2022 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2022/4/20
       4 ᠳ᠋ᠤᠭᠡᠷ ᠰᠠᠷ᠎ᠠ ᠶᠢᠨ 20  ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠲᠢᠶᠠᠨ ᠰᠢᠨ ᠿᠤ᠋ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄  ᠰᠠᠶ᠋ᠢᠬᠠᠨ ᠨᠡᠶᠢᠲᠡᠯᠡᠭᠰᠡᠨ ᠨᠢᠭᠡᠳᠦᠭᠡᠷ ᠤᠯᠠᠷᠢᠯ ᠤᠨ ᠭᠤᠣᠯ ᠭᠦᠢᠴᠡᠳᠬᠡᠯ ᠲᠤᠭ᠎ᠠ ᠳᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠪᠡ᠃ ᠲᠤᠯᠭᠠᠭᠤᠷᠢᠯᠠᠬᠤ ᠡᠯᠧᠮᠧᠨ᠋ᠲ ᠨᠢ ᠶᠠᠭᠤ ᠪᠣᠢ︖ ᠪᠠᠶᠠᠷᠯᠠᠯ᠎ᠠ᠃
      ᠬᠠᠷᠢᠭᠤᠯᠲᠠ᠄ ᠲᠠᠨ ᠤ ᠠᠰᠠᠭᠤᠭᠰᠠᠨ  ᠳᠤ ᠲᠠᠯᠠᠷᠬᠠᠵᠤ ᠪᠠᠶᠢᠨ᠎ᠠ᠃ ᠡᠨᠡ ᠵᠢᠯ ᠠᠴᠠ ᠨᠠᠰᠢ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠬᠦᠴᠦᠨ ᠵᠦᠢᠯ ᠤᠨ ᠨᠥᠯᠥᠭᠡ ᠪᠠᠷ᠂ ᠪᠦᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠵᠣᠬᠢᠬᠤ ᠳᠠᠷᠤᠯᠲᠠ ᠳᠤ ᠤᠴᠠᠷᠠᠪᠠ᠃ ᠭᠡᠪᠡᠴᠦ ᠪᠥᠬᠦ ᠣᠷᠣᠨ ᠤ ᠠᠵᠤ  ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠷᠢᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠳᠠᠭᠠᠭᠤᠯᠭ᠎ᠠ ᠳᠤᠤᠷ᠎ᠠ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠠᠰᠤᠷᠠᠯᠲᠠ ᠥᠬᠡᠶ ᠲᠦᠷᠭᠡᠳᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠨᠢ 1 - 2 ᠳ᠋ᠤᠭᠠᠷ ᠰᠠᠷ᠎ᠠ ᠶᠢᠨ ᠬᠢ ᠠᠴᠠ 2 . 4 ᠵᠠᠭᠤᠨ ᠤ ᠬᠤᠪᠢ ᠶᠢᠨ ᠴᠡᠭ ᠲᠦᠷᠭᠡᠳᠴᠦ᠂ 2021 ᠣᠨ ᠤ  ᠬᠢ ᠠᠴᠠ 1 . 3 ᠵᠠᠭᠤᠨ ᠤ ᠬᠤᠪᠢ ᠶᠢᠨ ᠴᠡᠭ ᠲᠦᠷᠭᠡᠳᠪᠡ᠃ ᠲᠤᠯᠭᠠᠭᠤᠷᠢᠯᠠᠬᠤ ᠡᠯᠧᠮᠧᠨ᠋ᠲ ᠨᠢ ᠭᠤᠤᠯᠳᠠᠭᠤ ᠳᠤᠤᠷᠠᠬᠢ ᠭᠤᠷᠪᠠᠨ ᠲᠠᠯ᠎ᠠ ᠪᠠᠷ ᠢᠯᠡᠷᠡᠨ᠎ᠡ᠄         ᠨᠢᠭᠡ ᠳᠤ᠂ ᠦᠢᠯᠡᠳᠭᠡᠯ ᠤᠨ ᠦᠢᠯᠡᠰ ᠤᠨ ᠲᠤᠯᠭᠠᠭᠤᠷᠢᠯᠠᠬᠤ ᠦᠢᠯᠡᠳᠦᠯ ᠢᠯᠡᠷᠬᠡᠶ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ  ᠦᠢᠯᠡᠳᠭᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10 . 3 %  ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 3 . 