ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠮᠡᠳᠡᠭᠡ ᠵᠠᠩᠬᠢ ᠨᠡᠶᠢᠳᠡᠯᠡᠬᠦ ᠬᠢᠨᠠᠨ ᠬᠠᠷᠭᠤᠭᠤᠯᠬᠤ ᠳᠦᠷᠢᠮ
ᠨᠡᠶᠢᠲᠡᠯᠡᠭᠰᠡᠨ ᠴᠠᠭ᠄
2022/6/17
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠮᠡᠳᠡᠭᠡ ᠵᠠᠩᠭᠢ ᠨᠡᠶᠢᠲᠡᠯᠡᠬᠦ ᠠᠯᠬᠤᠮ ᠳᠠᠷᠠᠭᠠᠯᠠᠯ ᠢ ᠤᠯᠠᠮ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠨᠡᠶᠢᠲᠡᠯᠡᠬᠦ ᠶᠢᠨ ᠬᠢᠨᠠᠨ ᠬᠠᠷᠭᠤᠭᠤᠯᠬᠤ ᠠᠵᠢᠯ ᠤᠨ ᠳᠦᠷᠢᠮᠵᠢᠭᠰᠡᠨ ᠪᠠ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠥᠪ ᠴᠢᠩᠭ᠎ᠠ ᠴᠢᠨᠠᠷ᠂ ᠴᠠᠭ ᠲᠤᠬᠠᠶᠢᠴᠢ ᠴᠢᠨᠠᠷ᠂ ᠣᠨᠣᠪᠴᠢᠲᠤ ᠴᠢᠨᠠᠷ ᠪᠠ ᠡᠷᠬᠡ ᠰᠦᠷᠲᠦ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ︵ᠳᠣᠷᠣᠭᠰᠢ ︽ᠨᠢᠭᠤᠴᠠ ᠶᠢ ᠬᠠᠮᠠᠭᠠᠯᠠᠬᠤ ᠬᠠᠤᠯᠢ︾ ᠭᠡᠵᠦ ᠲᠣᠪᠴᠢᠯᠠᠨ᠎ᠠ︶ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠢ ᠦᠨᠳᠦᠰᠦᠯᠡᠨ ᠲᠣᠰ ᠲᠦᠷᠢᠮ ᠢ ᠲᠣᠭᠲᠠᠭᠠᠪᠠ᠃         ᠨᠢᠭᠡᠳᠦᠭᠡᠷ ᠵᠦᠢᠯ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠪᠠ ᠨᠡᠶᠢᠲᠡᠯᠡᠬᠦ ᠠᠵᠢᠯ ᠳᠤ᠂ ︽ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠰᠦᠯᠵᠢᠶᠡᠨ ᠳᠤ ᠭᠠᠷᠭᠠᠬᠤ ᠦᠭᠡᠶ᠂ ᠰᠦᠯᠵᠢᠶᠡᠨ ᠳᠤ ᠭᠠᠷᠬᠤ ᠮᠡᠳᠡᠭᠡ ᠵᠠᠩᠭᠢ ᠨᠢᠭᠤᠴᠠ ᠳᠤ ᠬᠤᠯᠪᠣᠭᠳᠠᠬᠤ ᠦᠭᠡᠶ︾ ᠪᠠᠶᠢᠬᠤ ᠵᠠᠷᠴᠢᠮ ᠶᠣᠰᠣᠭᠠᠷ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠢ ᠶᠢᠨ ᠮᠡᠳᠡᠭᠡ ᠵᠠᠩᠭᠢ ᠶᠢ ︽ᠤᠷᠢᠳᠠᠪᠠᠷ ᠬᠢᠨᠠᠵᠤ ᠳᠠᠷᠠᠭ᠎ᠠ ᠨᠢ ᠨᠡᠶᠢᠲᠡᠯᠡᠬᠦ︾᠂ ︽ᠬᠡᠨ ᠡᠬᠡ ᠪᠢᠴᠢᠭ ᠬᠠᠩᠭᠠᠪᠠᠯ ᠬᠡᠨ ᠬᠠᠷᠢᠭᠤᠴᠠᠬᠤ︾ ᠱᠠᠭᠠᠷᠳᠠᠯᠭ᠎ᠠ ᠶᠣᠰᠣᠭᠠᠷ᠂ ᠮᠡᠳᠡᠭᠡ ᠵᠠᠩᠭᠢ ᠶᠢᠨ ᠠᠮᠤᠷ ᠲᠦᠪᠰᠢᠨ ᠴᠢᠨᠠᠷ᠂ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃       ᠬᠤᠶᠠᠳᠤᠭᠠᠷ ᠵᠦᠢᠯ     ᠮᠡᠳᠡᠭᠡ ᠵᠠᠩᠭᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢ ︽ᠨᠢᠭᠤᠴᠠ ᠶᠢ ᠬᠠᠮᠠᠭᠠᠯᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠬᠠᠮᠢᠶ᠎ᠠ ᠪᠦᠬᠦᠢ ᠵᠢᠷᠤᠮᠵᠢᠯ ᠶᠣᠰᠣᠭᠠᠷ ᠬᠢᠬᠦ ᠬᠡᠷᠡᠭᠲᠡᠶ᠂ ᠮᠡᠳᠡᠭᠡ ᠵᠠᠩᠭᠢ ᠶᠢᠨ ᠢᠯᠡ ᠪᠣᠯᠭᠠᠬᠤ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠶ᠂ ᠪᠠᠰᠠ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠷᠢᠮᠵᠢᠶ᠎ᠠ ᠶᠢ ᠳᠤᠷ᠎ᠠ ᠪᠠᠷ ᠢᠶᠠᠨ ᠪᠠᠭᠤᠷᠠᠭᠤᠯᠵᠤ ᠪᠣᠯᠬᠤ ᠦᠭᠡᠶ᠃         ᠭᠤᠷᠪᠠᠳᠤᠭᠠᠷ ᠵᠦᠢᠯ     ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠢ ᠨᠦᠭᠦᠳ ᠰᠦᠯᠵᠢᠶᠡᠨ ᠤ ᠤᠬᠠᠭᠤᠯᠭ᠎ᠠ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠮᠡᠳᠡᠭᠡ ᠵᠠᠩᠭᠢ ᠰᠤᠷᠪᠤᠯᠵᠢᠯᠠᠨ ᠨᠠᠶᠢᠷᠠᠭᠤᠯᠬᠤ ᠡᠯ᠎ᠡ ᠭᠤᠭᠴᠤᠭ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠭᠤᠤᠯ ᠬᠥᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠤᠯᠠᠮᠵᠢᠯᠠᠵᠤ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠪᠦᠲᠦᠮᠵᠢᠲᠡᠶ ᠬᠥᠲᠥᠯᠥᠨ ᠵᠢᠯᠣᠭᠤᠳᠬᠤ ᠬᠡᠷᠡᠭᠲᠡᠶ᠃         ᠳᠥᠷᠪᠡᠳᠦᠭᠡᠷ ᠵᠦᠢᠯ    