ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ | 2022 ᠣᠨ ᠤ 2 ᠳ᠋ᠤᠭᠠᠷ ᠰᠠᠷ᠎ᠠ ᠶᠢᠨ 28 ᠤ ᠡᠳᠦᠷ | | | 2021 ᠣᠨ ᠳᠤ᠂ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠣᠯᠠᠨ ᠤᠯᠤᠰ ᠤᠨ ᠣᠷᠴᠢᠨ ᠲᠣᠭᠤᠷᠢᠨ | ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠲᠠᠷᠬᠠᠭᠰᠠᠨ ᠵᠡᠷᠭᠡ ᠠᠶᠤᠯ ᠲᠦᠭᠰᠢᠭᠦᠷᠢ | ᠥᠷᠢᠰᠥᠯᠳᠦᠭᠡᠨ ᠳᠤ ᠬᠠᠨᠳᠤᠵᠤ᠂ ᠪᠦᠬᠦ ᠣᠷᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠳᠠᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠵᠤ ᠂ ᠪᠣᠬᠢᠷᠲᠤᠯ ᠦᠭᠡᠢ | ᠬᠥᠭᠵᠢᠯᠲᠡ ᠶᠢᠨ ᠤᠳᠤᠷᠢᠳᠤᠮᠵᠢ ᠶᠢ ᠭᠤᠶᠢᠪᠢᠰᠢ ᠦᠭᠡᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶ ᠦᠷᠭᠦᠯᠵᠢᠯᠡᠨ | ᠲᠣᠭᠲᠠᠭᠤᠨ ᠢᠶᠠᠷ ᠰᠡᠷᠭᠦᠵᠦ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠠᠷᠠᠳ ᠤᠨ | ᠦᠨᠳᠦᠰᠦᠨ ᠠᠮᠢᠳᠤᠷᠠᠯ ᠢ ᠪᠦᠲᠦᠮᠵᠢᠲᠡᠢ ᠪᠠᠳᠤᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ | ᠰᠠᠶᠢᠬᠠᠨ ᠡᠬᠢᠯᠡᠯᠲᠡ ᠶᠢ ᠪᠡᠶᠡᠯᠡᠬᠦᠯᠵᠡᠢ᠃ | ᠨᠢᠭᠡ᠂ ᠶᠡᠷᠦᠩᠬᠡᠶᠢᠯᠡᠯ | ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠢᠶᠠᠷ᠂ ᠪᠥᠬᠦ ᠵᠢᠯ ᠤᠨ ᠣᠷᠣᠨ ᠨᠤᠲᠤᠭ | ᠦᠢᠯᠡᠳᠪᠦᠷᠢᠯᠡᠯ ᠤᠨ ᠶᠡᠷᠦᠩᠬᠡᠶ ᠥᠷᠲᠡᠭ 20514.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠠᠷᠢᠴᠠᠭᠤᠯᠵᠤ | ᠪᠣᠯᠬᠤ ᠦᠨ᠎ᠡ ᠪᠠᠷ ᠪᠤᠳᠤᠪᠠᠯ᠂ ᠲᠦᠷᠦᠭᠦᠦ ᠵᠢᠯ ᠤᠨ ᠬᠢ ᠠᠴᠠ 6.3% ᠪᠠᠷ ᠨᠡᠮᠡᠭᠳᠡᠪᠡ᠃ ᠡᠭᠦᠨ ᠳᠤ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2225.2 ᠳ᠋ᠦᠩᠰᠢᠭᠤᠷ ᠲᠥᠭᠦᠷᠢᠭ ᠲᠤ ᠬᠦᠷᠴᠦ᠂ 4.8% | ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9374.2 ᠳ᠋ᠦᠩᠰᠢᠭᠤᠷ ᠲᠥᠭᠦᠷᠢᠭ ᠲᠤ | ᠬᠦᠷᠴᠦ᠂ 6.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8914.8 | ᠳ᠋ᠦᠩᠰᠢᠭᠤᠷ ᠲᠥᠭᠦᠷᠢᠭ ᠲᠤ ᠬᠦᠷᠴᠦ᠂ 6.7% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ | 10.8᠄ 45.7᠄ 43.5 ᠪᠣᠯᠤᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ | ᠲᠣᠰ 9.0%᠂ 39.3% ᠪᠠ 51.7% ᠪᠣᠯᠤᠨ᠎ᠠ᠃ ᠬᠥᠮᠦᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠶ | ᠥᠷᠲᠡᠭ 85422 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.6% ᠪᠠᠷ ᠨᠡᠮᠡᠭᠳᠡᠪᠡ᠃ | ᠵᠢᠯ ᠤᠨ ᠡᠴᠦᠰ ᠲᠤ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 2400.0 ᠲᠦᠮᠡ ᠪᠠᠶᠢᠵᠤ᠂ | ᠳᠡᠭᠡᠷ᠎ᠡ ᠵᠢᠯ ᠤᠨ ᠡᠴᠦᠰ ᠤᠨ ᠬᠢ ᠠᠴᠠ 2.8 ᠲᠦᠮᠡ ᠪᠠᠭᠠᠰᠪᠠ᠃ ᠡᠭᠦᠨ ᠳᠤ ᠬᠤᠲᠠ ᠪᠠᠯᠭᠠᠰᠤᠨ ᠤ ᠬᠥᠮᠦᠨ | ᠠᠮᠠ 1637.0 ᠲᠦᠮᠡ᠂ ᠬᠥᠳᠡᠭᠡ ᠲᠣᠰᠬᠤᠨ ᠤ ᠬᠥᠮᠦᠨ ᠠᠮᠠ 763.0 ᠲᠦᠮᠡ ᠪᠠᠶᠢᠨ᠎ᠠ︔ ᠪᠠᠶᠢᠩᠭᠤ | ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 68.2% ᠲᠤ ᠬᠦᠷᠴᠦ᠂ ᠲᠦᠷᠦᠭᠦᠦ | ᠵᠢᠯ ᠤᠨ ᠬᠢ ᠠᠴᠠ 0.7 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠷᠡᠭᠲᠡᠶ ᠬᠥᠮᠦᠨ ᠠᠮᠠ 1226.0 | ᠲᠦᠮᠡ ᠪᠣᠯᠵᠣ᠂ ᠡᠮᠡᠭᠲᠡᠶ ᠬᠥᠮᠦᠨ ᠠᠮᠠ 1174.0 ᠲᠦᠮᠡ ᠪᠣᠯᠵᠠᠶ᠃ ᠪᠥᠬᠦ ᠵᠢᠯ ᠳᠤ ᠲᠥᠷᠥᠭᠰᠡᠨ ᠬᠥᠮᠦᠨ | ᠠᠮᠠ 15.0 ᠲᠦᠮᠡ ᠪᠠᠶᠢᠵᠤ᠂ ᠲᠥᠷᠥᠭᠰᠡᠨ ᠨᠣᠷᠮ᠎ᠠ ᠨᠢ 6.26‰ ᠪᠣᠯᠤᠨ᠎ᠠ︔ ᠨᠠᠰᠤ ᠪᠠᠷᠠᠭᠰᠠᠨ ᠬᠥᠮᠦᠨ | ᠠᠮᠠ 18.1 ᠲᠦᠮᠡ ᠪᠠᠶᠢᠵᠤ᠂ ᠨᠠᠰᠤ ᠪᠠᠷᠠᠭᠰᠠᠨ ᠨᠣᠷᠮ᠎ᠠ ᠨᠢ 7.54‰ ᠪᠣᠯᠤᠨ᠎ᠠ︔ ᠬᠥᠮᠦᠨ ᠠᠮᠠ ᠶᠢᠨ | ᠠᠶᠠᠨᠳᠠᠭᠠᠨ ᠨᠡᠮᠡᠭᠳᠡᠬᠦ ᠨᠤᠷᠮ᠎ᠠ - 1.28 ‰ ᠪᠣᠯᠤᠨ᠎ᠠ᠃ | ᠬᠦᠰᠦᠨᠦᠭᠲᠦ 1 2021 ᠣᠨ ᠤ ᠵᠢᠯ ᠤᠨ ᠡᠴᠦᠰ ᠤᠨ ᠬᠥᠮᠦᠨ ᠠᠮᠠ ᠶᠢᠨ ᠲᠤᠭ᠎ᠠ ᠵᠢᠴᠢ ᠲᠡᠭᠦᠨ ᠤ | ᠪᠦᠷᠢᠯᠳᠦᠯ | | | ᠪᠦᠬᠦ ᠵᠢᠯ ᠳᠤ ᠬᠤᠲᠠ ᠪᠠᠯᠭᠠᠰᠤᠨ ᠤ 22.4 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠪᠠ᠃ ᠠᠵᠢᠯ | ᠠᠯᠳᠠᠭᠰᠠᠳ 11.4 ᠲᠦᠮᠡᠨ ᠬᠥᠮᠦᠨ ᠳᠤ ᠳᠠᠬᠢᠨ ᠠᠵᠢᠯ ᠣᠯᠭᠤᠪᠠ᠃ ᠵᠢᠯ ᠤᠨ ᠡᠴᠦᠰ ᠤᠨ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.84% ᠪᠣᠯᠪᠠ᠃ | ᠪᠦᠬᠦ ᠵᠢᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠳᠡᠭᠡᠷ᠎ᠡ ᠵᠢᠯ ᠤᠨ ᠬᠢ ᠠᠴᠠ 0.9% ᠪᠠᠷ | ᠨᠡᠮᠡᠭᠳᠡᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠶᠢᠨ ᠬᠢ 0.8% ᠪᠠᠷ ᠥᠰᠴᠦ᠂ ᠬᠥᠳᠡᠭᠡ | ᠲᠣᠰᠬᠤᠨ ᠤ ᠬᠢ 1.1% ᠪᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠢᠳᠡᠭᠡᠨ ᠲᠠᠮᠠᠬᠢ ᠠᠷᠢᠬᠢᠨ ᠤ | ᠲᠥᠷᠥᠯ 0.5% ᠪᠠᠷ ᠥᠰᠴᠦ᠂ ᠬᠤᠪᠴᠠᠰᠤ ᠬᠤᠨᠠᠷ ᠤᠨ ᠲᠥᠷᠥᠯ 0.8% ᠪᠠᠷ ᠪᠠᠭᠤᠷᠠᠵᠤ᠂ ᠣᠷᠣᠨ | ᠰᠠᠭᠤᠴᠠ ᠶᠢᠨ ᠲᠥᠷᠥᠯ 0.5% ᠪᠠᠷ ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠲᠥᠷᠥᠯ 0. | 2% ᠢᠶᠠᠷ ᠪᠠᠭᠤᠷᠠᠵᠤ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠲᠥᠷᠥᠯ 4.0% ᠪᠠᠷ ᠥᠰᠴᠦ᠂ | ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠲᠥᠷᠥᠯ 1.0% ᠪᠠᠷ ᠥᠰᠴᠦ᠂ ᠡᠮᠴᠢᠯᠡᠭᠡ | ᠡᠷᠡᠭᠦᠯᠵᠢᠯ ᠤᠨ ᠲᠥᠷᠥᠯ 0.3% ᠪᠠᠷ ᠥᠰᠴᠦ᠂ ᠪᠤᠰᠤᠳ ᠬᠡᠷᠡᠭᠰᠡᠯ ᠪᠠ ᠦᠢᠯᠡᠴᠢᠯᠡᠭᠡᠨ ᠤ ᠲᠥᠷᠥᠯ 0.6% | ᠪᠠᠷ ᠪᠠᠭᠤᠷᠠᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠠᠯ᠎ᠠ ᠠᠴᠠ ᠦᠵᠡᠪᠡᠯ᠂ ᠠᠵᠤ | ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠳᠡᠭᠡᠷ᠎ᠡ ᠵᠢᠯ ᠤᠨ ᠬᠢ ᠠᠴᠠ | 28.5% ᠪᠠᠷ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ | ᠳᠡᠭᠡᠷ᠎ᠡ ᠵᠢᠯ ᠤᠨ ᠬᠢ ᠠᠴᠠ 28.0% ᠪᠠᠷ ᠥᠰᠴᠡᠶ᠃ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠭᠴᠢ ᠶᠢᠨ ᠦᠨ᠎ᠡ 7.6% ᠪᠠᠷ ᠥᠰᠴᠡᠶ᠃ | | | | | | | | ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠪᠠ᠃ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 10.4% ᠪᠠᠷ ᠨᠡᠮᠡᠭᠳᠡᠪᠡ᠃ | ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 8.0% ᠢᠶᠠᠷ | ᠨᠡᠮᠡᠭᠳᠡᠵᠦ᠂ ᠡᠵᠡᠯᠡᠬᠦ ᠬᠠᠷᠢᠴᠠᠯ ᠨᠢ 57.7% ᠳᠤ ᠬᠦᠷᠴᠡᠶ᠃ ᠰᠢᠨ᠎ᠡ ᠠᠵᠤ ᠦᠢᠯᠡᠰ ᠨᠡᠯᠢᠶᠡᠳ ᠲᠦᠷᠭᠡᠨ | ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠭᠡᠯ ᠤᠨ ᠦᠢᠯᠡᠰ ᠤᠨ ᠨᠡᠮᠡᠭᠳᠡᠯ ᠥᠷᠲᠡᠭ 20.2% ᠢᠶᠠᠷ | ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠰ 22.4% ᠪᠠᠷ ᠨᠡᠮᠡᠭᠳᠡᠪᠡ᠃ ᠡᠮ ᠡᠮᠨᠡᠯᠭᠡ ᠶᠢᠨ | ᠦᠢᠯᠡᠳᠭᠡᠯ ᠤᠨ ᠦᠢᠯᠡᠰ ᠤᠨ ᠨᠡᠮᠡᠭᠳᠡᠯ ᠥᠷᠲᠡᠭ 20% ᠪᠠᠷ ᠨᠡᠮᠡᠭᠳᠡᠵᠦ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ | ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ 21.3% ᠪᠠᠷ ᠨᠡᠮᠡᠭᠳᠡᠪᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ | ᠲᠦᠷᠭᠡᠪᠴᠢᠯᠡᠨ ᠠᠬᠢᠭᠤᠯᠪᠠ᠃ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠲᠦᠷᠦᠭᠦᠦ ᠵᠢᠯ ᠤᠨ ᠬᠢ ᠠᠴᠠ 2.8% ᠪᠠᠷ ᠪᠠᠭᠤᠷᠠᠵᠤ᠂ | ᠡᠭᠦᠨ ᠳᠤ ᠲᠤᠯᠤᠭᠠᠨ ᠶᠡᠭᠡ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠶᠡᠷᠦᠩᠬᠡᠶᠢᠯᠡᠭᠰᠡᠨ | ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 3.4% ᠪᠠᠷ ᠪᠠᠭᠤᠷᠠᠪᠠ᠃ ᠡᠨᠧᠷᠭᠢ ᠶᠢᠨ ᠠᠰᠢᠭᠯᠠᠮᠵᠢ ᠦᠷᠭᠦᠯᠵᠢᠯᠡᠨ | ᠳᠡᠭᠡᠭᠰᠢᠯᠡᠪᠡ᠃ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠪᠴᠢᠶ᠎ᠡ 1050.2 ᠳ᠋ᠦᠩᠰᠢᠭᠤᠷ ᠺᠢᠯᠤᠸᠠᠲ | ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 25.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ 17.6% ᠶᠢ ᠡᠵᠡᠯᠡᠵᠦ᠂ ᠳᠡᠭᠡᠷ᠎ᠡ | ᠵᠢᠯ ᠤᠨ ᠬᠢ ᠠᠴᠠ 3.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠢᠯᠡᠳᠲᠡ | ᠦᠷ᠎ᠡ ᠪᠦᠲᠦᠮᠵᠢ ᠤᠯᠪᠠ᠃ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠵᠠᠷᠤᠳᠠᠯ ᠨᠢ 7.5 ᠲᠥᠭᠦᠷᠢᠭ | ᠪᠠᠶᠢᠵᠤ᠂ ᠳᠡᠭᠡᠷ᠎ᠡ ᠵᠢᠯ ᠤᠨ ᠬᠢ ᠠᠴᠠ 1.7 ᠲᠥᠭᠦᠷᠢᠭ ᠪᠠᠭᠤᠷᠠᠪᠠ᠃ ᠵᠠᠭᠤᠨ ᠲᠥᠭᠦᠷᠢᠭ ᠪᠦᠷᠢ ᠶᠢᠨ | ᠡᠵᠡᠩᠨᠡᠯᠲᠡ ᠶᠢᠨ ᠣᠷᠣᠯᠭ᠎ᠠ ᠳᠠᠬᠢ ᠥᠪᠡᠷ ᠤᠨ ᠥᠷᠲᠡᠭ ᠨᠢ 76.3 ᠲᠥᠭᠦᠷᠢᠭ ᠲᠤ ᠬᠦᠷᠴᠦ᠂ ᠲᠦᠷᠦᠭᠦᠦ | ᠵᠢᠯ ᠤᠨ ᠬᠢ ᠠᠴᠠ 3.9 ᠲᠥᠭᠦᠷᠢᠭ ᠪᠠᠭᠤᠷᠠᠪᠠ᠃ ᠵᠢᠯ ᠤᠨ ᠡᠴᠦᠰ ᠲᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 56.9% ᠪᠠᠶᠢᠵᠤ᠂ | ᠳᠡᠭᠡᠷ᠎ᠡ ᠵᠢᠯ ᠤᠨ ᠡᠴᠦᠰ ᠤᠨ ᠬᠢ ᠠᠴᠠ 2.0 ᠵᠠᠭᠤᠨ ᠤ ᠬᠤᠪᠢ ᠶᠢᠨ ᠴᠡᠭ ᠪᠠᠭᠤᠷᠠᠪᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠤᠷᠤᠯᠭ᠎ᠠ ᠶᠢᠨ ᠪᠥᠬᠦ ᠲᠤᠭ᠎ᠠ 1.5 ᠳᠠᠬᠢᠨ | ᠨᠡᠮᠡᠭᠳᠡᠪᠡ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠵᠡᠭᠦᠨ | ᠬᠡᠰᠡᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 6357.9 ᠳ᠋ᠦᠩᠰᠢᠭᠤᠷ | ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.2% ᠢᠶᠠᠷ ᠨᠡᠮᠡᠭᠳᠡᠵᠦ᠂ ᠠᠶᠢᠮᠠᠭ ᠬᠤᠳᠠ ᠶᠢᠨ | ᠨᠡᠶᠢᠯᠡᠪᠦᠷᠢ ᠶᠢᠨ 31.1% ᠶᠢ ᠡᠵᠡᠯᠡᠪᠡ︔ ᠳᠤᠮᠳᠠ ᠬᠡᠰᠡᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠶ ᠥᠷᠲᠡᠭ 12033.7 ᠳ᠋ᠦᠩᠰᠢᠭᠤᠷ ᠲᠥᠭᠦᠷᠢᠭ ᠲᠤ ᠬᠦᠷᠴᠦ᠂ 7.1% ᠪᠠᠷ ᠨᠡᠮᠡᠭᠳᠡᠨ᠂ ᠠᠶᠢᠮᠠᠭ | ᠬᠤᠲᠠ ᠶᠢᠨ ᠨᠡᠶᠢᠲᠡ 58.8% ᠶᠢ ᠡᠵᠡᠯᠡᠪᠡ︔ ᠪᠠᠷᠠᠭᠤᠨ ᠬᠡᠰᠡᠭ ᠤᠨ ᠤᠷᠤᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ 2065.0 ᠳ᠋ᠦᠩᠰᠢᠭᠤᠷ ᠲᠥᠭᠦᠷᠢᠭ ᠲᠤ ᠬᠦᠷᠴᠦ᠂ 4.6% ᠪᠠᠷ | ᠨᠡᠮᠡᠭᠳᠡᠨ᠂ ᠠᠶᠢᠮᠠᠭ ᠬᠤᠲᠠ ᠶᠢᠨ ᠨᠡᠶᠢᠯᠡᠪᠦᠷᠢ ᠶᠢᠨ 10.1% ᠶᠢ ᠡᠵᠡᠯᠡᠪᠡ᠃ | ᠬᠤᠶᠠᠷ᠂ ᠲᠠᠷᠢᠶᠠᠯᠠᠩ ᠮᠠᠯ ᠠᠵᠤ ᠠᠬᠤᠶ | ᠪᠥᠬᠦ ᠵᠢᠯ ᠤᠨ ᠲᠠᠷᠢᠮᠠᠯ ᠤᠨ ᠶᠡᠷᠦᠩᠬᠡᠶ ᠲᠠᠯᠠᠪᠠᠶ 874.3 ᠲᠦᠮᠡᠨ ᠾᠧᠺᠲ᠋ᠠᠷ ᠲᠤ ᠬᠥᠷᠪᠡ᠃ ᠡᠭᠦᠨ ᠳᠤ | ᠠᠮᠤ ᠪᠤᠳᠠᠭᠠᠨ ᠤ ᠲᠠᠷᠢᠮᠠᠯ ᠤᠨ ᠲᠠᠯᠠᠪᠠᠶ 688.4 ᠲᠦᠮᠡᠨ ᠾᠧᠺᠲ᠋ᠠᠷ ᠲᠤ ᠬᠦᠷᠴᠦ᠂ ᠲᠦᠷᠦᠭᠦᠦ | ᠵᠢᠯ ᠤᠨ ᠬᠢ ᠠᠴᠠ 0.7% ᠪᠠᠷ ᠨᠡᠮᠡᠭᠳᠡᠪᠡ᠃ ᠠᠮᠤ ᠪᠤᠳᠠᠭᠠᠨ ᠤ ᠭᠠᠷᠤᠯᠲᠠ 3840.3 ᠲᠦᠮᠡᠨ ᠲᠣᠨ ᠳᠤ | ᠬᠦᠷᠴᠦ᠂ ᠲᠦᠷᠦᠭᠦᠦ ᠵᠢᠯ ᠤᠨ ᠬᠢ ᠠᠴᠠ 4.8% ᠪᠠᠷ ᠨᠡᠮᠡᠭᠳᠡᠪᠡ᠃ | | | | | ᠪᠥᠬᠦ ᠵᠢᠯ ᠤᠨ ᠭᠠᠭ᠋ᠠᠶ ᠦᠬᠡᠷ ᠬᠤᠨᠢ ᠵᠢᠭᠦᠷᠲᠡᠨ ᠳᠥᠷᠪᠡᠨ ᠲᠦᠷᠦᠯ ᠤᠨ ᠮᠢᠬᠠᠨ ᠤ ᠭᠠᠷᠤᠯᠲᠠ 270.3 | ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 3.7% ᠪᠠᠷ ᠨᠡᠮᠡᠭᠳᠡᠪᠡ᠃ ᠡᠭᠦᠨ ᠳᠤ᠂ ᠭᠠᠭ᠋ᠠᠶ ᠶᠢᠨ | ᠮᠢᠬᠠᠨ ᠤ ᠭᠠᠷᠤᠯᠲᠠ 67.4 ᠲᠦᠮᠡᠨ ᠲᠣᠨ ᠳᠤ ᠬᠦᠷᠴᠦ᠂ 9.8% ᠪᠠᠷ ᠨᠡᠮᠡᠭᠳᠡᠪᠡ︔ ᠦᠬᠡᠷ ᠤᠨ ᠮᠢᠬᠠᠨ ᠤ | ᠭᠠᠷᠤᠯᠲᠠ 68.7 ᠲᠦᠮᠡᠨ ᠲᠣᠨ ᠳᠤ ᠬᠦᠷᠴᠦ᠂ 3.7% ᠪᠠᠷ ᠨᠡᠮᠡᠭᠳᠡᠪᠡ︔ ᠬᠤᠨᠢᠨ ᠮᠢᠬᠠᠨ ᠤ ᠭᠠᠷᠤᠯᠲᠠ | 113.7 ᠲᠦᠮᠡᠨ ᠲᠣᠨ ᠳᠤ ᠬᠦᠷᠴᠦ᠂ 0.6% ᠪᠠᠷ ᠨᠡᠮᠡᠭᠳᠡᠪᠡ︔ ᠵᠢᠭᠦᠷᠲᠡᠨ ᠤ ᠮᠢᠬᠠᠨ ᠤ ᠭᠠᠷᠤᠯᠲᠠ 20.5 | ᠲᠦᠮᠡᠨ ᠲᠣᠨ ᠳᠤ ᠬᠦᠷᠴᠦ᠂ 2.1% ᠪᠠᠷ ᠨᠡᠮᠡᠭᠳᠡᠪᠡ᠃ ᠵᠢᠭᠦᠷᠲᠡᠨ ᠤ ᠥᠨᠳᠡᠭᠡ ᠶᠢᠨ ᠭᠠᠷᠤᠯᠲᠠ 61.6 | ᠲᠦᠮᠡᠨ ᠲᠣᠨ ᠳᠤ ᠬᠦᠷᠴᠦ᠂ 1.9% ᠪᠠᠷ ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 673.2 ᠲᠦᠮᠡᠨ | ᠲᠣᠨ ᠳᠤ ᠬᠦᠷᠴᠦ᠂ 10.1% ᠪᠠᠷ ᠨᠡᠮᠡᠭᠳᠡᠪᠡ᠃ ᠵᠢᠯ ᠤᠨ ᠡᠴᠦᠰ ᠲᠤ ᠭᠠᠭ᠋ᠠᠶ ᠦᠬᠡᠷ ᠬᠤᠨᠢ ᠵᠢᠭᠦᠷᠲᠡᠨ ᠤ | ᠲᠤᠭ᠎ᠠ ᠲᠣᠯᠣᠭᠠᠶ 12838.1 ᠲᠦᠮᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 21.8 ᠲᠦᠮᠡ ᠨᠡᠮᠡᠭᠳᠡᠵᠦ᠂ | 1.7% ᠪᠠᠷ ᠨᠡᠮᠡᠭᠳᠡᠪᠡ᠃ ᠡᠭᠦᠨ ᠳᠤ᠂ ᠠᠮᠢᠳᠤ ᠭᠠᠭ᠋ᠠᠶ ᠶᠢᠨ ᠲᠤᠭ᠎ᠠ 565.2 ᠲᠦᠮᠡ ᠳᠤ ᠬᠦᠷᠴᠦ᠂ 5.8% | ᠪᠠᠷ ᠨᠡᠮᠡᠭᠳᠡᠪᠡ︔ 732.5 ᠲᠦᠮᠡᠨ ᠦᠬᠡᠷ ᠲᠡᠵᠢᠭᠡᠵᠦ᠂ 9.1% ᠨᠡᠮᠡᠭᠳᠡᠪᠡ︔ ᠮᠠᠯ ᠤᠨ ᠲᠤᠭ᠎ᠠ 6138.2 | ᠲᠦᠮᠡ ᠳᠤ ᠬᠦᠷᠴᠦ᠂ 1.1% ᠪᠠᠷ ᠨᠡᠮᠡᠭᠳᠡᠪᠡ︔ ᠬᠡᠷ ᠤᠨ ᠵᠢᠭᠦᠷᠲᠡᠨ ᠤ ᠲᠤᠭ᠎ᠠ 5402.3 ᠲᠦᠮᠡ ᠳᠤ | ᠬᠦᠷᠴᠦ᠂ 1.0% ᠢᠶᠠᠷ ᠨᠡᠮᠡᠭᠳᠡᠪᠡ᠃ | | ᠬᠦᠰᠦᠨᠦᠭᠲᠦ 3 2021 ᠣᠨ ᠤ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠭᠠᠷᠤᠯᠲᠠ ᠪᠣᠯᠤᠨ ᠮᠠᠯ ᠤᠨ ᠲᠤᠭ᠎ᠠ ᠲᠣᠯᠣᠭᠠᠶ ᠵᠢᠴᠢ ᠨᠡᠮᠡᠭᠳᠡᠯ ᠤᠨ ᠬᠤᠷᠳᠤᠴᠠ | | | ᠠᠩᠬ᠎ᠠ ᠠᠯᠬᠤᠮ ᠪᠦᠷᠢᠳᠬᠡᠭᠰᠡᠨ ᠢᠶᠠᠷ᠂ 2021 ᠣᠨ ᠤ ᠡᠴᠦᠰ ᠲᠤ ᠪᠥᠬᠦ ᠣᠷᠣᠨ ᠤ ᠲᠠᠷᠢᠶᠠᠯᠠᠩ ᠮᠠᠯ | ᠠᠵᠤ ᠠᠬᠤᠶ ᠶᠢᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 429.4 ᠲᠦᠮᠡᠨ ᠺᠢᠯᠤᠸᠠᠲ ᠪᠠᠶᠢᠵᠤ᠂ ᠲᠦᠷᠦᠭᠦᠦ | ᠵᠢᠯ ᠤᠨ ᠬᠢ ᠠᠴᠠ 4.5% ᠪᠠᠷ ᠨᠡᠮᠡᠭᠳᠡᠪᠡ᠃ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ | ᠠᠰᠢᠭᠯᠠᠯᠲᠠ ᠶᠢᠨ ᠢᠯᠡᠳᠬᠡᠮᠵᠢ 0.568᠃ | ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ | ᠪᠦᠬᠦ ᠵᠢᠯ ᠤᠨ ᠠᠵᠤ ᠦᠢᠯᠡᠳᠪᠦᠷᠢ ᠶᠢᠨ ᠪᠦᠬᠦ ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 6. | 5% ᠪᠠᠷ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 6.0 % ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ᠂ ᠠᠵᠤ | ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ | ᠠᠬᠤᠶᠢᠯᠠᠯ ᠤᠨ ᠨᠡᠮᠡᠭᠳᠡᠯ ᠥᠷᠲᠡᠭ 4.8% ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 6. | 1% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ | ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 5.3% ᠪᠠᠷ ᠨᠡᠮᠡᠭᠳᠡᠪᠡ᠃ ᠲᠥᠷᠥᠯ ᠬᠤᠪᠢᠶᠠᠵᠤ | ᠦᠵᠡᠪᠡᠯ᠂ ᠠᠭᠤᠷᠬᠠᠶ ᠮᠠᠯᠲᠠᠬᠤ ᠦᠢᠯᠡᠰ 3.4% ᠪᠠᠷ ᠨᠡᠮᠡᠭᠳᠡᠵᠦ᠂ ᠦᠢᠯᠡᠳᠭᠡᠯ ᠤᠨ ᠦᠢᠯᠡᠰ 11.3% ᠪᠠᠷ | ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 1.3% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠨᠡᠭᠦᠷᠡᠰᠦ | ᠮᠠᠯᠲᠠᠬᠤ ᠪᠠ ᠤᠬᠢᠶᠠᠵᠤ ᠰᠢᠯᠢᠬᠦ ᠦᠢᠯᠡᠰ 2.1% ᠪᠠᠷ ᠨᠡᠮᠡᠭᠳᠡᠵᠦ᠂ ᠢᠳᠡᠭᠡᠨ ᠦᠢᠯᠡᠳᠬᠦ ᠦᠢᠯᠡᠰ 6.0% ᠪᠠᠷ | ᠨᠡᠮᠡᠭᠳᠡᠵᠦ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ14.2% ᠢᠶᠠᠷ | ᠨᠡᠮᠡᠭᠳᠡᠵᠦ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ 6.0% ᠪᠠᠷ | ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠰᠤᠩᠭᠠᠬᠤ ᠡᠳ᠋ᠰᠢᠭᠦᠯᠬᠦ ᠦᠢᠯᠡᠰ 15.4% ᠪᠠᠷ | ᠨᠡᠮᠡᠭᠳᠡᠵᠦ᠂ ᠲᠤᠰᠬᠠᠶ ᠲᠥᠬᠦᠭᠡᠷᠦᠮᠵᠢ ᠦᠢᠯᠡᠳᠬᠦ ᠦᠢᠯᠡᠰ 5.8% ᠪᠠᠷ ᠨᠡᠮᠡᠭᠳᠡᠵᠦ᠂ ᠴᠠᠬᠢᠯᠭᠠᠨ ᠮᠠᠰᠢᠨ ᠪᠠ | ᠪᠠᠭᠠᠵᠢ ᠬᠡᠷᠡᠭᠰᠡᠯ ᠦᠢᠯᠡᠳᠬᠦ ᠦᠢᠯᠡᠰ 11.4% ᠪᠠᠷ ᠨᠡᠮᠡᠭᠳᠡᠵᠦ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ | ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ 21.3% ᠪᠠᠷ ᠨᠡᠮᠡᠭᠳᠡᠵᠦ᠂ ᠴᠠᠬᠢᠯᠭᠠᠨ ᠬᠦᠴᠦᠨ᠂ | ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.2% ᠢᠶᠠᠷ ᠨᠡᠮᠡᠭᠳᠡᠵᠡᠢ᠃ | ᠬᠦᠰᠦᠨᠦᠭᠲᠦ 4 2021 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯ | ᠪᠣᠯᠬᠤ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ | | | | | ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠪᠥᠬᠦ ᠣᠷᠣᠨ ᠤ | ᠨᠡᠭᠦᠷᠡᠰᠦᠨ ᠤ ᠭᠠᠷᠤᠯᠲᠠ 103896.1 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 2.7% | ᠪᠠᠷ ᠨᠡᠮᠡᠭᠳᠡᠪᠡ︔ ᠬᠡᠦᠷᠡᠰᠦ ᠶᠢᠨ ᠭᠠᠷᠤᠯᠲᠠ 4657.9 ᠲᠦᠮᠡᠨ ᠲᠣᠨ ᠳᠤ ᠬᠦᠷᠴᠦ᠂ 9.8% ᠪᠠᠷ ᠨᠡᠮᠡᠭᠳᠡᠪᠡ︔ | ᠴᠠᠬᠢᠯᠭᠠᠨ ᠭᠠᠷᠭᠠᠭᠰᠠᠨ ᠬᠡᠮᠵᠢᠶ᠎ᠡ 5952.6 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 3.7% ᠪᠠᠷ | ᠨᠡᠮᠡᠭᠳᠡᠪᠡ᠃ ᠪᠤᠯᠤᠳ ᠮᠠᠲ᠋ᠧᠷᠢᠶᠠᠯ ᠤᠨ ᠭᠠᠷᠤᠯᠲᠠ 2957.6 ᠲᠦᠮᠡᠨ ᠲᠣᠨ ᠳᠤ ᠬᠦᠷᠴᠦ᠂ 0.9% ᠪᠠᠷ | ᠪᠠᠭᠤᠷᠠᠪᠠ︔ ᠬᠥᠩᠭᠡᠨ ᠴᠠᠭᠠᠨ ᠤ ᠮᠠᠲ᠋ᠧᠷᠢᠶᠠᠯ ᠤᠨ ᠭᠠᠷᠤᠯᠲᠠ 240.1 ᠲᠦᠮᠡᠨ ᠲᠣᠨ ᠳᠤ ᠬᠦᠷᠴᠦ᠂ 7.7% | ᠪᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 368.0 ᠲᠦᠮᠡᠨ ᠲᠣᠨ ᠳᠤ ᠬᠦᠷᠴᠦ᠂ 9.3% ᠪᠠᠷ | ᠨᠡᠮᠡᠭᠳᠡᠪᠡ᠃ | | ᠬᠦᠰᠦᠨᠦᠭᠲᠦ 5 2021 ᠣᠨ ᠤ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ | ᠭᠠᠷᠤᠯᠲᠠ ᠵᠢᠴᠢ ᠲᠡᠭᠦᠨ ᠤ ᠨᠡᠮᠡᠭᠳᠡᠯ ᠤᠨ ᠬᠤᠷᠳᠤᠴᠠ | | | | ᠵᠢᠯ ᠤᠨ ᠡᠴᠦᠰ ᠲᠤ ᠪᠥᠬᠦ ᠣᠷᠣᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ | 15403 ᠲᠦᠮᠡᠨ ᠺᠢᠯᠣᠸᠠᠲ ( 6000 ᠺᠢᠯᠤᠸᠠᠲ ᠵᠢᠴᠢ ᠲᠡᠭᠦᠨ ᠠᠴᠠ ᠳᠡᠭᠡᠭᠰᠢ ) ᠪᠠᠶᠢᠵᠤ᠂ ᠳᠡᠭᠡᠷ᠎ᠡ | ᠵᠢᠯ ᠤᠨ ᠡᠴᠦᠰ ᠤᠨ ᠬᠢ ᠠᠴᠠ 5.8% ᠪᠠᠷ ᠨᠡᠮᠡᠭᠳᠡᠪᠡ᠂ ᠡᠭᠦᠨ ᠳᠤ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 9828 ᠲᠦᠮᠡᠨ ᠺᠢᠯᠤᠸᠠᠲ ᠪᠠᠶᠢᠵᠤ᠂ 5.0% ᠢᠶᠠᠷ ᠨᠡᠮᠡᠭᠳᠡᠪᠡ︔ ᠤᠰᠤᠨ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 238 ᠲᠦᠮᠡᠨ ᠺᠢᠯᠤᠸᠠᠲ ᠲᠤ ᠬᠦᠷᠴᠦ᠂ ᠳᠡᠭᠡᠷ᠎ᠡ ᠵᠢᠯ ᠤᠨ | ᠬᠢ ᠲᠠᠢ ᠲᠡᠩᠴᠡᠪᠡ︔ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 3993 | ᠲᠦᠮᠡᠨ ᠺᠢᠯᠤᠸᠠᠲ ᠲᠤ ᠬᠦᠷᠴᠦ᠂ 5.5% ᠪᠠᠷ ᠨᠡᠮᠡᠭᠳᠡᠪᠡ︔ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 1341 ᠲᠦᠮᠡᠨ ᠺᠢᠯᠤᠸᠠᠲ ᠲᠤ ᠬᠦᠷᠴᠦ᠂ 14.0% ᠢᠶᠠᠷ ᠨᠡᠮᠡᠭᠳᠡᠪᠡ᠃ | ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 23947.1 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ | 39.4% ᠪᠠᠷ ᠨᠡᠮᠡᠭᠳᠡᠪᠡ︔ 3380.8 ᠳ᠋ᠦᠩᠰᠢᠭᠤᠷ ᠲᠥᠭᠦᠷᠢᠭ ᠤᠨ ᠠᠰᠢᠭ ᠤᠷᠤᠯᠭ᠎ᠠ ᠶᠢ ᠪᠡᠶᠡᠯᠡᠭᠦᠯᠵᠦ᠂ 1. | 5 ᠳᠠᠬᠢᠨ ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ ᠶᠢᠨ ᠠᠰᠢᠭ ᠤᠷᠤᠯᠭ᠎ᠠ ᠶᠢᠨ ᠨᠣᠷᠮ᠎ᠠ ᠨᠢ 14.1% | ᠪᠣᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ | ᠪᠣᠷᠣᠯᠠᠭᠤᠯᠭ᠎ᠠ ᠶᠢᠨ ᠨᠣᠷᠮ᠎ᠠ ᠨᠢ 99.9% ᠪᠣᠯᠤᠨ᠎ᠠ᠃ | ᠪᠥᠬᠦ ᠵᠢᠯ ᠤᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 4.5% | ᠪᠠᠷ ᠨᠡᠮᠡᠭᠳᠡᠪᠡ᠃ ᠪᠦᠬᠦ ᠣᠷᠣᠨ ᠤ ᠬᠢᠷᠢ ᠬᠡᠮ ᠤᠨ ᠵᠡᠷᠭᠡ ᠳᠡᠰ ᠪᠦᠬᠦᠢ ᠶᠡᠷᠦᠩᠬᠡᠶ ᠳᠠᠭᠠᠭᠠᠴᠢᠯᠠᠭᠰᠠᠨ ᠪᠤᠶᠤ | ᠲᠤᠰᠬᠠᠶ ᠳᠠᠭᠠᠭᠠᠴᠢᠯᠠᠭᠰᠠᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ 1190 ᠪᠠᠶᠢᠵᠤ᠂ ᠳᠡᠭᠡᠷ᠎ᠡ ᠵᠢᠯ ᠤᠨ | ᠬᠢ ᠠᠴᠠ 19 ᠨᠡᠮᠡᠭᠳᠡᠪᠡ︔ | ᠠᠵᠢᠯ ᠤᠨ ᠬᠡᠮᠵᠢᠶ᠎ᠡ ᠲᠠᠢ ᠠᠵᠤ ᠠᠬᠤᠶᠢᠯᠠᠯ ᠤᠨ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ 7497.5 | ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 6.9% ᠪᠠᠷ ᠨᠡᠮᠡᠭᠳᠡᠪᠡ︔ ᠬᠡᠷ ᠪᠠᠶᠢᠰᠢᠩ ᠤᠨ ᠪᠠᠷᠢᠯᠭ᠎ᠠ | ᠳᠠᠭᠤᠰᠤᠭᠰᠠᠨ ᠲᠠᠯᠠᠪᠠᠶ 1320.7 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 6.4% ᠪᠠᠷ | ᠪᠠᠭᠤᠷᠠᠪᠠ︔ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠨᠣᠷᠮ᠎ᠠ ᠨᠢ 17.6% ᠪᠣᠯᠤᠨ᠎ᠠ᠃ | ᠳᠥᠷᠪᠡ᠂ ᠦᠢᠯᠡᠴᠢᠯᠡᠭᠡᠨ ᠤ ᠦᠢᠯᠡᠰ | ᠪᠥᠬᠦ ᠵᠢᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠨᠤᠭ ᠢᠳᠡᠭᠡᠨ | ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 1874.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ | ᠵᠢᠯ ᠤᠨ ᠬᠢ ᠠᠴᠠ 4.9% ᠪᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤ | ᠦᠢᠯᠡᠰ ᠤᠨ ᠨᠡᠮᠡᠭᠳᠡᠯ ᠥᠷᠳᠡᠭ 1262.4 ᠳ᠋ᠦᠩᠰᠢᠭᠤᠷ ᠲᠥᠭᠦᠷᠢᠭ ᠲᠤ ᠬᠦᠷᠴᠦ᠂ 9.3% ᠪᠠᠷ᠎ᠠ ᠨᠡᠮᠡᠭᠳᠡᠪᠡ︔ | ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠳᠡᠭ 898.4 ᠳ᠋ᠦᠩᠰᠢᠭᠤᠷ ᠲᠥᠭᠦᠷᠢᠭ ᠲᠤ ᠬᠦᠷᠴᠦ᠂ 3. | 8% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ ᠢ | 860.5 ᠳ᠋ᠦᠩᠰᠢᠭᠤᠷ ᠲᠥᠭᠦᠷᠢᠭ ᠲᠤ ᠬᠦᠷᠴᠦ᠂ 2.5% ᠪᠠᠷ ᠨᠡᠮᠡᠭᠳᠡᠪᠡ᠃ ᠪᠥᠬᠦ ᠵᠢᠯ ᠤᠨ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠲᠦᠷᠦᠭᠦᠦ | ᠵᠢᠯ ᠤᠨ ᠬᠢ ᠠᠴᠠ 4.6% ᠪᠠᠷ ᠨᠡᠮᠡᠭᠳᠡᠪᠡ᠃ | | | | | ᠪᠥᠬᠦ ᠵᠢᠯ ᠤᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ 211903.8 ᠲᠦᠮᠡᠨ ᠲᠣᠨ ᠳᠤ | ᠬᠦᠷᠴᠦ᠂ ᠲᠦᠷᠦᠭᠦᠦ ᠵᠢᠯ ᠤᠨ ᠬᠢ ᠠᠴᠠ 24.2% ᠢᠶᠠᠷ ᠨᠡᠮᠡᠭᠳᠡᠪᠡ᠃ ᠪᠠᠷᠠᠭᠠᠨ ᠤ ᠲᠡᠭᠡᠭᠡᠪᠦᠷᠢ ᠶᠢᠨ | ᠡᠷᠭᠢᠯᠲᠡ ᠶᠢᠨ ᠬᠡᠮᠵᠢᠶ᠎ᠡ 4891.7 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ 10.4% ᠪᠠᠷ ᠨᠡᠮᠡᠭᠳᠡᠪᠡ᠃ | ᠪᠥᠬᠦ ᠵᠢᠯ ᠤᠨ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ 7271.8 ᠲᠦᠮᠡᠨ ᠬᠥᠮᠦᠨ ᠪᠠᠶᠢᠵᠤ᠂ | ᠳᠡᠭᠡᠷ᠎ᠡ ᠵᠢᠯ ᠤᠨ ᠬᠢ ᠠᠴᠠ 1.7% ᠪᠠᠷ ᠪᠠᠭᠤᠷᠠᠪᠠ᠃ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ | 164.8 ᠳ᠋ᠦᠩᠰᠢᠭᠤᠷ ᠬᠥᠮᠦᠨ ᠺᠢᠯᠣᠮᠧᠲᠷ ᠲᠤ ᠬᠦᠷᠴᠦ᠂ ᠳᠡᠭᠡᠷ᠎ᠡ ᠵᠢᠯ ᠤᠨ ᠬᠢ ᠲᠠᠢ ᠲᠡᠩᠴᠡᠪᠡ᠃ | | ᠬᠦᠰᠦᠨᠦᠭᠲᠦ 6 2021 ᠣᠨ ᠤ ᠡᠯ᠎ᠡ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠪᠠᠷᠠᠭ᠎ᠠ | ᠲᠡᠭᠡᠭᠡᠪᠦᠷᠢᠯᠡᠭᠰᠡᠨ ᠬᠡᠮᠵᠢᠶ᠎ᠡ ᠵᠢᠴᠢ ᠲᠡᠭᠦᠨ ᠤ ᠨᠡᠮᠡᠭᠳᠡᠯ ᠤᠨ ᠬᠤᠷᠳᠤᠴᠠ | | ᠬᠦᠰᠦᠨᠦᠭᠲᠦ 7 2021 ᠣᠨ ᠳᠤ ᠡᠯ᠎ᠡ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠤᠨ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠵᠢᠴᠢ ᠨᠡᠮᠡᠭᠳᠡᠯ ᠤᠨ ᠬᠤᠷᠳᠤᠴᠠ | | | | | ᠵᠢᠯ ᠤᠨ ᠡᠴᠦᠰ ᠲᠤ ᠪᠥᠬᠦ ᠣᠷᠣᠨ ᠤ ᠠᠷᠠᠳ ᠤᠨ ᠬᠡᠷᠡᠭᠯᠡᠭᠡᠨ ᠤ ᠮᠠᠰᠢᠨ ᠲᠡᠷᠭᠡᠨ ᠤ ᠬᠠᠳᠠᠭᠠᠯᠠᠯᠲᠠ ᠶᠢᠨ | ᠬᠡᠮᠵᠢᠶ᠎ᠡ 656.3 ᠲᠦᠮᠡ ᠳᠤ ᠬᠦᠷᠴᠦ ( ᠭᠤᠷᠪᠠᠨ ᠬᠦᠷᠳᠦᠲᠦ ᠮᠠᠰᠢᠨ ᠲᠡᠷᠭᠡ ᠪᠠ ᠳᠤᠤᠷ᠎ᠠ ᠬᠤᠷᠳᠤᠴᠠᠲᠤ | ᠪᠠᠷᠠᠭᠠᠨ ᠤ ᠲᠡᠷᠭᠡ 11.4 ᠲᠦᠮᠡ ᠪᠠᠭᠲᠠᠨ᠎ᠠ )᠂ ᠲᠦᠷᠦᠭᠦᠦ ᠵᠢᠯ ᠤᠨ ᠡᠴᠦᠰ ᠤᠨ ᠬᠢ ᠠᠴᠠ 6.3% ᠪᠠᠷ | ᠨᠡᠮᠡᠭᠳᠡᠪᠡ᠂ ᠡᠭᠦᠨ ᠳᠤ ᠬᠤᠪᠢ ᠬᠥᠮᠦᠨ ᠤ ᠮᠠᠰᠢᠨ ᠲᠡᠷᠭᠡᠨ ᠤ ᠬᠡᠮᠵᠢᠶ᠎ᠡ 625.8 ᠲᠦᠮᠡ ᠳᠤ ᠬᠦᠷᠴᠦ᠂ 6. | 1% ᠪᠠᠷ ᠨᠡᠮᠡᠭᠳᠡᠪᠡ᠃ ᠠᠷᠠᠳ ᠤᠨ ᠬᠡᠷᠡᠭᠯᠡᠭᠡᠨ ᠤ ᠰᠠᠭᠤᠳᠠᠯ ᠤᠨ ᠮᠠᠰᠢᠨ 601.5 ᠲᠦᠮᠡ ᠪᠠᠶᠢᠵᠤ᠂ 6.3% | ᠪᠠᠷ ᠨᠡᠮᠡᠭᠳᠡᠪᠡ᠂ ᠡᠭᠦᠨ ᠤ ᠳᠣᠲᠣᠷ᠎ᠠ ᠬᠤᠪᠢ ᠶᠢᠨ ᠪᠠᠭ᠎ᠠ ᠮᠠᠰᠢᠨ 594.4 ᠲᠦᠮᠡ ᠪᠠᠶᠢᠵᠤ᠂ 6.2% ᠢᠶᠠᠷ | ᠨᠡᠮᠡᠭᠳᠡᠪᠡ᠃ | ᠪᠥᠬᠦ ᠵᠢᠯ ᠳᠤ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ ᠶᠢ 62. | 9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 21.2% ᠢᠶᠠᠷ ᠨᠡᠮᠡᠭᠳᠡᠪᠡ᠃ | ᠰᠢᠤᠳᠠᠨ ᠤ ᠦᠢᠯᠡᠰ ᠪᠥᠬᠦ ᠵᠢᠯ ᠳᠤ 672.1 ᠲᠦᠮᠡᠨ ᠬᠤᠪᠢ ᠰᠢᠤᠳᠠᠨ ᠤ ᠵᠠᠬᠢᠳᠠᠯ ᠤᠨ ᠲᠤᠬᠠᠶᠢᠯᠠᠭᠰᠠᠨ ᠠᠵᠢᠯ᠂ | 17.0 ᠲᠦᠮᠡᠨ ᠬᠤᠪᠢ ᠪᠣᠭᠤᠳᠠᠯ ᠤᠨ ᠲᠤᠬᠠᠶᠢᠯᠠᠭᠰᠠᠨ ᠠᠵᠢᠯ ᠢ ᠪᠡᠶᠡᠯᠡᠭᠦᠯᠪᠡ︔ ᠲᠦᠷᠭᠡᠨ ᠬᠦᠷᠭᠡᠯᠲᠡ ᠶᠢᠨ | ᠲᠤᠬᠠᠶᠢᠯᠠᠭᠰᠠᠨ ᠠᠵᠢᠯ ᠤᠨ ᠬᠡᠮᠵᠢᠶ᠎ᠡ 26086.0 ᠲᠦᠮᠡᠨ ᠬᠤᠪᠢ ᠪᠠᠶᠢᠵᠤ᠂ 33.4% ᠪᠠᠷ ᠨᠡᠮᠡᠭᠳᠡᠪᠡ︔ | ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ 51.9 ᠳ᠋ᠦᠩᠰᠢᠭᠤᠷ ᠲᠥᠭᠦᠷᠢᠭ ᠲᠤ ᠬᠦᠷᠴᠦ᠂ | 23.3% ᠪᠠᠷ ᠨᠡᠮᠡᠭᠳᠡᠪᠡ᠃ ᠪᠥᠬᠦ ᠵᠢᠯ ᠳᠤ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ | ᠬᠡᠮᠵᠢᠶ᠎ᠡ 289.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 23.2% ᠢᠶᠠᠷ | ᠨᠡᠮᠡᠭᠳᠡᠪᠡ᠃ ᠵᠢᠯ ᠤᠨ ᠡᠴᠦᠰ ᠲᠤ ᠪᠥᠬᠦ ᠣᠷᠣᠨ ᠤ ᠰᠢᠯᠵᠢᠮᠡᠯ ᠳ᠋ᠢᠶᠠᠩᠬᠤᠸᠠ ᠶᠢᠨ ᠬᠡᠷᠡᠭᠯᠡᠭᠴᠢ ᠶᠢᠨ ᠶᠡᠷᠦᠩᠬᠡᠶ | ᠲᠤᠭ᠎ᠠ 3016.9 ᠲᠦᠮᠡᠨ ᠡᠷᠦᠬᠡ ᠪᠠᠶᠢᠵᠤ᠂ ᠡᠭᠦᠨ ᠳᠤ 4G ᠰᠢᠯᠵᠢᠮᠡᠯ ᠳ᠋ᠢᠶᠠᠩᠬᠤᠸᠠ ᠶᠢᠨ ᠬᠡᠷᠡᠭᠯᠡᠭᠴᠢ | 2066.5 ᠲᠦᠮᠡᠨ ᠡᠷᠦᠬᠡ᠂ 5G ᠶᠢᠨ ᠦᠵᠦᠭᠦᠷᠯᠢᠭ ᠬᠡᠷᠡᠭᠯᠡᠭᠴᠢ 953.4 ᠲᠦᠮᠡᠨ ᠡᠷᠦᠬᠡ ᠪᠠᠶᠢᠨ᠎ᠠ᠃ | ᠰᠢᠯᠵᠢᠮᠡᠯ ᠳ᠋ᠢᠶᠠᠩᠬᠤᠸᠠ ᠶᠢᠨ ᠲᠦᠭᠡᠮᠡᠯᠵᠢᠭᠰᠡᠨ ᠨᠣᠷᠮ᠎ᠠ 125.5 / ᠵᠠᠭᠤᠨ ᠬᠥᠮᠦᠨ ᠬᠦᠷᠴᠠᠢ᠃ ᠲᠣᠭᠲᠠᠮᠠᠯ | ᠢᠨᠲ᠋ᠧᠷ ᠰᠦᠯᠵᠢᠶᠡᠨ ᠤ ᠥᠷᠭᠡᠨ ᠪᠦᠰᠡ ᠵᠠᠯᠭᠠᠬᠤ ᠬᠡᠷᠡᠭᠯᠡᠭᠴᠢ 796.2 ᠲᠦᠮᠡᠨ ᠡᠷᠦᠬᠡ ᠪᠣᠯᠵᠣ᠂ ᠲᠦᠷᠦᠭᠦᠦ | ᠵᠢᠯ ᠤᠨ ᠡᠴᠦᠰ ᠤᠨ ᠬᠢ ᠠᠴᠠ 73.3 ᠲᠦᠮᠡᠨ ᠡᠷᠦᠬᠡ ᠨᠡᠮᠡᠭᠳᠡᠪᠡ︔ ᠰᠢᠯᠵᠢᠮᠡᠯ ᠢᠨᠲ᠋ᠧᠷ ᠰᠦᠯᠵᠢᠶᠡᠨ ᠤ | ᠬᠡᠷᠡᠭᠯᠡᠭᠴᠢ 2665.2 ᠲᠦᠮᠡᠨ ᠡᠷᠦᠬᠡ ᠪᠣᠯᠵᠣ᠂ 90.9 ᠲᠦᠮᠡᠨ ᠡᠷᠦᠬᠡ ᠨᠡᠮᠡᠭᠳᠡᠪᠡ᠃ ᠪᠥᠬᠦ ᠵᠢᠯ ᠤᠨ | ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠲᠤᠭ᠎ᠠ 405069 ᠲᠦᠮᠡᠨ GB ᠳᠤ ᠬᠦᠷᠴᠦ᠂ | ᠲᠦᠷᠦᠭᠦᠦ ᠵᠢᠯ ᠤᠨ ᠬᠢ ᠠᠴᠠ 24.2% ᠢᠶᠠᠷ ᠨᠡᠮᠡᠭᠳᠡᠪᠡ᠃ | | | | | | | | ᠲᠠᠪᠤ᠂ ᠤᠯᠤᠰ ᠤᠨ ᠳᠣᠲᠣᠭᠠᠳᠤ ᠶᠢᠨ ᠠᠷᠠᠯᠵᠢᠶ᠎ᠠ | ᠪᠦᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 5060. | 3 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 6.3% ᠪᠠᠷ ᠨᠡᠮᠡᠭᠳᠡᠵᠡᠢ᠃ | ᠡᠵᠡᠩᠨᠡᠯᠲᠡ ᠶᠢᠨ ᠭᠠᠵᠠᠷ ᠤᠨ ᠪᠦᠷᠢᠳᠬᠡᠯ ᠢᠶᠠᠷ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠲᠤᠭ᠎ᠠ 4471.3 ᠳ᠋ᠦᠩᠰᠢᠭᠤᠷ ᠲᠥᠭᠦᠷᠢᠭ ᠲᠤ ᠬᠦᠷᠴᠦ᠂ 6.3% ᠪᠠᠷ | ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 589.0 | ᠳ᠋ᠦᠩᠰᠢᠭᠤᠷ ᠲᠥᠭᠦᠷᠢᠭ ᠲᠤ ᠬᠦᠷᠴᠦ᠂ 6.2% ᠢᠶᠠᠷ ᠨᠡᠮᠡᠭᠳᠡᠪᠡ᠃ ᠬᠡᠷᠡᠭᠯᠡᠭᠡᠨ ᠤ ᠲᠦᠷᠦᠯ ᠵᠦᠢᠯ ᠢᠶᠠᠷ | ᠪᠦᠷᠢᠳᠬᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 4414.6 ᠳ᠋ᠦᠩᠰᠢᠭᠤᠷ ᠲᠥᠭᠦᠷᠢᠭ ᠲᠤ | ᠬᠦᠷᠴᠦ᠂ 5.6% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ ᠶᠢᠨ ᠲᠤᠭ᠎ᠠ 645.7 ᠳ᠋ᠦᠩᠰᠢᠭᠤᠷ | ᠲᠥᠭᠦᠷᠢᠭ ᠲᠤ ᠬᠦᠷᠴᠦ᠂ 11.2% ᠢᠶᠠᠷ ᠨᠡᠮᠡᠭᠳᠡᠪᠡ᠃ ᠣᠷᠣᠨ ᠪᠦᠰᠡ ᠬᠤᠪᠢᠶᠠᠨ ᠦᠵᠡᠪᠡᠯ᠂ ᠵᠡᠭᠦᠨ | ᠬᠡᠰᠡᠭ ᠤᠨ ᠭᠠᠵᠠᠷ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 5. | 6% ᠪᠠᠷ ᠨᠡᠮᠡᠭᠳᠡᠵᠦ᠂ ᠳᠤᠮᠳᠠ ᠬᠡᠰᠡᠭ ᠤᠨ ᠭᠠᠵᠠᠷ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ 7.0% ᠢᠶᠠᠷ ᠨᠡᠮᠡᠭᠳᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 4.2% ᠢᠶᠠᠷ ᠨᠡᠮᠡᠭᠳᠡᠵᠡᠢ᠃ | | | | | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ | ᠳᠣᠲᠣᠷ᠎ᠠ᠂ ᠠᠮᠤ ᠲᠣᠰᠣ᠂ ᠢᠳᠡᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ | ᠵᠢᠯ ᠤᠨ ᠬᠢ ᠠᠴᠠ 10.8% ᠪᠠᠷ ᠨᠡᠮᠡᠭᠳᠡᠵᠦ᠂ ᠤᠮᠳᠠᠭᠠᠨ ᠤ ᠲᠥᠷᠥᠯ 4.5% ᠪᠠᠷ ᠨᠡᠮᠡᠭᠳᠡᠵᠦ᠂ ᠠᠷᠢᠬᠢ | ᠲᠠᠮᠠᠬᠢᠨ ᠤ ᠲᠥᠷᠥᠯ 21.5% ᠪᠠᠷ ᠨᠡᠮᠡᠭᠳᠡᠵᠦ᠂ ᠬᠢᠲᠠᠳ ᠧᠦ᠋ᠷᠣᠫᠠ ᠡᠮ ᠤᠨ ᠲᠥᠷᠥᠯ 5.1% ᠪᠠᠷ | ᠨᠡᠮᠡᠭᠳᠡᠵᠦ᠂ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ 21.5% ᠪᠠᠷ ᠨᠡᠮᠡᠭᠳᠡᠵᠦ᠂ ᠮᠠᠰᠢᠨ ᠲᠡᠷᠭᠡᠨ ᠤ | ᠲᠥᠷᠥᠯ 6.4% ᠪᠠᠷ ᠨᠡᠮᠡᠭᠳᠡᠪᠡ᠃ | ᠪᠥᠬᠦ ᠵᠢᠯ ᠤᠨ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 303.6 | ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 18.3% ᠪᠠᠷ ᠨᠡᠮᠡᠭᠳᠡᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 6. | 0% ᠪᠣᠯᠵᠣ᠂ ᠲᠦᠷᠦᠭᠦᠦ ᠵᠢᠯ ᠤᠨ ᠬᠢ ᠠᠴᠠ 0.4 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠵᠢᠷᠭᠤᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠪᠦᠬᠦ ᠵᠢᠯ ᠤᠨ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠲᠦᠷᠦᠭᠦᠦ | ᠵᠢᠯ ᠤᠨ ᠬᠢ ᠠᠴᠠ 9.5% ᠪᠠᠷ ᠨᠡᠮᠡᠭᠳᠡᠪᠡ᠃ ᠡᠭᠦᠨ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ( | ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ ) 9.8% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ( ᠲᠠᠷᠢᠶᠠᠴᠢᠨ ᠡᠷᠦᠬᠡ ᠶᠢ ᠪᠠᠭᠲᠠᠭᠠᠬᠤ ᠦᠭᠡᠶ ) ᠶᠢᠨ ᠳᠣᠲᠣᠷ᠎ᠠ᠂ ᠨᠢᠭᠡᠳᠦᠭᠡᠷ ᠠᠵᠤ | ᠦᠢᠯᠡᠰ ᠤᠨ ᠪᠡᠯᠡ ᠣᠷᠣᠭᠤᠯᠤᠯᠲᠠ 2.4% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ 21.1% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 2 4% | ᠪᠠᠷ ᠨᠡᠮᠡᠭᠳᠡᠪᠡ᠃ ᠠᠷᠠᠳ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 14. | 4% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ( ᠲᠠᠷᠢᠶᠠᠴᠢᠨ ᠡᠷᠦᠬᠡ ᠶᠢ ᠪᠠᠭᠲᠠᠭᠠᠬᠤ | ᠦᠭᠡᠶ ) ᠶᠢᠨ 54.4% ᠶᠢ ᠡᠵᠡᠯᠡᠪᠡ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠲᠦᠷᠦᠭᠦᠦ | ᠵᠢᠯ ᠤᠨ ᠬᠢ ᠠᠴᠠ 0.2% ᠢᠶᠠᠷ ᠨᠡᠮᠡᠭᠳᠡᠪᠡ᠃ ᠲᠦᠷᠦᠯ ᠵᠦᠢᠯ ᠤᠨ ᠬᠠᠷᠢᠶᠠᠯᠠᠭᠳᠠᠬᠤ ᠬᠠᠷᠢᠴᠠᠭ᠎ᠠ ᠪᠠᠷ | ᠬᠤᠪᠢᠶᠠᠪᠠᠯ᠂ ᠣᠷᠣᠨ ᠨᠤᠲᠤᠭ ᠤᠨ ᠲᠦᠷᠦᠯ ᠵᠦᠢᠯ ᠤᠨ ᠪᠡᠯᠡ ᠣᠷᠣᠭᠤᠯᠤᠯᠲᠠ 10.2% ᠢᠶᠠᠷ ᠨᠡᠮᠡᠭᠳᠡᠵᠦ᠂ | ᠲᠥᠪ ᠤᠨ ᠲᠦᠷᠦᠯ ᠵᠦᠢᠯ ᠤᠨ ᠪᠡᠯᠡ ᠣᠷᠣᠭᠤᠯᠤᠯᠲᠠ 5.9% ᠪᠠᠷ ᠨᠡᠮᠡᠭᠳᠡᠪᠡ᠃ ᠣᠷᠣᠨ ᠪᠦᠰᠡ ᠬᠤᠪᠢᠶᠠᠵᠤ | ᠦᠵᠡᠪᠡᠯ᠂ ᠵᠡᠭᠦᠨ ᠬᠡᠰᠡᠭ ᠤᠨ ᠭᠠᠵᠠᠷ ᠣᠷᠣᠨ ᠤ ᠪᠠᠯᠠ ᠣᠷᠣᠭᠤᠯᠤᠯᠲᠠ ᠲᠦᠷᠦᠭᠦᠦ ᠵᠢᠯ ᠤᠨ ᠬᠢ ᠠᠴᠠ 0.4% | ᠪᠠᠷ ᠨᠡᠮᠡᠭᠳᠡᠵᠦ᠂ ᠳᠤᠮᠳᠠ ᠬᠡᠰᠡᠭ ᠤᠨ ᠭᠠᠵᠠᠷ ᠣᠷᠣᠨ ᠤ ᠪᠠᠯᠠ ᠣᠷᠣᠭᠤᠯᠤᠯᠲᠠ 18.9% ᠪᠠᠷ ᠨᠡᠮᠡᠭᠳᠡᠵᠦ᠂ | ᠪᠠᠷᠠᠭᠤᠨ ᠬᠡᠰᠡᠭ ᠤᠨ ᠭᠠᠵᠠᠷ ᠣᠷᠣᠨ ᠤ ᠪᠠᠯᠠ ᠣᠷᠣᠭᠤᠯᠤᠯᠲᠠ 8.6% ᠪᠠᠷ ᠨᠡᠮᠡᠭᠳᠡᠪᠡ᠃ | ᠪᠥᠬᠦ ᠵᠢᠯ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ | 1234.1 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 4.9% ᠪᠠᠷ ᠨᠡᠮᠡᠭᠳᠡᠪᠡ᠃ | ᠡᠭᠦᠨ ᠳᠤ᠂ ᠣᠷᠣᠨ ᠰᠠᠭᠤᠴᠠ ᠶᠢᠨ ᠪᠠᠯᠠ ᠣᠷᠣᠭᠤᠯᠤᠯᠲᠠ 971.4 ᠳ᠋ᠦᠩᠰᠢᠭᠤᠷ ᠲᠥᠭᠦᠷᠢᠭ ᠲᠤ ᠬᠦᠷᠴᠦ᠂ 7. | 1% ᠪᠠᠷ ᠨᠡᠮᠡᠭᠳᠡᠪᠡ︔ ᠠᠯᠪᠠᠨ ᠠᠰᠠᠷ ᠤᠨ ᠪᠡᠯᠡ ᠣᠷᠣᠭᠤᠯᠤᠯᠲᠠ 7.9 ᠳ᠋ᠦᠩᠰᠢᠭᠤᠷ ᠲᠥᠭᠦᠷᠢᠭ᠂ 1. | 9% ᠪᠠᠷ ᠨᠡᠮᠡᠭᠳᠡᠪᠡ︔ ᠬᠤᠳᠠᠯᠳᠤᠭᠠᠨ ᠤ ᠡᠵᠡᠩᠨᠡᠯᠲᠡ ᠳᠤ ᠬᠡᠷᠡᠭᠯᠡᠬᠦ ᠬᠡᠷ ᠪᠠᠶᠢᠰᠢᠩ ᠤᠨ ᠪᠠᠯᠠ ᠣᠷᠣᠭᠤᠯᠤᠯᠲᠠ | 108.3 ᠳ᠋ᠦᠩᠰᠢᠭᠤᠷ ᠲᠥᠭᠦᠷᠢᠭ ᠲᠤ ᠬᠦᠷᠴᠦ᠂ 8.3% ᠪᠠᠷ ᠪᠠᠭᠤᠷᠠᠪᠠ᠃ ᠲᠠᠸᠠᠷ ᠤᠨ ᠬᠡᠷ ᠪᠠᠶᠢᠰᠢᠩ ᠤᠨ | ᠪᠣᠷᠣᠯᠠᠭᠤᠯᠤᠭᠰᠠᠨ ᠲᠠᠯᠠᠪᠠᠶ 1858.9 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 9.1% | ᠪᠠᠭᠤᠷᠠᠪᠠ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠬᠡᠮᠵᠢᠶ᠎ᠡ 1214.8 ᠳ᠋ᠦᠩᠰᠢᠭᠤᠷ | ᠲᠥᠭᠦᠷᠢᠭ ᠲᠤ ᠬᠦᠷᠴᠦ᠂ 11.0% ᠢᠶᠠᠷ ᠪᠠᠭᠤᠷᠠᠪᠠ᠃ | ᠬᠦᠰᠦᠨᠦᠭᠲᠦ 8 2021 ᠣᠨ ᠳᠤ ᠠᠵᠢᠯ ᠲᠥᠷᠥᠯ ᠬᠤᠪᠢᠶᠠᠭᠰᠠᠨ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ( ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ ) ᠶᠢᠨ ᠨᠡᠮᠡᠭᠳᠡᠯ ᠤᠨ ᠬᠤᠷᠳᠤᠴᠠ | | ᠲᠤᠯᠤᠭ᠎ᠠ᠂ ᠭᠠᠳᠠᠭᠠᠳᠤ ᠠᠵᠤ ᠠᠬᠤᠢ | ᠪᠥᠬᠦ ᠵᠢᠯ ᠤᠨ ᠪᠣᠭᠤᠮᠲᠠ ᠶᠢᠨ ᠭᠠᠳᠠᠭᠠᠳᠤ ᠤᠷᠤᠭᠤᠯᠤᠯᠳᠠ ᠭᠠᠷᠭᠠᠯᠲᠠ ᠶᠢᠨ ᠪᠥᠬᠦ ᠲᠤᠭ᠎ᠠ 1235.6 | ᠳ᠋ᠦᠩᠰᠢᠭᠤᠷ ᠲᠥᠭᠦᠷᠢᠭ ( ᠠᠷᠠᠳ ᠤᠨ ᠵᠣᠭᠤᠰ᠂ ᠳᠣᠷᠣᠭᠰᠢ ᠠᠳᠠᠯᠢ ) ᠬᠦᠷᠴᠦ᠂ ᠲᠦᠷᠦᠭᠦᠦ | ᠵᠢᠯ ᠤᠨ ᠬᠢ ᠠᠴᠠ 17.2% ᠢᠶᠠᠷ ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ ᠶᠢᠨ ᠶᠡᠷᠦᠩᠬᠡᠶ ᠲᠤᠭ᠎ᠠ | 478.4 ᠳ᠋ᠦᠩᠰᠢᠭᠤᠷ ᠲᠥᠭᠦᠷᠢᠭ ᠲᠤ ᠬᠦᠷᠴᠦ᠂ 37.1% ᠪᠠᠷ ᠨᠡᠮᠡᠭᠳᠡᠪᠡ︔ ᠭᠠᠳᠠᠭᠠᠳᠤ | ᠤᠷᠤᠭᠤᠯᠤᠯᠳᠠ ᠶᠢᠨ ᠪᠦᠬᠦ ᠲᠤᠭ᠎ᠠ 757.2 ᠳ᠋ᠦᠩᠰᠢᠭᠤᠷ ᠲᠥᠭᠦᠷᠢᠭ ᠲᠤ ᠬᠦᠷᠴᠦ᠂ 7.4% ᠪᠠᠷ ᠨᠡᠮᠡᠭᠳᠡᠪᠡ᠃ | ᠭᠤᠤᠯ ᠪᠣᠯᠬᠤ ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶᠠᠨ ᠤ ᠤᠷᠤᠭᠤᠯᠤᠯᠳᠠ | ᠭᠠᠷᠭᠠᠯᠲᠠ ᠶᠢᠨ ᠲᠤᠭ᠎ᠠ 805.9 ᠳ᠋ᠦᠩᠰᠢᠭᠤᠷ ᠲᠥᠭᠦᠷᠢᠭ ᠲᠤ ᠬᠦᠷᠴᠦ᠂ 16.8% ᠪᠠᠷ ᠨᠡᠮᠡᠭᠳᠡᠵᠦ᠂ | ᠭᠠᠳᠠᠭᠠᠳᠤ ᠤᠷᠤᠭᠤᠯᠤᠯᠳᠠ ᠭᠠᠷᠭᠠᠯᠲᠠ ᠶᠢᠨ ᠶᠡᠷᠦᠩᠬᠡᠶ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 65.2% | ᠪᠣᠯᠵᠠᠶ︔ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ | 205.4 ᠳ᠋ᠦᠩᠰᠢᠭᠤᠷ ᠲᠥᠭᠦᠷᠢᠭ ᠲᠤ ᠬᠥᠷᠪᠡ︔ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ | ᠤᠷᠤᠭᠤᠯᠤᠯᠳᠠ ᠭᠠᠷᠭᠠᠯᠲᠠ ᠶᠢᠨ ᠲᠤᠭ᠎ᠠ 67.8 ᠳ᠋ᠦᠩᠰᠢᠭᠤᠷ ᠲᠥᠭᠦᠷᠢᠭ ᠲᠤ ᠬᠦᠷᠴᠡᠢ᠃ 《 ᠨᠢᠭᠡ ᠪᠦᠰᠡ | ᠨᠢᠭᠡ ᠵᠠᠮ 》ᠳᠠᠭᠠᠤ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠤᠭ᠎ᠠ 717. | 3 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 13.2% ᠢᠶᠠᠷ ᠨᠡᠮᠡᠭᠳᠡᠪᠡ᠃ | ᠬᠦᠰᠦᠨᠦᠭᠲᠦ 9 2021 ᠣᠨ ᠤ ᠪᠣᠭᠤᠮᠲᠠ ᠶᠢᠨ ᠭᠠᠳᠠᠭᠠᠳᠤ ᠤᠷᠤᠭᠤᠯᠤᠯᠳᠠ ᠭᠠᠷᠭᠠᠯᠲᠠ ᠶᠢᠨ | ᠶᠡᠷᠦᠩᠬᠡᠶ ᠲᠤᠭ᠎ᠠ ᠵᠢᠴᠢ ᠲᠡᠭᠦᠨ ᠤ ᠨᠡᠮᠡᠭᠳᠡᠯ ᠤᠨ ᠬᠤᠷᠳᠤᠴᠠ | | ᠬᠤᠳᠠᠯᠳᠤᠭᠠᠨ ᠤ ᠶᠠᠪᠤᠳᠠᠯ ᠤᠨ ᠶᠠᠮᠤᠨ ᠤ ᠪᠦᠷᠢᠳᠬᠡᠯ ᠠᠴᠠ ᠦᠵᠡᠪᠡᠯ᠂ ᠪᠥᠬᠦ ᠣᠷᠣᠨ ᠤ ᠪᠣᠳᠠᠲᠠᠶ | ᠬᠡᠷᠡᠭᠯᠡᠭᠰᠡᠨ ᠭᠠᠳᠠᠭᠠᠳᠤ ᠪᠠᠯᠠ 3.2 ᠳ᠋ᠦᠩᠰᠢᠭᠤᠷ ᠳ᠋ᠣᠯᠯᠠᠷ ᠲᠤ ᠬᠦᠷᠴᠦ᠂ ᠲᠦᠷᠦᠭᠦᠦ ᠵᠢᠯ ᠤᠨ ᠬᠢ ᠠᠴᠠ 4. | 4% ᠪᠠᠷ ᠨᠡᠮᠡᠭᠳᠡᠪᠡ ( 21.8 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠢᠶᠠᠷ ᠨᠤᠭᠤᠯᠵᠤ ᠪᠤᠳᠤᠪᠠᠯ᠂ 2. | 3% ᠪᠠᠷ ᠨᠡᠮᠡᠭᠳᠡᠪᠡ )᠃ ᠵᠢᠯ ᠤᠨ ᠡᠴᠦᠰ ᠲᠤ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠤᠭᠰᠠᠨ ᠠᠵᠤ ᠠᠬᠤᠶᠢᠯᠠᠯ 3248 ᠪᠠᠶᠢᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠢ 44 ᠰᠢᠨ᠎ᠡ ᠪᠠᠷ ᠪᠠᠶᠢᠭᠤᠯᠪᠠ᠃ | ᠨᠠᠢᠮᠠ᠂ ᠡᠳ᠋ ᠤᠨ ᠵᠠᠰᠠᠭ᠂ ᠮᠥᠩᠭᠦᠨ ᠭᠦᠢᠯᠭᠡᠭᠡ ᠪᠠ ᠳᠠᠭᠠᠳᠬᠠᠯ | ᠪᠥᠬᠦ ᠵᠢᠯ ᠤᠨ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2349.9 | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 14.6% ᠪᠠᠷ ᠨᠡᠮᠡᠭᠳᠡᠪᠡ᠃ ᠡᠭᠦᠨ ᠳᠤ᠂ | ᠭᠠᠶᠢᠯᠢ ᠶᠢᠨ ᠣᠷᠣᠯᠭ᠎ᠠ 1671.0 ᠳ᠋ᠦᠩᠰᠢᠭᠤᠷ ᠲᠥᠭᠦᠷᠢᠭ ᠲᠤ ᠬᠦᠷᠴᠦ᠂ 14.6% ᠪᠠᠷ ᠨᠡᠮᠡᠭᠳᠡᠨ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 71.1% ᠳᠤ | ᠬᠦᠷᠴᠡᠶ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 5240.1 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠪᠠᠷᠢᠮᠵᠢᠶ᠎ᠠ ᠪᠠᠷ ᠪᠤᠳᠤᠪᠠᠯ᠂ ᠳᠡᠭᠡᠷ᠎ᠡ ᠵᠢᠯ ᠤᠨ ᠬᠢ ᠠᠴᠠ 5.2% ᠢᠶᠠᠷ ᠨᠡᠮᠡᠭᠳᠡᠪᠡ᠃ | ᠵᠢᠯ ᠤᠨ ᠡᠴᠦᠰ ᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ 27534.0 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ | ᠵᠢᠯ ᠤᠨ ᠡᠴᠦᠰ ᠤᠨ ᠬᠢ ᠠᠴᠠ 10.3% ᠪᠠᠷ ᠨᠡᠮᠡᠭᠳᠡᠵᠦ᠂ ᠵᠢᠯ ᠤᠨ ᠡᠬᠢᠨ ᠤ ᠬᠢ ᠠᠴᠠ 2564.1 | ᠳ᠋ᠦᠩᠰᠢᠭᠤᠷ ᠲᠥᠭᠦᠷᠢᠭ ᠨᠡᠮᠡᠭᠳᠡᠵᠡᠢ᠃ ᠡᠭᠦᠨ ᠳᠤ᠂ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ | ᠲᠤᠭ᠎ᠠ 17145.2 ᠳ᠋ᠦᠩᠰᠢᠭᠤᠷ ᠲᠥᠭᠦᠷᠢᠭ ᠲᠤ ᠬᠦᠷᠴᠦ᠂ 12.0% ᠢᠶᠠᠷ ᠨᠡᠮᠡᠭᠳᠡᠨ᠂ ᠵᠢᠯ ᠤᠨ | ᠡᠬᠢᠨ ᠤ ᠬᠢ ᠠᠴᠠ 1842.5 ᠳ᠋ᠦᠩᠰᠢᠭᠤᠷ ᠲᠥᠭᠦᠷᠢᠭ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ | ᠠᠬᠤᠶᠢᠯᠠᠯ ᠤᠨ ᠬᠠᠳᠠᠭᠠᠯᠠᠮᠵᠢ ᠶᠢᠨ ᠦᠯᠡᠳᠡᠪᠦᠷᠢ 5737.9 ᠳ᠋ᠦᠩᠰᠢᠭᠤᠷ ᠲᠥᠭᠦᠷᠢᠭ ᠲᠤ ᠬᠦᠷᠴᠦ᠂ 12.7% | ᠪᠠᠷ ᠨᠡᠮᠡᠭᠳᠡᠵᠦ᠂ ᠵᠢᠯ ᠤᠨ ᠡᠬᠢᠨ ᠤ ᠬᠢ ᠠᠴᠠ 648.6 ᠳ᠋ᠦᠩᠰᠢᠭᠤᠷ ᠲᠥᠭᠦᠷᠢᠭ ᠨᠡᠮᠡᠭᠳᠡᠵᠡᠢ︔ ᠪᠠᠶᠢᠭᠤᠯᠭ᠎ᠠ | ᠪᠦᠯᠬᠦᠮ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ ᠲᠤᠭ᠎ᠠ 3626.4 ᠳ᠋ᠦᠩᠰᠢᠭᠤᠷ ᠲᠥᠭᠦᠷᠢᠭ ᠲᠤ | ᠬᠦᠷᠴᠦ᠂ 0.7% ᠪᠠᠷ ᠨᠡᠮᠡᠭᠳᠡᠵᠦ᠂ ᠵᠢᠯ ᠤᠨ ᠡᠬᠢᠨ ᠤ ᠬᠢ ᠠᠴᠠ 25.1 ᠳ᠋ᠦᠩᠰᠢᠭᠤᠷ ᠲᠥᠭᠦᠷᠢᠭ ᠨᠡᠮᠡᠭᠳᠡᠪᠡ᠃ | ᠵᠢᠯ ᠤᠨ ᠡᠴᠦᠰ ᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠣᠨ ᠤ ᠵᠢᠭᠡᠯᠡᠯᠭᠡ ᠶᠢᠨ | ᠦᠯᠡᠳᠡᠪᠦᠷᠢ ᠲᠤᠭ᠎ᠠ 24965.0 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠡᠴᠦᠰ ᠤᠨ | ᠬᠢ ᠠᠴᠠ 7.4 % ᠪᠠᠷ ᠨᠡᠮᠡᠭᠳᠡᠵᠦ᠂ ᠵᠢᠯ ᠤᠨ ᠡᠬᠢᠨ ᠤ ᠬᠢ ᠠᠴᠠ 1715.8 ᠳ᠋ᠦᠩᠰᠢᠭᠤᠷ ᠲᠥᠭᠦᠷᠢᠭ | ᠨᠡᠮᠡᠭᠳᠡᠵᠡᠢ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 7813.7 | ᠳ᠋ᠦᠩᠰᠢᠭᠤᠷ ᠲᠥᠭᠦᠷᠢᠭ ᠲᠤ ᠬᠦᠷᠴᠦ᠂ 11.5% ᠪᠠᠷ ᠨᠡᠮᠡᠭᠳᠡᠵᠦ᠂ ᠵᠢᠯ ᠤᠨ ᠡᠬᠢᠨ ᠤ ᠬᠢ ᠠᠴᠠ 808.6 | ᠳ᠋ᠦᠩᠰᠢᠭᠤᠷ ᠲᠥᠭᠦᠷᠢᠭ ᠨᠡᠮᠡᠭᠳᠡᠪᠡ︔ ᠠᠵᠤ ᠠᠬᠤᠶᠢᠯᠠᠯ ( ᠠᠵᠢᠯ ᠦᠢᠯᠡᠰ ) ᠤᠨ ᠨᠢᠭᠡᠴᠢ ᠶᠢᠨ ᠵᠢᠭᠡᠯᠡᠯᠭᠡ ᠶᠢᠨ | ᠦᠯᠡᠳᠡᠪᠦᠷᠢ 17150.1 ᠳ᠋ᠦᠩᠰᠢᠭᠤᠷ ᠲᠥᠭᠦᠷᠢᠭ ᠲᠤ ᠬᠦᠷᠴᠦ᠂ 5.6% ᠪᠠᠷ ᠨᠡᠮᠡᠭᠳᠡᠵᠦ᠂ ᠵᠢᠯ ᠤᠨ | ᠡᠬᠢᠨ ᠤ ᠬᠢ ᠠᠴᠠ 906.4 ᠳ᠋ᠦᠩᠰᠢᠭᠤᠷ ᠲᠥᠭᠦᠷᠢᠭ ᠨᠡᠮᠡᠭᠳᠡᠪᠡ᠃ | ᠵᠢᠯ ᠤᠨ ᠡᠴᠦᠰ ᠲᠤ ᠪᠥᠬᠦ ᠣᠷᠣᠨ ᠤ ᠳᠠᠭᠠᠳᠬᠠᠯ ᠤᠨ ᠪᠠᠶᠢᠭᠤᠯᠤᠮᠵᠢ ᠨᠡᠶᠢᠲᠡ 2934 ᠪᠠᠶᠢᠵᠤ᠂ | ᠳᠡᠭᠡᠷ᠎ᠡ ᠵᠢᠯ ᠤᠨ ᠬᠢ ᠠᠴᠠ 2 ᠨᠡᠮᠡᠭᠳᠡᠪᠡ᠃ ᠪᠥᠬᠦ ᠵᠢᠯ ᠤᠨ ᠳᠠᠭᠠᠳᠬᠠᠯ ᠤᠨ ᠦᠢᠯᠡᠰ ᠤᠨ ᠤᠤᠯ ᠤᠨ | ᠳᠠᠭᠠᠳᠬᠠᠯ ᠤᠨ ᠵᠠᠷᠤᠳᠠᠯ ᠤᠨ ᠣᠷᠣᠯᠭ᠎ᠠ 756.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠦ | ᠵᠢᠯ ᠤᠨ ᠬᠢ ᠠᠴᠠ 2.3% ᠪᠠᠷ ᠨᠡᠮᠡᠭᠳᠡᠪᠡ᠃ ᠪᠥᠬᠦ ᠵᠢᠯ ᠤᠨ ᠳᠠᠭᠠᠳᠬᠠᠯ ᠤᠨ ᠦᠢᠯᠡᠰ ᠤᠨ ᠲᠥᠯᠥᠪᠦᠷᠢ ᠶᠢᠨ | ᠵᠠᠷᠤᠯᠭ᠎ᠠ ᠨᠡᠶᠢᠲᠡ 258.5 ᠳ᠋ᠦᠩᠰᠢᠭᠤᠷ ᠲᠥᠭᠦᠷᠢᠭ ᠲᠤ ᠬᠦᠷᠴᠦ᠂ 15.2% ᠢᠶᠠᠷ ᠨᠡᠮᠡᠭᠳᠡᠪᠡ᠃ ᠪᠥᠬᠦ | ᠵᠢᠯ ᠳᠤ ᠠᠮᠢ ᠨᠠᠰᠤᠨ ᠤ ᠳᠠᠭᠠᠳᠬᠠᠯ ᠤᠨ ᠤᠤᠯ ᠤᠨ ᠳᠠᠭᠠᠳᠬᠠᠯ ᠤᠨ ᠵᠠᠷᠤᠳᠠᠯ ᠤᠨ ᠣᠷᠣᠯᠭ᠎ᠠ 390.0 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠶᠢᠲᠡ 73.2 ᠳ᠋ᠦᠩᠰᠢᠭᠤᠷ ᠲᠥᠭᠦᠷᠢᠭ ᠤᠨ ᠲᠥᠯᠥᠪᠦᠷᠢ ᠥᠭᠪᠡ᠃ | ᠪᠥᠬᠦ ᠵᠢᠯ ᠳᠤ ᠲᠠᠷᠢᠶᠠᠯᠠᠩ ᠤᠨ ᠳᠠᠭᠠᠳᠬᠠᠯ ᠤᠨ ᠤᠤᠯ ᠤᠨ ᠳᠠᠭᠠᠳᠬᠠᠯ ᠤᠨ ᠵᠠᠷᠤᠳᠠᠯ ᠤᠨ ᠣᠷᠣᠯᠭ᠎ᠠ 53.9 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠥᠯᠥᠪᠦᠷᠢ ᠶᠢᠨ ᠵᠠᠷᠤᠯᠭ᠎ᠠ ᠨᠡᠶᠢᠲᠡ 33.6 ᠳ᠋ᠦᠩᠰᠢᠭᠤᠷ | ᠲᠥᠭᠦᠷᠢᠭ ᠲᠤ ᠬᠥᠷᠪᠡ᠃ | ᠶᠢᠰᠦ᠂ ᠰᠠᠭᠤᠭᠠᠯᠢ ᠠᠷᠠᠳ ᠤᠨ ᠣᠷᠣᠯᠭ᠎ᠠ ᠶᠢᠨ ᠬᠡᠷᠡᠭᠯᠡᠭᠡ ᠪᠠ ᠨᠡᠶᠢᠭᠡᠮ ᠤᠨ ᠪᠠᠲᠤᠯᠠᠭ᠎ᠠ | ᠪᠥᠬᠦ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 34108 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 8.3% ᠪᠠᠷ ᠨᠡᠮᠡᠭᠳᠡᠪᠡ᠃ ᠪᠦᠬᠦ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 22658 | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 14.5% ᠪᠠᠷ ᠨᠡᠮᠡᠭᠳᠡᠪᠡ᠃ | ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 44377 ᠲᠥᠭᠦᠷᠢᠭ ᠲᠤ | ᠬᠦᠷᠴᠦ᠂ ᠳᠡᠭᠡᠷ᠎ᠡ ᠵᠢᠯ ᠤᠨ ᠬᠢ ᠠᠴᠠ 7.3% ᠪᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠶᠢᠨ | ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ 26574 ᠲᠥᠭᠦᠷᠢᠭ ᠲᠤ ᠬᠦᠷᠴᠦ᠂ 6.8% | ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 8698 ᠲᠥᠭᠦᠷᠢᠭ ᠲᠤ ᠬᠦᠷᠴᠦ᠂ 13.0% ᠢᠶᠠᠷ | ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 2631 ᠲᠥᠭᠦᠷᠢᠭ ᠲᠤ ᠬᠦᠷᠴᠦ᠂ 11.2% ᠢᠶᠠᠷ | ᠨᠡᠮᠡᠭᠳᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 6474 ᠲᠥᠭᠦᠷᠢᠭ ᠲᠤ ᠬᠦᠷᠴᠦ᠂ 1.1% ᠪᠠᠷ ᠨᠡᠮᠡᠭᠳᠡᠪᠡ᠃ | ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ | ᠬᠡᠷᠡᠭᠯᠡᠭᠡᠨ ᠤ ᠵᠠᠷᠤᠯᠭ᠎ᠠ 27194 ᠲᠥᠭᠦᠷᠢᠭ ᠲᠤ ᠬᠦᠷᠴᠦ᠂ 13.8% ᠪᠠᠷ ᠨᠡᠮᠡᠭᠳᠡᠪᠡ᠃ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 18337 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 10.7% ᠪᠠᠷ ᠨᠡᠮᠡᠭᠳᠡᠪᠡ᠃ | ᠭᠤᠤᠯ ᠪᠣᠯᠬᠤ ᠣᠷᠣᠯᠭ᠎ᠠ ᠶᠢᠨ ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ 3603 | ᠲᠥᠭᠦᠷᠢᠭ ᠲᠤ ᠬᠦᠷᠴᠦ᠂ 7.4% ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 9980 | ᠲᠥᠭᠦᠷᠢᠭ ᠲᠤ ᠬᠦᠷᠴᠦ᠂ 13.1% ᠪᠠᠷ ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 473 | ᠲᠥᠭᠦᠷᠢᠭ ᠲᠤ ᠬᠦᠷᠴᠦ᠂ 5.0% ᠢᠶᠠᠷ ᠪᠠᠭᠤᠷᠠᠪᠠ︔ ᠰᠢᠯᠵᠢᠭᠦᠯᠦᠭᠰᠡᠨ ᠴᠡᠪᠡᠷ ᠣᠷᠣᠯᠭ᠎ᠠ 4281 | ᠲᠥᠭᠦᠷᠢᠭ ᠲᠤ ᠬᠦᠷᠴᠦ᠂ 10.1% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 15691 | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 15.4% ᠪᠠᠷ ᠨᠡᠮᠡᠭᠳᠡᠪᠡ᠃ ᠪᠥᠬᠦ ᠰᠠᠭᠤᠭᠠᠯᠢ | ᠠᠷᠠᠳ ᠤᠨ ᠡᠩᠭᠧᠯ ᠤᠨ ᠢᠯᠡᠳᠬᠡᠮᠵᠢ 27.8% ᠪᠠᠶᠢᠵᠤ᠂ ᠲᠦᠷᠦᠭᠦᠦ ᠵᠢᠯ ᠤᠨ ᠬᠢ ᠠᠴᠠ 0.9 ᠵᠠᠭᠤᠨ ᠤ | ᠬᠤᠪᠢ ᠶᠢᠨ ᠴᠡᠭ ᠪᠠᠭᠤᠷᠠᠪᠠ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠩᠭᠧᠯ ᠤᠨ | ᠢᠯᠡᠳᠬᠡᠮᠵᠢ ᠨᠢ 26.9%᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠩᠭᠧᠯ ᠤᠨ | ᠢᠯᠡᠳᠬᠡᠮᠵᠢ ᠨᠢ 30.1% ᠪᠠᠶᠢᠵᠤ᠂ ᠲᠣᠰ ᠲᠣᠰ ᠲᠦᠷᠦᠭᠦᠦ ᠵᠢᠯ ᠤᠨ ᠬᠢ ᠠᠴᠠ 1.1 ᠪᠠ 0.5 ᠵᠠᠭᠤᠨ ᠤ | ᠬᠤᠪᠢ ᠶᠢᠨ ᠴᠡᠭ ᠪᠠᠭᠤᠷᠠᠪᠠ᠃ | | | | | ᠵᠢᠯ ᠤᠨ ᠡᠴᠦᠰ ᠲᠤ ᠪᠥᠬᠦ ᠣᠷᠣᠨ ᠤ ᠬᠤᠲᠠ ᠪᠠᠯᠭᠠᠰᠤᠨ ᠳᠤ ᠨᠡᠶᠢᠭᠡᠮ ᠲᠣᠭᠤᠷᠢᠭ ᠤᠨ ᠡᠯ᠎ᠡ | ᠵᠦᠢᠯ ᠤᠨ ᠦᠢᠯᠡᠴᠢᠯᠡᠭᠡᠨ ᠤ ᠲᠥᠬᠦᠭᠡᠷᠦᠮᠵᠢ 4637 ᠪᠣᠶ᠃ ᠡᠭᠦᠨ ᠳᠤ᠂ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠲᠥᠪ᠂ ᠥᠷᠲᠡᠭᠡ 2135 ᠪᠣᠶ᠃ ᠡᠯ᠎ᠡ ᠲᠥᠷᠥᠯ ᠤᠨ ᠨᠡᠶᠢᠭᠡᠮ ᠤᠨ ᠠᠰᠠᠷᠠᠮᠵᠢ ᠶᠢᠨ | ᠬᠦᠷᠢᠶᠡᠯᠡᠩ ᠤᠨ ᠡᠷᠭᠦᠨ ᠲᠡᠵᠢᠭᠡᠭᠰᠡᠨ ᠬᠥᠮᠦᠨ ᠤ ᠲᠤᠭ᠎ᠠ 0.6 ᠲᠦᠮᠡ ᠳᠤ ᠬᠦᠷᠴᠡᠶ᠃ ᠪᠥᠬᠦ ᠵᠢᠯ ᠳᠤ ᠨᠡᠶᠢᠲᠡ | 158.9 ᠲᠦᠮᠡᠨ ᠬᠥᠮᠦᠨ ᠤᠯᠤᠰ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠳᠬᠦᠮᠵᠢ ᠶᠢ | ᠭᠥᠷᠳᠡᠪᠡ᠃ ᠪᠦᠬᠦ ᠵᠢᠯ ᠳᠤ ᠨᠡᠶᠢᠭᠡᠮ ᠤᠨ ᠠᠰᠠᠷᠠᠮᠵᠢ ᠶᠢᠨ ᠪᠡᠯᠡ ᠮᠥᠩᠭᠦ ᠶᠢ 9.7 ᠳ᠋ᠦᠩᠰᠢᠭᠤᠷ ᠲᠥᠭᠦᠷᠢᠭ | ᠴᠤᠭᠯᠠᠭᠤᠯᠵᠤ᠂ ᠨᠡᠶᠢᠭᠡᠮ ᠤᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢ 30.6 ᠳ᠋ᠦᠩᠰᠢᠭᠤᠷ ᠲᠥᠭᠦᠷᠢᠭ | ᠪᠤᠷᠤᠯᠠᠭᠤᠯᠪᠠ᠃ | ᠵᠢᠯ ᠤᠨ ᠡᠴᠦᠰ ᠲᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠤᠷᠤᠯᠴᠠᠭᠰᠠᠳ ᠤᠨ ᠲᠤᠭ᠎ᠠ | 2192.2 ᠲᠦᠮᠡ ᠳᠤ ᠬᠦᠷᠴᠦ᠂ ᠲᠦᠷᠦᠭᠦᠦ ᠵᠢᠯ ᠤᠨ ᠬᠢ ᠠᠴᠠ 0.4% ᠪᠠᠷ ᠨᠡᠮᠡᠭᠳᠡᠪᠡ᠃ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠳ ᠤᠨ | ᠲᠤᠭ᠎ᠠ 564.7 ᠲᠦᠮᠡ ᠳᠤ ᠬᠦᠷᠴᠦ᠂ 2.1% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠳ ᠤᠨ ᠲᠤᠭ᠎ᠠ 1627.5 ᠲᠦᠮᠡ ᠳᠤ | ᠬᠦᠷᠴᠡᠶ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ | ᠤᠷᠤᠯᠴᠠᠭᠰᠠᠳ ᠤᠨ ᠲᠤᠭ᠎ᠠ 823.1 ᠲᠦᠮᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 4.7% ᠪᠠᠷ | ᠨᠡᠮᠡᠭᠳᠡᠪᠡ᠂ ᠡᠭᠦᠨ ᠳᠤ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠠᠵᠢᠯ ᠠᠴᠠ ᠪᠠᠨ | ᠠᠮᠠᠷᠠᠭᠰᠠᠳ ᠪᠠᠭᠤᠭᠰᠠᠳ 320 ᠲᠦᠮᠡ ᠳᠤ ᠬᠦᠷᠴᠦ᠂ 2.8% ᠪᠠᠷ ᠨᠡᠮᠡᠭᠳᠡᠪᠡ᠃ ᠠᠵᠢᠯ ᠠᠯᠳᠠᠯᠲᠠ ᠶᠢᠨ | ᠳᠠᠭᠠᠳᠬᠠᠯ ᠳᠤ ᠤᠷᠤᠯᠴᠠᠭᠰᠠᠳ ᠤᠨ ᠲᠤᠭ᠎ᠠ 290 . 9 ᠲᠦᠮᠡ ᠳᠤ ᠬᠦᠷᠴᠦ᠂ 5.2% ᠢᠶᠠᠷ ᠨᠡᠮᠡᠭᠳᠡᠪᠡ︔ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠤᠭᠰᠠᠳ ᠤᠨ ᠲᠤᠭ᠎ᠠ ᠨᠡᠶᠢᠲᠡ 5.7 ᠲᠦᠮᠡᠨ ᠬᠥᠮᠦᠨ | ᠪᠠᠶᠢᠵᠤ᠂ 14.4% ᠪᠠᠷ ᠨᠡᠮᠡᠭᠳᠡᠪᠡ᠃ ᠨᠠᠰᠤᠵᠢᠯ ᠤᠨ ᠮᠥᠩᠭᠦ ᠶᠢ ᠨᠡᠶᠢᠭᠡᠮᠴᠢᠯᠡᠨ ᠲᠠᠷᠬᠠᠭᠠᠭᠰᠠᠨ ᠨᠤᠷᠮ᠎ᠠ | 100% ᠳᠤ ᠬᠦᠷᠴᠡᠢ᠃ | ᠠᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠤᠷᠭᠠᠨ ᠬᠥᠮᠦᠵᠢᠯ | ᠪᠥᠬᠦ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠣᠲᠣᠷ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠨᠡᠶᠢᠲᠡ 47 ᠵᠦᠢᠯ ᠢ ᠲᠣᠬᠢᠷᠠᠭᠤᠯᠵᠤ᠂ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠳᠤ ᠨᠡᠶᠢᠲᠡ 832 ᠵᠦᠢᠯ ᠢ ᠲᠣᠬᠢᠷᠠᠭᠤᠯᠵᠤ᠂ | ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤ ᠨᠡᠶᠢᠲᠡ 445 ᠵᠦᠢᠯ ᠢ ᠲᠣᠬᠢᠷᠠᠭᠤᠯᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠵᠦᠢᠯ ᠤᠨ ᠪᠠᠯᠠ ᠮᠥᠩᠭᠦ ᠶᠢᠨ | ᠶᠡᠷᠦᠩᠬᠡᠶ ᠬᠡᠪᠴᠢᠶ᠎ᠡ ᠨᠢ 5.2 ᠳ᠋ᠦᠩᠰᠢᠭᠤᠷ ᠲᠥᠭᠦᠷᠢᠭ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠨᠡᠪᠴᠢᠭᠦᠯᠦᠭᠦᠷ 56᠂ ᠣᠯᠠᠨ ᠢᠶᠠᠷ ᠢᠶᠠᠨ ᠡᠭᠦᠳᠬᠦ ᠣᠷᠣᠨ ᠵᠠᠶ 192 ᠪᠠᠶᠢᠨ᠎ᠠ᠃ ᠪᠥᠬᠦ ᠵᠢᠯ ᠤᠨ | ᠲᠤᠰᠬᠠᠶ ᠠᠰᠢᠭ ᠤᠨ ᠡᠷᠬᠡ ᠣᠯᠭᠤᠭᠰᠠᠨ ᠬᠡᠮᠵᠢᠶ᠎ᠡ 24362 ᠬᠤᠪᠢ ᠪᠠᠶᠢᠵᠤ᠂ ᠲᠦᠷᠦᠭᠦᠦ ᠵᠢᠯ ᠤᠨ ᠬᠢ ᠠᠴᠠ | 35.7% ᠪᠠᠷ ᠨᠡᠮᠡᠭᠳᠡᠪᠡ᠃ ᠲᠦᠮᠡᠨ ᠬᠥᠮᠦᠨ ᠠᠮᠠ ᠪᠦᠷᠢ ᠳᠤ ᠨᠣᠭᠳᠠᠬᠤ ᠡᠭᠦᠳᠦᠯᠲᠡ ᠶᠢᠨ ᠲᠤᠰᠬᠠᠢ | ᠠᠰᠢᠭ ᠤᠨ ᠲᠤᠭ᠎ᠠ 3.4 ᠬᠤᠪᠢ ᠪᠠᠶᠢᠵᠤ᠂ ᠲᠦᠷᠦᠭᠦᠦ ᠵᠢᠯ ᠤᠨ ᠬᠢ ᠠᠴᠠ 0.5 ᠬᠤᠪᠢ ᠨᠡᠮᠡᠭᠳᠡᠵᠡᠢ᠃ ᠵᠢᠯ ᠤᠨ | ᠳᠣᠲᠣᠷ᠎ᠠ ᠡᠯ᠎ᠡ ᠲᠥᠷᠥᠯ ᠤᠨ ᠮᠡᠷᠭᠡᠵᠢᠯ ᠤᠨ ᠭᠡᠷ᠎ᠡ ᠶᠢᠨ ᠲᠤᠭ᠎ᠠ ᠶᠢ 1534 ᠶᠢ ᠮᠠᠭᠠᠳᠯᠠᠨ ᠲᠣᠭᠲᠠᠭᠠᠵᠤ | ᠳᠡᠩᠰᠡᠯᠡᠨ ᠲᠡᠮᠳᠡᠭᠯᠡᠨ᠎ᠡ᠂ ᠡᠭᠦᠨ ᠳᠤ ᠣᠷᠣᠨ ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ ᠤᠨ ᠭᠡᠷ᠎ᠡ ᠶᠢᠨ | ᠲᠤᠭ᠎ᠠ 1320 ᠪᠠᠶᠢᠵᠤ᠂ 6.6% ᠪᠠᠷ ᠨᠡᠮᠡᠭᠳᠡᠪᠡ᠃ ᠭᠡᠷ᠎ᠡ ᠲᠣᠭᠲᠠᠭᠰᠠᠨ ᠵᠣᠭᠤᠰ ᠤᠨ ᠲᠤᠭ᠎ᠠ 46.1 | ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠣᠷᠣᠨ ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ ᠤᠨ | ᠵᠣᠭᠤᠰ ᠤᠨ ᠲᠤᠭ᠎ᠠ 36.5 ᠳ᠋ᠦᠩᠰᠢᠭᠤᠷ ᠲᠥᠭᠦᠷᠢᠭ ᠲᠤ ᠬᠦᠷᠴᠦ᠂ 12.3% ᠪᠠᠷ ᠨᠡᠮᠡᠭᠳᠡᠪᠡ᠃ | ᠪᠦᠬᠦ ᠣᠷᠣᠨ ᠳᠤ ᠨᠡᠶᠢᠲᠡ 40 ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ | ᠪᠠᠶᠢᠭᠤᠯᠤᠮᠵᠢ ᠲᠠᠢ ᠪᠠᠶᠢᠵᠤ᠂ ᠡᠭᠦᠨ ᠳᠤ ᠤᠯᠤᠰ ᠤᠨ ᠰᠢᠯᠭᠠᠨ ᠪᠠᠶᠢᠴᠠᠭᠠᠬᠤ ᠲᠥᠪ 9 ᠪᠤᠶ᠃ | ᠵᠢᠯ ᠤᠨ ᠡᠴᠦᠰ ᠲᠤ ᠪᠥᠬᠦ ᠣᠷᠣᠨ ᠳᠤ 11 ᠰᠤᠳᠤᠯᠬᠤ ᠰᠣᠷᠣᠭᠴᠢ ᠬᠥᠮᠦᠵᠢᠭᠦᠯᠬᠦ ᠨᠢᠭᠡᠴᠢ᠂ 1.3 | ᠲᠦᠮᠡᠨ ᠰᠣᠷᠣᠭᠴᠢ ( ᠪᠦᠬᠦᠯᠢ ᠡᠳᠦᠷ ᠤᠨ ᠪᠤᠰᠤ ᠲᠦᠷᠢᠮ ᠪᠠᠭᠲᠠᠨ᠎ᠠ ) ᠡᠯᠰᠡᠵᠦ᠂ ᠰᠤᠷᠤᠯᠴᠠᠵᠤ ᠪᠠᠶᠢᠭ᠎ᠠ | ᠰᠤᠳᠤᠯᠬᠤ ᠰᠣᠷᠣᠭᠴᠢ ( ᠪᠦᠬᠦᠯᠢ ᠡᠳᠦᠷ ᠤᠨ ᠪᠤᠰᠤ ᠲᠦᠷᠢᠮ ᠪᠠᠭᠲᠠᠨ᠎ᠠ ) 3.4 ᠲᠦᠮᠡᠨ ᠬᠥᠮᠦᠨ ᠪᠠᠶᠢᠵᠤ᠂ | ᠲᠦᠷᠦᠭᠦᠦ ᠵᠢᠯ ᠤᠨ ᠬᠢ ᠠᠴᠠ 5.9% ᠪᠠᠷ ᠨᠡᠮᠡᠭᠳᠡᠪᠡ᠃ ᠡᠩ ᠤᠨ ᠳᠡᠭᠡᠳᠦ ᠰᠤᠷᠭᠠᠭᠤᠯᠢ 54 ᠪᠠᠶᠢᠵᠤ᠂ 15. | 8 ᠲᠦᠮᠡᠨ ᠰᠤᠷᠤᠭᠴᠢ ᠡᠯᠰᠡᠨ᠂ ᠰᠤᠷᠭᠠᠭᠤᠯᠢ ᠳᠤ ᠪᠠᠶᠢᠭ᠎ᠠ ᠰᠤᠷᠤᠭᠴᠢ 50.7 ᠲᠦᠮᠡᠨ ᠬᠥᠮᠦᠨ᠂ ᠰᠤᠷᠭᠠᠭᠤᠯᠢ | ᠲᠡᠭᠦᠰᠦᠭᠰᠡᠳ 13.0 ᠲᠦᠮᠡᠨ ᠬᠥᠮᠦᠨ ᠪᠤᠶ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠤᠷᠭᠠᠭᠤᠯᠢ 200 ᠪᠠᠶᠢᠵᠤ᠂ 6.7 ᠲᠦᠮᠡᠨ ᠰᠤᠷᠤᠭᠴᠢ ᠡᠯᠰᠡᠨ᠂ ᠰᠤᠷᠭᠠᠭᠤᠯᠢ ᠳᠤ ᠪᠠᠶᠢᠭ᠎ᠠ | ᠰᠤᠷᠤᠭᠴᠢ 17.9 ᠲᠦᠮᠡᠨ ᠬᠥᠮᠦᠨ᠂ ᠲᠡᠭᠦᠰᠬᠦ ᠰᠤᠷᠤᠭᠴᠢ 4.9 ᠲᠦᠮᠡᠨ ᠬᠥᠮᠦᠨ ᠪᠠᠶᠢᠨ᠎ᠠ᠃ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 307 ᠪᠠᠶᠢᠵᠤ᠂ 13.8 ᠲᠦᠮᠡᠨ ᠰᠤᠷᠤᠭᠴᠢ ᠡᠯᠰᠡᠨ᠂ | ᠰᠤᠷᠭᠠᠭᠤᠯᠢ ᠳᠤ ᠪᠠᠶᠢᠭ᠎ᠠ ᠰᠤᠷᠤᠭᠴᠢ 41.1 ᠲᠦᠮᠡᠨ ᠬᠥᠮᠦᠨ᠂ ᠲᠡᠭᠦᠰᠦᠭᠰᠡᠨ ᠰᠤᠷᠤᠭᠴᠢ 13.2 ᠲᠦᠮᠡᠨ | ᠬᠥᠮᠦᠨ ᠪᠠᠶᠢᠨ᠎ᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 719 ᠪᠠᠶᠢᠵᠤ᠂ 22.0 ᠲᠦᠮᠡᠨ ᠰᠣᠷᠣᠭᠴᠢ | ᠡᠯᠰᠡᠨ᠂ ᠰᠤᠷᠭᠠᠭᠤᠯᠢ ᠳᠤ ᠪᠠᠶᠢᠭ᠎ᠠ ᠰᠣᠷᠣᠭᠴᠢ 66.6 ᠲᠦᠮᠡ᠂ ᠲᠡᠭᠦᠰᠬᠦ ᠰᠣᠷᠣᠭᠴᠢ 21.7 ᠲᠦᠮᠡ ᠪᠠᠶᠢᠨ᠎ᠠ᠃ | ᠪᠠᠭ᠎ᠠ ᠰᠤᠷᠭᠠᠭᠤᠯᠢ 1661 ᠪᠠᠶᠢᠵᠤ᠂ 24.9 ᠲᠦᠮᠡᠨ ᠰᠣᠷᠣᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ | ᠰᠣᠷᠣᠭᠴᠢ 140.9 ᠲᠦᠮᠡ᠂ ᠲᠡᠭᠦᠰᠬᠦ ᠰᠣᠷᠣᠭᠴᠢ 22.1 ᠲᠦᠮᠡ ᠪᠠᠶᠢᠨ᠎ᠠ᠃ ᠬᠡᠦᠬᠡᠳ ᠤᠨ ᠴᠡᠴᠡᠷᠯᠢᠭ ᠤᠨ | ᠴᠡᠴᠡᠷᠯᠢᠭ ᠲᠤ 60.4 ᠲᠦᠮᠡᠨ ᠬᠡᠦᠬᠡᠳ ᠪᠣᠶ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠤᠷᠭᠠᠭᠤᠯᠢ ᠳᠤ ᠤᠷᠤᠭᠰᠠᠨ ᠪᠥᠬᠦ ᠨᠣᠷᠮ᠎ᠠ 96.5% ᠪᠠᠶᠢᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠥᠬᠦ ᠨᠣᠷᠮ᠎ᠠ 92.4% ᠪᠠᠶᠢᠪᠠ᠃ | | | | | ᠠᠷᠪᠠᠨ ᠨᠢᠭᠡ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠪᠡᠶ᠎ᠡ ᠶᠢᠨ ᠲᠠᠮᠢᠷ | ᠵᠢᠯ ᠤᠨ ᠡᠴᠦᠰ ᠲᠤ ᠪᠥᠬᠦ ᠣᠷᠣᠨ ᠳᠤ ᠤᠷᠠᠯᠢᠭ ᠤᠨ ᠲᠣᠭᠯᠠᠯᠲᠠ ᠶᠢᠨ ᠪᠦᠯᠬᠦᠮ 93 ᠪᠠᠶᠢᠵᠤ᠂ | ᠡᠭᠦᠨ ᠳᠤ ᠤᠯᠠᠭᠠᠨᠮᠥ᠋ᠴᠢᠷ 74 ᠪᠣᠶ᠃ 118 ᠰᠣᠶᠣᠯ ᠤᠨ ᠣᠷᠳᠣᠨ᠂ 117 ᠣᠯᠠᠨ ᠨᠡᠶᠢᠲᠡ ᠶᠢᠨ ᠨᠣᠮ ᠤᠨ | ᠰᠠᠩ᠂ 182 ᠮᠦᠽᠧᠶ ᠲᠠᠢ᠃ ᠵᠢᠯ ᠤᠨ ᠡᠴᠦᠰ ᠲᠤ ᠪᠥᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ | ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.7% ᠪᠠᠶᠢᠵᠤ᠂ ᠲᠧᠯᠸᠢᠰ ᠤᠨ ᠫᠷᠤᠭ᠍ᠷᠠᠮ ᠤᠨ | ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.7% ᠪᠠᠶᠢᠪᠠ᠃ ᠵᠢᠯ ᠤᠨ ᠡᠴᠦᠰ ᠲᠤ ᠪᠥᠬᠦ | ᠣᠷᠣᠨ ᠤ ᠤᠲᠠᠰᠤᠲᠤ ᠲᠧᠯᠸᠢᠰ 356.3 ᠲᠦᠮᠡᠨ ᠡᠷᠦᠬᠡ ᠶᠢ ᠬᠠᠮᠤᠷᠴᠠᠢ᠃ ᠪᠦᠬᠦ ᠵᠢᠯ ᠳᠤ 5 ᠦᠯᠢᠭᠡᠷᠲᠦ | ᠺᠢᠨᠣ᠋ ᠦᠢᠯᠡᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠬᠤᠶᠠᠷ ᠱᠠᠲᠤᠨ ᠤ ᠬᠢᠨ ᠡᠯ᠎ᠡ | ᠲᠥᠷᠥᠯ ᠤᠨ ᠰᠣᠨᠢᠨ ᠢ 22964 ᠲᠦᠮᠡᠨ ᠬᠤᠪᠢ᠂ ᠡᠯ᠎ᠡ ᠲᠥᠷᠥᠯ ᠤᠨ ᠬᠤᠭᠤᠴᠠᠭᠠᠲᠤ ᠰᠡᠳᠬᠦᠯ ᠢ 1055 | ᠲᠦᠮᠡᠨ ᠳᠡᠪᠲᠡᠷ᠂ ᠨᠣᠮ ᠪᠢᠴᠢᠭ ᠢ 6341 ᠲᠦᠮᠡᠨ ᠳᠡᠪᠲᠡᠷ ᠬᠡᠪᠯᠡᠪᠡ᠃ ᠵᠢᠯ ᠤᠨ ᠡᠴᠦᠰ ᠲᠤ ᠪᠥᠬᠦ | ᠣᠷᠣᠨ ᠳᠤ 134 ᠲᠠᠩᠰᠠ ᠡᠪᠬᠡᠮᠡᠯ ᠤᠨ ᠣᠷᠳᠣᠨ ᠲᠠᠢ ᠪᠠᠶᠢᠵᠤ᠂ ᠨᠢᠭᠡᠨᠲᠡ ᠡᠯ᠎ᠡ ᠲᠥᠷᠥᠯ ᠤᠨ ᠲᠠᠩᠰᠠ | ᠡᠪᠬᠡᠮᠡᠯ ᠢ 563.7 ᠲᠦᠮᠡᠨ ᠪᠣᠲᠢ ( ᠬᠤᠪᠢ ) ᠴᠢᠯᠥᠭᠡᠲᠡᠶ ᠨᠡᠭᠡᠭᠡᠪᠡ᠃ | ᠪᠥᠬᠦ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 13126.8 ᠲᠦᠮᠡᠨ ᠬᠥᠮᠦᠨ | ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 1460.5 | ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠵᠢᠯ ᠤᠨ ᠡᠴᠦᠰ ᠪᠣᠯᠲᠠᠯ᠎ᠠ ᠪᠦᠬᠦ ᠣᠷᠣᠨ ᠳᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠶᠢᠲᠡ 24951 | ᠪᠠᠶᠢᠵᠤ᠂ ᠡᠭᠦᠨ ᠳᠤ ᠡᠮᠨᠡᠯᠭᠡ ᠶᠢᠨ ᠬᠤᠷᠢᠶ᠎ᠠ 806᠂ ᠲᠠᠷᠢᠶᠠᠯᠠᠬᠤ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ | ᠬᠤᠷᠢᠶ᠎ᠠ 1251᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 122᠂ ᠡᠬᠡ ᠨᠢᠯᠬᠠᠰ ᠤᠨ ᠡᠷᠡᠭᠦᠯ | ᠬᠠᠮᠠᠭᠠᠯᠠᠯ ᠤᠨ ᠪᠠᠶᠢᠭᠤᠯᠤᠮᠵᠢ 114᠂ ᠲᠤᠰᠬᠠᠶ ᠮᠡᠷᠭᠡᠵᠢᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠷᠢᠶ᠎ᠠ | ( ᠭᠠᠵᠠᠷ ) 14 ᠪᠤᠶ᠃ ᠵᠢᠯ ᠤᠨ ᠡᠴᠦᠰ ᠲᠤ ᠪᠥᠬᠦ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠳᠤ | 16.7 ᠲᠦᠮᠡᠨ ᠡᠪᠡᠳᠴᠢᠲᠡᠨ ᠤ ᠣᠷᠣ ᠲᠠᠢ ᠪᠣᠯᠵᠣ᠂ ᠳᠡᠭᠡᠷ᠎ᠡ ᠵᠢᠯ ᠤᠨ ᠬᠢ ᠠᠴᠠ 2.8% ᠪᠠᠷ ᠨᠡᠮᠡᠭᠳᠡᠪᠡ᠃ | ᠡᠭᠦᠨ ᠳᠤ᠂ ᠡᠮᠨᠡᠯᠭᠡ ᠶᠢᠨ ᠬᠤᠷᠢᠶ᠎ᠠ ᠳᠤ 13.4 ᠲᠦᠮᠡᠨ ᠡᠪᠡᠳᠴᠢᠲᠡᠨ ᠤ ᠣᠷᠣ᠂ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠳᠤ 2.1 ᠲᠦᠮᠡᠨ ᠡᠪᠡᠳᠴᠢᠲᠡᠨ ᠤ ᠣᠷᠣ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ 0.4 ᠲᠦᠮᠡᠨ ᠡᠪᠡᠳᠴᠢᠲᠡᠨ ᠤ ᠣᠷᠣ ᠲᠠᠢ᠃ ᠪᠥᠬᠦ ᠣᠷᠣᠨ ᠤ ᠡᠷᠡᠭᠦᠯ ᠬᠠᠮᠠᠭᠠᠯᠠᠯ ᠤᠨ | ᠮᠡᠷᠭᠡᠵᠢᠯ ᠤᠨ ᠠᠵᠢᠯᠲᠠᠨ 21.1 ᠲᠦᠮᠡᠨ ᠬᠥᠮᠦᠨ ᠪᠠᠶᠢᠵᠤ᠂ 4.4% ᠪᠠᠷ ᠨᠡᠮᠡᠭᠳᠡᠪᠡ᠃ ᠡᠭᠦᠨ ᠳᠤ᠂ ᠠᠵᠢᠯ | ᠡᠷᠭᠢᠯᠡᠬᠦ ᠡᠮᠴᠢ᠂ ᠲᠤᠰᠠᠯᠠᠬᠤ ᠡᠮᠴᠢ 8.4 ᠲᠦᠮᠡᠨ ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 8.9 ᠲᠦᠮᠡᠨ | ᠬᠥᠮᠦᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠳᠤ 1.3 ᠲᠦᠮᠡᠨ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠠᠢ᠂ 1.3 ᠲᠦᠮᠡᠨ ᠬᠥᠳᠡᠭᠡ ᠲᠣᠰᠬᠤᠨ ᠤ ᠡᠮᠴᠢ ᠪᠠ ᠡᠷᠡᠭᠦᠯ ᠬᠠᠮᠠᠭᠠᠯᠠᠭᠴᠢ ᠲᠠᠢ᠃ | | | | | ᠵᠢᠯ ᠤᠨ ᠳᠣᠲᠣᠷ᠎ᠠ ᠪᠦᠬᠦ ᠣᠷᠣᠨ ᠤ ᠲᠠᠮᠢᠷᠴᠢᠳ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ | ᠶᠡᠭᠡ ᠤᠷᠤᠯᠳᠤᠭᠠᠨ ᠳᠤ 237 ᠮᠧᠳᠠᠯ ᠣᠯᠵᠤ᠂ ᠡᠭᠦᠨ ᠳᠤ ᠤᠯᠤᠰ ᠤᠨ ᠭᠠᠳᠠᠭᠠᠳᠤ ᠳᠤ 11 ᠮᠧᠳᠠᠯ ᠣᠯᠵᠤ᠂ | ᠤᠯᠤᠰ ᠤᠨ ᠳᠣᠲᠣᠭᠠᠳᠤ ᠳᠤ 226 ᠮᠧᠳᠠᠯ ᠣᠯᠵᠠᠶ᠃ | ᠠᠷᠪᠠᠨ ᠬᠤᠶᠠᠷ᠂ ᠡᠬᠢ ᠪᠠᠶᠠᠯᠢᠭ᠂ ᠣᠷᠴᠢᠨ ᠲᠣᠭᠤᠷᠢᠨ ᠪᠣᠯᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ | ᠠᠩᠬ᠎ᠠ ᠠᠯᠬᠤᠮ ᠤᠨ ᠪᠦᠷᠢᠳᠬᠡᠯ ᠢᠶᠠᠷ᠂ ᠪᠥᠬᠦ ᠵᠢᠯ ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 191. | 7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠲᠦᠷᠦᠭᠦᠦ ᠵᠢᠯ ᠤᠨ ᠬᠢ ᠠᠴᠠ 1.4% ᠪᠠᠷ | ᠪᠠᠭᠤᠷᠠᠪᠠ᠃ ᠡᠭᠦᠨ ᠳᠤ᠂ ᠠᠮᠢᠳᠤᠷᠠᠯ ᠤᠨ ᠬᠡᠷᠡᠭᠯᠡᠬᠦ ᠤᠰᠤ 0.9% ᠨᠡᠮᠡᠭᠳᠡᠵᠦ᠂ ᠠᠵᠤ ᠦᠢᠯᠡᠳᠪᠦᠷᠢ ᠶᠢᠨ | ᠬᠡᠷᠡᠭᠯᠡᠬᠦ ᠤᠰᠤ 0.4% ᠪᠠᠷ ᠪᠠᠭᠤᠷᠠᠵᠤ᠂ ᠲᠠᠷᠢᠶᠠᠯᠠᠩ ᠳᠤ ᠬᠡᠷᠡᠭᠯᠡᠬᠦ ᠤᠰᠤ 1.7% ᠪᠠᠭᠤᠷᠠᠵᠤ᠂ ᠠᠮᠢ | ᠠᠬᠤᠶ ᠶᠢᠨ ᠬᠡᠷᠡᠭᠯᠡᠬᠦ ᠤᠰᠤ 1.0% ᠢᠶᠠᠷ ᠪᠠᠭᠤᠷᠠᠪᠠ᠃ ᠲᠦᠮᠡᠨ ᠲᠥᠭᠦᠷᠢᠭ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ 90.5 ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ 7.6% ᠪᠠᠷ ᠪᠠᠭᠤᠷᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠤᠰᠤ ᠬᠡᠷᠡᠭᠯᠡᠬᠦ ᠬᠡᠮᠵᠢᠶ᠎ᠡ 22.6 ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 6.6% ᠪᠠᠷ | ᠪᠠᠭᠤᠷᠠᠪᠠ᠃ | ᠠᠩᠬ᠎ᠠ ᠠᠯᠬᠤᠮ ᠤᠨ ᠪᠦᠷᠢᠳᠬᠡᠯ ᠢᠶᠠᠷ᠂ ᠪᠥᠬᠦ ᠵᠢᠯ ᠳᠤ ᠣᠶᠢᠵᠢᠭᠤᠯᠤᠭᠰᠠᠨ ᠲᠠᠯᠠᠪᠠᠶ 39.6 ᠲᠦᠮᠡᠨ | ᠾᠧᠺᠲ᠋ᠠᠷ ᠲᠤ ᠬᠥᠷᠪᠡ᠃ ᠡᠭᠦᠨ ᠳᠤ᠂ 15.4 ᠲᠦᠮᠡᠨ ᠾᠧᠺᠲ᠋ᠠᠷ ᠬᠥᠮᠦᠨ ᠤ ᠬᠦᠴᠦ ᠪᠠᠷ ᠣᠶᠢᠵᠢᠭᠤᠯᠵᠤ᠂ | ᠨᠢᠰᠬᠡᠯ ᠢᠶᠠᠷ 2.3 ᠲᠦᠮᠡᠨ ᠾᠧᠺᠲ᠋ᠠᠷ ᠳᠠᠷᠢᠵᠤ ᠣᠶᠢᠵᠢᠭᠤᠯᠤᠨ᠂ 6.0 ᠲᠦᠮᠡᠨ ᠾᠧᠺᠲ᠋ᠠᠷ ᠠᠭᠤᠯᠠ ᠶᠢ | ᠪᠢᠲᠡᠭᠦᠮᠵᠢᠯᠡᠨ ᠣᠶᠢᠵᠢᠭᠤᠯᠵᠤ᠂ 5.6 ᠲᠦᠮᠡᠨ ᠾᠧᠺᠲ᠋ᠠᠷ ᠮᠠᠭᠤᠳᠠᠭᠰᠠᠨ ᠣᠶ ᠶᠢ ᠵᠠᠰᠠᠨ ᠰᠡᠷᠭᠦᠭᠡᠵᠦ᠂ ᠵᠤᠯᠵᠠᠭ᠎ᠠ | ᠮᠣᠳᠣ ᠪᠤᠶᠢᠵᠢᠭᠤᠯᠤᠭᠰᠠᠨ ( ᠠᠵᠢᠯᠯᠠᠬᠤ ) ᠲᠠᠯᠠᠪᠠᠶ 10.4 ᠲᠦᠮᠡᠨ ᠾᠧᠺᠲ᠋ᠠᠷ ᠬᠦᠷᠴᠡᠢ᠃ ᠵᠢᠯ ᠤᠨ ᠡᠴᠦᠰ ᠲᠤ | ᠪᠥᠬᠦ ᠣᠷᠣᠨ ᠤ ᠣᠶ ᠰᠢᠭᠤᠶ ᠶᠢᠨ ᠲᠠᠯᠠᠪᠠᠶ 2615 ᠲᠦᠮᠡᠨ ᠾᠧᠺᠲ᠋ᠠᠷ ᠲᠤ ᠬᠦᠷᠴᠦ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ 23.0% ᠪᠣᠯᠪᠠ᠃ | ᠪᠦᠬᠦ ᠣᠷᠣᠨ ᠤ ᠲᠣᠭᠲᠠᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 