ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ︵ᠲᠠᠪᠤᠳᠤᠭᠠᠷ︶
ᠨᠡᠶᠢᠲᠡᠯᠡᠭᠰᠡᠨ ᠴᠠᠭ᠄
2021/12/1
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ      ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ      ᠠᠯᠪᠠᠨ ᠮᠡᠳᠡᠭᠡ  ︵1︶ ︵ ᠲᠠᠪᠤᠳᠤᠭᠠᠷ︶ ----                   ᠬᠥᠮᠦᠨ ᠠᠮᠠ ᠶᠢᠨ ᠰᠤᠷᠭᠠᠨ ᠬᠦᠮᠦᠵᠢᠯ ᠬᠦᠷᠲᠡᠭᠰᠡᠨ  ᠪᠠᠶᠢᠳᠠᠯ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ            ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ            ᠤᠳᠤᠷᠢᠳᠬᠤ ᠳᠤᠭᠤᠶᠢᠯᠠᠩ ᠤᠨ ᠠᠯᠪᠠᠨ ᠬᠡᠷ                       2021 ᠣᠨ ᠤ 5 ᠳ᠋ᠤᠭᠠᠷ ᠰᠠᠷ᠎ᠠ ᠶᠢᠨ 20 ᠤ ᠡᠳᠦᠷ              ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠡᠳᠦᠭᠡ 2020 ᠣᠨ ᠤ 11 ᠰᠠᠷ᠎ᠠ ᠶᠢᠨ 1  ᠤ ᠡᠳᠦᠷ ᠤᠨ ᠲᠡᠭ ᠴᠠᠭ ᠲᠤ ᠮᠠᠨ ᠤ ᠣᠷᠣᠨ ᠤ 12 ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ  ︵2︶ ᠶᠢᠨ ᠰᠤᠷᠭᠠᠨ ᠬᠥᠮᠦᠵᠢᠯ ᠭᠥᠷᠳᠡᠭᠰᠡᠨ ᠦᠨᠳᠦᠰᠦᠨ ᠪᠠᠶᠢᠳᠠᠯ ᠢ ᠳᠤᠤᠷᠠᠬᠢ ᠮᠡᠲᠦ ᠨᠡᠶᠢᠲᠡᠯᠡᠪᠡ᠄        ᠨᠢᠭᠡ᠂ ᠰᠤᠷᠭᠠᠨ ᠬᠥᠮᠦᠵᠢᠯ ᠬᠦᠷᠳᠡᠭᠰᠡᠨ ᠬᠡᠮᠵᠢᠶ᠎ᠡ ᠶᠢᠨ ᠬᠥᠮᠦᠨ ᠠᠮᠠ          ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠶᠡᠭᠡ ᠰᠤᠷᠭᠠᠭᠤᠯᠢ ( ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠶᠢ ᠵᠢᠭᠠᠵᠤ ᠪᠤᠶ )  ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 4494308 