ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ
ᠨᠡᠶᠢᠲᠡᠯᠡᠭᠰᠡᠨ ᠴᠠᠭ᠄
2020/12/7
   ︵2007 ᠣᠨ ᠤ 4 ᠰᠠᠷ᠎ᠠ ᠶᠢᠨ 5 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 492 ᠳ᠋ᠤᠭᠠᠷ ᠵᠠᠷᠯᠢᠭ ᠢᠶᠠᠷ ᠨᠡᠶᠢᠲᠡᠯᠡᠵᠦ᠂ 2019 ᠣᠨ ᠤ 4 ᠰᠠᠷ᠎ᠠ ᠶᠢᠨ 3 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 711 ᠳ᠋ᠤᠭᠡᠷ ᠲᠣᠭᠠᠲᠤ ᠵᠠᠷᠯᠢᠭ ᠢᠶᠠᠷ ᠵᠠᠰᠠᠪᠤᠷᠢ ᠣᠷᠣᠭᠤᠯᠪᠠ︶    ᠨᠢᠭᠡᠳᠦᠭᠡᠷ ᠪᠦᠯᠦᠭ  ᠶᠡᠷᠦᠩᠬᠡᠶ ᠲᠦᠷᠢᠮ    ᠨᠢᠭᠡᠳᠦᠭᠡᠷ ᠵᠤᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ‌‍ᠤᠨ ᠣᠷᠳᠣᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠦᠷᠲᠡᠬᠦ ᠶᠢ ᠪᠠᠲᠤᠯᠠᠵᠤ᠂ ᠵᠠᠰᠠᠭ ᠤᠨ ᠣᠷᠳᠣᠨ ᠤ ᠠᠵᠢᠯ ᠤᠨ ᠢᠯᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠷᠠᠳ ᠣᠯᠠᠨ ᠤ ᠦᠢᠯᠡᠳᠪᠦᠷᠢᠯᠡᠯ᠂ ᠠᠮᠢᠳᠤᠷᠠᠯ ᠪᠣᠯᠤᠨ ᠠᠵᠤ ᠠᠬᠤᠶ ᠨᠡᠶᠢᠭᠡᠮ ᠤᠨ ᠠᠵᠢᠯᠯᠠᠭ᠎ᠠ ᠳᠤ ᠦᠵᠡᠭᠦᠯᠬᠦ ᠦᠢᠯᠡᠴᠢᠯᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨᠲᠥᠯᠥᠭᠡ᠂ ᠲᠣᠰ ᠳᠦᠷᠢᠮ ᠢ ᠲᠣᠭᠲᠠᠭᠠᠪᠠ᠃    ᠬᠤᠶᠠᠳᠤᠭᠠᠷ ᠵᠤᠷᠪᠤᠰ ᠲᠤᠰ ᠳᠦᠷᠢᠮ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠭᠡᠳᠡᠭ  ᠨᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠭᠡᠬᠦ ᠶᠠᠪᠤᠴᠠ ᠳᠤ ᠵᠣᠬᠢᠶᠠᠭᠰᠠᠨ ᠪᠤᠶᠤ ᠣᠯᠤᠭᠰᠠᠨ ᠵᠣᠬᠢᠬᠤ ᠬᠡᠯᠪᠡᠷᠢ ᠪᠠᠷ ᠲᠡᠮᠳᠡᠭᠯᠡᠵᠦ ᠬᠠᠳᠠᠭᠠᠯᠠᠭᠰᠠᠨ ᠮᠡᠳᠡᠭᠡ ᠵᠠᠩᠭᠢ ᠶᠢ ᠵᠢᠭᠠᠵᠤ ᠪᠠᠶᠢᠨ᠎ᠠ᠃    ᠭᠤᠷᠪᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃    ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠣᠯ ᠪᠦᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠃ ᠪᠦᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︵ᠠᠯᠪᠠᠨ ᠭᠡᠷ︶ ᠪᠣᠯ ᠲᠤᠰ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠃ ᠲᠣᠰ ᠵᠠᠰᠠᠭ ᠵᠠᠬᠢᠷᠭᠠᠨ ᠤ ᠣᠷᠣᠨ ᠤ ᠪᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ᠡᠭᠴᠡ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠰᠠᠯᠠᠭ᠎ᠠ ᠮᠥᠴᠢᠷ ᠤᠨ ᠠᠯᠪᠠᠨ ᠲᠢᠩᠬᠢᠮ ︵ᠠᠯᠪᠠᠨ ᠭᠡᠷ︶ ᠨᠢ ᠲᠤᠰ ᠰᠢᠰᠲ᠋ᠧᠮ ᠤᠨ ᠢᠶᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠤᠤᠯᠴᠢᠯᠠᠨ ᠬᠠᠮᠢᠶᠠᠷᠤᠨ᠎ᠠ᠃    ᠳᠥᠷᠪᠡᠳᠦᠭᠡᠷ ᠵᠤᠷᠪᠤᠰ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠲᠡᠷᠡᠴᠢᠯᠡᠨ ᠪᠠᠶᠢᠭᠤᠯᠤᠮᠵᠢ ︵ᠳᠣᠷᠣᠭᠰᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢ ᠶᠡᠷᠦᠩᠬᠡᠶᠢᠯᠡᠨ ᠨᠡᠷᠡᠶᠢᠳᠦᠨ᠎ᠡ︶ ᠶᠢ ᠵᠢᠭᠠᠨ ᠲᠣᠭᠲᠠᠭᠠᠵᠤ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠳᠦᠷ ᠲᠤᠲᠤᠮ ᠤᠨ ᠠᠵᠢᠯ ᠢ ᠬᠠᠷᠢᠭᠤᠴᠠᠭᠤᠯᠬᠤ ᠬᠡᠷᠡᠭᠲᠡᠶ᠃    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠪᠣᠳᠠᠲᠠᠶ ᠡᠭᠦᠷᠭᠡ ᠴᠢᠳᠠᠪᠤᠷᠢ ᠪᠣᠯ᠄    ︵ᠨᠢᠭᠡ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠶᠠᠪᠤᠳᠠᠯ ᠢ ᠰᠢᠢᠳᠪᠦᠷᠢᠯᠡᠨ᠎ᠡ᠃    ︵ᠬᠤᠶᠠᠷ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠮᠠᠭᠠᠯᠠᠨ ᠰᠢᠨᠡᠳᠬᠡᠨ᠎ᠡ᠃    ︵ᠭᠤᠷᠪᠠ︶ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠵᠦᠭᠯᠡᠭᠦᠷ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃    ︵ᠳᠥᠷᠪᠡ︶ ᠢᠯᠡ ᠪᠣᠯᠭᠠᠬᠤ ᠪᠠᠷ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠲᠠᠪᠤ︶ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠬᠤᠯᠪᠣᠭᠳᠠᠬᠤ ᠪᠤᠰᠤᠳ ᠡᠭᠦᠷᠭᠡ ᠴᠢᠳᠠᠪᠤᠷᠢ᠃    ᠲᠠᠪᠤᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ  ᠳᠤ᠂ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠤᠰᠤ ᠪᠣᠯᠭᠠᠬᠤ ᠶᠢ ᠣᠨᠴᠠᠭᠠᠶ ᠪᠠᠶᠢᠳᠠᠯ ᠪᠣᠯᠭᠠᠬᠤ ᠶᠢ ᠪᠠᠷᠢᠮᠲᠠᠯᠠᠵᠤ᠂ ᠲᠥᠪ ᠭᠤᠤᠯᠴᠢ᠂ ᠡᠷᠬᠡ ᠲᠡᠭᠰᠢ᠂ ᠬᠠᠤᠯᠢ ᠶᠣᠰᠣᠨ ᠳᠤ ᠨᠡᠶᠢᠴᠡᠬᠦ᠂ ᠠᠷᠠᠳ ᠲᠤ ᠲᠦᠬᠦᠮ ᠦᠵᠡᠭᠦᠯᠬᠦ ᠵᠠᠷᠴᠢᠮ ᠢ ᠵᠢᠷᠤᠮᠯᠠᠬᠤ ᠬᠡᠷᠡᠭᠲᠡᠶ᠃    ᠵᠢᠷᠭᠤᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ᠂ ᠵᠥᠪ ᠣᠨᠣᠪᠴᠢᠲᠠᠶ ᠢᠯᠡ ᠪᠣᠯᠭᠠᠬᠤ ᠬᠡᠷᠡᠭᠲᠡᠶ᠃    ᠵᠠᠰᠠᠭ ᠵᠠᠬᠢᠷᠭᠠᠨ ᠤ ᠪᠠᠶᠢᠭᠤᠯᠭ᠎ᠠ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ᠂ ᠨᠡᠶᠢᠭᠡᠮ ᠪᠠ ᠠᠵᠤ ᠠᠬᠤᠢ ᠶᠢᠨ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠵᠤ ᠮᠡᠳᠡᠬᠦ ᠬᠤᠳᠠᠯ ᠬᠠᠭᠤᠷᠮᠠᠭ ᠪᠤᠶᠤ ᠪᠦᠷᠢᠨ ᠪᠤᠰᠤ ᠮᠡᠳᠡᠭᠡ ᠵᠠᠩᠭᠢ ᠶᠢ ᠣᠯᠵᠤ ᠮᠡᠳᠡᠪᠡᠯ᠂ ᠵᠠᠰᠠᠭ ᠤᠨ ᠣᠷᠳᠣᠨ ᠠᠴᠠ ᠵᠥᠪ ᠣᠨᠣᠪᠴᠢᠲᠠᠶ ᠮᠡᠳᠡᠭᠡ ᠵᠠᠩᠭᠢ ᠶᠢ ᠨᠡᠶᠢᠲᠡᠯᠡᠵᠦ ᠲᠣᠳᠣᠷᠬᠠᠶᠢᠯᠠᠬᠤ ᠬᠡᠷᠡᠭᠲᠡᠶ᠃    ᠳᠣᠯᠣᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠶ᠃    ᠨᠠᠢᠮᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠬᠠᠮᠢᠶᠠᠷᠤᠯᠲᠠ ᠪᠠᠨ ᠴᠢᠩᠭᠠᠳᠬᠠᠵᠤ᠂ ᠢᠨᠲ᠋ᠧᠷ ᠰᠦᠯᠵᠢᠶᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠭᠤᠰᠤᠯᠴᠠᠯ ᠢ ᠠᠬᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠰᠦᠯᠵᠢᠶ᠎ᠡ ᠪᠠᠷ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠶᠢᠰᠦᠳᠦᠭᠡᠷ ᠵᠤᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠬᠢᠨᠠᠯᠲᠠ ᠲᠠᠯᠪᠢᠬᠤ ᠡᠷᠬᠡ ᠲᠠᠢ᠂ ᠪᠠᠰᠠ ᠰᠢᠭᠦᠮᠵᠢᠯᠡᠯ ᠪᠠ ᠰᠠᠨᠠᠭᠤᠯᠭ᠎ᠠ ᠳᠤᠷᠠᠳᠤᠨ᠎ᠠ᠃    ᠬᠤᠶᠠᠳᠤᠭᠠᠷ ᠪᠦᠯᠦᠭ  ᠢᠯᠡ ᠪᠣᠯᠭᠠᠬᠤ ᠪᠡᠶᠡᠴᠢ ᠴᠣᠭᠴᠠ ᠪᠠ ᠬᠡᠪᠴᠢᠶ᠎ᠡ    ᠠᠷᠪᠠᠳᠤᠭᠠᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠣᠬᠢᠶᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠣᠬᠢᠶᠠᠭᠰᠠᠨ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠬᠠᠷᠢᠭᠤᠴᠠᠨ ᠢᠯᠡ ᠪᠣᠯᠭᠠᠬᠤ ᠬᠡᠷᠡᠭᠲᠡᠶ᠃ ᠵᠠᠰᠠᠭ ᠵᠠᠬᠢᠷᠭᠠᠨ ᠤ ᠪᠠᠶᠢᠭᠤᠯᠭ᠎ᠠ ᠡᠴᠡ‌ᠠᠷᠠᠳ ᠢᠷᠭᠡᠨ᠂ ᠬᠠᠤᠯᠢ ᠵᠢᠨ‌ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠣᠯᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠳᠠᠭᠠᠯᠠᠵᠤ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠷᠢᠭᠤᠴᠠᠵᠤ ᠢᠯᠡ ᠪᠣᠯᠭᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠣᠯᠤᠭᠰᠠᠨ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠦᠢᠯᠡᠳᠦᠭᠰᠡᠨ ᠪᠤᠶᠤ ᠠᠩᠬ᠎ᠠ ᠤᠯᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠷᠢᠭᠤᠴᠠᠵᠤ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠬᠡ ᠶᠢᠨ ᠬᠡᠪᠴᠢᠶ᠎ᠡ ᠶᠢᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃    ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠭᠤᠯᠤᠭᠰᠠᠨ‌‍ᠲ᠋ᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠭᠠᠳᠠᠭᠰᠢ ᠪᠠᠨ ᠥᠪᠡᠷ ᠤᠨ ᠨᠡᠷ᠎ᠡ ᠪᠠᠷ ᠢᠶᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠭᠰᠡᠨ ᠪᠠᠶᠢᠪᠠᠯ᠂ ᠲᠣᠰ ᠲᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠳᠤ ᠬᠤᠯᠪᠣᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠠᠷᠢᠭᠤᠴᠠᠵᠤ ᠪᠣᠯᠤᠨ᠎ᠠ᠃    ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠲᠤ ᠪᠠᠷ ᠵᠣᠬᠢᠶᠠᠭᠰᠠᠨ ᠵᠠᠰᠠᠭ ᠤᠨ ᠤᠷᠳᠤᠨ ᠤ ᠮᠡᠳᠡᠭᠡ ᠵᠠᠩᠭᠢ ᠶᠢ ᠲᠦᠷᠦᠭᠦᠯᠡᠨ ᠵᠣᠬᠢᠶᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠷᠢᠭᠤᠴᠠᠵᠤ ᠢᠯᠡ ᠪᠣᠯᠭᠠᠬᠤ ᠬᠡᠷᠡᠭᠲᠡᠶ᠃    ᠠᠷᠪᠠᠨ ᠨᠢᠭᠡᠳᠦᠭᠡᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ  ᠶᠢ ᠢᠯᠡ ᠪᠣᠯᠭᠠᠬᠤ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠵᠠᠰᠠᠭ ᠵᠠᠬᠢᠷᠭᠠᠨ‌‍ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢ ᠪᠤᠰᠤᠳ ᠪᠠᠶᠢᠭᠤᠯᠭ᠎ᠠ  ᠳᠤ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠪᠠᠶᠢᠭᠤᠯᠭ᠎ᠠ ᠲᠠᠢ ᠵᠥᠪᠳᠡᠯᠴᠡᠵᠦ᠂ ᠨᠤᠲᠠᠯᠠᠵᠤ ᠂ ᠵᠠᠰᠠᠭ ᠵᠠᠬᠢᠷᠭᠠᠨ‌‍ᠤ ᠪᠠᠶᠢᠭᠤᠯᠭ᠎ᠠ ᠶᠢᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠥᠪ ᠣᠨᠣᠪᠴᠢᠲᠠᠶ᠂ ᠨᠢᠭᠡᠳᠦᠯᠲᠡᠶ ᠪᠠᠶᠢᠬᠤ ᠶᠢ ᠪᠠᠲᠤᠯᠠᠬᠤ ᠬᠡᠷᠡᠭᠲᠡᠶ᠃    ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠦᠪᠰᠢᠶᠡᠷᠡᠬᠦ ᠴᠢᠬᠤᠯᠠᠲᠠᠶ ᠪᠠᠶᠢᠪᠠᠯ᠂ ᠵᠥᠪᠰᠢᠶᠡᠷᠡᠭᠦᠯᠦᠭᠡᠳ ᠢᠯᠡ ᠪᠣᠯᠭᠠᠬᠤ ᠬᠡᠷᠡᠭᠲᠡᠶ᠃    ᠠᠷᠪᠠᠨ ᠬᠤᠶᠠᠳᠤᠭᠠᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠨᠠᠶᠢᠷᠠᠭᠤᠯᠤᠨ ᠵᠣᠬᠢᠶᠠᠭᠰᠠᠨ᠂ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠪᠣᠯᠤᠨ ᠵᠠᠰᠠᠭ ‍ᠤᠨ‌ᠤᠷᠳᠤᠨ‌‍ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠢᠶᠠᠨ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠥᠷᠥᠯ ᠬᠤᠪᠢᠶᠠᠬᠤ᠂ ᠨᠠᠶᠢᠷᠠᠭᠤᠯᠤᠨ ᠵᠢᠭᠰᠠᠭᠠᠬᠤ ᠰᠢᠰᠲ᠋ᠧᠮᠵᠢ᠂ ᠣᠯᠬᠤ ᠠᠷᠭ᠎ᠠ ᠮᠠᠶ᠋ᠢᠭ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠨᠡᠷᠡᠶᠢᠳᠦᠯ᠂ ᠠᠵᠢᠯᠯᠠᠬᠤ ᠬᠠᠶᠢᠭ᠂ ᠠᠵᠢᠯᠯᠠᠬᠤ ᠴᠠᠭ᠂ ᠬᠠᠷᠢᠯᠴᠠᠬᠤ ᠤᠲᠠᠰᠤ᠂ ᠳᠦᠷᠰᠦᠲᠦ ᠴᠠᠬᠢᠯᠭᠠᠨ ᠨᠣᠮᠧᠷ᠂ ᠢᠨᠲ᠋ᠧᠷ ᠰᠦᠯᠵᠢᠶ᠎ᠡ ᠶᠢᠨ ᠬᠠᠷᠢᠯᠴᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠪᠠᠭᠲᠠᠨ᠎ᠠ᠃    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ ᠲᠤ ᠵᠠᠰᠠᠭ ᠤᠨ ᠣᠷᠳᠣᠨ ᠤ ᠮᠡᠳᠡᠭᠡ ᠵᠠᠩᠭᠢ  ᠶᠢᠨ ᠬᠡᠯᠬᠢᠶᠡᠰᠦ᠂ ᠨᠡᠷᠡᠶᠢᠳᠦᠯ᠂ ᠠᠭᠤᠯᠭ᠎ᠠ ᠶᠢᠨ ᠲᠦᠢᠮᠣᠴᠢᠯᠠᠯ᠂ ᠪᠣᠶ ᠪᠣᠯᠤᠭᠰᠠᠨ ᠡᠳᠦᠷ ᠬᠤᠭᠤᠴᠠᠭ᠎ᠠ ᠵᠡᠷᠭᠡ ᠠᠭᠤᠯᠭ᠎ᠠ ᠪᠠᠭᠲᠠᠨ᠎ᠠ᠃    ᠠᠷᠪᠠᠨ ᠭᠤᠷᠪᠠᠳᠤᠭᠠᠷ ᠵᠤᠷᠪᠤᠰ  ᠲᠤᠰ ᠳᠦᠷᠢᠮ ᠤᠨ ᠠᠷᠪᠠᠨ ᠳᠥᠷᠪᠡᠳᠦᠭᠡᠷ ᠵᠤᠷᠪᠤᠰ᠂ ᠠᠷᠪᠠᠨ ᠲᠠᠪᠤᠳᠤᠭᠠᠷ ᠵᠤᠷᠪᠤᠰ᠂ ᠠᠷᠪᠠᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠠᠷᠭᠠᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃    ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠷᠭ᠎ᠠ ᠮᠠᠶ᠋ᠢᠭ ᠢ ᠠᠪᠬᠤ ᠬᠡᠷᠡᠭᠲᠡᠢ᠃    ᠠᠷᠪᠠᠨ ᠳᠥᠷᠪᠡᠳᠦᠭᠡᠷ ᠵᠤᠷᠪᠤᠰ  ᠤᠯᠤᠰ ᠤᠨ ᠨᠢᠭᠤᠴᠠ ᠭᠡᠵᠦ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠢᠯᠡ ᠪᠣᠯᠭᠠᠬᠤ ᠶᠢ ᠴᠠᠭᠠᠵᠠᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠵᠢᠴᠢ ᠢᠯᠡ ᠪᠣᠯᠭᠠᠭᠰᠠᠨ ᠤ ᠳᠠᠷᠠᠭ᠎ᠠ ᠤᠯᠤᠰ ᠣᠷᠣᠨ ᠤ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠢ ᠰᠦᠷᠳᠡᠭᠦᠯᠵᠦ ᠮᠡᠳᠡᠬᠦ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠭᠡᠢ᠃    ᠠᠷᠪᠠᠨ ᠲᠠᠪᠤᠳᠤᠭᠠᠷ ᠵᠤᠷᠪᠤᠰ  ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠵᠡᠷᠭᠡ ᠳᠤ ᠬᠤᠯᠪᠣᠭᠳᠠᠪᠠᠯ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠵᠤ ᠪᠣᠯᠬᠤ ᠦᠭᠡᠢ᠃ ᠭᠡᠪᠡᠴᠦ᠂ ᠭᠤᠷᠪᠠᠳᠠᠬᠢ ᠡᠲᠡᠭᠡᠳ ᠢᠯᠡ ᠪᠣᠯᠭᠠᠬᠤ ᠶᠢ ᠵᠥᠪᠰᠢᠶᠡᠷᠡᠭᠰᠡᠨ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠤᠯᠭᠠᠬᠤ ᠦᠭᠡᠢ ᠪᠣᠯ ᠤᠯᠠᠨ ᠨᠡᠶᠢᠲᠡ ᠶᠢᠨ ᠠᠰᠢᠭ ᠲᠤᠰᠠ ᠳᠤ ᠴᠢᠬᠤᠯᠠ ᠶᠡᠭᠡ ᠨᠥᠯᠥᠭᠡ ᠦᠵᠡᠭᠦᠯᠦᠨ᠎ᠡ ᠭᠡᠵᠦ ᠦᠵᠡᠭᠰᠡᠨ ᠪᠠᠶᠢᠪᠠᠯ᠂ ᠢᠯᠡ ᠪᠣᠯᠭᠠᠨ᠎ᠠ᠃    ᠠᠷᠪᠠᠨ ᠵᠢᠷᠭᠤᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠣᠲᠣᠭᠠᠳᠤ ᠶᠢᠨ ᠬᠡᠷᠡᠭ ᠶᠠᠪᠤᠳᠠᠯ ᠤᠨ ᠮᠡᠳᠡᠭᠡ ᠵᠠᠩᠭᠢ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ᠂ ᠳᠣᠲᠣᠭᠠᠳᠤ ᠠᠵᠢᠯ ᠤᠨ ᠴᠤᠪᠤᠷᠠᠯ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠦᠭᠡᠶ ᠪᠠᠶᠢᠵᠤᠪᠣᠯᠤᠨ᠎ᠠ᠃    ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠭᠡᠬᠦ ᠶᠠᠪᠤᠴᠠ ᠳᠤᠮᠳᠠ ᠪᠦᠷᠢᠯᠳᠦᠭᠰᠡᠨ ᠶᠠᠷᠢᠯᠴᠠᠭᠰᠠᠨ ᠲᠡᠮᠳᠡᠭᠯᠡᠯ᠂ ᠶᠠᠪᠤᠴᠠ ᠶᠢᠨ ᠡᠬᠡ ᠨᠣᠣᠷᠠᠭ᠂ ᠵᠦᠪᠳᠡᠯᠴᠡᠬᠦ ᠵᠠᠬᠢᠳᠠᠯ᠂ ᠵᠢᠭᠠᠪᠤᠷᠢ ᠠᠪᠬᠤ ᠮᠡᠳᠡᠭᠦᠯᠦᠯᠲᠡ ᠵᠡᠷᠭᠡ ᠶᠠᠪᠤᠴᠠ ᠶᠢᠨ ᠴᠢᠨᠠᠷᠲᠠᠶ ᠮᠡᠳᠡᠭᠡ ᠵᠠᠩᠭᠢ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠦᠭᠡᠢ ᠪᠠᠶᠢᠵᠤ ᠪᠣᠯᠤᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ ᠭᠡᠵᠦ ᠲᠣᠭᠲᠠᠭᠠᠭᠰᠠᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃    ᠠᠷᠪᠠᠨ ᠳᠣᠯᠣᠳᠤᠭᠠᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠠᠷ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠪᠠᠶᠢᠴᠠᠭᠠᠬᠤ ᠳᠡᠰ ᠳᠠᠷᠠᠭᠠᠯᠠᠯ ᠪᠣᠯᠤᠨ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃    ᠵᠠᠰᠠᠭ ᠵᠠᠬᠢᠷᠭᠠᠨ ᠤ ᠪᠠᠶᠢᠭᠤᠯᠭ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠢᠴᠢ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠯᠡ ᠪᠣᠯᠭᠠᠬᠤ ᠪᠠᠷ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠬᠡᠷᠡᠭᠲᠡᠶ᠃    ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠡᠰᠡᠬᠦ ᠶᠢ ᠲᠣᠭᠲᠠᠭᠠᠵᠤ ᠳᠡᠶᠢᠯᠬᠦ ᠦᠭᠡᠢ ᠪᠠᠶᠢᠪᠠᠯ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠲᠤᠭᠲᠠᠭᠠᠯᠭᠠᠬᠤ ᠬᠡᠷᠡᠭᠲᠡᠶ᠃    ᠠᠷᠪᠠᠨ ᠨᠠᠢᠮᠠᠳᠤᠭᠠᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠢᠯᠡ ᠪᠣᠯᠭᠠᠵᠤ ᠪᠣᠯᠬᠤ ᠥᠬᠡᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ ᠬᠢᠨᠠᠨ ᠪᠠᠶᠢᠴᠠᠭᠠᠵᠤ᠂ ᠪᠠᠶᠢᠳᠠᠯ ᠤᠨ ᠬᠤᠪᠢᠷᠠᠯᠲᠠ ᠠᠴᠠ ᠪᠣᠯᠵᠣ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠡᠷᠡᠭᠲᠡᠶ᠃    ᠭᠤᠷᠪᠠᠳᠤᠭᠠᠷ ᠪᠦᠯᠦᠭ  ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ    ᠠᠷᠪᠠ ᠶᠢᠰᠦᠳᠦᠭᠡᠷ ᠵᠤᠷᠪᠤᠰ  ᠣᠯᠠᠨ ᠨᠡᠶᠢᠲᠡ ᠶᠢᠨ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ᠂ ᠣᠯᠠᠨ ᠨᠡᠶᠢᠲᠡ ᠶᠢᠨ ᠥᠷᠭᠡᠨ ᠢᠶᠠᠷ ᠮᠡᠳᠡᠬᠦ ᠴᠢᠬᠤᠯᠠᠲᠠᠶ ᠪᠤᠶᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠴᠢᠬᠤᠯᠠᠲᠠᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠪᠠᠶᠢᠭᠤᠯᠭ᠎ᠠ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠃     ᠬᠤᠷᠢᠳᠤᠭᠠᠷ ᠵᠤᠷᠪᠤᠰ  ᠵᠠᠰᠠᠭ  ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠤᠨ ᠠᠷᠪᠠ ᠶᠢᠰᠦᠳᠦᠭᠡᠷ ᠵᠤᠷᠪᠤᠰ ᠤᠨ ᠲᠤᠭᠲᠠᠭᠠᠯ ᠶᠣᠰᠣᠭᠠᠷ᠂ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠣᠤᠷ᠎ᠠ ᠵᠢᠭᠰᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠄    ︵ᠨᠢᠭᠡ︶ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠃    ︵ᠬᠤᠶᠠᠷ︶ ᠪᠠᠶᠢᠭᠤᠯᠭ᠎ᠠ ᠶᠢᠨ ᠡᠭᠦᠷᠭᠡ ᠴᠢᠳᠠᠪᠤᠷᠢ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠯᠠᠬᠤ ᠬᠠᠶ᠋ᠢᠭ᠂ ᠠᠵᠢᠯᠯᠠᠬᠤ ᠴᠠᠭ᠂ ᠬᠠᠷᠢᠯᠴᠠᠬᠤ ᠠᠷᠭ᠎ᠠ ᠮᠠᠶ᠋ᠢᠭ᠂ ᠬᠠᠷᠢᠭᠤᠴᠠᠯᠭᠠᠲᠠᠨ ᠤ ᠣᠪᠣᠭ ᠨᠡᠷ᠎ᠡ᠃    ︵ᠭᠤᠷᠪᠠ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠃    ︵ᠳᠥᠷᠪᠡ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ᠃    ︵ᠲᠠᠪᠤ︶ ᠵᠠᠰᠠᠭ ᠵᠠᠬᠢᠷᠭᠠᠨ ᠤ ᠵᠥᠪᠰᠢᠶᠡᠷᠡᠯ ᠪᠠ ᠭᠠᠳᠠᠭᠰᠢ ᠬᠠᠮᠢᠶᠠᠷᠬᠤ ᠪᠤᠰᠤᠳ ᠦᠢᠯᠡᠴᠢᠯᠡᠭᠡᠨ ᠤ ᠵᠦᠢᠯᠡᠰ ᠢ ᠰᠢᠢᠳᠪᠦᠷᠢᠯᠡᠬᠦ ᠦᠨᠳᠦᠰᠦ ᠪᠠᠷᠢᠮᠲᠠ᠂ ᠨᠥᠬᠦᠴᠡᠯ᠂ ᠵᠢᠷᠤᠮ ᠵᠢᠴᠢ ᠰᠢᠢᠳᠪᠦᠷᠢᠯᠡᠭᠰᠡᠨ ᠦᠷ᠎ᠡ ᠳ᠋ᠦᠩ᠃    ︵ᠵᠢᠷᠭᠤᠭ᠎ᠠ︶ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠦᠨᠳᠦᠰᠦ ᠪᠠᠷᠢᠮᠲᠠ᠂ ᠨᠥᠬᠦᠴᠡᠯ᠂ ᠵᠢᠷᠤᠮ ᠵᠢᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠣᠬᠢᠬᠤ ᠨᠡᠶᠢᠭᠡᠮ ᠤᠨ ᠨᠦᠯᠦᠭᠡ ᠲᠠᠢ ᠭᠡᠵᠦ ᠦᠵᠡᠭᠰᠡᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ᠃    ︵ᠲᠤᠯᠤᠭ᠎ᠠ︶ ᠡᠳ᠋ ᠤᠨ ᠵᠠᠰᠠᠭ ᠤᠨ ᠲᠥᠰᠦᠪ᠂ ᠲᠥᠰᠦᠪ ᠤᠨ ᠭᠦᠢᠴᠡᠳᠭᠡᠯ ᠤᠨ ᠮᠡᠳᠡᠭᠡ ᠵᠠᠩᠭᠢ᠃    ︵ᠨᠠᠢᠮᠠ︶ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠵᠢᠴᠢ ᠦᠨᠳᠦᠰᠦ ᠪᠠᠷᠢᠮᠲᠠ᠂ ᠪᠠᠷᠢᠮᠵᠢᠶ᠎ᠠ᠃    ︵ᠶᠢᠰᠦ︶ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠤᠨ ᠭᠠᠷᠴᠠᠭ᠂ ᠪᠠᠷᠢᠮᠵᠢᠶ᠎ᠠ ᠵᠢᠴᠢ ᠬᠡᠷᠡᠭᠵᠢᠭᠦᠯᠦᠭᠰᠡᠨ ᠪᠠᠶᠢᠳᠠᠯ᠃    ︵ᠠᠷᠪᠠ︶ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠵᠢᠨ‌‍ᠲ᠋ᠥ᠋ᠷᠥᠯ ᠵᠦᠢᠯ ᠢ ᠵᠥᠪᠰᠢᠶᠡᠷᠡᠭᠰᠡᠨ ᠪᠠ ᠬᠡᠷᠡᠭᠵᠢᠭᠦᠯᠦᠭᠰᠡᠨ ᠪᠠᠶᠢᠳᠠᠯ᠃    ︵ᠠᠷᠪᠠᠨ ᠨᠢᠭᠡ︶ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠵᠢᠴᠢ ᠲᠡᠭᠦᠨ ᠢ ᠬᠡᠷᠡᠭᠵᠢᠭᠦᠯᠦᠭᠰᠡᠨ ᠪᠠᠶᠢᠳᠠᠯ᠃    ︵ᠠᠷᠪᠠᠨ ᠬᠤᠶᠠᠷ︶ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠰᠡᠷᠡᠮᠵᠢᠯᠡᠭᠦᠯᠬᠦ ᠮᠡᠳᠡᠭᠡ ᠵᠠᠩᠭᠢ ᠵᠢᠴᠢ ᠠᠷᠭᠠᠴᠠᠭᠠᠭᠰᠠᠨ ᠪᠠᠶᠢᠳᠠᠯ᠃    ︵ᠠᠷᠪᠠᠨ ᠭᠤᠷᠪᠠ︶ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯ ᠥᠬᠡᠶ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ᠂ ᠦᠢᠯᠡᠳᠭᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ᠃    ︵ᠠᠷᠪᠠᠨ ᠳᠥᠷᠪᠡ︶ ᠠᠯᠪᠠᠲᠠᠨ ᠡᠯᠰᠡᠬᠦ ᠰᠢᠯᠭᠠᠯᠲᠠ ᠶᠢᠨ ᠲᠤᠰᠢᠶᠠᠯ ᠤᠨ ᠪᠠᠶᠢᠷᠢ᠂ ᠣᠷᠣᠨ ᠲᠤᠭ᠎ᠠ᠂ ᠨᠡᠷ᠎ᠡ ᠮᠡᠳᠡᠭᠦᠯᠬᠦ ᠨᠥᠬᠦᠴᠡᠯ ᠵᠡᠷᠭᠡ ᠵᠦᠢᠯᠡᠰ ᠵᠢᠴᠢ ᠡᠯᠰᠡᠨ ᠬᠡᠷᠡᠭᠯᠡᠭᠰᠡᠨ ᠦᠷ᠎ᠡ ᠳ᠋ᠦᠩ᠃    ︵ᠠᠷᠪᠠᠨ ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ ᠭᠡᠵᠦ ᠲᠣᠭᠲᠠᠭᠠᠭᠰᠠᠨ ᠵᠠᠰᠠᠭ ᠤᠨ ᠣᠷᠳᠣᠨ ᠤ ᠪᠤᠰᠤᠳ ᠮᠡᠳᠡᠭᠡ ᠵᠠᠩᠭᠢ᠃    ᠬᠤᠷᠢᠨ ᠨᠢᠭᠡᠳᠦᠭᠡᠷ ᠵᠤᠷᠪᠤᠰ ᠲᠤᠰ ᠳᠦᠷᠢᠮ ᠤᠨ ᠬᠤᠷᠢᠳᠤᠭᠠᠷ ᠵᠤᠷᠪᠤᠰ ᠲᠤ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠠᠴᠠ ᠭᠠᠳᠠᠨ᠎ᠠ᠂ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠪᠠᠰᠠ ᠲᠤᠰ ᠣᠷᠣᠨ ᠨᠤᠲᠤᠭ ᠤᠨ ᠢᠶᠠᠨ ᠪᠣᠳᠠᠲᠠᠶ ᠪᠠᠶᠢᠳᠠᠯ ᠢ ᠦᠨᠳᠦᠰᠦᠯᠡᠨ᠂ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠶᠢᠨ ᠦᠢᠯᠡᠰ᠂ ᠭᠠᠵᠠᠷ ᠰᠢᠷᠣᠶ ᠲᠠᠲᠠᠪᠤᠷᠢᠯᠠᠬᠤ᠂ ᠭᠡᠷ ᠪᠠᠶᠢᠰᠢᠩ ᠲᠠᠲᠠᠪᠤᠷᠢᠯᠠᠬᠤ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠲᠠᠯ᠎ᠠ ᠳᠤ ᠬᠤᠯᠪᠣᠭᠳᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠃ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ ᠣᠷᠳᠣᠨ ᠪᠠᠰᠠ ᠲᠤᠰ ᠣᠷᠣᠨ ᠨᠤᠲᠤᠭ ᠤᠨ ᠢᠶᠠᠨ ᠪᠣᠳᠠᠲᠠᠶ ᠪᠠᠶᠢᠳᠠᠯ ᠢ ᠦᠨᠳᠦᠰᠦᠯᠡᠨ᠂ ᠲᠠᠷᠢᠶᠠᠯᠠᠩ ᠬᠥᠳᠡᠭᠡ ᠲᠣᠰᠬᠤᠨ ᠤ ᠲᠦᠷᠦ ᠶᠢᠨ ᠪᠤᠳᠤᠯᠭ᠎ᠠ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠡᠵᠡᠩᠨᠡᠯᠲᠡ᠂ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠬᠤ᠂ ᠣᠷᠣᠨ ᠰᠠᠭᠤᠴᠠ ᠶᠢᠨ ᠭᠠᠵᠠᠷ ᠢ ᠬᠡᠷᠡᠭᠯᠡᠭᠰᠡᠨ ᠪᠠᠶᠢᠳᠠᠯ ᠢ ᠬᠢᠨᠠᠨ ᠬᠠᠷᠭᠤᠭᠤᠯᠬᠤ᠂ ᠭᠠᠵᠠᠷ ᠰᠢᠷᠣᠶ ᠲᠠᠲᠠᠪᠤᠷᠢᠯᠠᠬᠤ᠂ ᠭᠡᠷ ᠪᠠᠶᠢᠰᠢᠩ ᠲᠠᠲᠠᠪᠤᠷᠢᠯᠠᠬᠤ᠂ ᠪᠡᠯᠡ ᠮᠥᠩᠭᠦ ᠬᠥᠳᠡᠯᠮᠦᠷᠢ ᠬᠦᠴᠦ ᠴᠤᠭᠯᠠᠭᠤᠯᠬᠤ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠲᠠᠯ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠃     ᠬᠤᠷᠢᠨ ᠬᠤᠶᠠᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠤᠨ ᠬᠤᠷᠢᠳᠤᠭᠠᠷᠵᠤᠷᠪᠤᠰ᠂ ᠬᠤᠷᠢᠨ ᠨᠢᠭᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠣᠳᠠᠲᠠᠶ ᠠᠭᠤᠯᠭ᠎ᠠ ᠶᠢ ᠲᠣᠭᠲᠠᠭᠠᠵᠤ᠂ ᠡᠭᠦᠨ ᠤ ᠬᠠᠮᠲᠤ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃    ᠬᠤᠷᠢᠨ ᠭᠤᠷᠪᠠᠳᠤᠭᠠᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ ᠣᠷᠳᠣᠨ ᠤ ᠰᠦᠯᠵᠢᠶ᠎ᠡ ᠥᠷᠲᠡᠭᠡ ᠪᠤᠶᠤ ᠪᠤᠰᠤᠳ ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠵᠠᠭᠤᠴᠢᠯᠠᠭᠤᠷ᠂ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠢᠯᠡ ᠪᠣᠯᠭᠠᠬᠤ ᠬᠡᠷᠡᠭᠲᠡᠶ᠃    ᠬᠤᠷᠢᠨ ᠳᠥᠷᠪᠡᠳᠦᠭᠡᠷ ᠵᠤᠷᠪᠤᠰ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠤ ᠲᠦᠰᠢᠭᠯᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠡᠳᠦᠯᠲᠡᠶ ᠲᠠᠪᠴᠠᠩ ᠢ ᠠᠰᠢᠭᠯᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠥᠪᠯᠡᠷᠡᠭᠦᠯᠦᠨ ᠨᠡᠶᠢᠲᠡᠯᠡᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠨᠢ ᠮᠡᠳᠡᠭᠡ ᠵᠠᠩᠭᠢ ᠡᠷᠢᠬᠦ᠂ ᠪᠠᠶᠢᠴᠠᠭᠠᠨ ᠦᠵᠡᠬᠦ᠂ ᠪᠠᠭᠤᠯᠭᠠᠬᠤ ᠵᠡᠷᠭᠡ ᠴᠢᠳᠠᠮᠵᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃    ᠬᠤᠷᠢᠨ ᠲᠠᠪᠤᠳᠤᠭᠠᠷ ᠵᠤᠷᠪᠤᠰ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠳᠠᠩᠰᠠ ᠡᠪᠬᠡᠮᠡᠯ ᠤᠨ ᠰᠠᠩ᠂ ᠣᠯᠠᠨ ᠨᠡᠶᠢᠲᠡ ᠶᠢᠨ ᠨᠣᠮ ᠤᠨ ᠰᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠦᠵᠡᠬᠦ ᠭᠠᠵᠠᠷ ᠭᠠᠷᠭᠠᠬᠤ ᠬᠡᠷᠡᠭᠲᠡᠶ᠃ ᠡᠭᠦᠨ ᠤ ᠬᠠᠮᠲᠤ ᠵᠣᠬᠢᠴᠠᠩᠭᠤᠶ ᠪᠦᠬᠦᠢ ᠪᠡᠯᠡᠳᠬᠡᠮᠵᠢ᠂ ᠲᠥᠬᠦᠭᠡᠷᠦᠮᠵᠢ ᠲᠣᠬᠢᠷᠠᠭᠤᠯᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠳᠤ ᠳᠥᠭᠦᠮ ᠦᠵᠡᠭᠦᠯᠬᠦ ᠬᠡᠷᠡᠭᠲᠡᠶ᠃    ᠵᠠᠰᠠᠭ ᠵᠠᠬᠢᠷᠭᠠᠨ ᠤ ᠪᠠᠶᠢᠭᠤᠯᠭ᠎ᠠ ᠬᠡᠷᠡᠭᠴᠡᠭᠡ ᠪᠠᠨ ᠦᠨᠳᠦᠰᠦᠯᠡᠨ ᠣᠯᠠᠨ ᠨᠡᠶᠢᠲᠡ ᠶᠢᠨ ᠪᠠᠶᠢᠴᠠᠭᠠᠨ ᠦᠵᠡᠬᠦ ᠲᠠᠰᠤᠭ᠂ ᠮᠠᠲ᠋ᠧᠷᠢᠶᠠᠯ ᠠᠪᠬᠤ ᠴᠡᠭ᠂ ᠮᠡᠳᠡᠭᠡ ᠵᠠᠩᠭᠢ ᠶᠢᠨ ᠠᠯᠪᠠᠨ ᠵᠠᠷ ᠤᠨ ᠪᠤᠯᠤᠩ᠂ ᠡᠯᠧᠺᠲᠷᠣᠨ ᠮᠡᠳᠡᠭᠡ ᠵᠠᠩᠭᠢ ᠶᠢᠨ ᠳᠡᠯᠭᠡᠴᠡ ᠵᠡᠷᠭᠡ ᠲᠠᠯᠠᠪᠤᠷ᠂ ᠲᠥᠬᠦᠭᠡᠷᠦᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠨ᠎ᠠ᠃    ᠵᠠᠰᠠᠭ ᠵᠠᠬᠢᠷᠭᠠᠨ ᠤ ᠪᠠᠶᠢᠭᠤᠯᠭ᠎ᠠ ᠤᠯᠤᠰ ᠤᠨ ᠳᠠᠩᠰᠠ ᠡᠪᠬᠡᠮᠡᠯ ᠤᠨ ᠰᠠᠩ᠂ ᠣᠯᠠᠨ ᠨᠡᠶᠢᠲᠡ ᠶᠢᠨ ᠨᠣᠮ ᠤᠨ ᠰᠠᠩ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠴᠠᠭ ᠲᠤᠬᠠᠶ  ᠳᠤᠨᠢ ᠬᠠᠩᠭᠠᠬᠤ ᠬᠡᠷᠡᠭᠲᠡᠶ᠃    ᠬᠤᠷᠢᠨ ᠵᠢᠷᠭᠤᠳᠤᠭᠠᠷ ᠵᠤᠷᠪᠤᠰ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠬᠠᠷᠢᠶᠠᠯᠠᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠣᠯ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠪᠣᠢ ᠪᠣᠯᠤᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠶᠢᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢᠵᠢᠷᠤᠮᠯᠠᠨ᠎ᠠ᠃    ᠳᠥᠷᠪᠡᠳᠦᠭᠡᠷ ᠪᠦᠯᠦᠭ  ᠭᠤᠶᠤᠴᠢᠯᠠᠯ ᠶᠣᠰᠣᠭᠠᠷ ᠢᠯᠡ ᠪᠣᠯᠭᠠᠬᠤ    ᠬᠤᠷᠢᠨ ᠳᠣᠯᠣᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠠᠷᠭᠠᠪᠠᠯ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠭᠠᠳᠠᠭᠰᠢ ᠥᠪᠡᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠵᠦ ᠪᠠᠶᠢᠭ᠎ᠠ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ︵ᠲᠤᠰ ᠳᠦᠷᠢᠮ ᠤᠨ ᠠᠷᠪᠠᠳᠤᠭᠠᠷ ᠵᠤᠷᠪᠤᠰ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠲᠣᠮᠢᠯᠠᠭᠰᠠᠨ ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ ᠪᠠᠭᠲᠠᠨ᠎ᠠ︶ ᠲᠤ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠨ ᠣᠯᠵᠤ ᠪᠣᠯᠤᠨ᠎ᠠ᠃    ᠬᠤᠷᠢᠨ ᠨᠠᠢᠮᠠᠳᠤᠭᠠᠷ ᠵᠤᠷᠪᠤᠰ ᠲᠤᠰ ᠳᠦᠷᠢᠮ ᠤᠨ ᠬᠤᠷᠢᠨ ᠳᠣᠯᠣᠳᠤᠭᠠᠷ ᠵᠤᠷᠪᠤᠰ ᠲᠤ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠠᠷᠭ᠎ᠠ ᠵᠠᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠶᠤᠴᠢᠯᠠᠭᠴᠢ ᠶᠢᠨ ᠬᠠᠤᠯᠢ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠨ ᠣᠯᠬᠤ ᠳᠤ ᠳᠥᠭᠦᠮ ᠦᠵᠡᠭᠦᠯᠦᠨ᠎ᠡ᠃    ᠬᠤᠷᠢ ᠶᠢᠰᠦᠳᠦᠭᠡᠷ ᠵᠤᠷᠪᠤᠰ  ᠠᠷᠠᠳ ᠢᠷᠭᠡᠨ᠂ ᠬᠠᠤᠯᠢ ᠵᠢᠨ‌ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠪᠠᠷ ᠭᠤᠶᠤᠴᠢᠯᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠳᠤ ᠳᠤᠷᠠᠳᠬᠤ ᠬᠡᠷᠡᠭᠲᠡᠶ ᠪᠥᠭᠡᠳ ᠵᠠᠬᠢᠳᠠᠯ ᠴᠢᠮᠡᠭᠡ᠂ ᠳ᠋ᠠᠶᠢᠲ᠋ᠠ ᠡᠯᠧᠺᠲᠷᠣᠨ ᠪᠢᠴᠢᠭ ᠢ ᠪᠠᠭᠲᠠᠭᠠᠭᠰᠠᠨ ᠪᠢᠴᠢᠭ ᠤᠨ ᠬᠡᠯᠪᠡᠷᠢ ᠶᠢ ᠬᠡᠷᠡᠭᠯᠡᠬᠦ ᠬᠡᠷᠡᠭᠲᠡᠶ᠃ ᠪᠢᠴᠢᠭ ᠤᠨ ᠬᠡᠯᠪᠡᠷᠢ ᠶᠢ ᠬᠡᠷᠡᠭᠯᠡᠬᠦ ᠳᠤ ᠦᠨᠡᠬᠡᠷ ᠬᠦᠴᠢᠷᠲᠡᠶ ᠪᠠᠶᠢᠪᠠᠯ᠂ ᠭᠤᠶᠤᠴᠢᠯᠠᠭᠴᠢ ᠨᠢ ᠠᠮᠠ ᠪᠠᠷ ᠳᠤᠷᠠᠳᠤᠨ ᠭᠠᠷᠭᠠᠵᠤ᠂ ᠲᠤᠰ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠷᠣᠯᠠᠨ ᠲᠠᠭᠯᠠᠨ᠎ᠠ᠃    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠳᠣᠤᠷ᠎ᠠ ᠵᠢᠭᠰᠠᠭᠠᠭᠰᠠᠨ ᠠᠭᠤᠯᠭ᠎ᠠ ᠨᠤᠭᠤᠳ ᠢ ᠪᠠᠭᠲᠠᠭᠠᠬᠤ ᠬᠡᠷᠡᠭᠲᠡᠶ᠄    ︵ᠨᠢᠭᠡ︶ ᠭᠤᠶᠤᠴᠢᠯᠠᠭᠴᠢ ᠶᠢᠨ ᠤᠪᠦᠬ ᠨᠡᠷ᠎ᠡ ᠪᠤᠶᠤ ᠨᠡᠷᠡᠶᠢᠳᠦᠯ᠂ ᠪᠡᠶ᠎ᠡ ᠶᠢᠨ ᠭᠠᠷᠤᠯ ᠤᠨ ᠭᠡᠷᠡᠴᠢ᠂ ᠬᠠᠷᠢᠯᠴᠠᠬᠤ ᠠᠷᠭ᠎ᠠ ᠮᠠᠶ᠋ᠢᠭ᠃    ︵ᠬᠤᠶᠠᠷ︶ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠨᠡᠷᠡᠶᠢᠳᠦᠯ᠂ ᠪᠢᠴᠢᠭ ᠤᠨ ᠳ᠋ᠤᠭᠠᠷ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠠᠶᠢᠴᠠᠭᠠᠨ ᠯᠠᠪᠯᠠᠬᠤ ᠳᠤ ᠳᠥᠭᠦᠮ ᠪᠤᠰᠤᠳ ᠤᠨᠴᠠ ᠰᠢᠨᠵᠢᠲᠡᠶ ᠳᠦᠷᠰᠦᠯᠡᠯ᠃    ︵ᠭᠤᠷᠪᠠ︶ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠡᠯᠪᠡᠷᠢ ᠶᠢᠨ ᠱᠠᠭᠠᠷᠳᠠᠯᠭ᠎ᠠ᠂ ᠡᠭᠦᠨ ᠳᠤ ᠮᠡᠳᠡᠭᠡ ᠵᠠᠩᠭᠢ ᠣᠯᠬᠤ ᠠᠷᠭ᠎ᠠ ᠬᠡᠯᠪᠡᠷᠢ᠂ ᠠᠷᠭ᠎ᠠ ᠵᠠᠮ ᠪᠠᠭᠲᠠᠨ᠎ᠠ᠃    ᠭᠤᠴᠢᠳᠤᠭᠠᠷ ᠵᠤᠷᠪᠤᠰ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠠᠭᠤᠯᠭ᠎ᠠ ᠨᠢ ᠲᠣᠳᠣᠷᠬᠠᠶ ᠦᠭᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠭᠠᠨ ᠵᠢᠯᠣᠭᠤᠳᠬᠤ ᠪᠠ ᠲᠠᠶᠢᠯᠪᠤᠷᠢᠯᠠᠨ ᠲᠣᠳᠣᠷᠬᠠᠶᠢᠯᠠᠬᠤ ᠶᠢᠨ ᠬᠠᠮᠲᠤ ᠭᠤᠶᠣᠴᠢᠯᠠᠯ ᠢ ᠣᠯᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠨᠢᠭᠡ ᠯᠡ ᠤᠳᠠᠭ᠎ᠠ ᠳᠤ ᠭᠤᠶᠤᠴᠢᠯᠠᠭᠴᠢ ᠳᠤ ᠨᠥᠬᠦᠪᠥᠷᠢᠯᠡᠨ ᠵᠠᠯᠠᠷᠠᠭᠤᠯᠬᠤ ᠬᠡᠷᠡᠭᠲᠡᠶ ᠭᠡᠵᠦ ᠮᠡᠳᠡᠭᠳᠡᠬᠦ ᠬᠡᠷᠡᠭᠲᠡᠶ᠃ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠵᠦᠢᠯᠡᠰ ᠪᠠ ᠵᠦᠶ ᠵᠣᠬᠢᠰᠲᠠᠶ ᠨᠥᠬᠦᠪᠥᠷᠢᠯᠡᠨ ᠵᠠᠯᠠᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠨ᠎ᠠ᠃ ᠬᠠᠷᠢᠭᠤᠯᠲᠠ ᠥᠭᠬᠦ ᠬᠤᠭᠤᠴᠠᠭ᠎ᠠ ᠶᠢ ᠵᠠᠰᠠᠭ ᠵᠠᠬᠢᠷᠭᠠᠨ ᠤ ᠪᠠᠶᠢᠭᠤᠯᠭ᠎ᠠ ᠨᠥᠬᠦᠪᠥᠷᠢᠯᠡᠨ ᠵᠠᠯᠠᠷᠠᠭᠤᠯᠬᠤ ᠭᠤᠶᠣᠴᠢᠯᠠᠯ ᠢ ᠣᠯᠤᠭᠰᠠᠨ ᠡᠳᠦᠷ ᠠᠴᠠ ᠡᠬᠢᠯᠡᠵᠦ ᠪᠤᠳᠤᠨ᠎ᠠ᠃ ᠭᠤᠶᠤᠴᠢᠯᠠᠭᠴᠢ ᠨᠢ ᠵᠦᠶ ᠶᠣᠰᠣᠨ ᠤ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠥᠷᠢᠯᠡᠨ ᠵᠠᠯᠠᠷᠠᠭᠤᠯᠬᠤ ᠦᠭᠡᠢ ᠪᠣᠯ ᠭᠤᠶᠤᠴᠢᠯᠠᠯ ᠢᠶᠠᠨ ᠬᠠᠶᠠᠭᠰᠠᠨ ᠢᠶᠠᠷ ᠦᠵᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠬᠢᠵᠤ ᠰᠢᠢᠳᠪᠦᠷᠢᠯᠡᠬᠦ ᠦᠭᠡᠢ᠃    ᠭᠤᠴᠢᠨ ᠨᠢᠭᠡᠳᠦᠭᠡᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠴᠠᠭ ᠢ ᠳᠣᠤᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠲᠣᠭᠲᠠᠭᠠᠨ᠎ᠠ᠄    ︵ᠨᠢᠭᠡ︶ ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠨᠢᠭᠤᠷᠲᠡᠨ ᠲᠤᠰᠢᠶᠠᠭᠰᠠᠨ ᠪᠠᠶᠢᠪᠠᠯ᠂ ᠲᠤᠰᠢᠶᠠᠬᠤ ᠡᠳᠦᠷ ᠢ ᠭᠤᠶᠤᠴᠢᠯᠠᠯ ᠢ ᠣᠯᠤᠭᠰᠠᠨ ᠡᠳᠦᠷ ᠢᠶᠠᠷ ᠪᠤᠳᠤᠨ᠎ᠠ᠃    ︵ᠬᠤᠶᠠᠷ︶ ᠭᠤᠶᠤᠴᠢᠯᠠᠭᠴᠢ ᠨᠢ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠲᠤᠰᠢᠶᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠠᠷ ᠤᠨ ᠦᠰᠦᠭ ᠵᠢᠷᠤᠵᠤ ᠬᠤᠷᠢᠶᠠᠨ ᠠᠪᠤᠭᠰᠠᠨ ᠡᠳᠦᠷ ᠢ ᠭᠤᠶᠤᠴᠢᠯᠠᠯ ᠢ ᠣᠯᠤᠭᠰᠠᠨ ᠡᠳᠦᠷ ᠢᠶᠠᠷ ᠪᠤᠳᠤᠨ᠎ᠠ᠃ ᠡᠩ ᠤᠨ ᠵᠠᠬᠢᠳᠠᠯ ᠵᠡᠷᠭᠡ ᠭᠠᠷ ᠤᠨ ᠦᠰᠦᠭ ᠵᠢᠷᠤᠵᠤ ᠬᠤᠷᠢᠶᠠᠬᠤ ᠴᠢᠬᠤᠯᠠ ᠦᠭᠡᠢ ᠰᠢᠦᠳᠠᠨ ᠤ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠲᠤᠰᠢᠶᠠᠭᠰᠠᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠭᠤᠶᠤᠴᠢᠯᠠᠯ ᠢ ᠣᠯᠤᠭᠰᠠᠨ ᠲᠡᠷᠡ ᠡᠳᠦᠷ ᠨᠢ ᠭᠤᠶᠤᠴᠢᠯᠠᠭᠴᠢ ᠲᠠᠢ ᠨᠤᠲᠠᠯᠠᠵᠤ᠂ ᠨᠤᠲᠠᠯᠠᠭᠰᠠᠨ ᠡᠳᠦᠷ ᠨᠢ ᠭᠤᠶᠤᠴᠢᠯᠠᠯ ᠢ ᠣᠯᠤᠭᠰᠠᠨ ᠡᠳᠦᠷ ᠪᠣᠯᠤᠨ᠎ᠠ᠃    ︵ᠭᠤᠷᠪᠠ︶ ᠭᠤᠶᠤᠴᠢᠯᠠᠭᠴᠢ ᠢᠨᠲ᠋ᠧᠷ ᠰᠦᠯᠵᠢᠶᠡᠨ ᠤ ᠠᠷᠭ᠎ᠠ ᠵᠠᠮ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠳᠦᠷᠰᠦᠲᠦ ᠴᠠᠬᠢᠯᠭᠠᠨ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠲᠤᠰᠢᠶᠠᠭᠰᠠᠨ ᠪᠣᠯ᠂ ᠬᠤᠶᠠᠷ ᠲᠠᠯ᠎ᠠ ᠶᠢᠨ ᠨᠤᠲᠠᠯᠠᠭᠰᠠᠨ‌ᠡᠳᠦᠷ ᠢᠶᠠᠷ ᠭᠤᠶᠤᠴᠢᠯᠠᠯ ᠢ ᠣᠯᠤᠭᠰᠠᠨ ᠡᠳᠦᠷ ᠪᠣᠯᠭᠠᠨ᠎ᠠ᠃    ᠭᠤᠴᠢᠨ ᠬᠤᠶᠠᠳᠤᠭᠠᠷ ᠵᠤᠷᠪᠤᠰ  ᠭᠤᠶᠤᠴᠢᠯᠠᠯ ᠶᠣᠰᠣᠭᠠᠷ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠷᠪᠠᠳᠠᠬᠢ ᠡᠲᠡᠭᠡᠳ ᠤᠨ ᠰᠠᠨᠠᠯ ᠢ ᠪᠢᠴᠢᠭ  ᠢ ᠬᠤᠷᠢᠶᠠᠬᠤ ᠬᠡᠷᠡᠭᠲᠡᠶ᠃ ᠭᠤᠷᠪᠠᠳᠠᠬᠢ ᠡᠲᠡᠭᠡᠳ ᠨᠢ ᠰᠠᠨᠠᠯ ᠬᠤᠷᠢᠶᠠᠬᠤ ᠪᠢᠴᠢᠭ ᠢ ᠣᠯᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠰᠠᠨᠠᠯ ᠢᠶᠠᠨ ᠳᠤᠷᠠᠳᠬᠤ ᠬᠡᠷᠡᠭᠲᠡᠶ᠃ ᠭᠤᠷᠪᠠᠳᠤᠭᠠᠷ ᠡᠲᠡᠭᠡᠳ ᠬᠤᠭᠤᠴᠠᠭ᠎ᠠ ᠬᠡᠲᠦᠷᠡᠲᠡᠯ᠎ᠡ ᠰᠠᠨᠠᠯ ᠳᠤᠷᠠᠳᠤᠭᠰᠠᠨ ᠦᠭᠡᠢ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠣᠰ ᠳᠦᠷᠢᠮ ᠤᠨ ᠲᠣᠭᠲᠠᠭᠠᠯ ᠶᠣᠰᠣᠭᠠᠷ ᠢᠯᠡ ᠪᠣᠯᠭᠠᠬᠤ ᠡᠰᠡᠬᠦ ᠶᠢ ᠲᠣᠭᠲᠠᠭᠠᠨ᠎ᠠ᠃ ᠭᠤᠷᠪᠠᠳᠤᠭᠠᠷ ᠡᠲᠡᠭᠡᠳ ᠢᠯᠡ ᠪᠣᠯᠭᠠᠬᠤ ᠶᠢ ᠵᠥᠪᠰᠢᠶᠡᠷᠡᠬᠦ ᠦᠭᠡᠢ ᠮᠥᠷᠲᠡᠭᠡᠨ ᠵᠦᠶ ᠵᠣᠬᠢᠰᠲᠠᠶ ᠰᠢᠯᠲᠠᠭᠠᠨ ᠲᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠣᠯᠭᠠᠬᠤ ᠦᠭᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠣᠯᠭᠠᠬᠤ ᠦᠭᠡᠢ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠴᠢᠬᠤᠯᠠ ᠶᠡᠭᠡ ᠨᠥᠯᠥᠭᠡ ᠪᠣᠯᠵᠤ ᠮᠡᠳᠡᠨ᠎ᠡ ᠭᠡᠵᠦ ᠦᠵᠡᠪᠡᠯ᠂ ᠢᠯᠡ ᠪᠣᠯᠭᠠᠬᠤ ᠪᠠᠷ ᠲᠣᠭᠲᠠᠭᠠᠵᠤ ᠪᠣᠯᠬᠤ ᠪᠥᠭᠡᠳ ᠢᠯᠡ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠪᠠ ᠤᠴᠢᠷ ᠰᠢᠯᠲᠠᠭᠠᠨ ᠢᠶᠠᠨ ᠭᠤᠷᠪᠠᠳᠠᠬᠢ ᠡᠲᠡᠭᠡᠳ ᠲᠤ ᠪᠢᠴᠢᠭ ᠢᠶᠠᠷ ᠮᠡᠳᠡᠭᠳᠡᠨ᠎ᠡ᠃    ᠭᠤᠴᠢᠨ ᠭᠤᠷᠪᠠᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠴᠤ᠂ ᠲᠡᠷᠡ ᠳᠣᠤᠷ᠎ᠠ ᠨᠢ ᠬᠠᠷᠢᠭᠤᠯᠲᠠ ᠥᠭᠴᠦ ᠴᠢᠳᠠᠪᠠᠯ᠂ ᠲᠡᠷᠡ ᠳᠣᠤᠷ᠎ᠠ ᠨᠢ ᠬᠠᠷᠢᠭᠤᠯᠲᠠ ᠥᠭᠬᠦ ᠬᠡᠷᠡᠭᠲᠡᠶ᠃    ᠵᠠᠰᠠᠭ ᠵᠠᠬᠢᠷᠭᠠᠨ ᠤ ᠪᠠᠶᠢᠭᠤᠯᠭ᠎ᠠ ᠲᠡᠷᠡ ᠳᠣᠤᠷ᠎ᠠ ᠨᠢ ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ ᠭᠤᠶᠣᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠃ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠶ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠵᠢᠨ‌ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠬᠦ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠤᠷᠲᠤᠳᠬᠠᠬᠤ ᠬᠤᠭᠤᠴᠠᠭ᠎ᠠ ᠶᠢ ᠬᠠᠮᠤᠭ ᠤᠨ ᠤᠷᠳᠤ ᠳᠠᠭᠠᠨ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃    ᠵᠠᠰᠠᠭ ᠵᠠᠬᠢᠷᠭᠠᠨ ᠤ ᠪᠠᠶᠢᠭᠤᠯᠭ᠎ᠠ  ᠠᠴᠠ ᠭᠤᠷᠪᠠᠳᠤᠭᠠᠷ ᠡᠲᠡᠭᠡᠳ ᠪᠠ ᠪᠤᠰᠤᠳ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠡᠮᠦᠨᠡᠬᠢ ᠪᠠᠳᠠᠭ ᠲᠤ ᠲᠣᠭᠲᠠᠭᠠᠭᠰᠠᠨ ᠬᠤᠭᠤᠴᠠᠭᠠᠨ ᠳᠤ ᠣᠷᠣᠭᠤᠯᠬᠤ ᠦᠭᠡᠢ᠃    ᠭᠤᠴᠢᠨ ᠳᠥᠷᠪᠡᠳᠦᠭᠡᠷ ᠵᠤᠷᠪᠤᠰ  ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠤᠶᠠᠷ ᠠᠴᠠ ᠳᠡᠭᠡᠭᠰᠢ ᠵᠠᠰᠠᠭ ᠵᠠᠬᠢᠷᠭᠠᠨ ᠤ ᠪᠠᠶᠢᠭᠤᠯᠭ᠎ᠠ ᠬᠠᠮᠲᠤ ᠪᠠᠷ ᠵᠣᠬᠢᠶᠠᠭᠰᠠᠨ ᠪᠠᠶᠢᠪᠠᠯ᠂ ᠲᠦᠷᠦᠭᠦᠯᠡᠨ ᠬᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠨᠠᠯ ᠢ ᠬᠤᠷᠢᠶᠠᠵᠤ ᠪᠣᠯᠤᠨ᠎ᠠ᠂ ᠰᠠᠨᠠᠯ ᠬᠤᠷᠢᠶᠠᠭᠳᠠᠬᠤ ᠪᠠᠶᠢᠭᠤᠯᠭ᠎ᠠ ᠨᠢ ᠰᠠᠨᠠᠯ ᠬᠤᠷᠢᠶᠠᠬᠤ ᠪᠢᠴᠢᠭ ᠢ ᠣᠯᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠰᠠᠨᠠᠯ ᠵᠶ᠋ᠠᠨ‌‍ᠲ᠋ᠤᠷᠠᠳᠴᠤ᠂ ᠬᠤᠭᠤᠴᠠᠭ᠎ᠠ ᠬᠡᠲᠦᠷᠡᠲᠡᠯ᠎ᠡ ᠰᠠᠨᠠᠯ ᠳᠤᠷᠠᠳᠤᠭᠰᠠᠨ ᠦᠭᠡᠢ ᠪᠠᠶᠢᠪᠠᠯ ᠢᠯᠡ ᠪᠣᠯᠭᠠᠬᠤ ᠶᠢ ᠵᠥᠪᠰᠢᠶᠡᠷᠡᠭᠰᠡᠨ ᠢᠶᠠᠷ ᠦᠵᠡᠨ᠎ᠡ᠃    ᠭᠤᠴᠢᠨ ᠲᠠᠪᠤᠳᠤᠭᠠᠷ ᠵᠤᠷᠪᠤᠰ ᠭᠤᠶᠤᠴᠢᠯᠠᠭᠴᠢ ᠶᠢᠨ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ‌‍ᠤ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ᠂ ᠤᠳᠠᠭ᠎ᠠ ᠨᠢ ᠵᠦᠶ ᠵᠣᠬᠢᠰᠲᠠᠶ ᠬᠡᠪᠴᠢᠶ᠎ᠡ ᠠᠴᠠ ᠢᠯᠡᠳᠲᠡ ᠳᠠᠪᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢ ᠤᠴᠢᠷ ᠰᠢᠯᠲᠠᠭᠠᠨ ᠢᠶᠠᠨ ᠲᠣᠳᠣᠷᠬᠠᠶᠢᠯᠠᠭᠤᠯᠬᠤ ᠪᠠᠷ ᠱᠠᠭᠠᠷᠳᠠᠵᠤ ᠪᠣᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠰᠠᠨ ᠤᠴᠢᠷ ᠰᠢᠯᠲᠠᠭᠠᠨ ᠨᠢ ᠵᠤᠬᠢᠰ ᠦᠭᠡᠢ ᠭᠡᠵᠦ ᠦᠵᠡᠪᠡᠯ᠂ ᠰᠢᠢᠳᠪᠦᠷᠢᠯᠡᠬᠦ ᠦᠭᠡᠢ ᠭᠡᠵᠦ ᠭᠤᠶᠤᠴᠢᠯᠠᠭᠴᠢ ᠳᠤ ᠮᠡᠳᠡᠭᠳᠡᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠰᠠᠨ ᠤᠴᠢᠷ ᠰᠢᠯᠲᠠᠭᠠᠨ ᠨᠢ ᠵᠦᠢ ᠵᠣᠬᠢᠰᠲᠠᠶ ᠭᠡᠵᠦ ᠦᠵᠡᠵᠦ᠂ ᠭᠡᠪᠡᠴᠦ ᠲᠤᠰ ᠲᠦᠷᠢᠮ ᠤᠨ ᠭᠤᠴᠢᠨ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠭᠤᠶᠤᠴᠢᠯᠠᠭᠴᠢ ᠳᠤ ᠬᠠᠷᠢᠭᠤᠯᠲᠠ ᠥᠭᠬᠦ ᠶᠢᠨ ᠠᠷᠭ᠎ᠠ ᠦᠭᠡᠢ ᠪᠠᠶᠢᠪᠠᠯ᠂ ᠬᠠᠷᠢᠭᠤᠯᠲᠠ ᠥᠭᠬᠦ ᠶᠢ ᠬᠤᠶᠢᠰᠢᠯᠠᠭᠤᠯᠬᠤ ᠵᠦᠶ ᠵᠣᠬᠢᠰᠲᠠᠶ ᠬᠤᠭᠤᠴᠠᠭ᠎ᠠ ᠶᠢ ᠲᠣᠭᠲᠠᠭᠠᠵᠤ ᠪᠣᠯᠬᠤ ᠪᠥᠭᠡᠳ ᠭᠤᠶᠤᠴᠢᠯᠠᠭᠴᠢ ᠳᠤ ᠮᠡᠳᠡᠭᠳᠡᠨ᠎ᠡ᠃    ᠭᠤᠴᠢᠨ ᠵᠢᠷᠭᠤᠳᠤᠭᠠᠷ ᠵᠤᠷᠪᠤᠰ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠵᠠᠰᠠᠭ ᠵᠠᠬᠢᠷᠭᠠᠨ ᠤ ᠪᠠᠶᠢᠭᠤᠯᠭ᠎ᠠ ᠳᠣᠤᠷᠠᠬᠢ ᠪᠠᠶᠢᠳᠠᠯ ᠢ ᠦᠨᠳᠦᠰᠦᠯᠡᠨ ᠲᠤᠰ ᠲᠤᠰ ᠬᠠᠷᠢᠭᠤᠯᠲᠠ ᠥᠭᠭᠦᠨ᠎ᠡ᠄    ︵ᠨᠢᠭᠡ︶ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠶᠢ ᠨᠢᠭᠡᠨᠲᠡ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠪᠠᠯ᠂ ᠭᠤᠶᠤᠴᠢᠯᠠᠭᠴᠢ ᠳᠤ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠠᠷᠭ᠎ᠠ ᠮᠠᠶ᠋ᠢᠭ᠂ ᠠᠷᠭ᠎ᠠ ᠵᠠᠮ ᠢ ᠮᠡᠳᠡᠭᠳᠡᠨ᠎ᠡ᠃    ︵ᠬᠤᠶᠠᠷ︶ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠶᠢ ᠢᠯᠡ ᠪᠣᠯᠭᠠᠵᠤ ᠪᠣᠯᠪᠠᠯ ᠭᠤᠶᠤᠴᠢᠯᠠᠭᠴᠢ ᠳᠤ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠬᠤ ᠪᠤᠶᠤ ᠭᠤᠶᠤᠴᠢᠯᠠᠭᠴᠢ ᠳᠤ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ᠂ ᠠᠷᠭ᠎ᠠ ᠵᠠᠮ ᠪᠠ ᠴᠠᠭ ᠢ ᠮᠡᠳᠡᠭᠳᠡᠨ᠎ᠡ᠃    ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠤᠨ ᠲᠣᠭᠲᠠᠭᠠᠯ ᠢ ᠦᠨᠳᠦᠰᠦᠯᠡᠨ ᠢᠯᠡ ᠪᠣᠯᠭᠠᠬᠤ ᠦᠭᠡᠢ ᠭᠡᠵᠦ ᠲᠣᠭᠲᠠᠭᠠᠭᠰᠠᠨ ᠪᠠᠶᠢᠪᠠᠯ᠂ ᠭᠤᠶᠤᠴᠢᠯᠠᠭᠴᠢ ᠳᠤ ᠢᠯᠡ ᠪᠣᠯᠭᠠᠬᠤ ᠦᠭᠡᠢ ᠪᠥᠭᠡᠳ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ ᠮᠡᠳᠡᠭᠳᠡᠨ᠎ᠡ᠃    ︵ᠳᠥᠷᠪᠡ︶ ᠪᠠᠶᠢᠴᠠᠭᠠᠨ ᠡᠷᠢᠬᠦ ᠪᠠᠷ ᠳᠠᠮᠵᠢᠨ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠪᠠᠶᠢᠬᠤ ᠦᠭᠡᠶ ᠪᠠᠶᠢᠪᠠᠯ᠂ ᠭᠤᠶᠤᠴᠢᠯᠠᠭᠴᠢ ᠳᠤ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠪᠠᠶᠢᠬᠤ ᠥᠬᠡᠶ ᠭᠡᠵᠦ ᠮᠡᠳᠡᠭᠳᠡᠨ᠎ᠡ᠃    ︵ᠲᠠᠪᠤ︶ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠬᠤ ᠶᠢ ᠬᠠᠷᠢᠭᠤᠴᠠᠬᠤ ᠦᠭᠡᠢ ᠪᠠᠶᠢᠪᠠᠯ᠂ ᠭᠤᠶᠤᠴᠢᠯᠠᠭᠴᠢ ᠳᠤ ᠮᠡᠳᠡᠭᠳᠡᠬᠦ ᠪᠥᠭᠡᠳ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ᠃ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢ ᠲᠣᠭᠲᠠᠭᠠᠵᠤ ᠴᠢᠳᠠᠪᠠᠯ᠂ ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠢ ᠬᠡᠯᠡᠵᠦ ᠥᠭᠭᠦᠨ᠎ᠡ᠃    ︵ᠵᠢᠷᠭᠤᠭ᠎ᠠ︶ ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠨᠲᠡ ᠭᠤᠶᠤᠴᠢᠯᠠᠭᠴᠢ ᠶᠢᠨ ᠳᠤᠷᠠᠳᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠥᠭᠭᠦᠭᠰᠡᠨ᠂ ᠭᠤᠶᠤᠴᠢᠯᠠᠭᠴᠢ ᠨᠢ ᠠᠳᠠᠯᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠳᠠᠬᠢᠨ ᠳᠠᠪᠲᠠᠨ ᠭᠤᠶᠤᠴᠢᠯᠠᠭᠰᠠᠨ ᠪᠠᠶᠢᠪᠠᠯ᠂ ᠳᠠᠪᠬᠤᠷᠳᠠᠭᠤᠯᠤᠨ ᠰᠢᠢᠳᠪᠦᠷᠢᠯᠡᠬᠦ ᠦᠭᠡᠢ ᠭᠡᠵᠦ ᠭᠤᠶᠤᠴᠢᠯᠠᠭᠴᠢ ᠳᠤ ᠮᠡᠳᠡᠭᠳᠡᠨ᠎ᠡ᠃    ︵ᠳᠣᠯᠤᠭ᠎ᠠ︶ ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠠᠵᠤ ᠦᠢᠯᠡᠳᠪᠦᠷᠢᠬᠤᠳᠠᠯᠳᠤᠭ᠎ᠠ᠂ ᠲᠣᠭᠲᠠᠮᠠᠯ ᠬᠥᠷᠥᠩᠭᠡ ᠶᠢᠨ ᠳᠠᠩᠰᠠᠯᠠᠯ ᠤᠨ ᠮᠠᠲ᠋ᠧᠷᠢᠶᠠᠯ ᠵᠡᠷᠭᠡ ᠮᠡᠳᠡᠭᠡ ᠵᠠᠩᠭᠢ ᠳᠤ ᠬᠠᠷᠢᠶᠠᠯᠠᠭᠳᠠᠵᠤ ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠮᠡᠳᠡᠭᠡ ᠵᠠᠩᠭᠢ ᠤᠯᠬᠤ ᠲᠣᠬᠠᠢ ᠣᠨᠴᠠᠭᠠᠶ ᠲᠣᠭᠲᠠᠭᠠᠯ ᠲᠠᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠭᠦᠢᠴᠡᠳᠬᠡᠬᠦ ᠶᠢ ᠭᠤᠶᠤᠴᠢᠯᠠᠭᠴᠢ ᠳᠤ ᠮᠡᠳᠡᠭᠳᠡᠨ᠎ᠡ᠃    ᠭᠤᠴᠢᠨ ᠳᠣᠯᠣᠳᠤᠭᠠᠷ ᠵᠤᠷᠪᠤᠰ  ᠢᠯᠡ ᠪᠣᠯᠭᠠᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠳᠤ ᠢᠯᠡ ᠪᠣᠯᠭᠠᠵᠤ ᠪᠣᠯᠬᠤ ᠦᠭᠡᠢ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠬᠠᠷᠢᠶᠠᠯᠠᠭᠳᠠᠬᠤ ᠦᠭᠡᠢ ᠠᠭᠤᠯᠭ᠎ᠠ ᠠᠭᠤᠯᠤᠭᠳᠠᠵᠤ᠂ ᠭᠡᠪᠡᠴᠦ ᠢᠯᠭᠠᠨ ᠰᠢᠢᠳᠪᠦᠷᠢᠯᠡᠵᠦ ᠴᠢᠳᠠᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠳᠤ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠶᠢ ᠬᠠᠩᠭᠠᠬᠤ ᠶᠢᠨ ᠬᠠᠮᠲᠤ ᠢᠯᠡ ᠪᠣᠯᠭᠠᠵᠤ ᠪᠣᠯᠬᠤ ᠦᠭᠡᠢ ᠠᠭᠤᠯᠭ᠎ᠠ ᠳᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃    ᠭᠤᠴᠢᠨ ᠨᠠᠢᠮᠠᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠳᠤ ᠬᠠᠩᠭᠠᠭᠰᠠᠨ ᠮᠡᠳᠡᠭᠡ ᠵᠠᠩᠭᠢ ᠨᠢ ᠨᠢᠭᠡᠨᠲᠡ ᠵᠣᠬᠢᠶᠠᠭᠰᠠᠨ ᠪᠤᠶᠤ ᠣᠯᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠪᠠᠶᠢᠬᠤ ᠬᠡᠷᠡᠭᠲᠡᠢ᠃ ᠲᠤᠰ ᠳᠦᠷᠢᠮ ᠤᠨ ᠭᠤᠴᠢᠨ ᠳᠣᠯᠣᠳᠤᠭᠠᠷ ᠵᠤᠷᠪᠤᠰ ᠤᠨ ᠲᠣᠭᠲᠠᠭᠠᠯ ᠶᠣᠰᠣᠭᠠᠷ ᠢᠯᠭᠠᠵᠤ ᠰᠢᠢᠳᠪᠦᠷᠢᠯᠡᠬᠦ ᠠᠴᠠ ᠭᠠᠳᠠᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠤᠳᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠣᠯᠪᠠᠰᠤᠷᠠᠭᠤᠯᠵᠤ᠂ ᠵᠠᠳᠠᠯᠬᠤ ᠴᠢᠬᠤᠯᠠᠲᠠᠶ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠩᠭᠠᠬᠤ ᠦᠭᠡᠢ ᠪᠠᠶᠢᠵᠤ ᠪᠣᠯᠣᠨ᠎ᠠ᠃    ᠭᠤᠴᠢ ᠶᠢᠰᠦᠳᠦᠭᠡᠷ ᠵᠤᠷᠪᠤᠰ ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠣᠴᠢᠯᠠᠯ ᠤᠨ ᠬᠡᠯᠪᠡᠷᠢ ᠪᠠᠷ ᠵᠠᠬᠢᠳᠠᠯ ᠰᠤᠷᠪᠤᠯᠵᠢᠯᠠᠭ᠎ᠠ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠵᠡᠷᠭᠡ ᠠᠵᠢᠯᠯᠠᠭ᠎ᠠ ᠬᠢᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠭᠤᠶᠤᠴᠢᠯᠠᠭᠴᠢ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠪᠠᠷ ᠰᠢᠢᠳᠪᠦᠷᠢᠯᠡᠬᠦ ᠥᠬᠡᠶ ᠪᠠᠶᠢᠬᠤ ᠶᠢ ᠮᠡᠳᠡᠭᠳᠡᠬᠦ ᠶᠢᠨ ᠬᠠᠮᠲᠤ ᠵᠣᠬᠢᠴᠠᠩᠭᠤᠶ ᠠᠷᠭ᠎ᠠ ᠵᠠᠮ ᠢᠶᠠᠷ ᠳᠠᠮᠵᠢᠭᠤᠯᠤᠨ ᠳᠤᠷᠠᠳᠬᠤ ᠶᠢ ᠮᠡᠳᠡᠭᠳᠡᠵᠦ ᠪᠣᠯᠤᠨ᠎ᠠ᠃    ᠭᠤᠶᠤᠴᠢᠯᠠᠭᠴᠢ ᠶᠢᠨ ᠳᠤᠷᠠᠳᠤᠭᠰᠠᠨ ᠭᠤᠶᠤᠴᠢᠯᠠᠯ ᠤᠨ ᠠᠭᠤᠯᠭ᠎ᠠ ᠨᠢ ᠵᠠᠰᠠᠭ ᠵᠠᠬᠢᠷᠭᠠᠨ ᠤ ᠪᠠᠢᠭᠤᠯᠤᠯᠭ᠎ᠠ ᠳᠤ ᠵᠠᠰᠠᠭ ᠤᠨ ᠣᠷᠳᠣᠨ ᠤ ᠠᠯᠪᠠᠨ ᠮᠡᠳᠡᠭᠡ᠂ ᠰᠣᠨᠢᠨ ᠰᠡᠳᠬᠦᠯ᠂ ᠨᠣᠮ ᠪᠢᠴᠢᠭ ᠵᠡᠷᠭᠡ ᠢᠯᠡ ᠬᠡᠪᠯᠡᠭᠳᠡᠬᠦᠨ ᠬᠠᠩᠭᠠᠬᠤ ᠪᠠᠷ ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠣᠯᠬᠤ ᠠᠷᠭ᠎ᠠ ᠵᠠᠮ ᠢ ᠬᠡᠯᠡᠵᠦ ᠥᠭᠴᠦ ᠪᠣᠯᠤᠨ᠎ᠠ᠃    