ᠲᠣᠪᠴᠢᠶ᠎ᠠ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠲᠣᠪᠴᠢᠶ᠎ᠠ᠂ ᠠᠵᠢᠯ ᠦᠢᠯᠡᠰ ᠤᠨ ᠨᠢᠭᠡᠴᠢ ᠨᠦᠭᠦᠳ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠥᠷᠲᠡᠭᠡ ᠶᠢᠨ ᠮᠡᠳᠡᠭᠡ ᠵᠠᠩᠭᠢ ᠨᠡᠶᠢᠲᠡᠯᠡᠬᠦ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯ ᠮᠡᠳᠡᠭᠡ ᠵᠠᠩᠭᠢ ᠨᠡᠶᠢᠲᠡᠯᠡᠬᠦ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠂ ᠭᠠᠵᠠᠷ ᠲᠠᠰᠤᠭ ᠤᠨ ᠬᠠᠷᠢᠭᠤᠴᠠᠯᠭᠠᠲᠠᠨ ᠪᠣᠯ ᠭᠤᠤᠯ ᠬᠠᠷᠢᠭᠤᠴᠠᠯᠭ᠎ᠠ ᠡᠭᠦᠷᠭᠡᠯᠡᠭᠴᠢ᠂ ᠮᠡᠳᠡᠭᠡ ᠵᠠᠩᠭᠢ ᠶᠢᠨ ᠡᠬᠡ ᠪᠢᠴᠢᠭ ᠪᠢᠴᠢᠬᠦ ᠠᠵᠢᠯᠲᠠᠨ ᠪᠣᠯ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃       ᠲᠠᠪᠤᠳᠤᠭᠠᠷ ᠵᠦᠢᠯ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠳᠤ ︽ᠭᠤᠷᠪᠠ ᠬᠢᠨᠠᠬᠤ ᠭᠤᠷᠪᠠ ᠬᠠᠷᠭᠤᠭᠤᠯᠬᠤ︾ ᠳᠦᠷᠢᠮ ᠢ ᠬᠡᠷᠡᠭᠵᠢᠭᠦᠯᠦᠨ᠎ᠡ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠥᠷᠢᠮ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠱᠠᠳᠤ ᠬᠤᠪᠢᠶᠠᠨ ᠬᠢᠨᠠᠨ ᠬᠠᠷᠭᠤᠭᠤᠯᠬᠤ᠂ ᠤᠷᠢᠳᠠᠪᠠᠷ ᠬᠢᠨᠠᠵᠤ ᠲᠠᠷᠠᠭ᠎ᠠ ᠨᠢ ᠨᠡᠶᠢᠳᠡᠯᠡᠬᠦ︾ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ︽ᠭᠤᠷᠪᠠ ᠬᠢᠨᠠᠬᠤ ᠭᠤᠷᠪᠠ ᠬᠠᠷᠭᠤᠭᠤᠯᠬᠤ︾ ᠲᠥᠷᠢᠮ ᠢ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠦᠢᠯᠡᠳᠪᠦᠷᠢᠯᠡᠯ ᠤᠨ ᠰᠤᠷᠪᠤᠯᠵᠢᠯᠠᠬᠤ᠂ ᠨᠠᠶᠢᠷᠠᠭᠤᠯᠬᠤ᠂ ᠬᠢᠨᠠᠬᠤ᠂ ᠭᠠᠷ ᠤᠨ ᠥᠰᠥᠭ ᠵᠢᠷᠤᠬᠤ᠂ ᠨᠡᠶᠢᠳᠡᠯᠡᠬᠦ ᠪᠥᠬᠦ ᠶᠠᠪᠤᠴᠠ ᠪᠣᠯᠤᠨ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠰᠬᠠᠢ ᠬᠥᠮᠦᠨ ᠲᠤᠬᠢᠷᠠᠭᠤᠯᠤᠨ ᠵᠢᠵᠢᠭᠦᠷᠯᠡᠨ ᠰᠠᠬᠢᠵᠤ᠂ ᠱᠠᠳᠤ ᠱᠠᠳᠤ ᠪᠠᠷ ᠬᠠᠷᠢᠭᠤᠴᠠᠵᠤ᠂ ᠲᠠᠯᠳᠠ ᠭᠡᠮ ᠢ ᠠᠷᠢᠯᠭᠠᠨ᠂ ᠥ ᠰᠡᠪ ᠢ ᠪᠥᠭᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠪᠣᠭᠤᠮᠲᠠ ᠶᠢ ᠰᠠᠶᠢᠲᠤᠷ ᠠᠳᠬᠤᠬᠤ ᠶᠢᠨ ᠬᠠᠮᠲᠤ᠂ ᠠᠭᠤᠯᠭ᠎ᠠ ᠶᠢᠨ ᠨᠠᠷᠢᠨ ᠵᠦᠢᠯᠡᠰ ᠤᠨ ᠠᠯᠳᠠᠭ᠎ᠠ ᠪᠤᠷᠤᠭᠤ ᠶᠢ ᠴᠢᠩᠭ᠎ᠠ ᠰᠡᠷᠭᠡᠶᠢᠯᠡᠵᠦ᠂ ᠴᠢᠬᠤᠯᠠ ᠡᠬᠡ ᠪᠢᠴᠢᠭ ᠮᠡᠳᠡᠭᠡ ᠵᠠᠩᠭᠢ ᠶᠢ ᠲᠣᠭᠲᠠᠭᠰᠠᠨ ᠲᠠᠰ ᠳᠠᠷᠠᠭᠠᠯᠠᠯ ᠢᠶᠠᠷ ᠬᠢᠨᠠᠨ ᠪᠠᠶᠢᠴᠠᠭᠠᠯᠭᠠᠵᠤ᠂ ᠣᠨᠣᠪᠴᠢᠲᠠᠶ ᠲᠣᠭᠲᠠᠭᠠᠵᠤ ᠳᠡᠶᠢᠯᠬᠦ ᠥᠬᠡᠶ ᠠᠰᠠᠭᠤᠳᠠᠯ ᠢ ᠴᠠᠭ ᠲᠤᠬᠠᠶ ᠳᠤᠨᠢ ᠵᠢᠭᠠᠪᠤᠷᠢ ᠠᠪᠬᠤ ᠬᠡᠷᠡᠭᠲᠡᠶ᠃         ︵ᠨᠢᠭᠡ︶ ᠠᠩᠬᠠᠨ ᠤ ᠬᠢᠨᠠᠯᠲᠠ᠃ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠢ ᠶᠢᠨ ᠮᠡᠳᠡᠭᠡ ᠵᠠᠩᠭᠢ ᠲᠤᠭᠤᠷᠪᠢᠭᠴᠢ ᠨᠢᠭᠡᠳᠦᠭᠡᠷ ᠳᠡᠰ ᠤᠨ ᠥᠪᠡᠰᠦᠪᠡᠨ ᠪᠠᠶᠢᠴᠠᠭᠠᠵᠤ ᠥᠪᠡᠰᠦᠪᠡᠨ ᠬᠢᠨᠠᠬᠤ ᠶᠢ ᠬᠠᠷᠢᠭᠤᠴᠠᠨ᠎ᠠ᠃ ᠭᠤᠣᠯᠳᠠᠭᠤ ᠡᠬᠡ ᠪᠢᠴᠢᠭ ᠤᠨ ᠦᠭᠡ ᠬᠡᠯᠡ ᠦᠰᠦᠭ ᠪᠢᠴᠢᠭ ᠤᠨ ᠪᠣᠭᠤᠮᠲᠠ ᠶᠢ ᠰᠠᠶᠢᠲᠤᠷ ᠠᠳᠬᠤᠵᠤ᠂ ᠪᠤᠷᠤᠭᠤ ᠦᠰᠦᠭ᠂ ᠡᠮᠵᠡᠭ ᠥᠭᠦᠯᠡᠪᠦᠷᠢ ᠵᠡᠷᠭᠡ ᠳᠣᠣᠷ᠎ᠠ ᠳᠡᠰ ᠤᠨ ᠠᠯᠳᠠᠭ᠎ᠠ ᠭᠠᠷᠬᠤ ᠠᠴᠠ ᠵᠠᠶᠢᠯᠠᠰᠬᠢᠵᠦ᠂ ᠮᠡᠳᠡᠭᠡ ᠵᠠᠩᠭᠢ ᠶᠢ ᠡᠮᠬᠢᠯᠡᠬᠦ᠂ ᠨᠠᠶᠢᠷᠠᠭᠤᠯᠬᠤ ᠵᠡᠷᠭᠡ ᠭᠤᠭᠴᠣᠭᠠᠨ ᠠᠴᠠ ᠮᠡᠳᠡᠭᠡ ᠵᠠᠩᠭᠢ ᠳᠤ ᠰᠡᠷᠭᠡᠭ ᠮᠡᠳᠡᠭᠡ ᠵᠠᠩᠭᠢ ᠪᠠᠶᠢᠬᠤ ᠡᠰᠡᠬᠦ᠂ ᠪᠤᠷᠤᠭᠤ ᠦᠰᠦᠭ᠂ ᠭᠤᠭᠤᠵᠢᠭᠳᠠᠭᠰᠠᠨ ᠦᠰᠦᠭ ᠪᠠ ᠬᠥᠮᠦᠨ ᠤ ᠨᠡᠷ᠎ᠡ᠂ ᠭᠠᠵᠠᠷ ᠤᠨ ᠨᠡᠷ᠎ᠡ ᠶᠢᠨ ᠢᠯᠡᠳᠬᠡᠯᠲᠡ ᠪᠤᠷᠤᠭᠤ ᠪᠠᠶᠢᠬᠤ ᠡᠰᠡᠬᠦ ᠶᠢ ᠡᠷᠢᠨ᠎ᠡ᠃       ︵ᠬᠤᠶᠠᠷ︶ ᠲᠡᠬᠢᠠ ᠬᠢᠨᠠᠯᠲᠠ᠃ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠶᠠᠳᠤᠭᠠᠷ ᠳᠡᠰ ᠤᠨ ᠳᠠᠬᠢᠨ ᠬᠢᠨᠠᠬᠤ ᠪᠠ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠭᠤᠣᠯᠳᠠᠭᠤ ᠰᠣᠨᠢᠨ ᠮᠡᠳᠡᠭᠡᠨ ᠤ ᠪᠣᠳᠠᠲᠤ ᠬᠡᠷᠡᠭ ᠤᠨ ᠪᠣᠭᠤᠮᠲᠠ ᠶᠢ ᠰᠠᠶᠢᠲᠤᠷ ᠠᠳᠬᠤᠵᠤ᠂ ᠮᠡᠳᠡᠭᠡ ᠵᠠᠩᠭᠢ ᠨᠡᠶᠢᠲᠡᠯᠡᠬᠦ ᠦᠨᠳᠦᠰᠦᠯᠡᠯ᠂ ᠠᠯᠪᠠᠨ ᠪᠢᠴᠢᠭ ᠤᠨ ᠵᠢᠷᠤᠮᠵᠢᠯ᠂ ᠨᠡᠶᠢᠲᠡᠯᠡᠬᠦ ᠦᠨ᠎ᠡ ᠥᠷᠲᠡᠭ ᠢ ᠬᠢᠨᠠᠨ ᠬᠠᠷᠭᠤᠭᠤᠯᠵᠤ᠂ ᠨᠠᠶᠢᠷᠠᠭᠤᠯᠤᠭᠰᠠᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠴᠢᠨᠠᠷ᠂ ᠵᠢᠷᠤᠮᠵᠢᠯᠳᠤ ᠴᠢᠨᠠᠷ᠂ ᠲᠥᠪ ᠴᠢᠩᠭ᠎ᠠ ᠴᠢᠨᠠᠷ᠂ ᠣᠨᠣᠪᠴᠢᠲᠤ ᠴᠢᠨᠠᠷ ᠲᠤ ᠪᠦᠬᠦ ᠲᠠᠯ᠎ᠠ ᠶᠢᠨ ᠬᠢᠨᠠᠯᠲᠠ ᠬᠢᠬᠦ ᠬᠡᠷᠡᠭᠲᠡᠶ᠃         ︵ᠭᠤᠷᠪᠠ︶ ᠡᠴᠦᠰ ᠤᠨ ᠰᠢᠭᠦᠯᠲᠡ᠃ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠭᠡᠷ ᠲᠣᠪᠴᠢᠶ᠎ᠠ᠂ ᠠᠵᠢᠯ ᠦᠢᠯᠡᠰ ᠤᠨ ᠨᠢᠭᠡᠴᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠭᠤᠷᠪᠠᠨ ᠱᠠᠲᠤᠨ ᠤ ᠬᠢᠨᠠᠨ ᠬᠠᠷᠭᠤᠭᠤᠯᠬᠤ ᠪᠠ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠭᠤᠣᠯᠳᠠᠭᠤ ᠤᠯᠤᠰ ᠲᠥᠷᠥ ᠶᠢᠨ ᠪᠣᠭᠤᠮᠲᠠ ᠶᠢ ᠰᠠᠶᠢᠲᠤᠷ ᠠᠳᠬᠤᠵᠤ᠂ ᠮᠡᠳᠡᠭᠡ ᠵᠠᠩᠭᠢ ᠶᠢᠨ ᠤᠯᠤᠰ ᠲᠥᠷᠥ ᠶᠢᠨ ᠵᠣᠭᠰᠣᠴᠠ᠂ ᠨᠡᠶᠢᠭᠡᠮ ᠤᠨ ᠨᠥᠯᠥᠭᠡᠯᠡᠯ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠨᠡᠶᠢᠴᠡᠬᠦ ᠡᠰᠡᠬᠦ ᠳᠤ ᠮᠠᠭᠠᠳᠯᠠᠯᠲᠠ ᠬᠢᠬᠦ ᠶᠢᠨ ᠬᠠᠮᠲᠤ ᠰᠦᠯᠵᠢᠶᠡᠨ ᠳᠡᠭᠡᠷ᠎ᠡ ᠨᠡᠶᠢᠲᠡᠯᠡᠬᠦ ᠡᠰᠡᠬᠦ ᠶᠢ ᠲᠣᠭᠲᠠᠭᠠᠨ᠎ᠠ᠃ ᠴᠢᠬᠤᠯᠠ ᠮᠡᠳᠡᠭᠡ ᠵᠠᠩᠭᠢ ᠪᠤᠶᠤ ᠰᠡᠷᠭᠡᠭ ᠮᠡᠳᠡᠭᠡ ᠵᠠᠩᠭᠢ ᠳᠤ ᠲᠣᠬᠢᠶᠠᠯᠳᠤᠭᠠᠳ ᠣᠨᠣᠪᠴᠢᠲᠠᠢ ᠮᠠᠭᠠᠳᠯᠠᠯᠲᠠ ᠬᠢᠵᠦ ᠳᠡᠶᠢᠯᠬᠦ ᠦᠭᠡᠢ ᠦᠶ᠎ᠡ ᠳᠤ᠂ ᠡᠷᠬᠡᠪᠰᠢ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠬᠤ ᠰᠠᠯᠠᠭ᠎ᠠ ᠮᠥᠴᠢᠷ ᠪᠤᠶᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠲᠤ ᠮᠡᠳᠡᠭᠦᠯᠬᠦ ᠪᠠ ᠵᠢᠭᠠᠪᠤᠷᠢ ᠠᠪᠤᠭᠰᠠᠨ ᠤ ᠳᠠᠷᠠᠭ᠎ᠠ ᠰᠠᠶ᠋ᠢ ᠭᠠᠷ ᠤᠨ ᠦᠰᠦᠭ ᠵᠢᠷᠤᠵᠤ ᠶᠠᠪᠤᠭᠤᠯᠵᠤ ᠪᠣᠯᠤᠨ᠎ᠠ᠃       ᠵᠢᠷᠭᠤᠳᠤᠭᠠᠷ ᠵᠦᠢᠯ     ᠲᠤᠤᠷ ᠰᠦᠯᠵᠢᠶᠡᠨ ᠤ ᠠᠭᠤᠯᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ︽ᠭᠤᠷᠪᠠ ᠬᠢᠨᠠᠬᠤ ᠭᠤᠷᠪᠠ ᠬᠠᠷᠭᠤᠭᠤᠯᠬᠤ︾ ᠳᠦᠷᠢᠮ ᠢ ᠴᠢᠩᠭ᠎ᠠ ᠬᠡᠷᠡᠭᠵᠢᠭᠦᠯᠵᠦ᠂ ᠡᠬᠡ ᠪᠢᠴᠢᠭ ᠤᠨ ᠮᠡᠳᠡᠭᠡ ᠵᠠᠩᠭᠢ ᠶᠢᠨ ᠤᠳᠤᠷᠢᠳᠤᠮᠵᠢ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠬᠠᠮᠢᠶᠠᠷᠤᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃         ᠳᠣᠯᠣᠳᠤᠭᠠᠷ ᠵᠦᠢᠯ    ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶᠡᠨ ᠥᠷᠲᠡᠭᠡ ᠳᠤ ᠳᠠᠮᠵᠢᠭᠤᠯᠵᠤ ᠪᠣᠯᠬᠤ ᠦᠭᠡᠶ᠃         ᠨᠠᠢᠮᠠᠳᠤᠭᠠᠷ ᠵᠦᠢᠯ    ᠨᠢᠭᠤᠴᠠ ᠶᠢ ᠬᠠᠮᠠᠭᠠᠯᠠᠬᠤ ᠲᠣᠭᠲᠠᠭᠠᠯ ᠢ ᠦᠯᠦ ᠵᠢᠷᠤᠮᠯᠠᠨ ᠬᠢᠨᠠᠨ ᠬᠠᠷᠭᠤᠭᠤᠯᠤᠭᠰᠠᠨ ᠪᠤᠶᠤ ᠨᠢᠭᠤᠴᠠ ᠶᠢ ᠬᠠᠮᠠᠭᠠᠯᠠᠬᠤ ᠬᠢᠨᠠᠨ ᠬᠠᠷᠭᠤᠭᠤᠯᠤᠯᠲᠠ ᠨᠢ ᠴᠢᠩᠭ᠎ᠠ ᠪᠤᠰᠤ ᠠᠴᠠ ᠪᠣᠯᠵᠤ ᠨᠢᠭᠤᠴᠠ ᠶᠢ ᠵᠠᠳᠠᠷᠠᠭᠤᠯᠤᠭᠰᠠᠨ ᠪᠣᠯ᠂ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃          ᠶᠢᠰᠦᠳᠦᠭᠡᠷ ᠵᠦᠢᠯ   ᠲᠤᠰ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号