ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ | ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠯᠪᠠᠨ ᠮᠡᠳᠡᠭᠡ ︵ 1︶ ︵ ᠵᠢᠷᠭᠤᠳᠤᠭᠠᠷ ︶ ---- | ᠬᠤᠳᠠ ᠬᠥᠳᠡᠭᠡ ᠶᠢᠨ ᠬᠦᠮᠦᠨ ᠠᠮᠠ ᠪᠠ ᠨᠡᠭᠦᠳᠡᠯ ᠬᠦᠮᠦᠨ ᠠᠮᠠ ᠶᠢᠨ ᠪᠠᠶᠢᠳᠠᠯ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ | ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 20 ᠤ ᠡᠳᠦᠷ | | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠨ᠂ ᠡᠳᠦᠭᠡ 2020 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠲᠤ ᠮᠠᠨ ᠤ | ᠣᠷᠣᠨ ᠤ 12 ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ( 2 ) ᠶᠢᠨ ᠬᠤᠲᠠ ᠬᠥᠳᠡᠭᠡ ᠶᠢᠨ | ᠲᠠᠷᠬᠠᠯᠲᠠ ᠵᠢᠴᠢ ᠨᠡᠭᠦᠳᠡᠯ ᠤᠨ ᠪᠠᠶᠢᠳᠠᠯ ᠢ ᠳᠤᠤᠷᠠᠬᠢ ᠮᠡᠲᠦ ᠨᠡᠶᠢᠲᠡᠯᠡᠪᠡ᠄ | ᠨᠢᠭᠡ᠂ ᠬᠤᠳᠠ ᠬᠥᠳᠡᠭᠡ ᠶᠢᠨ ᠬᠥᠮᠦᠨ ᠠᠮᠠ ( 3 ) | ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠳᠤ ᠰᠠᠭᠤᠵᠤ | ᠪᠠᠶᠢᠭ᠎ᠠ ᠬᠥᠮᠦᠨ ᠠᠮᠠ 16227475 ᠪᠠᠶᠢᠵᠤ᠂ 67 . 48 % ᠶᠢ ᠡᠵᠡᠯᠡᠵᠦ ᠪᠠᠶᠢᠨ᠎ᠠ︔ ᠬᠥᠳᠡᠭᠡ | ᠲᠣᠰᠬᠤᠨ ᠳᠤ ᠰᠠᠭᠤᠵᠤ ᠪᠠᠶᠢᠭ᠎ᠠ ᠬᠥᠮᠦᠨ ᠠᠮᠠ 7821680 ᠪᠠᠶᠢᠵᠤ᠂ 32 . 