ᠳᠥᠴᠢᠳᠦᠭᠡᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠵᠤ᠂ ᠭᠤᠶᠤᠴᠢᠯᠠᠭᠴᠢ ᠶᠢᠨ ᠱᠠᠭᠠᠷᠳᠠᠯᠭ᠎ᠠ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠳᠠᠭᠠᠯᠠᠬᠤ ᠪᠣᠳᠠᠲᠤ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠬᠤ ᠪᠣᠳᠠᠲᠠᠶ ᠬᠡᠯᠪᠡᠷᠢ ᠶᠢ ᠲᠣᠭᠲᠠᠭᠠᠬᠤ ᠬᠡᠷᠡᠭᠲᠡᠶ᠃ ᠭᠤᠶᠤᠴᠢᠯᠠᠭᠴᠢ ᠶᠢᠨ ᠱᠠᠭᠠᠷᠳᠠᠭᠰᠠᠨ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠴᠢᠶᠠᠯᠠᠪᠤᠷᠢ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠮᠡᠳᠡᠬᠦ ᠪᠤᠶᠤ ᠢᠯᠡ ᠪᠣᠯᠭᠠᠬᠤ ᠥᠪᠡᠷ ᠤᠨ ᠥᠷᠲᠡᠭ ᠨᠢ ᠬᠡᠲᠦ ᠥᠨᠳᠥᠷ ᠪᠠᠶᠢᠪᠠᠯ᠂ ᠡᠯᠧᠺᠲᠷᠣᠨ ᠲᠤᠭ᠎ᠠ ᠪᠠᠷᠢᠮᠲᠠ ᠵᠢᠴᠢ ᠪᠤᠰᠤᠳ ᠵᠣᠬᠢᠰᠲᠠᠶ ᠬᠡᠯᠪᠡᠷᠢ ᠪᠠᠷ ᠬᠠᠩᠭᠠᠵᠤ ᠪᠣᠯᠤᠨ᠎ᠠ᠃ ᠡᠰᠡᠬᠦᠯ᠎ᠡ ᠭᠤᠶᠤᠴᠢᠯᠠᠭᠴᠢ ᠶᠢᠨ ᠬᠠᠮᠢᠶ᠎ᠠ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠬᠠᠭᠤᠯᠤᠨ ᠲᠡᠮᠳᠡᠭᠯᠡᠭᠦᠯᠬᠦ ᠪᠠᠷ ᠲᠣᠬᠢᠷᠠᠭᠤᠯᠬᠤ ᠬᠡᠷᠡᠭᠲᠡᠶ᠃    ᠳᠥᠴᠢᠨ ᠨᠢᠭᠡᠳᠦᠭᠡᠷ ᠵᠤᠷᠪᠤᠰ  ᠠᠷᠠᠳ ᠢᠷᠭᠡᠨ᠂ ᠬᠠᠤᠯᠢ ᠵᠢᠨ‌ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠩᠭᠠᠭᠰᠠᠨ ᠲᠤᠰ ᠪᠡᠶ᠎ᠡ ᠲᠠᠢ ᠪᠠᠨ ᠬᠤᠯᠪᠣᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠡᠮᠳᠡᠭᠯᠡᠯ ᠨᠢ ᠣᠨᠣᠪᠴᠢ ᠦᠭᠡᠶ ᠶᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠠᠯᠠᠷᠠᠭᠤᠯᠤᠭᠤᠯᠬᠤ ᠪᠠᠷ ᠱᠠᠭᠠᠷᠳᠠᠵᠤ ᠪᠣᠯᠤᠨ᠎ᠠ᠃ ᠵᠠᠯᠠᠷᠠᠭᠤᠯᠬᠤ ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠨ ᠬᠠᠷᠭᠤᠭᠤᠯᠤᠭᠠᠳ ᠦᠨᠡᠨ ᠪᠣᠳᠠᠲᠠᠶ ᠪᠠᠶᠢᠪᠠᠯ᠂ ᠵᠠᠯᠠᠷᠠᠭᠤᠯᠬᠤ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠵᠠᠯᠠᠷᠠᠭᠤᠯᠬᠤ ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦ ᠪᠥᠭᠡᠳ ᠭᠤᠶᠤᠴᠢᠯᠠᠭᠴᠢ ᠳᠤ ᠮᠡᠳᠡᠭᠳᠡᠬᠦ ᠪᠤᠶᠤ ᠵᠠᠯᠠᠷᠠᠭᠤᠯᠬᠤ ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠤᠷᠠᠳᠬᠤ ᠡᠷᠬᠡ ᠲᠠᠢ ᠭᠡᠵᠦ ᠭᠤᠶᠤᠴᠢᠯᠠᠭᠴᠢ ᠳᠤ ᠬᠡᠯᠡᠵᠦ ᠥᠭᠴᠦ ᠪᠤᠯᠤᠨ᠎ᠠ᠃    ᠳᠥᠴᠢᠨ ᠬᠤᠶᠠᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠬᠠᠩᠭᠠᠬᠤ ᠳᠠᠭᠠᠨ ᠰᠦᠢᠳᠬᠡᠯ ᠬᠤᠷᠢᠶᠠᠬᠤ ᠦᠭᠡᠢ᠃ ᠭᠡᠪᠡᠴᠦ᠂ ᠭᠤᠶᠤᠴᠢᠯᠠᠭᠴᠢ ᠶᠢᠨ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ᠂ ᠤᠳᠠᠭ᠎ᠠ ᠨᠢ ᠵᠦᠶ ᠵᠣᠬᠢᠰᠲᠠᠶ ᠬᠡᠪᠴᠢᠶ᠎ᠡ ᠠᠴᠠ ᠢᠯᠡᠷᠬᠡᠶ ᠬᠡᠲᠦᠷᠡᠭᠰᠡᠨ ᠪᠣᠯ ᠵᠠᠰᠠᠭ ᠵᠠᠬᠢᠷᠭᠠᠨ ᠤ ᠪᠠᠶᠢᠭᠤᠯᠤᠯᠭ᠎ᠠ ᠮᠡᠳᠡᠭᠡ ᠵᠠᠩᠭᠢ ᠰᠢᠢᠳᠪᠦᠷᠢᠯᠡᠬᠦ ᠰᠦᠢᠳᠬᠡᠯ ᠬᠤᠷᠢᠶᠠᠵᠤ ᠪᠣᠯᠤᠨ᠎ᠠ᠃    ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠮᠡᠳᠡᠭᠡ ᠵᠠᠩᠭᠢ ᠰᠢᠢᠳᠪᠦᠷᠢᠯᠡᠬᠦ ᠵᠠᠷᠤᠳᠠᠯ ᠬᠤᠷᠢᠶᠠᠬᠤ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠭᠤᠣᠯᠯᠠᠨ‌ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠪᠦᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ‍ᠤᠨ‌ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃    ᠳᠥᠴᠢᠨ ᠭᠤᠷᠪᠠᠳᠤᠭᠠᠷ ᠵᠤᠷᠪᠤᠰ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠰᠠᠨ ᠠᠷᠠᠳ ᠢᠷᠭᠡᠨ ᠤᠩᠰᠢᠬᠤ ᠳᠤ ᠬᠦᠴᠢᠷᠲᠡᠶ ᠪᠤᠶᠤ ᠦᠵᠡᠵᠦ ᠰᠣᠨᠣᠰᠬᠤ ᠬᠠᠷᠰᠢ ᠰᠠᠭᠠᠳ ᠣᠷᠣᠰᠢᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠡᠭᠦᠨ ᠳᠤ ᠴᠢᠬᠤᠯᠠ ᠪᠦᠬᠦᠢ ᠬᠠᠪᠰᠤᠷᠤᠯᠭ᠎ᠠ ᠦᠵᠡᠭᠦᠯᠬᠦ ᠬᠡᠷᠡᠭᠲᠡᠶ᠃    ᠳᠥᠴᠢᠨ ᠳᠥᠷᠪᠡᠳᠦᠭᠡᠷ ᠵᠤᠷᠪᠤᠰ  ᠣᠯᠠᠨ ᠭᠤᠶᠤᠴᠢᠯᠠᠭᠴᠢ ᠠᠳᠠᠯᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠬᠠᠢ ᠠᠳᠠᠯᠢ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠢᠯᠡ ᠪᠠᠷ ᠭᠤᠶᠤᠴᠢᠯᠠᠯ ᠭᠠᠷᠭᠠᠵᠤ᠂ ᠲᠡᠷᠡ ᠮᠥᠷᠲᠡᠭᠡᠨ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠢᠯᠡ ᠪᠣᠯᠭᠠᠵᠤ ᠪᠣᠯᠬᠤ ᠳᠤ ᠬᠦᠷᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠣᠷᠣᠭᠤᠯᠵᠤᠪᠤᠯᠤᠨ᠎ᠠ᠃    ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠶᠤᠴᠢᠯᠠᠯ ᠢ ᠦᠨᠳᠦᠰᠦᠯᠡᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠭᠴᠢ ᠨᠢ ᠣᠯᠠᠨ ᠨᠡᠶᠢᠲᠡ ᠶᠢᠨ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠬᠤ᠂ ᠣᠯᠠᠨ ᠨᠡᠶᠢᠲᠡ ᠳᠤ ᠥᠷᠭᠡᠨ ᠢᠶᠠᠷ ᠮᠡᠳᠡᠭᠦᠯᠬᠦ ᠪᠤᠶᠤ ᠣᠯᠠᠨ ᠨᠡᠶᠢᠲᠡ ᠪᠠᠷ ᠢᠶᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠴᠢᠬᠤᠯᠠᠲᠠᠶ ᠭᠡᠵᠦ ᠦᠵᠡᠪᠡᠯ᠂ ᠲᠣᠰ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠣᠷᠣᠭᠤᠯᠬᠤ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠰᠠᠨᠠᠭᠤᠯᠵᠤ ᠪᠣᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠨ ᠬᠠᠷᠭᠤᠭᠤᠯᠤᠭᠠᠳ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ‌‍ᠳᠤ ᠬᠠᠷᠢᠶᠠᠯᠠᠭᠳᠠᠨ᠎ᠠ ᠭᠡᠵᠦ ᠦᠵᠡᠪᠡᠯ᠂ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠢ᠃    ᠳᠥᠴᠢᠨ ᠲᠠᠪᠤᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠩᠰᠠᠯᠠᠬᠤ᠂ ᠬᠢᠨᠠᠨ ᠬᠠᠷᠭᠤᠭᠤᠯᠬᠤ᠂ ᠰᠢᠢᠳᠪᠦᠷᠢᠯᠡᠬᠦ᠂ ᠬᠠᠷᠢᠭᠤᠯᠲᠠ ᠥᠭᠬᠦ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠵᠢᠷᠤᠮᠵᠢᠯ ᠢ ᠴᠢᠩᠭᠠᠳᠬᠠᠬᠤ ᠬᠡᠷᠡᠭᠲᠡᠶ᠃    ᠲᠠᠪᠤᠳᠤᠭᠠᠷ ᠪᠦᠯᠦᠭ  ᠬᠢᠨᠠᠯᠲᠠ ᠲᠠᠯᠪᠢᠬᠤ ᠪᠠ ᠪᠠᠲᠤᠯᠠᠬᠤ    ᠳᠥᠴᠢᠨ ᠵᠢᠷᠭᠤᠳᠤᠭᠠᠷ ᠵᠤᠷᠪᠤᠰ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠨᠠᠨ ᠰᠢᠯᠭᠠᠬᠤ ᠳᠦᠷᠢᠮ᠂ ᠨᠡᠶᠢᠭᠡᠮ ᠤᠨ ᠦᠨᠡᠯᠡᠯᠲᠡ ᠬᠢᠬᠦ ᠳᠦᠷᠢᠮ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ᠂ ᠵᠥᠪᠯᠡᠬᠦ ᠬᠡᠷᠡᠭᠲᠡᠶ᠃    ᠳᠥᠴᠢᠨ ᠳᠣᠯᠣᠳᠤᠭᠠᠷ ᠵᠤᠷᠪᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠳᠦᠷ ᠲᠤᠲᠤᠮ ᠤᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠥᠷᠨᠢᠭᠦᠯᠦᠭᠰᠡᠨ ᠥᠬᠡᠶ ᠪᠠᠶᠢᠪᠠᠯ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠪᠤᠶᠤ ᠵᠠᠷᠯᠠᠨ ᠰᠢᠭᠦᠮᠵᠢᠯᠡᠨ᠎ᠡ᠃ ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠶ ᠪᠠᠶᠢᠪᠠᠯ᠂ ᠬᠠᠤᠯᠢ ᠶᠣᠰᠣᠭᠠᠷ ᠡᠷᠬᠡᠲᠦ ᠪᠠᠶᠢᠭᠤᠯᠭ᠎ᠠ ᠳᠤ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃    ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠱᠠᠭᠠᠷᠳᠠᠯᠭ᠎ᠠ ᠶᠣᠰᠣᠭᠠᠷ ᠰᠠᠨᠠᠭᠠᠴᠢᠯᠠᠭ᠎ᠠ ᠠᠴᠠ ᠪᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠦᠭᠡᠢ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠠᠤᠯᠢ ᠶᠣᠰᠣᠭᠠᠷ ᠬᠠᠷᠢᠭᠤᠯᠲᠠ ᠥᠭᠴᠦ ᠰᠢᠢᠳᠪᠦᠷᠢᠯᠡᠭᠰᠡᠨ ᠦᠭᠡᠢ ᠭᠡᠵᠦ ᠦᠵᠡᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠳᠤᠷᠠᠳᠴᠤ ᠪᠣᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ  ᠨᠢ ᠦᠨᠡᠨ ᠪᠣᠳᠠᠲᠠᠶ ᠪᠠᠶᠢᠬᠤ ᠶᠢ ᠪᠠᠶᠢᠴᠠᠭᠠᠨ ᠲᠣᠳᠣᠯᠠᠭᠰᠠᠨ ᠪᠣᠯ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠪᠤᠶᠤ ᠵᠠᠷᠯᠠᠨ ᠰᠢᠭᠦᠮᠵᠢᠯᠡᠬᠦ ᠬᠡᠷᠡᠭᠲᠡᠶ᠃    ᠳᠥᠴᠢᠨ ᠨᠠᠢᠮᠠᠳᠤᠭᠠᠷ ᠵᠤᠷᠪᠤᠰ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠬᠢᠬᠦ ᠬᠡᠷᠡᠭᠲᠡᠶ᠃    ᠳᠥᠴᠢ ᠶᠢᠰᠦᠳᠦᠭᠡᠷ ᠵᠤᠷᠪᠤᠰ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠳ ᠵᠢᠯ ᠪᠦᠷᠢ ᠶᠢᠨ 1 ᠳ᠋ᠤᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠲᠣᠰ ᠱᠠᠲᠤᠨ ᠤ ᠵᠠᠰᠠᠭ‌‍ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠣᠰ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠳᠡᠭᠡᠷ᠎ᠡ ᠨᠢᠭᠡ ᠵᠢᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠪᠠᠨ ᠲᠤᠰᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃    ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠯ ᠪᠦᠷᠢ ᠶᠢᠨ 3 ᠰᠠᠷ᠎ᠠ ᠶᠢᠨ 31 ᠤ ᠡᠳᠦᠷ ᠠᠴᠠ ᠡᠮᠦᠨ᠎ᠡ ᠲᠤᠰ ᠱᠠᠲᠤᠨ ᠤ ᠵᠠᠰᠠᠭ ᠤᠨ ᠣᠷᠳᠣᠨ ᠤ ᠳᠡᠭᠡᠷ᠎ᠡ ᠨᠢᠭᠡ ᠵᠢᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃    ᠲᠠᠪᠢᠳᠤᠭᠠᠷ ᠵᠤᠷᠪᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠳᠣᠤᠷ᠎ᠠ ᠵᠢᠭᠰᠠᠭᠠᠭᠰᠠᠨ ᠠᠭᠤᠯᠭ᠎ᠠ ᠶᠢ ᠪᠠᠭᠲᠠᠭᠠᠬᠤ ᠬᠡᠷᠡᠭᠲᠡᠶ᠄    ︵ᠨᠢᠭᠡ︶ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠡᠴᠠ‌‍ᠪᠠᠨ ᠢᠯᠡ ᠪᠣᠯᠭᠠᠭᠰᠠᠨ ᠪᠠᠶᠢᠳᠠᠯ᠃    ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ᠃    ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠠᠴᠠ ᠪᠣᠯᠵᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ᠂ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠳᠠᠯ᠃    ︵ᠳᠥᠷᠪᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠪᠠᠰᠠ ᠠᠵᠢᠯ ᠤᠨ ᠬᠢᠨᠠᠨ ᠰᠢᠯᠭᠠᠯᠲᠠ᠂ ᠨᠡᠶᠢᠭᠡᠮ ᠤᠨ ᠦᠨᠡᠯᠡᠯᠲᠡ ᠪᠠ ᠬᠠᠷᠢᠭᠤᠴᠠᠯᠭ᠎ᠠ ᠨᠡᠬᠡᠮᠵᠢᠯᠡᠭᠰᠡᠨ ᠦᠷ᠎ᠡ ᠳ᠋ᠦᠩ ᠤᠨ ᠪᠠᠶᠢᠳᠠᠯ ᠢ ᠪᠠᠭᠲᠠᠭᠠᠬᠤ ᠬᠡᠷᠡᠭᠲᠡᠶ᠃    ︵ᠲᠠᠪᠤ︶ ᠮᠡᠳᠡᠭᠦᠯᠬᠦ ᠴᠢᠬᠤᠯᠠᠲᠠᠶ ᠪᠤᠰᠤᠳ ᠵᠤᠷᠪᠤᠰ ᠤᠳ᠃    ᠪᠦᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ‍ᠤᠨ‌ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠢᠭᠡᠲᠦᠯᠲᠠᠢ ᠬᠡᠯᠪᠡᠷᠢ ᠶᠢ ᠨᠡᠶᠢᠲᠡᠯᠡᠵᠦ᠂ ᠲᠡᠷᠡᠴᠢᠯᠡᠨ ᠴᠠᠭ ᠲᠤᠨᠢ ᠲᠤᠬᠢᠷᠠᠭᠤᠯᠤᠨ ᠰᠢᠨᠡᠳᠬᠡᠬᠦ ᠬᠡᠷᠡᠭᠲᠡᠶ᠃    ᠲᠠᠪᠢᠨ ᠨᠢᠭᠡᠳᠦᠭᠡᠷ ᠵᠤᠷᠪᠤᠰ  ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ ᠢᠯᠡᠴᠢᠯᠡᠨ ᠮᠡᠳᠡᠭᠦᠯᠵᠦ ᠪᠣᠯᠤᠨ᠎ᠠ᠂ ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠭᠰᠡᠨ ᠴᠦ ᠪᠣᠯᠤᠨ᠎ᠠ᠃    ᠲᠠᠪᠢᠨ ᠬᠤᠶᠠᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠯᠪᠣᠭᠳᠠᠯ ᠪᠦᠬᠦᠢ ᠳᠦᠷᠢᠮ᠂ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠭᠡᠳᠦᠶ ᠪᠠᠶᠢᠪᠠᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ‌ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃    ᠲᠠᠪᠢᠨ ᠭᠤᠷᠪᠠᠳᠤᠭᠠᠷ ᠵᠤᠷᠪᠤᠰ  ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ  ᠲᠠᠢ ᠬᠥᠮᠦᠨ ᠳᠤ ᠬᠠᠤᠯᠢ ᠶᠣᠰᠣᠭᠠᠷ ᠰᠢᠢᠳᠬᠡᠯ ᠥᠭᠴᠦ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄    ︵ᠨᠢᠭᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠭᠦᠢᠴᠡᠳᠬᠡᠬᠦ ᠥᠬᠡᠶ᠃    ︵ᠬᠤᠶᠠᠷ︶ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ᠂ ᠵᠠᠰᠠᠭ ᠤᠨ ᠣᠷᠳᠣᠨ‌‍ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠪᠣᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠬᠤ ᠭᠠᠷᠴᠠᠭ ᠢ ᠴᠠᠭ ᠲᠤᠬᠠᠶ ᠳᠤᠨᠢ ᠰᠢᠨᠡᠳᠬᠡᠬᠦ ᠥᠬᠡᠶ᠃    ︵ᠭᠤᠷᠪᠠ︶ ᠲᠣᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃    ᠵᠢᠷᠭᠤᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ    ᠲᠠᠪᠢᠨ ᠳᠥᠷᠪᠡᠳᠦᠭᠡᠷ ᠵᠤᠷᠪᠤᠰ  ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯᠯᠠᠭ᠎ᠠ᠂ ᠲᠣᠰ ᠳᠦᠷᠢᠮ ᠲᠣᠬᠢᠷᠠᠨ᠎ᠠ᠃    ᠲᠠᠪᠢᠨ ᠲᠠᠪᠤᠳᠤᠭᠠᠷ ᠵᠤᠷᠪᠤᠰ  ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ‌‍ᠶᠢᠨ ᠵᠠᠮ ᠬᠠᠷᠢᠯᠴᠠᠭ᠎ᠠ ᠵᠡᠷᠭᠡ ᠠᠷᠠᠳ ᠣᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠣᠯᠠᠨ‌ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠬᠠᠩᠭᠠᠬᠤ ᠶᠠᠪᠤᠴᠠ ᠳᠤ ᠵᠣᠬᠢᠶᠠᠵᠤ᠂ ᠣᠯᠤᠭᠰᠠᠨ ᠮᠡᠳᠡᠭᠡ ᠵᠠᠩᠭᠢ ᠶᠢ ᠢᠯᠡ ᠪᠣᠯᠭᠠᠬᠤ ᠳᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠪᠦᠬᠦ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠳᠠᠲᠤ ᠬᠡᠷᠡᠭᠴᠡᠭᠡ ᠪᠠᠨ ᠦᠨᠳᠦᠰᠦᠯᠡᠨ ᠲᠤᠰᠬᠠᠶ ᠲᠣᠭᠲᠠᠭᠠᠯ ᠲᠣᠭᠲᠠᠭᠠᠵᠤ ᠪᠣᠯᠤᠨ᠎ᠠ᠃    ᠡᠮᠦᠨᠡᠬᠢ ᠪᠠᠳᠠᠭ ᠲᠤ ᠲᠣᠭᠲᠠᠭᠠᠭᠰᠠᠨ ᠣᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠠᠪᠤᠴᠠ ᠳᠤ ᠵᠣᠬᠢᠶᠠᠵᠤ ᠣᠯᠤᠭᠰᠠᠨ ᠮᠡᠳᠡᠭᠡ ᠵᠠᠩᠭᠢ ᠪᠠᠨ ᠢᠯᠡ ᠪᠣᠯᠭᠠᠭᠰᠠᠨ ᠦᠭᠡᠢ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠭᠤᠮᠣᠳᠠᠯ ᠲᠣᠭᠠᠴᠢᠵᠤ ᠪᠣᠯᠤᠨ᠎ᠠ᠃ ᠭᠤᠮᠣᠳᠠᠯ ᠲᠣᠭᠠᠴᠢᠯᠲᠠ ᠶᠢ ᠬᠦᠯᠢᠶᠡᠨ ᠠᠪᠤᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠭᠤᠮᠣᠳᠠᠯ ᠲᠣᠭᠠᠴᠢᠭᠴᠢ ᠳᠤ ᠮᠡᠳᠡᠭᠳᠡᠬᠦ ᠬᠡᠷᠡᠭᠲᠡᠶ᠃    ᠲᠠᠪᠢᠨ ᠵᠢᠷᠭᠤᠳᠤᠭᠠᠷ ᠵᠤᠷᠪᠤᠰ  ᠲᠣᠰ ᠲᠦᠷᠢᠮ ᠢ 2019 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号