9 ᠵᠠᠭᠤᠨ ᠤ  ᠬᠤᠪᠢ ᠶᠢᠨ ᠴᠡᠭ ᠢᠶᠠᠷ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 54 . 1 %  ᠳᠤ ᠬᠦᠷᠴᠡᠶ᠃ ᠦᠢᠯᠡᠳᠭᠡᠯ ᠤᠨ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢᠳᠤᠨᠤᠨ ᠠᠴᠠ ᠨᠠᠰᠢᠬᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠠᠪᠠᠭᠤᠯᠢᠭ ᠢ ᠦᠷᠭᠦᠯᠵᠢᠯᠡᠭᠦᠯᠵᠦ᠂ ᠡᠵᠡᠯᠡᠬᠦ ᠬᠠᠷᠢᠴᠠᠯ ᠨᠢ 35 % ᠣᠷᠴᠢᠮ ᠪᠠᠶᠢᠬᠤ ᠶᠢ ᠪᠠᠲᠤᠯᠠᠪᠠ᠂ ᠦᠢᠯᠡᠳᠬᠡᠯ ᠤᠨ ᠦᠢᠯᠡᠰ ᠨᠢ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠭᠡᠵᠦ ᠬᠡᠯᠡᠵᠦ ᠪᠣᠯᠤᠨ᠎ᠠ᠃       ᠬᠤᠶᠠᠷ ᠲᠤ᠂ ᠡᠨᠧᠷᠭᠢ ᠶᠢᠨ ᠡᠯᠧᠮᠧᠨ᠋ᠲ ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5 . 1 %  ᠪᠠᠷ ᠨᠡᠮᠡᠭᠳᠡᠪᠡ᠃ ᠨᠡᠭᠦᠷᠡᠰᠦᠨ ᠤ ᠠᠵᠢᠯ ᠲᠥᠷᠥᠯ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 2 . 3 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 31 . 4 % ᠪᠣᠯᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠪᠠ ᠰᠢᠲᠠᠮᠠᠬᠠᠶ ᠬᠡᠶ ᠶᠢᠨ ᠠᠵᠢᠯ ᠲᠥᠷᠥᠯ ᠢ 0 . 3 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 3 . 7 % ᠪᠣᠯᠪᠠ᠃         ᠭᠤᠷᠪᠠ ᠳᠤ᠂ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠲᠦᠷᠭᠡᠳᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25 . 5 %  ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠢ ᠠᠴᠠ 18 . 2 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ 12 . 6 %  ᠪᠠᠷ ᠨᠡᠮᠡᠭᠳᠡᠵᠦ᠂ ᠪᠥᠬᠦ ᠣᠷᠣᠨ ᠤ ᠬᠢ ᠠᠴᠠ 5 . 3 ᠵᠠᠭᠤᠨ ᠤ ᠬᠤᠪᠢ ᠶᠢᠨ ᠴᠡᠭ ᠥᠨᠳᠥᠷ ᠪᠣᠯᠪᠠ︔ ᠨᠡᠭᠦᠷᠡᠰᠦᠨ ᠤ ᠪᠤᠰᠤ ᠠᠵᠤ ᠦᠢᠯᠡᠰ 7 . 9 %  ᠪᠠᠷ ᠨᠡᠮᠡᠭᠳᠡᠵᠦ᠂ ᠪᠥᠬᠦ ᠣᠷᠣᠨ ᠤ ᠬᠢ ᠠᠴᠠ 0 . 