ᠡᠷᠬᠡ ᠰᠦᠷᠲᠦ ᠲᠠᠶᠢᠯᠤᠮᠵᠢ᠄ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ
ᠨᠡᠶᠢᠲᠡᠯᠡᠭᠰᠡᠨ ᠴᠠᠭ᠄
2020/12/7
   ᠨᠢᠭᠡ᠂ ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠦᠨᠳᠦᠰᠦᠨ ᠪᠠᠶᠢᠳᠠᠯ    ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠥᠬᠡᠶ︶ ᠨᠢ ᠠᠳᠠᠯᠢ ᠬᠤᠭᠤᠴᠠᠭᠠᠨ ᠤ ᠬᠢ ᠠᠴᠠ 22.3% ᠪᠠᠷ ᠪᠠᠭᠤᠷᠠᠵᠤ᠂ ᠪᠠᠭᠤᠷᠠᠯᠲᠠ ᠶᠢᠨᠬᠡᠮᠵᠢᠶ ᠎ᠡ ᠨᠢ ᠨᠢᠭᠡᠳᠦᠭᠡᠷ ᠤᠯᠠᠷᠢᠯ ᠤᠨ ᠬᠢ ᠠᠴᠠ 15.0 ᠵᠠᠭᠤᠨ ᠤ ᠬᠤᠪᠢ ᠪᠠᠭᠠᠰᠴᠠᠶ᠃ ᠡᠭᠦᠨ ᠳᠤ᠂ ᠠᠷᠠᠳ ᠤᠨ ᠪᠠᠯᠠ ᠣᠷᠣᠭᠤᠯᠤᠯᠲᠠ 13.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 9.4 ᠵᠠᠭᠤᠨ ᠤ ᠬᠤᠪᠢ ᠪᠠᠭᠠᠰᠴᠠᠶ᠃    ᠠᠵᠤ ᠦᠢᠯᠡᠰ ᠤᠨ ᠬᠤᠪᠢᠶᠠᠷᠢᠯᠠᠯ ᠤᠨ ᠲᠠᠯ᠎ᠠ ᠠᠴᠠ ᠦᠵᠡᠪᠡᠯ᠂ ᠲᠦᠷᠦᠭᠦᠤ ᠬᠠᠭᠠᠰ ᠵᠢᠯ ᠳᠤ᠂ ᠨᠢᠭᠡᠳᠦᠭᠡᠷ ᠠᠵᠤ  ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.3% ᠪᠠᠷ᠂ ᠬᠤᠶᠠᠳᠤᠭᠠᠷ ᠠᠵᠤ  ᠦᠢᠯᠡᠰ ᠤᠨ ᠪᠠᠯᠠ ᠣᠷᠣᠭᠤᠯᠤᠯᠲᠠ 21.0% ᠪᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 22.8% ᠪᠠᠷ ᠲᠣᠰ ᠲᠣᠰ ᠪᠠᠭᠤᠷᠠᠪᠠ᠃ ᠭᠤᠷᠪᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠠᠷᠢᠴᠠᠯ ᠢ ᠨᠢᠭᠡᠳᠦᠭᠡᠷ ᠤᠯᠠᠷᠢᠯ ᠳᠤ 3.6᠄ 50.0᠄ 46.4 ᠪᠠᠶᠢᠭᠰᠠᠨ ᠠᠴᠠ 3.2᠄ 41.3᠄ 55.5 ᠪᠣᠯᠭᠠᠨ ᠲᠣᠬᠢᠷᠠᠭᠤᠯᠵᠠᠢ᠃    ᠬᠦᠷᠢᠶ᠎ᠡ ᠴᠠᠷ᠎ᠠ ᠶᠢᠨ ᠲᠠᠯ᠎ᠠ ᠠᠴᠠ ᠦᠵᠡᠪᠡᠯ᠂ ᠲᠦᠷᠦᠭᠦᠤ ᠬᠠᠭᠠᠰ ᠵᠢᠯ ᠳᠤ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.6% ᠪᠠᠷ ᠪᠠᠭᠤᠷᠠᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 21.5% ᠪᠠᠷ ᠪᠠᠭᠤᠷᠠᠪᠠ᠃ ᠡᠭᠦᠨ ᠤ ᠳᠣᠲᠣᠷ᠎ᠠ᠂  ᠦᠢᠯᠡᠳᠬᠦ  ᠦᠢᠯᠡᠰ ᠤᠨ ᠪᠡᠯᠡ ᠣᠷᠣᠭᠤᠯᠤᠯᠲᠠ 40.9% ᠪᠠᠷ ᠪᠠᠭᠤᠷᠠᠵᠤ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠤᠨ ᠪᠡᠯᠡ ᠣᠷᠣᠭᠤᠯᠤᠯᠲᠠ 36.3% ᠪᠠᠷ ᠨᠡᠮᠡᠭᠳᠡᠨ᠂ ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ 19.4% ᠪᠠᠷ ᠪᠠᠭᠤᠷᠠᠭᠰᠠᠨ ᠪᠦᠭᠡᠳ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 19.8% ᠪᠠᠷ ᠪᠠᠭᠤᠷᠠᠪᠠ᠃    ᠬᠤᠶᠠᠷ᠂ ᠪᠡᠯᠡ ᠣᠷᠣᠭᠤᠯᠤᠯᠲᠠ ᠶᠢᠨ ᠠᠵᠢᠯᠯᠠᠭᠠᠨ ᠤ ᠣᠨᠴᠠᠯᠢᠭ    ︵ᠨᠢᠭᠡ︶ ᠠᠷᠠᠳ ᠤᠨ ᠪᠠᠯᠠ ᠣᠷᠣᠭᠤᠯᠤᠯᠲᠠ ᠶᠢᠨ ᠡᠵᠡᠯᠡᠬᠦ ᠬᠠᠷᠢᠴᠠᠯ ᠳᠡᠭᠡᠭᠰᠢᠯᠡᠪᠡ    ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.7% ᠳᠣᠷᠣᠭᠰᠢᠯᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠤᠨ ᠬᠢ ᠠᠴᠠ 9.4 ᠵᠠᠭᠤᠨ ᠤ ᠬᠤᠪᠢ ᠪᠠᠭᠠᠰᠴᠤ᠂ ᠪᠦᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 56.6% ᠳᠤ ᠬᠦᠷᠴᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 5.6 ᠵᠠᠭᠤᠨ ᠤ ᠨᠢᠭᠡᠴᠢ ᠳᠡᠭᠡᠭᠰᠢᠯᠡᠵᠡᠶ᠃    ᠠᠵᠢᠯ ᠲᠥᠷᠥᠯ ᠤᠨ ᠲᠠᠯ᠎ᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ᠂ ᠠᠷᠠᠳ ᠤᠨ ᠪᠡᠯᠡ ᠣᠷᠣᠭᠤᠯᠤᠯᠲᠠ ᠳᠤ ᠦᠢᠯᠡᠳᠬᠦ  ᠦᠢᠯᠡᠰ 24.5% ᠶᠢ ᠡᠵᠡᠯᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ 46.2% ᠢᠡᠵᠡᠯᠡᠵᠦ᠂ ᠬᠤᠶᠠᠭᠤᠯᠠ ᠪᠠᠨ ᠨᠡᠶᠢᠯᠡᠭᠡᠳ 70.7% ᠳᠤ ᠬᠦᠷᠴᠡᠶ᠃    ︵ᠬᠤᠶᠠᠷ︶ ᠳᠡᠭᠡᠳᠦ ᠮᠡᠷᠭᠡᠵᠢᠯ ᠤᠨ ᠠᠵᠤ  ᠦᠢᠯᠡᠰ ᠤᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠢᠯᠡᠳᠲᠡ ᠪᠠᠭᠠᠰᠪᠠ    ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠠᠴᠠ ᠪᠠᠨ 21.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ 34.4 ᠵᠠᠭᠤᠨ ᠤ ᠬᠤᠪᠢ ᠪᠠᠭᠠᠰᠪᠠ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 26.2 ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 9.4 ᠵᠠᠭᠤᠨ ᠤ ᠬᠤᠪᠢ ᠪᠠᠭᠠᠰᠴᠤ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 19.0% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ 48.5 ᠵᠠᠭᠤᠨ ᠤ ᠬᠤᠪᠢ ᠪᠠᠭᠠᠰᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号