ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠷᠭ᠎ᠠ
ᠨᠡᠶᠢᠲᠡᠯᠡᠭᠰᠡᠨ ᠴᠠᠭ᠄
2020/12/7
︵2000ᠣᠨ ᠤ12 ᠰᠠᠷ᠎ᠠ ᠶᠢᠨ7 ᠤ ᠡᠳᠦᠷ ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ  108 ᠳ᠋ᠤᠭᠠᠷ ᠨᠡᠶᠢᠲᠡᠯᠡᠯ︶   ᠨᠢᠭᠡᠳᠦᠭᠡᠷ ᠵᠤᠷᠪᠤᠰ  ︽ᠪᠥᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠣᠯᠢ︾ ᠪᠤᠯᠤᠨ ︽ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠲᠤᠭ᠎ᠠ ᠶᠢ ᠲᠣᠭᠲᠠᠭᠠᠪᠠ᠃    ᠬᠤᠶᠠᠳᠤᠭᠠᠷ ᠵᠤᠷᠪᠤᠰ  ᠲᠣᠰ ᠠᠷᠭ᠎ᠠ ᠶᠢ ᠦᠪᠡᠷᠲᠡᠭᠡᠨ ᠵᠠᠰᠠᠬᠤ ᠤᠷᠤᠨ ᠤ ᠲᠣᠲᠣᠷᠠᠬᠢ ᠲᠤᠭ᠎ᠠ ᠪᠦᠷᠢᠳᠬᠡᠯ ᠤᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤᠬᠡᠷᠡᠭᠯᠡᠭᠳᠡᠨ᠎ᠡ᠃    ᠭᠤᠷᠪᠠᠳᠤᠭᠠᠷ ᠵᠤᠷᠪᠤᠰ  ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠲᠤᠭ᠎ᠠ ᠪᠦᠷᠢᠳᠬᠡᠯ ᠤᠨ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠪᠤᠰᠤᠳ ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠤᠨ ᠪᠠᠶᠢᠭᠤᠯᠤᠮᠵᠢ ᠬᠠᠮᠵᠢᠯᠴᠠᠬᠤ ᠬᠡᠷᠡᠭᠲᠡᠢ᠃    ᠳᠦᠷᠪᠡᠳᠦᠭᠡᠷ ᠵᠤᠷᠪᠤᠰ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠠᠣᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠠᠵᠢᠯᠯᠠᠭ᠎ᠠ ᠶᠢ ᠪᠠᠶᠢᠩᠭᠤ ᠵᠣᠬᠢᠶᠠᠨ ᠪᠠᠶᠢᠭᠤᠯᠬᠤ ᠬᠡᠷᠡᠭᠲᠡᠢ᠃ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠪᠠᠶᠢᠭᠤᠯᠤᠮᠵᠢ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠬᠠᠣᠯᠢ ᠲᠣᠭᠲᠠᠭᠠᠯ ᠤᠨ ᠵᠢᠯᠤᠭᠤᠳᠤᠯᠭ᠎ᠠ ᠳᠣᠣᠷ᠎ᠠ ᠲᠣᠰ ᠰᠠᠯᠠᠭ᠎ᠠ ᠮᠦᠴᠢᠷ᠂ ᠲᠣᠰ ᠰᠢᠰᠲ᠋ᠧᠮ ᠤᠨ ᠢᠶᠠᠨ ᠲᠤᠭ᠎ᠠ ᠪᠦᠷᠢᠳᠬᠡᠯ ᠤᠨ ᠬᠠᠣᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠬᠠᠣᠯᠢ ᠶᠤᠰᠤᠭᠠᠷ ᠰᠢᠢᠳᠪᠦᠷᠢᠯᠡᠬᠦ ᠬᠡᠷᠡᠭᠲᠡᠢ᠃    ᠲᠠᠪᠤᠳᠤᠭᠠᠷ ᠵᠤᠷᠪᠤᠰ  ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠲᠤᠭ᠎ᠠ ᠪᠦᠷᠢᠳᠬᠡᠯ ᠤᠨ ᠠᠵᠢᠯ ᠤᠨ ᠬᠠᠷᠢᠴᠠᠭ᠎ᠠ ᠪᠠᠨ ᠦᠨᠳᠦᠰᠦᠯᠡᠨ᠂ ᠨᠢᠭᠡᠳᠦᠯᠲᠡᠢ ᠬᠠᠮᠢᠶᠠᠷᠴᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠤᠰᠤᠭᠠᠷ ᠲᠤᠭ᠎ᠠ ᠪᠦᠷᠢᠳᠬᠡᠯ ᠤᠨ ᠬᠠᠤᠯᠢ ᠶᠢ ᠵᠦᠷᠢᠴᠡᠭᠰᠡᠨ ᠡᠰᠡᠬᠦ ᠶᠢ ᠪᠠᠶᠢᠴᠠᠭᠠᠨ ᠰᠢᠢᠳᠪᠦᠷᠢᠯᠡᠨ᠎ᠡ᠄    ︵ᠨᠢᠭᠡ︶ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠲᠣᠰ ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠲᠤᠭ᠎ᠠ ᠪᠦᠷᠢᠳᠬᠡᠯ ᠤᠨ ᠬᠠᠣᠯᠢ ᠠᠴᠠ ᠵᠦᠷᠢᠴᠡᠭᠰᠡᠨ ᠬᠡᠷᠡᠭ ᠢ ᠬᠠᠷᠢᠭᠤᠴᠠᠨ ᠪᠠᠶᠢᠴᠠᠭᠠᠨ ᠰᠢᠢᠳᠪᠦᠷᠢᠯᠡᠨ᠎ᠡ᠃    ︵ᠬᠤᠶᠠᠷ︶ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠬᠠᠤᠯᠢ ᠶᠢ ᠵᠦᠷᠢᠴᠡᠭᠰᠡᠨ ᠬᠡᠷᠡᠭ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠬᠠᠷᠢᠭᠤᠴᠠᠨ ᠰᠢᠢᠳᠪᠦᠷᠢᠯᠡᠨ᠎ᠡ᠃    ︵ᠭᠤᠷᠪᠠ︶ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠠᠤᠯᠢ ᠶᠢ ᠵᠦᠷᠢᠴᠡᠭᠰᠡᠨ ᠬᠡᠷᠡᠭ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠬᠠᠷᠢᠭᠤᠴᠠᠨ ᠰᠢᠢᠳᠪᠦᠷᠢᠯᠡᠨ᠎ᠡ᠃    ︵ᠳᠥᠷᠪᠡ︶ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠤᠨ ᠬᠠᠤᠯᠢ ᠠᠴᠠ ᠵᠦᠷᠢᠴᠡᠭᠰᠡᠨ ᠬᠡᠷᠡᠭ ᠢ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠪᠠᠶᠢᠴᠠᠭᠠᠨ ᠰᠢᠢᠳᠪᠦᠷᠢᠯᠡᠨ᠎ᠡ᠃ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠬᠡᠷᠡᠭᠴᠡᠭᠡ ᠪᠠᠨ ᠦᠨᠳᠦᠰᠦᠯᠡᠨ᠂ ᠳᠣᠣᠷᠠᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠠᠷᠢᠶ᠎ᠠ ᠪᠦᠬᠦᠢ ᠲᠤᠭ᠎ᠠ ᠪᠦᠷᠢᠳᠬᠡᠯ ᠤᠨ ᠬᠠᠤᠯᠢ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠪᠣᠯᠣᠨ᠎ᠠ᠃ ᠳᠣᠣᠷᠠᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠦᠪᠡᠷ ᠤᠨ ᠬᠠᠷᠢᠶᠠᠯᠠᠵᠤ ᠪᠠᠶᠢᠭ᠎ᠠ ᠲᠤᠭ᠎ᠠ ᠪᠦᠷᠢᠳᠬᠡᠯ ᠤᠨ ᠬᠦᠨᠳᠦ ᠶᠡᠭᠡ ᠬᠡᠷᠡᠭ ᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠳᠡᠪᠰᠢᠭᠦᠯᠦᠨ ᠪᠠᠶᠢᠴᠠᠭᠠᠨ ᠰᠢᠢᠳᠪᠦᠷᠢᠯᠡᠭᠦᠯᠵᠦ ᠪᠤᠯᠤᠨ᠎ᠠ᠃    ᠵᠢᠷᠭᠤᠳᠤᠭᠠᠷ ᠵᠤᠷᠪᠤᠰ  ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠬᠠᠷᠢᠭᠤᠴᠠᠵᠤ ᠪᠠᠶᠢᠭ᠎ᠠ ᠲᠤᠭ᠎ᠠ ᠪᠦᠷᠢᠳᠬᠡᠯ ᠤᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠢᠨᠠᠮᠠᠭᠠᠢ ᠬᠢᠨᠠᠨ ᠪᠠᠶᠢᠴᠠᠭᠠᠬᠤ ᠬᠡᠷᠡᠭᠲᠡᠢ᠃ ᠨᠥᠬᠦᠴᠡᠯ ᠳᠤ ᠨᠡᠶᠢᠴᠡᠪᠡᠯ ᠲᠣᠭᠲᠠᠭᠠᠯ ᠶᠤᠰᠤᠭᠠᠷ ᠬᠡᠷᠡᠭ ᠪᠣᠯᠭᠠᠨ ᠳᠠᠩᠰᠠᠯᠠᠬᠤ ᠬᠡᠷᠡᠭᠲᠡᠢ᠃    ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠦᠨᠳᠦ ᠶᠡᠭᠡ ᠲᠤᠭ᠎ᠠ ᠪᠦᠷᠢᠳᠬᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠡᠷᠡᠭ ᠪᠣᠯᠭᠠᠨ ᠳᠠᠩᠰᠠᠯᠠᠬᠤ ᠶᠢᠨ ᠬᠠᠮᠲᠦ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠪᠠᠨ ᠬᠤᠶᠠᠷ ᠬᠦᠮᠦᠨ ᠠᠴᠠ ᠲᠤᠲᠠᠭᠤ ᠪᠠᠶᠢᠵᠦ ᠪᠣᠯᠬᠤ ᠦᠭᠡᠢ᠃   ᠳᠤᠯᠤᠳᠤᠭᠠᠷ ᠵᠤᠷᠪᠤᠰ  ᠳᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠥᠯᠬᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠳᠠᠨ ᠵᠢᠴᠢ ᠲᠤᠭ᠎ᠠ ᠪᠦᠷᠢᠳᠬᠡᠯ ᠤᠨ ᠠᠵᠢᠯᠲᠠᠨ᠂ ᠲᠣᠣᠷᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠣᠯ᠂ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠠᠷᠯᠠᠨ ᠰᠢᠭᠦᠮᠵᠢᠯᠡᠵᠦ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠪᠤᠶᠤ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠰᠠᠨᠠᠭᠤᠯᠵᠤ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠄    ︵ᠨᠢᠭᠡ︶ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠯᠤᠨ ᠲᠤᠭ᠎ᠠ ᠪᠦᠷᠢᠳᠬᠡᠯ ᠤᠨ ᠠᠵᠢᠯᠲᠠᠨ᠂ ᠤᠯᠤᠰ ᠤᠨ ᠲᠤᠭ᠎ᠠ ᠪᠦᠷᠢᠳᠬᠡᠯ ᠤᠨ ᠳᠦᠷᠢᠮ᠂ ᠠᠷᠭ᠎ᠠ ᠶᠢᠨ ᠶᠤᠰᠤᠭᠠᠷ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠴᠣᠭᠯᠠᠭᠤᠯᠤᠭᠰᠠᠨ ᠦᠭᠡᠢ᠂ ᠬᠠᠮᠲᠦ ᠶᠢᠨ ᠰᠤᠳᠤᠯᠭᠠᠨ ᠪᠤᠶᠤ ᠬᠤᠪᠢ ᠬᠦᠮᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠠᠨᠠᠭ᠎ᠠ ᠪᠠᠷ ᠢᠶᠠᠨ ᠲᠠᠰᠤᠯᠤᠨ ᠲᠣᠭᠲᠠᠭᠠᠵᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠵᠠᠰᠠᠭᠰᠠᠨ᠃    ︵ᠬᠤᠶᠠᠷ︶ ᠡᠷᠬᠡ ᠲᠣᠰᠢᠶᠠᠯ ᠢᠶᠠᠨ ᠠᠰᠢᠭᠯᠠᠨ ᠲᠤᠭ᠎ᠠ ᠪᠦᠷᠢᠳᠬᠡᠯ ᠤᠨ ᠪᠠᠶᠢᠭᠤᠯᠤᠮᠵᠢ᠂ ᠲᠤᠭ᠎ᠠ ᠪᠦᠷᠢᠳᠬᠡᠯ ᠤᠨ ᠠᠵᠢᠯᠲᠠᠨ ᠢ ᠵᠢᠭᠠᠨ ᠳᠣᠬᠢᠵᠤ᠂ ᠠᠯᠪᠠᠲᠠᠨ ᠵᠠᠷᠯᠢᠭᠲᠠᠵᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠦᠭᠡᠷᠡᠳᠦᠭᠦᠯᠦᠭᠰᠡᠨ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠭᠰᠠᠨ᠃    ︵ᠭᠤᠷᠪᠠ︶ ᠲᠤᠭ᠎ᠠ ᠪᠦᠷᠢᠳᠬᠡᠯ ᠤᠨ ᠠᠵᠢᠯᠲᠠᠨ ᠤᠳᠤᠷᠢᠳᠤᠯᠭ᠎ᠠ ᠶᠢᠨ ᠲᠤᠭ᠎ᠠ ᠪᠦᠷᠢᠳᠬᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠲᠡᠪᠴᠢᠬᠦ ᠦᠭᠡᠢ᠂ ᠬᠤᠷᠢᠭᠯᠠᠬᠤ ᠦᠭᠡᠢ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠦᠭᠡᠷᠡᠳᠦᠭᠦᠯᠦᠭᠰᠡᠨ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ ᠳᠤ ᠣᠷᠣᠯᠴᠠᠭᠰᠠᠨ᠃    ᠨᠠᠢᠮᠠᠳᠤᠭᠠᠷ ᠵᠤᠷᠪᠤᠰ  ᠳᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠥᠯᠬᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠳᠠᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠥᠭᠡᠷᠡᠲᠦᠬᠦᠯᠬᠦ ᠶᠢ ᠲᠡᠪᠴᠢᠭᠰᠡᠨ᠂ ᠡᠰᠡᠷᠭᠦᠴᠡᠨ ᠬᠤᠷᠢᠭᠯᠠᠭᠰᠠᠨ ᠪᠤᠶᠤ ᠬᠤᠳᠠᠯ ᠬᠠᠭᠤᠷᠮᠠᠭ ᠲᠤᠭ᠎ᠠ ᠪᠠᠷᠢᠮᠲᠠ ᠵᠣᠬᠢᠶᠠᠬᠤ ᠶᠢ ᠲᠡᠪᠴᠢᠭᠰᠡᠨ᠂ ᠡᠰᠡᠷᠭᠦᠴᠡᠨ ᠬᠤᠷᠢᠭᠯᠠᠭᠰᠠᠨ ᠲᠤᠭ᠎ᠠ ᠪᠦᠷᠢᠳᠬᠡᠯ ᠤᠨ ᠠᠵᠢᠯᠲᠠᠨ ᠳᠤ ᠴᠣᠬᠢᠯᠲᠠ ᠥᠭᠴᠦ ᠬᠠᠷᠢᠭᠤ ᠠᠪᠤᠭᠰᠠᠨ ᠪᠠᠶᠢᠪᠠᠯ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠶᠢᠰᠦᠳᠦᠭᠡᠷ ᠵᠤᠷᠪᠤᠰ  ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠲᠤ ᠲᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠳᠣᠩᠭᠤᠳᠤᠨ᠎ᠠ᠃ ᠦᠢᠯᠡ ᠪᠠᠶᠢᠳᠠᠯ ᠨᠢ ᠨᠡᠯᠢᠶᠡᠳ ᠬᠦᠨᠳᠦ ᠪᠠᠶᠢᠪᠠᠯ ᠰᠢᠭᠤᠳ ᠬᠠᠷᠢᠭᠤᠴᠠᠯᠭ᠎ᠠ ᠲᠠᠢ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ᠄    ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠯᠤᠨ ᠲᠤᠭ᠎ᠠ ᠪᠦᠷᠢᠳᠬᠡᠯ ᠤᠨ ᠳᠦᠷᠢᠮ ᠢ ᠵᠦᠷᠢᠴᠡᠭᠰᠡᠨ᠂ ᠪᠣᠳᠠᠲᠠᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠠᠴᠠ ᠦᠨᠳᠦᠷ ᠪᠤᠶᠤ ᠳᠣᠣᠷ᠎ᠠ ᠦᠨ᠎ᠡ ᠪᠠᠷ ᠬᠤᠳᠠᠯ ᠢᠶᠠᠷ ᠮᠡᠳᠡᠭᠦᠯᠦᠭᠰᠡᠨ ᠪᠤᠶᠤ ᠳᠠᠷᠤᠭᠠᠳ ᠮᠡᠳᠡᠭᠦᠯᠦᠭᠰᠡᠨ ᠦᠭᠡᠢ ᠪᠠᠶᠢᠳᠠᠯ᠃    ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠤᠭᠲᠠᠭᠠᠯ ᠪᠤᠯᠤᠨ ᠲᠤᠭ᠎ᠠ ᠪᠦᠷᠢᠳᠬᠡᠯ ᠤᠨ ᠳᠦᠷᠢᠮ ᠢ ᠵᠦᠷᠢᠴᠡᠵᠦ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ ᠪᠦᠭᠡᠳ ᠮᠡᠳᠡᠭᠦᠯᠦᠨ ᠬᠦᠷᠭᠡᠭᠰᠡᠨ᠃    ︵ᠭᠤᠷᠪᠠ︶ ᠡᠷᠬᠡ ᠲᠤᠰᠢᠶᠠᠯ ᠪᠤᠶᠤ ᠠᠵᠢᠯ ᠤᠨ ᠲᠠᠯ᠎ᠠ ᠪᠠᠷ ᠬᠢ ᠳᠦᠬᠦᠮ ᠨᠦᠬᠦᠴᠡᠯ ᠢ ᠠᠰᠢᠭᠯᠠᠨ ᠬᠠᠤᠯᠢ ᠪᠤᠰᠤ ᠪᠠᠶᠢᠴᠠᠭᠠᠯᠲᠠ ᠶᠢ ᠳᠤᠷᠠᠪᠡᠷ ᠵᠣᠬᠢᠶᠠᠨ ᠪᠠᠶᠢᠭᠤᠯᠤᠭᠰᠠᠨ ᠪᠤᠶᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ ᠪᠦᠭᠡᠳ ᠮᠡᠳᠡᠭᠦᠯᠦᠨ ᠬᠦᠷᠭᠡᠭᠰᠡᠨ᠃    ︵ᠳᠥᠷᠪᠡ︶ ᠲᠤᠭ᠎ᠠ ᠪᠦᠷᠢᠳᠬᠡᠯ ᠤᠨ ᠳᠦᠷᠢᠮ ᠢ ᠬᠡᠷᠡᠭᠵᠢᠭᠦᠯᠬᠦ ᠦᠭᠡᠢ᠂ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠬᠤ ᠡᠭᠦᠷᠭᠡ ᠪᠠᠨ ᠬᠦᠢᠴᠡᠳᠬᠡᠬᠦ ᠦᠭᠡᠢ ᠪᠠᠷ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠤᠷᠠᠪᠡᠷ ᠨᠡᠶᠢᠲᠡᠯᠡᠵᠦ᠂ ᠲᠣᠭᠲᠠᠭᠠᠯ ᠶᠤᠰᠤᠭᠠᠷ ᠲᠤᠭ᠎ᠠ ᠪᠦᠷᠢᠳᠬᠡᠯ ᠬᠢᠭᠰᠡᠨ ᠦᠭᠡᠢ᠂ ᠲᠣᠭᠲᠠᠭᠰᠠᠨ ᠬᠤᠭᠤᠴᠠᠭᠠᠨ ᠲᠤᠲᠤᠷ᠎ᠠ ︽ᠲᠤᠭ᠎ᠠ ᠪᠦᠷᠢᠳᠬᠡᠯ ᠤᠨ ᠪᠠᠶᠢᠴᠠᠭᠠᠨ ᠯᠠᠪᠯᠠᠬᠤ ᠬᠠᠭᠤᠳᠠᠰᠤ︾ ᠪᠠ ︽ᠱᠠᠯᠠᠪᠳᠠᠭᠤᠯᠤᠨ ᠮᠡᠳᠡᠭᠦᠯᠬᠦ ᠬᠠᠭᠤᠳᠠᠰᠤ︾ ᠳᠤ ᠬᠠᠷᠢᠭᠤᠯᠲᠠ ᠥᠭᠬᠦ ᠦᠭᠡᠢ ᠵᠢᠴᠢ ᠲᠤᠭ᠎ᠠ ᠪᠦᠷᠢᠳᠬᠡᠯ ᠤᠨ ᠪᠠᠶᠢᠭᠤᠯᠭ᠎ᠠ ᠶᠢᠨ ᠭᠦᠢᠴᠡᠳᠭᠡᠯᠭᠡᠬᠦ ᠪᠠᠷ ᠱᠠᠭᠠᠷᠳᠠᠭᠰᠠᠨ ᠡᠭᠦᠷᠭᠡ ᠶᠢ ᠣᠶᠢᠰᠢᠶᠠᠬᠤ ᠦᠭᠡᠢ ᠪᠠᠷ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠮᠡᠳᠡᠭᠦᠯᠬᠦ ᠶᠢ ᠲᠡᠪᠴᠢᠭᠰᠡᠨ᠃    ︵ᠲᠠᠪᠤ︶ ᠲᠤᠭ᠎ᠠ ᠪᠦᠷᠢᠳᠬᠡᠯ ᠤᠨ ᠳᠦᠷᠢᠮ ᠢ ᠵᠦᠷᠢᠴᠡᠵᠦ᠂ ᠨᠢᠭᠡ ᠵᠢᠯ ᠲᠤᠲᠤᠷ᠎ᠠ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡ ᠭᠤᠷᠪᠠ ᠤᠳᠠᠭ᠎ᠠ ᠬᠤᠶᠢᠰᠢᠯᠠᠭᠤᠯᠤᠨ ᠮᠡᠳᠡᠭᠦᠯᠦᠭᠰᠡᠨ᠃    ᠠᠷᠪᠠᠳᠤᠭᠠᠷ ᠵᠤᠷᠪᠤᠰ  ᠵᠠᠰᠠᠭ ᠵᠠᠬᠢᠷᠭᠠᠨ ᠤ ᠰᠢᠢᠳᠬᠡᠯ ᠢ ᠶᠠᠪᠤᠭᠳᠠᠭᠤᠯᠬᠤ ᠳᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠣᠬᠠᠢ ᠶᠢᠨ ᠬᠦᠮᠦᠨ ᠢ ᠡᠷᠬᠢᠯᠡᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠪᠤᠶᠤ ᠨᠢᠭᠡᠴᠢ ᠳᠤ ︽ᠲᠤᠭ᠎ᠠ ᠪᠦᠷᠢᠳᠬᠡᠯ ᠤᠨ ᠬᠠᠤᠯᠢ ᠶᠢ ᠵᠦᠷᠢᠴᠡᠭᠰᠡᠨ ᠬᠡᠷᠡᠭ ᠲᠤ ᠵᠠᠰᠠᠭ ᠵᠠᠬᠢᠷᠭᠠᠨ ᠤ ᠰᠢᠢᠳᠬᠡᠯ ᠥᠭᠬᠦ ᠰᠠᠨᠠᠯ ᠤᠨ ᠪᠢᠴᠢᠭ︾ ᠢ ᠳᠤᠷᠠᠳᠴᠤ᠂ ᠲᠤᠬᠠᠢ ᠶᠢᠨ ᠬᠦᠮᠦᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠨᠢᠭᠡᠴᠢ ᠠᠴᠠ ᠰᠢᠢᠳᠪᠦᠷᠢᠯᠡᠬᠦ ᠬᠠᠮᠲᠦ᠂ ᠦᠷ᠎ᠡ ᠳ᠋ᠦᠩ ᠢ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠬᠠᠭᠤᠯᠤᠨ ᠢᠯᠡᠭᠡᠬᠦ ᠬᠡᠷᠡᠭᠲᠡᠢ᠃ ᠭᠤᠷᠪᠠᠨ ᠰᠠᠷ᠎ᠠ ᠶᠢᠨ ᠲᠤᠲᠤᠷ᠎ᠠ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠬᠢᠨᠠᠨ ᠪᠠᠶᠢᠴᠠᠭᠠᠬᠤ ᠰᠠᠯᠠᠭ᠎ᠠ ᠮᠦᠴᠢᠷ ᠪᠤᠶᠤ ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠲᠤ ᠰᠢᠭᠤᠳ ᠮᠡᠳᠡᠭᠦᠯᠵᠦ ᠰᠢᠢᠳᠪᠦᠷᠢᠯᠡᠭᠦᠯᠵᠦ ᠪᠤᠯᠤᠨ᠎ᠠ᠃    ᠠᠷᠪᠠᠨ ᠨᠢᠭᠡᠳᠦᠭᠡᠷ ᠵᠤᠷᠪᠤᠰ  ᠠᠵᠦ ᠠᠬᠤᠶᠢᠯᠠᠯ ᠠᠵᠦ ᠦᠢᠯᠡᠰ ᠤᠨ ᠵᠤᠬᠢᠶᠠᠨ ᠪᠠᠶᠢᠭᠤᠯᠤᠯᠲᠠ ᠳᠤ ᠲᠣᠰ ᠠᠷᠭ᠎ᠠ ᠶᠢᠨ ᠶᠢᠰᠦᠳᠦᠭᠡᠷ ᠵᠤᠷᠪᠤᠰ ᠲᠤ ᠵᠢᠭᠠᠭᠰᠠᠨ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠰᠡᠷᠡᠮᠵᠢ ᠥᠭᠬᠦ ᠶᠢᠨ ᠬᠠᠮᠲᠦ ᠲᠣᠣᠷᠠᠬᠢ ᠲᠣᠭᠲᠠᠭᠠᠯ ᠶᠤᠰᠤᠭᠠᠷ ᠵᠤᠭᠤᠰ ᠢᠶᠠᠷ ᠲᠣᠷᠭᠠᠵᠤ ᠪᠤᠯᠤᠨ᠎ᠠ᠄    ︵ᠨᠢᠭᠡ︶ ᠬᠤᠳᠠᠯ ᠬᠠᠭᠤᠷᠮᠠᠭ ᠲᠤᠭ᠎ᠠ ᠪᠠᠷᠢᠮᠲᠠ ᠨᠢ ᠪᠠᠶᠢᠭᠤᠯᠤᠮᠵᠢ ᠨᠢᠭᠡᠴᠡ ᠶᠢᠨ ᠮᠡᠳᠡᠭᠦᠯᠦᠯᠲᠡ ᠶᠢᠨ ᠬᠤᠭᠤᠴᠠᠭᠠᠨ ᠤ ᠪᠤᠳᠠᠲᠠᠢ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ5% ᠶᠢ ᠬᠦᠷᠬᠦ ᠦᠭᠡᠢ ᠪᠠᠶᠢᠪᠠᠯ 500 ᠲᠦᠭᠦᠷᠢᠭ ᠠᠴᠠ1000 ᠲᠦᠭᠦᠷᠢᠭ ᠵᠤᠭᠤᠰ ᠢᠶᠠᠷ ᠲᠣᠷᠭᠠᠨ᠎ᠠ᠃    ︵ᠬᠤᠶᠠᠷ︶ ᠬᠤᠳᠠᠯ ᠬᠠᠭᠤᠷᠮᠠᠭ ᠲᠤᠭ᠎ᠠ ᠪᠠᠷᠢᠮᠲᠠ ᠨᠢ ᠪᠠᠶᠢᠭᠤᠯᠤᠮᠵᠢ ᠨᠢᠭᠡᠴᠡ ᠶᠢᠨ ᠮᠡᠳᠡᠭᠦᠯᠦᠯᠲᠡ ᠶᠢᠨ ᠬᠤᠭᠤᠴᠠᠭᠠᠨ ᠤ ᠪᠤᠳᠠᠲᠠᠢ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ5% ᠠᠴᠠ ᠳᠡᠭᠡᠭᠰᠢ15%% ᠠᠴᠠ ᠳᠤᠷᠤᠭᠰᠢ ᠪᠠᠶᠢᠪᠠᠯ1000 ᠲᠦᠭᠦᠷᠢᠭ ᠠᠴᠠ3000 ᠲᠦᠭᠦᠷᠢᠭ ᠵᠤᠭᠤᠰ ᠢᠶᠠᠷ ᠲᠣᠷᠭᠠᠨ᠎ᠠ᠃    ︵ᠭᠤᠷᠪᠠ︶ ᠬᠤᠳᠠᠯ ᠬᠠᠭᠤᠷᠮᠠᠭ ᠲᠤᠭ᠎ᠠ ᠪᠠᠷᠢᠮᠲᠠ ᠨᠢ ᠪᠠᠶᠢᠭᠤᠯᠤᠮᠵᠢ  ᠨᠢᠭᠡᠴᠢ ᠶᠢᠨ ᠮᠡᠳᠡᠭᠦᠯᠦᠯᠲᠡ ᠶᠢᠨ ᠬᠤᠭᠤᠴᠠᠭᠠᠨ ᠤ ᠪᠤᠳᠠᠲᠠᠢ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ15% ᠠᠴᠠ ᠳᠡᠭᠡᠭᠰᠢ 30%% ᠠᠴᠠ ᠳᠤᠷᠤᠭᠰᠢ ᠪᠠᠶᠢᠪᠠᠯ 3000 ᠲᠦᠭᠦᠷᠢᠭ ᠠᠴᠠ5000 ᠲᠦᠭᠦᠷᠢᠭ ᠵᠤᠭᠤᠰ ᠢᠶᠠᠷ ᠲᠣᠷᠭᠠᠨ᠎ᠠ᠃    ︵ᠳᠥᠷᠪᠡ︶ ᠬᠤᠳᠠᠯ ᠬᠠᠭᠤᠷᠮᠠᠭ ᠲᠤᠭ᠎ᠠ ᠪᠠᠷᠢᠮᠲᠠ ᠨᠢ ᠪᠠᠶᠢᠭᠤᠯᠤᠮᠵᠢ  ᠨᠢᠭᠡᠴᠢ ᠶᠢᠨ ᠮᠡᠳᠡᠭᠦᠯᠦᠯᠲᠡ ᠶᠢᠨ ᠬᠤᠭᠤᠴᠠᠭᠠᠨ ᠤ ᠪᠤᠳᠠᠲᠠᠢ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ 30% ᠠᠴᠠ ᠳᠡᠭᠡᠭᠰᠢ ᠪᠠᠶᠢᠪᠠᠯ 5000 ᠲᠦᠭᠦᠷᠢᠭ‌ᠡᠴᠡ 1 ᠲᠦᠮᠡᠨ ᠲᠦᠭᠦᠷᠢᠭ ᠵᠤᠭᠤᠰ ᠢᠶᠠᠷ ᠲᠣᠷᠭᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠦ᠂ ᠬᠦᠨᠳᠦ ᠶᠡᠭᠡ ᠨᠥᠯᠦᠭᠡ ᠭᠠᠷᠭᠠᠭᠰᠠᠨ ᠪᠠᠶᠢᠪᠠᠯ᠂ 5 ᠲᠦᠮᠡᠨ ᠲᠦᠭᠦᠷᠢᠭ ᠠᠴᠠ ᠳᠣᠷᠣᠭᠰᠢ ᠵᠤᠭᠤᠰ ᠢᠶᠠᠷ ᠲᠣᠷᠭᠠᠬᠤ ᠪᠠᠷ ᠰᠢᠢᠳᠬᠡᠨ᠎ᠡ᠃    ︵ᠲᠠᠪᠤ︶ ᠡᠷᠬᠡ ᠲᠣᠰᠢᠶᠠᠯ ᠪᠤᠶᠤ ᠠᠵᠢᠯ ᠤᠨ ᠲᠥᠭᠦᠮ ᠢ ᠠᠰᠢᠭᠯᠠᠨ ᠬᠠᠤᠯᠢ ᠪᠤᠰᠤ ᠪᠠᠶᠢᠴᠠᠭᠠᠯᠲᠠ ᠶᠢ ᠲᠣᠷ᠎ᠠ ᠪᠠᠷ ᠵᠣᠬᠢᠶᠠᠨ ᠪᠠᠶᠢᠭᠤᠯᠤᠭᠰᠠᠨ ᠪᠣᠯ 500 ᠲᠦᠭᠦᠷᠢᠭ ᠠᠴᠠ 5000 ᠲᠦᠭᠦᠷᠢᠭ ᠵᠤᠭᠤᠰ ᠢᠶᠠᠷᠲᠣᠷᠭᠠᠨ᠎ᠠ᠃    ︵ᠵᠢᠷᠭᠤᠭ᠎ᠠ︶ ᠲᠤᠭ᠎ᠠ ᠪᠦᠷᠢᠳᠬᠡᠯ ᠤᠨ ᠳᠦᠷᠢᠮ ᠢ ᠬᠡᠷᠡᠭᠵᠢᠭᠦᠯᠬᠦ ᠦᠭᠡᠢ᠂ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠬᠤ ᠡᠭᠦᠷᠭᠡ ᠪᠠᠨ ᠬᠦᠢᠴᠡᠳᠬᠡᠬᠦ ᠦᠭᠡᠢ᠂ ᠲᠣᠭᠲᠠᠭᠠᠯ ᠶᠤᠰᠤᠭᠠᠷ ᠲᠤᠭ᠎ᠠ ᠪᠦᠷᠢᠳᠬᠡᠯ ᠬᠢᠯᠭᠡᠬᠦ ᠦᠭᠡᠢ᠂ ᠲᠣᠭᠲᠠᠭᠰᠠᠨ ᠬᠤᠭᠤᠴᠠᠭᠠᠨ ᠲᠤᠲᠤᠷ᠎ᠠ ︽ᠲᠤᠭ᠎ᠠ ᠪᠦᠷᠢᠳᠬᠡᠯ ᠤᠨ ᠪᠠᠶᠢᠴᠠᠭᠠᠨ ᠯᠠᠪᠯᠠᠬᠤ ᠬᠠᠭᠤᠳᠠᠰᠤ︾ ᠪᠠ ︽ᠱᠠᠯᠠᠪᠳᠠᠭᠤᠯᠤᠨ ᠮᠡᠳᠡᠭᠦᠯᠬᠦ ᠬᠠᠭᠤᠳᠠᠰᠤ︾ ᠳᠤ ᠬᠠᠷᠢᠭᠤ ᠥᠭᠭᠦᠭᠰᠡᠨ ᠦᠭᠡᠢ ᠪᠤᠶᠤ ᠲᠤᠭ᠎ᠠ ᠪᠦᠷᠢᠳᠬᠡᠯ ᠤᠨ ᠪᠠᠶᠢᠭᠤᠯᠭ᠎ᠠ ᠶᠢᠨ ᠱᠠᠭᠠᠷᠳᠠᠯᠭ᠎ᠠ ᠶᠢ ᠪᠡᠶᠡᠯᠡᠭᠦᠯᠦᠭᠰᠡᠨ ᠦᠭᠡᠢ᠂ ᠮᠡᠳᠡᠭᠦᠯᠬᠦ ᠶᠢ ᠲᠡᠪᠴᠢᠭᠰᠡᠨ ᠪᠠᠶᠢᠪᠠᠯ500 ᠲᠦᠭᠦᠷᠢᠭ ᠠᠴᠠ3000 ᠲᠦᠭᠦᠷᠢᠭ ᠵᠤᠭᠤᠰ ᠢᠶᠠᠷ ᠲᠣᠷᠭᠠᠨ᠎ᠠ᠃    ︵ᠳᠤᠯᠤᠭ᠎ᠠ︶ ᠨᠢᠭᠡ ᠵᠢᠯ ᠤᠨ ᠲᠤᠲᠤᠷ᠎ᠠ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡ ᠭᠤᠷᠪᠠ ᠤᠳᠠᠭ᠎ᠠ ᠬᠤᠶᠢᠰᠢᠯᠠᠭᠤᠯᠤᠨ ᠮᠡᠳᠡᠭᠦᠯᠦᠭᠰᠡᠨ ᠪᠣᠯ200 ᠲᠦᠭᠦᠷᠢᠭ ᠠᠴᠠ2000 ᠲᠦᠭᠦᠷᠢᠭ ᠵᠤᠭᠤᠰ ᠢᠶᠠᠷ ᠲᠣᠷᠭᠠᠨ᠎ᠠ᠃    ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠲᠣᠰ ᠠᠷᠭ᠎ᠠ ᠶᠢᠨ ᠶᠢᠰᠦᠳᠦᠭᠡᠷ ᠵᠦᠢᠯ ᠳᠤ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ1000 ᠲᠦᠭᠦᠷᠢᠭ ᠲᠤᠷᠤᠭᠰᠢ ᠵᠤᠭᠤᠰ ᠢᠶᠠᠷ ᠲᠣᠷᠭᠠᠨ᠎ᠠ᠃    ᠠᠷᠪᠠᠨ ᠬᠤᠶᠠᠳᠤᠭᠠᠷ ᠵᠦᠢᠯ  ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠠᠵᠢᠯᠲᠠᠨ ᠤ ᠬᠠᠤᠯᠢ ᠶᠤᠰᠤᠭᠠᠷ ᠠᠵᠢᠯ ᠢᠶᠠᠨ ᠬᠦᠢᠴᠡᠳᠬᠡᠬᠦ ᠶᠢ ᠲᠡᠪᠴᠢᠵᠦ ᠬᠠᠷᠰᠢᠯᠠᠭᠰᠠᠨ ᠪᠣᠯ ᠲᠣᠲᠤᠭᠠᠳᠦ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠣᠮᠳᠠᠳᠦ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ ᠳᠦᠷᠢᠮ︾ ᠶᠤᠰᠤᠭᠠᠷ ᠰᠢᠢᠳᠬᠡᠨ ᠲᠣᠷᠭᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠣᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠠᠷᠪᠠᠨ ᠭᠤᠷᠪᠠᠳᠤᠭᠠᠷ ᠵᠤᠷᠪᠤᠰ  ᠲᠣᠬᠠᠢ ᠶᠢᠨ ᠬᠦᠮᠦᠨ ᠨᠢ ᠵᠠᠰᠠᠭ ᠵᠠᠬᠢᠷᠭᠠᠨ ᠤ ᠰᠢᠢᠳᠬᠡᠯ ᠥᠭᠬᠦ ᠲᠣᠭᠲᠠᠭᠠᠯ ᠢ ᠵᠦᠪᠰᠢᠶᠡᠷᠡᠬᠦ ᠦᠭᠡᠢ ᠪᠠᠶᠢᠪᠠᠯ᠂ ᠬᠠᠤᠯᠢ ᠶᠤᠰᠤᠭᠠᠷ ᠵᠠᠰᠠᠭ ᠵᠠᠬᠢᠷᠭᠠᠨ ᠢᠶᠠᠷ ᠲᠠᠬᠢᠨ ᠵᠥᠪᠯᠡᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠤᠯᠤᠨ᠎ᠠ᠃ ᠬᠤᠭᠤᠴᠠᠭ᠎ᠠ ᠥᠩᠭᠡᠷᠡᠲᠡᠯ᠎ᠡ ᠵᠠᠰᠠᠭ ᠵᠠᠬᠢᠷᠭᠠᠨ ᠢᠶᠠᠷ ᠲᠠᠬᠢᠨ ᠵᠥᠪᠯᠡᠬᠦ ᠪᠠᠷ ᠭᠤᠶᠤᠴᠢᠯᠠᠬᠤ ᠦᠭᠡᠢ᠂ ᠵᠠᠰᠠᠭ ᠵᠠᠬᠢᠷᠭᠠᠨ ᠤ ᠵᠠᠷᠭᠤ ᠬᠢᠬᠦ ᠦᠭᠡᠢ᠂ ᠪᠠᠰᠠ ᠵᠠᠰᠠᠭ ᠵᠠᠬᠢᠷᠭᠠᠨ ᠤ ᠰᠢᠢᠳᠬᠡᠯ ᠥᠭᠬᠦ ᠲᠣᠭᠲᠠᠭᠠᠯ ᠢ ᠬᠦᠢᠴᠡᠳᠬᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠢᠳᠬᠡᠯ ᠥᠭᠬᠦ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶ᠎ᠡ ᠳᠤ ᠭᠤᠶᠤᠴᠢᠯᠠᠵᠤ ᠠᠯᠪᠠᠳᠡᠨ ᠬᠦᠢᠴᠡᠳᠬᠡᠭᠦᠯᠦᠨ᠎ᠡ᠃    ᠠᠷᠪᠠᠨ ᠳᠦᠷᠪᠡᠳᠦᠭᠡᠷ ᠵᠤᠷᠪᠤᠰ  ᠲᠣᠰ ᠠᠷᠭ᠎ᠠ ᠳᠤ ᠬᠡᠯᠡᠵᠦ ᠪᠠᠶᠢᠭ᠎ᠠ ︽ᠳᠡᠭᠡᠭᠰᠢ︾᠂ ︽ᠳᠤᠷᠤᠭᠰᠢ︾ ᠭᠡᠳᠡᠭ ᠲᠤ ᠴᠦᠮ ᠡᠬᠡ ᠲᠤᠭ᠎ᠠ ᠪᠠᠭᠲᠠᠨ᠎ᠠ᠃    ᠠᠷᠪᠠᠨ ᠲᠠᠪᠤᠳᠤᠭᠠᠷ ᠵᠤᠷᠪᠤᠰ  ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠲᠤᠭ᠎ᠠ ᠪᠦᠷᠢᠳᠬᠡᠯ ᠤᠨ ᠬᠠᠣᠯᠢ ᠬᠡᠷᠡᠭᠵᠢᠭᠦᠯᠦᠨ ᠬᠢᠨᠠᠨ ᠪᠠᠶᠢᠴᠠᠭᠠᠬᠤ ᠲᠣᠪᠴᠢᠶ᠎ᠠ​
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号