6 ᠵᠠᠭᠤᠨ ᠤ  ᠬᠤᠪᠢ ᠶᠢᠨ ᠴᠡᠭ ᠥᠨᠳᠥᠷ ᠪᠣᠯᠪᠠ᠃ ᠪᠦᠳᠦᠭᠡᠭᠳᠡᠭᠦᠨ ᠤ ᠭᠠᠷᠤᠯᠲᠠ ᠠᠴᠠ ᠦᠵᠡᠪᠡᠯ᠂ ᠪᠥᠬᠦ ᠣᠷᠣᠨ ᠤ 232 ᠵᠦᠢᠯ ᠤᠨ ᠠᠵᠤ ᠦᠢᠯᠡᠳᠪᠦᠷᠢ ᠶᠢᠨ ᠪᠦᠳᠦᠭᠡᠭᠳᠡᠭᠦᠨ ᠤ 126 ᠵᠦᠢᠯ ᠤᠨ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ 85 ᠵᠦᠢᠯ ᠤᠨ ᠨᠡᠮᠡᠭᠳᠡᠯ ᠤᠨ ᠬᠤᠷᠳᠤᠴᠠ ᠨᠢ 10 %  ᠶᠢ ᠳᠠᠪᠠᠪᠠ᠃       ᠡᠭᠦᠨ ᠤ ᠬᠠᠮᠲᠤ᠂ ᠠᠵᠤ ᠠᠬᠤᠶᠢᠯᠠᠯ ᠢ ᠳᠠᠮᠵᠢᠵᠦ ᠬᠦᠴᠢᠷᠳᠡᠯ ᠢ ᠨᠢ ᠰᠢᠢᠳᠪᠦᠷᠢᠯᠡᠨ ᠬᠥᠭᠵᠢᠭᠦᠯᠬᠦ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠳᠤ ᠴᠤ ᠢᠳᠡᠪᠬᠢᠲᠡᠶ ᠦᠢᠯᠡᠳᠦᠯ ᠦᠵᠡᠭᠦᠯᠪᠡ᠃ ᠲᠠᠷᠠᠭᠠᠴᠢ ᠶᠢᠨ ᠱᠠᠲᠤᠨ ᠳᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠳᠭᠡᠯ ᠤᠨ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠢ ᠢᠳᠡᠪᠬᠢᠲᠡᠶ ᠲᠡᠳᠬᠦᠨ᠂ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠠᠵᠤ ᠦᠢᠯᠡᠳᠪᠦᠷᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠪᠠᠶᠠᠷᠯᠠᠯ᠎ᠠ᠃       ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄  ᠥᠭᠦᠯᠡᠭᠴᠢ ᠲᠠ ᠰᠠᠶᠢᠨ ᠦᠦ︕ ᠨᠢᠭᠡᠳᠦᠭᠡᠷ ᠤᠯᠠᠷᠢᠯ ᠳᠤ ᠪᠥᠬᠦ ᠣᠷᠣᠨ ᠤ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ  ᠲᠦᠰᠦᠯ ᠤᠨ ᠠᠬᠢᠴᠠ ᠶᠢᠨ ᠪᠠᠶᠢᠳᠠᠯ ᠶᠠᠮᠠᠷ ᠵᠡᠷᠭᠡ ᠪᠣᠶ︖ ᠶᠠᠮᠠᠷ ᠶᠠᠮᠠᠷ ᠣᠨᠴᠠᠯᠢᠭ ᠲᠠᠢ ᠪᠣᠶ︖  
      ᠬᠠᠷᠢᠭᠤᠯᠲᠠ᠄ ᠲᠠᠨ ᠤ ᠠᠰᠠᠭᠤᠭᠰᠠᠨ  ᠳᠤ ᠲᠠᠯᠠᠷᠬᠠᠵᠤ ᠪᠠᠶᠢᠨ᠎ᠠ᠂ ᠳᠣᠣᠷ᠎ᠠ ᠪᠢ ᠭᠤᠷᠪᠠᠨ ᠲᠠᠯ᠎ᠠ ᠠᠴᠠ ᠬᠠᠷᠢᠭᠤᠯᠤᠶ᠎ᠠ᠃       ᠨᠢᠭᠡ᠂ ᠰᠠᠭᠤᠷᠢ ᠲᠦᠭᠦᠭᠡᠷᠦᠮᠵᠢ ᠶᠢᠨ ᠪᠠᠯᠠ ᠣᠷᠣᠭᠤᠯᠤᠯᠲᠠ ᠶᠢ ᠤᠷᠢᠳᠴᠢᠯᠠᠨ ᠪᠠᠶᠢᠷᠢᠯᠠᠭᠤᠯᠪᠠ       ᠲᠤᠭ᠎ᠠ ᠬᠡᠮᠵᠢᠶ᠎ᠡ ᠠᠴᠠ ᠨᠢ ᠦᠵᠡᠪᠡᠯ᠂ ᠪᠦᠬᠦ ᠣᠷᠣᠨ ᠤ ᠰᠠᠭᠤᠷᠢ ᠲᠦᠭᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠦᠰᠦᠯ ᠤᠨ ᠲᠤᠭ᠎ᠠ ᠬᠡᠮᠵᠢᠶ᠎ᠡ ᠨᠡᠮᠡᠭᠳᠡᠵᠦ᠂ ᠲᠦᠰᠦᠯ ᠤᠨ ᠬᠡᠪᠴᠢᠶ᠎ᠡ ᠨᠢ ᠪᠠᠭ᠋ᠠᠨ ᠥᠷᠭᠡᠵᠢᠪᠡ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠷᠢᠯᠭ᠎ᠠ ᠶᠢᠨ ᠲᠦᠰᠦᠯ 659 