52 % ᠢ ᠡᠵᠡᠯᠡᠵᠦ | ᠪᠠᠶᠢᠨ᠎ᠠ᠃ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠲᠠᠢ ᠬᠠᠷᠢᠴᠠᠭᠤᠯᠪᠠᠯ᠂ ᠬᠤᠲᠠ ᠪᠠᠯᠭᠠᠰᠤᠨ ᠤ ᠬᠥᠮᠦᠨ ᠠᠮᠠ 2507301 ᠨᠡᠮᠡᠭᠳᠡᠵᠦ᠂ ᠬᠥᠳᠡᠭᠡ | ᠲᠣᠰᠬᠤᠨ ᠤ ᠬᠥᠮᠦᠨ ᠠᠮᠠ 3164437 ᠪᠠᠭᠠᠰᠴᠤ᠂ ᠬᠤᠲᠠ ᠪᠠᠯᠭᠠᠰᠤᠨ ᠤ ᠬᠥᠮᠦᠨ ᠠᠮᠠ ᠶᠢᠨ ᠡᠵᠡᠯᠡᠬᠦ | ᠬᠤᠪᠢ ᠶᠢᠨ ᠵᠢᠩ 11 . 95 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠵᠢᠷᠤᠭ 6 - 1 ᠤᠳᠠᠭ᠎ᠠ ᠪᠦᠷᠢ ᠶᠢᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠠᠬᠢ | ᠬᠤᠳᠠ ᠬᠦᠳᠡᠭᠡ ᠶᠢᠨ ᠬᠦᠮᠦᠨ ᠠᠮᠠ | | | | | | ᠬᠤᠶᠠᠷ᠂ ᠨᠡᠭᠦᠳᠡᠯ ᠬᠥᠮᠦᠨ ᠠᠮᠠ ( 4 ) | ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠬᠥᠮᠦᠨ ᠪᠠ ᠡᠷᠦᠬᠡ | ᠰᠠᠯᠤᠩᠭᠢᠷᠠᠭᠰᠠᠨ ᠬᠥᠮᠦᠨ ᠠᠮᠠ ( 5 ) 11462961 ᠪᠠᠶᠢᠵᠤ᠂ ᠡᠭᠦᠨ ᠳᠤ ᠬᠤᠲᠠ ᠶᠢᠨ ᠬᠠᠷᠢᠶ᠎ᠠ | ᠲᠣᠭᠤᠷᠢᠭ ᠤᠨ ᠳᠣᠲᠣᠷᠠᠬᠢ ᠬᠥᠮᠦᠨ ᠪᠠ ᠡᠷᠦᠬᠡ ᠰᠠᠯᠤᠩᠭᠢᠷᠠᠭᠰᠠᠨ ( 6 ) ᠬᠥᠮᠦᠨ ᠠᠮᠠ 2394517 | ᠪᠠᠶᠢᠵᠤ᠂ ᠨᠡᠭᠦᠳᠡᠯ ᠬᠥᠮᠦᠨ ᠠᠮᠠ 906844 ᠪᠠᠶᠢᠨ᠎ᠠ᠃ ᠨᠡᠭᠦᠳᠡᠯ ᠬᠥᠮᠦᠨ ᠠᠮᠠ ᠶᠢᠨ ᠳᠣᠲᠣᠷ᠎ᠠ᠂ ᠥᠪᠡᠷᠲᠡᠭᠡᠨ | ᠵᠠᠰᠠᠬᠤ ᠣᠷᠣᠨ ᠠᠯᠤᠰᠯᠠᠨ ᠣᠷᠣᠵᠤ ᠢᠷᠡᠭᠰᠡᠨ ᠬᠥᠮᠦᠨ ᠠᠮᠠ 1686420 ᠪᠠᠶᠢᠵᠤ᠂ ᠥᠪᠡᠷᠲᠡᠭᠡᠨ ᠵᠠᠰᠠᠬᠤ | ᠣᠷᠣᠨ ᠤ ᠳᠣᠲᠣᠷᠠᠬᠢ ᠨᠡᠭᠦᠳᠡᠯ ᠬᠥᠮᠦᠨ ᠠᠮᠠ 7382024 ᠪᠠᠶᠢᠨ᠎ᠠ᠃ 2010 ᠣᠨ ᠤ ᠵᠢᠷᠭᠤᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠬᠥᠮᠦᠨ ᠪᠠ | ᠡᠷᠦᠬᠡ ᠰᠠᠯᠤᠩᠭᠢᠷᠠᠭᠰᠠᠨ ᠬᠥᠮᠦᠨ ᠠᠮᠠ 4292072 ᠨᠡᠮᠡᠭᠳᠡᠵᠦ᠂ 59 . 