ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠴᠢᠩᠭᠠᠳᠬᠠᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/3/12
        ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠴᠢᠩᠭᠠᠳᠬᠠᠨ ᠠᠬᠢᠭᠤᠯᠬᠤ ᠲᠤᠬᠠᠶ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ         ᠠᠯᠪᠠᠨ ᠲᠢᠩᠬᠢᠮ ᠤᠨ ᠮᠡᠳᠡᠭᠳᠡᠯ               ᠥᠪᠥᠷ ᠵᠠᠰᠠᠭ ᠠᠯᠪᠠᠨ ᠦᠰᠦᠭ〔2022〕17 ᠳ᠋ᠤᠭᠠᠷ ᠲᠣᠭᠠᠲᠤ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠳᠤ᠄         ︽ᠰᠤᠮᠤ ᠰᠢᠶᠠᠩ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ ︵ᠥᠪᠥᠷ ᠵᠠᠰᠠᠭ ᠠᠯᠪᠠᠨ ᠲᠠᠷᠬᠠᠭᠠᠭᠰᠠᠨ〔 2020 〕11 ᠳ᠋ᠤᠭᠡᠷ ᠲᠣᠭᠠᠲᠤ︶ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠤᠨ ᠬᠠᠮᠢᠶᠠᠷᠬᠤ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ〔 2021 〕33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠢ  ᠨᠠᠶᠢᠳᠠᠪᠤᠷᠢᠵᠢᠭᠤᠯᠵᠤ᠂ ᠦᠨᠳᠦᠰᠦᠨ ᠨᠢᠭᠡᠴᠢ ᠪᠣᠯᠤᠨ ᠪᠠᠶᠢᠴᠠᠭᠠᠬᠤ ᠨᠢᠭᠡᠴᠢ ᠶᠢᠨ ᠨᠡᠷᠡᠰ ᠤᠨ ᠬᠥᠮᠥᠷᠭᠡ ᠶᠢᠨ ᠪᠠᠶᠢᠳᠠᠯ ᠢ ᠴᠠᠭ ᠲᠤᠬᠠᠶ ᠳᠤᠨᠢ᠂ ᠣᠨᠣᠪᠴᠢᠲᠠᠶ᠂ ᠪᠥᠬᠦ ᠲᠠᠯ᠎ᠠ ᠪᠠᠷ᠂ ᠦᠨᠡᠨ ᠪᠣᠳᠠᠲᠠᠶ ᠪᠠᠷ ᠡᠵᠡᠮᠰᠢᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂  ᠣᠳᠤ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠴᠢᠩᠭᠠᠳᠬᠠᠨ ᠠᠬᠢᠭᠤᠯᠬᠤ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠶ᠎ᠡ᠃         ᠨᠢᠭᠡ᠂ ᠠᠵᠢᠯ ᠤᠨ ᠬᠠᠷᠠᠯᠲᠠ             《ᠳᠦᠷᠪᠡᠨ ᠬᠡᠪᠴᠢᠶᠡᠵᠢᠯ ᠠᠴᠠ ᠳᠡᠭᠡᠭᠰᠢᠬᠢ 》( ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠂ ᠬᠢᠷᠢ ᠬᠡᠮ ᠲᠠᠢ ᠪᠠᠷᠢᠯᠭ᠎ᠠ ᠶᠢᠨ ᠦᠢᠯᠡᠰ ᠪᠣᠯᠤᠨ ᠨᠡᠭᠡᠭᠡᠨ ᠬᠥᠭᠵᠢᠭᠦᠯᠬᠦ ᠡᠵᠡᠩᠨᠡᠯᠲᠡ ᠶᠢᠨ ᠠᠵᠢᠯᠯᠠᠭ᠎ᠠ ᠲᠠᠢ ᠪᠦᠬᠦ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠡᠵᠡᠩᠨᠡᠯᠲᠡ ᠶᠢᠨ ᠦᠢᠯᠡᠰ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠪᠣᠯᠤᠨ ᠢᠳᠡᠭᠡᠨ ᠤᠮᠳᠠᠭᠠᠨ ᠤ ᠦᠢᠯᠡᠰ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ )ᠪᠣᠯᠤᠨ ᠪᠤᠰᠤᠳ 5000 ᠲᠦᠮᠡᠨ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠨᠢᠭᠡᠴᠢ ᠶᠢᠨ ᠬᠥᠮᠥᠷᠭᠡ ᠳᠤ ᠣᠷᠣᠭᠤᠯᠬᠤ ᠪᠠ ᠪᠤᠴᠠᠭᠠᠬᠤ ᠠᠵᠢᠯ ᠢ ᠰᠤᠮᠤ ᠰᠢᠶᠠᠩ ᠪᠠᠯᠭᠠᠰᠤ( ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ )᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠲᠡᠯ᠎ᠡ ᠦᠷᠭᠦᠯᠵᠢᠯᠡᠭᠦᠯᠵᠦ᠂ ᠦᠨᠳᠦᠰᠦᠨ ᠨᠢᠭᠡᠴᠢ ᠶᠢᠨ ᠨᠡᠷᠡᠰ ᠤᠨ ᠬᠥᠮᠥᠷᠭᠡ ᠶᠢ ᠬᠠᠮᠠᠭᠠᠯᠠᠨ ᠰᠢᠨᠡᠳᠬᠡᠬᠦ ᠠᠵᠢᠯ ᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠲᠡᠯ᠎ᠡ ᠤᠷᠲᠤᠳᠬᠠᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠤᠭ᠎ᠠ ᠪᠦᠷᠢᠳᠬᠡᠯ ᠤᠨ ︽ᠨᠠᠢᠮᠠ ᠶᠢ ᠪᠦᠷᠢᠳᠦᠬᠦᠯᠵᠦ ᠨᠠᠢᠮᠠ ᠶᠢ ᠪᠡᠶᠡᠯᠡᠬᠦᠯᠬᠦ︾ ᠠᠵᠢᠯ ᠤᠨ ᠡᠭᠦᠷᠭᠡ ᠶᠢᠨ ᠤᠷᠲᠤᠳᠬᠠᠯ ᠪᠣᠯᠭᠠᠨ᠎ᠠ᠃ ᠨᠡᠷᠡᠰ ᠤᠨ ᠬᠥᠮᠥᠷᠭᠡ ᠶᠢ ᠬᠠᠮᠠᠭᠠᠯᠠᠨ ᠰᠢᠨᠡᠳᠬᠡᠬᠦ ᠪᠠ ᠬᠥᠮᠥᠷᠭᠡ ᠳᠤ ᠣᠷᠣᠭᠤᠯᠵᠤ ᠭᠠᠷᠭᠠᠬᠤ ᠠᠵᠢᠯ ᠢ ᠳᠣᠷᠣᠭᠰᠢ ᠤᠷᠲᠤᠳᠬᠠᠬᠤ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠷᠢᠳᠭᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠡᠨ ᠪᠣᠳᠠᠲᠠᠶ ᠪᠠᠷ ᠳᠤᠰᠬᠠᠨ᠎ᠠ᠃         ᠬᠤᠶᠠᠷ᠂ ᠠᠵᠢᠯ ᠤᠨ ᠪᠠᠷᠢᠮᠵᠢᠶ᠎ᠠ             ᠡᠯ᠎ᠡ ᠭᠠᠵᠠᠷ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠯᠲᠡᠶ ᠵᠣᠬᠢᠶᠠᠨ ᠪᠠᠶᠢᠭᠤᠯᠤᠯᠲᠠ ᠶᠢᠨ ᠵᠢᠯᠣᠭᠤᠳᠣᠯᠭ᠎ᠠ ᠳᠣᠣᠷ᠎ᠠ᠂ ︽ᠪᠥᠬᠦ ᠤᠯᠤᠰ ᠤᠨ ᠲᠤᠭ᠎ᠠ ᠪᠦᠷᠢᠳᠬᠡᠯ ᠤᠨ ᠰᠢᠰᠲ᠋ᠧᠮ ᠤᠨ ᠦᠨᠳᠦᠰᠦᠨ ᠨᠢᠭᠡᠴᠢ ᠶᠢᠨ ᠨᠡᠷᠡᠰ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠬᠠᠮᠠᠭᠠᠯᠠᠯᠲᠠ ᠬᠢᠭᠡᠳ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ︾ ︵ᠤᠯᠤᠰ ᠪᠦᠷᠢᠳᠭᠡᠯ ᠥᠰᠥᠭ〔 2021〕134 ᠳ᠋ᠤᠭᠡᠷ ᠲᠣᠭᠠᠲᠤ︶ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠪᠣᠳᠠᠲᠠᠶ ᠲᠥᠰᠦᠯ ᠢ ᠨᠠᠷᠢᠯᠢᠭᠵᠢᠭᠤᠯᠤᠨ᠂ ᠠᠵᠢᠯ ᠤᠨ ᠠᠯᠬᠤᠮ ᠳᠠᠷᠠᠭᠠᠯᠠᠯ ᠢ ᠵᠢᠷᠤᠮᠵᠢᠭᠤᠯᠵᠤ᠂ ᠶᠠᠰᠤ ᠴᠢᠨᠠᠷ ᠢ ᠡᠵᠡᠮᠳᠡᠬᠦ ᠠᠷᠭ᠎ᠠ ᠶᠢ ᠲᠣᠭᠲᠠᠭᠠᠵᠤ᠂ ᠲᠤᠭ᠎ᠠ ᠪᠠᠷᠢᠮᠲᠠ ᠴᠤᠭᠯᠠᠭᠤᠯᠬᠤ ᠪᠠ ᠲᠤᠭ᠎ᠠ ᠪᠠᠷᠢᠮᠲᠠ ᠰᠢᠢᠳᠪᠦᠷᠢᠯᠡᠬᠦ ᠶᠢᠨ ᠡᠯᠧᠺᠲᠷᠤᠨᠴᠢᠯᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃         ᠭᠤᠷᠪᠠ᠂ ᠶᠡᠷᠦᠩᠬᠡᠶ ᠱᠠᠭᠠᠷᠳᠠᠯᠭ᠎ᠠ           ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠳᠡᠢ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ)᠂ ᠭᠠᠴᠠᠭ᠎ᠠ ᠲᠣᠰᠬᠤᠨ(ᠨᠡᠶᠢᠭᠡᠮ ᠲᠣᠭᠤᠷᠢᠭ) ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂《ᠬᠡᠨ ᠬᠢᠬᠦ᠂ ᠬᠡᠷᠬᠢᠨ ᠬᠢᠬᠦ᠂ ᠬᠡᠷᠬᠢᠨ ᠰᠠᠶᠢᠲᠤᠷ ᠬᠢᠬᠦ》 ᠶᠢᠨ ᠲᠣᠭᠤᠷᠢᠨ ᠳᠤ ᠬᠠᠷᠢᠭᠤᠴᠠᠯᠭ᠎ᠠ ᠶᠢᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠤᠰᠬᠠᠶ ᠠᠵᠢᠯ ᠤᠨ ᠪᠠᠶᠢᠷᠢ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠲᠣᠭᠲᠠᠴᠠ ᠶᠢ ᠪᠠᠶᠢᠭᠤᠯᠤᠨ᠂ ᠬᠠᠮᠢᠶ᠎ᠠ ᠪᠥᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠲᠥᠯᠬᠢᠨ ᠠᠬᠢᠭᠤᠯᠬᠤ ᠬᠡᠷᠡᠭᠲᠡᠶ᠃         ︵ᠬᠤᠶᠠᠷ︶ ᠵᠠᠷᠤᠳᠠᠯ ᠤᠨ ᠳᠡᠮᠵᠢᠯᠭᠡ ᠶᠢ ᠨᠡᠮᠡᠭᠳᠡᠬᠦᠯᠬᠦ ᠬᠡᠷᠡᠭᠳᠡᠢ᠃ ᠡᠯ᠎ᠡ ᠭᠠᠵᠠᠷ ᠣᠷᠣᠨ ᠨᠤᠭᠤᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠤᠭ᠎ᠠ ᠪᠦᠷᠢᠳᠬᠡᠯ ᠤᠨ ᠠᠵᠢᠯ ᠤᠨ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠤᠨ ᠵᠠᠷᠤᠳᠠᠯ ᠳᠤ ᠣᠷᠣᠭᠤᠯᠤᠨ ᠪᠠᠲᠤᠯᠠᠵᠤ᠂ ᠲᠤᠭ᠎ᠠ ᠪᠦᠷᠢᠳᠬᠡᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃                   ︵ᠭᠤᠷᠪᠠ︶ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠳ ᠡᠷᠬᠡᠪᠰᠢ《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ》᠂《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠲᠥᠷᠢᠮ》᠂《ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠥᠷᠢᠮ》ᠪᠣᠯᠤᠨ ᠠᠶᠤᠯ ᠥᠭᠡᠢ ᠶᠢᠨ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠥᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠮᠡᠳᠡᠭᠡ ᠵᠠᠩᠭᠢ ᠶᠢᠨ ᠠᠶᠤᠯ ᠥᠭᠡᠢ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠷᠡᠰ ᠤᠨ ᠬᠥᠮᠥᠷᠭᠡ ᠶᠢᠨ ᠮᠡᠳᠡᠭᠡ ᠵᠠᠩᠭᠢ ᠶᠢ ᠬᠠᠳᠠᠭᠠᠯᠠᠬᠤ᠂ ᠳᠠᠮᠵᠢᠭᠤᠯᠬᠤ᠂  ᠰᠢᠢᠳᠪᠦᠷᠢᠯᠡᠬᠦ᠂ ᠨᠡᠶᠢᠲᠡᠯᠡᠬᠦ ᠪᠠ ᠬᠡᠷᠡᠭᠯᠡᠬᠦ ᠵᠡᠷᠭᠡ ᠡᠯ᠎ᠡ ᠭᠤᠭᠴᠤᠭ᠎ᠠ ᠶᠢᠨ ᠠᠶᠤᠯ ᠥᠭᠡᠢ ᠶᠢ ᠦᠨᠡᠨᠬᠦ ᠪᠠᠲᠤᠯᠠᠬᠤ ᠬᠡᠷᠡᠭᠲᠡᠶ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                 ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ                           2022 ᠣᠨ ᠤ 3 ᠰᠠᠷ᠎ᠠ ᠶᠢᠨ 8 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号