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 148 ᠨᠡᠮᠡᠭᠳᠡᠵᠦ᠂ ᠲᠤᠰ ᠵᠢᠯ ᠳᠤ ᠰᠢᠨ᠎ᠡ ᠪᠠᠷ ᠠᠵᠢᠯ ᠡᠬᠢᠯᠡᠭᠦᠯᠦᠭᠰᠡᠨ ᠲᠦᠰᠦᠯ 25 ᠪᠠᠶᠢᠵᠤ᠂ 14 ᠨᠡᠮᠡᠭᠳᠡᠵᠡᠢ᠃ ᠲᠦᠯᠦᠪᠯᠡᠭᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠰᠦᠯ  ᠤᠨ ᠪᠡᠯᠡ ᠤᠷᠤᠭᠤᠯᠤᠯᠳᠠ ᠶᠢ ᠪᠡᠶᠡᠯᠡᠬᠦᠯᠦᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1 . 1 ᠳᠠᠬᠢᠨ ᠨᠡᠮᠡᠭᠳᠡᠪᠡ᠃       ᠨᠡᠮᠡᠭᠳᠡᠯ ᠤᠨ ᠬᠤᠷᠳᠤᠴᠠ ᠠᠴᠠ ᠦᠵᠡᠪᠡᠯ᠂ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠥᠨᠳᠥᠷ ᠲᠦᠪᠰᠢᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 96 . 7 %  ᠪᠠᠷ ᠨᠡᠮᠡᠭᠳᠡᠵᠦ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 37 . 1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ 33 . 6 %  ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6 . 3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 26 . 4 ᠵᠠᠭᠤᠨ ᠤ ᠬᠤᠪᠢ ᠶᠢᠨ ᠴᠡᠭ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 44 . 3 %  ᠳᠤ ᠬᠦᠷᠴᠡᠶ᠃       ᠬᠤᠶᠠᠷ᠂ ᠭᠤᠤᠯᠳᠠᠯᠭ᠎ᠠ ᠲᠠᠢ ᠠᠵᠢᠯ ᠲᠥᠷᠥᠯ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠠᠨ ᠪᠠᠲᠤᠯᠠᠪᠠ       ᠨᠢᠭᠡᠳᠦᠭᠡᠷ ᠤᠯᠠᠷᠢᠯ ᠳᠤ᠂ ᠪᠥᠬᠦ ᠣᠷᠣᠨ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠴᠢᠬᠤᠯᠠ ᠡᠨᠧᠷᠭᠢ ᠶᠢᠨ ᠰᠠᠭᠤᠷᠢᠨ ᠭᠠᠵᠠᠷ ᠪᠠ ᠲᠦᠭᠦᠭᠡᠷᠦᠮᠵᠢ ᠵᠡᠷᠭᠡ ᠳᠤ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠶᠢ ᠢᠳᠡᠪᠬᠢᠲᠡᠶ ᠠᠬᠢᠭᠤᠯᠪᠠ᠃ ᠭᠤᠤᠯ ᠠᠵᠢᠯ ᠲᠥᠷᠥᠯ ᠠᠴᠠ ᠦᠵᠡᠪᠡᠯ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1 . 4 ᠳᠠᠬᠢᠨ ᠨᠡᠮᠡᠭᠳᠡᠵᠦ᠂ ᠪᠥᠬᠦ ᠣᠷᠣᠨ ᠤ ᠰᠠᠭᠤᠷᠢ ᠲᠦᠭᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 14 . 9 ᠵᠠᠭᠤᠨ ᠤ ᠬᠤᠪᠢ ᠶᠢᠨ ᠴᠡᠭ ᠳᠠᠶᠢᠴᠢᠯᠠᠪᠠ︔ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠦᠢᠯᠡᠰ ᠤᠨ ᠪᠠᠯᠠ ᠣᠷᠣᠭᠤᠯᠤᠯᠲᠠ 7 . 2 ᠳᠠᠬᠢᠨ ᠨᠡᠮᠡᠭᠳᠡᠵᠦ᠂ 11 . 6 ᠵᠠᠭᠤᠨ ᠤ ᠬᠤᠪᠢ ᠶᠢᠨ ᠴᠡᠭ ᠳᠠᠶᠢᠴᠢᠯᠠᠪᠠ︔ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠠᠬᠤᠶ ᠶᠢᠨ ᠵᠠᠰᠠᠯᠲᠠ ᠶᠢᠨ ᠦᠢᠯᠡᠰ ᠤᠨ ᠪᠠᠯᠠ ᠣᠷᠣᠭᠤᠯᠤᠯᠲᠠ 3 . 2 ᠳᠠᠬᠢᠨ ᠨᠡᠮᠡᠭᠳᠡᠵᠦ᠂ 12 . 3 ᠵᠠᠭᠤᠨ ᠤ ᠬᠤᠪᠢ ᠶᠢᠨ ᠴᠡᠭ ᠳᠠᠶᠢᠴᠢᠯᠠᠪᠠ︔ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ 69 . 0 % ᠢᠶᠠᠷ ᠨᠡᠮᠡᠭᠳᠡᠵᠦ᠂ ᠳᠠᠶᠢᠴᠢᠯᠠᠬᠤ ᠦᠢᠯᠡᠳᠦᠯ ᠢᠶᠠᠷ ᠬᠠᠮᠤᠭ ᠤᠨ ᠶᠡᠭᠡ ᠪᠠᠶᠢᠵᠤ᠂ 50 . 6 ᠵᠠᠭᠤᠨ ᠤ ᠬᠤᠪᠢ ᠶᠢᠨ ᠴᠡᠭ ᠬᠦᠷᠴᠡᠶ᠃       ᠭᠤᠷᠪᠠ᠂ ᠪᠡᠯᠡ ᠮᠥᠩᠭᠦ ᠭᠦᠢᠴᠡᠳ ᠪᠠᠶᠢᠨ᠎ᠠ       ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠲᠦᠰᠦᠯ ᠢ ᠨᠠᠶᠢᠳᠠᠪᠤᠷᠢᠵᠢᠭᠤᠯᠬᠤ ᠪᠠᠯᠠ ᠮᠥᠩᠭᠦ ᠠᠳᠠᠯᠢ ᠬᠤᠭᠤᠴᠠᠭᠠᠨ ᠤ ᠬᠢ ᠠᠴᠠ 89 . 1 %  ᠪᠠᠷ ᠨᠡᠮᠡᠭᠳᠡᠪᠡ᠃ ᠪᠠᠯᠠ ᠮᠥᠩᠭᠦ ᠨᠢ ᠭᠤᠤᠯᠳᠠᠭᠤ ᠠᠵᠤ ᠠᠬᠤᠶᠢᠯᠠᠯ ᠤᠨ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠦ ᠠᠴᠠ ᠢᠷᠡᠯᠲᠡ ᠲᠠᠢ ᠪᠠᠶᠢᠵᠤ᠂ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠦ ᠨᠢ ᠪᠥᠬᠦ ᠪᠡᠯᠡᠨ ᠪᠠᠯᠠ ᠮᠥᠩᠭᠦ ᠶᠢᠨ 53 . 7 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1 . 3 ᠳᠠᠬᠢᠨ ᠨᠡᠮᠡᠭᠳᠡᠵᠡᠶ︔ ᠤᠯᠤᠰ ᠤᠨ ᠲᠥᠰᠦᠪ ᠤᠨ ᠪᠠᠯᠠ ᠮᠥᠩᠭᠦ ᠠᠳᠠᠯᠢ ᠬᠤᠭᠤᠴᠠᠭᠠᠨ ᠤ ᠬᠢ ᠠᠴᠠ 1 . 1 ᠳᠠᠬᠢᠨ ᠨᠡᠮᠡᠭᠳᠡᠵᠦ᠂ ᠪᠥᠬᠦ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠳᠤ ᠡᠵᠡᠯᠡᠬᠦ ᠬᠤᠪᠢ ᠶᠢᠨ ᠵᠢᠩ ᠨᠢ 8 . 2 % ᠪᠠᠶᠢᠵᠤ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 0 . 