85 % ᠨᠡᠮᠡᠭᠳᠡᠪᠡ︔ ᠬᠤᠲᠠ ᠶᠢᠨ | ᠬᠠᠷᠢᠶ᠎ᠠ ᠲᠣᠭᠤᠷᠢᠭ ᠲᠠᠬᠢ ᠬᠥᠮᠦᠨ ᠪᠠ ᠡᠷᠦᠬᠡ ᠰᠠᠯᠤᠩᠭᠢ ᠬᠥᠮᠦᠨ ᠠᠮᠠ 1352323 ᠨᠡᠮᠡᠭᠳᠡᠵᠦ᠂ 129 . | 76 % ᠨᠡᠮᠡᠭᠳᠡᠪᠡ︔ ᠨᠡᠭᠦᠳᠡᠯ ᠬᠥᠮᠦᠨ ᠠᠮᠠ 2939749 ᠨᠡᠮᠡᠭᠳᠡᠵᠦ᠂ 47 . 97 % ᠪᠠᠷ ᠨᠡᠮᠡᠭᠳᠡᠪᠡ᠃ | ᠲᠠᠶᠢᠯᠪᠤᠷᠢ᠄ | ︵1︶ ᠲᠣᠰ ᠠᠯᠪᠠᠨ ᠮᠡᠳᠡᠭᠡ ᠶᠢᠨ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ | ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠪᠣᠯᠤᠨ᠎ᠠ᠃ | ︵2︶ ᠪᠠᠶᠢᠩᠭᠤ ᠰᠠᠭᠤᠭ᠎ᠠ ᠬᠥᠮᠦᠨ ᠠᠮᠠ ᠳᠤ᠄ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ | ᠰᠠᠭᠤᠵᠤ ᠪᠠᠶᠢᠭ᠎ᠠ ᠮᠥᠷᠲᠡᠭᠡᠨ ᠲᠣᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠡᠷᠦᠬᠡ ᠠᠮᠠ ᠪᠠᠨ | ᠣᠷᠣᠭᠤᠯᠤᠭᠰᠠᠨ ᠪᠤᠶᠤ ᠡᠷᠦᠬᠡ ᠠᠮᠠ ᠪᠠᠨ | ᠲᠤᠭᠳᠠᠭᠠᠳᠤᠢ ᠬᠥᠮᠦᠨ ᠪᠠᠭᠲᠠᠨ᠎ᠠ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ | ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠠᠴᠠ | ᠰᠠᠯᠤᠭᠠᠳ ᠬᠠᠭᠠᠰ ᠵᠢᠯ ᠠᠴᠠ ᠳᠡᠭᠡᠭᠰᠢ ᠪᠤᠯᠵᠤ ᠪᠠᠶᠢᠭ᠎ᠠ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ | ᠵᠡᠭᠡᠯᠢ ᠭᠤᠳᠤᠮᠵᠢ ᠳᠤ ᠪᠠᠶᠢᠬᠤ ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ | ᠭᠠᠳᠠᠨ᠎ᠠ ᠠᠵᠢᠯᠯᠠᠵᠤ ᠰᠤᠷᠤᠯᠴᠠᠵᠤ ᠪᠠᠢᠭ᠎ᠠ ᠬᠥᠮᠦᠨ᠃ | ( 3 ) ᠬᠤᠲᠠ ᠪᠠᠯᠭᠠᠰᠤ᠂ ᠰᠢᠶᠠᠩ ᠲᠣᠰᠬᠤᠨ ᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ | ︽ᠲᠤᠭ᠎ᠠ ᠪᠦᠷᠢᠳᠬᠡᠯ ᠤᠨ ᠲᠠᠯ᠎ᠠ ᠪᠠᠷ ᠬᠤᠲᠠ ᠬᠥᠳᠡᠭᠡ ᠶᠢ ᠬᠤᠪᠢᠶᠠᠷᠢᠯᠠᠬᠤ ᠲᠣᠭᠲᠠᠭᠠᠯ︾ ᠢᠶᠠᠷ ᠬᠤᠪᠢᠶᠠᠵᠠᠢ᠃ | ( 4 ) ᠨᠡᠭᠦᠳᠡᠯ ᠬᠥᠮᠦᠨ ᠠᠮᠠ ᠭᠡᠳᠡᠭ ᠨᠢ ᠬᠥᠮᠦᠨ ᠠᠮᠠ ᠪᠠ ᠡᠷᠦᠬᠡ ᠠᠮᠠ ᠶᠢᠨ ᠰᠠᠯᠭᠠᠯᠲᠠ ᠶᠢᠨ | ᠬᠥᠮᠦᠨ ᠠᠮᠠ ᠶᠢᠨ ᠳᠣᠲᠣᠷ᠎ᠠ ᠠᠴᠠ ᠬᠤᠲᠠ ᠶᠢᠨ ᠬᠠᠷᠢᠶ᠎ᠠ ᠲᠣᠭᠤᠷᠢᠭ ᠲᠠᠬᠢ ᠬᠥᠮᠦᠨ ᠪᠠ ᠡᠷᠦᠬᠡ ᠠᠮᠠ ᠶᠢᠨ | ᠰᠠᠯᠭᠠᠯᠲᠠ ᠶᠢ ᠬᠠᠰᠤᠭᠰᠠᠨ ᠬᠥᠮᠦᠨ ᠠᠮᠠ ᠶᠢ ᠵᠢᠭᠠᠵᠤ ᠪᠠᠶᠢᠨ᠎ᠠ᠃ | ( 5 ) ᠬᠥᠮᠦᠨ ᠪᠠ ᠡᠷᠦᠬᠡ ᠠᠮᠠ ᠰᠠᠯᠤᠭᠰᠠᠨ ᠬᠥᠮᠦᠨ ᠠᠮᠠ ᠭᠡᠳᠡᠭ ᠨᠢ ᠰᠠᠭᠤᠭ᠎ᠠ ᠭᠠᠵᠠᠷ ᠬᠢᠭᠡᠳ | ᠡᠷᠦᠬᠡ ᠠᠮᠠ ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠰᠢᠶᠠᠩ ᠪᠠᠯᠭᠠᠰᠤ ᠵᠡᠭᠡᠯᠢ ᠭᠤᠳᠤᠮᠵᠢ ᠨᠢ ᠨᠢᠭᠡᠳᠦᠯ ᠥᠬᠡᠶ | ᠮᠥᠷᠲᠡᠭᠡᠨ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠠᠴᠠ ᠪᠠᠨ ᠰᠠᠯᠤᠭᠠᠳ ᠬᠠᠭᠠᠰ ᠵᠢᠯ ᠠᠴᠠ ᠳᠡᠭᠡᠭᠰᠢ | ᠪᠣᠯᠤᠭᠰᠠᠨ ᠬᠥᠮᠦᠨ ᠠᠮᠠ ᠶᠢ ᠵᠢᠭᠠᠵᠤ ᠪᠠᠶᠢᠨ᠎ᠠ᠃ | ( 6 ) ᠬᠤᠲᠠ ᠶᠢᠨ ᠬᠠᠷᠢᠶ᠎ᠠ ᠲᠣᠭᠤᠷᠢᠭ ᠲᠠᠬᠢ ᠬᠥᠮᠦᠨ ᠠᠮᠠ ᠪᠠ ᠡᠷᠦᠬᠡ ᠠᠮᠠ ᠶᠢ ᠰᠠᠯᠭᠠᠬᠤ ᠭᠡᠳᠡᠭ | ᠨᠢ ᠰᠢᠭᠤᠳ ᠬᠠᠷᠢᠶ᠎ᠠ ᠬᠤᠲᠠ ᠪᠤᠶᠤ ᠭᠠᠵᠠᠷ ᠤᠨ ᠲᠡᠰ ᠤᠨ ᠬᠤᠲᠠ ᠶᠢᠨ ᠬᠠᠷᠢᠶ᠎ᠠ ᠲᠣᠭᠤᠷᠢᠭ ᠪᠠ ᠲᠣᠭᠤᠷᠢᠭ ᠤᠨ | ᠬᠤᠭᠤᠷᠣᠨᠳᠣ᠂ ᠣᠷᠣᠰᠢᠨ ᠰᠠᠭᠤᠭ᠎ᠠ ᠭᠠᠵᠠᠷ ᠪᠠ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠨᠢ ᠠᠳᠠᠯᠢ ᠨᠢᠭᠡᠨ | ᠰᠢᠶᠠᠩ ᠪᠠᠯᠭᠠᠰᠤ ᠵᠡᠭᠡᠯᠢ ᠭᠤᠳᠤᠮᠵᠢ ᠳᠤ ᠪᠠᠶᠢᠬᠤ ᠦᠭᠡᠢ ᠬᠥᠮᠦᠨ ᠠᠮᠠ ᠶᠢ ᠵᠢᠭᠠᠵᠤ ᠪᠠᠶᠢᠨ᠎ᠠ᠃ |