ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠭᠰᠠᠨ ᠠᠴᠠ ᠭᠤᠤᠯ ᠪᠣᠯᠬᠤ ᠠᠵᠤ ᠠᠬᠤᠶ ᠶᠢᠨ | ᠭᠦᠢᠴᠡᠳᠭᠡᠯ ᠲᠤᠭ᠎ᠠ ᠳᠤ ᠢᠳᠡᠪᠬᠢᠲᠡᠶ ᠬᠤᠪᠢᠷᠠᠯᠲᠠ ᠭᠠᠷᠴᠤ᠂ ᠠᠵᠤ ᠠᠬᠤᠶ ᠪᠦᠬᠦᠯᠢ ᠴᠣᠭᠴᠠ ᠪᠠᠷ ᠢᠶᠠᠨ ᠡᠮᠬᠢ | ᠵᠢᠷᠤᠮ ᠲᠠᠢ ᠰᠡᠷᠭᠦᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ | ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 7704.1 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠬᠤᠶᠢᠴᠠ | ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠠᠴᠠ ᠪᠠᠨ 3.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | ᠨᠢᠭᠡᠳᠦᠭᠡᠷ ᠤᠯᠠᠷᠢᠯ ᠠᠴᠠ 2.0 ᠵᠠᠭᠤᠨ ᠤ ᠬᠤᠪᠢ ᠪᠠᠭᠠᠰᠴᠠᠶ᠃ | ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠲᠦᠷᠭᠡᠨ ᠰᠡᠷᠭᠦᠭᠡᠪᠡ | ᠪᠦᠬᠦ ᠣᠷᠣᠨ ᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 366.0 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠠᠴᠠ ᠪᠠᠨ 0.5% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ | ᠤᠯᠠᠷᠢᠯ ᠠᠴᠠ 11.6 ᠵᠠᠭᠤᠨ ᠤ ᠬᠤᠪᠢ ᠪᠠᠭᠠᠰᠴᠠᠶ᠃ ᠠᠮᠤ ᠪᠤᠳᠠᠭ᠎ᠠ ᠲᠠᠷᠢᠬᠤ ᠲᠠᠯᠠᠪᠠᠢ ᠲᠣᠭᠲᠠᠭᠤᠨ ᠢᠶᠠᠷ ᠨᠡᠮᠡᠭᠳᠡᠵᠦ᠂ | ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠨᠢᠭᠡᠳᠦᠭᠡᠷ ᠤᠯᠠᠷᠢᠯ ᠠᠴᠠ ᠪᠠᠨ ᠢᠯᠡᠳᠲᠡ ᠰᠠᠶᠢᠵᠢᠷᠠᠵᠤ᠂ ᠰᠡᠷᠭᠦᠨ | ᠬᠦᠭᠵᠢᠭᠰᠡᠨ ᠪᠠᠶᠢᠨ᠎ᠠ᠃ | ᠬᠤᠶᠠᠷ᠂ ᠠᠵᠤ ᠦᠢᠯᠡᠳᠪᠦᠷᠢ ᠨᠢ ᠬᠤᠶᠠᠳᠤᠭᠠᠷ ᠠᠵᠤ ᠦᠢᠯᠡᠰ ᠤᠨ ᠰᠡᠷᠭᠦᠯᠲᠡ ᠶᠢ ᠳᠡᠮᠵᠢᠭᠰᠡᠨ ᠪᠠᠶᠢᠨ᠎ᠠ | ᠳᠡᠭᠡᠷ᠎ᠡ ᠬᠠᠭᠠᠰ ᠵᠢᠯ᠂ ᠪᠦᠬᠦ ᠣᠷᠣᠨ ᠤ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 3227.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 1.8% ᠪᠠᠷ ᠪᠠᠭᠤᠷᠠᠵᠠᠢ᠂ ᠡᠭᠦᠨ ᠳᠤ᠂ ᠪᠥᠬᠦ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ ᠪᠠᠨ 2.1% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ 1.3 ᠵᠠᠭᠤᠨ ᠤ ᠬᠤᠪᠢ ᠪᠠᠭᠠᠰᠪᠠ᠃ ᠦᠢᠯᠡᠳᠬᠦ ᠦᠢᠯᠡᠰ ᠨᠢ | ᠪᠦᠬᠦ ᠣᠷᠣᠨ ᠤ ᠠᠵᠤ ᠠᠬᠤᠢ ᠶᠢᠨ ᠰᠡᠷᠭᠦᠭᠡᠯᠲᠡ ᠳᠤ ᠨᠡᠯᠢᠶᠡᠳ ᠬᠦᠴᠦᠲᠡᠶ ᠲᠤᠯᠭᠠᠭᠤᠷᠢᠯᠠᠯ ᠬᠠᠩᠭᠠᠵᠤ᠂ ᠪᠥᠬᠦ ᠨᠡᠮᠡᠭᠳᠡᠯ | ᠥᠷᠲᠡᠭ ᠨᠢ ᠠᠳᠠᠯᠢ ᠬᠤᠭᠤᠴᠠᠭᠠᠨ ᠠᠴᠠ ᠪᠠᠨ 4.6% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠠᠴᠠ 3.7 ᠵᠠᠭᠤᠨ ᠤ | ᠬᠤᠪᠢ ᠳᠡᠭᠡᠭᠰᠢᠯᠡᠪᠡ᠃ | ᠭᠤᠷᠪᠠ᠂ ᠦᠢᠯᠡᠴᠢᠯᠡᠭᠡᠨ ᠤ ᠦᠢᠯᠡᠰ ᠤᠨ ᠰᠠᠶᠢᠵᠢᠷᠠᠯᠲᠠ ᠶᠢᠨ ᠪᠠᠶᠢᠳᠠᠯ ᠢᠯᠡᠷᠬᠡᠢ | ᠳᠡᠭᠡᠷ᠎ᠡ ᠬᠠᠭᠠᠰ ᠵᠢᠯ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 4110.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 5.6% ᠪᠠᠷ ᠪᠠᠭᠤᠷᠠᠵᠤ᠂ ᠪᠠᠭᠤᠷᠠᠯᠲᠠ ᠶᠢᠨ | ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ 1.2 ᠵᠠᠭᠤᠨ ᠤ ᠬᠤᠪᠢ ᠪᠠᠭᠠᠰᠴᠠᠶ᠃ ᠡᠭᠦᠨ ᠳᠤ ᠭᠡᠷ ᠬᠥᠷᠥᠩᠭᠡ ᠶᠢᠨ ᠦᠢᠯᠡᠰ | ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠠᠴᠠ ᠪᠠᠨ 3.7% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠠᠴᠠ 2.1 ᠵᠠᠭᠤᠨ ᠤ ᠬᠤᠪᠢ ᠳᠡᠭᠡᠭᠰᠢᠯᠡᠪᠡ᠃ ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ ᠪᠠᠨ 13.4 | ᠳᠣᠷᠣᠭᠰᠢᠯᠠᠵᠤ᠂ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠠᠴᠠ ᠪᠠᠨ | 29.3% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠭᠡᠳᠦᠭᠡᠷ ᠤᠯᠠᠷᠢᠯ ᠠᠴᠠ ᠲᠣᠰ ᠲᠣᠰ 6.7 ᠪᠠ 11.9 | ᠵᠠᠭᠤᠨ ᠤ ᠬᠤᠪᠢ ᠪᠠᠭᠠᠰᠴᠤ᠂ ᠬᠡᠷᠡᠭᠯᠡᠭᠡᠨ ᠤ ᠬᠦᠷᠢᠶ᠎ᠡ ᠲᠠᠰᠤᠷᠠᠯᠲᠠ ᠦᠭᠡᠢ ᠰᠡᠷᠭᠦᠪᠡ᠃ | ᠶᠡᠷᠦᠩᠬᠡᠶ ᠳᠤᠨᠢ ᠠᠪᠴᠤ ᠦᠵᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠠᠨ ᠤ | ᠣᠷᠣᠨ ᠤ ᠠᠵᠤ ᠠᠬᠤᠶ ᠳᠤ ᠨᠡᠯᠢᠶᠡᠳ ᠬᠠᠷᠰᠢ ᠪᠣᠯᠤᠭᠰᠠᠨ ᠪᠣᠯᠪᠠᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠯᠠᠪᠳᠠᠭᠤᠨ ᠪᠠᠲᠤᠲᠠᠶ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠭᠰᠠᠨ ᠠᠴᠠ ᠲᠥᠷᠥ ᠶᠢᠨ ᠪᠣᠳᠣᠯᠭ᠎ᠠ ᠶᠢᠨ ᠦᠢᠯᠡᠳᠦᠯ ᠤᠯᠠᠮ ᠳᠣᠪᠤᠶᠢᠵᠤ᠂ ᠪᠥᠬᠦ ᠣᠷᠣᠨ ᠤ ᠠᠵᠤ | ᠠᠬᠤᠶ ᠶᠢᠨ ᠲᠣᠭᠲᠠᠭᠤᠨ ᠬᠥᠭᠵᠢᠯᠲᠡ ᠶᠢᠨ ᠬᠠᠨᠳᠤᠰᠢ ᠳᠤ ᠬᠤᠪᠢᠷᠠᠯᠲᠠ ᠭᠠᠷᠤᠭᠰᠠᠨ ᠥᠬᠡᠶ᠃ |