᠴᠠᠭᠠᠯᠲᠠ ᠶᠢᠨ ᠠᠷᠭ᠎ᠠ ᠬᠡᠮᠵᠢᠶ᠎ᠠ ᠶᠢ ᠨᠠᠶᠢᠳᠠᠪᠦᠷᠢᠵᠢᠭᠤᠯᠬᠤ  ᠳᠤ ᠴᠢᠩᠭ᠎ᠠ ᠬᠦᠴᠦᠲᠠᠢ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠪᠦᠬᠦ ᠤᠷᠤᠨ ᠤ 12 ᠠᠶᠢᠮᠠᠭ ᠬᠤᠳᠠ᠂ 108 ᠬᠤᠰᠢᠭᠤ ᠰᠢᠶᠠᠨ ︵ᠬᠤᠳᠠ᠂ ᠲᠤᠭᠤᠷᠢᠭ︶ ︵ᠳᠠᠪᠦᠨ ᠨᠡᠬᠡᠬᠡᠯᠲᠡ ᠶᠢᠨ ᠲᠤᠭᠤᠷᠢᠭ ᠪᠠᠭᠳᠠᠨ᠎ᠠ︶᠂ 1188 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠡᠶᠢᠳᠠᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠪᠠ᠃ ᠤᠯᠤᠰ ᠠᠴᠠ ᠱᠠᠲᠦ ᠬᠤᠪᠢᠶᠠᠨ ᠬᠠᠷᠢᠭᠤᠴᠠᠬᠤ ᠱᠠᠭᠠᠷᠳᠠᠯᠭ᠎ᠠ ᠶᠤᠰᠤᠭᠠᠷ᠂ ᠪᠦᠬᠦ ᠤᠷᠤᠨ ᠤ ᠡᠯ᠎ᠡ ᠱᠠᠳᠤᠨ ᠤ ᠵᠠᠰᠠᠭ ᠤᠨ ᠤᠷᠳᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠵᠠᠷᠣᠳᠠᠯ ᠢ ᠵᠤᠬᠢᠴᠠᠩᠭᠤᠢ ᠡᠳ᠋ ᠤᠨ ᠵᠠᠰᠠᠭ ᠤᠨ ᠳᠦᠰᠦᠪ ᠲᠤ ᠤᠷᠤᠭᠤᠯᠤᠨ ᠪᠠᠳᠤᠯᠠᠭ᠎ᠠ ᠳᠡᠮᠵᠢᠯᠭᠡ ᠦᠵᠡᠭᠦᠯᠵᠦ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠶᠠᠳᠠᠭᠤ ᠬᠦᠴᠢᠷᠲᠠᠯᠲᠠᠢ ᠰᠢᠶᠠᠨ ᠳᠤ ᠵᠤᠬᠢᠰᠲᠠᠢ ︽ᠬᠤᠶᠠᠷ ᠠᠵᠢᠯᠲᠠᠨ︾ ᠤ ᠨᠥᠬᠦᠪᠦᠷᠢ ᠤᠯᠭᠤᠨ᠎ᠠ᠃ ᠤᠳᠤᠬᠠᠨ ᠳᠤ ᠪᠦᠬᠦ ᠤᠷᠤᠨ ᠳᠤ ᠨᠡᠶᠢᠳᠠᠮ ᠪᠠᠶᠢᠴᠠᠭᠠᠯᠲᠠ ᠶᠢᠨ ᠳᠦᠰᠦᠪ ᠤᠨ ᠵᠠᠷᠤᠳᠠᠯ ᠢ ᠨᠡᠶᠢᠲᠡ 3.17 ᠳ᠋ᠦᠩᠰᠢᠭᠤᠷ ᠲᠦᠭᠦᠷᠢᠭ ᠨᠠᠶᠢᠳᠠᠪᠦᠷᠢᠵᠢᠭᠤᠯᠵᠠᠢ᠃ ᠬᠦᠮᠦᠨ ᠪᠦᠷᠢ ᠶᠢᠨ ᠳᠤᠮᠳᠠᠴᠢ ᠵᠠᠷᠤᠳᠠᠯ 12.48 ᠲᠦᠭᠦᠷᠢᠭ ᠲᠤ ᠬᠦᠷᠴᠦ᠂ ᠤᠯᠤᠰ ᠤᠨ ᠱᠠᠭᠠᠷᠳᠠᠯᠭ᠎ᠠ ᠳᠤ ᠬᠥᠷᠴᠠᠢ᠃ ᠪᠠᠶᠢᠭᠤᠯᠤᠮᠵᠢ᠂ ᠠᠵᠢᠯᠲᠠᠨ᠂ ᠵᠠᠷᠤᠳᠠᠯ᠂ ᠡᠳ᠋ ᠪᠤᠳᠠᠰ ᠤᠨ ᠪᠠᠲᠤᠯᠠᠭ᠎ᠠ ︽ᠳᠦᠷᠪᠡᠨ ᠨᠠᠶᠢᠳᠠᠪᠦᠷᠢᠵᠢᠭᠤᠯᠤᠯᠳᠠ︾ ᠶᠢ ᠦᠨᠡᠨ ᠬᠦ ᠪᠠᠳᠤᠯᠠᠵᠤ᠂ ᠨᠡᠶᠢᠳᠠᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠭᠤᠷᠢ ᠳᠠᠯᠪᠢᠪᠠ᠃     ︵ᠳᠥᠷᠪᠡ︶ ᠤᠬᠠᠭᠤᠯᠬᠤ ᠠᠷᠭ᠎ᠠ ᠮᠠᠶ᠋ᠢᠭ ᠢᠶᠠᠨ ᠪᠠᠶᠠᠯᠢᠭᠵᠢᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠮᠠᠨ ᠤ ᠤᠷᠤᠨ ᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠠᠵᠢᠯ ᠤᠨ ᠪᠤᠲᠠᠲᠦ ᠪᠠᠶᠢᠳᠠᠯ  ᠲᠠᠢ ᠤᠶᠠᠯᠳᠤᠭᠤᠯᠤᠨ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠯᠤᠲᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠤᠨ ᠬᠡᠷᠡᠭᠵᠢᠬᠦᠯᠬᠦ ᠲᠦᠰᠦᠯ︾ ᠢ ᠳᠤᠭᠳᠠᠭᠠᠵᠤ᠂ ᠤᠬᠠᠭᠤᠯᠭ᠎ᠠ ᠶᠢᠨ ᠡᠬᠢ ᠪᠠᠶᠠᠯᠢᠭ ᠢ ᠢᠳᠠᠪᠬᠢᠲᠠᠢ ᠨᠢᠭᠡᠳᠤᠯᠲᠠᠢ ᠲᠦᠯᠦᠪᠯᠡᠵᠦ᠂ ᠨᠡᠶᠢᠭᠡᠮ ᠤᠨ ᠦᠢᠯᠡᠴᠢᠯᠡᠭᠡᠨ ᠤ ᠨᠢᠭᠡᠴᠢ ᠶᠢ ᠪᠦᠬᠦ ᠲᠠᠯ᠎ᠠ ᠪᠠᠷ ᠳᠠᠶᠢᠴᠢᠯᠠᠵᠤ᠂ ᠤᠬᠠᠭᠤᠯᠭ᠎ᠠ ᠶᠢᠨ ᠠᠷᠭ᠎ᠠ ᠵᠠᠮ ᠢ ᠪᠦᠬᠦ ᠲᠠᠯ᠎ᠠ ᠪᠠᠷ ᠥᠷᠭᠡᠳᠭᠡᠵᠤ᠂ ᠬᠠᠨᠳᠤᠯᠭᠠᠲᠦ ᠴᠢᠨᠠᠷ ᠢᠶᠠᠷ ᠴᠢᠩᠭ᠎ᠠ᠂ ᠤᠯᠠᠨ ᠬᠡᠯᠪᠡᠷᠢ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠪᠦᠬᠦ ᠬᠠᠷᠠᠭᠠᠰᠤ᠂ ᠤᠯᠠᠨ ᠶᠠᠩᠵᠤᠴᠢᠯᠠᠭᠰᠠᠨ ᠤᠬᠠᠭᠤᠯᠭ᠎ᠠ ᠶᠢᠨ ᠪᠠᠶᠢᠷᠢᠰᠢᠯ ᠢ ᠪᠦᠷᠢᠯᠳᠦᠭᠦᠯᠵᠦ᠂ ᠤᠬᠠᠭᠤᠯᠭ᠎ᠠ ᠶᠢᠨ ᠪᠤᠳᠠᠲᠦ ᠦᠷ᠎ᠠ ᠪᠦᠲᠦᠮᠵᠢ ᠶᠢ ᠦᠨᠡᠨ ᠬᠦ ᠳᠡᠭᠡᠭᠰᠢᠯᠡᠬᠦᠯᠬᠦ ᠬᠡᠷᠡᠭᠲᠡᠢ᠃    ︵ᠲᠠᠪᠦ︶ ᠳᠤᠷᠰᠢᠯᠲᠠ ᠶᠢᠨ ᠴᠢᠭ ᠤᠨ ᠠᠵᠢᠯ ᠢ ᠨᠢᠭᠡᠳᠦᠯᠲᠠᠢ ᠳᠦᠯᠦᠪᠯᠡᠨ ᠳᠣᠬᠢᠷᠠᠭᠤᠯᠵᠤ᠂ ᠪᠤᠯᠪᠠᠰᠤᠷᠠᠭᠤᠯᠤᠯ ᠢ ᠢᠳᠡᠪᠬᠢᠲᠠᠢ ᠦᠷᠨᠢᠭᠦᠯᠬᠦ ᠬᠡᠷᠡᠭᠲᠡᠢ᠃ 5 ᠳ᠋ᠤᠭᠠᠷ ᠰᠠᠷ᠎ᠠ ᠶᠢᠨ 19 ᠤ ᠡᠳᠦᠷ᠂ ᠬᠦᠬᠡᠬᠤᠳᠠ ᠪᠤᠯᠤᠨ ᠤᠷᠳᠤᠰ ᠬᠤᠳᠠ ᠳᠤ ᠬᠤᠳᠠ ᠪᠤᠯᠤᠨ ᠬᠥᠳᠡᠭᠡ ᠳᠤᠰᠬᠤᠨ ᠢᠶᠠᠷ ᠲᠦᠯᠦᠭᠡᠯᠡᠭᠦᠯᠦᠭᠰᠡᠨ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠮᠤᠵᠢ ᠶᠢᠨ ᠲᠡᠰ ᠤᠨ ᠶᠡᠷᠦᠩᠬᠡᠶᠢᠯᠡᠭᠰᠡᠨ ᠳᠤᠷᠰᠢᠯᠲᠠ ᠶᠢ ᠦᠷᠨᠢᠭᠦᠯᠵᠦ᠂ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ ᠮᠤᠵᠢ ᠶᠢᠨ ᠱᠠᠳᠤᠨ ᠤ ᠳᠤᠷᠰᠢᠯᠲᠠ ᠶᠢᠨ ᠠᠵᠢᠯ ᠢ ᠨᠢᠭᠡᠨᠳᠠ ᠤᠷᠤᠭᠰᠢᠲᠠᠢ ᠪᠡᠶᠡᠯᠡᠬᠦᠯᠵᠦ᠂ ᠨᠢᠭᠡ ᠪᠦᠯᠦᠭ ᠬᠠᠭᠤᠯᠪᠦᠷᠢᠯᠠᠵᠤ ᠪᠤᠯᠬᠤ᠂ ᠳᠡᠯᠭᠡᠷᠡᠭᠦᠯᠵᠤ ᠪᠤᠯᠬᠤ ᠰᠠᠶᠢᠨ ᠳᠤᠷᠰᠢᠯᠭ᠎ᠠ᠂ ᠰᠠᠶᠢᠨ ᠠᠷᠭ᠎ᠠ ᠬᠢᠳᠡᠯ ᠢ ᠪᠦᠷᠢᠯᠳᠦᠭᠦᠯᠵᠦ᠂ ᠨᠡᠶᠢᠳᠠᠮ ᠪᠠᠶᠢᠴᠠᠭᠠᠯᠲᠠ ᠶᠢᠨ ᠪᠤᠲᠠᠲᠦ ᠳᠤᠷᠰᠢᠯᠭ᠎ᠠ ᠶᠢ ᠬᠤᠷᠠᠮᠳᠤᠭᠤᠯᠪᠠ᠃ 8 ᠳ᠋ᠤᠭᠠᠷ ᠰᠠᠷ᠎ᠠ ᠶᠢᠨ 10 ᠤ ᠡᠳᠦᠷ ᠠᠴᠠ 9 ᠳ᠋ᠦ᠋ᠭᠡᠷ ᠰᠠᠷ᠎ᠠ ᠶᠢᠨ 4 ᠤ ᠡᠳᠦᠷ ᠪᠤᠯᠳᠠᠯ᠎ᠠ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠰᠠᠷ᠎ᠠ ᠶᠢ ᠵᠤᠬᠢᠶᠠᠨ ᠪᠠᠶᠢᠭᠤᠯᠵᠤ᠂ ᠪᠦᠬᠦ ᠤᠷᠤᠨ ᠤ ᠡᠯ᠎ᠡ ᠠᠶᠢᠮᠠᠭ ᠬᠤᠳᠠ᠂ ᠬᠤᠰᠢᠭᠤ ᠰᠢᠶᠠᠨ᠂ ᠰᠢᠶᠠᠩ ᠪᠠᠯᠭᠠᠰᠤ ᠭᠤᠷᠪᠠᠨ ᠱᠠᠳᠤᠨ ᠤ ᠳᠤᠬᠠᠶᠢᠯᠠᠭᠰᠠᠨ ᠠᠵᠢᠯ ᠤᠨ ᠭᠤᠤᠯᠯᠠᠭᠴᠢ 2500 ᠭᠠᠷᠤᠢ ᠬᠦᠮᠦᠨ ᠳᠤ ᠳᠦᠪᠯᠡᠷᠡᠭᠦᠯᠦᠨ᠂ ᠨᠡᠶᠢᠳᠠᠮ ᠪᠠᠶᠢᠴᠠᠭᠠᠯᠲᠠ ᠶᠢᠨ ᠲᠦᠰᠦᠯ ᠪᠤᠯᠤᠨ ᠠᠵᠢᠯ ᠤᠨ ᠨᠠᠷᠢᠨ ᠳᠦᠷᠢᠮ᠂ ᠨᠡᠶᠢᠳᠠᠮ ᠪᠠᠶᠢᠴᠠᠭᠠᠯᠲᠠ ᠶᠢᠨ ᠬᠠᠦᠯᠢ ᠳᠤᠭᠲᠠᠭᠠᠯ ᠬᠢᠭᠡᠳ ᠰᠠᠬᠢᠯᠭ᠎ᠠ ᠪᠠᠲᠤ ᠶᠢᠨ ᠱᠠᠭᠠᠷᠳᠠᠯᠭ᠎ᠠ᠂ ᠡᠷᠦᠭᠡ ᠳᠤ ᠤᠷᠤᠬᠤ ᠤᠷ᠎ᠠ ᠮᠡᠷᠭᠡᠵᠢᠯ ᠪᠤᠯᠤᠨ ᠨᠡᠶᠢᠳᠠᠮ ᠪᠠᠶᠢᠴᠠᠭᠠᠯᠲᠠ ᠶᠢᠨ ᠠᠵᠢᠯ ᠤᠨ ᠪᠤᠳᠠᠲᠦ ᠶᠠᠪᠤᠳᠠᠯ᠂ ᠲᠤᠭ᠎ᠠ ᠪᠠᠷᠢᠮᠳᠠ ᠶᠢ ᠴᠤᠭᠯᠠᠭᠤᠯᠤᠨ ᠰᠢᠢᠳᠪᠦᠷᠢᠯᠡᠬᠦ ᠴᠤᠪᠤᠷᠠᠯ ᠬᠢᠭᠡᠳ ᠳᠡᠰ ᠳᠠᠷᠠᠭᠠᠯᠠᠯ ᠵᠡᠷᠭᠡ ᠳᠤ ᠪᠦᠬᠦ ᠲᠠᠯ᠎ᠠ ᠶᠢᠨ ᠰᠢᠰᠲ᠋ᠧᠮ ᠲᠠᠢ ᠪᠤᠯᠪᠠᠰᠤᠷᠠᠭᠤᠯᠤᠯ ᠬᠢᠬᠦ ᠬᠡᠷᠡᠭᠲᠡᠢ᠃    ︵ᠵᠢᠷᠭᠤᠭ᠎ᠠ︶ ︽ᠬᠤᠶᠠᠷ  ᠪᠠᠶᠢᠴᠠᠭᠠᠴᠢ︾  ᠶᠢ ᠰᠢᠯᠢᠳᠡᠭ ᠢ ᠨᠢ ᠰᠣᠩᠭᠤᠨ ᠳᠤᠬᠢᠷᠠᠭᠤᠯᠵᠤ᠂ ᠨᠡᠶᠢᠳᠠᠮ ᠪᠠᠶᠢᠴᠠᠭᠠᠯᠲᠠ ᠶᠢᠨ ᠡᠩᠨᠡᠭᠡ ᠶᠢ ᠰᠠᠶᠢᠳᠤᠷ ᠪᠠᠶᠢᠭᠤᠯᠬᠤ ᠬᠡᠷᠡᠭᠲᠡᠢ᠃ ᠪᠦᠬᠦ ᠤᠷᠤᠨ ᠳᠤ ︽ᠬᠤᠶᠠᠷ ᠠᠵᠢᠯᠲᠠᠨ︾ ︵ᠨᠡᠶᠢᠳᠠᠮ ᠪᠠᠶᠢᠴᠠᠭᠠᠯᠲᠠ ᠶᠢᠨ ᠵᠢᠭᠠᠨ ᠵᠢᠯᠤᠭᠤᠳᠤᠭᠴᠢ ᠪᠠ ᠨᠡᠶᠢᠳᠠᠮ ᠪᠠᠶᠢᠴᠠᠭᠠᠭᠴᠢ︶ ᠶᠢ ᠰᠤᠩᠭᠤᠨ ᠤᠷᠢᠬᠤ ᠠᠵᠢᠯ ᠢ ᠡᠮᠬᠢ ᠵᠢᠷᠦᠮ ᠲᠠᠢ ᠪᠠᠷ ᠦᠷᠨᠢᠭᠦᠯᠵᠦ᠂ ᠰᠤᠩᠭᠤᠨ ᠤᠷᠢᠬᠤ ᠵᠠᠷᠴᠢᠮ ᠪᠤᠯᠤᠨ ᠨᠦᠭᠦᠴᠡᠯ ᠢ ᠦᠨᠳᠦᠰᠦᠯᠡᠨ ᠪᠤᠭᠤᠮᠳᠠ ᠶᠢ ᠴᠢᠩᠭ᠎ᠠ ᠠᠳᠬᠤᠵᠤ᠂ ᠨᠠᠷᠢᠨ ᠨᠢᠮᠪᠠᠢ ᠰᠤᠩᠭᠤᠵᠤ᠂ ᠬᠤᠰᠢᠭᠤ ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠤᠰᠬᠤᠨ ︵ᠨᠡᠶᠢᠭᠡᠮ ᠲᠤᠭᠤᠷᠢᠭ︶ ᠭᠤᠷᠪᠠᠨ ᠱᠠᠲᠦ ᠪᠠᠷ ᠪᠦᠷᠢᠯᠳᠤᠭ᠍ᠰᠡᠨ ᠤᠯᠤᠰ ᠲᠦᠷᠦ ᠦᠵᠡᠯ ᠰᠠᠨᠠᠭ᠎ᠠ ᠨᠢ ᠰᠠᠶᠢᠨ᠂ ᠶᠡᠷᠦᠩᠬᠡᠶᠢᠯᠡᠭᠰᠡᠨ ᠬᠡᠪ ᠴᠢᠨᠠᠷ ᠨᠢ ᠦᠨᠳᠦᠷ᠂ ᠬᠠᠷᠢᠭᠤᠴᠠᠯᠭ᠎ᠠ ᠶᠢᠨ ᠤᠬᠠᠮᠰᠠᠷ ᠨᠢ ᠴᠢᠩᠭ᠎ᠠ ᠨᠢᠭᠡᠨ ᠰᠠᠯᠠᠭ᠎ᠠ ᠨᠡᠶᠢᠳᠠᠮ ᠪᠠᠶᠢᠴᠠᠭᠠᠯᠲᠠ ᠶᠢᠨ ᠡᠩᠨᠡᠭᠡ ᠶᠢ ᠵᠤᠬᠢᠶᠠᠨ ᠪᠠᠶᠢᠭᠤᠯᠪᠠ᠃ ᠪᠦᠬᠦ ᠤᠷᠤᠨ ᠤ ︽ᠬᠤᠶᠠᠷ ᠠᠵᠢᠯᠲᠠᠨ︾ ᠤ ᠬᠦᠮᠦᠨ ᠤ ᠲᠤᠭ᠎ᠠ13.7 ᠲᠦᠮᠡ ᠭᠠᠷᠤᠢ ᠪᠠᠶᠢᠵᠤ᠂ ᠨᠡᠶᠢᠳᠠᠮ ᠪᠠᠶᠢᠴᠠᠭᠠᠯᠲᠠ ᠶᠢᠨ ᠲᠤᠭᠤᠷᠢᠭ ᠨᠢᠭᠡᠪᠦᠷᠢ ᠳᠤ ᠠᠳᠠᠭ ᠲᠠᠭᠠᠨ 1 ᠨᠡᠷᠡᠰ ᠨᠡᠶᠢᠳᠠᠮ ᠪᠠᠶᠢᠴᠠᠭᠠᠯᠲᠠ ᠶᠢᠨ ᠵᠢᠯᠤᠭᠤᠳᠤᠭᠴᠢ ᠳᠤᠬᠢᠷᠠᠭᠤᠯᠵᠤ᠂ ᠨᠡᠶᠢᠳᠠᠮ ᠪᠠᠶᠢᠴᠠᠭᠠᠯᠲᠠ ᠶᠢᠨ ᠲᠤᠭᠤᠷᠢᠭ ᠨᠢᠭᠡᠪᠦᠷᠢ ᠳᠤ ᠠᠳᠠᠭ ᠲᠠᠭᠠᠨ 1 ᠨᠡᠶᠢᠳᠠᠮ ᠪᠠᠶᠢᠴᠠᠭᠠᠭᠴᠢ ᠳᠤᠬᠢᠷᠠᠭᠤᠯᠬᠤ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠨ᠎ᠠ᠃    ︵ᠳᠤᠯᠤᠭ᠎ᠠ︶ ᠡᠷᠦᠬᠡ ᠠᠮᠠ ᠶᠢᠨ ᠴᠡᠭᠴᠡᠯᠡᠯᠲᠡ ᠯᠠᠪᠳᠠᠭᠤᠨ ᠪᠠᠲᠤᠲᠠᠢ ᠪᠠᠶᠢᠵᠤ᠂ ᠢᠯᠡᠳᠳᠡ ᠦᠷ᠎ᠡ ᠪᠦᠳᠦᠮᠵᠢ ᠣᠯᠪᠠ᠃ ᠦᠪᠡᠷᠳᠡᠭᠡᠨ ᠵᠠᠰᠠᠬᠤ ᠤᠷᠤᠨ ᠤ ᠲᠤᠳᠤᠭᠠᠲᠦ ᠶᠢ ᠬᠠᠮᠠᠭᠠᠯᠠᠬᠤ ᠳᠢᠩᠬᠢᠮ ᠲᠦᠷᠦᠭᠦᠯᠦᠨ ᠪᠦᠬᠦ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ᠂ ᠲᠦᠷ ᠰᠠᠭᠤᠭ᠎ᠠ ᠬᠦᠮᠦᠨ ᠠᠮᠠ ᠶᠢᠨ ᠦᠨᠳᠦᠰᠤᠨ ᠪᠠᠶᠢᠳᠠᠯ ᠪᠠ ᠲᠤᠭ᠎ᠠ ᠪᠠᠷᠢᠮᠳᠠ ᠶᠢᠨ ᠮᠠᠲ᠋ᠧᠷᠢᠶᠠᠯ ᠢ ᠨᠠᠷᠢᠨ ᠨᠢᠮᠪᠠᠢ ᠬᠢᠨᠠᠨ ᠬᠠᠷᠭᠤᠭᠤᠯᠤᠭᠠᠳ᠂ ᠲᠤᠮᠦ ᠳ᠋ᠠᠶᠢᠲ᠋ᠠ᠂ ᠮᠡᠳᠡᠭᠡ ᠵᠠᠩᠭᠢᠵᠢᠯᠳᠠ ᠶᠢᠨ ᠠᠷᠭ᠎ᠠ ᠪᠠᠷᠢᠯ ᠢᠶᠠᠷ ᠳᠤᠯᠭᠠᠭᠤᠷᠢᠯᠠᠵᠤ᠂ ᠨᠢᠭᠡ ᠪᠦᠯᠦᠭ ᠡᠷᠦᠬᠡ ᠠᠮᠠ ᠶᠢ ᠳᠠᠬᠢᠨ ᠳᠠᠪᠳᠠᠨ ᠳᠠᠩᠰᠠᠯᠠᠭᠤᠯᠤᠭᠰᠠᠨ᠂ ᠬᠦᠴᠦᠨ ᠦᠭᠡᠢ ᠪᠤᠯᠭᠠᠭᠰᠠᠨ ᠦᠭᠡᠢ ᠡᠷᠦᠬᠡ ᠠᠮᠠ ᠶᠢ ᠬᠦᠴᠦᠨ ᠦᠭᠡᠢ ᠪᠤᠯᠭᠠᠭᠰᠠᠨ᠂ ᠨᠢᠭᠡ ᠪᠦᠯᠦᠭ ᠡᠷᠦᠬᠡ ᠠᠮᠠ ᠶᠢᠨ ᠳᠠᠩᠰᠠᠯᠠᠯᠲᠠ ᠪᠤᠷᠤᠭᠤ ᠶᠢ ᠵᠠᠯᠠᠷᠠᠭᠤᠯᠤᠭᠰᠠᠨ᠂ ᠨᠢᠭᠡ ᠪᠦᠯᠦᠭ ᠡᠷᠦᠬᠡ ᠠᠮᠠ ᠦᠭᠡᠢ ᠬᠦᠮᠦᠰ ᠤᠨ ᠡᠷᠦᠬᠡ ᠠᠮᠠ ᠶᠢ ᠳᠠᠩᠰᠠᠯᠠᠭᠤᠯᠵᠠᠢ᠃ ᠬᠦᠮᠦᠨ ᠠᠮᠠ ᠶᠢᠨ ᠮᠠᠲ᠋ᠧᠷᠢᠶᠠᠯ ᠢ ᠨᠡᠩ ᠪᠦᠬᠦ ᠲᠠᠯ᠎ᠠ ᠪᠠᠷ ᠪᠤᠲᠠᠲᠠᠶᠢᠵᠢᠭᠤᠯᠬᠤ ᠠᠵᠢᠯ ᠤᠨ ᠬᠠᠷᠠᠯᠲᠠ ᠶᠢ ᠪᠡᠶᠡᠯᠡᠬᠦᠯᠵᠦ᠂ ᠱᠠᠲᠦ ᠥᠶ᠎ᠡ ᠶᠢᠨ ᠴᠢᠨᠠᠷᠲᠠᠢ ᠢᠯᠡᠳᠳᠡ ᠦᠷ᠎ᠡ ᠪᠦᠳᠦᠮᠵᠢ ᠣᠯᠪᠠ᠃    ︵ᠨᠠᠢᠮᠠ︶ ᠤᠷᠤᠨ ᠤ ᠬᠤᠪᠢᠶᠠᠷᠢᠯᠡᠯ ᠤᠨ ᠵᠢᠷᠤᠭ ᠵᠢᠷᠤᠬᠤ ᠨᠢ ᠵᠢᠷᠦᠮᠵᠢᠯ ᠲᠠᠢ᠂ ᠶᠠᠰᠤ ᠴᠢᠨᠠᠷ ᠤᠨ ᠪᠠᠷᠢᠮᠵᠢᠶ᠎ᠠ ᠳᠤ ᠬᠦᠷᠬᠦ ᠳᠤ ᠲᠦᠷᠦᠭᠦᠯᠡᠬᠦ ᠬᠡᠷᠡᠭᠲᠡᠢ᠃ 8 ᠳ᠋ᠤᠭᠠᠷ ᠰᠠᠷ᠎ᠠ ᠶᠢᠨ 30 ᠤ ᠡᠳᠦᠷ ᠪᠤᠯᠲᠠᠯ᠎ᠠ᠂ ᠪᠦᠬᠦ ᠤᠷᠤᠨ ᠳᠤ 108 ᠬᠤᠰᠢᠭᠤ ᠰᠢᠶᠠᠨ ︵ᠳᠠᠪᠦᠨ ᠨᠡᠭᠡᠭᠡᠯᠲᠡ ᠶᠢᠨ ᠲᠤᠭᠤᠷᠢᠭ ᠪᠠᠭᠲᠠᠨ᠎ᠠ  ︶ ᠤ ᠬᠢᠯᠢ ᠶᠢᠨ ᠵᠠᠭᠠᠭ ᠢ ᠬᠢᠨᠠᠨ ᠬᠠᠷᠭᠤᠭᠤᠯᠵᠤ᠂ 1188 ᠰᠢᠶᠠᠩ ᠪᠠᠯᠭᠠᠰᠤ ︵ᠰᠢᠶᠠᠩ ᠤᠨ ᠱᠠᠳᠤᠨ ᠤ ᠨᠡᠶᠢᠳᠠᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠨᠡᠮᠡᠵᠦ ᠪᠠᠶᠢᠭᠤᠯᠬᠤ ᠪᠠᠭᠳᠠᠨ᠎ᠠ︶ ᠶᠢᠨ ᠬᠢᠯᠢ ᠶᠢᠨ ᠵᠠᠭᠠᠭ ᠢ ᠬᠢᠨᠠᠨ ᠮᠠᠭᠠᠳᠯᠠᠭᠰᠠᠨ ᠪᠠ ᠨᠤᠳᠠᠯᠠᠭᠰᠠᠨ ᠪᠠᠶᠢᠨ᠎ᠠ᠃ ᠨᠡᠶᠢᠳᠠᠮ ᠪᠠᠶᠢᠴᠠᠭᠠᠯᠲᠠ ᠶᠢᠨ ᠲᠤᠭᠤᠷᠢᠭ 14426᠂ ᠨᠡᠶᠢᠳᠠᠮ ᠪᠠᠶᠢᠴᠠᠭᠠᠯᠲᠠ ᠶᠢᠨ ᠲᠤᠭᠤᠷᠢᠭ 120371 ᠪᠤᠢ᠃ ᠨᠡᠶᠢᠲᠡ 433.3 ᠲᠦᠮᠡᠨ ᠪᠠᠷᠢᠯᠭ᠎ᠠ ᠵᠢᠷᠦᠵᠤ᠂ ᠵᠢᠷᠦᠭ᠌ᠯᠠᠭᠰᠠᠨ ᠪᠠᠷᠢᠯᠭ᠎ᠠ ᠶᠢ ᠬᠦᠨᠳᠦ ᠦᠭᠡᠢ ᠤᠷᠬᠢᠭᠳᠠᠭᠤᠯᠬᠤ ᠦᠭᠡᠢ᠂ ᠮᠡᠳᠡᠭᠡ ᠵᠠᠩᠭᠢ ᠶᠢ ᠳᠠᠭᠯᠠᠨ ᠪᠢᠴᠢᠬᠦ ᠶᠢ ᠵᠢᠷᠦᠮᠵᠢᠭᠤᠯᠵᠤ᠂ ᠬᠠᠮᠢᠶ᠎ᠠ ᠪᠦᠬᠦᠢ ᠶᠠᠰᠤ ᠴᠢᠨᠠᠷ ᠤᠨ ᠭᠦᠢᠴᠡᠳᠭᠡᠯ ᠲᠤᠭ᠎ᠠ ᠶᠢ ᠤᠯᠤᠰ ᠤᠨ ᠪᠠᠷᠢᠮᠵᠢᠶ᠎ᠠ ᠳᠤ ᠬᠦᠷᠦᠭᠦᠯᠦᠨ᠎ᠡ᠃    ︵ᠶᠢᠰᠦ︶ ᠮᠠᠲ᠋ᠧᠷᠢᠶᠠᠯ ᠢ ᠬᠠᠷᠭᠤᠭᠤᠯᠵᠤ᠂ ᠲᠤᠭ᠎ᠠ ᠪᠠᠷᠢᠮᠳᠠ ᠶᠢᠨ ᠶᠠᠰᠤ ᠴᠢᠨᠠᠷ ᠢ ᠦᠨᠡᠨᠬᠦ ᠪᠠᠳᠤᠯᠠᠬᠤ ᠬᠡᠷᠡᠭᠲᠡᠢ᠃ ᠪᠦᠬᠦ ᠤᠷᠤᠨ ᠤ ᠬᠦᠮᠦᠨ ᠠᠮᠠ ᠶᠢᠨ ᠵᠠᠰᠠᠭ ᠵᠠᠬᠢᠷᠭᠠᠨ ᠤ ᠳᠠᠩᠰᠠᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ ᠡᠮᠬᠢᠯᠡᠬᠦ ᠡᠨᠡ ᠬᠦ ᠰᠠᠭᠤᠷᠢ ᠴᠢᠨᠠᠷᠲᠠᠢ ᠠᠵᠢᠯ ᠢ ᠨᠠᠷᠢᠨ ᠬᠢᠨᠠᠮᠠᠭᠠᠢ ᠦᠷᠨᠢᠭᠦᠯᠵᠦ᠂ ᠡᠳᠦᠷ ᠲᠤᠳᠤᠮ ᠤᠨ ᠪᠠᠶᠢᠳᠠᠯ ᠢ ᠦᠢᠯᠠᠭᠠᠨ ᠵᠢᠭᠰᠠᠭᠠᠬᠤ ᠠᠵᠢᠯ ᠢ ᠴᠢᠩᠭᠠᠳᠬᠠᠵᠤ᠂ ᠴᠠᠭ ᠢᠮᠠᠭᠳᠠ ᠢᠯᠡᠷᠡᠭᠦᠯᠦᠨ ᠴᠠᠭ ᠢᠮᠠᠭᠳᠠ ᠳᠠᠩᠰᠠᠯᠠᠬᠤ ᠶᠢ ᠦᠨᠡᠨ ᠬᠦ ᠪᠠᠳᠤᠯᠠᠵᠤ᠂ ᠴᠢᠬᠤᠯᠠᠴᠢᠯᠠᠬᠤ ᠦᠭᠡᠢ ᠭᠤᠭᠤᠵᠢᠭᠤᠯᠬᠤ ᠦᠭᠡᠢ᠂ ᠬᠠᠮᠳᠤ ᠳᠤᠨᠢ ᠲᠤᠳᠤᠭᠠᠲᠦ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ ᠵᠠᠷᠭᠡ ᠰᠠᠯᠭ᠎ᠠ ᠮᠦᠴᠢᠷ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠮᠠᠲ᠋ᠧᠷᠢᠶᠠᠯ ᠤᠯᠬᠤ ᠴᠠᠭ ᠲᠤᠬᠠᠢ ᠳᠤᠨᠢ ᠬᠠᠷᠭᠤᠭᠤᠯᠤᠨ᠂ ᠲᠦᠷᠦᠭᠰᠡᠨ᠂ ᠦᠭᠦᠭᠰᠡᠨ ᠬᠦᠮᠦᠨ ᠠᠮᠠ ᠶᠢ ᠨᠠᠷᠢᠯᠢᠭ ᠨᠠᠶᠢᠳᠠᠪᠦᠷᠢᠵᠢᠭᠤᠯᠬᠤ ᠡᠷᠦᠬᠡ ᠳᠤ ᠬᠦᠷᠭᠡᠬᠦ ᠶᠢ ᠦᠨᠡᠨ ᠬᠦ ᠪᠠᠳᠤᠯᠠᠵᠤ᠂ ᠬᠦᠮᠦᠨ ᠠᠮᠠ ᠶᠢᠨ ᠦᠨᠳᠦᠰᠦᠨ ᠪᠠᠶᠢᠳᠠᠯ ᠵᠢᠴᠢ ᠬᠤᠪᠢᠷᠠᠯᠲᠠ ᠶᠢᠨ ᠬᠠᠨᠳᠤᠰᠢ ᠶᠢ ᠴᠠᠭ ᠳᠤᠬᠠᠢ ᠳᠤᠨᠢ ᠡᠵᠡᠮᠰᠢᠵᠤ᠂ ᠨᠡᠶᠢᠳᠠᠮ ᠪᠠᠶᠢᠴᠠᠭᠠᠯᠲᠠ ᠶᠢᠨ ᠪᠠᠶᠢᠳᠠᠯ ᠢ ᠤᠶᠢᠯᠠᠭᠠᠬᠤ ᠪᠠ ᠳᠠᠩᠰᠠᠯᠠᠨ ᠳᠠᠬᠢᠨ ᠪᠠᠶᠢᠴᠠᠭᠠᠬᠤ ᠳᠤ ᠰᠠᠶᠢᠳᠤᠷ ᠪᠡᠯᠡᠳᠭᠡᠯ ᠬᠢᠬᠦ ᠬᠡᠷᠡᠭᠲᠡᠢ᠃    ᠭᠤᠷᠪᠠ᠂ ᠳᠠᠷᠠᠭ᠎ᠠ ᠨᠢᠭᠡ ᠱᠠᠲᠦ ᠦᠶ᠎ᠡ ᠶᠢᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠵᠢᠯ ᠤᠨ ᠳᠤᠬᠢᠷᠠᠭᠤᠯᠤᠯᠳᠠ    ᠤᠳᠤᠬᠠᠨ ᠳᠤ᠂ ᠪᠦᠬᠦ ᠤᠷᠤᠨ ᠤ ᠡᠯ᠎ᠡ ᠭᠠᠵᠠᠷ ᠤᠷᠤᠨ ᠨᠡᠶᠢᠳᠠᠮ ᠪᠠᠶᠢᠴᠠᠭᠠᠯᠲᠠ ᠶᠢᠨ ᠪᠠᠶᠢᠳᠠᠯ ᠢ ᠤᠶᠢᠯᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠦᠷᠨᠢᠭᠦᠯᠵᠦ ᠪᠠᠶᠢᠨ᠎ᠠ᠃ ᠲᠤᠰ ᠠᠵᠢᠯ ᠢ 10 ᠳ᠋ᠤᠭᠠᠷ ᠰᠠᠷ᠎ᠠ ᠶᠢᠨ 31 ᠤ ᠡᠳᠦᠷ ᠪᠦᠬᠦᠨ ᠢᠶᠠᠷ ᠨᠢ ᠳᠠᠭᠤᠰᠬᠠᠨ᠎ᠠ᠃ 11 ᠳ᠋ᠦ᠋ᠭᠡᠷ ᠰᠠᠷ᠎ᠠ ᠶᠢᠨ 1 ᠤ ᠡᠳᠦᠷ ᠠᠴᠠ 30 ᠤ ᠡᠳᠦᠷ ᠪᠤᠯᠲᠠᠯ᠎ᠠ᠂ ᠡᠯ᠎ᠡ ᠱᠠᠳᠤᠨ ᠤ ᠨᠡᠶᠢᠳᠠᠮ ᠪᠠᠶᠢᠴᠠᠭᠠᠯᠲᠠ ᠶᠢᠨ ᠪᠠᠶᠢᠭᠤᠯᠤᠮᠵᠢ᠂ ᠦᠷᠭᠡᠨ ᠤᠯᠠᠨ ᠨᠡᠶᠢᠳᠠᠮ ᠪᠠᠶᠢᠴᠠᠭᠠᠯᠲᠠ ᠶᠢᠨ ᠠᠵᠢᠯᠳᠠᠳ ᠲᠦᠷᠦ ᠶᠢᠨ ᠶᠠᠪᠦᠳᠠᠯ ᠤᠨ ᠬᠤᠷᠢᠶᠠᠨ ᠤ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠨᠢᠭᠡᠳᠤᠯᠲᠠᠢ ᠪᠠᠶᠢᠷᠢᠯᠠᠭᠤᠯᠤᠯᠳᠠ ᠶᠤᠰᠤᠭᠠᠷ ᠰᠢᠢᠳᠪᠦᠷᠢᠲᠦ ᠪᠠᠶᠢᠯᠳᠤᠭᠠᠨ ᠬᠢᠵᠦ ᠰᠢᠢᠳᠪᠦᠷᠢᠲᠦ ᠢᠯᠡᠯᠳᠠ ᠤᠯᠬᠤ ᠤᠬᠠᠮᠰᠠᠷ ᠢ ᠪᠤᠢ ᠪᠤᠯᠭᠠᠵᠤ᠂ ᠨᠡᠶᠢᠳᠠᠮ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢᠨ ᠶᠠᠰᠤ ᠴᠢᠨᠠᠷ ᠤᠨ ᠡᠨᠡ ᠬᠦ ᠬᠥᠪᠴᠢ ᠶᠢ ᠴᠢᠩᠭᠠᠯᠠᠵᠤ᠂ ᠠᠵᠢᠯ ᠤᠨ ᠭᠤᠤᠯᠳᠠᠯᠭ᠎ᠠ ᠪᠠᠨ ᠪᠤᠲᠠᠲᠠᠶᠢᠵᠢᠭᠤᠯᠤᠨ ᠬᠥᠴᠦᠯᠡᠵᠦ᠂ ᠲᠤᠳᠠᠭᠤᠳᠠᠯ ᠵᠦᠭ ᠬᠥᠴᠥᠯᠡᠨ᠂ ᠦᠨᠳᠦᠰᠤᠨ ᠱᠠᠲᠤ ᠳᠠᠰᠢ ᠰᠢᠯᠵᠢᠭᠦᠯᠵᠦ᠂ ᠬᠦᠮᠦᠨ ᠠᠮᠠ ᠶᠢᠨ ᠨᠡᠶᠢᠳᠠᠮ ᠪᠠᠶᠢᠴᠠᠭᠠᠯᠳᠠ ᠶᠢ ᠡᠷᠦᠬᠡ ᠳᠤ ᠤᠷᠤᠭᠤᠯᠵᠤ ᠳᠠᠩᠰᠠᠯᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠡᠯᠳᠠ ᠶᠢ ᠡᠷᠡᠰ ᠳᠠᠮᠡᠴᠡᠨ ᠤᠯᠤᠨ᠎ᠠ᠃    ᠨᠢᠭᠡ ᠳᠤ ᠬᠠᠦᠯᠢ ᠶᠤᠰᠤᠭᠠᠷ ᠨᠡᠶᠢᠳᠠᠮ ᠪᠠᠶᠢᠴᠠᠭᠠᠯᠲᠠ ᠬᠢᠵᠦ᠂ ᠡᠷᠦᠬᠡ ᠳᠤ ᠤᠷᠤᠵᠤ ᠪᠠᠶᠢᠳᠠᠯ ᠢ ᠤᠶᠢᠯᠠᠭᠠᠬᠤ ᠪᠠ ᠡᠷᠦᠬᠡ ᠳᠤ ᠤᠷᠤᠵᠦ ᠳᠠᠩᠰᠠᠯᠠᠨ ᠳᠠᠮᠳᠡᠭᠯᠡᠬᠦ ᠠᠵᠢᠯ ᠢ ᠴᠢᠨᠠᠷ ᠰᠠᠶᠢᠲᠠᠢ ᠪᠡᠶᠡᠯᠡᠬᠦᠯᠦᠨ᠎ᠡ᠃ ᠨᠡᠶᠢᠳᠠᠮ ᠪᠠᠶᠢᠴᠠᠭᠠᠯᠲᠠ ᠨᠢ ︽ᠪᠦᠬᠦᠳᠠ ᠨᠠᠶᠢᠷᠠᠮᠳᠠᠬᠤ ᠳᠤᠮᠳᠠᠲᠦ ᠠᠷᠠᠳ ᠤᠯᠤᠰ ᠠᠴᠠ ᠲᠤᠭ᠎ᠠ ᠪᠦᠷᠢᠳᠭᠡᠯ ᠤᠨ ᠬᠠᠦᠯᠢ︾᠂ ︽ᠪᠦᠬᠦ ᠤᠯᠤᠰ ᠤᠨ ᠬᠦᠮᠦᠨ ᠠᠮᠠ ᠶᠢᠨ ᠨᠠᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠦᠯᠢ ᠴᠠᠭᠠᠵᠠ ᠬᠠᠦᠯᠢ ᠳᠤᠭᠳᠠᠭᠠᠯ ᠢ ᠴᠢᠩᠭ᠎ᠠ ᠨᠠᠶᠢᠳᠠᠪᠦᠷᠢᠵᠢᠭᠤᠯᠬᠤ᠂ ᠨᠡᠶᠢᠳᠠᠮ ᠪᠠᠶᠢᠴᠠᠭᠠᠯᠲᠠ ᠶᠢᠨ ᠪᠠᠶᠢᠭᠤᠯᠤᠮᠵᠢ ᠪᠤᠯᠤᠨ ᠨᠡᠶᠢᠳᠠᠮ ᠪᠠᠶᠢᠴᠠᠭᠠᠯᠲᠠ ᠶᠢᠨ ᠠᠵᠢᠯᠳᠠᠳ ᠡᠷᠬᠡᠪᠰᠢ ᠬᠠᠦᠯᠢ ᠪᠠᠷ ᠵᠠᠰᠠᠬᠤ ᠤᠬᠠᠮᠰᠠᠷ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠤᠯᠭᠠᠵᠤ᠂ ᠨᠢᠭᠤᠴᠡ ᠶᠢ ᠬᠠᠮᠠᠭᠠᠯᠠᠬᠤ ᠡᠭᠦᠷᠭᠡ ᠪᠠᠨ ᠴᠢᠩᠭ᠎ᠠ ᠭᠦᠢᠴᠡᠳᠭᠡᠵᠤ᠂ ᠨᠡᠶᠢᠳᠠᠮ ᠪᠠᠶᠢᠴᠠᠭᠠᠯᠲᠠ ᠶᠢᠨ ᠦᠷ᠎ᠡ ᠳ᠋ᠦᠩ ᠢ ᠡᠷᠬᠡᠪᠰᠢ ᠨᠡᠶᠢᠳᠠᠮ ᠪᠠᠶᠢᠴᠠᠭᠠᠯᠲᠠ ᠶᠢᠨ ᠵᠣᠷᠢᠯᠭ᠎ᠠ ᠳᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠨᠡᠶᠢᠳᠠᠮ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢᠨ ᠶᠠᠰᠤ ᠴᠢᠨᠠᠷ ᠤᠨ ᠠᠮᠢᠨ ᠱᠤᠭᠤᠮ ᠢ ᠪᠠᠲᠤ ᠰᠠᠬᠢᠨ᠎ᠠ᠃ ᠨᠡᠶᠢᠳᠠᠮ ᠪᠠᠶᠢᠴᠠᠭᠠᠭᠳᠠᠬᠤ ᠡᠲᠡᠭᠡᠳ ᠲᠤᠭ᠎ᠠ ᠪᠠᠷᠢᠮᠳᠠ ᠶᠢ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠦᠭᠡᠢ᠂ ᠤᠳᠠᠭᠠᠰᠢᠷᠠᠭᠤᠯᠤᠨ ᠮᠡᠳᠡᠭᠦᠯᠵᠦ ᠪᠤᠯᠬᠤ ᠦᠭᠡᠢ᠂ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠪᠦᠬᠦ ᠲᠠᠯ᠎ᠠ ᠪᠠᠷ ᠳᠠᠩᠰᠠᠯᠠᠨ ᠳᠠᠮᠳᠡᠭᠯᠡᠵᠦ᠂ ᠨᠢᠭᠡ ᠡᠷᠦᠬᠡ ᠶᠢ ᠴᠦ ᠤᠷᠬᠢᠭᠳᠠᠭᠤᠯᠬᠤ ᠦᠭᠡᠢ ᠪᠠᠶᠢᠵᠤ᠂ ᠨᠢᠭᠡ ᠬᠥᠮᠦᠨ ᠢ ᠴᠢᠬᠤᠯᠠᠴᠢᠯᠠᠬᠤ ᠦᠭᠡᠢ ᠪᠤᠯ ᠨᠡᠶᠢᠳᠠᠮ ᠪᠠᠶᠢᠴᠠᠭᠠᠭᠳᠠᠬᠤ ᠡᠲᠡᠭᠡᠳ ᠢ ᠪᠦᠬᠦ ᠲᠠᠯ᠎ᠠ ᠪᠠᠷ ᠪᠦᠷᠢᠳᠦᠭᠦᠯᠵᠦ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠳᠠ ᠨᠢ ᠦᠨᠡᠨ ᠪᠣᠳᠠᠲᠠᠢ ᠤᠨᠤᠪᠴᠢᠲᠠᠢ ᠪᠦᠭᠡᠳ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠬᠤᠶᠠᠷ ᠲᠤ᠂ ︽ᠬᠤᠶᠠᠷ  ᠭᠡᠰᠢᠭᠦᠨ︾ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ︽ᠬᠤᠶᠠᠷ   ᠭᠡᠰᠢᠭᠦᠨ︾ ᠤ ᠡᠩᠨᠡᠭᠡ ᠶᠢᠨ ᠲᠤᠭᠳᠠᠭᠤᠨ ᠪᠦᠬᠡᠳ ᠦᠨᠳᠦᠷ ᠪᠦᠲᠦᠮᠵᠢᠲᠠᠢ ᠪᠠᠶᠢᠬᠤ ᠶᠢ ᠦᠨᠡᠨ ᠬᠦ ᠪᠠᠳᠤᠯᠠᠨ᠎ᠡ᠃ ᠦᠨᠳᠦᠰᠦᠨ ᠱᠠᠳᠤᠨ ᠤ ︽ᠬᠤᠶᠠᠷ ᠠᠵᠢᠯᠲᠠᠨ︾ ᠳᠤ ᠤᠷᠤᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠳ᠋ᠦᠩᠨᠠᠵᠤ᠂ ᠬᠤᠶᠠᠷ ᠠᠵᠢᠯᠲᠠᠨ ᠤ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠦᠨᠵᠡᠭᠡᠢ ᠨᠠᠷᠢᠯᠢᠭ ᠬᠢᠵᠦ᠂ ᠬᠤᠶᠠᠷ ᠠᠵᠢᠯᠲᠠᠨ ᠤ ᠴᠢᠩᠭᠠᠳᠬᠠᠬᠤ ᠪᠤᠯᠪᠠᠰᠤᠷᠠᠯ ᠢ ᠰᠠᠶᠢᠳᠤᠷ ᠵᠤᠬᠢᠶᠠᠨ ᠪᠠᠶᠢᠭᠤᠯᠵᠠᠢ᠃ ᠨᠡᠶᠢᠳᠠᠮ ᠪᠠᠶᠢᠴᠠᠭᠠᠯᠲᠠ ᠶᠢᠨ ᠠᠵᠢᠯᠲᠠᠨ ᠡᠷᠦᠬᠡ ᠳᠤ ᠤᠷᠤᠵᠤ ᠳᠠᠩᠰᠠᠯᠠᠭᠤᠯᠬᠤ ᠠᠴᠠ ᠡᠮᠦᠨ᠎ᠡ ᠨᠡᠶᠢᠳᠠᠮ ᠪᠠᠶᠢᠴᠠᠭᠠᠬᠤ ᠠᠵᠢᠯ ᠤᠨ ᠲᠦᠰᠦᠯ ᠢ ᠰᠠᠶᠢᠨ ᠤᠶᠢᠯᠠᠭᠠᠬᠤ ᠶᠢ ᠦᠨᠡᠨᠬᠦ ᠪᠠᠲᠤᠯᠠᠵᠤ ᠂ ᠨᠡᠶᠢᠳᠠᠮ ᠪᠠᠶᠢᠴᠠᠭᠠᠯᠲᠠ ᠶᠢᠨ ᠬᠠᠦᠯᠢ ᠴᠠᠭᠠᠵᠠ ᠶᠢᠨ ᠱᠠᠭᠠᠷᠳᠠᠯᠭ᠎ᠠ ᠶᠢ ᠡᠵᠡᠮᠰᠢᠵᠦ᠂ ᠨᠡᠶᠢᠳᠠᠮ ᠪᠠᠶᠢᠴᠠᠭᠠᠯᠲᠠ ᠳᠤ ᠨᠡᠪᠲᠡᠷᠡᠭᠰᠡᠨ ᠨᠡᠶᠢᠳᠠᠮ ᠪᠠᠶᠢᠴᠠᠭᠠᠯᠲᠠ ᠶᠢᠨ ᠲᠠᠰ ᠳᠠᠷᠠᠭᠠᠯᠠᠯ ᠢ ᠪᠤᠯᠪᠠᠰᠤᠷᠠᠩᠭᠤᠢ ᠬᠡᠷᠡᠭᠯᠡᠵᠦ᠂ ᠨᠡᠶᠢᠳᠠᠮ ᠪᠠᠶᠢᠴᠠᠭᠠᠯᠲᠠ ᠶᠢᠨ ᠡᠭᠦᠷᠭᠡ ᠶᠢ ᠡᠭᠦᠷᠭᠡᠯᠡᠵᠤ ᠳᠡᠶᠢᠯᠬᠦ ᠬᠡᠷᠡᠭᠲᠡᠢ᠃    ᠭᠤᠷᠪᠠ ᠳᠤ᠂ ᠵᠠᠷᠤᠳᠠᠯ ᠢ ᠪᠤᠲᠠᠲᠠᠶᠢᠵᠢᠭᠤᠯᠬᠤ ᠳᠤ ᠬᠦᠷᠦᠯᠴᠡᠬᠦ ᠦᠭᠡᠢ ᠲᠤᠳᠠᠭᠤᠳᠠᠯ ᠢ ᠨᠦᠬᠦᠪᠦᠷᠢᠯᠡᠬᠦ ᠶᠢ ᠲᠦᠷᠭᠡᠳᠭᠡᠨ᠎ᠡ᠃ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠵᠠᠷᠣᠳᠠᠯ ᠤᠨ ᠪᠠᠲᠤᠯᠠᠭ᠎ᠠ ᠶᠢᠨ ᠠᠵᠢᠯ ᠢ ᠰᠠᠶᠢᠳᠤᠷ ᠬᠢᠬᠦ ᠲᠤᠬᠠᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠨᠡᠶᠢᠳᠠᠮ ᠪᠠᠶᠢᠴᠠᠭᠠᠯᠲᠠ ᠶᠢᠨ ᠵᠠᠷᠣᠳᠠᠯ ᠢ ᠪᠤᠲᠠᠲᠠᠶᠢᠵᠢᠭᠤᠯᠤᠨ ᠪᠠᠳᠤᠯᠠᠬᠤ ᠶᠢ ᠦᠷᠭᠦᠯᠵᠢᠯᠡᠨ ᠰᠠᠶᠢᠳᠤᠷ ᠬᠢᠵᠦ᠂ ᠢᠯᠠᠩᠭᠤᠶ᠎ᠠ ︽ᠬᠤᠶᠠᠷ  ᠪᠠᠶᠢᠴᠠᠭᠠᠴᠢ︾  ᠶᠢᠨ ᠳᠤᠰᠠᠯᠠᠮᠵᠢ ᠪᠤᠯᠤᠨ ᠡᠯ᠎ᠡ ᠲᠦᠷᠦᠯ ᠤᠨ ᠨᠦᠬᠦᠪᠦᠷᠢ ᠶᠢᠨ ᠵᠠᠷᠤᠳᠠᠯ ᠢ ᠪᠤᠲᠠᠲᠠᠶᠢᠵᠢᠭᠤᠯᠬᠤ ᠶᠠᠪᠤᠳᠠᠯ ᠢ ᠬᠢᠨᠠᠮᠠᠭᠠᠢ ᠰᠠᠶᠢᠳᠤᠷ ᠨᠠᠶᠢᠳᠠᠪᠦᠷᠢᠵᠢᠭᠤᠯᠬᠤ ᠬᠡᠷᠡᠭᠲᠡᠢ᠃    ᠳᠥᠷᠪᠡ ᠳᠤ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠬᠦᠮᠦᠨ ᠠᠮᠠ ᠶᠢᠨ ᠨᠡᠶᠢᠲᠠ ᠪᠠᠶᠢᠴᠠᠭᠠᠯᠲᠠ ᠶᠢᠨ ᠰᠢᠷᠢᠰ ᠤᠬᠠᠭᠤᠯᠭ᠎ᠠ ᠶᠢᠨ ᠦᠢᠯᠡᠳᠬᠦᠨ ᠢ ᠤᠷᠤᠭᠤᠯᠬᠤ ᠡᠷᠴᠢᠮ ᠢ ᠦᠨᠡᠨ ᠬᠦ ᠴᠢᠩᠭᠠᠷᠠᠭᠤᠯᠵᠤ᠂ ᠭᠤᠤᠯ ᠵᠠᠭᠤᠴᠢᠯᠠᠭᠤᠷ ᠪᠤᠯᠤᠨ ᠢᠨᠲ᠋ᠧᠷ ᠰᠦᠯᠵᠢᠶ᠎ᠡ ᠶᠢᠨ ᠰᠢᠨ᠎ᠡ ᠵᠠᠭᠤᠴᠢᠯᠠᠭᠤᠷ ᠤᠨ ᠦᠢᠯᠡᠳᠤᠯ ᠢ ᠬᠦᠢᠴᠡᠳ ᠪᠠᠳᠠᠷᠠᠭᠤᠯᠵᠤ᠂ ᠤᠯᠠᠨ ᠵᠦᠢᠯ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠠᠷᠭ᠎ᠠ ᠪᠠᠷᠢᠯ ᠢ ᠠᠮᠢᠳᠣᠯᠢᠭ ᠰᠠᠶᠢᠳᠤᠷ ᠬᠡᠷᠡᠭᠯᠡᠨ᠎ᠡ᠃ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠰᠢᠷᠢᠰ ᠤᠬᠠᠭᠤᠯᠭ᠎ᠠ ᠶᠢᠨ ᠦᠢᠯᠡᠳᠭᠦᠨ ᠢ ᠳᠠᠯᠪᠢᠬᠤ ᠶᠢ ᠦᠷᠭᠡᠨ ᠢᠶᠠᠷ ᠳᠡᠯᠭᠡᠷᠡᠭᠦᠯᠦᠨ᠎ᠡ᠃ ᠨᠡᠶᠢᠳᠠᠮ ᠪᠠᠶᠢᠴᠠᠭᠠᠯᠲᠠ ᠶᠢᠨ ᠡᠳᠡᠭᠡᠳ ᠤᠨ ᠰᠠᠨᠠᠭᠠᠴᠢᠯᠠᠭ᠎ᠠ ᠠᠴᠠ ᠪᠠᠨ ᠨᠡᠶᠢᠳᠠᠮ ᠪᠠᠶᠢᠴᠠᠭᠠᠯᠲᠠ ᠶᠢ ᠠᠩᠬᠠᠷᠴᠦ᠂ ᠨᠡᠶᠢᠳᠠᠮ ᠪᠠᠶᠢᠴᠠᠭᠠᠯᠲᠠ ᠶᠢ ᠬᠦᠨᠵᠡᠭᠡᠢ ᠤᠶᠢᠯᠠᠭᠠᠨ᠂ ᠨᠡᠶᠢᠳᠠᠮ ᠪᠠᠶᠢᠴᠠᠭᠠᠯᠲᠠ ᠶᠢ ᠳᠡᠮᠵᠢᠵᠤ ᠬᠠᠮᠵᠢᠯᠴᠠᠨ᠎ᠠ᠃ ︽ᠬᠦᠮᠦᠨ ᠪᠦᠬᠦᠨ ᠮᠡᠳᠡᠵᠦ᠂ ᠬᠦᠮᠦᠨ ᠪᠦᠬᠦᠨ ᠳᠡᠮᠵᠢᠬᠦ︾ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃    ᠨᠦᠭᠦᠳ ᠡ᠂ ᠨᠠᠶᠢᠵᠠ ᠨᠠᠷ ᠡ᠂ ᠪᠦᠬᠦ ᠤᠷᠤᠨ ᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠵᠢᠩᠭᠢᠨᠢ ᠳᠠᠩᠰᠠᠯᠠᠯᠲᠠ ᠶᠢᠨ ᠪᠦᠷᠢ ᠨᠢᠭᠡᠨᠳᠡ ᠬᠠᠩᠬᠢᠨᠠᠵᠤ᠂ ᠪᠢᠳᠠ ᠬᠠᠮᠳᠤᠪᠠᠷ ᠴᠢᠷᠮᠠᠶᠢᠵᠠᠭᠠᠶ᠎ᠠ᠃ ᠡᠯ᠎ᠡ ᠱᠠᠳᠤᠨ ᠤ ᠤᠬᠠᠭᠤᠯᠬᠤ ᠰᠠᠯᠠᠭ᠎ᠠ ᠮᠦᠴᠢᠷ ᠪᠤᠯᠤᠨ ᠨᠡᠶᠢᠭᠡᠮ ᠤᠨ ᠦᠢᠯᠡᠴᠢᠯᠡᠭᠡᠨ ᠤ ᠨᠢᠭᠡᠴᠢ ᠶᠢᠨ ᠬᠦᠴᠦᠲᠠᠢ ᠳᠡᠮᠵᠢᠯᠭᠡ ᠳᠤᠤᠷ᠎ᠠ᠂ ᠡᠯ᠎ᠡ ᠲᠦᠷᠦᠯ ᠤᠨ ᠰᠤᠨᠢᠨ ᠮᠡᠳᠡᠭᠡᠨ ᠤ ᠵᠠᠭᠤᠴᠢᠯᠠᠭᠤᠷ ᠤᠨ ᠳᠠᠪᠴᠠᠩ ᠤᠨ ᠦᠢᠯᠡᠳᠤᠯ ᠢ ᠬᠦᠢᠴᠡᠳ ᠪᠠᠳᠠᠷᠠᠭᠤᠯᠵᠤ᠂ ᠨᠡᠶᠢᠳᠠᠮ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠤᠷᠴᠢᠨ ᠢ ᠪᠤᠢ ᠪᠤᠯᠭᠠᠬᠤ ᠦᠭᠬᠦ ᠬᠡᠷᠡᠭᠲᠡᠢ᠃ ᠪᠦᠬᠦ ᠨᠡᠶᠢᠭᠡᠮ ᠳᠤ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢ ᠤᠶᠢᠯᠠᠭᠠᠬᠤ᠂ ᠳᠡᠮᠵᠢᠬᠦ᠂ ᠬᠠᠮᠵᠢᠯᠴᠠᠬᠤ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠮᠠᠨ ᠤ ᠤᠷᠤᠨ ᠤ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠠᠮ ᠪᠠᠶᠢᠴᠠᠭᠠᠯᠲᠠ ᠶᠢᠨ ᠠᠵᠢᠯ ᠤᠨ ᠳᠡᠭᠦᠰ ᠠᠮᠵᠢᠯᠲᠠ ᠤᠯᠬᠤ ᠶᠢ ᠦᠨᠡᠨ ᠬᠦ ᠪᠠᠳᠣᠯᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠳᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号