2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2022/10/3
      2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ       ᠲᠧᠭᠨᠢᠭ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ [1]               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ               ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ                       2022 ᠤᠨ ᠤ 9 ᠰᠠᠷ᠎ᠠ ᠶᠢᠨ 30 ᠤ ᠡᠳᠦᠷ      2021 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠵᠢᠴᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃       ᠨᠢᠭᠡ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ      2021 ᠣᠨ ᠳᠤ᠂ ᠪᠥᠬᠦ ᠣᠷᠣᠨ ᠨᠡᠶᠢᠲᠡ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ 190.1 ᠳ᠋ᠦᠩᠰᠢᠭᠤᠷ ᠲᠥᠭᠦᠷᠢᠭ ᠣᠷᠣᠭᠤᠯᠵᠤ᠂ 2020 ᠣᠨ ᠤ ᠬᠢ ᠠᠴᠠ 29.0 ᠳ᠋ᠦᠩᠰᠢᠭᠤᠷ ᠲᠥᠭᠦᠷᠢᠭ ᠨᠡᠮᠡᠭᠳᠡᠨ᠂ 18.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠵᠢᠯ ᠤᠨ ᠬᠢ ᠠᠴᠠ 9.0 ᠵᠠᠭᠤᠨ ᠤ ᠬᠤᠪᠢ ᠶᠢᠨ ᠴᠡᠭ ᠲᠦᠷᠭᠡᠳᠪᠡ᠃ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ︵ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ [2] ᠤᠨ ᠬᠠᠷᠢᠴᠠᠯ︶ ᠨᠢ 0.93% ᠪᠠᠶᠢᠵᠤ᠂ 2020 ᠣᠨ ᠤ ᠬᠢ ᠲᠠᠢ ᠲᠡᠩᠴᠡᠪᠡ᠃ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠲᠠᠨ ᠤ ᠪᠥᠬᠦ ᠴᠠᠭ ᠤᠨ ᠠᠵᠢᠯ ᠤᠨ ᠬᠡᠮᠵᠢᠶ᠎ᠡ ᠪᠠᠷ ᠪᠤᠳᠤᠭᠰᠠᠨ ᠬᠥᠮᠦᠨ ᠳᠤᠮᠳᠠᠴᠢ ᠶᠢᠨ ᠵᠠᠷᠤᠳᠠᠯ ᠨᠢ 71.9 ᠲᠦᠮᠡᠨ ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 14.2 ᠲᠦᠮᠡᠨ ᠲᠥᠭᠦᠷᠢᠭ ᠨᠡᠮᠡᠭᠳᠡᠪᠡ᠃       ᠠᠵᠢᠯᠯᠠᠭ᠎ᠠ ᠶᠢᠨ ᠲᠥᠷᠥᠯ ᠢᠶᠠᠷ ᠬᠤᠪᠢᠶᠠᠪᠠᠯ᠂ ᠪᠥᠬᠦ ᠣᠷᠣᠨ ᠤ ᠰᠠᠭᠤᠷᠢ ᠰᠤᠳᠤᠯᠭᠠᠨ ᠤ ᠵᠠᠷᠤᠳᠠᠯ 5.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 58.7% ᠪᠠᠷ ᠨᠡᠮᠡᠭᠳᠡᠪᠡ︔ ᠬᠡᠷᠡᠭᠯᠡᠭᠡᠨ ᠤ ᠰᠤᠳᠤᠯᠭᠠᠨ ᠤ ᠵᠠᠷᠤᠳᠠᠯ 18.5 ᠳ᠋ᠦᠩᠰᠢᠭᠤᠷ ᠲᠥᠭᠦᠷᠢᠭ ᠲᠤ ᠬᠦᠷᠴᠦ᠂ 7.8% ᠪᠠᠷ ᠨᠡᠮᠡᠭᠳᠡᠪᠡ︔ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ 166.2 ᠳ᠋ᠦᠩᠰᠢᠭᠤᠷ ᠲᠥᠭᠦᠷᠢᠭ ᠲᠤ ᠬᠦᠷᠴᠦ᠂ 18.2% ᠢᠶᠠᠷ ᠨᠡᠮᠡᠭᠳᠡᠪᠡ᠃ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠡᠵᠡᠯᠡᠬᠦ ᠬᠠᠷᠢᠴᠠᠯ ᠨᠢ ᠲᠣᠰ ᠲᠣᠰ 2.9%᠂ 9.7% ᠪᠠ 87.4 % ᠪᠣᠯᠪᠠ᠃    ᠠᠵᠢᠯᠯᠠᠭ᠎ᠠ ᠶᠢᠨ ᠭᠤᠤᠯ ᠴᠣᠭᠴᠠ ᠠᠴᠠ ᠦᠵᠡᠪᠡᠯ᠂ ᠡᠯ᠎ᠡ ᠲᠥᠷᠥᠯ ᠤᠨ ᠠᠵᠤ ᠠᠬᠤᠶᠢᠯᠠᠯ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠵᠠᠷᠤᠯᠭ᠎ᠠ 163.0 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 20.1% ᠪᠠᠷ ᠨᠡᠮᠡᠭᠳᠡᠪᠡ︔ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ ᠶᠢᠨ ᠵᠠᠷᠤᠳᠠᠯ ᠤᠨ ᠵᠠᠷᠤᠯᠭ᠎ᠠ ᠶᠢ 13.6 ᠳ᠋ᠦᠩᠰᠢᠭᠤᠷ ᠲᠥᠭᠦᠷᠢᠭ ᠢᠶᠠᠷ ᠲᠤᠬᠢᠷᠠᠭᠤᠯᠵᠤ᠂ 13.0% ᠪᠠᠷ ᠪᠠᠭᠤᠷᠠᠪᠠ︔ ᠳᠡᠭᠡᠳᠦ ᠰᠤᠷᠭᠠᠭᠤᠯᠢ ᠶᠢᠨ ᠵᠠᠷᠤᠳᠠᠯ ᠤᠨ ᠵᠠᠷᠤᠯᠭ᠎ᠠ ᠶᠢ 9.1 ᠳ᠋ᠦᠩᠰᠢᠭᠤᠷ ᠲᠥᠭᠦᠷᠢᠭ ᠳᠤᠬᠢᠷᠠᠭᠤᠯᠵᠤ᠂ 29.3% ᠪᠠᠷ ᠨᠡᠮᠡᠭᠳᠡᠪᠡ᠃ ᠠᠵᠤ ᠠᠬᠤᠶᠢᠯᠠᠯ᠂ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠵᠠᠷᠤᠳᠠᠯ ᠤᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠨᠢ ᠲᠣᠰ ᠲᠣᠰ 85.8%᠂ 7.1% ᠪᠠ 4.8% ᠪᠣᠯᠤᠨ᠎ᠠ᠃      ᠠᠵᠤ ᠦᠢᠯᠡᠰ ᠤᠨ ᠰᠠᠯᠠᠭ᠎ᠠ ᠮᠥᠴᠢᠷ ᠬᠤᠪᠢᠶᠠᠵᠤ ᠦᠵᠡᠪᠡᠯ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ 12.