2022 ᠣᠨ ᠤ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2022/7/19
       7 ᠰᠠᠷ᠎ᠠ ᠶᠢᠨ 18 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠠᠨ ᠰᠢᠨ ᠿᠤ᠋᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠹᠧᠩ ᡁᠢ ᠵᠥᠩ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃         ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠪᠡ᠂ ᠲᠡᠭᠡᠪᠡᠯ ᠭᠤᠤᠯ ᠲᠤᠯᠭᠠᠭᠤᠷᠢᠯᠠᠬᠤ ᠬᠦᠴᠦᠨ ᠵᠦᠢᠯ ᠨᠢ ᠶᠠᠭᠤ ᠪᠣᠶ︖ ᠢᠯᠠᠩᠭᠤᠶ᠎ᠠ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖
        ᠲᠢᠶᠠᠨ ᠰᠢᠨ ᠿᠤ᠋᠄           ᠲᠠᠨ ᠤ ᠠᠰᠠᠭᠤᠭᠰᠠᠨ ᠳᠤ ᠪᠠᠶᠠᠷᠯᠠᠯ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ 1—5 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ ᠬᠤᠪᠢ ᠶᠢᠨ ᠴᠡᠭ ᠲᠦᠷᠭᠡᠳᠴᠦ᠂ ᠨᠢᠭᠡᠳᠦᠭᠡᠷ ᠤᠯᠠᠷᠢᠯ ᠤᠨ ᠬᠢ ᠠᠴᠠ 1.1 ᠵᠠᠭᠤᠨ ᠤ ᠬᠤᠪᠢ ᠶᠢᠨ ᠴᠡᠭ ᠲᠦᠷᠭᠡᠳᠪᠡ᠃ 38 ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠣᠮᠣ ᠲᠥᠷᠥᠯ ᠳᠣᠲᠣᠷ᠎ᠠ᠂ 26 ᠠᠵᠢᠯ ᠲᠥᠷᠥᠯ ᠤᠨ ᠬᠢᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 68.4% ᠪᠣᠯᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠴᠢᠩᠭᠠᠷᠠᠵᠤ᠂ ᠬᠠᠮᠢᠶ᠎ᠠ ᠪᠥᠬᠦᠶ ᠠᠵᠢᠯ ᠲᠥᠷᠥᠯ ᠨᠡᠯᠢᠶᠡᠳ ᠲᠦᠷᠭᠡᠨ ᠨᠡᠮᠡᠭᠳᠡᠬᠦ ᠶᠢᠨ ᠳᠠᠶᠢᠴᠢᠯᠠᠯᠲᠠ ᠪᠠᠶᠢᠬᠤ ᠮᠥᠷᠲᠡᠭᠡᠨ ᠪᠠᠰᠠ ᠦᠢᠯᠡᠳᠬᠦ ᠦᠢᠯᠡᠰ ᠲᠣᠭᠲᠠᠭᠤᠨ ᠢᠶᠠᠷ ᠨᠡᠮᠡᠭᠳᠡᠬᠦ ᠶᠢᠨ ᠦᠢᠯᠡᠳᠦᠯ ᠪᠠᠶᠢᠬᠤ ᠮᠥᠷᠲᠡᠭᠡᠨ ᠪᠠᠰᠠ ᠠᠵᠤ ᠦᠢᠯᠡᠳᠪᠦᠷᠢ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠬᠤ ᠪᠠ ᠣᠯᠠᠨ ᠵᠦᠢᠯ ᠤᠨ ᠬᠦᠴᠦᠨ ᠵᠦᠢᠯ ᠬᠠᠮᠲᠤ ᠪᠠᠷ ᠲᠤᠯᠭᠠᠭᠤᠷᠢᠯᠠᠭᠰᠠᠨ ᠤ ᠦᠷ᠎ᠡ ᠳ᠋ᠦᠩ ᠪᠣᠯᠬᠤ ᠶᠤᠮ᠃         ᠨᠢᠭᠡ ᠳᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠨᠡᠭᠦᠷᠡᠰᠦᠨ ᠤ ᠠᠵᠤ ᠦᠢᠯᠡᠳᠪᠦᠷᠢ ᠢᠯᠡᠳᠲᠡ ᠳᠠᠶᠢᠴᠢᠯᠠᠭᠳᠠᠪᠠ᠃ ᠪᠦᠬᠦ ᠣᠷᠣᠨ ᠤ ᠡᠨᠧᠷᠭᠢ ᠶᠢᠨ ᠠᠵᠤ ᠦᠢᠯᠡᠳᠪᠦᠷᠢ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠠᠵᠤ ᠠᠬᠤᠶ ᠶᠢᠨ ᠲᠦᠷᠭᠡᠨ ᠰᠡᠷᠭᠦᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃ ᠡᠭᠦᠨ ᠳᠤ᠂ ᠨᠡᠭᠦᠷᠡᠰᠦᠨ ᠤ ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 3.8 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠴᠠᠬᠢᠯᠭᠠᠨ ᠬᠦᠴᠦᠨ ᠢᠯᠴᠢ ᠶᠢᠨ ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ 3.4% ᠪᠠᠷ ᠨᠡᠮᠡᠭᠳᠡᠵᠦ᠂ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠶ ᠬᠡᠶ ᠨᠡᠭᠡᠭᠡᠨ ᠮᠠᠯᠲᠠᠬᠤ ᠦᠢᠯᠡᠰ 7.4% ᠪᠠᠷ ᠨᠡᠮᠡᠭᠳᠡᠵᠦ᠂ ᠰᠢᠲᠠᠮᠠᠬᠠᠶ ᠬᠡᠶ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 30.3% ᠪᠠᠷ ᠨᠡᠮᠡᠭᠳᠡᠵᠦ᠂ ᠭᠤᠷᠪᠠᠨ ᠠᠵᠢᠯ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠨᠡᠶᠢᠲᠡ 1.1 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠭᠤᠤᠯ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠨᠡᠯᠢᠶᠡᠳ ᠲᠦᠷᠭᠡᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠨᠡᠭᠦᠷᠡᠰᠦᠨ ᠤ ᠭᠠᠷᠤᠯᠲᠠ ᠪᠠ ᠴᠠᠬᠢᠯᠭᠠᠨ ᠭᠠᠷᠭᠠᠭᠰᠠᠨ ᠬᠡᠮᠵᠢᠶ᠎ᠡ ᠲᠣᠰ ᠲᠣᠰ ᠠᠳᠠᠯᠢ ᠬᠤᠭᠤᠴᠠᠭᠠᠨ ᠤ ᠬᠢ ᠠᠴᠠ 15.5% ᠪᠠ 5.3% ᠪᠠᠷ ᠨᠡᠮᠡᠭᠳᠡᠪᠡ᠃         ᠬᠤᠶᠠᠷ ᠲᠤ᠂ ᠦᠢᠯᠡᠳᠬᠦ ᠦᠢᠯᠡᠰ ᠯᠠᠪᠳᠠᠭᠤᠨ ᠢᠶᠠᠷ ᠨᠡᠮᠡᠭᠳᠡᠵᠦ᠂ ᠰᠠᠭᠤᠷᠢ ᠠᠵᠤ ᠦᠢᠯᠡᠰ ᠤᠨ ᠲᠤᠯᠭᠠᠭᠤᠷᠢᠯᠠᠯ ᠬᠦᠴᠦᠲᠡᠢ ᠪᠣᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠴᠠ 0.4 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 3.5 ᠵᠠᠭᠤᠨ ᠤ ᠬᠤᠪᠢ ᠶᠢᠨ ᠴᠡᠭ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 41.2% ᠪᠣᠯᠪᠠ᠃ ᠰᠠᠭᠤᠷᠢ ᠠᠵᠤ ᠦᠢᠯᠡᠰ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠲᠡᠮᠦᠷᠯᠢᠭ ᠪᠤᠰᠤ ᠡᠷᠦᠳᠡᠰᠦ ᠶᠢᠨ ᠦᠢᠯᠡᠳᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 43.8% ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠬᠠᠪᠲᠠᠭᠠᠶᠢᠷᠠᠭᠤᠯᠤᠨ ᠡᠳ᠋ᠰᠢᠭᠦᠯᠬᠦ ᠦᠢᠯᠡᠰ 9.2% ᠢᠶᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠨᠡᠶᠢᠲᠡ 2.0 ᠵᠠᠭᠤᠨ ᠤ ᠬᠤᠪᠢ ᠶᠢᠨ ᠴᠡᠭ ᠳᠠᠶᠢᠴᠢᠯᠠᠪᠠ᠃           ᠭᠤᠷᠪᠠ ᠳᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠᠶᠢᠳᠠᠯ ᠰᠠᠶᠢᠨ ᠪᠠᠶᠢᠵᠤ᠂ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠪᠤᠵᠠᠭᠠᠶᠢᠷᠠᠪᠠ᠃ ᠳᠡᠭᠡᠷ᠎ᠡ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30.0% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠢ ᠠᠴᠠ 21.6 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ 11.3% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠴᠠ 2.9 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠦᠢᠯᠡᠳᠬᠦᠨ ᠤ ᠭᠠᠷᠤᠯᠲᠠ ᠠᠴᠠ ᠦᠵᠡᠪᠡᠯ᠂ ᠪᠥᠬᠦ ᠣᠷᠣᠨ ᠤ 237 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 131 ᠵᠦᠢᠯ ᠤᠨ  ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠂ ᠡᠭᠦᠨ ᠳᠤ ᠰᠢᠩᠭᠡᠨ ᠲᠠᠯᠠᠰᠲᠤ ᠳᠡᠯᠭᠡᠴᠡ 87.2% ᠨᠡᠮᠡᠭᠳᠡᠵᠦ᠂ ᠬᠤᠪᠣᠷ ᠰᠢᠷᠣᠶ ᠶᠢᠨ ᠨᠢᠭᠡᠳᠪᠦᠷᠢ 18.1% ᠨᠡᠮᠡᠭᠳᠡᠪᠡ᠃         ᠡᠳᠡᠭᠡᠷ ᠪᠠᠶᠢᠳᠠᠯ ᠨᠢ᠂ ᠡᠨᠡ ᠵᠢᠯ ᠠᠴᠠ ᠨᠠᠰᠢ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠥᠭᠡᠳ ᠰᠠᠶᠢᠨ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠤᠶ᠃ ᠲᠠᠷᠠᠭᠠᠴᠢ ᠶᠢᠨ ᠱᠠᠲᠤᠨ ᠳᠤ᠂ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ᠂ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠳᠬᠦ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠢ ᠢᠳᠡᠪᠬᠢᠲᠡᠶ ᠲᠡᠳᠬᠦᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠪᠠᠶᠠᠷᠯᠠᠯ᠎ᠠ᠃         ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠡᠨᠡ ᠵᠢᠯ ᠠᠴᠠ ᠨᠠᠰᠢᠬᠢ ᠥᠨᠳᠥᠷ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠂ ᠦᠢᠯᠡᠳᠬᠦ ᠦᠢᠯᠡᠰ ᠤᠨ ᠪᠡᠯᠡ ᠤᠷᠤᠭᠤᠯᠤᠯᠳᠠ ᠨᠢ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠨᠢ ᠶᠠᠮᠠᠷ ᠵᠡᠷᠭᠡ ᠪᠣᠶ︖      
 
