ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ [1] ︵ᠨᠢᠭᠡᠳᠦᠭᠡᠷ︶ --- ᠪᠦᠬᠦ ᠣᠷᠣᠨ ᠤ ᠪᠠᠶᠢᠩᠭᠤ | ᠰᠠᠭᠤᠭ᠎ᠠ ᠬᠥᠮᠦᠨ ᠠᠮᠠ ᠶᠢᠨ ᠪᠠᠶᠢᠳᠠᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠥᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 20 ᠤ ᠡᠳᠦᠷ | | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠨ᠂ ᠡᠳᠦᠭᠡ 2020 ᠣᠨ ᠤ 11 ᠳ᠋ᠤᠭᠡᠷ ᠰᠠᠷ᠎ᠠ ᠶᠢᠨ 1 ᠤ ᠡᠳᠦᠷ ᠤᠨ ᠲᠡᠭ ᠴᠠᠭ ᠲᠤ | ᠮᠠᠨ ᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ [2] ᠶᠢᠨ ᠦᠨᠳᠦᠰᠦᠨ ᠪᠠᠶᠢᠳᠠᠯ ᠢ ᠳᠤᠤᠷᠠᠬᠢ ᠮᠡᠲᠦ | ᠨᠡᠶᠢᠲᠡᠯᠡᠪᠡ᠄ | ᠨᠢᠭᠡ᠂ ᠪᠠᠶᠢᠩᠭᠤ ᠰᠠᠭᠤᠭ᠎ᠠ ᠬᠥᠮᠦᠨ ᠠᠮᠠ | ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 24049155 ᠬᠥᠮᠦᠨ ᠪᠣᠯᠤᠨ᠎ᠠ᠃ | ᠬᠤᠶᠠᠷ᠂ ᠪᠠᠶᠢᠩᠭᠤ ᠰᠠᠭᠤᠭ᠎ᠠ ᠬᠥᠮᠦᠨ ᠠᠮᠠ ᠶᠢᠨ ᠨᠡᠮᠡᠭᠳᠡᠯ᠃ | ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢ 2010 ᠣᠨ ᠤ ᠵᠢᠷᠭᠤᠳᠤᠭᠠᠷ ᠤᠳᠠᠭᠠᠨ ᠤ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ 24706321 ᠬᠥᠮᠦᠨ ᠯᠦᠭᠡ | ᠬᠠᠷᠢᠴᠠᠭᠤᠯᠪᠠᠯ᠂ 657166 ᠬᠥᠮᠦᠨ ᠪᠠᠭᠠᠰᠴᠤ᠂ 2 . 66 % ᠪᠠᠷ ᠪᠠᠭᠠᠰᠴᠤ᠂ ᠵᠢᠯ ᠤᠨ ᠳᠤᠮᠳᠠᠴᠢ | ᠨᠡᠮᠡᠭᠳᠡᠯ ᠤᠨ ᠨᠣᠷᠮ᠎ᠠ ᠨᠢ 0 . 27 % ᠪᠣᠯᠤᠨ᠎ᠠ᠃ | ᠵᠢᠷᠤᠭ 1 - 1 ᠤᠳᠠᠭ᠎ᠠ ᠪᠦᠷᠢ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠪᠠᠶᠢᠩᠭᠤ ᠰᠠᠭᠤᠭ᠎ᠠ ᠬᠥᠮᠦᠨ ᠠᠮᠠ ᠵᠢᠴᠢ ᠵᠢᠯ ᠤᠨ ᠳᠤᠮᠳᠠᠴᠢ ᠨᠡᠮᠡᠭᠳᠡᠯ ᠤᠨ ᠨᠣᠷᠮ᠎ᠠ | | | ᠭᠤᠷᠪᠠ᠂ ᠡᠷᠤᠭᠡ ᠪᠦᠷᠢ ᠶᠢᠨ ᠬᠥᠮᠦᠨ ᠠᠮᠠ | ᠪᠥᠬᠦ ᠣᠷᠣᠨ ᠳᠤ ᠨᠡᠶᠢᠲᠡ 9483957 ᠬᠡᠷ ᠪᠦᠯᠢ ᠶᠢᠨ ᠡᠷᠦᠬᠡ ᠲᠠᠢ [3]᠂ 490196 | ᠨᠡᠶᠢᠲᠡ ᠶᠢᠨ ᠡᠷᠦᠬᠡ᠂ ᠭᠡᠷ ᠪᠦᠯᠢ ᠶᠢᠨ ᠡᠷᠦᠬᠡ ᠶᠢᠨ ᠬᠦᠮᠦᠨ ᠠᠮᠠ ᠨᠢ 22296184᠂ ᠨᠡᠶᠢᠲᠡ ᠶᠢᠨ | ᠡᠷᠦᠬᠡ ᠶᠢᠨ ᠬᠦᠮᠦᠨ ᠠᠮᠠ ᠨᠢ 1752971 ᠃ ᠭᠡᠷ ᠪᠦᠯᠢ ᠶᠢᠨ ᠡᠷᠦᠬᠡ ᠨᠢᠭᠡᠪᠦᠷᠢ ᠶᠢᠨ ᠬᠥᠮᠦᠨ ᠠᠮᠠ | ᠳᠤᠮᠳᠠᠴᠢ ᠪᠠᠷ 2 . 35 ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠠᠴᠠ 0 . 47 ᠬᠥᠮᠦᠨ ᠬᠠᠰᠤᠭᠳᠠᠵᠠᠶ᠃ | ᠳᠦᠷᠪᠡ᠂ ᠦᠨᠳᠦᠰᠦᠲᠡᠨ ᠤ ᠬᠥᠮᠦᠨ ᠠᠮᠠ | ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ ᠬᠢᠲᠠᠳ ᠦᠨᠳᠦᠰᠦᠲᠡᠨ ᠤ ᠬᠥᠮᠦᠨ | ᠠᠮᠠ 18935537 ᠪᠠᠶᠢᠵᠤ᠂ 78 . 74 % ᠶᠢ ᠡᠵᠡᠯᠡᠵᠦ ᠪᠠᠶᠢᠨ᠎ᠠ︔ ᠮᠣᠩᠭᠤᠯ ᠦᠨᠳᠦᠰᠦᠲᠡᠨ ᠤ ᠬᠥᠮᠦᠨ | ᠠᠮᠠ 4247815 ᠪᠠᠶᠢᠵᠤ᠂ 17 . 66 % ᠶᠢ ᠡᠵᠡᠯᠡᠨ᠎ᠡ︔ ᠪᠤᠰᠤᠳ ᠴᠥᠭᠡᠨ ᠲᠣᠭᠠᠲᠤ ᠦᠨᠳᠦᠰᠦᠲᠡᠨ ᠤ | ᠬᠥᠮᠦᠨ ᠠᠮᠠ 865803 ᠪᠠᠶᠢᠵᠤ᠂ 3 . 60 % ᠶᠢ ᠡᠵᠡᠯᠡᠨ᠎ᠡ᠃ 2010 ᠣᠨ ᠤ ᠵᠢᠷᠭᠤᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠬᠢᠲᠠᠳ | ᠦᠨᠳᠦᠰᠦᠲᠡᠨ ᠤ ᠬᠥᠮᠦᠨ ᠠᠮᠠ 715150 ᠪᠠᠭᠠᠰᠴᠤ᠂ 3 . 64 % ᠪᠠᠷ ᠪᠠᠭᠠᠰᠪᠠ︔ ᠮᠣᠩᠭᠤᠯ | ᠦᠨᠳᠦᠰᠦᠲᠡᠨ ᠤ ᠬᠥᠮᠦᠨ ᠠᠮᠠ 21722 ᠨᠡᠮᠡᠭᠳᠡᠵᠦ᠂ 0 . 