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.1 ᠳ᠋ᠦᠩᠰᠢᠭᠤᠷ ᠲᠥᠭᠦᠷᠢᠭ ᠨᠡᠮᠡᠭᠳᠡᠨ᠂ 67.7% ᠪᠠᠷ ᠨᠡᠮᠡᠭᠳᠡᠵᠦ᠂ ᠣᠷᠣᠭᠤᠯᠤᠯᠲᠠ ᠶᠢᠨ ᠡᠷᠴᠢᠮ ︵ᠡᠵᠡᠩᠨᠡᠯᠲᠡ ᠶᠢᠨ ᠣᠷᠣᠯᠭ᠎ᠠ ᠶᠢᠨ ᠬᠠᠷᠢᠴᠠᠯ︶ ᠨᠢ 2.47% ᠪᠠᠶᠢᠵᠤ᠂ ᠲᠦᠷᠦᠭᠦᠦ ᠵᠢᠯ ᠤᠨ ᠬᠢ ᠠᠴᠠ 0.69 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠲᠣᠨᠣᠭᠯᠠᠯ ᠦᠢᠯᠡᠳᠬᠦ ᠦᠢᠯᠡᠰ ᠢ ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ 25.4 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 4.4 ᠳ᠋ᠦᠩᠰᠢᠭᠤᠷ ᠲᠥᠭᠦᠷᠢᠭ ᠨᠡᠮᠡᠭᠳᠡᠨ᠂ 20.9% ᠪᠠᠷ ᠨᠡᠮᠡᠭᠳᠡᠵᠦ᠂ ᠣᠷᠣᠭᠤᠯᠤᠯᠲᠠ ᠶᠢᠨ ᠡᠷᠴᠢᠮ ᠨᠢ 2.40 % ᠪᠠᠶᠢᠵᠤ᠂ ᠲᠦᠷᠦᠭᠦᠦ ᠵᠢᠯ ᠤᠨ ᠬᠢ ᠠᠴᠠ 0.21 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ [3] ᠤᠨ ᠳᠣᠲᠣᠷ᠎ᠠ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ 5 ᠳ᠋ᠦᠩᠰᠢᠭᠤᠷ ᠲᠥᠭᠦᠷᠢᠭ ᠢ ᠳᠠᠪᠠᠭᠰᠠᠨ ᠠᠵᠢᠯ ᠲᠦᠷᠦᠯ 10 ᠪᠠᠶᠢᠵᠤ᠂ ᠡᠨᠡ 10 ᠠᠵᠢᠯ ᠲᠦᠷᠦᠯ ᠤᠨ ᠵᠠᠷᠤᠳᠠᠯ ᠤᠨ ᠪᠦ᠋ᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 89.6% ᠪᠤᠯᠤᠨ᠎ᠠ ︵ᠳᠠᠭᠠᠯᠳᠤᠭᠤᠯᠤᠯ ᠬᠦᠰᠦᠨᠦᠭᠲᠦ 1 ᠳᠤ ᠦᠵᠡ︶᠃     ᠭᠠᠵᠠᠷ ᠣᠷᠣᠨ ᠬᠤᠪᠢᠶᠠᠵᠤ ᠦᠵᠡᠪᠡᠯ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠨᠢ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠨᠢ ᠪᠤᠭᠤᠲᠤ ᠬᠤᠲᠠ ︵67.4 ᠳ᠋ᠦᠩᠰᠢᠭᠤᠷ ᠲᠥᠭᠦᠷᠢᠭ︶᠂ ᠬᠥᠬᠡᠬᠤᠲᠠ ︵52.4 ᠳ᠋ᠦᠩᠰᠢᠭᠤᠷ ᠲᠥᠭᠦᠷᠢᠭ︶ ᠪᠠ ᠣᠷᠳᠣᠰ ᠬᠤᠲᠠ ︵38.7 ᠳ᠋ᠦᠩᠰᠢᠭᠤᠷ ᠲᠥᠭᠦᠷᠢᠭ︶ ᠪᠣᠯᠤᠨ᠎ᠠ᠃ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ︵ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ[4] ᠯᠤᠭ᠎ᠠ ᠶᠢᠨ ᠬᠠᠷᠢᠴᠠᠯ︶ ᠨᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭᠰᠠᠨ ᠠᠶᠢᠮᠠᠭ ᠬᠤᠲᠠ 