ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠠᠵᠤ ᠠᠬᠤᠶᠢᠯᠠᠯ ᠤᠨ | ᠠᠷᠠᠯᠵᠢᠶ᠎ᠠ ᠬᠤᠳᠠᠯᠳᠤᠭ᠎ᠠ ᠶᠢ ᠰᠡᠷᠭᠦᠭᠡᠬᠦ ᠠᠬᠢᠴᠠ ᠲᠠᠰᠤᠷᠠᠯᠲᠠ ᠤᠢᠭᠡᠢ ᠲᠦᠷᠭᠡᠳᠴᠦ᠂ ᠢᠯᠠᠩᠭᠤᠶ᠎ᠠ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠠᠴᠠ ᠦᠷ᠎ᠡ | ᠪᠦᠲᠦᠮᠵᠢ ᠨᠢ ᠢᠯᠡᠷᠬᠡᠶ ᠪᠠᠶᠢᠵᠤ᠂ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠪᠠᠭᠤᠷᠠᠯᠲᠠ ᠶᠢᠨ ᠬᠡᠮᠵᠢᠶ᠎ᠡ ᠰᠠᠷ᠎ᠠ ᠳᠠᠷᠠᠭᠠᠯᠠᠨ ᠪᠠᠭᠠᠰᠴᠤ᠂ ᠬᠡᠷᠡᠭᠯᠡᠭᠡᠨ ᠤ | ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ᠃ | ᠨᠢᠭᠡ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠪᠠᠶᠢᠳᠠᠯ ᠰᠠᠶᠢᠵᠢᠷᠠᠪᠠ | ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 13.8% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠤ | 5 ᠰᠠᠷ᠎ᠠ ᠶᠢᠨ ᠬᠢ ᠠᠴᠠ 1.4 ᠵᠠᠭᠤᠨ ᠤ ᠬᠤᠪᠢ ᠪᠠᠭᠠᠰᠴᠠᠶ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠢ ᠶᠢᠨ ᠵᠢᠵᠢᠭᠯᠡᠨ ᠬᠤᠳᠠᠯᠳᠤᠬᠤ ᠲᠤᠭ᠎ᠠ 20.4% ᠪᠠᠭᠤᠷᠠᠵᠤ᠂ ᠪᠠᠭᠤᠷᠠᠭᠰᠠᠨ ᠬᠡᠮᠵᠢᠶ᠎ᠡ ᠨᠢ ᠲᠦᠷᠦᠭᠦᠤ 5 | ᠰᠠᠷ᠎ᠠ ᠶᠢᠨ ᠬᠢ ᠠᠴᠠ 1.4 ᠵᠠᠭᠤᠨ ᠤ ᠬᠤᠪᠢ ᠪᠠᠭᠠᠰᠴᠠᠶ᠃ | ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠪᠥᠬᠦ ᠣᠷᠣᠨ ᠤ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 14.0% ᠪᠠᠭᠤᠷᠠᠵᠤ᠂ ᠬᠥᠳᠡᠭᠡ ᠲᠣᠰᠬᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 12.2% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | ᠲᠦᠷᠦᠭᠦᠤ 5 ᠰᠠᠷ᠎ᠠ ᠶᠢᠨ ᠬᠢ ᠠᠴᠠ ᠲᠤᠰ ᠲᠤᠰ 1.4 ᠪᠠ 1.5 ᠵᠠᠭᠤᠨ ᠤ ᠨᠢᠭᠡᠴᠢ ᠪᠠᠭᠠᠰᠪᠠ᠃ | ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠪᠥᠬᠦ ᠣᠷᠣᠨ ᠤ ᠲᠠᠸᠠᠷ ᠤᠨ ᠵᠢᠵᠢᠭᠯᠡᠨ ᠬᠤᠳᠠᠯᠳᠤᠬᠤ ᠠᠵᠢᠯ ᠨᠢ | ᠠᠳᠠᠯᠢ ᠬᠤᠭᠤᠴᠠᠭᠠᠨ ᠤ ᠬᠢ ᠠᠴᠠ 9.4% ᠪᠠᠭᠤᠷᠠᠵᠤ᠂ ᠢᠳᠡᠭᠡᠨ ᠤᠮᠳᠠᠭᠠᠨ ᠤ ᠣᠷᠣᠯᠭ᠎ᠠ 38.8% ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠤ 5 ᠰᠠᠷ ᠠ ᠶᠢᠨ ᠬᠢ ᠠᠴᠠ ᠲᠣᠰ ᠲᠣᠰ 1.5 ᠪᠠ 0.9 ᠵᠠᠭᠤᠨ ᠤ ᠨᠢᠭᠡᠴᠢ | ᠪᠠᠭᠠᠰᠴᠠᠶ᠃ | ᠬᠤᠶᠠᠷ᠂ ᠭᠤᠤᠯ ᠪᠣᠯᠬᠤ ᠲᠠᠸᠠᠷ ᠤᠨ ᠬᠠᠩᠭᠠᠯᠭ᠎ᠠ ᠨᠢ ᠲᠣᠭᠲᠠᠭᠤᠨ ᠪᠦᠭᠡᠳ ᠭᠦᠢᠴᠡᠳ | ︵ᠨᠢᠭᠡ︶ ᠢᠳᠡᠭᠡᠨ ᠤ ᠲᠥᠷᠥᠯ ᠤᠨ ᠲᠠᠸᠠᠷ ᠨᠡᠯᠢᠶᠡᠳ ᠲᠦᠷᠭᠡᠨ ᠨᠡᠮᠡᠭᠳᠡᠵᠦ᠂ ᠬᠤᠪᠴᠠᠰᠤ ᠬᠤᠨᠠᠷ ᠵᠢᠴᠢ ᠡᠳᠦᠷ | ᠲᠤᠲᠤᠮ ᠤᠨ ᠬᠡᠷᠡᠭᠯᠡᠭᠡᠨ ᠤ ᠵᠦᠢᠯ ᠤᠨ ᠪᠠᠭᠤᠷᠠᠯᠲᠠ ᠶᠢᠨ ᠬᠡᠮᠵᠢᠶ᠎ᠡ ᠪᠠᠭᠠᠰᠪᠠ | ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠠᠮᠤ ᠪᠤᠳᠠᠭ᠎ᠠ᠂ | ᠲᠤᠰᠤ᠂ ᠢᠳᠡᠭᠡᠨ᠂ ᠤᠮᠳᠠᠭᠠᠨ᠂ ᠠᠷᠢᠬᠢ ᠪᠠ ᠲᠠᠮᠠᠬᠢ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 24.2% ᠢᠶᠠᠷ ᠨᠡᠮᠡᠭᠳᠡᠵᠡᠢ᠃ ᠡᠭᠦᠨ ᠳᠤ᠂ ᠠᠮᠤ ᠲᠣᠰᠣᠨ ᠤ ᠲᠥᠷᠥᠯ 26.4% ᠪᠠᠷ᠂ | ᠮᠢᠬ᠎ᠠ ᠥᠨᠳᠡᠭᠡᠨ ᠤ ᠲᠥᠷᠥᠯ 32.7% ᠪᠠᠷ᠂ ᠢᠳᠡᠰᠢᠨ ᠨᠣᠭᠤᠭᠠᠨ ᠤ ᠲᠥᠷᠥᠯ 29.7% ᠪᠠᠷ᠂ ᠵᠢᠮᠢᠰ ᠤᠨ | ᠲᠥᠷᠥᠯ ᠢ 30.2% ᠢᠶᠠᠷ ᠲᠣᠰ ᠲᠣᠰ ᠨᠡᠮᠡᠭᠳᠡᠭᠰᠡᠨ ᠪᠠᠢᠨ᠎ᠠ᠃ ᠬᠤᠪᠴᠠᠰᠤᠨ ᠤ ᠲᠥᠷᠥᠯ ᠤᠨ ᠪᠠᠭᠤᠷᠠᠯᠲᠠ ᠡᠮᠦᠨ᠎ᠡ 5 | ᠰᠠᠷ᠎ᠠ ᠶᠢᠨ ᠬᠢ ᠠᠴᠠ 3.1 ᠵᠠᠭᠤᠨ ᠤ ᠨᠢᠭᠡᠴᠢ ᠪᠠᠭᠠᠰᠴᠤ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠨᠢ ᠲᠦᠷᠦᠭᠦᠤ 5 | ᠰᠠᠷ᠎ᠠ ᠶᠢᠨ ᠬᠢ ᠠᠴᠠ 1.9 ᠵᠠᠭᠤᠨ ᠤ ᠨᠢᠭᠡᠴᠢ ᠪᠠᠭᠠᠰᠴᠠᠶ᠃ ᠠᠮᠢᠳᠤᠷᠠᠯ ᠤᠨ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ | ᠨᠡᠯᠢᠶᠡᠳ ᠲᠦᠷᠭᠡᠨ ᠨᠡᠮᠡᠭᠳᠡᠬᠦ ᠪᠠᠶᠢᠳᠠᠯ ᠢᠶᠠᠨ ᠪᠠᠲᠤᠯᠠᠵᠤ᠂ ᠪᠦᠬᠦ ᠣᠷᠣᠨ ᠤ ᠬᠡᠷᠡᠭᠯᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠲᠣᠭᠲᠠᠭᠤᠨ ᠢᠶᠠᠷ ᠳᠡᠭᠡᠭᠰᠢᠯᠡᠬᠦ ᠴᠢᠬᠤᠯᠠ ᠲᠤᠯᠭᠠᠭᠤᠷᠢᠯᠠᠯ ᠪᠣᠯᠪᠠ᠃ | ︵ᠬᠤᠶᠠᠷ︶ ᠬᠡᠷᠡᠭᠯᠡᠭᠡᠨ ᠤ ᠲᠡᠰ ᠳᠡᠪᠰᠢᠬᠦ ᠲᠦᠷᠦᠯ ᠤᠨ ᠲᠠᠸᠠᠷ ᠤᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ | ᠰᠣᠶᠣᠯ ᠤᠨ ᠲᠦᠷᠦᠯ ᠤᠨ ᠲᠠᠸᠠᠷ ᠤᠨ ᠨᠡᠮᠡᠭᠳᠡᠯ ᠤᠨ ᠬᠤᠷᠳᠤᠴᠠ ᠲᠦᠷᠭᠡᠳᠡᠪᠡ | ᠡᠯ᠎ᠡ ᠱᠠᠲᠤᠨ ᠤ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠳᠣᠣᠷ᠎ᠠ᠂ ᠲᠣᠮᠣ | ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠳ ᠬᠡᠷᠡᠭᠯᠡᠭᠡ ᠶᠢ ᠠᠬᠢᠭᠤᠯᠬᠤ ᠵᠠᠭᠤᠨ ᠡᠳᠦᠷ ᠤᠨ | ᠠᠵᠢᠯᠯᠠᠭ᠎ᠠ ᠵᠡᠷᠭᠡ ᠲᠣᠮᠣ ᠬᠡᠯᠪᠡᠷᠢ ᠶᠢᠨ ᠬᠠᠷᠠᠭᠠᠯᠵᠠᠯ ᠤᠨ ᠠᠵᠢᠯᠯᠠᠭ᠎ᠠ ᠥᠷᠨᠢᠭᠦᠯᠵᠦ᠂ ᠠᠷᠠᠳ ᠤᠨ ᠬᠡᠷᠡᠭᠯᠡᠭᠡ ᠶᠢ | ᠲᠠᠰᠤᠷᠠᠯᠲᠠ ᠦᠭᠡᠢ ᠬᠥᠩᠭᠡᠯᠡᠭᠰᠡᠨ ᠪᠦᠭᠡᠳ ᠬᠡᠰᠡᠭ ᠬᠡᠷᠡᠭᠯᠡᠭᠡᠨ ᠤ ᠳᠡᠰ ᠳᠡᠪᠰᠢᠬᠦ ᠲᠥᠷᠥᠯ ᠤᠨ ᠲᠠᠸᠠᠷ ᠤᠨ | ᠪᠣᠷᠣᠯᠠᠭᠤᠯᠭ᠎ᠠ ᠶᠢᠨ ᠲᠦᠷᠭᠡᠨ ᠳᠡᠭᠡᠭᠰᠢᠯᠡᠬᠦ ᠶᠢ ᠳᠠᠶᠢᠴᠢᠯᠠᠪᠠ᠃ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠲᠠᠸᠠᠷ ᠤᠨ | ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠤ 5 ᠰᠠᠷ᠎ᠠ ᠶᠢᠨ ᠬᠢ ᠠᠴᠠ 3.4 ᠵᠠᠭᠤᠨ ᠤ ᠬᠤᠪᠢ ᠪᠠᠭᠠᠰᠴᠤ᠂ ᠵᠠᠰᠠᠯ | ᠴᠢᠮᠡᠭ ᠤᠨ ᠡᠳ᠋ ᠤᠨ ᠲᠥᠷᠥᠯ ᠤᠨ ᠪᠠᠭᠤᠷᠠᠯᠲᠠ 1.2 ᠵᠠᠭᠤᠨ ᠤ ᠬᠤᠪᠢ ᠪᠠᠭᠠᠰᠴᠠᠶ᠃ ᠮᠡᠳᠡᠭᠡ ᠬᠤᠯᠪᠣᠭᠠᠨ ᠤ ᠪᠠᠭᠠᠵᠢ | ᠬᠡᠷᠡᠭᠰᠡᠯ ᠤᠨ ᠲᠦᠷᠦᠯ ᠤᠨ ᠲᠠᠸᠠᠷ 2.7 ᠵᠠᠭᠤᠨ ᠤ ᠨᠢᠭᠡᠴᠢ ᠪᠠᠷ ᠪᠠᠭᠠᠰᠴᠤ᠂ ᠰᠣᠶᠣᠯ ᠤᠨ ᠬᠡᠷᠡᠭᠰᠡᠯ ᠤᠨ ᠲᠥᠷᠥᠯ ᠤᠨ | ᠲᠠᠸᠠᠷ ᠤᠨ ᠨᠡᠮᠡᠭᠳᠡᠯ ᠤᠨ ᠬᠤᠷᠳᠤᠴᠠ ᠤᠯᠠᠮ ᠨᠢᠭᠡ ᠠᠯᠬᠤᠮ ᠲᠦᠷᠭᠡᠳᠡᠪᠡ᠃ ᠳᠡᠭᠡᠷ᠎ᠡ ᠬᠠᠭᠠᠰ ᠵᠢᠯ ᠳᠤ᠂ ᠨᠣᠮ | ᠰᠡᠳᠬᠦᠯ ᠤᠨ ᠲᠦᠷᠦᠯ 26.8% ᠪᠠᠷ ᠨᠡᠮᠡᠭᠳᠡᠵᠦ᠂ ᠺᠣᠮᠫᠢᠦ᠋ᠲ᠋ᠧᠷ ᠵᠢᠴᠢ ᠲᠡᠭᠦᠨ ᠤ ᠳᠠᠭᠠᠯᠲᠠ ᠢᠵᠢ ᠦᠢᠯᠡᠳᠭᠦᠨ 9. | 5% ᠪᠠᠷ ᠨᠡᠮᠡᠭᠳᠡᠪᠡ᠃ | ᠭᠤᠷᠪᠠ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠦᠷᠭᠦᠯᠵᠢᠯᠡᠨ ᠰᠠᠢᠵᠢᠷᠠᠵᠤ᠂ ᠢᠳᠡᠭᠡᠨ ᠤᠮᠳᠠᠭᠠᠨ ᠤ ᠦᠢᠯᠡᠰ ᠴᠦ | ᠳᠠᠭᠠᠯᠳᠤᠨ ᠰᠠᠶᠢᠵᠢᠷᠠᠪᠠ | ᠳᠡᠭᠡᠷ᠎ᠡ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ ᠨᠡᠶᠢᠲᠡ ᠶᠢᠨ | ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 1. | 3% ᠨᠡᠮᠡᠭᠳᠡᠵᠦ᠂ ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠨᠢᠭᠡᠴᠢ ᠶᠢᠨ | ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠰᠠᠨ ᠬᠤᠭᠤᠯᠠᠨ ᠤ ᠰᠦᠢᠳᠭᠡᠯ ᠤᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 48.6% ᠨᠡᠮᠡᠭᠳᠡᠵᠦ᠂ ᠢᠳᠡᠭᠡᠨ ᠤᠮᠳᠠᠭᠠᠨ ᠤ ᠦᠢᠯᠡᠰ ᠢ ᠳᠠᠶᠢᠴᠢᠯᠠᠨ ᠰᠡᠷᠭᠦᠭᠡᠵᠦ᠂ | ᠲᠣᠭᠲᠠᠭᠤᠨ ᠪᠠᠶᠢᠳᠠᠯ ᠢ ᠪᠠᠲᠤᠯᠠᠪᠠ᠃ | ᠶᠡᠷᠦᠩᠬᠡᠶ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠬᠡᠷᠡᠭᠯᠡᠭᠡ ᠶᠢ ᠠᠬᠢᠭᠤᠯᠬᠤ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠢᠯᠡᠳᠲᠡ ᠦᠷ᠎ᠡ ᠪᠦᠲᠦᠮᠵᠢ ᠣᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠢᠲᠡᠭᠡᠯ | ᠪᠠ ᠬᠡᠷᠡᠭᠯᠡᠭᠡᠨ ᠤ ᠬᠦᠰᠡᠯ ᠡᠷᠡᠮᠡᠯᠵᠡᠯ ᠢᠯᠡᠳᠲᠡ ᠴᠢᠩᠭᠠᠷᠠᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ | ᠰᠠᠶᠢᠵᠢᠷᠠᠪᠠ᠃ ᠳᠠᠷᠠᠭᠠᠴᠢ ᠶᠢᠨ ᠱᠠᠲᠤᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠳᠣᠣᠷ᠎ᠠ᠂ | ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠰᠠᠭᠤᠭᠠᠯᠢ ᠠᠷᠠᠳ ᠤᠨ ᠣᠷᠣᠨ ᠰᠠᠭᠤᠴᠠ᠂ ᠢᠳᠡᠭᠡᠨ ᠤᠮᠳᠠᠭᠠᠨ᠂ ᠵᠢᠭᠤᠯᠴᠢᠯᠠᠯ᠂ ᠮᠠᠰᠢᠨ ᠲᠡᠷᠭᠡ | ᠵᠡᠷᠭᠡ ᠲᠠᠯ᠎ᠠ ᠪᠠᠷ ᠬᠡᠷᠡᠭᠯᠡᠭᠡᠨ ᠤ ᠢᠲᠡᠭᠡᠯ ᠪᠣᠯᠤᠨ ᠳᠠᠪᠲᠠᠮᠵᠢ ᠶᠢ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠴᠤ᠂ | ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ | ᠪᠣᠯᠣᠨ᠎ᠠ᠃ |