9 ᠵᠠᠭᠤᠨ ᠤ ᠬᠤᠪᠢ ᠶᠢᠨ ᠴᠡᠭ ᠳᠡᠭᠡᠭᠰᠢᠯᠡᠵᠡᠶ᠃  ᠡᠨᠡ ᠠᠰᠠᠭᠤᠳᠠᠯ ᠢ ᠠᠳᠡ ᠬᠦᠷᠲᠡᠯ᠎ᠡ ᠬᠠᠷᠢᠭᠤᠯᠤᠶ᠎ᠠ᠂ ᠪᠠᠶᠠᠷᠯᠠᠯ᠎ᠠ︕       ᠵᠦᠩ ᠬᠤᠩ ᠰᠦᠯᠵᠢᠶᠡᠨ ᠤ ᠥᠪᠥᠷ ᠮᠣᠩᠭᠤᠯ ᠤᠨ ᠰᠤᠷᠪᠤᠯᠵᠢᠯᠠᠭᠴᠢ᠄  ᠨᠢᠭᠡᠳᠦᠭᠡᠷ ᠤᠯᠠᠷᠢᠯ ᠳᠤ ᠪᠥᠬᠦ ᠣᠷᠣᠨ ᠤ ᠣᠯᠠᠨ ᠭᠠᠵᠠᠷ ᠲᠤ ᠬᠢᠵᠢᠭ ᠤᠨ ᠪᠠᠶᠢᠳᠠᠯ ᠭᠠᠷᠴᠤ᠂ ᠡᠯ᠎ᠡ ᠭᠠᠵᠠᠷ ᠤᠨ ᠬᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠢᠳᠡᠪᠬᠢᠲᠡᠶ ᠥᠷᠨᠢᠭᠦᠯᠪᠡ᠃ ᠲᠡᠭᠡᠪᠡᠯ᠂ ᠮᠠᠨ ᠤ ᠣᠷᠣᠨ ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠯᠡᠭᠡ ᠶᠢ ᠪᠠᠲᠤᠯᠠᠬᠤ ᠲᠠᠯ᠎ᠠ ᠪᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖
      ᠬᠠᠷᠢᠭᠤᠯᠲᠠ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠡᠨᠡ ᠪᠣᠯ ᠣᠯᠠᠨ ᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ᠃ ᠨᠢᠭᠡᠳᠦᠭᠡᠷ ᠤᠯᠠᠷᠢᠯ ᠳᠤ᠂ ᠬᠢᠵᠢᠭ ᠤᠨ ᠪᠠᠶᠢᠳᠠᠯ ᠤᠯᠠᠨ ᠴᠡᠭ ᠲᠤ ᠦᠷᠪᠢᠰᠦᠨ ᠳᠡᠯᠭᠡᠷᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠠᠭᠤᠷᠠᠬᠤ ᠳᠠᠷᠤᠯᠲᠠ ᠨᠡᠮᠡᠭᠳᠡᠪᠡ᠃ ᠣᠷᠣᠨ ᠳᠠᠶᠠᠭᠠᠷ ᠢᠶᠠᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠡᠷᠭᠢᠯᠲᠡ ᠶᠢ ᠪᠠᠲᠤᠯᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠬᠠᠨᠳᠤᠰᠢ ᠨᠡᠯᠢᠶᠡᠳ ᠰᠠᠶᠢᠨ᠂ ᠲᠠᠰ ᠳᠡᠪᠰᠢᠭᠰᠡᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠭ᠎ᠠ ᠨᠡᠯᠢᠶᠡᠳ ᠲᠦᠷᠭᠡᠨ ᠪᠠᠶᠢᠬᠤ ᠵᠡᠷᠭᠡ ᠣᠨᠴᠠᠯᠢᠭ ᠢᠯᠡᠷᠡᠪᠡ᠃       ᠨᠢᠭᠡ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠠᠷᠢᠬᠢ ᠲᠠᠮᠠᠬᠢ ᠶᠢᠨ ᠲᠥᠷᠥᠯ ᠵᠡᠷᠭᠡ ᠭᠤᠷᠪᠠᠨ ᠲᠥᠷᠥᠯ ᠤᠨ ᠲᠠᠸᠠᠷ ᠨᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 2 . 4 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠬᠢᠲᠠᠳ ᠧᠦ᠋ᠷᠣᠫᠠ ᠡᠮ ᠤᠨ ᠲᠥᠷᠥᠯ ᠤᠨ ᠲᠠᠸᠠᠷ ᠨᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 0 . 5 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠳᠡᠯᠭᠡᠭᠦᠷ ᠠᠳᠠᠯᠢ ᠬᠤᠭᠤᠴᠠᠭᠠᠨ ᠤ ᠬᠢ ᠠᠴᠠ 7 . 0 %  ᠪᠠᠷ ᠨᠡᠮᠡᠭᠳᠡᠵᠦ᠂ ᠳᠥᠲᠡ ᠳᠡᠯᠭᠡᠭᠦᠷ 22 . 