3 ᠪᠠᠶᠢᠵᠤ᠂ ᠲᠤᠰ ᠲᠤᠰ ᠪᠤᠭᠤᠲᠤ ᠬᠤᠲᠠ᠂ ᠬᠥᠬᠡᠬᠤᠲᠠ ᠪᠣᠯᠤᠨ ᠦᠬᠠᠶ ᠬᠤᠲᠠ ᠪᠣᠯᠤᠨ᠎ᠠ ︵ᠳᠠᠭᠠᠯᠳᠤᠭᠤᠯᠤᠯ ᠬᠦᠰᠦᠨᠦᠭᠲᠦ 2 ᠲᠤ ᠦᠵᠡ︶᠃      ᠬᠤᠶᠠᠷ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠪᠠᠶᠢᠳᠠᠯ    2021 ᠣᠨ ᠳᠤ᠂ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 35.28 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 2 . 9 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠪᠠᠷᠢᠮᠵᠢᠶ᠎ᠠ ᠪᠠᠷ 20.7% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ ᠨᠢ 0.67% ᠪᠣᠯᠵᠠᠶ᠃ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 28.75 ᠳ᠋ᠦᠩᠰᠢᠭᠤᠷ ᠲᠥᠭᠦᠷᠢᠭ ᠲᠤ ᠬᠦᠷᠴᠦ᠂ ᠠᠶᠢᠮᠠᠭ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 0.68% ᠪᠣᠯᠪᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ 17.9 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ ᠨᠢ 2% [5] ᠪᠣᠯᠤᠨ᠎ᠠ᠃      2021 ᠣᠨ ᠤ ᠪᠦᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠪᠠᠶᠢᠳᠠᠯ
   ᠪᠦᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ ᠪᠤᠭᠤᠲᠤ ᠬᠤᠲᠠ᠂ ᠦᠬᠠᠶ ᠬᠤᠲᠠ᠂ ᠣᠷᠳᠣᠰ ᠬᠤᠲᠠ᠂ ᠬᠥᠬᠡᠬᠤᠲᠠ ᠵᠡᠷᠭᠡ 4 ᠠᠶᠢᠮᠠᠭ ᠬᠤᠲᠠ ᠶᠢᠨ ᠣᠷᠣᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠨᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠠᠶᠢᠨ᠎ᠠ ︵ᠳᠠᠭᠠᠯᠳᠤᠭᠤᠯᠤᠯ ᠬᠦᠰᠦᠨᠦᠭᠲᠦ 3 ᠶᠢ ᠦᠵᠡ︶᠃     ᠳᠠᠭᠠᠯᠳᠤᠭᠤᠯᠤᠯ ᠬᠦᠰᠦᠨᠦᠭᠲᠦ 1    2021 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ
    ᠳᠠᠭᠠᠯᠳᠤᠭᠤᠯᠤᠯ ᠬᠦᠰᠦᠨᠦᠭᠲᠦ 2   2021 ᠣᠨ ᠤ ᠡᠯ᠎ᠡ ᠠᠶᠢᠮᠠᠭ ᠬᠤᠲᠠ ᠶᠢᠨ ᠰᠤᠳᠤᠯᠤᠯ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ
     ᠳᠠᠭᠠᠯᠳᠤᠭᠤᠯᠤᠯ ᠬᠦᠰᠦᠨᠦᠭᠲᠦ 3᠂ 2021 ᠣᠨ ᠤ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠪᠠᠶᠢᠳᠠᠯ
   ᠲᠠᠶᠢᠯᠪᠤᠷᠢ᠄    [1] ᠲᠣᠰ ᠠᠯᠪᠠᠨ ᠮᠡᠳᠡᠭᠡ ᠶᠢᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠬᠠᠩᠭᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠩᠭᠠᠵᠤ᠂ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠦᠭᠰᠡᠨ ᠰᠢᠯᠲᠠᠭᠠᠨ ᠠᠴᠠ ᠪᠣᠯᠵᠣ᠂ ᠨᠡᠶᠢᠲᠡ ᠲᠤᠭ᠎ᠠ ᠪᠠ ᠵᠦᠢᠯ ᠬᠤᠪᠢᠶᠠᠭᠰᠠᠨ ᠨᠡᠶᠢᠯᠡᠪᠦᠷᠢ ᠨᠢ ᠠᠳᠠᠯᠢ ᠥᠬᠡᠶ ᠪᠠᠶᠢᠬᠤ ᠪᠠᠶᠢᠳᠠᠯ ᠣᠷᠣᠰᠢᠵᠤ ᠪᠠᠶᠢᠨ᠎ᠠ᠃    [2] 2021 ᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ ᠠᠩᠬ᠎ᠠ ᠠᠯᠬᠤᠮ ᠤᠨ ᠬᠠᠷᠭᠤᠭᠤᠯᠤᠨ ᠪᠤᠳᠤᠭᠰᠠᠨ ᠲᠤᠭ᠎ᠠ ᠪᠣᠯᠤᠨ᠎ᠠ᠃    [3] ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠡᠪᠴᠢᠶ᠎ᠡ ᠪᠣᠯ ᠵᠢᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠠᠤᠯᠢ ᠶᠢᠨ ᠡᠷᠬᠡᠲᠡᠨ ᠤ ᠨᠢᠭᠡᠴᠢ ᠪᠣᠯᠤᠨ᠎ᠠ᠃    [4] 2021 ᠣᠨ ᠳᠤ ᠠᠶᠢᠮᠠᠭ ᠬᠤᠲᠠ ᠬᠤᠪᠢᠶᠠᠭᠰᠠᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ ᠠᠩᠬ᠎ᠠ ᠠᠯᠬᠤᠮ ᠤᠨ ᠬᠠᠷᠭᠤᠭᠤᠯᠤᠨ ᠪᠤᠳᠤᠭᠰᠠᠨ ᠲᠤᠭ᠎ᠠ ᠪᠣᠯᠤᠨ᠎ᠠ᠃    [5] ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠪᠡᠯᠡ ᠮᠥᠩᠭᠦ ᠪᠠᠭᠲᠠᠨ᠎ᠠ᠃    ᠳᠠᠭᠠᠯᠳᠤᠭᠤᠯᠤᠯ᠄    1 . ᠭᠤᠣᠯ ᠭᠦᠢᠴᠡᠳᠬᠡᠯ ᠲᠤᠭ᠎ᠠ ᠶᠢ ᠲᠠᠶᠢᠯᠪᠤᠷᠢᠯᠠᠬᠤ    ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ᠄ ᠮᠡᠳᠡᠭᠦᠯᠦᠯᠲᠡ ᠶᠢᠨ ᠬᠤᠭᠤᠴᠠᠭᠠᠨ ᠳᠤ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢᠨ ᠲᠥᠯᠥᠭᠡ ᠪᠣᠳᠠᠲᠠᠢ ᠡᠭᠦᠰᠦᠭᠰᠡᠨ ᠪᠦᠬᠦ ᠵᠠᠷᠤᠳᠠᠯ ᠢ ᠵᠢᠭᠠᠵᠤ ᠪᠠᠶᠢᠨ᠎ᠠ᠃ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠭᠡᠳᠡᠭ ᠨᠢ ᠮᠡᠳᠡᠯᠭᠡ ᠶᠢᠨ ᠬᠠᠳᠠᠭᠠᠯᠠᠯᠲᠠ ︵ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶᠢᠭᠡᠮ ᠤᠨ ᠬᠤᠯᠪᠣᠭᠳᠠᠯ ᠪᠦᠬᠦᠢ ᠮᠡᠳᠡᠯᠭᠡ ᠪᠠᠭᠲᠠᠨ᠎ᠠ︶ ᠶᠢ ᠨᠡᠮᠡᠭᠳᠡᠭᠦᠯᠬᠦ ᠵᠢᠴᠢ ᠤᠤᠯ ᠤᠨ ᠪᠠᠶᠢᠭᠰᠠᠨ ᠮᠡᠳᠡᠯᠭᠡ ᠶᠢᠨ ᠰᠢᠨ᠎ᠡ ᠬᠡᠷᠡᠭᠯᠡᠭᠡ ᠶᠢ ᠵᠢᠷᠤᠵᠤ ᠲᠥᠯᠥᠪᠯᠡᠬᠦ ᠶᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ ᠢ ᠵᠢᠭᠠᠵᠤ ᠪᠠᠶᠢᠨ᠎ᠠ᠂ ᠡᠭᠦᠨ ᠳᠤ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠵᠡᠷᠭᠡ ᠭᠤᠷᠪᠠᠨ ᠵᠦᠢᠯ ᠤᠨ ᠬᠡᠯᠪᠡᠷᠢ ᠪᠠᠭᠲᠠᠨ᠎ᠠ᠃ ᠳᠡᠯᠡᠬᠡᠢ ᠳᠡᠭᠡᠷ᠎ᠡ ᠶᠡᠷᠦ ᠳᠡᠭᠡᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠯᠠᠭ᠎ᠠ ᠶᠢᠨ ᠬᠡᠪᠴᠢᠶ᠎ᠡ ᠪᠠ ᠡᠷᠴᠢᠮ ᠤᠨ ᠭᠦᠢᠴᠡᠳᠬᠡᠯ ᠲᠤᠭ᠎ᠠ ᠨᠢ ᠨᠢᠭᠡ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠪᠠ ᠭᠤᠣᠯᠯᠠᠬᠤ ᠦᠷᠢᠰᠦᠯᠳᠦᠬᠦ ᠬᠦᠴᠦᠨ ᠢ ᠲᠤᠰᠬᠠᠳᠠᠭ᠃    ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶᠄ ᠮᠡᠳᠡᠯᠭᠡ ᠶᠢᠨ ᠬᠠᠳᠠᠭᠠᠯᠠᠯᠲᠠ ︵ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶᠢᠭᠡᠮ ᠤᠨ ᠬᠤᠯᠪᠣᠭᠳᠠᠯ ᠪᠦᠬᠦᠢ ᠮᠡᠳᠡᠯᠭᠡ ᠪᠠᠭᠲᠠᠨ᠎ᠠ︶ ᠶᠢ ᠨᠡᠮᠡᠭᠳᠡᠭᠦᠯᠬᠦ ᠵᠢᠴᠢ ᠤᠤᠯ ᠤᠨ ᠪᠠᠶᠢᠭᠰᠠᠨ ᠮᠡᠳᠡᠯᠭᠡ ᠶᠢᠨ ᠰᠢᠨ᠎ᠡ ᠬᠡᠷᠡᠭᠯᠡᠭᠡ ᠶᠢ ᠵᠢᠷᠤᠵᠤ ᠲᠥᠯᠥᠪᠯᠡᠬᠦ ᠶᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ ᠢ ᠵᠢᠭᠠᠵᠤ ᠪᠠᠶᠢᠨ᠎ᠠ᠂ ᠡᠭᠦᠨ ᠳᠤ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠵᠡᠷᠭᠡ ᠭᠤᠷᠪᠠᠨ ᠵᠦᠢᠯ ᠤᠨ ᠬᠡᠯᠪᠡᠷᠢ ᠪᠠᠭᠲᠠᠨ᠎ᠠ᠃    ᠰᠠᠭᠤᠷᠢ ᠰᠤᠳᠤᠯᠭᠠᠨ᠄ ᠶᠠᠮᠠᠷ ᠴᠤ ᠣᠨᠴᠠ ᠲᠣᠭᠲᠠᠭᠰᠠᠨ ᠬᠡᠷᠡᠭᠯᠡᠯᠲᠡ ᠪᠤᠶᠤ ᠬᠡᠷᠡᠭᠯᠡᠯᠲᠡ ᠶᠢᠨ ᠵᠣᠷᠢᠯᠭ᠎ᠠ ᠦᠭᠡᠢ ᠨᠢᠭᠡ ᠵᠦᠢᠯ ᠤᠨ ᠲᠤᠷᠰᠢᠯᠲᠠ ᠶᠢᠨ ᠴᠢᠨᠠᠷᠲᠠᠢ ᠪᠤᠶᠤ ᠤᠨᠤᠯ ᠤᠨ ᠴᠢᠨᠠᠷᠲᠠᠢ ᠠᠵᠢᠯ ᠢ ᠵᠢᠭᠠᠵᠤ ᠪᠤᠢ᠂ ᠲᠡᠭᠦᠨ ᠤ ᠭᠤᠣᠯ ᠵᠣᠷᠢᠯᠭ᠎ᠠ ᠪᠣᠯ ᠦᠵᠡᠭᠳᠡᠯ ᠪᠠ ᠪᠣᠳᠠᠲᠤ ᠬᠡᠷᠡᠭ ᠢ ᠠᠵᠢᠭᠯᠠᠵᠤ ᠪᠣᠯᠬᠤ ᠦᠨᠳᠦᠰᠦᠨ ᠤᠭ ᠶᠣᠰᠣ᠂ ᠵᠢᠮ᠎ᠡ ᠶᠣᠰᠣ ᠪᠠ ᠰᠢᠨ᠎ᠡ ᠮᠡᠳᠡᠯᠭᠡ ᠶᠢ ᠤᠯᠬᠤ ᠶᠠᠪᠤᠳᠠᠯ ᠪᠣᠯᠤᠨ᠎ᠠ᠃    ᠬᠡᠷᠡᠭᠯᠡᠭᠡᠨ ᠤ ᠰᠤᠳᠤᠯᠤᠯ᠄ ᠰᠢᠨ᠎ᠡ ᠮᠡᠳᠡᠯᠭᠡ ᠣᠯᠵᠤ ᠶᠠᠮᠠᠷ ᠨᠢᠭᠡᠨ ᠣᠨᠴᠠᠭᠠᠢ ᠪᠣᠳᠠᠲᠤ ᠵᠣᠷᠢᠯᠭ᠎ᠠ ᠪᠤᠶᠤ ᠬᠠᠷᠠᠯᠲᠠ ᠳᠤ ᠬᠦᠷᠬᠦ ᠶᠢᠨ ᠲᠥᠯᠥᠭᠡ ᠥᠷᠨᠢᠭᠦᠯᠦᠭᠰᠡᠨ ᠠᠩᠬᠠᠨ ᠤ ᠴᠢᠨᠠᠷᠲᠠᠢ ᠰᠤᠳᠤᠯᠤᠯ ᠢ ᠵᠢᠭᠠᠵᠤ ᠪᠠᠶᠢᠨ᠎ᠠ᠃ ᠬᠡᠷᠡᠭᠯᠡᠭᠡᠨ ᠤ ᠰᠤᠳᠤᠯᠭᠠᠨ ᠪᠣᠯ ᠰᠠᠭᠤᠷᠢ ᠰᠤᠳᠤᠯᠭᠠᠨ ᠤ ᠦᠷ᠎ᠡ ᠪᠦᠲᠦᠭᠡᠯ ᠤᠨ ᠪᠣᠯᠣᠯᠴᠠᠭᠠᠲᠤ ᠬᠡᠷᠡᠭᠴᠡᠭᠡ ᠶᠢ ᠲᠣᠭᠲᠠᠭᠠᠬᠤ ᠪᠤᠶᠤ ᠣᠨᠴᠠ ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠪᠠ ᠤᠷᠢᠳᠴᠢᠯᠠᠨ ᠲᠣᠭᠲᠠᠭᠠᠭᠰᠠᠨ ᠬᠠᠷᠠᠯᠲᠠ ᠶᠢ ᠲᠣᠭᠲᠠᠭᠠᠬᠤ ᠰᠢᠨ᠎ᠡ ᠠᠷᠭ᠎ᠠ ᠪᠣᠯᠤᠨ᠎ᠠ᠃    ᠲᠤᠷᠰᠢᠯᠲᠠ ᠶᠢᠨ ᠬᠥᠭᠵᠢᠯᠲᠡ᠄ ᠰᠢᠨᠵᠢᠯᠡᠬᠦ ᠤᠬᠠᠭᠠᠨ ᠤ ᠰᠤᠳᠤᠯᠭᠠᠨ᠂ ᠪᠣᠳᠠᠲᠤ ᠲᠤᠷᠰᠢᠯᠭ᠎ᠠ ᠠᠴᠠ ᠣᠯᠤᠭᠰᠠᠨ ᠮᠡᠳᠡᠯᠭᠡ ᠪᠠ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠪᠤᠰᠤᠳ ᠮᠡᠳᠡᠯᠭᠡ ᠶᠢ ᠠᠰᠢᠭᠯᠠᠨ ᠰᠢᠨ᠎ᠡ ᠦᠢᠯᠡᠳᠬᠦᠨ᠂ ᠤᠷᠠᠯᠠᠯ ᠢ ᠨᠡᠭᠡᠭᠡᠨ ᠠᠰᠢᠭᠯᠠᠬᠤ ᠪᠤᠶᠤ ᠤᠳᠤ ᠪᠠᠶᠢᠭ᠎ᠠ ᠦᠢᠯᠡᠳᠬᠦᠨ᠂ ᠤᠷᠠᠯᠠᠯ ᠢ ᠥᠭᠡᠷᠡᠴᠢᠯᠡᠨ ᠰᠠᠶᠢᠵᠢᠷᠠᠭᠤᠯᠬᠤ ᠪᠠᠷ ᠬᠢᠭᠰᠡᠨ ᠰᠢᠰᠲ᠋ᠧᠮᠲᠦ ᠴᠢᠨᠠᠷᠲᠠᠢ ᠰᠤᠳᠤᠯᠭᠠᠨ ᠢ ᠵᠢᠭᠠᠵᠤ ᠪᠠᠶᠢᠨ᠎ᠠ᠃      2 . ᠲᠤᠭ᠎ᠠ ᠪᠦᠷᠢᠳᠬᠡᠯ ᠤᠨ ᠬᠡᠪᠴᠢᠶ᠎ᠡ    ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ ᠤᠨ ᠪᠦᠷᠢᠳᠬᠡᠬᠦ ᠬᠦᠷᠢᠶ᠎ᠡ ᠬᠡᠪᠴᠢᠶ᠎ᠡ ᠨᠢ ᠪᠦᠬᠦ ᠨᠡᠶᠢᠭᠡᠮ ᠤᠨ R&D ᠠᠵᠢᠯᠯᠠᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ᠎ᠠ᠂ ᠪᠣᠳᠠᠲᠠᠶ ᠪᠠᠷ ᠬᠡᠯᠡᠪᠡᠯ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ ᠵᠢᠴᠢ R&D ᠠᠵᠢᠯᠯᠠᠭ᠎ᠠ ᠬᠠᠷᠢᠴᠠᠩᠭᠤᠶ ᠲᠥᠪᠯᠡᠷᠡᠭᠰᠡᠨ ᠠᠵᠢᠯ ᠲᠥᠷᠥᠯ ︵ᠲᠠᠷᠢᠶᠠᠯᠠᠩ ᠢ ᠪᠠᠭᠲᠠᠭᠠᠨ᠎ᠠ︶᠂ ᠤᠢ᠂ ᠮᠠᠯ᠂ ᠵᠢᠭᠠᠰᠤᠨ ᠠᠵᠤ ᠠᠬᠤᠶ᠂ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤ ᠦᠢᠯᠡᠰ᠂ ᠵᠠᠩᠭᠢ ᠳᠠᠮᠵᠢᠯᠭᠠᠨ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠵᠡᠷᠭᠡ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠃    3 .  ᠪᠠᠶᠢᠴᠠᠭᠠᠬᠤ ᠠᠷᠭ᠎ᠠ    ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ ᠤᠨ ᠲᠤᠬᠠᠢ ᠪᠠᠶᠢᠴᠠᠭᠠᠬᠤ ᠠᠷᠭ᠎ᠠ ᠭᠡᠪᠡᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ᠎ᠠ᠂ ᠲᠤᠰᠬᠠᠶ᠂ ᠨᠢᠭᠡᠳᠦᠭᠡᠷ ᠳᠡᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠵᠠᠮ ᠬᠠᠷᠢᠯᠴᠠᠭ᠎ᠠ ᠲᠡᠭᠡᠭᠡᠪᠦᠷᠢ ᠪᠠᠭᠲᠠᠨ᠎ᠠ᠂ ᠬᠥᠮᠥᠷᠭᠡᠯᠡᠯᠲᠡ ᠪᠠ ᠰᠢᠦᠳᠠᠨ ᠤ ᠦᠢᠯᠡᠰ᠂ ᠵᠠᠩᠭᠢ ᠳᠠᠮᠵᠢᠯᠭᠠᠨ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠠᠵᠤ ᠠᠬᠤᠶᠢᠯᠠᠯ᠂ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠪᠥᠬᠦ ᠲᠠᠯ᠎ᠠ ᠪᠠᠷ ᠪᠠᠶᠢᠴᠠᠭᠠᠯᠲᠠ ᠬᠢᠵᠦ ᠪᠠᠶᠢᠭᠠᠳ ᠣᠯᠬᠤ ᠠᠷᠭ᠎ᠠ ᠶᠢ ᠬᠡᠷᠡᠭᠯᠡᠨ᠎ᠡ᠂ ᠬᠡᠪᠴᠢᠶᠡᠵᠢᠯ ᠠᠴᠠ ᠳᠣᠷᠣᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠳ ᠰᠤᠭᠤᠴᠢᠨ ᠪᠠᠶᠢᠴᠠᠭᠠᠵᠤ ᠲᠥᠰᠦᠭᠡᠯᠡᠨ ᠪᠤᠳᠤᠬᠤ ᠠᠷᠭ᠎ᠠ ᠪᠠᠷ ᠣᠯᠤᠭᠰᠠᠨ ᠶᠤᠮ᠃ ᠪᠤᠰᠤᠳ ᠠᠵᠢᠯ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠭᠤᠤᠯᠳᠠᠯᠭ᠎ᠠ ᠲᠠᠢ ᠪᠠᠶᠢᠴᠠᠭᠠᠬᠤ ᠵᠢᠴᠢ ᠬᠤᠶᠠᠳᠤᠭᠠᠷ ᠤᠳᠠᠭᠠᠨ ᠤ ᠪᠥᠬᠦ ᠣᠷᠣᠨ ᠤ R&D ᠡᠬᠢ ᠪᠠᠶᠠᠯᠢᠭ ᠢ ᠢᠯᠭᠠᠷᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠬᠡᠷᠡᠭᠯᠡᠨ ᠲᠥᠰᠦᠭᠡᠯᠡᠨ ᠪᠤᠳᠤᠬᠤ ᠵᠡᠷᠭᠡ ᠠᠷᠭ᠎ᠠ ᠪᠠᠷ ᠤᠯᠤᠭᠰᠠᠨ ᠶᠤᠮ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号