ᠪᠤᠶ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ( ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠᠭᠲᠠᠨ᠎ᠠ )  ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 3562745 ᠪᠠᠶᠢᠨ᠎ᠠ︔ ᠠᠩᠬ᠎ᠠ ᠳᠤᠮᠳᠠᠳᠤ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 8143252 ᠪᠣᠯᠤᠨ᠎ᠠ︔ ᠪᠠᠭ᠎ᠠ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 5682035 ( ᠰᠤᠷᠭᠠᠨ ᠬᠥᠮᠦᠵᠢᠯ ᠬᠦᠷᠲᠡᠭᠰᠡᠨ ᠡᠯ᠎ᠡ ᠵᠦᠢᠯ ᠤᠨ ᠬᠢᠷᠢ ᠬᠡᠮᠵᠢᠶ᠎ᠡ ᠲᠠᠢ ᠬᠥᠮᠦᠨ ) ᠪᠣᠯᠤᠨ᠎ᠠ᠃ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ 10 ᠲᠦᠮᠡᠨ ᠬᠥᠮᠦᠨ ᠪᠦᠷᠢ ᠳᠤ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 10208 ᠪᠠᠶᠢᠭᠰᠠᠨ ᠠᠴᠠ ᠪᠠᠨ 18688 ᠪᠣᠯᠵᠤ ᠳᠡᠭᠡᠭᠰᠢᠯᠡᠪᠡ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 15125 ᠪᠠᠶᠢᠭᠰᠠᠨ ᠠᠴᠠ ᠪᠠᠨ 14814 ᠪᠣᠯᠤᠨ ᠪᠠᠭᠤᠷᠠᠪᠠ︔ ᠠᠩᠬ᠎ᠠ ᠳᠤᠮᠳᠠᠳᠤ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 39218 ᠪᠠᠶᠢᠭᠰᠠᠨ ᠠᠴᠠ ᠪᠠᠨ 33861 ᠪᠣᠯᠵᠤ ᠪᠠᠭᠤᠷᠠᠪᠠ︔ ᠪᠠᠭ᠎ᠠ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ 25418 ᠪᠠᠶᠢᠭᠰᠠᠨ ᠠᠴᠠ ᠪᠠᠨ 23627 ᠪᠣᠯᠵᠤ ᠳᠣᠷᠣᠭᠰᠢᠯᠠᠵᠠᠶ᠃        ᠬᠦᠰᠦᠨᠦᠭᠳᠦ 5-1    ᠡᠯ᠎ᠡ ᠠᠶᠢᠮᠠᠭ ᠬᠤᠳᠠ ᠶᠢᠨ ᠠᠷᠪᠠᠨ ᠲᠦᠮᠡᠨ ᠬᠦᠮᠦᠨ ᠪᠦᠷᠢ ᠳᠠᠬᠢ ᠡᠯ᠎ᠡ ᠲᠦᠷᠦᠯ ᠤᠨ ᠰᠤᠷᠭᠠᠨ ᠬᠦᠮᠦᠵᠢᠯ ᠬᠦᠷᠲᠡᠭᠰᠡᠳ ᠤᠨ ᠲᠤᠭ᠎ᠠ ︵ᠨᠢᠭᠡᠴᠢ᠄ ᠬᠦᠮᠦᠨ\ ᠠᠷᠪᠠᠨ ᠲᠦᠮᠡᠨ ᠬᠦᠮᠦᠨ︶
