ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ | ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠯᠪᠠᠨ ᠮᠡᠳᠡᠭᠡ ︵1︶ ︵ᠬᠤᠶᠠᠳᠤᠭᠠᠷ︶ ---- | ᠤᠷᠤᠨ ᠨᠤᠲᠤᠭ ᠤᠨ ᠪᠠᠶᠢᠩᠭᠤ ᠰᠠᠭᠤᠭ᠎ᠠ ᠬᠦᠮᠦᠨ ᠠᠮᠠ ᠶᠢᠨ ᠪᠠᠶᠢᠳᠠᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ | ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 20 ᠤ ᠡᠳᠦᠷ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠨ᠂ ᠡᠳᠦᠭᠡ 2020 ᠣᠨ ᠤ 11 ᠳ᠋ᠤᠭᠡᠷ ᠰᠠᠷ᠎ᠠ ᠶᠢᠨ 1 ᠤ ᠡᠳᠦᠷ ᠤᠨ ᠲᠡᠭ ᠴᠠᠭ ᠲᠤ | ᠮᠠᠨ ᠤ ᠣᠷᠣᠨ ᠤ 12 ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ︵2︶ ᠶᠢᠨ ᠬᠤᠯᠪᠣᠭᠳᠠᠯ | ᠪᠥᠬᠦᠶ ᠲᠤᠭ᠎ᠠ ᠪᠠᠷᠢᠮᠲᠠ ᠶᠢ ᠳᠤᠤᠷᠠᠬᠢ ᠮᠡᠲᠦ ᠨᠡᠶᠢᠲᠡᠯᠡᠪᠡ᠄ | ᠨᠢᠭᠡ᠂ ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ | 12 ᠠᠶᠢᠮᠠᠭ ᠬᠤᠲᠠ ᠶᠢᠨ ᠳᠣᠲᠣᠷ᠎ᠠ᠂ ᠪᠠᠶᠢᠩᠭᠤ ᠰᠠᠭᠤᠭ᠎ᠠ ᠬᠥᠮᠦᠨ ᠠᠮᠠ ᠨᠢ 300 ᠲᠦᠮᠡᠨ ᠬᠥᠮᠦᠨ ᠢ | ᠳᠠᠪᠠᠭᠰᠠᠨ ᠠᠶᠢᠮᠠᠭ ᠬᠤᠲᠠ 2 ᠪᠠᠶᠢᠵᠤ᠂ 200 ᠲᠦᠮᠡ ᠠᠴᠠ 300 ᠲᠦᠮᠡᠨ ᠬᠥᠮᠦᠨ ᠤ ᠬᠤᠭᠤᠷᠣᠨᠳᠣ ᠪᠠᠶᠢᠭ᠎ᠠ | ᠠᠶᠢᠮᠠᠭ ᠬᠤᠲᠠ 4 ᠪᠠᠶᠢᠵᠤ᠂ 100 ᠲᠦᠮᠡ ᠠᠴᠠ 200 ᠲᠦᠮᠡᠨ ᠬᠥᠮᠦᠨ ᠤ ᠬᠤᠭᠤᠷᠣᠨᠳᠣ ᠪᠠᠶᠢᠭ᠎ᠠ ᠠᠶᠢᠮᠠᠭ | ᠬᠤᠲᠠ 4 ᠪᠠᠶᠢᠵᠤ᠂ 100 ᠲᠦᠮᠡᠨ ᠬᠥᠮᠦᠨ ᠠᠴᠠ ᠳᠤᠲᠠᠭᠤ ᠪᠠᠶᠢᠬᠤ ᠨᠢ 2 ᠪᠠᠶᠢᠨ᠎ᠠ᠃ ᠡᠭᠦᠨ ᠳᠤ᠂ ᠪᠠᠶᠢᠩᠭᠤ | ᠰᠠᠭᠤᠭ᠎ᠠ ᠬᠥᠮᠦᠨ ᠠᠮᠠᠨᠢ ᠡᠮᠦᠨ᠎ᠡ ᠭᠤᠷᠪᠠ ᠳᠤ ᠵᠢᠭᠰᠠᠵᠤ ᠪᠠᠶᠢᠭ᠎ᠠ ᠠᠶᠢᠮᠠᠭ ᠬᠤᠳᠠ ᠶᠢᠨ ᠪᠠᠶᠢᠩᠭᠤ ᠰᠠᠭᠤᠭ᠎ᠠ | ᠬᠦᠮᠦᠨ ᠠᠮᠠ ᠨᠢ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠳᠠᠬᠢ ᠡᠵᠡᠯᠡᠬᠦ ᠬᠤᠪᠢ ᠶᠢᠨ ᠵᠢᠩ 43 . | 06 % ᠪᠣᠯᠪᠠ᠃ | ᠣᠷᠣᠨ ᠪᠦᠰᠡ ︵3︶ ᠬᠤᠪᠢᠶᠠᠨ ᠦᠵᠡᠪᠡᠯ᠂ ᠵᠡᠭᠦᠨ ᠬᠡᠰᠡᠭ ᠤᠨ ᠭᠠᠵᠠᠷ ᠣᠷᠣᠨ ᠳᠤ ᠪᠠᠶᠢᠩᠭᠤ | ᠰᠠᠭᠤᠭ᠎ᠠ ᠬᠥᠮᠦᠨ ᠠᠮᠠ 11676014 ᠪᠠᠶᠢᠵᠤ᠂ 48 . 55 % ᠶᠢ ᠡᠵᠡᠯᠡᠨ᠎ᠡ︔ ᠳᠤᠮᠳᠠ ᠬᠡᠰᠡᠭ ᠤᠨ | ᠭᠠᠵᠠᠷ ᠣᠷᠣᠨ ᠳᠤ ᠪᠠᠶᠢᠩᠭᠤ ᠰᠠᠭᠤᠭ᠎ᠠ ᠬᠥᠮᠦᠨ ᠠᠮᠠ 10015444 ᠪᠠᠶᠢᠵᠤ᠂ 41 . 65 % ᠶᠢ | ᠡᠵᠡᠯᠡᠨ᠎ᠡ︔ ᠪᠠᠷᠠᠭᠤᠨ ᠬᠡᠰᠡᠭ ᠤᠨ ᠭᠠᠵᠠᠷ ᠣᠷᠣᠨ ᠳᠤ ᠪᠠᠶᠢᠩᠭᠤ ᠰᠠᠭᠤᠭ᠎ᠠ ᠬᠥᠮᠦᠨ ᠠᠮᠠ 2357697 | ᠪᠠᠶᠢᠵᠤ᠂ 9 . 80 % ᠶᠢ ᠡᠵᠡᠯᠡᠨ᠎ᠡ᠃ | ᠬᠦᠰᠦᠨᠦᠭᠳᠦ 2-1 ᠡᠯ᠎ᠡ ᠠᠶᠢᠮᠠᠭ ᠬᠤᠳᠠ ᠶᠢᠨ ᠪᠠᠶᠢᠩᠭᠤ ᠰᠠᠭᠤᠭ᠎ᠠ ᠬᠦᠮᠦᠨ ᠠᠮᠠ | ︵ᠨᠢᠭᠡᠴᠢ᠄ ᠬᠦᠮᠦᠨ᠂ %︶ | | | ᠬᠤᠶᠠᠷ᠂ ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠪᠢᠷᠠᠯᠲᠠ | 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠲᠠᠢ ᠬᠠᠷᠢᠴᠠᠭᠤᠯᠪᠠᠯ᠂ 12 ᠠᠶᠢᠮᠠᠭ ᠬᠤᠲᠠ ᠶᠢᠨ ᠳᠣᠲᠣᠷ᠎ᠠ᠂ 6 ᠠᠶᠢᠮᠠᠭ ᠬᠤᠲᠠ ᠶᠢᠨ ᠪᠠᠶᠢᠩᠭᠤ | ᠰᠠᠭᠤᠭ᠎ᠠ ᠬᠥᠮᠦᠨ ᠠᠮᠠ ᠨᠡᠮᠡᠭᠳᠡᠭᠰᠡᠨ ᠪᠠᠶᠢᠨ᠎ᠠ᠃ ᠪᠠᠶᠢᠩᠭᠤ ᠰᠠᠭᠤᠭ᠎ᠠ ᠬᠥᠮᠦᠨ ᠠᠮᠠ ᠨᠡᠮᠡᠭᠳᠡᠭᠰᠡᠨ 6 ᠠᠶᠢᠮᠠᠭ | ᠬᠤᠲᠠ ᠨᠢ᠄ ᠬᠥᠬᠡᠬᠤᠲᠠ᠂ ᠣᠷᠳᠣᠰ ᠬᠤᠲᠠ᠂ ᠰᠢᠯᠢ ᠶᠢᠨ ᠭᠤᠣᠯ ᠠᠶᠢᠮᠠᠭ᠂ ᠪᠤᠭᠤᠲᠤ ᠬᠤᠲᠠ᠂ ᠠᠯᠠᠱᠠ | ᠠᠶᠢᠮᠠᠭ᠂ ᠦᠬᠠᠶ ᠬᠤᠲᠠ ᠲᠤᠰ ᠲᠤᠰ 579485 ᠬᠥᠮᠦᠨ᠂ 212985 ᠬᠥᠮᠦᠨ᠂ 79053 ᠬᠥᠮᠦᠨ᠂ | 59014 ᠬᠥᠮᠦᠨ᠂ 31027 ᠬᠥᠮᠦᠨ ᠪᠠ 23719 ᠬᠥᠮᠦᠨ ᠨᠡᠮᠡᠭᠳᠡᠵᠡᠶ᠃ | ᠣᠷᠣᠨ ᠪᠦᠰᠡ ᠬᠤᠪᠢᠶᠠᠵᠤ ᠦᠵᠡᠪᠡᠯ᠂ 2010 ᠣᠨ ᠤ ᠵᠢᠷᠭᠤᠳᠤᠭᠠᠷ ᠤᠳᠠᠭ᠎ᠠ ᠶᠢᠨ ᠪᠦᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠵᠡᠭᠦᠨ ᠣᠷᠣᠨ ᠤ ᠪᠠᠶᠢᠩᠭᠤ ᠰᠠᠭᠤᠭ᠎ᠠ ᠬᠥᠮᠦᠨ | ᠠᠮᠠ ᠶᠢᠨ ᠡᠵᠡᠯᠡᠬᠦ ᠬᠤᠪᠢ ᠶᠢᠨ ᠵᠢᠩ ᠨᠢ 2 . 74 ᠵᠠᠭᠤᠨ ᠤ ᠬᠤᠪᠢ ᠶᠢᠨ ᠴᠡᠭ ᠪᠠᠭᠤᠷᠠᠵᠤ᠂ ᠳᠤᠮᠳᠠ | ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠡᠵᠡᠯᠡᠬᠦ ᠬᠤᠪᠢ ᠶᠢᠨ ᠴᠡᠭ 2 . 79 ᠵᠠᠭᠤᠨ ᠤ ᠬᠤᠪᠢ ᠶᠢᠨ | ᠴᠡᠭ ᠳᠡᠭᠡᠭᠰᠢᠯᠡᠵᠦ᠂ ᠪᠠᠷᠠᠭᠤᠨ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠡᠵᠡᠯᠡᠬᠦ ᠬᠤᠪᠢ ᠶᠢᠨ ᠴᠡᠭ | 0 . 06 ᠵᠠᠭᠤᠨ ᠤ ᠬᠤᠪᠢ ᠶᠢᠨ ᠴᠡᠭ ᠪᠠᠭᠤᠷᠠᠵᠠᠢ᠃ | ᠲᠠᠶᠢᠯᠪᠤᠷᠢ᠄ | ︵1︶ ᠲᠣᠰ ᠠᠯᠪᠠᠨ ᠮᠡᠳᠡᠭᠡ ᠶᠢᠨ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ | ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠪᠣᠯᠤᠨ᠎ᠠ᠃ | ︵2︶ ᠪᠠᠶᠢᠩᠭᠤ ᠰᠠᠭᠤᠭ᠎ᠠ ᠬᠥᠮᠦᠨ ᠠᠮᠠ ᠳᠤ᠄ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ | ᠰᠠᠭᠤᠵᠤ ᠪᠠᠶᠢᠭ᠎ᠠ ᠮᠥᠷᠲᠡᠭᠡᠨ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠡᠷᠦᠬᠡ ᠠᠮᠠ ᠪᠠᠨ | ᠣᠷᠣᠭᠤᠯᠤᠭᠰᠠᠨ ᠪᠤᠶᠤ ᠡᠷᠦᠬᠡ ᠠᠮᠠ ᠪᠠᠨ | ᠲᠤᠭᠳᠠᠭᠠᠳᠤᠢ ᠬᠥᠮᠦᠨ ᠪᠠᠭᠲᠠᠨ᠎ᠠ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ | ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠠᠴᠠ | ᠰᠠᠯᠤᠭᠠᠳ ᠬᠠᠭᠠᠰ ᠵᠢᠯ ᠠᠴᠠ ᠳᠡᠭᠡᠭᠰᠢ ᠪᠤᠯᠵᠤ ᠪᠠᠶᠢᠭ᠎ᠠ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ | ᠵᠡᠭᠡᠯᠢ ᠭᠤᠳᠤᠮᠵᠢ ᠳᠤ ᠪᠠᠶᠢᠬᠤ ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ | ᠭᠠᠳᠠᠨ᠎ᠠ ᠠᠵᠢᠯᠯᠠᠵᠤ ᠰᠤᠷᠤᠯᠴᠠᠵᠤ ᠪᠠᠢᠭ᠎ᠠ ᠬᠥᠮᠦᠨ᠃ | ︵3︶ ᠵᠡᠭᠦᠨ ᠬᠡᠰᠡᠭ ᠤᠨ ᠭᠠᠵᠠᠷ ᠣᠷᠣᠨ ᠭᠡᠳᠡᠭ ᠨᠢ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ | ᠲᠦᠩᠯᠢᠶᠣᠤ ᠬᠤᠲᠠ᠂ ᠤᠯᠠᠭᠠᠨᠬᠠᠳᠠ ᠬᠤᠲᠠ ᠪᠣᠯᠤᠨ ᠰᠢᠯᠢ ᠶᠢᠨ ᠭᠤᠤᠯ ᠠᠶᠢᠮᠠᠭ 5 ᠠᠶᠢᠮᠠᠭ ᠬᠤᠲᠠ ᠶᠢ ᠵᠢᠭᠠᠵᠤ | ᠪᠣᠶ︔ ᠳᠤᠮᠳᠠ ᠬᠡᠰᠡᠭ ᠭᠠᠵᠠᠷ ᠣᠷᠣᠨ ᠭᠡᠳᠡᠭ ᠨᠢ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠪᠣᠯᠤᠨ | ᠤᠯᠠᠭᠠᠨᠴᠠᠪ ᠬᠤᠲᠠ ᠵᠡᠷᠭᠡ 4 ᠠᠶᠢᠮᠠᠭ ᠬᠤᠲᠠ ᠶᠢ ᠵᠢᠭᠠᠵᠤ ᠪᠤᠶ︔ ᠪᠠᠷᠠᠭᠤᠨ ᠬᠡᠰᠡᠭ ᠤᠨ ᠭᠠᠵᠠᠷ ᠣᠷᠣᠨ | ᠭᠡᠳᠡᠭ ᠨᠢ ᠪᠠᠶᠠᠨᠨᠠᠭᠤᠷ ᠬᠤᠳᠠ᠂ ᠦᠬᠠᠢ ᠬᠤᠳᠠ ᠪᠣᠯᠤᠨ ᠠᠯᠠᠱᠠ ᠠᠶᠢᠮᠠᠭ 3 ᠠᠶᠢᠮᠠᠭ ᠬᠤᠳᠠ ᠶᠢ ᠵᠢᠭᠠᠵᠤ | ᠪᠤᠢ᠃ | ︵4︶ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠳᠠᠬᠢ ᠡᠯ᠎ᠡ ᠠᠶᠢᠮᠠᠭ ᠬᠤᠲᠠ ᠶᠢᠨ ᠪᠠᠶᠢᠩᠭᠤ | ᠰᠠᠭᠤᠭ᠎ᠠ ᠬᠥᠮᠦᠨ ᠠᠮᠠ ᠶᠢᠨ ᠡᠵᠡᠯᠡᠬᠦ ᠬᠤᠪᠢ ᠶᠢᠨ ᠵᠢᠩ ᠢ ᠵᠢᠭᠠᠵᠤ ᠪᠣᠶ᠃ | ︵5︶ ᠲᠦ᠋ᠷᠪᠡ ᠶᠢ ᠬᠠᠶᠠᠵᠤ ᠲᠠᠪᠤ ᠶᠢ ᠳᠡᠪᠰᠢᠭᠦᠯᠬᠦ ᠰᠢᠯᠲᠠᠭᠠᠨ ᠠᠴᠠ ᠪᠤᠯᠵᠦ᠂ ᠵᠦᠢᠯ ᠬᠤᠪᠢᠶᠠᠭᠰᠠᠨ | ᠨᠡᠶᠢᠯᠡᠪᠦᠷᠢ ᠲᠤᠭ᠎ᠠ ᠪᠣᠯᠤᠨ ᠶᠡᠷᠦᠩᠬᠡᠢ ᠲᠤᠭ᠎ᠠ ᠨᠢ ᠠᠳᠠᠯᠢ ᠦᠭᠡᠢ ᠵᠡᠷᠭᠡ ᠪᠠᠶᠢᠳᠠᠯ ᠣᠷᠣᠰᠢᠵᠤ᠂ ᠲᠤᠬᠢᠷᠠᠭᠤᠯᠤᠯᠳᠠ | ᠬᠢᠭᠰᠡᠨ ᠦᠭᠡᠢ᠃ ︵ᠳᠣᠷᠣᠭᠰᠢ ᠠᠳᠠᠯᠢ︶ |