51 % ᠨᠡᠮᠡᠭᠳᠡᠵᠦ᠂ ᠪᠤᠰᠤᠳ ᠴᠥᠭᠡᠨ ᠲᠣᠭᠠᠲᠤ | ᠦᠨᠳᠦᠰᠦᠲᠡᠨ ᠤ ᠬᠥᠮᠦᠨ ᠠᠮᠠ 36262 ᠨᠡᠮᠡᠭᠳᠡᠵᠦ᠂ 4 . 37 % ᠨᠡᠮᠡᠭᠳᠡᠪᠡ᠃ | ᠲᠠᠶᠢᠯᠪᠤᠷᠢ᠄ | ︵1︶ ᠲᠣᠰ ᠠᠯᠪᠠᠨ ᠮᠡᠳᠡᠭᠡ ᠶᠢᠨ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ | ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠪᠣᠯᠤᠨ᠎ᠠ᠃ | ︵2︶ ᠪᠠᠶᠢᠩᠭᠤ ᠰᠠᠭᠤᠭ᠎ᠠ ᠬᠥᠮᠦᠨ ᠠᠮᠠ ᠳᠤ᠄ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ | ᠰᠠᠭᠤᠵᠤ ᠪᠠᠶᠢᠭ᠎ᠠ ᠮᠥᠷᠲᠡᠭᠡᠨ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠡᠷᠦᠬᠡ ᠠᠮᠠ ᠪᠠᠨ | ᠣᠷᠣᠭᠤᠯᠤᠭᠰᠠᠨ ᠪᠤᠶᠤ ᠡᠷᠦᠬᠡ ᠠᠮᠠ ᠪᠠᠨ | ᠲᠤᠭᠳᠠᠭᠠᠳᠤᠢ ᠬᠥᠮᠦᠨ ᠪᠠᠭᠲᠠᠨ᠎ᠠ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ | ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠠᠴᠠ | ᠰᠠᠯᠤᠭᠠᠳ ᠬᠠᠭᠠᠰ ᠵᠢᠯ ᠠᠴᠠ ᠳᠡᠭᠡᠭᠰᠢ ᠪᠤᠯᠵᠤ ᠪᠠᠶᠢᠭ᠎ᠠ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ | ᠵᠡᠭᠡᠯᠢ ᠭᠤᠳᠤᠮᠵᠢ ᠳᠤ ᠪᠠᠶᠢᠬᠤ ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ | ᠭᠠᠳᠠᠨ᠎ᠠ ᠠᠵᠢᠯᠯᠠᠵᠤ ᠰᠤᠷᠤᠯᠴᠠᠵᠤ ᠪᠠᠢᠭ᠎ᠠ ᠬᠥᠮᠦᠨ᠃ | ︵3︶ ᠭᠡᠷ ᠪᠦᠯᠢ ᠶᠢᠨ ᠡᠷᠤᠭᠡ ᠭᠡᠳᠡᠭ ᠨᠢ ᠭᠡᠷ ᠪᠦᠯᠢ ᠶᠢᠨ ᠪᠦᠷᠢᠯᠳᠦᠬᠦᠨ ᠤ ᠬᠠᠷᠢᠴᠠᠭ᠎ᠠ ᠪᠠᠷ ᠭᠤᠣᠯ | ᠪᠣᠯᠭᠠᠭᠰᠠᠨ᠂ ᠨᠢᠭᠡ ᠭᠠᠵᠠᠷ ᠲᠤ ᠬᠠᠮᠲᠤ ᠠᠮᠢᠳᠤᠷᠠᠵᠤ ᠪᠠᠶᠢᠭ᠎ᠠ ᠬᠥᠮᠦᠨ ᠢᠶᠠᠷ ᠪᠦᠷᠢᠯᠳᠦᠭᠰᠡᠨ ᠡᠷᠤᠭᠡ ᠶᠢ ᠵᠢᠭᠠᠵᠤ | ᠪᠠᠶᠢᠨ᠎ᠠ᠃ |