4 %  ᠪᠠᠷ ᠨᠡᠮᠡᠭᠳᠡᠵᠦ᠂ ᠲᠤᠰᠬᠠᠶ ᠳᠡᠯᠭᠡᠭᠦᠷ 14 . 3 % ᠪᠠ ᠬᠡᠲᠦ ᠳᠡᠯᠭᠡᠭᠦᠷ 17 . 9 %  ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠨᠡᠶᠢᠲᠡ 6 . 9 ᠵᠠᠭᠤᠨ ᠤ ᠬᠤᠪᠢ ᠶᠢᠨ ᠴᠡᠭ ᠳᠠᠶᠢᠴᠢᠯᠠᠪᠠ᠃       ᠬᠤᠶᠠᠷ ᠲᠤ᠂ ᠲᠡᠰ ᠳᠡᠪᠰᠢᠭᠰᠡᠨ ᠲᠦᠷᠦᠯ ᠤᠨ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠢᠯᠡᠷᠡᠪᠡ᠃ ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 47 . 2 %  ᠢᠶᠠᠷ ᠨᠡᠮᠡᠭᠳᠡᠵᠦ᠂ ᠨᠣᠮ ᠰᠣᠨᠢᠨ ᠰᠡᠳᠬᠦᠯ ᠤᠨ ᠲᠥᠷᠥᠯ 16 . 6 %  ᠪᠠᠷ ᠨᠡᠮᠡᠭᠳᠡᠵᠦ᠂ ᠰᠣᠶᠣᠯ ᠠᠯᠪᠠᠨ ᠬᠡᠷᠡᠭᠰᠡᠯ ᠤᠨ ᠲᠥᠷᠥᠯ 8 . 4 %  ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠶᠢᠨ 5 . 3 %  ᠶᠢᠨ ᠳᠤᠮᠳᠠᠴᠢ ᠲᠦᠪᠰᠢᠨ ᠠᠴᠠ ᠢᠯᠡᠳᠲᠡ ᠥᠨᠳᠥᠷ ᠪᠣᠯᠵᠠᠶ᠃ ᠡᠭᠦᠨ ᠠᠴᠠ ᠭᠠᠳᠠᠨ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠳᠦᠭᠡᠭᠳᠡᠭᠦᠨ ᠤ ᠴᠢᠳᠠᠮᠵᠢ ᠲᠦᠷᠭᠡᠨ ᠳᠡᠭᠡᠭᠰᠢᠯᠡᠵᠦ᠂ ᠣᠯᠠᠨ ᠨᠡᠶᠢᠲᠡ ᠶᠢᠨ ᠮᠡᠳᠡᠷᠡᠮᠵᠢ ᠳᠡᠭᠡᠭᠰᠢᠯᠡᠵᠦ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤᠤᠷ᠎ᠠ᠂ ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠦᠷᠭᠦᠯᠵᠢᠯᠡᠨ ᠨᠡᠮᠡᠭᠳᠡᠵᠦ ᠪᠣᠶ᠃ ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 141 . 3 %  ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ 2 . 5 ᠵᠠᠭᠤᠨ ᠤ ᠬᠤᠪᠢ ᠶᠢᠨ ᠴᠡᠭ ᠳᠠᠶᠢᠴᠢᠯᠠᠪᠠ᠃       ᠲᠠᠷᠠᠭᠠᠴᠢ ᠶᠢᠨ ᠱᠠᠲᠤᠨ ᠳᠤ᠂ ᠪᠥᠬᠦ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠬᠦᠷᠦᠯᠴᠡᠬᠦ ᠬᠡᠯᠪᠡᠷᠢ ᠶᠢᠨ ᠲᠠᠸᠠᠷ ᠤᠨ ᠬᠡᠷᠡᠭᠯᠡᠭᠡ ᠪᠠ ᠢᠳᠡᠭᠡᠨ ᠤᠮᠳᠠᠭᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ᠂ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠠᠬᠢᠭᠤᠯᠤᠨ᠎ᠠ᠃ ᠪᠠᠶᠠᠷᠯᠠᠯ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号