ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠪᠦᠲᠦᠮᠵᠢᠲᠡᠢ ᠪᠠᠳᠠᠷᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/11/19
        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ᠂ ᠪᠥᠬᠦ ᠠᠭᠤᠯᠭ᠎ᠠ ᠨᠢ ᠳᠤᠤᠷᠠᠬᠢ ᠮᠡᠲᠦ᠃         ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠳᠤᠤᠷᠠᠬᠢ ᠠᠷᠭ᠎ᠠ ᠬᠡᠮᠵᠢᠶ᠎ᠡ ᠶᠢ ᠳᠤᠷᠠᠳᠪᠠ᠃         ᠨᠢᠭᠡ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ         ︵ᠨᠢᠭᠡ︶ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠨ᠎ᠡ᠃ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠲᠤᠭ᠎ᠠ ᠪᠦᠷᠢᠳᠬᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠤᠰ ᠤᠨ ᠲᠤᠭ᠎ᠠ ᠪᠦᠷᠢᠳᠬᠡᠯ ᠤᠨ ᠵᠠᠰᠠᠭ ᠤᠨ ᠵᠠᠷᠯᠢᠭ ᠢ ᠬᠡᠷᠡᠭᠵᠢᠭᠦᠯᠬᠦ ᠵᠢᠴᠢ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠵᠡᠷᠭᠡ ᠲᠠᠯ᠎ᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠱᠠᠯᠠᠪᠳᠠᠭᠤᠯᠤᠨ ᠪᠠᠶᠢᠴᠠᠭᠠᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠬᠤ ᠠᠭᠤᠯᠭ᠎ᠠ ᠶᠢᠨ ᠲᠣᠭᠤᠷᠢᠨ ᠳᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠨ᠎ᠠ᠃ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠲᠤᠷᠰᠢᠯᠲᠠ ᠶᠢᠨ ᠴᠡᠭ ᠤᠨ ᠠᠵᠢᠯ ᠢ ᠦᠷᠨᠢᠬᠦᠯᠦᠨ᠎ᠡ᠃         ︵ᠬᠤᠶᠠᠷ︶ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠷᠠᠭᠤᠯᠤᠨ᠎ᠠ᠃ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ᠂ ᠲᠤᠭ᠎ᠠ ᠪᠦᠷᠢᠳᠬᠡᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠮᠡᠳᠡᠭᠡᠯᠡᠬᠦ᠂ ᠪᠣᠯᠵᠣᠨ ᠶᠠᠷᠢᠯᠴᠠᠬᠤ᠂ ᠲᠤᠰᠬᠠᠶ ᠱᠠᠯᠠᠪᠳᠠᠭᠤᠯᠤᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠨᠳᠦᠰᠦᠯᠡᠨ᠂ ᠬᠡᠰᠡᠭ ᠭᠠᠵᠠᠷ ᠣᠷᠣᠨ ᠪᠠ ᠰᠠᠯᠠᠭ᠎ᠠ ᠮᠥᠴᠢᠷ ᠲᠤ ᠱᠠᠯᠠᠪᠳᠠᠭᠤᠯᠤᠨ ᠪᠠᠶᠢᠴᠠᠭᠠᠵᠤ ︽ᠡᠷᠬᠢᠨ ᠬᠠᠷᠠᠬᠤ︾ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ᠎ᠠ᠃ ᠣᠨ ᠤ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠢᠶᠠᠷ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠠᠵᠢᠯ ᠤᠨ ᠳᠤᠤᠷᠠᠳᠤ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠵᠢᠯ ᠪᠦᠷᠢ ᠶᠢᠨ 2 ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠲᠣᠰ ᠭᠠᠵᠠᠷ ᠣᠷᠣᠨ ᠤ ᠲᠦᠷᠦᠭᠦᠦ ᠨᠢᠭᠡ ᠵᠢᠯ ᠤᠨ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃        ᠬᠤᠶᠠᠷ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠬᠦᠯᠦᠨ᠎ᠡ         ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠰᠬᠠᠶᠢᠵᠢᠭᠰᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ᠂ ᠬᠡᠷᠡᠭ ᠪᠣᠯᠭᠠᠨ ᠳᠠᠩᠰᠠᠯᠠᠬᠤ᠂ ᠪᠠᠶᠢᠴᠠᠭᠠᠬᠤ᠂ ᠰᠢᠢᠳᠪᠦᠷᠢᠯᠡᠬᠦ ᠡᠯ᠎ᠡ ᠵᠠᠩᠭᠢᠯᠠᠭ᠎ᠠ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢᠨ ᠢᠷᠡᠯᠲᠡ ᠶᠢ ᠥᠷᠭᠡᠳᠬᠡᠵᠦ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠤᠨ ᠦᠷ᠎ᠡ ᠪᠦᠲᠦᠭᠡᠯ ᠢ ᠨᠢᠭᠡᠳᠦᠯᠲᠡᠶ ᠲᠥᠯᠥᠪᠵᠢᠭᠦᠯᠦᠨ ᠬᠡᠷᠡᠭᠯᠡᠵᠦ᠂ ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠢ ᠢᠯᠡᠴᠢᠯᠡᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠵᠦ᠂ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠳᠤ ᠵᠠᠰᠠᠪᠤᠷᠢ ᠣᠷᠣᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠭᠦᠷᠭᠡᠯᠡᠭᠰᠡᠨ ᠬᠠᠤᠯᠢ ᠬᠡᠷᠡᠭᠵᠢᠭᠦᠯᠬᠦ ᠡᠭᠦᠷᠭᠡ ᠪᠠᠨ ᠴᠢᠨᠠᠷ ᠰᠠᠶᠢᠲᠠᠶ᠂ ᠴᠢᠩᠭ᠎ᠠ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠬᠠᠷᠢᠭᠤ ᠲᠤᠰᠬᠠᠬᠤ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠪᠠᠶᠢᠴᠠᠭᠠᠭᠳᠠᠬᠤ ᠠᠶᠢᠮᠠᠭ ᠬᠤᠲᠠ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠳᠤ ᠣᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ ᠶᠢ ᠰᠢᠢᠳᠭᠡᠨ ᠰᠢᠢᠳᠪᠦᠷᠢᠯᠡᠬᠦ ᠰᠠᠨᠠᠭᠤᠯᠭ᠎ᠠ ᠶᠢᠨ ᠳᠦᠷᠢᠮ ᠢ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠨᠡᠪᠲᠡᠷᠡᠭᠦᠯᠦᠨ ᠢᠯᠡᠴᠢᠯᠡᠬᠦ ᠳᠦᠷᠢᠮ ᠢ ᠲᠡᠭᠦᠯᠳᠡᠷᠵᠢᠭᠦᠯᠦᠨ᠂ ᠡᠷᠬᠡ ᠲᠤᠰᠢᠶᠠᠯ ᠢᠶᠠᠨ ᠠᠰᠢᠭᠯᠠᠨ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠵᠣᠬᠢᠶᠠᠭᠰᠠᠨ ᠬᠠᠷᠢᠭᠤᠴᠠᠯᠭ᠎ᠠ ᠡᠭᠦᠷᠭᠡᠯᠡᠭᠴᠢ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃         ︵ᠳᠥᠷᠪᠡ︶ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠵᠦ ᠪᠠᠶᠢᠴᠠᠭᠠᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ︽ᠬᠤᠶᠠᠷ ᠢ ᠰᠤᠭᠤᠴᠢᠨ ᠪᠠᠶᠢᠴᠠᠭᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠪ ᠤᠨ ᠬᠠᠤᠯᠢ ᠬᠡᠷᠡᠭᠵᠢᠭᠦᠯᠦᠯᠲᠡ ᠶᠢ ᠲᠤᠰᠬᠠᠶ ᠬᠠᠤᠯᠢ ᠬᠡᠷᠡᠭᠵᠢᠭᠦᠯᠦᠯᠲᠡ ᠯᠦᠭᠡ ᠬᠠᠷᠢᠯᠴᠠᠨ ᠤᠶᠠᠯᠳᠤᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠭᠡᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠬᠤᠭᠤᠰᠣᠨ ᠢ ᠲᠦᠷᠭᠡᠳᠬᠡᠨ ᠨᠥᠬᠦᠪᠥᠷᠢᠯᠡᠵᠦ᠂ ᠣᠨ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠭᠠᠵᠠᠷ ᠣᠷᠣᠨ ᠢ ᠪᠦᠷᠢᠨ ᠪᠥᠷᠬᠦᠭᠦᠯᠬᠦ᠂ ᠭᠦᠢᠴᠡᠳᠭᠡᠯ ᠲᠤᠭ᠎ᠠ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠪᠦᠲᠦᠮᠵᠢᠲᠡᠶ ᠠᠷᠭ᠎ᠠ ᠮᠠᠶ᠋ᠢᠭ ᠢ ᠢᠳᠡᠪᠬᠢᠲᠡᠶ ᠪᠠᠷ ᠰᠦᠪᠡᠭᠴᠢᠯᠡᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠶᠡᠭᠡ ᠲᠤᠭ᠎ᠠ ᠪᠠᠷᠢᠮᠳᠠ ᠶᠢᠨ ᠬᠡᠷᠡᠭᠯᠡᠯᠲᠡ ᠶᠢ ᠢᠳᠡᠪᠬᠢᠲᠡᠶ ᠠᠬᠢᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠬᠤ ᠪᠠ ᠡᠬᠢ ᠪᠠᠶᠠᠯᠢᠭ ᠢ ᠬᠠᠮᠲᠤ ᠪᠠᠷ ᠭᠥᠷᠳᠡᠬᠦ ᠶᠢ ᠴᠢᠩᠭᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃         ︵ᠲᠠᠪᠤ︶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠎ᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠪᠠᠶᠢᠴᠠᠭᠠᠬᠤ ᠶᠢ ᠵᠢᠷᠤᠮᠵᠢᠯ ᠲᠠᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠤᠨ᠎ᠠ᠃ ᠡᠬᠢ ᠡᠭᠦᠰᠦᠯ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠬᠠᠤᠯᠢ ᠶᠣᠰᠣᠭᠠᠷ ᠰᠢᠯᠵᠢᠭᠦᠯᠦᠨ ᠬᠦᠷᠭᠡᠨ᠎ᠡ᠃ ᠰᠠᠯᠠᠭ᠎ᠠ ᠮᠥᠴᠢᠷ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨᠬᠦ ᠪᠠᠳᠤᠯᠠᠨ᠎ᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠠᠵᠢᠯ ᠳᠤ ᠬᠤᠯᠪᠣᠭᠳᠠᠬᠤ ᠪᠢᠴᠢᠭ ᠮᠠᠲ᠋ᠧᠷᠢᠶᠠᠯ ᠪᠣᠯᠤᠨ ᠬᠢᠳᠡᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠢ ᠣᠯᠵᠤ ᠮᠡᠳᠡᠪᠡᠯ ᠴᠠᠭ ᠲᠤᠬᠠᠶ ᠳᠤᠨᠢ ᠢᠯᠭᠠᠷᠠᠭᠤᠯᠤᠨ ᠵᠠᠯᠠᠷᠠᠭᠤᠯᠬᠤ ᠬᠡᠷᠡᠭᠲᠡᠶ᠃         ︵ᠵᠢᠷᠭᠤᠭ᠎ᠠ︶ ᠲᠤᠭ᠎ᠠ ᠪᠦᠷᠢᠳᠬᠡᠯ ᠤᠨ ᠬᠦᠷᠢᠶᠡᠨ ᠤ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠲᠤᠭ᠎ᠠ ᠪᠦᠷᠢᠳᠬᠡᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠶ ᠲᠤᠭ᠎ᠠ ᠪᠦᠷᠢᠳᠬᠡᠯ ᠤᠨ ᠵᠥᠪ ᠴᠢᠭᠯᠡᠯ ᠢᠶᠠᠷ ᠤᠷᠮᠠᠰᠢᠭᠤᠯᠬᠤ ᠪᠠ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠢ ᠰᠡᠷᠡᠮᠵᠢᠯᠡᠭᠦᠯᠬᠦ ᠬᠥᠮᠦᠵᠢᠯ ᠢ ᠵᠡᠷᠭᠡᠪᠡᠷ ᠴᠢᠬᠤᠯᠠᠴᠢᠯᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠰᠣᠩᠭᠤᠨ ᠪᠣᠶ ᠪᠣᠯᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ ᠵᠥᠪ ᠴᠢᠭᠯᠡᠯ ᠢᠶᠠᠷ ᠤᠷᠮᠠᠰᠢᠭᠤᠯᠬᠤ ᠬᠡᠷᠡᠭᠲᠡᠶ᠃ ᠲᠤᠭ᠎ᠠ ᠪᠦᠷᠢᠳᠬᠡᠯ ᠳᠤ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶ ᠤᠨ ᠰᠦᠯᠵᠢᠶ᠎ᠡ ᠪᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠳᠤ ᠢᠯᠡ ᠨᠡᠶᠢᠲᠡᠯᠡᠬᠦ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃         ᠭᠤᠷᠪᠠ᠂ ᠬᠢᠨᠠᠨ ᠰᠢᠨᠵᠢᠵᠦ ᠦᠨᠡᠯᠡᠬᠦ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠡᠶ᠎ᠡ ᠪᠠᠨ ᠳᠠᠭᠠᠭᠠᠨ ᠭᠦᠢᠴᠡᠳᠭᠡᠨ᠎ᠡ         ︵ᠳᠣᠯᠤᠭ᠎ᠠ︶ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠠ ᠴᠢᠬᠤᠯᠠ ᠬᠦᠷᠢᠶ᠎ᠡ ᠴᠠᠷᠠᠭ᠎ᠠ ᠶᠢᠨ ᠬᠥᠭᠵᠢᠯᠲᠡ ᠶᠢ ᠬᠢᠨᠠᠨ ᠰᠢᠨᠵᠢᠵᠦ ᠦᠨᠡᠯᠡᠬᠦ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠤᠷᠲᠤᠪᠲᠤᠷ ᠪᠠ ᠣᠷᠳᠣ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠬᠢᠨᠠᠨ ᠰᠢᠨᠵᠢᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ  ᠭᠠᠳᠠᠭᠰᠢᠯᠠᠭᠤᠯᠤᠯᠳᠠ ᠶᠢ ᠲᠤᠶᠢᠯ ᠢᠶᠠᠷ ᠪᠠᠭᠠᠰᠬᠠᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠡᠷᠭᠡ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠲᠤᠨ ᠭᠤᠤᠯ ᠤᠨ ᠰᠠᠪᠠ ᠭᠠᠵᠠᠷ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠢ ᠨᠢᠭᠡ ᠴᠣᠭᠴᠠᠵᠢᠭᠤᠯᠬᠤ᠂ ᠵᠡᠭᠦᠨ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳᠣᠪᠤᠶᠢᠯᠭᠠᠨ᠎ᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠤᠭ᠎ᠠ ᠪᠦᠷᠢᠳᠬᠡᠯ ᠤᠨ ᠬᠢᠨᠠᠨ ᠰᠢᠨᠵᠢᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃         ︵ᠨᠠᠢᠮᠠ︶ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠭᠦᠨᠵᠡᠭᠡᠶᠢᠷᠡᠭᠦᠯᠦᠨ᠎ᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠠᠷᠠᠳ ᠠᠴᠠ ᠡᠵᠡᠩᠨᠡᠭᠰᠡᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠦᠢᠯᠡᠴᠢᠯᠡᠭᠡᠨ ᠤ ᠬᠡᠷᠡᠭᠯᠡᠭᠡ᠂ ᠰᠣᠶᠣᠯ ᠤᠨ ᠠᠵᠤ ᠦᠢᠯᠡᠰ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠶᠢᠨ ᠪᠦᠷᠢᠳᠬᠡᠬᠦ ᠠᠷᠭ᠎ᠠ ᠪᠠ ᠬᠢᠨᠠᠨ ᠰᠢᠨᠵᠢᠬᠦ ᠰᠢᠰᠲ᠋ᠧᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠨ ᠤ ᠵᠢᠱᠢᠭᠰᠡᠨ ᠬᠠᠷᠠᠯᠲᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠯᠲᠠ ᠬᠢᠵᠦ᠂ ᠠᠵᠢᠯ ᠣᠯᠭᠤᠯᠲᠠ᠂ ᠰᠠᠭᠤᠭᠠᠯᠢ ᠠᠷᠠᠳ ᠤᠨ ᠣᠷᠣᠯᠭ᠎ᠠ᠂ ᠠᠵᠤ ᠦᠢᠯᠡᠳᠪᠦᠷᠢ᠂ ᠪᠡᠯᠡ ᠣᠷᠣᠭᠤᠯᠤᠯᠲᠠ᠂ ᠬᠡᠷᠡᠭᠯᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠦᠢᠯᠡᠴᠢᠯᠡᠭᠡᠨ ᠤ ᠦᠢᠯᠡᠰ ᠵᠡᠷᠭᠡ ᠶᠢᠨ ᠰᠠᠷ᠎ᠠ ︵ᠤᠯᠠᠷᠢᠯ︶ ᠶᠢᠨ ᠠᠵᠢᠯᠯᠠᠭᠠᠨ ᠤ ᠬᠠᠨᠳᠤᠰᠢ ᠪᠠ ᠣᠨᠴᠠᠯᠢᠭ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠠᠵᠤ ᠠᠬᠤᠢ ᠶᠢᠨ ᠬᠥᠭᠵᠢᠯᠲᠡ ᠳᠤᠮᠳᠠᠬᠢ ᠪᠦᠲᠦᠴᠡ ᠶᠢᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠪᠦᠲᠦᠮᠵᠢᠲᠡᠢ ᠪᠠᠷ ᠢᠯᠡᠷᠡᠭᠦᠯᠵᠦ᠂ ᠬᠥᠳᠡᠯᠦᠩᠭᠦᠢ ᠪᠠᠷ ᠬᠢᠨᠠᠨ ᠰᠢᠨᠵᠢᠬᠦ ᠶᠢ ᠲᠦᠷᠭᠡᠨ ᠪᠠᠶᠢᠯᠭᠠᠵᠤ᠂ ᠵᠠᠳᠠᠯᠤᠨ ᠰᠤᠳᠤᠯᠵᠤ ᠮᠠᠭᠠᠳᠯᠠᠬᠤ ᠶᠢ ᠣᠨᠣᠪᠴᠢᠲᠠᠢ ᠪᠠᠶᠢᠯᠭᠠᠵᠤ᠂ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ ᠪᠣᠳᠠᠲᠠᠢ ᠪᠠᠶᠢᠯᠭᠠᠨ᠎ᠠ᠃         ︵ᠶᠢᠰᠦ︶ ᠬᠦᠨᠳᠦ ᠶᠡᠭᠡ ᠲᠦᠭᠰᠢᠭᠦᠷᠢ ᠶᠢ ᠬᠢᠨᠠᠨ ᠰᠢᠨᠵᠢᠬᠦ ᠶᠢ ᠴᠢᠩᠭᠠᠳᠬᠠᠨ᠎ᠠ᠃ ᠪᠤᠰᠤᠳᠴᠢ ᠲᠤᠭ᠎ᠠ ᠪᠠᠷᠢᠮᠲᠠ ᠶᠢᠨ ᠵᠠᠳᠠᠯᠤᠯᠲᠠ ᠪᠠ ᠪᠢᠴᠢᠯ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠤᠨ ᠪᠠᠶᠢᠴᠠᠭᠠᠯᠲᠠ ᠶᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠳᠠᠯᠳᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠬᠤ ᠶᠢ ᠴᠢᠩᠭᠠᠳᠬᠠᠨ᠂ ᠴᠢᠭᠯᠡᠯᠳᠦ ᠴᠢᠨᠠᠷᠲᠠᠶ ᠪᠠᠷ ᠠᠷᠭᠠᠴᠠᠭᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠦᠨᠳᠦ ᠶᠡᠭᠡ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ᠂ ᠠᠮᠤᠷ ᠲᠦᠪᠰᠢᠨ ᠤ ᠠᠳᠡᠯ ᠵᠡᠷᠭᠡ ᠶᠢᠨ ᠠᠵᠤ ᠠᠬᠤᠶ ᠨᠡᠶᠢᠭᠡᠮ ᠳᠤ ᠦᠵᠡᠭᠦᠯᠦᠭᠰᠡᠨ ᠮᠠᠭᠤ ᠨᠥᠯᠥᠭᠡ ᠪᠠ ᠳᠠᠭᠠᠷᠢᠯᠲᠠ ᠶᠢ ᠴᠠᠭ ᠲᠤᠬᠠᠶ ᠳᠤᠨᠢ ᠵᠠᠳᠠᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠭᠠᠴᠠᠭᠠᠬᠤ ᠪᠠᠨ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃         ︵ᠠᠷᠪᠠ︶ ᠠᠷᠠᠳ ᠣᠯᠠᠨ ᠤ ᠲᠤᠰᠬᠠᠭᠰᠠᠨ ᠳᠣᠪᠤᠶᠢᠮ᠎ᠠ ᠠᠰᠠᠭᠤᠳᠠᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠲᠦᠷᠭᠡᠨ ᠴᠤᠤᠷᠢᠶᠠᠲᠤᠨ ᠳᠠᠭᠠᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ︽ᠠᠮᠤ ᠪᠤᠳᠠᠭ᠎ᠠ︾᠂ ︽ᠬᠤᠯᠢᠰᠢᠨ ᠢᠳᠡᠭᠡᠨ︾ ᠵᠡᠷᠭᠡ ᠠᠷᠠᠳ ᠤᠨ ᠠᠮᠢᠳᠤᠷᠠᠯ ᠤᠨ ᠴᠢᠬᠤᠯᠠ ᠲᠠᠸᠠᠷ᠂ ᠨᠡᠭᠦᠷᠡᠰᠦ ᠴᠠᠬᠢᠯᠭᠠᠨ ᠬᠦᠴᠦᠨ ᠵᠡᠷᠭᠡ ᠴᠢᠬᠤᠯᠠ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠬᠠᠩᠭᠠᠯᠭ᠎ᠠ ᠪᠠ ᠦᠨ᠎ᠡ ᠬᠠᠩᠰᠢ ᠶᠢᠨ ᠬᠤᠪᠢᠷᠠᠯᠲᠠ ᠵᠡᠷᠭᠡ ᠶᠢ ᠨᠢᠭᠲᠠ ᠬᠢᠨᠠᠨ ᠬᠡᠮᠵᠢᠨ᠎ᠡ᠃ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠮᠡᠨᠳᠦ᠂ ᠨᠠᠰᠤᠵᠢᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠦᠷᠢᠳᠬᠡᠨ ᠬᠢᠨᠠᠨ ᠰᠢᠨᠵᠢᠬᠦ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠬᠢᠷᠢ ᠬᠡᠮᠵᠢᠶ᠎ᠡ ᠶᠢ ᠦᠨᠡᠨ ᠪᠣᠳᠠᠲᠠᠶ ᠪᠤᠰᠤᠳᠴᠢ ᠪᠠᠷ ᠲᠤᠰᠬᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠦᠢᠯ ᠤᠨ ᠬᠡᠷᠡᠭᠵᠢᠭᠦᠯᠦᠯᠲᠡ ᠶᠢᠨ ᠠᠬᠢᠴᠠ ᠶᠢ ᠮᠥᠷᠳᠡᠨ ᠬᠢᠨᠠᠨ ᠬᠡᠮᠵᠢᠵᠦ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠲᠠᠯ᠎ᠠ ᠪᠠ ᠬᠦᠴᠢᠷ ᠠᠰᠠᠭᠤᠳᠠᠯ ᠢ ᠴᠠᠭ ᠲᠤᠬᠠᠶ ᠳᠤᠨᠢ ᠲᠤᠰᠬᠠᠨ᠎ᠠ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠬᠤ ᠠᠵᠢᠯ ᠢ ᠴᠢᠩᠭᠠᠳᠬᠠᠨ᠎ᠠ᠃         ︵ᠠᠷᠪᠠᠨ ᠨᠢᠭᠡ︶ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠬᠢ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠨ᠎ᠠ᠃ ᠤᠳᠤᠷᠢᠳᠬᠤ ᠺᠠᠳ᠋ᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠡᠰᠡᠬᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠢᠶᠠᠷ ᠬᠦᠷᠦᠯᠴᠡᠬᠦ ᠦᠭᠡᠢ ᠴᠢᠨᠠᠭᠰᠢᠯᠠᠪᠠᠯ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠳᠡᠭᠡᠷᠡᠬᠢ ᠪᠠᠨ ᠮᠡᠬᠡᠯᠡᠵᠦ ᠳᠣᠣᠷᠠᠬᠢ ᠪᠠᠨ ᠮᠡᠬᠡᠯᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠳᠤ ᠭᠤᠤᠯᠳᠠᠯᠭ᠎ᠠ ᠲᠠᠢ ᠬᠢᠨᠠᠯᠳᠠ ᠲᠠᠯᠪᠢᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠡᠷᠦᠩᠬᠡᠶᠢᠯᠡᠭᠰᠡᠨ ᠴᠢᠨᠠᠷ᠂ ᠰᠠᠭᠤᠷᠢ ᠴᠢᠨᠠᠷ᠂ ᠪᠤᠰᠤᠳᠴᠢ ᠴᠢᠨᠠᠷ ᠤᠨ ᠣᠨᠴᠠᠯᠢᠭ ᠢ ᠭᠦᠢᠴᠡᠳ ᠠᠰᠢᠭᠯᠠᠵᠤ᠂ ︽ᠲᠣᠭᠠᠨ ᠤ ᠲᠠᠯ᠎ᠠ ᠪᠠᠷ ᠬᠢ ᠢᠯᠵᠠᠷᠠᠯ︾ ᠢ ᠰᠡᠷᠭᠡᠶᠢᠯᠡᠨ᠎ᠡ᠃         ᠳᠥᠷᠪᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠳᠤ ᠲᠤᠭ᠎ᠠ ᠪᠦᠷᠢᠳᠭᠡᠯ ᠤᠨ ᠬᠢᠨᠠᠯᠲᠠ ᠲᠠᠯᠪᠢᠬᠤ ᠪᠠᠨ ᠴᠢᠩᠭᠠᠳᠬᠠᠨ᠎ᠠ         ︵ᠠᠷᠪᠠᠨ ᠬᠤᠶᠠᠷ︶ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠠᠬᠢᠭᠤᠯᠤᠨ᠎ᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠶᠡᠷᠦᠩᠬᠡᠶ ᠪᠠᠶᠢᠳᠠᠯ ᠢ ᠬᠢᠨᠠᠨ ᠬᠡᠮᠵᠢᠵᠦ ᠦᠨᠡᠯᠡᠯᠲᠡ ᠬᠢᠵᠦ᠂ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢᠨ ᠠᠬᠢᠴᠠ ᠳᠤᠮᠳᠠᠬᠢ ᠳᠠᠪᠠᠭᠤᠯᠢᠭ ᠦᠷ᠎ᠡ ᠪᠦᠲᠦᠮᠵᠢ ᠪᠠ ᠳᠤᠲᠠᠭᠤᠳᠠᠯ ᠪᠠᠭᠤᠷᠠᠶ ᠲᠠᠯ᠎ᠠ ᠶᠢ ᠪᠤᠰᠤᠳᠴᠢ ᠪᠠᠷ ᠲᠤᠰᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢ ᠬᠦᠴᠦᠨ ᠥᠬᠡᠶ ᠪᠠᠶᠢᠬᠤ ᠡᠰᠡᠬᠦ᠂ ᠵᠥᠪᠬᠡᠨ ᠬᠤᠷᠳᠤᠴᠠ ᠬᠡᠪᠴᠢᠶ᠎ᠡ ᠶᠢ ᠬᠥᠭᠡᠭᠡᠴᠡᠯᠳᠦᠬᠦ᠂ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠬᠤ ᠥᠬᠡᠶ᠂ ᠵᠥᠪᠬᠡᠨ ᠣᠬᠤᠷ ᠬᠤᠭᠤᠴᠠᠭᠠᠨ ᠤ ᠠᠰᠢᠭ ᠲᠤᠰᠠ ᠶᠢ ᠬᠥᠭᠡᠭᠡᠴᠡᠯᠳᠦᠬᠦ᠂ ᠠᠯᠤᠰ ᠬᠡᠲᠦ ᠶᠢᠨ ᠬᠥᠭᠵᠢᠯᠲᠡ ᠶᠢ ᠬᠠᠶᠢᠬᠤᠷᠬᠤ ᠥᠬᠡᠶ ᠪᠠᠶᠢᠬᠤ ᠵᠡᠷᠭᠡ ᠠᠰᠠᠭᠤᠳᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠬᠤ ᠬᠡᠷᠡᠭᠲᠡᠶ᠃         ︵ᠠᠷᠪᠠᠨ ᠭᠤᠷᠪᠠ︶ ᠴᠢᠨᠠᠷ ᠰᠠᠶᠢᠲᠠᠶ ᠬᠥᠭᠵᠢᠯᠲᠡ ᠶᠢᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠤᠨ ᠰᠠᠭᠤᠷᠢ ᠶᠢ ᠪᠠᠬᠢᠵᠢᠭᠦᠯᠦᠨ᠎ᠡ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠳᠤ ᠣᠷᠣᠯᠴᠠᠭᠰᠠᠨ ᠰᠠᠯᠠᠭ᠎ᠠ ᠮᠥᠴᠢᠷ ᠲᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠵᠦ ᠰᠢᠯᠭᠠᠨ ᠬᠢᠨᠠᠵᠤ ᠪᠦᠷᠢᠳᠬᠡᠭᠰᠡᠨ ᠪᠠᠶᠢᠳᠠᠯ ᠢ ᠮᠡᠳᠡᠭᠡᠯᠡᠬᠦ ᠲᠦᠷᠢᠮ ᠢ ᠪᠠᠶᠢᠭᠤᠯᠵᠤ᠂ ᠦᠨᠡᠯᠡᠵᠦ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠨᠡᠯᠡᠬᠦ ᠠᠷᠭ᠎ᠠ ᠪᠠ ᠲᠤᠭ᠎ᠠ ᠪᠦᠷᠢᠳᠬᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠤᠨ ᠠᠵᠢᠯᠯᠠᠭᠠᠨ ᠤ ᠲᠦᠷᠢᠮ ᠢ ᠲᠣᠭᠲᠠᠭᠠᠵᠤ᠂ ᠦᠨᠡᠯᠡᠬᠦ ᠭᠦᠢᠴᠡᠳᠭᠡᠯ ᠲᠤᠭ᠎ᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠵᠢᠯᠲᠠ ᠪᠦᠲᠦᠮᠵᠢ ᠶᠢ ᠦᠨᠡᠯᠡᠵᠦ ᠬᠢᠨᠠᠨ ᠰᠢᠯᠭᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃         ᠲᠠᠪᠤ᠂ ᠬᠠᠮᠳᠤᠷᠠᠯᠴᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ         ︵ᠠᠷᠪᠠᠨ ᠳᠥᠷᠪᠡ︶ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠬᠢᠭᠡᠳ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠵᠣᠬᠢᠴᠠᠯᠳᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠬᠢᠭᠡᠳ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠡᠳᠦᠷ ᠲᠤᠲᠤᠮ ᠤᠨ ᠨᠡᠪᠲᠡᠷᠡᠯᠴᠡᠭᠡ᠂ ᠬᠢᠨᠠᠯᠲᠠ ᠲᠠᠯᠪᠢᠬᠤ ᠠᠴᠠ ᠡᠮᠦᠨᠡᠬᠢ ᠪᠠᠶᠢᠳᠠᠯ ᠢ ᠮᠡᠳᠡᠭᠡᠯᠡᠬᠦ᠂ ᠬᠢᠨᠠᠯᠲᠠ ᠲᠠᠯᠪᠢᠬᠤ ᠬᠤᠭᠤᠴᠠᠭᠠᠨ ᠳᠤ ᠬᠠᠮᠵᠢᠯᠴᠠᠬᠤ᠂ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ ᠬᠠᠮᠲᠤ ᠳᠤ ᠪᠠᠨ ᠭᠥᠷᠳᠡᠵᠦ ᠬᠡᠷᠡᠭᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠳᠤ ᠲᠣᠭᠤᠷᠢᠨ ᠪᠠᠶᠢᠴᠠᠭᠠᠯᠲᠠ ᠶᠢ ᠬᠦᠯᠢᠶᠡᠭᠰᠡᠨ ᠭᠠᠵᠠᠷ ᠣᠷᠣᠨ ︵ᠨᠢᠭᠡᠴᠡ︶ ᠳᠤ ᠲᠤᠭ᠎ᠠ ᠪᠦᠷᠢᠳᠬᠡᠯ ᠬᠢᠵᠦ ᠬᠢᠨᠠᠨ ᠰᠢᠨᠵᠢᠵᠦ ᠦᠨᠡᠯᠡᠬᠦ᠂ ᠲᠤᠭ᠎ᠠ ᠪᠦᠷᠢᠳᠬᠡᠯ ᠬᠢᠵᠦ ᠰᠢᠮᠳᠠᠭᠤᠯᠤᠨ ᠪᠠᠶᠢᠴᠠᠭᠠᠬᠤ᠂ ᠲᠤᠭ᠎ᠠ ᠪᠦᠷᠢᠳᠬᠡᠯ ᠬᠢᠵᠦ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠢᠯᠡᠷᠡᠭᠦᠯᠦᠭᠰᠡᠨ ᠲᠤᠭ᠎ᠠ ᠪᠦᠷᠢᠳᠬᠡᠯ ᠢᠶᠠᠨ ᠬᠠᠭᠤᠷᠮᠠᠭᠯᠠᠨ ᠵᠣᠬᠢᠶᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠰᠡᠵᠢᠭᠯᠡᠯᠲᠡᠶ ᠵᠡᠷᠭᠡ ᠴᠢᠬᠤᠯᠠ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠬᠠᠩᠭᠠᠨ᠎ᠠ᠃         ︵ᠠᠷᠪᠠᠨ ᠲᠠᠪᠤ︶ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠭᠡᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠯᠲᠠ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠠᠬᠢᠭᠤᠯᠤᠨ᠎ᠠ᠃ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠦᠷ᠎ᠡ ᠳ᠋ᠦᠩ ᠢ ᠬᠠᠮᠲᠤᠪᠠᠷ ᠡᠳ᠋ᠯᠡᠬᠦ ᠵᠡᠷᠭᠡ ᠲᠠᠯ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠬᠢᠨᠠᠨ ᠪᠤᠳᠤᠬᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤᠮᠳᠠᠬᠢ ᠬᠠᠮᠵᠢᠯᠴᠠᠭ᠎ᠠ ᠶᠢ ᠴᠢᠩᠭᠠᠳᠬᠠᠵᠤ᠂ ᠣᠨᠢᠨ ᠳᠡᠭᠡᠷ᠎ᠡ ᠨᠢ ᠵᠣᠯᠭᠠᠭᠤᠯᠬᠤ ᠶᠢ ᠪᠡᠶᠡᠯᠡᠭᠦᠯᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠠᠰᠠᠭᠤᠳᠠᠯ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠪᠣᠳᠠᠲᠠᠶ ᠰᠢᠢᠳᠪᠦᠷᠢᠯᠡᠬᠦ ᠶᠢ ᠠᠬᠢᠭᠤᠯᠤᠨ᠎ᠠ᠃         ︵ᠠᠷᠪᠠᠨ ᠵᠢᠷᠭᠤᠭ᠎ᠠ︶ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠵᠣᠬᠢᠴᠠᠭᠤᠯᠭ᠎ᠠ ᠪᠠᠨ ᠴᠢᠩᠭᠠᠳᠬᠠᠨ᠎ᠠ᠃ ᠴᠢᠨᠠᠷ ᠰᠠᠶᠢᠲᠠᠶ ᠬᠥᠭᠵᠢᠯᠲᠡ ᠶᠢᠨ ᠠᠮᠵᠢᠯᠲᠠ ᠪᠦᠲᠦᠮᠵᠢ ᠶᠢ ᠦᠨᠡᠯᠡᠨ ᠰᠢᠯᠭᠠᠨ ᠬᠢᠨᠠᠬᠤ᠂ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ  ᠰᠢᠢᠳᠭᠡᠬᠦ ᠵᠡᠷᠭᠡ ᠲᠤᠭ᠎ᠠ ᠪᠦᠷᠢᠳᠭᠡᠯ ᠤᠨ ᠬᠢᠨᠠᠯᠲᠠ ᠲᠠᠯᠪᠢᠭᠰᠠᠨ ᠪᠠᠶᠢᠳᠠᠯ ᠢ ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠢ ᠰᠢᠯᠭᠠᠨ ᠬᠢᠨᠠᠬᠤ᠂ ᠦᠨᠡᠯᠡᠬᠦ᠂ ᠲᠣᠮᠢᠯᠠᠬᠤ ᠪᠠ ᠪᠠᠭᠤᠯᠭᠠᠬᠤ᠂ ᠱᠠᠩᠨᠠᠵᠤ ᠵᠠᠯᠬᠠᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃         ︵ᠠᠷᠪᠠᠨ ᠳᠣᠯᠤᠭ᠎ᠠ︶ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠵᠦ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠭᠡᠳ ᠪᠠᠶᠢᠭᠤᠯᠤᠮᠵᠢ ᠣᠷᠣᠨ ᠲᠤᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ᠂ ᠪᠣᠭᠤᠮᠲᠠ ᠵᠡᠷᠭᠡ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠳᠤ ᠪᠠᠨ ᠭᠥᠷᠳᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠬᠡᠪᠴᠢᠶ᠎ᠡ ᠪᠠ ᠭᠦᠨᠴᠡ ᠶᠢ ᠥᠷᠭᠡᠳᠬᠡᠨ᠎ᠡ᠃ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠠᠬᠢᠭᠤᠯᠵᠤ᠂ ᠶᠡᠷᠦᠩᠬᠡᠶᠢᠯᠡᠨ ᠦᠨᠡᠯᠡᠬᠦ ᠶᠢ ᠬᠡᠷᠡᠭᠵᠢᠭᠦᠯᠦᠨ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠳᠤ ᠳᠤᠷᠠᠳᠤᠭᠰᠠᠨ ᠠᠷᠭ᠎ᠠ ᠬᠡᠮᠵᠢᠶ᠎ᠡ ᠰᠠᠨᠠᠭᠤᠯᠭ᠎ᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃         ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ         ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠢ ᠴᠢᠬᠤᠯᠠᠴᠢᠯᠠᠨ ᠳᠡᠮᠵᠢᠵᠦ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠴᠢᠳᠠᠪᠤᠷᠢᠲᠠᠨ ᠢ ᠬᠥᠮᠦᠵᠢᠭᠦᠯᠦᠨ ᠬᠡᠷᠡᠭᠯᠡᠬᠦ ᠶᠢ ᠲᠦᠷᠭᠡᠳᠬᠡᠵᠦ᠂ ᠦᠨᠡᠯᠡᠵᠦ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠲᠤᠭ᠎ᠠ ᠪᠦᠷᠢᠳᠬᠡᠯ ᠤᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ᠂ ᠪᠦᠳᠦᠭᠡᠨ ᠪᠠᠶᠢᠭᠤᠯᠤᠯᠲᠠ ᠶᠢᠨ ᠣᠶᠤᠨᠴᠢ ᠲᠤᠭ᠎ᠠ ᠪᠦᠷᠢᠳᠬᠡᠯ ᠢ ᠠᠬᠢᠭᠤᠯᠬᠤ ᠬᠡᠷᠡᠭᠲᠡᠢ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ ᠬᠠᠮᠠᠭᠠᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠷᠠᠭᠤᠯᠤᠨ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠭᠤᠣᠯ ᠬᠠᠷᠢᠭᠤᠴᠠᠯᠭᠠᠲᠠᠨ ᠨᠢ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠬᠤ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠴᠢᠬᠤᠯᠠ ᠪᠦᠬᠦᠢ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号