182 ᠪᠠᠶᠢᠨ᠎ᠠ᠃ | ᠡᠭᠦᠨ ᠳᠤ᠂ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 29᠂ ᠥᠪᠡᠷᠲᠡᠭᠡᠨ ᠵᠠᠰᠠᠬᠤ | ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 60 ᠪᠣᠶ᠃ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠲᠠᠯᠠᠪᠠᠶ 1267.0 ᠲᠦᠮᠡᠨ ᠾᠧᠺᠲ᠋ᠠᠷ᠃ ᠡᠭᠦᠨ ᠳᠤ᠂ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠲᠠᠯᠠᠪᠠᠶ 426.2 ᠲᠦᠮᠡᠨ ᠾᠧᠺᠲ᠋ᠠᠷ ᠪᠣᠶ᠃ | ᠪᠥᠬᠦ ᠣᠷᠣᠨ ᠤ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ ᠶᠢᠨ ᠳᠤᠮᠳᠠᠴᠢ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ 89.6% ᠳᠤ ᠬᠦᠷᠴᠡᠢ᠃ ᠵᠢᠵᠢᠭ ᠮᠥᠬᠦᠯᠢᠭᠲᠦ ᠪᠣᠳᠠᠰ ( PM 2.5 ) ᠤᠨ ᠳᠤᠮᠳᠠᠴᠢ | ᠥᠳᠬᠡᠴᠡ ᠨᠢ 23 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠪᠠᠶᠢᠵᠤ᠂ ᠳᠡᠭᠡᠷ᠎ᠡ ᠵᠢᠯ ᠤᠨ ᠬᠢ ᠠᠴᠠ 17. | 9% ᠪᠠᠷ ᠪᠠᠭᠤᠷᠠᠪᠠ᠃ | ᠪᠦᠬᠦ ᠣᠷᠣᠨ ᠤ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠦᠷ ᠲᠦᠪᠰᠢᠨ ᠤ ᠠᠳᠡᠯ ᠢᠶᠠᠷ | ᠠᠳᠡᠭᠰᠡᠳ ᠤᠨ ᠲᠤᠭ᠎ᠠ 677 ᠪᠠᠶᠢᠵᠤ᠂ ᠳᠡᠭᠡᠷ᠎ᠡ ᠵᠢᠯ ᠤᠨ ᠬᠢ ᠠᠴᠠ 13.8% ᠪᠠᠷ ᠪᠠᠭᠤᠷᠠᠵᠤ᠂ ᠦᠢᠯᠡᠳᠪᠦᠷᠢ | ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠤᠨ ᠬᠥᠮᠦᠰ ᠤᠨ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠢᠶᠠᠷ ᠠᠳᠡᠭᠰᠡᠳ ᠤᠨ ᠲᠤᠭ᠎ᠠ 333 ᠪᠠᠶᠢᠵᠤ᠂ ᠨᠡᠭᠦᠷᠡᠰᠦᠨ ᠠᠭᠤᠷᠬᠠᠶ ᠶᠢᠨ ᠵᠠᠭᠤᠨ ᠲᠦᠮᠡᠨ | ᠲᠣᠨ ᠳᠠᠬᠢ ᠠᠳᠡᠯ ᠤᠨ ᠨᠣᠷᠮ᠎ᠠ 0.014 ᠪᠠᠶᠢᠵᠤ᠂ ᠵᠠᠮ ᠬᠠᠷᠢᠯᠴᠠᠭᠠᠨ ᠤ ᠲᠦᠮᠡᠨ ᠲᠡᠷᠭᠡᠨ ᠳᠠᠬᠢ ᠠᠳᠡᠯ ᠤᠨ | ᠨᠤᠷᠮ᠎ᠠ 1.22 ᠪᠠᠶᠢᠪᠠ᠃ | | ᠲᠠᠶᠢᠯᠪᠤᠷᠢ᠄ | ( 1 ) ᠲᠤᠰ ᠠᠯᠪᠠᠨ ᠮᠡᠳᠡᠭᠡ ᠳᠠᠬᠢ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ ᠪᠦᠷᠢᠳᠬᠡᠭᠰᠡᠨ | ᠲᠤᠭ᠎ᠠ ᠪᠣᠯᠤᠨ᠎ᠠ᠃ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ ᠰᠢᠯᠲᠠᠭᠠᠨ ᠠᠴᠠ | ᠪᠣᠯᠵᠣ᠂ ᠶᠡᠷᠦᠩᠬᠡᠶ ᠲᠤᠭ᠎ᠠ ᠪᠠ ᠬᠤᠪᠢᠶᠠᠷᠢ ᠵᠦᠢᠯ ᠨᠢ ᠨᠡᠶᠢᠯᠡᠭᠡᠳ ᠠᠳᠠᠯᠢ ᠪᠤᠰᠤ ᠪᠠᠶᠢᠳᠠᠯ ᠣᠷᠣᠰᠢᠵᠤ ᠪᠠᠶᠢᠨ᠎ᠠ᠃ | ( 2 ) ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠡᠯ᠎ᠡ ᠠᠵᠤ ᠦᠢᠯᠡᠰ ᠤᠨ | ᠨᠡᠮᠡᠭᠳᠡᠯ ᠥᠷᠲᠡᠭ ᠤᠨ ᠬᠠᠷᠢᠴᠠᠯᠠᠰᠢᠭᠦᠶ ᠲᠤᠭ᠎ᠠ ᠶᠢ ᠣᠲᠣ ᠶᠢᠨ ᠦᠨ᠎ᠡ ᠪᠠᠷ ᠪᠤᠳᠤᠵᠤ᠂ ᠨᠡᠮᠡᠭᠳᠡᠯ ᠤᠨ | ᠬᠤᠷᠳᠤᠴᠠ ᠶᠢ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠ᠃ | ( 3 ) ᠵᠡᠭᠦᠨ ᠬᠡᠰᠡᠭ ᠤᠨ ᠭᠠᠵᠠᠷ ᠣᠷᠣᠨ ᠭᠡᠳᠡᠭ ᠨᠢ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ | ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠢ ᠵᠢᠭᠠᠵᠤ ᠪᠣᠶ︔ ᠳᠤᠮᠳᠠ ᠬᠡᠰᠡᠭ | ᠭᠠᠵᠠᠷ ᠣᠷᠣᠨ ᠭᠡᠳᠡᠭ ᠨᠢ ᠬᠥᠬᠡᠬᠤᠲᠠ᠂ ᠪᠤᠭᠤᠲᠤ ᠬᠤᠲᠠ᠂ ᠣᠷᠳᠣᠰ ᠬᠤᠳᠠ᠂ ᠤᠯᠠᠭᠠᠨᠴᠠᠪ ᠬᠤᠲᠠ ᠶᠢ | ᠵᠢᠭᠠᠵᠤ ᠪᠤᠶ︔ ᠪᠠᠷᠠᠭᠤᠨ ᠬᠡᠰᠡᠭ ᠤᠨ ᠭᠠᠵᠠᠷ ᠣᠷᠣᠨ ᠭᠡᠳᠡᠭ ᠨᠢ ᠪᠠᠶᠠᠨᠨᠠᠭᠤᠷ ᠬᠤᠳᠠ᠂ ᠦᠬᠠᠢ ᠬᠤᠳᠠ᠂ | ᠠᠯᠠᠱᠠ ᠠᠶᠢᠮᠠᠭ ᠢ ᠵᠢᠭᠠᠵᠤ ᠪᠤᠢ᠃ | ( 4 ) ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠭᠴᠢ ᠶᠢᠨ ᠦᠨ᠎ᠡ ᠬᠠᠩᠰᠢ ᠭᠡᠳᠡᠭ ᠨᠢ | ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠭᠴᠢ ᠶᠢᠨ ᠪᠦᠲᠦᠭᠡᠭᠳᠡᠬᠦᠨ ᠢᠶᠠᠨ ᠰᠢᠭᠤᠳ ᠬᠤᠳᠠᠯᠳᠤᠬᠤ | ᠦᠶ᠎ᠡ ᠶᠢᠨ ᠦᠨ᠎ᠡ ᠶᠢ ᠵᠢᠭᠠᠵᠤ ᠪᠠᠶᠢᠨ᠎ᠠ᠃ | ( 5 ) ᠣᠷᠣᠨ ᠰᠠᠭᠤᠴᠠ ᠶᠢᠨ ᠲᠥᠷᠥᠯ ᠤᠨ ᠦᠨ᠎ᠡ ᠬᠠᠩᠰᠢ ᠳᠤ ᠲᠦᠷᠢᠶᠡᠰᠦᠨ ᠬᠡᠷ ᠤᠨ ᠲᠦᠷᠢᠶᠡᠰᠦ᠂ | ᠣᠷᠣᠨ ᠰᠠᠭᠤᠴᠠ ᠶᠢ ᠠᠷᠠᠴᠢᠯᠠᠨ ᠵᠠᠰᠠᠬᠤ ᠵᠢᠴᠢ ᠬᠠᠮᠢᠶᠠᠷᠬᠤ᠂ ᠤᠰᠤ ᠴᠠᠬᠢᠯᠭᠠᠨ ᠲᠦᠯᠡᠰᠢ ᠵᠡᠷᠭᠡ ᠶᠢᠨ ᠦᠨ᠎ᠡ | ᠬᠠᠩᠰᠢ ᠪᠠᠭᠲᠠᠨ᠎ᠠ᠃ | ( 6 ) ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠲᠤ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ᠂ ᠳᠡᠭᠡᠳᠦ | ᠲᠠᠰ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠠᠮᠢᠳᠤ | ᠪᠣᠳᠠᠰ ᠤᠨ ᠠᠵᠤ ᠦᠢᠯᠡᠰ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ᠂ ᠰᠢᠨ᠎ᠡ ᠡᠨᠧᠷᠭᠢ ᠶᠢᠨ ᠠᠵᠤ | ᠦᠢᠯᠡᠰ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠪᠠ ᠲᠣᠭᠠᠴᠢᠯᠠᠭᠰᠠᠨ | ᠪᠦᠲᠦᠭᠡᠯᠴᠢ ᠲᠥᠰᠦᠪᠯᠡᠯ ᠤᠨ ᠠᠵᠤ ᠦᠢᠯᠡᠰ ᠵᠡᠷᠭᠡ ᠨᠠᠢᠮᠠᠨ ᠶᠡᠭᠡ ᠠᠵᠤ ᠦᠢᠯᠡᠰ ᠲᠠᠬᠢ ᠠᠵᠤ ᠦᠢᠯᠡᠳᠪᠦᠷᠢ ᠶᠢᠨ | ᠬᠠᠮᠢᠶ᠎ᠠ ᠪᠥᠬᠦᠶ ᠠᠵᠢᠯ ᠲᠥᠷᠥᠯ ᠪᠠᠭᠲᠠᠨ᠎ᠠ᠃ ᠠᠵᠤ ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ | ᠪᠣᠯᠬᠤ ᠪᠠᠷᠢᠮᠵᠢᠶ᠎ᠠ ᠪᠠᠷ ᠪᠤᠳᠤᠪᠠ᠃ | ( 7 ) ᠳᠡᠭᠡᠳᠦ ᠮᠡᠷᠭᠡᠵᠢᠯ ᠤᠨ ᠦᠢᠯᠡᠳᠭᠡᠯ ᠤᠨ ᠦᠢᠯᠡᠰ ᠲᠤ ᠡᠮ ᠡᠮᠨᠡᠯᠭᠡ ᠶᠢᠨ ᠦᠢᠯᠡᠳᠭᠡᠯ ᠤᠨ | ᠦᠢᠯᠡᠰ᠂ ᠠᠭᠠᠷ ᠤᠨ ᠠᠶᠠᠯᠠᠯ᠂ ᠰᠠᠨᠰᠠᠷ ᠤᠨ ᠨᠢᠰᠦᠭᠦᠷ ᠵᠢᠴᠢ ᠲᠥᠬᠦᠭᠡᠷᠦᠮᠵᠢ ᠶᠢᠨ ᠦᠢᠯᠡᠳᠭᠡᠯ ᠤᠨ ᠦᠢᠯᠡᠰ᠂ | ᠡᠯᠧᠺᠲᠷᠣᠨ ᠵᠢᠴᠢ ᠴᠢᠮᠡᠭᠡ ᠬᠤᠯᠪᠣᠭ᠎ᠠ ᠶᠢᠨ ᠲᠥᠬᠦᠭᠡᠷᠦᠮᠵᠢ ᠶᠢᠨ ᠦᠢᠯᠡᠳᠭᠡᠯ ᠤᠨ ᠦᠢᠯᠡᠰ ᠂ ᠺᠣᠮᠫᠢᠦ᠋ᠲ᠋ᠧᠷ ᠵᠢᠴᠢ | ᠠᠯᠪᠠᠯᠠᠬᠤ ᠲᠥᠬᠦᠭᠡᠷᠦᠮᠵᠢ ᠶᠢᠨ ᠦᠢᠯᠡᠳᠭᠡᠯ ᠤᠨ ᠦᠢᠯᠡᠰ᠂ ᠡᠮᠴᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠵᠢᠴᠢ | ᠬᠡᠮᠵᠢᠭᠦᠷᠯᠢᠭ ᠤᠨ ᠦᠢᠯᠡᠳᠭᠡᠯ ᠤᠨ ᠦᠢᠯᠡᠰ᠂ ᠮᠡᠳᠡᠭᠡ ᠵᠠᠩᠭᠢᠵᠢᠯᠲᠠ ᠶᠢᠨ ᠬᠢᠮᠢ ᠶᠢᠨ ᠦᠢᠯᠡᠳᠬᠦᠨ ᠤ | ᠦᠢᠯᠡᠳᠭᠡᠯ ᠤᠨ ᠦᠢᠯᠡᠰ ᠪᠠᠭᠲᠠᠨ᠎ᠠ᠃ | ( 8 ) ᠲᠣᠨᠣᠭᠯᠠᠯ ᠤᠨ ᠦᠢᠯᠡᠳᠭᠡᠯ ᠤᠨ ᠦᠢᠯᠡᠰ ᠲᠤ ᠲᠡᠮᠦᠷᠯᠢᠭ ᠪᠦᠲᠦᠭᠡᠭᠳᠡᠬᠦᠨ ᠤ ᠦᠢᠯᠡᠰ᠂ | ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠶᠢᠨ ᠦᠢᠯᠡᠳᠭᠡᠯ ᠤᠨ ᠦᠢᠯᠡᠰ ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ | ᠶᠢᠨ ᠦᠢᠯᠡᠳᠭᠡᠯ ᠤᠨ ᠦᠢᠯᠡᠰ᠂ ᠮᠠᠰᠢᠨ ᠲᠡᠷᠭᠡᠨ ᠤ ᠦᠢᠯᠡᠳᠭᠡᠯ ᠤᠨ ᠦᠢᠯᠡᠰ᠂ ᠲᠡᠮᠦᠷ ᠵᠠᠮ᠂ ᠣᠩᠭᠤᠴᠠ ᠰᠠᠯ᠂ | ᠠᠭᠠᠷ ᠤᠨ ᠠᠶᠠᠯᠠᠯ ᠰᠠᠨᠰᠠᠷ ᠤᠨ ᠠᠶᠠᠯᠠᠯ ᠪᠠ ᠪᠤᠰᠤᠳ ᠲᠡᠭᠡᠭᠡᠪᠦᠷᠢ ᠶᠢᠨ ᠲᠥᠬᠦᠭᠡᠷᠦᠮᠵᠢ ᠶᠢᠨ ᠦᠢᠯᠡᠳᠭᠡᠯ ᠤᠨ | ᠦᠢᠯᠡᠰ ᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠤᠨ ᠦᠢᠯᠡᠳᠭᠡᠯ ᠤᠨ ᠦᠢᠯᠡᠰ᠂ ᠺᠣᠮᠫᠢᠦ᠋ᠲ᠋ᠧᠷ᠂ ᠴᠢᠮᠡᠭᠡ | ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠶᠢᠨ ᠦᠢᠯᠡᠳᠭᠡᠯ ᠤᠨ ᠦᠢᠯᠡᠰ ᠂ ᠬᠡᠮᠵᠢᠭᠦᠷᠯᠢᠭ ᠤᠨ | ᠦᠢᠯᠡᠳᠭᠡᠯ ᠤᠨ ᠦᠢᠯᠡᠰ ᠪᠠᠭᠲᠠᠨ᠎ᠠ᠃ | ( 9 ) ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠳᠤ ᠡᠮ ᠡᠮᠨᠡᠯᠭᠡ ᠦᠢᠯᠡᠳᠬᠦ᠂ | ᠠᠭᠠᠷ ᠤᠨ ᠠᠶᠠᠯᠠᠯ ᠰᠠᠨᠰᠠᠷ ᠤᠨ ᠨᠢᠰᠦᠭᠦᠷ ᠵᠢᠴᠢ ᠲᠥᠬᠦᠭᠡᠷᠦᠮᠵᠢ ᠦᠢᠯᠡᠳᠬᠦ ᠵᠡᠷᠭᠡ ᠵᠢᠷᠭᠤᠭᠠᠨ ᠶᠡᠭᠡ | ᠲᠥᠷᠥᠯ ᠤᠨ ᠳᠡᠭᠡᠳᠦ ᠮᠡᠷᠭᠡᠵᠢᠯ ᠤᠨ ᠦᠢᠯᠡᠳᠭᠡᠯ ᠤᠨ ᠦᠢᠯᠡᠰ ᠤᠨ ᠪᠠᠯᠠ ᠣᠷᠣᠭᠤᠯᠤᠯᠲᠠ ᠪᠠ ᠮᠡᠳᠡᠭᠡ ᠵᠠᠩᠭᠢ ᠶᠢᠨ | ᠦᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠶᠢᠰᠦᠨ ᠶᠡᠭᠡ ᠲᠥᠷᠥᠯ ᠤᠨ ᠳᠡᠭᠡᠳᠦ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ ᠪᠠᠭᠲᠠᠨ᠎ᠠ᠃ | (10 ) ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠥᠷᠥᠯ ᠵᠦᠢᠯ ᠪᠣᠯᠤᠨ᠎ᠠ᠃ | ( 11 ) ᠠᠷᠠᠳ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠭᠡᠳᠡᠭ ᠨᠢ ᠬᠠᠮᠲᠤ᠂ | ᠬᠤᠪᠢ ᠶᠢᠨ ᠡᠵᠡᠩᠨᠡᠭᠰᠡᠨ᠂ ᠬᠤᠪᠢ ᠬᠥᠮᠦᠨ ᠤ ᠰᠢᠨᠵᠢ ᠴᠢᠨᠠᠷ ᠲᠠᠢ ᠳᠣᠲᠣᠭᠠᠳᠤ ᠪᠠᠯᠠ ᠶᠢᠨ ᠠᠵᠤ ᠠᠬᠤᠶᠢᠯᠠᠯ ( | ᠠᠵᠢᠯ ᠦᠢᠯᠡᠰ ) ᠤᠨ ᠨᠢᠭᠡᠴᠢ ᠵᠢᠴᠢ ᠲᠡᠭᠦᠨ ᠤ ᠬᠤᠪᠢ ᠡᠵᠡᠮᠳᠡᠭᠰᠡᠨ ( ᠬᠠᠷᠢᠴᠠᠯᠠᠰᠢᠭᠦᠶ ᠬᠤᠪᠢ ᠡᠵᠡᠮᠳᠡᠭᠰᠡᠨ | ᠪᠠ ᠬᠠᠷᠢᠴᠠᠩᠭᠤᠶ ᠬᠤᠪᠢ ᠡᠵᠡᠮᠳᠡᠭᠰᠡᠨ ᠪᠠᠭᠲᠠᠨ᠎ᠠ ) ᠠᠵᠤ ᠠᠬᠤᠶᠢᠯᠠᠯ ᠤᠨ ᠨᠢᠭᠡᠴᠢ ᠠᠴᠠ ᠪᠠᠶᠢᠭᠤᠯᠤᠭᠰᠠᠨ ᠪᠤᠶᠤ | ᠬᠤᠳᠠᠯᠳᠤᠨ ᠠᠪᠤᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠵᠢᠭᠠᠵᠤ ᠪᠣᠶ᠃ | ( 12 ) ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠪᠠᠯᠠ ᠣᠷᠣᠭᠤᠯᠤᠯᠲᠠ ᠳᠤ ᠬᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠠᠴᠠ ᠭᠠᠳᠠᠨ᠎ᠠ᠂ ᠪᠠᠰᠠ ᠪᠥᠲᠥᠭᠡᠨ | ᠪᠠᠶᠢᠭᠤᠯᠬᠤ ᠨᠢᠭᠡᠴᠢ ᠶᠢᠨ ᠥᠪᠡᠷ ᠢᠶᠠᠨ ᠪᠠᠷᠢᠭᠰᠠᠨ ᠬᠡᠷ ᠪᠠᠶᠢᠰᠢᠩ ᠵᠢᠴᠢ ᠠᠳᠠᠯ ᠠᠬᠤᠶ ᠶᠢᠨ ᠬᠠᠮᠢᠶᠠᠷᠤᠯᠲᠠ᠂ | ᠵᠠᠭᠤᠴᠢ ᠦᠢᠯᠡᠴᠢᠯᠡᠭᠡ ᠪᠠ ᠪᠤᠰᠤᠳ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠪᠠᠭᠲᠠᠨ᠎ᠠ᠃ | ( 13 ) ︽ᠨᠢᠭᠡ ᠪᠦᠰᠡ ᠨᠢᠭᠡ ᠵᠠᠮ︾ ᠭᠡᠳᠡᠭ ᠨᠢ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ | ᠪᠠ ︽21 ᠳ᠋ᠦᠭᠡᠷ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ︾ ᠢ ᠵᠢᠭᠠᠵᠤ ᠪᠠᠶᠢᠨ᠎ᠠ ᠃ | ( 14 ) 2021 ᠣᠨ ᠤ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ | ᠬᠡᠮᠵᠢᠶ᠎ᠡ ᠶᠢ ᠳᠡᠭᠡᠷ᠎ᠡ ᠵᠢᠯ ᠤᠨ ᠥᠯᠥ ᠬᠤᠪᠢᠰᠬᠤ ᠦᠨ᠎ᠡ ᠪᠠᠷ ᠪᠤᠳᠤᠵᠤ ᠣᠯᠤᠭᠰᠠᠨ ᠠᠰᠢᠭ ᠣᠷᠣᠯᠭ᠎ᠠ | ᠪᠣᠯᠤᠨ᠎ᠠ᠃ | [ 15 ] 2021 ᠣᠨ ᠤ ᠰᠢᠦᠳᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶ᠎ᠡ ᠶᠢ ᠲᠦᠷᠦᠭᠦᠦ | ᠵᠢᠯ ᠤᠨ ᠦᠯᠦ ᠬᠤᠪᠢᠰᠬᠤ ᠦᠨ᠎ᠡ ᠪᠠᠷ ᠪᠤᠳᠤᠪᠠ᠃ | ( 16 ) ᠲᠣᠭᠲᠠᠮᠠᠯ ᠢᠨᠲ᠋ᠧᠷ ᠰᠦᠯᠵᠢᠶᠡᠨ ᠤ ᠥᠷᠭᠡᠨ ᠪᠦᠰᠡ ᠵᠠᠯᠭᠠᠬᠤ ᠬᠡᠷᠡᠭᠯᠡᠭᠴᠢ ᠭᠡᠳᠡᠭ ᠪᠣᠯ | ᠮᠡᠳᠡᠭᠦᠯᠦᠯᠲᠡ ᠶᠢᠨ ᠬᠤᠭᠤᠴᠠᠭᠠᠨ ᠡᠴᠦᠰ ᠲᠤ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠪᠦᠷᠢᠳᠬᠡᠭᠦᠯᠦᠨ | ᠳᠠᠩᠰᠠᠯᠠᠭᠤᠯᠵᠤ᠂ xDSL᠂ FTTx + LAN᠂ FTTH / O ᠵᠢᠴᠢ ᠪᠤᠰᠤᠳ ᠥᠷᠭᠡᠨ ᠪᠦᠰᠡ | ᠵᠠᠯᠭᠠᠬᠤ ᠠᠷᠭ᠎ᠠ ᠮᠠᠶ᠋ᠢᠭ ᠪᠠ ᠡᠩ ᠤᠨ ᠲᠤᠰᠬᠠᠶ ᠤᠲᠠᠰᠤ ᠪᠠᠷ ᠳᠠᠮᠵᠢᠭᠤᠯᠤᠨ ᠣᠯᠠᠨ ᠨᠡᠶᠢᠲᠡ ᠶᠢᠨ ᠢᠨᠲ᠋ᠧᠷ | ᠰᠦᠯᠵᠢᠶᠡᠨ ᠳᠤ ᠵᠠᠯᠭᠠᠭᠰᠠᠨ ᠬᠡᠷᠡᠭᠯᠡᠭᠴᠢ ᠶᠢ ᠵᠢᠭᠠᠵᠤ ᠪᠠᠶᠢᠨ᠎ᠠ᠃ | (17 ) ᠤᠤᠯ ᠳᠠᠭᠠᠳᠬᠠᠯ ᠤᠨ ᠵᠠᠷᠤᠳᠠᠯ ᠤᠨ ᠣᠷᠣᠯᠭ᠎ᠠ ᠭᠡᠳᠡᠭ ᠨᠢ ᠳᠠᠭᠠᠳᠬᠠᠯ ᠤᠨ ᠠᠵᠤ | ᠠᠬᠤᠶᠢᠯᠠᠯ ᠤᠨ ᠨᠤᠲᠠᠯᠠᠨ ᠲᠣᠭᠲᠠᠭᠠᠭᠰᠠᠨ ᠤᠤᠯ ᠳᠠᠭᠠᠳᠬᠠᠯ ᠤᠨ ᠭᠡᠷ᠎ᠡ ᠶᠢᠨ ᠳᠠᠭᠠᠳᠬᠠᠯ ᠤᠨ ᠵᠠᠷᠤᠳᠠᠯ ᠤᠨ | ᠣᠷᠣᠯᠭ᠎ᠠ ᠶᠢ ᠵᠢᠭᠠᠵᠤ ᠪᠠᠶᠢᠨ᠎ᠠ᠃ | (18 ) ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠭᠡᠳᠡᠭ ᠪᠣᠯ ᠠᠵᠤ | ᠠᠬᠤᠶᠢᠯᠠᠯ ( ᠨᠢᠭᠡᠴᠢ ) ᠤᠨ ᠮᠡᠳᠡᠭᠦᠯᠦᠯᠲᠡ ᠶᠢᠨ ᠬᠤᠭᠤᠴᠠᠭᠠᠨ ᠳᠤ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠪᠣᠳᠠᠲᠠᠢ ᠬᠡᠷᠡᠭᠯᠡᠭᠡᠨ ᠤ ᠡᠯ᠎ᠡ ᠵᠦᠢᠯ ᠤᠨ ᠡᠨᠧᠷᠭᠢ ᠶᠢᠨ ᠰᠤᠷᠪᠤᠯᠵᠢ ( ᠡᠨᠧᠷᠭᠢ ᠶᠢᠨ | ᠰᠤᠷᠪᠤᠯᠵᠢ ᠶᠢ ᠪᠣᠯᠪᠠᠰᠤᠷᠠᠭᠤᠯᠤᠨ ᠰᠣᠯᠢᠬᠤ ᠪᠠ ᠡᠨᠧᠷᠭᠢ ᠶᠢᠨ ᠰᠤᠷᠪᠤᠯᠵᠢ ᠶᠢ ᠡᠭᠡᠭᠦᠯᠦᠨ ᠬᠤᠷᠢᠶᠠᠵᠤ ᠠᠰᠢᠭᠯᠠᠬᠤ | ᠵᠡᠷᠭᠡ ᠳᠠᠪᠬᠤᠷᠳᠠᠭᠰᠠᠨ ᠬᠦᠴᠦᠨ ᠵᠦᠢᠯ ᠢ ᠬᠠᠰᠤᠨ᠎ᠠ ) ᠶᠢᠨ ᠨᠡᠶᠢᠯᠡᠪᠦᠷᠢ ᠶᠢ ᠵᠢᠭᠠᠵᠤ ᠪᠠᠶᠢᠨ᠎ᠠ᠃ ᠶᠡᠷᠦᠩᠬᠡᠢ | ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠶᠢ ᠪᠤᠳᠤᠬᠤ ᠦᠶ᠎ᠡ ᠳᠤ᠂ ᠡᠯ᠎ᠡ ᠵᠦᠢᠯ ᠤᠨ ᠡᠨᠧᠷᠭᠢ ᠶᠢᠨ | ᠰᠤᠷᠪᠤᠯᠵᠢ ᠶᠢᠨ ᠲᠦᠷᠦᠯ ᠵᠦᠢᠯ ᠤᠨ ᠬᠡᠷᠡᠭᠯᠡᠭᠡᠨ ᠤ ᠬᠡᠮᠵᠢᠶ᠎ᠡ ᠶᠢ ᠪᠠᠷᠢᠮᠵᠢᠶᠠᠲᠤ ᠬᠡᠮᠵᠢᠯᠲᠡ ᠶᠢᠨ ᠨᠢᠭᠡᠴᠢ ( | ᠵᠢᠱᠢᠶᠡᠯᠡᠪᠡᠯ᠄ ᠲᠣᠨ ᠪᠠᠷᠢᠮᠵᠢᠶᠠᠲᠤ ᠨᠡᠭᠦᠷᠡᠰᠦ ) ᠪᠠᠷ ᠬᠡᠮᠵᠢᠭᠰᠡᠨ ᠬᠡᠷᠡᠭᠯᠡᠭᠡᠨ ᠤ ᠬᠡᠮᠵᠢᠶ᠎ᠡ ᠪᠣᠯᠭᠠᠨ ᠰᠣᠯᠢᠵᠤ | ᠪᠤᠳᠤᠬᠤ ᠴᠢᠬᠤᠯᠠᠲᠠᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ | ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢᠨ ᠪᠠᠷᠢᠮᠵᠢᠶ᠎ᠠ ᠶᠢ ᠲᠡᠩᠴᠡᠯ ᠥᠷᠲᠡᠭ ᠢᠶᠠᠷ ᠪᠤᠳᠤᠨ᠎ᠠ᠃ | ᠮᠠᠲ᠋ᠧᠷᠢᠶᠠᠯ ᠤᠨ ᠢᠷᠡᠯᠲᠡ᠄ | ᠲᠤᠰ ᠠᠯᠪᠠᠨ ᠮᠡᠳᠡᠭᠡ ᠳᠠᠬᠢ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ᠂ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠨᠢ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠢᠷᠡᠯᠲᠡ ᠲᠠᠢ︔ ᠦᠨ᠎ᠡ | ᠬᠠᠩᠰᠢ ᠶᠢᠨ ᠵᠢᠭᠠᠯᠲᠠ ᠲᠤᠭ᠎ᠠ᠂ ᠰᠠᠭᠤᠭᠠᠯᠢ ᠠᠷᠠᠳ ᠤᠨ ᠣᠷᠣᠯᠭ᠎ᠠ ᠶᠢᠨ ᠬᠡᠷᠡᠭᠯᠡᠭᠡ᠂ ᠠᠮᠤ ᠪᠤᠳᠠᠭᠠᠨ ᠤ | ᠲᠠᠷᠢᠮᠠᠯ ᠤᠨ ᠲᠠᠯᠠᠪᠠᠶ᠂ ᠠᠮᠤ ᠪᠤᠳᠠᠭᠠᠨ ᠤ ᠤᠨᠠᠯᠲᠠ᠂ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ᠂ | ᠵᠢᠭᠦᠷᠲᠡᠨ ᠤ ᠥᠨᠳᠡᠭᠡᠨ ᠤ ᠭᠠᠷᠤᠯᠲᠠ᠂ ᠦᠨᠢᠶᠡᠨ ᠰᠦ ᠶᠢᠨ ᠭᠠᠷᠤᠯᠲᠠ᠂ ᠭᠠᠭ᠋ᠠᠶ ᠦᠬᠡᠷ ᠬᠤᠨᠢ ᠶᠢᠨ ᠲᠤᠭ᠎ᠠ | ᠪᠠᠷᠢᠮᠲᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ | ᠶᠡᠷᠦᠩᠬᠡᠶ ᠠᠩᠭᠢ ᠠᠴᠠ ᠢᠷᠡᠯᠲᠡ ᠲᠠᠢ︔ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠶᠡᠷᠦᠩᠬᠡᠶ ᠬᠥᠳᠡᠯᠭᠡᠬᠦ | ᠬᠦᠴᠦᠨ ᠤ ᠲᠤᠭ᠎ᠠ ᠪᠠᠷᠢᠮᠲᠠ ᠨᠢ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠢᠷᠡᠯᠲᠡ ᠲᠠᠢ︔ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠲᠤᠭ᠎ᠠ ᠪᠠᠷᠢᠮᠲᠠ ᠨᠢ ᠴᠠᠬᠢᠯᠭᠠᠨ ᠬᠦᠴᠦᠨ ᠤ ᠠᠵᠢᠯ | ᠲᠥᠷᠥᠯ ᠤᠨ ᠨᠡᠶᠢᠭᠡᠮᠯᠢᠭ ᠠᠴᠠ ᠢᠷᠡᠯᠲᠡ ᠲᠠᠢ︔ ᠭᠠᠳᠠᠭᠠᠳᠤ ᠠᠷᠠᠯᠵᠢᠶᠠᠨ ᠤ ᠲᠤᠭ᠎ᠠ ᠪᠠᠷᠢᠮᠲᠠ ᠨᠢ ᠬᠥᠬᠡᠬᠤᠲᠠ | ᠪᠣᠭᠤᠮᠲᠠ ᠠᠴᠠ ᠢᠷᠡᠯᠲᠡ ᠲᠠᠢ︔ ᠭᠠᠳᠠᠭᠠᠳᠤ ᠪᠠᠯᠠ ᠶᠢ ᠪᠣᠳᠠᠲᠠᠶ ᠠᠰᠢᠭᠯᠠᠭᠰᠠᠨ ᠲᠤᠭ᠎ᠠ ᠪᠠᠷᠢᠮᠲᠠ ᠨᠢ | ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠢᠷᠡᠯᠲᠡ ᠲᠠᠢ︔ ᠳᠠᠩᠰᠠᠯᠠᠭᠤᠯᠤᠭᠰᠠᠨ ᠠᠵᠤ ᠠᠬᠤᠶᠢᠯᠠᠯ ᠤᠨ | ᠲᠤᠭ᠎ᠠ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ᠂ ᠲᠤᠰᠬᠠᠶ ᠠᠰᠢᠭ ᠤᠨ ᠲᠤᠭ᠎ᠠ | ᠪᠠᠷᠢᠮᠲᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ ᠠᠶᠠᠨᠴᠢᠳ ᠪᠠ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢᠨ | ᠲᠤᠭ᠎ᠠ ᠪᠠᠷᠢᠮᠲᠠ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠡᠮᠦᠷ ᠵᠠᠮ ᠤᠨ ᠰᠠᠯᠠᠭ᠎ᠠ ᠮᠥᠴᠢᠷ ᠪᠣᠯᠤᠨ | ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠢᠷᠡᠯᠲᠡ ᠲᠠᠢ︔ ᠠᠷᠠᠳ ᠤᠨ ᠬᠡᠷᠡᠭᠯᠡᠭᠡᠨ ᠤ | ᠮᠠᠰᠢᠨ ᠲᠡᠷᠭᠡ᠂ ᠵᠠᠮ ᠬᠠᠷᠢᠯᠴᠠᠭᠠᠨ ᠤ ᠠᠳᠡᠯ ᠤᠨ ᠲᠤᠭ᠎ᠠ ᠪᠠᠷᠢᠮᠲᠠ ᠨᠢ ᠳᠣᠲᠣᠭᠠᠳᠤ ᠶᠢ ᠬᠠᠮᠠᠭᠠᠯᠠᠬᠤ | ᠲᠢᠩᠬᠢᠮ ᠠᠴᠠ ᠢᠷᠡᠯᠲᠡ ᠲᠠᠢ︔ ᠴᠠᠬᠢᠯᠭᠠᠨ ᠬᠤᠯᠪᠣᠭᠠᠨ ᠤ ᠲᠤᠭ᠎ᠠ᠂ ᠳ᠋ᠢᠶᠠᠩᠬᠤᠸᠠ ᠶᠢᠨ ᠲᠤᠭ᠎ᠠ᠂ ᠰᠢᠯᠵᠢᠮᠡᠯ | ᠢᠨᠲ᠋ᠧᠷ ᠰᠦᠯᠵᠢᠶᠡᠨ ᠤ ᠲᠤᠭ᠎ᠠ ᠨᠢ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ | ᠰᠢᠤᠳᠠᠨ ᠤ ᠠᠵᠢᠯ ᠤᠨ ᠬᠡᠮᠵᠢᠶ᠎ᠡ᠂ ᠲᠦᠷᠭᠡᠨ ᠬᠦᠷᠭᠡᠯᠲᠡ ᠶᠢᠨ ᠠᠵᠢᠯ ᠤᠨ ᠬᠡᠮᠵᠢᠶ᠎ᠡ ᠶᠢᠨ ᠲᠤᠭ᠎ᠠ ᠪᠠᠷᠢᠮᠲᠠ ᠨᠢ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ ᠤᠷᠠᠯᠢᠭ ᠤᠨ ᠲᠣᠭᠯᠠᠯᠲᠠ ᠶᠢᠨ ᠪᠦᠯᠬᠦᠮ᠂ | ᠰᠣᠶᠣᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠮᠦᠽᠧᠶ᠂ ᠵᠢᠭᠤᠯᠴᠢᠯᠠᠯ ᠤᠨ ᠲᠤᠭ᠎ᠠ ᠪᠠᠷᠢᠮᠲᠠ ᠨᠢ | ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠢᠷᠡᠯᠲᠡ ᠲᠠᠢ︔ ᠳᠠᠩᠰᠠ ᠡᠪᠬᠡᠮᠡᠯ ᠤᠨ ᠲᠤᠭ᠎ᠠ ᠪᠠᠷᠢᠮᠲᠠ ᠨᠢ | ᠳᠠᠩᠰᠠ ᠡᠪᠬᠡᠮᠡᠯ ᠤᠨ ᠲᠣᠪᠴᠢᠶ᠎ᠠ ᠠᠴᠠ ᠢᠷᠡᠵᠡᠢ︔ ᠡᠳ᠋ ᠤᠨ ᠵᠠᠰᠠᠭ ᠤᠨ ᠲᠤᠭ᠎ᠠ ᠪᠠᠷᠢᠮᠲᠠ ᠨᠢ ᠡᠳ᠋ ᠤᠨ | ᠵᠠᠰᠠᠭ ᠤᠨ ᠲᠢᠩᠬᠢᠮ ᠠᠴᠠ ᠢᠷᠡᠯᠲᠡ ᠲᠠᠢ︔ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠨᠢ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠠᠴᠠ ᠢᠷᠡᠯᠲᠡ ᠲᠠᠢ︔ ᠳᠠᠭᠠᠳᠬᠠᠯ ᠤᠨ ᠲᠤᠭ᠎ᠠ ᠪᠠᠷᠢᠮᠲᠠ ᠨᠢ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ︔ ᠡᠮᠴᠢᠯᠡᠭᠡᠨ ᠤ | ᠪᠠᠲᠤᠯᠠᠭ᠎ᠠ ᠶᠢᠨ ᠲᠤᠭ᠎ᠠ ᠪᠠᠷᠢᠮᠲᠠ ᠨᠢ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠢᠷᠡᠯᠲᠡ ᠲᠠᠢ︔ ᠰᠤᠷᠭᠠᠨ | ᠬᠥᠮᠦᠵᠢᠯ ᠤᠨ ᠲᠤᠭ᠎ᠠ ᠪᠠᠷᠢᠮᠲᠠ ᠨᠢ ᠰᠤᠷᠭᠠᠨ ᠬᠥᠮᠦᠵᠢᠯ ᠤᠨ ᠲᠢᠩᠬᠢᠮ ᠠᠴᠠ ᠢᠷᠡᠯᠲᠡ ᠲᠠᠢ︔ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ᠂ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠪᠠᠷᠢᠮᠲᠠ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠢᠷᠡᠯᠲᠡ ᠲᠠᠢ︔ ᠲᠧᠯᠸᠢᠰ᠂ ᠷᠠᠳᠢᠣ᠋ ᠨᠡᠪᠲᠡᠷᠡᠭᠦᠯᠭᠡ ᠶᠢᠨ | ᠲᠤᠭ᠎ᠠ ᠪᠠᠷᠢᠮᠲᠠ ᠨᠢ ᠷᠠᠳᠢᠣ᠋ ᠲᠧᠯᠸᠢᠰ ᠤᠨ ᠲᠣᠪᠴᠢᠶ᠎ᠠ ᠠᠴᠠ ᠢᠷᠡᠯᠲᠡ ᠲᠠᠢ︔ ᠬᠡᠪᠯᠡᠯ ᠤᠨ ᠲᠤᠭ᠎ᠠ ᠪᠠᠷᠢᠮᠲᠠ ᠨᠢ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠢᠷᠡᠯᠲᠡ ᠲᠠᠢ︔ ᠪᠡᠶ᠎ᠡ ᠶᠢᠨ ᠲᠠᠮᠢᠷ ᠤᠨ ᠲᠤᠭ᠎ᠠ ᠪᠠᠷᠢᠮᠲᠠ ᠨᠢ | ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠢᠷᠡᠯᠲᠡ ᠲᠠᠢ︔ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭ᠎ᠠ | ᠪᠠᠷᠢᠮᠲᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠷᠡᠯᠲᠡ ᠲᠠᠢ︔ ᠺᠢᠨᠣ᠋ ᠶᠢᠨ ᠲᠤᠭ᠎ᠠ | ᠪᠠᠷᠢᠮᠲᠠ ᠨᠢ ᠺᠢᠨᠣ᠋ ᠶᠢᠨ ᠪᠦᠯᠦᠭᠯᠡᠯ ᠠᠴᠠ ᠢᠷᠡᠯᠲᠡ ᠲᠠᠢ︔ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠪᠡᠯᠡᠳᠬᠡᠮᠵᠢ ᠶᠢᠨ ᠲᠤᠭ᠎ᠠ᠂ ᠠᠰᠠᠷᠠᠮᠵᠢ ᠶᠢᠨ ᠬᠦᠷᠢᠶᠡᠯᠡᠩ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠲᠤᠭ᠎ᠠ ᠪᠠᠷᠢᠮᠲᠠ ᠨᠢ ᠠᠷᠠᠳ ᠤᠨ ᠶᠠᠪᠤᠳᠠᠯ ᠤᠨ ᠲᠢᠩᠬᠢᠮ ᠠᠴᠠ | ᠢᠷᠡᠯᠲᠡ ᠲᠠᠢ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠶ ᠰᠢᠭᠤᠶ ᠶᠢᠨ ᠲᠤᠭ᠎ᠠ ᠪᠠᠷᠢᠮᠲᠠ ᠨᠢ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠢᠷᠡᠯᠲᠡ ᠲᠠᠢ︔ ᠠᠭᠠᠷ ᠤᠨ ᠶᠠᠰᠤ ᠴᠢᠨᠠᠷ ᠤᠨ ᠲᠤᠭ᠎ᠠ ᠪᠠᠷᠢᠮᠲᠠ ᠨᠢ | ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠢᠷᠡᠯᠲᠡ ᠲᠠᠢ︔ ᠦᠢᠯᠡᠳᠪᠦᠷᠢᠯᠡᠯ ᠤᠨ ᠠᠮᠤᠷ ᠲᠦᠪᠰᠢᠨ ᠤ | ᠠᠳᠡᠯ ᠢᠶᠠᠷ ᠠᠳᠡᠭᠰᠡᠳ ᠤᠨ ᠲᠤᠭ᠎ᠠ ᠶᠢᠨ ᠲᠤᠭ᠎ᠠ ᠪᠠᠷᠢᠮᠲᠠ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠢᠩᠬᠢᠮ ᠠᠴᠠ ᠢᠷᠡᠯᠲᠡ ᠲᠠᠢ︔ ᠨᠡᠭᠦᠷᠡᠰᠦᠨ ᠠᠭᠤᠷᠬᠠᠶ ᠶᠢᠨ ᠵᠠᠭᠤᠨ ᠲᠦᠮᠡᠨ ᠲᠣᠨ ᠳᠠᠬᠢ ᠠᠳᠡᠯ ᠤᠨ | ᠨᠣᠷᠮ᠎ᠠ ᠶᠢᠨ ᠲᠤᠭ᠎ᠠ ᠪᠠᠷᠢᠮᠲᠠ ᠨᠢ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ | ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠠᠴᠠ ᠢᠷᠡᠯᠲᠡ ᠲᠠᠢ︔ ᠪᠤᠰᠤᠳ ᠲᠤᠭ᠎ᠠ ᠪᠠᠷᠢᠮᠲᠠ ᠨᠢ ᠴᠥᠮ | ᠲᠤᠭ᠎ᠠ ᠪᠦᠷᠢᠳᠬᠡᠯ ᠤᠨ ᠲᠣᠪᠴᠢᠶ᠎ᠠ ᠠᠴᠠ ᠢᠷᠡᠯᠲᠡ ᠲᠠᠢ᠃ | | | |