       ᠬᠤᠶᠠᠷ᠂ ᠰᠤᠷᠭᠠᠨ ᠬᠥᠮᠦᠵᠢᠯ ᠬᠦᠷᠲᠡᠭᠰᠡᠨ ᠳᠤᠮᠳᠠᠴᠢ ᠵᠢᠯ ᠬᠤᠭᠤᠴᠠᠭ᠎ᠠ ( 3 )        2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷᠠᠬᠢ 15 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ ᠶᠢᠨ ᠰᠤᠷᠭᠠᠨ ᠬᠥᠮᠦᠵᠢᠯ ᠬᠦᠷᠲᠡᠭᠰᠡᠨ ᠳᠤᠮᠳᠠᠴᠢ ᠵᠢᠯ ᠬᠤᠭᠤᠴᠠᠭ᠎ᠠ 9 . 22 ᠵᠢᠯ ᠪᠠᠶᠢᠭᠰᠠᠨ ᠠᠴᠠ ᠳᠡᠭᠡᠭᠰᠢᠯᠡᠭᠡᠳ 10 . 08 ᠵᠢᠯ  ᠪᠤᠯᠵᠠᠢ᠃  12 ᠠᠶᠢᠮᠠᠭ ᠬᠤᠲᠠ ᠶᠢᠨ ᠳᠣᠲᠣᠷ᠎ᠠ᠂ ᠰᠤᠷᠭᠠᠨ ᠬᠥᠮᠦᠵᠢᠯ ᠬᠦᠷᠲᠡᠭᠰᠡᠨ ᠳᠤᠮᠳᠠᠴᠢ ᠵᠢᠯ ᠬᠤᠭᠤᠴᠠᠭ᠎ᠠ ᠨᠢ 10 ᠵᠢᠯ ᠠᠴᠠ ᠳᠡᠭᠡᠭᠰᠢ ᠠᠶᠢᠮᠠᠭ ᠬᠤᠲᠠ 7 ᠪᠠᠶᠢᠵᠤ᠂ 9 ᠵᠢᠯ ᠠᠴᠠ 10 ᠵᠢᠯ ᠤᠨ ᠬᠤᠭᠤᠷᠣᠨᠳᠣᠬᠢ ᠠᠶᠢᠮᠠᠭ ᠬᠤᠲᠠ 5 ᠪᠠᠶᠢᠨ᠎ᠠ᠃        ᠬᠦᠰᠦᠨᠦᠭᠳᠦ 5-2   ᠡᠯ᠎ᠡ ᠠᠶᠢᠮᠠᠭ ᠬᠤᠳᠠ ᠶᠢᠨ 15 ᠨᠠᠰᠤ ᠵᠢᠴᠢ ᠳᠡᠭᠡᠭᠰᠢᠬᠢ ᠬᠦᠮᠦᠨ ᠠᠮᠠ ᠶᠢᠨ ᠳᠤᠮᠳᠠᠴᠢ ᠰᠤᠷᠭᠠᠨ ᠬᠦᠮᠦᠵᠢᠯ ᠬᠦᠷᠲᠡᠭᠰᠡᠨ ᠵᠢᠯ ᠬᠤᠭᠤᠴᠠᠭ᠎ᠠ
       ᠭᠤᠷᠪᠠ᠂ ᠦᠰᠦᠭ ᠦᠯᠦ ᠲᠠᠨᠢᠬᠤ ᠬᠥᠮᠦᠨ ᠠᠮᠠ          ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠰᠤᠶᠤᠯ ᠤᠨ ᠪᠠᠯᠠᠶ ( 15 ᠨᠠᠰᠤ ᠵᠢᠴᠢ ᠲᠡᠭᠦᠨ ᠠᠴᠠ ᠳᠡᠭᠡᠭᠰᠢᠬᠢ ᠦᠰᠦᠭ ᠲᠠᠨᠢᠬᠤ ᠦᠭᠡᠶ ᠬᠥᠮᠦᠨ ) 793074 ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂  ᠰᠤᠶᠤᠯ ᠤᠨ ᠪᠠᠯᠠᠶ 212028 ᠬᠥᠮᠦᠨ ᠪᠠᠭᠠᠰᠴᠤ᠂  ᠰᠤᠶᠤᠯ ᠤᠨ ᠪᠠᠯᠠᠶ ᠶᠢᠨ ᠨᠣᠷᠮ᠎ᠠ ( 4 ) 4 . 07 % ᠪᠠᠶᠢᠭᠰᠠᠨ ᠠᠴᠠ ᠪᠠᠨ ᠪᠠᠭᠤᠷᠠᠭᠠᠳ 3 . 30 % ᠪᠣᠯᠵᠤ᠂ 0 . 77 ᠵᠠᠭᠤᠨ ᠤ ᠬᠤᠪᠢ ᠶᠢᠨ ᠴᠡᠭ ᠳᠣᠷᠣᠭᠰᠢᠯᠠᠵᠠᠶ᠃        ᠲᠠᠶᠢᠯᠪᠤᠷᠢ᠄        ︵1︶ ᠲᠣᠰ ᠠᠯᠪᠠᠨ ᠮᠡᠳᠡᠭᠡ ᠶᠢᠨ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠪᠣᠯᠤᠨ᠎ᠠ᠃        ︵2︶ ᠪᠠᠶᠢᠩᠭᠤ ᠰᠠᠭᠤᠭ᠎ᠠ ᠬᠥᠮᠦᠨ ᠠᠮᠠ ᠳᠤ᠄ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠮᠥᠷᠲᠡᠭᠡᠨ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠡᠷᠦᠬᠡ ᠠᠮᠠ ᠪᠠᠨ ᠣᠷᠣᠭᠤᠯᠤᠭᠰᠠᠨ ᠪᠤᠶᠤ ᠡᠷᠦᠬᠡ ᠠᠮᠠ ᠪᠠᠨ ᠲᠤᠭᠳᠠᠭᠠᠳᠤᠢ ᠬᠥᠮᠦᠨ ᠪᠠᠭᠲᠠᠨ᠎ᠠ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠠᠴᠠ ᠰᠠᠯᠤᠭᠠᠳ ᠬᠠᠭᠠᠰ ᠵᠢᠯ ᠠᠴᠠ ᠳᠡᠭᠡᠭᠰᠢ ᠪᠤᠯᠵᠤ ᠪᠠᠶᠢᠭ᠎ᠠ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ ᠵᠡᠭᠡᠯᠢ ᠭᠤᠳᠤᠮᠵᠢ ᠳᠤ ᠪᠠᠶᠢᠬᠤ ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ ᠭᠠᠳᠠᠨ᠎ᠠ ᠠᠵᠢᠯᠯᠠᠵᠤ ᠰᠤᠷᠤᠯᠴᠠᠵᠤ ᠪᠠᠢᠭ᠎ᠠ ᠬᠥᠮᠦᠨ᠃        ( 3 ) ᠰᠤᠷᠭᠠᠨ ᠬᠥᠮᠦᠵᠢᠯ ᠬᠥᠷᠳᠡᠭᠰᠡᠨ ᠳᠤᠮᠳᠠᠴᠢ ᠵᠢᠯ ᠬᠤᠭᠤᠴᠠᠭ᠎ᠠ ᠶᠢ ᠡᠯ᠎ᠡ ᠵᠦᠢᠯ ᠤᠨ ᠰᠤᠷᠭᠠᠨ ᠬᠥᠮᠦᠵᠢᠯ ᠬᠥᠷᠳᠡᠭᠰᠡᠨ  ᠬᠡᠮᠵᠢᠶ᠎ᠡ ᠶᠢ ᠰᠤᠷᠭᠠᠨ ᠬᠥᠮᠦᠵᠢᠯ ᠬᠥᠷᠳᠡᠭᠰᠡᠨ ᠵᠢᠯ ᠬᠤᠭᠤᠴᠠᠭ᠎ᠠ ᠪᠠᠷ ᠨᠤᠭᠤᠯᠤᠨ ᠪᠤᠳᠤᠵᠤ ᠳᠤᠮᠳᠠᠴᠢ ᠲᠤᠭ᠎ᠠ ᠪᠠᠷ ᠪᠤᠳᠤᠵᠤ ᠭᠠᠷᠭᠠᠭᠰᠠᠨ ᠶᠤᠮ᠂ ᠪᠣᠳᠠᠲᠠᠢ ᠨᠤᠭᠤᠯᠤᠨ ᠪᠤᠳᠤᠬᠤ ᠪᠠᠷᠢᠮᠵᠢᠶ᠎ᠠ ᠪᠣᠯ᠄ ᠪᠠᠭ᠎ᠠ ᠰᠤᠷᠭᠠᠭᠤᠯᠢ = 6 ᠵᠢᠯ᠂ ᠠᠩᠬ᠎ᠠ ᠳᠤᠮᠳᠠᠳᠤ = 9 ᠵᠢᠯ᠂ ᠥᠨᠳᠥᠷ ᠳᠤᠮᠳᠠᠳᠤ = 12 ᠵᠢᠯ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠵᠢᠴᠢ ᠲᠡᠭᠦᠨ ᠠᠴᠠ ᠳᠡᠭᠡᠭᠰᠢ = 16 ᠵᠢᠯ ᠪᠣᠯᠤᠨ᠎ᠠ᠃          ( 4 ) ᠦᠰᠦᠭ ᠦᠯᠦ ᠲᠠᠨᠢᠬᠤ ᠨᠤᠷᠮ᠎ᠠ ᠭᠡᠳᠡᠭ ᠨᠢ ᠪᠦ᠋ᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 15 ᠨᠠᠰᠤᠨ ᠠᠴᠠ ᠳᠡᠭᠡᠭᠰᠢᠬᠢ  ᠦᠰᠦᠭ ᠦᠯᠦ ᠲᠠᠨᠢᠬᠤ ᠬᠥᠮᠦᠨ ᠠᠮᠠ ᠶᠢᠨ ᠡᠵᠡᠯᠡᠬᠦ ᠬᠠᠷᠢᠴᠠᠯ ᠢ ᠵᠢᠭᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号