ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2022/11/19
        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠢᠯᠡ ᠪᠠᠷ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠠᠷᠭ᠎ᠠ ᠬᠡᠮᠵᠢᠶ᠎ᠡ ᠨᠦᠭᠦᠳ︾ ᠤᠨ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃        ᠠᠰᠠᠭᠤᠯᠲᠠ᠄ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ︖        ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠶᠡᠷᠦᠩᠬᠡᠢ ᠱᠦᠵᠢ ᠰᠢ ᠶᠢᠨ ᠫᠢᠩ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠤᠷᠢᠳ ᠬᠤᠵᠢᠳ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠠᠷᠢᠭᠤᠴᠠᠯᠭ᠎ᠠ ᠲᠠᠢ ᠬᠥᠮᠦᠨ ᠳᠤ ᠰᠢᠢᠳᠭᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾᠂ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾ ᠵᠡᠷᠭᠡ ᠲᠤᠭ᠎ᠠ ᠪᠦᠷᠢᠳᠬᠡᠯ ᠤᠨ ᠠᠵᠢᠯ ᠤᠨ ᠥᠭᠡᠷᠡᠴᠢᠯᠡᠯᠲᠡ ᠬᠥᠭᠵᠢᠯᠲᠡ ᠳᠤ ᠬᠤᠯᠪᠣᠭᠳᠠᠬᠤ ᠠᠯᠢ ᠤᠯᠠᠨ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ᠃ 2021 ᠣᠨ ᠤ ᠰᠡᠭᠦᠯᠴᠢ ᠪᠠᠷ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠠᠰᠠ ︽ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠪᠦᠲᠦᠮᠵᠢᠲᠡᠢ ᠪᠠᠳᠠᠷᠠᠭᠤᠯᠬᠤ ᠲᠤᠬᠠᠢ ᠰᠠᠨᠠᠯ︾ ᠢ ᠪᠠᠭᠤᠯᠭᠠᠵᠤ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠳᠤ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠴᠠᠢ᠃ ᠲᠥᠪ ᠤᠨ ︽ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨᠲᠠᠷᠬᠠᠭᠠᠪᠠ᠃        ᠠᠰᠠᠭᠤᠯᠲᠠ᠄ ︽ᠠᠷᠭ᠎ᠠ ᠬᠡᠮᠵᠢᠶ᠎ᠡ ᠨᠦᠭᠦᠳ︾ ᠲᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡᠳᠤᠷᠠᠳᠤᠭᠰᠠᠨ ᠪᠣᠶ︖        ᠬᠠᠷᠢᠭᠤᠯᠲᠠ᠄ ᠨᠢᠭᠡ ᠳᠤ᠂ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠨ᠎ᠠ᠃ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠠᠭᠤᠯᠭ᠎ᠠ ᠶᠢᠨ ᠲᠣᠭᠤᠷᠢᠨ ᠳᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ᠲᠣᠭᠤᠷᠢᠭ︶ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ᠂ ᠲᠤᠭ᠎ᠠ ᠪᠦᠷᠢᠳᠬᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠮᠡᠳᠡᠭᠡᠯᠡᠬᠦ᠂ ᠪᠣᠯᠵᠣᠨ ᠶᠠᠷᠢᠯᠴᠠᠬᠤ᠂ ᠲᠤᠰᠬᠠᠶ ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃        ᠬᠤᠶᠠᠷ ᠲᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠨᠠᠷᠢᠯᠢᠬᠵᠢᠭᠤᠯᠤᠨ᠎ᠠ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠶᠢᠵᠢᠭᠰᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠪᠠᠨ ᠴᠢᠩᠭᠠᠷᠠᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠲᠤᠭ᠎ᠠ ᠪᠦᠷᠢᠳᠬᠡᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠶ ᠲᠤᠭ᠎ᠠ ᠪᠦᠷᠢᠳᠬᠡᠯ ᠤᠨ ᠵᠥᠪ ᠴᠢᠭᠯᠡᠯ ᠢᠶᠠᠷ ᠤᠷᠮᠠᠰᠢᠭᠤᠯᠬᠤ ᠪᠠ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠢ ᠰᠡᠷᠡᠮᠵᠢᠯᠡᠭᠦᠯᠬᠦ ᠬᠥᠮᠦᠵᠢᠯ ᠢ ᠵᠡᠷᠭᠡᠪᠡᠷ ᠴᠢᠬᠤᠯᠠᠴᠢᠯᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃        ᠭᠤᠷᠪᠠ ᠳᠤ᠂ ᠬᠢᠨᠠᠨ ᠬᠡᠮᠵᠢᠵᠦ ᠦᠨᠡᠯᠡᠬᠦ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠨ ᠭᠦᠢᠴᠡᠳᠭᠡᠵᠦ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠠ ᠭᠤᠤᠯᠳᠠᠯᠭ᠎ᠠ ᠲᠠᠢ ᠬᠦᠷᠢᠶ᠎ᠡ ᠶᠢᠨ ᠬᠥᠭᠵᠢᠯᠲᠡ ᠶᠢ ᠬᠢᠨᠠᠨ ᠰᠢᠨᠵᠢᠵᠦ ᠦᠨᠡᠯᠡᠬᠦ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠤᠷᠲᠤᠪᠲᠤᠷ ᠪᠠ ᠣᠷᠳᠣ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠬᠢᠨᠠᠨ ᠰᠢᠨᠵᠢᠨ᠎ᠡ᠃ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠬᠤ ᠠᠵᠢᠯ ᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠳᠠᠯᠳᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠬᠤ ᠠᠵᠢᠯ ᠢ ᠴᠢᠩᠭᠠᠳᠬᠠᠨ᠎ᠠ᠃ ᠠᠷᠠᠳ ᠤᠯᠠᠨ ᠤ ᠲᠤᠰᠬᠠᠭᠰᠠᠨ ᠲᠤᠪᠤᠶᠢᠮ᠎ᠠ ᠠᠰᠠᠭᠤᠳᠠᠯ ᠤᠨ ᠪᠠᠶᠢᠴᠠᠭᠠᠯᠲᠠ ᠶᠢ ᠴᠢᠩᠭᠠᠳᠬᠠᠵᠤ᠂ ︽ᠲᠣᠭᠠᠨ ᠤ ᠲᠠᠯ᠎ᠠ ᠶᠢᠨ ᠢᠯᠵᠠᠷᠠᠯ︾ ᠢ ᠰᠡᠷᠭᠡᠶᠢᠯᠡᠨ ᠬᠤᠷᠢᠭᠯᠠᠨ᠎ᠠ᠃        ᠳᠥᠷᠪᠡ ᠳᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠶ ᠪᠦᠷᠢᠳᠬᠡᠵᠦ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠬᠥᠭᠵᠢᠯᠲᠡ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠤᠨ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠵᠦ ᠰᠢᠯᠭᠠᠨ ᠬᠢᠨᠠᠵᠤ ᠪᠦᠷᠢᠳᠬᠡᠭᠰᠡᠨ ᠪᠠᠶᠢᠳᠠᠯ ᠢ ᠮᠡᠳᠡᠭᠡᠯᠡᠬᠦ ᠲᠦᠷᠢᠮ ᠢ ᠪᠠᠶᠢᠭᠤᠯᠤᠨ᠎ᠠ᠃ ᠦᠨᠡᠯᠡᠵᠦ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨᠡᠯᠡᠬᠦ ᠭᠦᠢᠴᠡᠳᠭᠡᠯ ᠲᠤᠭ᠎ᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠨ᠎ᠠ᠃        ᠲᠠᠪᠤ ᠳᠤ᠂ ᠬᠠᠮᠵᠢᠯᠴᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠭᠡᠳ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠬᠢᠨᠠᠯᠲᠠ ᠲᠠᠯᠪᠢᠯᠲᠠ ᠶᠢᠨ ᠵᠣᠬᠢᠴᠠᠯᠳᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠭᠡᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠯᠲᠠ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠠᠬᠢᠭᠤᠯᠵᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠵᠣᠬᠢᠴᠠᠭᠤᠯᠭ᠎ᠠ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠳᠤ ᠳᠤᠷᠠᠳᠤᠭᠰᠠᠨ ᠠᠷᠭ᠎ᠠ ᠬᠡᠮᠵᠢᠶ᠎ᠡ ᠰᠠᠨᠠᠭᠤᠯᠭ᠎ᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠳᠤᠯᠠᠨ᠎ᠠ᠃        ᠠᠰᠠᠭᠤᠯᠲᠠ᠄ ︽ᠠᠷᠭ᠎ᠠ ᠬᠡᠮᠵᠢᠶ᠎ᠡ ᠨᠦᠭᠦᠳ︾ ᠤᠨ ᠭᠤᠤᠯ ᠬᠢᠯᠠᠰ ᠴᠡᠭ ᠨᠢ ᠶᠠᠭᠤ ᠪᠣᠶ︖        ᠬᠠᠷᠢᠭᠤᠯᠲᠠ᠄ ᠨᠢᠭᠡ ᠳᠤ᠂ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠲᠤᠷᠰᠢᠯᠲᠠ ᠶᠢ ᠥᠷᠨᠢᠭᠦᠯᠦᠨ᠎ᠡ ᠃ ᠲᠥᠪ ᠤᠨ ︽ᠰᠠᠨᠠᠯ︾ ᠳᠤ᠂ ︽ᠨᠥᠬᠦᠴᠡᠯ ᠲᠠᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠬᠤᠲᠠ ᠰᠢᠶᠠᠨ ᠳᠤ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠬᠦ ᠶᠢ ᠠᠬᠢᠭᠤᠯᠤᠨ᠎ᠠ︾ ᠭᠡᠵᠦ ᠲᠣᠳᠣᠷᠬᠠᠶᠢᠯᠠᠪᠠ᠃ ︽ᠠᠷᠭ᠎ᠠ ᠬᠡᠮᠵᠢᠶ᠎ᠡ ᠨᠦᠭᠦᠳ︾ ᠲᠤ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠲᠤᠷᠰᠢᠯᠲᠠ ᠶᠢᠨ ᠠᠵᠢᠯ ᠥᠷᠨᠢᠭᠦᠯᠬᠦ ᠶᠢᠳᠤᠷᠠᠳᠴᠤ᠂ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠦᠷᠢᠮ ᠢ ᠪᠠᠶᠢᠭᠤᠯᠤᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠠᠲᠤᠳᠬᠠᠬᠤ ᠶᠢ ᠠᠬᠢᠭᠤᠯᠪᠠ᠃        ᠬᠤᠶᠠᠷ ᠲᠤ᠂ ᠥᠪᠥᠷ ᠮᠣᠩᠭᠤᠯ ᠤᠨ ᠣᠨᠴᠠᠯᠢᠭ ᠢ ᠳᠣᠪᠤᠶᠢᠯᠭᠠᠪᠠ᠃ ︽ᠠᠷᠭ᠎ᠠ ᠬᠡᠮᠵᠢᠶ᠎ᠡ ᠨᠦᠭᠦᠳ︾ ᠲᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢᠴᠢ ᠬᠠᠲᠤᠨ ᠭᠤᠤᠯ ᠤᠨ ᠰᠠᠪᠠ ᠭᠠᠵᠠᠷ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠢ ᠨᠢᠭᠡ ᠴᠣᠭᠴᠠᠵᠢᠭᠤᠯᠬᠤ᠂ ᠵᠡᠭᠦᠨ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠢᠨᠠᠨ ᠬᠡᠮᠵᠢᠵᠦ ᠦᠨᠡᠯᠡᠬᠦ ᠠᠵᠢᠯ ᠥᠷᠨᠢᠭᠦᠯᠦᠨ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠣᠷᠣᠨ ᠪᠦᠰᠡ ᠶᠢᠨ ᠠᠵᠢᠯᠯᠠᠭᠠᠨ ᠤ ᠪᠠᠶᠢᠳᠠᠯ ᠳᠤ ᠬᠢᠨᠠᠨ ᠬᠡᠮᠵᠢᠵᠦ ᠵᠠᠳᠠᠯᠤᠯᠲᠠ ᠬᠢᠵᠦ᠂ ᠠᠵᠢᠯ ᠣᠯᠭᠤᠯᠲᠠ᠂ ᠰᠠᠭᠤᠭᠠᠯᠢ ᠠᠷᠠᠳ ᠤᠨ ᠣᠷᠣᠯᠭ᠎ᠠ᠂ ᠠᠵᠤ ᠦᠢᠯᠡᠳᠪᠦᠷᠢ᠂ ᠪᠠᠯᠠ ᠣᠷᠣᠭᠤᠯᠤᠯᠲᠠ᠂ ᠬᠡᠷᠡᠭᠯᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠦᠢᠯᠡᠴᠢᠯᠡᠭᠡᠨ ᠤ ᠦᠢᠯᠡᠰ ᠵᠡᠷᠭᠡ ᠰᠠᠷ᠎ᠠ ︵ᠤᠯᠠᠷᠢᠯ︶ ᠶᠢᠨ ᠠᠵᠢᠯᠯᠠᠭᠠᠨ ᠤ ᠬᠠᠨᠳᠤᠰᠢ ᠪᠠ ᠣᠨᠴᠠᠯᠢᠭ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠠᠵᠤ ᠠᠬᠤᠶ ᠶᠢᠨ ᠬᠥᠭᠵᠢᠯᠲᠡ ᠳᠤᠮᠳᠠᠬᠢ ᠪᠦᠲᠦᠴᠡ ᠶᠢᠨ ᠴᠢᠨᠠᠷᠲᠠᠶ᠂ ᠴᠤᠬᠤᠶᠢᠯᠲᠠ ᠶᠢᠨ ᠴᠢᠨᠠᠷᠲᠠᠶ ᠪᠠ ᠬᠡᠯᠪᠡᠷᠢᠯ ᠤᠨ ᠴᠢᠨᠠᠷᠲᠠᠶ ᠠᠰᠠᠭᠤᠳᠠᠯ ᠢ ᠪᠦᠲᠦᠮᠵᠢᠲᠡᠶ ᠢᠯᠡᠷᠡᠭᠦᠯᠦᠨ᠎ᠡ ᠭᠡᠵᠦ ᠳᠤᠷᠠᠳᠴᠠᠶ᠃ ᠡᠭᠦᠨ ᠤ ᠬᠠᠮᠲᠤ᠂ ᠠᠷᠠᠳ ᠣᠯᠠᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠤᠨ ᠪᠠᠶᠢᠴᠠᠭᠠᠯᠲᠠ ᠶᠢ ᠴᠢᠩᠭᠠᠳᠬᠠᠬᠤ᠂ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠬᠤ ᠲᠠᠯ᠎ᠠ ᠪᠠᠷ ᠬᠢ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃        ᠭᠤᠷᠪᠠ ᠳᠤ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠰᠠᠭᠤᠷᠢ ᠶᠢ ᠪᠠᠬᠢᠵᠢᠭᠦᠯᠦᠨ᠎ᠡ᠃ ︽ᠠᠷᠭ᠎ᠠ ᠬᠡᠮᠵᠢᠶ᠎ᠡ ᠨᠦᠭᠦᠳ︾ ᠲᠤ᠂ ᠰᠠᠯᠠᠭ᠎ᠠ ᠮᠥᠴᠢᠷ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠪᠠᠶᠢᠭᠤᠯᠤᠮᠵᠢ ᠣᠷᠣᠨ ᠲᠤᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ᠂ ᠪᠣᠭᠤᠮᠲᠠ ᠵᠡᠷᠭᠡ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠬᠡᠪᠴᠢᠶ᠎ᠡ ᠪᠠ ᠭᠦᠨᠴᠡ ᠶᠢ ᠥᠷᠭᠡᠳᠬᠡᠨ᠎ᠡ᠃        ᠲᠦᠷᠪᠡ ᠳᠤ᠂ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ᠎ᠡ᠃ ︽ᠠᠷᠭ᠎ᠠ ᠬᠡᠮᠵᠢᠶ᠎ᠡ ᠨᠦᠭᠦᠳ︾ ᠲᠤ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠠᠴᠠ ᠡᠨᠧᠷᠭᠢ ᠣᠯᠭᠤᠬᠤ᠂ ᠪᠥᠲᠥᠭᠡᠨ ᠪᠠᠶᠢᠭᠤᠯᠤᠯᠲᠠ ᠶᠢᠨ ᠣᠶᠤᠨᠴᠢ ᠲᠤᠭ᠎ᠠ ᠪᠦᠷᠢᠳᠬᠡᠯ ᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ ᠬᠠᠮᠠᠭᠠᠯᠠᠨ᠎ᠠ᠃        ᠠᠰᠠᠭᠤᠯᠲᠠ᠄ ︽ᠠᠷᠭ᠎ᠠ ᠬᠡᠮᠵᠢᠶ᠎ᠡ ᠨᠦᠭᠦᠳ︾ ᠲᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠪᠣᠶ︖        ᠬᠠᠷᠢᠭᠤᠯᠲᠠ᠄ ᠨᠢᠭᠡ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠢ ᠴᠢᠬᠤᠯᠠᠴᠢᠯᠠᠨ ᠳᠡᠮᠵᠢᠵᠦ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠬᠤᠶᠠᠷ ᠲᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠷᠠᠭᠤᠯᠤᠨ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠭᠤᠣᠯ ᠬᠠᠷᠢᠭᠤᠴᠠᠯᠭᠠᠲᠠᠨ ᠨᠢ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠎ᠡ᠃  ᠭᠤᠷᠪᠠ ᠳᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ ᠬᠡᠷᠡᠭᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠪᠠᠨ ᠴᠢᠩᠭᠠᠳᠬᠠᠨ᠂ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号