ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ︵ᠭᠤᠷᠪᠠᠳᠤᠭᠠᠷ︶
ᠨᠡᠶᠢᠲᠡᠯᠡᠭᠰᠡᠨ ᠴᠠᠭ᠄
2021/11/29
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ         ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ         ᠠᠯᠪᠠᠨ ᠮᠡᠳᠡᠭᠡ  ︵1︶ ︵ᠭᠤᠷᠪᠠᠳᠤᠭᠠᠷ︶ ----                   ᠬᠥᠮᠦᠨ ᠠᠮᠠ ᠶᠢᠨ ᠬᠦᠢᠰᠦ ᠶᠢᠨ ᠢᠯᠭᠠᠯ ᠤᠨ ᠪᠦᠷᠢᠯᠳᠦᠯ ᠤᠨ  ᠪᠠᠶᠢᠳᠠᠯ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ            ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ            ᠤᠳᠤᠷᠢᠳᠬᠤ ᠳᠤᠭᠤᠶᠢᠯᠠᠩ ᠤᠨ ᠠᠯᠪᠠᠨ ᠬᠡᠷ                       2021 ᠣᠨ ᠤ 5 ᠳ᠋ᠤᠭᠠᠷ ᠰᠠᠷ᠎ᠠ ᠶᠢᠨ 20 ᠤ ᠡᠳᠦᠷ       ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠡᠳᠦᠭᠡ 2020 ᠣᠨ ᠤ 11 ᠳ᠋ᠤᠭᠡᠷ ᠰᠠᠷ᠎ᠠ ᠶᠢᠨ 1 ᠤ ᠡᠳᠦᠷ ᠤᠨ ᠲᠡᠭ ᠴᠠᠭ ᠲᠤ ᠮᠠᠨ ᠤ ᠣᠷᠣᠨ ᠤ 12 ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ  ︵2︶ ᠶᠢᠨ ᠬᠦᠢᠰᠦ ᠶᠢᠨ ᠢᠯᠭᠠᠯ ᠤᠨ ᠪᠦᠷᠢᠯᠳᠦᠯ ᠤᠨ ᠪᠠᠶᠢᠳᠠᠯ ᠢ ᠳᠤᠤᠷᠠᠬᠢ ᠮᠡᠲᠦ ᠨᠡᠶᠢᠲᠡᠯᠡᠪᠡ᠄       ᠨᠢᠭᠡ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠪᠦᠷᠢᠯᠳᠦᠯ       ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠡᠷᠡᠭᠲᠡᠶ ᠬᠥᠮᠦᠨ ᠠᠮᠠ 12275274 ᠪᠠᠶᠢᠵᠤ᠂ 51 . 04 % ᠶᠢ ᠡᠵᠡᠯᠡᠪᠡ︔ ᠡᠮᠡᠭᠲᠡᠶ ᠬᠥᠮᠦᠨ ᠠᠮᠠ 11773881 ᠪᠠᠶᠢᠵᠤ᠂ 48 . 96 % ᠶᠢ ᠡᠵᠡᠯᠡᠨ᠎ᠡ᠃ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ ︵ᠡᠮᠡᠭᠲᠡᠶᠢᠴᠦᠳ 100᠂ ᠡᠷᠡᠭᠲᠡᠶ ᠡᠮᠡᠭᠲᠡᠶ ᠶᠢᠨ ᠬᠠᠷᠢᠴᠠᠯ︶ ᠨᠢ 104 . 26 ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ 108 . 05 ᠲᠠᠢ ᠬᠠᠷᠢᠴᠠᠭᠤᠯᠪᠠᠯ᠂ 3 . 79 ᠪᠠᠷ ᠪᠠᠭᠤᠷᠠᠪᠠ᠃       ᠵᠢᠷᠤᠭ 3 - 1 ᠤᠳᠠᠭ᠎ᠠ ᠪᠦᠷᠢ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠪᠦᠷᠢᠯᠳᠦᠯ
      ᠬᠤᠶᠠᠷ᠂ ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠪᠦᠷᠢᠯᠳᠦᠯ       12 ᠠᠶᠢᠮᠠᠭ ᠬᠤᠲᠠ ᠶᠢᠨ ᠳᠣᠲᠣᠷ᠎ᠠ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ ᠨᠢ 105 ᠠᠴᠠ ᠳᠣᠷᠣᠭᠰᠢ ᠪᠠᠶᠢᠭ᠎ᠠ ᠠᠶᠢᠮᠠᠭ ᠬᠤᠲᠠ 8 ᠪᠤᠶ᠂ 105 ᠠᠴᠠ 110 ᠶᠢᠨ ᠬᠤᠭᠤᠷᠣᠨᠳᠣᠬᠢ ᠠᠶᠢᠮᠠᠭ ᠬᠤᠲᠠ 2 ᠪᠤᠶ᠂ 110 ᠠᠴᠠ ᠳᠡᠭᠡᠭᠰᠢᠬᠢ ᠠᠶᠢᠮᠠᠭ ᠬᠤᠲᠠ 2 ᠪᠤᠶ᠃        ᠬᠦᠰᠦᠨᠦᠭᠳᠦ 3-1  ᠡᠯ᠎ᠡ ᠠᠶᠢᠮᠠᠭ ᠬᠤᠳᠠ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠴᠢᠨᠠᠷ ᠤᠨ ᠢᠯᠭᠠᠯ ᠤᠨ ᠪᠦᠷᠢᠯᠳᠦᠯ  ︵ ᠨᠢᠭᠡᠴᠢ᠄ %︶
 
      ᠲᠠᠶᠢᠯᠪᠤᠷᠢ᠄       ︵1︶ ᠲᠣᠰ ᠠᠯᠪᠠᠨ ᠮᠡᠳᠡᠭᠡ ᠶᠢᠨ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠪᠣᠯᠤᠨ᠎ᠠ᠃       ︵2︶ ᠪᠠᠶᠢᠩᠭᠤ ᠰᠠᠭᠤᠭ᠎ᠠ ᠬᠥᠮᠦᠨ ᠠᠮᠠ ᠳᠤ᠄ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠮᠥᠷᠲᠡᠭᠡᠨ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠡᠷᠦᠬᠡ ᠠᠮᠠ ᠪᠠᠨ ᠣᠷᠣᠭᠤᠯᠤᠭᠰᠠᠨ ᠪᠤᠶᠤ ᠡᠷᠦᠬᠡ ᠠᠮᠠ ᠪᠠᠨ ᠲᠤᠭᠳᠠᠭᠠᠳᠤᠢ ᠬᠥᠮᠦᠨ ᠪᠠᠭᠲᠠᠨ᠎ᠠ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠠᠴᠠ ᠰᠠᠯᠤᠭᠠᠳ ᠬᠠᠭᠠᠰ ᠵᠢᠯ ᠠᠴᠠ ᠳᠡᠭᠡᠭᠰᠢ ᠪᠤᠯᠵᠤ ᠪᠠᠶᠢᠭ᠎ᠠ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ ᠵᠡᠭᠡᠯᠢ ᠭᠤᠳᠤᠮᠵᠢ ᠳᠤ ᠪᠠᠶᠢᠬᠤ ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ ᠭᠠᠳᠠᠨ᠎ᠠ ᠠᠵᠢᠯᠯᠠᠵᠤ ᠰᠤᠷᠤᠯᠴᠠᠵᠤ ᠪᠠᠢᠭ᠎ᠠ ᠬᠥᠮᠦᠨ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号