        ᠲᠢᠶᠠᠨ ᠰᠢᠨ ᠿᠤ᠋᠄           ᠲᠠᠨ ᠤ ᠠᠰᠠᠭᠤᠭᠰᠠᠨ ᠳᠤ ᠪᠠᠶᠠᠷᠯᠠᠯ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 26.0 ᠵᠠᠭᠤᠨ ᠤ  ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠠᠷᠪᠠᠨ ᠤ ᠭᠤᠷᠪᠠ ᠰᠢᠬᠠᠮ ᠬᠤᠪᠢ ᠪᠣᠯᠵᠣ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ 13.6 ᠵᠠᠭᠤᠨ ᠤ ᠬᠤᠪᠢ ᠶᠢᠨ ᠴᠡᠭ ᠨᠡᠮᠡᠭᠳᠡᠭᠦᠯᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 40.2% ᠲᠤ ᠬᠦᠷᠴᠦ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠪᠠᠲᠤᠯᠠᠬᠤ ᠭᠤᠤᠯ ᠬᠥᠳᠡᠯᠭᠡᠬᠦ ᠬᠦᠴᠦᠨ ᠪᠣᠯᠵᠠᠶ᠃         ᠨᠢᠭᠡ ᠳᠤ  ᠂10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠷᠬᠡᠶ ᠪᠠᠶᠢᠨ᠎ᠠ᠃ ᠲᠦᠷᠦᠭᠦᠦ ᠬᠠᠭᠠᠰ ᠵᠢᠯ ᠳᠤ᠂ ᠦᠢᠯᠡᠳᠬᠦ ᠦᠢᠯᠡᠰ ᠤᠨ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 75.9% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 16.0 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 76.8% ᠪᠣᠯᠵᠣ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢ ᠳᠠᠶᠢᠴᠢᠯᠠᠨ 53.0 ᠵᠠᠭᠤᠨ ᠤ ᠬᠤᠪᠢ ᠶᠢᠨ ᠴᠡᠭ ᠨᠡᠮᠡᠭᠳᠡᠭᠦᠯᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 88.5% ᠳᠤ ᠬᠦᠷᠴᠡᠶ᠃         ᠬᠤᠶᠠᠷ ᠲᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ ᠲᠦᠷᠦᠭᠦᠦ ᠬᠠᠭᠠᠰ ᠵᠢᠯ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 16.9 % ᠪᠣᠯᠵᠣ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢ ᠳᠠᠶᠢᠴᠢᠯᠠᠨ 14.1 ᠵᠠᠭᠤᠨ ᠤ ᠬᠤᠪᠢ ᠶᠢᠨ ᠴᠡᠭᠨᠡᠮᠡᠭᠳᠡᠭᠦᠯᠪᠡ᠃ ᠡᠭᠦᠨ ᠳᠤ᠂ ᠡᠯᠧᠺᠲᠷᠣᠨ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠢᠯᠡᠳᠲᠡ ᠨᠡᠮᠡᠭᠳᠡᠵᠦ᠂ 1.3 ᠳᠠᠬᠢᠨ ᠨᠡᠮᠡᠭᠳᠡᠨ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢ ᠳᠠᠶᠢᠴᠢᠯᠠᠨ 13.4 ᠵᠠᠭᠤᠨ ᠤ ᠬᠤᠪᠢ ᠶᠢᠨ ᠴᠡᠭ ᠨᠡᠮᠡᠭᠳᠡᠭᠦᠯᠪᠡ︔ ᠡᠮ ᠡᠮᠨᠡᠯᠭᠡ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 37.3% ᠪᠠᠷ ᠨᠡᠮᠡᠭᠳᠡᠪᠡ᠃           ᠭᠤᠷᠪᠠ ᠳᠤ᠂ ᠬᠡᠷᠡᠭᠯᠡᠭᠡᠨ ᠤ ᠵᠦᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠳᠡᠭᠡᠳᠦ ᠬᠤᠷᠳᠤᠴᠠ ᠪᠠᠷ ᠨᠡᠮᠡᠭᠳᠡᠪᠡ᠃ ᠲᠦᠷᠦᠭᠦᠦ ᠬᠠᠭᠠᠰ ᠵᠢᠯ ᠳᠤ᠂ ᠬᠡᠷᠡᠭᠯᠡᠭᠡᠨ ᠤ ᠵᠦᠢᠯ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 80.8% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 11.7% ᠪᠣᠯᠵᠠᠶ᠃ ᠡᠭᠦᠨ ᠳᠤ᠂ ᠬᠢᠮᠢ ᠶᠢᠨ ᠰᠢᠷᠬᠡᠭᠯᠢᠭ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 9.5 ᠳᠠᠬᠢᠨ ᠨᠡᠮᠡᠭᠳᠡᠵᠦ᠂ ᠢᠳᠡᠭᠡᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 1 ᠳᠠᠬᠢᠨ ᠨᠡᠮᠡᠭᠳᠡᠵᠦ᠂ ᠲᠣᠰ ᠲᠣᠰ ᠪᠥᠬᠦ ᠣᠷᠣᠨ ᠤ ᠬᠡᠷᠡᠭᠯᠡᠭᠡᠨ ᠤ ᠵᠦᠢᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 34.2 ᠪᠠ 31.6 ᠵᠠᠭᠤᠨ ᠤ ᠬᠤᠪᠢ ᠶᠢᠨ ᠴᠡᠭ ᠨᠡᠮᠡᠭᠳᠡᠪᠡ᠃         ᠳᠥᠷᠪᠡ ᠳᠤ᠂ ᠲᠣᠨᠣᠭᠯᠠᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠦᠷᠭᠦᠯᠵᠢᠯᠡᠨ ᠬᠦᠴᠦᠯᠡᠪᠡ᠃ ᠲᠦᠷᠦᠭᠦᠦ ᠬᠠᠭᠠᠰ ᠵᠢᠯ ᠳᠤ᠂ ᠲᠣᠨᠣᠭᠯᠠᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 55.5% ᠪᠠᠷ ᠨᠡᠮᠡᠭᠳᠡᠵᠦ᠂ 1—5 ᠰᠠᠷ᠎ᠠ ᠶᠢᠨ ᠬᠢ ᠠᠴᠠ 11.0 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 23.4% ᠪᠣᠯᠵᠣ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢ ᠳᠠᠶᠢᠴᠢᠯᠠᠨ 13.4 ᠵᠠᠭᠤᠨ ᠤ ᠬᠤᠪᠢ ᠶᠢᠨ ᠴᠡᠭ ᠨᠡᠮᠡᠭᠳᠡᠭᠦᠯᠪᠡ᠃ ᠡᠭᠦᠨ ᠳᠤ᠂ ᠺᠣᠮᠫᠢᠦ᠋ᠲ᠋ᠧᠷ ᠤᠨ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠳᠠᠶᠢᠴᠢᠯᠠᠬᠤi ᠦᠢᠯᠡᠳᠦᠯ ᠢᠯᠡᠳᠲᠡ ᠪᠠᠶᠢᠵᠤ᠂ 1.3 ᠳᠠᠬᠢᠨ ᠨᠡᠮᠡᠭᠳᠡᠨ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢ ᠳᠠᠶᠢᠴᠢᠯᠠᠨ 55.4 ᠵᠠᠭᠤᠨ ᠤ ᠬᠤᠪᠢ ᠶᠢᠨ ᠴᠡᠭ ᠨᠡᠮᠡᠭᠳᠡᠭᠦᠯᠪᠡ᠃           ᠲᠠᠪᠤ ᠳᠤ᠂ ᠪᠡᠯᠡ ᠮᠥᠩᠭᠦ ᠶᠢᠨ ᠪᠠᠲᠤᠯᠠᠭ᠎ᠠ ᠬᠦᠴᠦᠲᠡᠢ ᠪᠣᠯᠪᠠ᠃ ᠲᠦᠷᠦᠭᠦᠦ ᠬᠠᠭᠠᠰ ᠵᠢᠯ ᠳᠤ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠣᠳᠠᠲᠠᠶᠢᠵᠢᠭᠤᠯᠤᠭᠰᠠᠨ ᠪᠠᠯᠠ ᠮᠥᠩᠭᠦ ᠠᠳᠠᠯᠢ ᠬᠤᠭᠤᠴᠠᠭᠠᠨ ᠤ ᠬᠢ ᠠᠴᠠ 71.3% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠨᠡᠮᠡᠭᠳᠡᠯ ᠤᠨ ᠬᠤᠷᠳᠤᠴᠠ ᠠᠴᠠ 43.3 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠦ 69.4% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠣᠳᠠᠲᠠᠶ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠳᠤ ᠡᠵᠡᠯᠡᠬᠦ ᠬᠤᠪᠢ ᠶᠢᠨ ᠵᠢᠩ ᠨᠢ ᠶᠢᠰᠦᠨ ᠬᠤᠪᠢ ᠶᠢ ᠳᠠᠪᠠᠪᠠ︔ ᠤᠯᠤᠰ ᠤᠨ ᠳᠣᠲᠣᠭᠠᠳᠤ ᠶᠢᠨ ᠵᠢᠭᠡᠯᠡᠯᠭᠡ 2.0 ᠳᠠᠬᠢᠨ ᠨᠡᠮᠡᠭᠳᠡᠪᠡ᠃ ᠪᠠᠶᠠᠷᠯᠠᠯ᠎ᠠ᠃         ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ︕ 2022 ᠣᠨ ᠤ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.6% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ 1-5 ᠳ᠋ᠤᠭᠠᠷ ᠰᠠᠷ᠎ᠠ ᠠᠴᠠ 0.2 ᠵᠠᠭᠤᠨ ᠤ ᠬᠤᠪᠢ ᠶᠢᠨ ᠴᠡᠭ ᠥᠷᠭᠡᠳᠴᠦ᠂ ᠨᠢᠭᠡᠳᠦᠭᠡᠷ ᠤᠯᠠᠷᠢᠯ ᠠᠴᠠ 0.7 ᠵᠠᠭᠤᠨ ᠤ ᠬᠤᠪᠢ ᠶᠢᠨ ᠴᠡᠭ ᠥᠷᠭᠡᠳᠴᠦ᠂ ᠠᠯᠬᠤᠮ ᠠᠯᠬᠤᠮ ᠢᠶᠠᠷ ᠥᠷᠭᠡᠳᠬᠦ ᠪᠠᠶᠢᠳᠠᠯ ᠢᠯᠡᠷᠡᠪᠡ᠃ ᠡᠭᠦᠨ ᠤ ᠬᠠᠮᠲᠤ᠂ ᠮᠠᠨ ᠤ ᠲᠤᠰ ᠪᠡᠶ᠎ᠡ ᠶᠢᠨ ᠲᠦᠷᠦᠭᠳᠡᠯ ᠠᠴᠠ ᠦᠵᠡᠪᠡᠯ᠂ ᠡᠨᠡ ᠵᠢᠯ ᠠᠴᠠ ᠨᠠᠭᠠᠰᠢ ᠡᠳᠦᠷ ᠲᠤᠳᠤᠮ ᠤᠨ ᠠᠮᠢᠳᠤᠷᠠᠯ ᠤᠨ ᠬᠡᠷᠡᠭᠯᠡᠭᠡᠨ ᠤ ᠵᠦᠢᠯ ᠤᠨ ᠦᠨ᠎ᠡ ᠬᠠᠩᠰᠢ ᠴᠤ ᠠᠳᠠᠯᠢ ᠪᠤᠰᠤ ᠬᠡᠮᠵᠢᠶ᠎ᠡ ᠪᠠᠷ ᠥᠰᠦᠭᠰᠡᠨ ᠪᠠᠶᠢᠨ᠎ᠠ᠃ ᠲᠡᠭᠡᠪᠡᠯ ᠥᠭᠦᠯᠡᠭᠴᠢ ᠲᠠ ᠣᠳᠣᠬᠢ ᠱᠠᠲᠤᠨ ᠤ CPI  ᠶᠢᠨ ᠶᠡᠷᠦᠩᠬᠡᠶ ᠠᠵᠢᠯᠯᠠᠭᠠᠨ ᠤ ᠪᠠᠶᠢᠳᠠᠯ ᠢ ᠬᠡᠷᠬᠢᠨ ᠦᠵᠡᠵᠦ ᠪᠠᠶᠢᠬᠤ ᠪᠣᠶ︖ CPI ᠶᠢᠨ ᠥᠰᠥᠯᠲᠡ ᠶᠢᠨ ᠬᠡᠮᠵᠢᠶ᠎ᠡ ᠶᠡᠬᠡᠰᠬᠦ ᠶᠢᠨ ᠭᠤᠤᠯ ᠨᠥᠯᠥᠭᠡᠯᠡᠬᠦ ᠬᠦᠴᠦᠨ ᠵᠦᠢᠯ ᠨᠢ ᠶᠠᠭᠤ ᠪᠣᠶ︖      
          ᠹᠧᠩ ᡁᠢ ᠵᠦᠩ᠄           ᠲᠠᠨ ᠤ ᠠᠰᠠᠭᠤᠭᠰᠠᠨ ᠳᠤ ᠪᠠᠶᠠᠷᠯᠠᠯ᠎ᠠ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠲᠣᠭᠲᠠᠭᠤᠨ ᠪᠠᠶᠢᠵᠤ᠂ ᠪᠠᠷᠠᠭᠠᠨ ᠤ ᠦᠨ᠎ᠡ ᠶᠢᠨ ᠶᠡᠷᠦᠩᠬᠡᠶ ᠲᠦᠪᠰᠢᠨ ᠲᠣᠭᠲᠠᠭᠤᠨ ᠢᠶᠠᠷ ᠥᠰᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.6% ᠪᠠᠷ ᠥᠰᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 0.1 ᠵᠠᠭᠤᠨ ᠤ ᠬᠤᠪᠢ ᠶᠢᠨ ᠴᠡᠭ ᠳᠤᠤᠷ᠎ᠠ ᠪᠣᠯᠵᠣ᠂ ᠪᠥᠬᠦ ᠤᠯᠤᠰ ᠤᠨ 31 ᠮᠤᠵᠢ ᠬᠤᠲᠠ ᠣᠷᠣᠨ ᠤ 17 ᠳ᠋ᠤᠭᠠᠷ ᠲᠤ ᠵᠢᠭᠰᠠᠭᠠᠭᠳᠠᠵᠤ᠂ ᠬᠥᠷᠰᠢ ᠵᠡᠷᠭᠡᠯᠡᠳᠡᠭᠡ ᠾᠧᠪᠸᠢ ᠮᠤᠵᠢ᠂ ᠯᠢᠶᠣᠤᠨᠢᠩ ᠮᠤᠵᠢ᠂ ᠱᠠᠨ ᠰᠢ ᠮᠤᠵᠢ᠂ ᠭᠢᠷᠢᠨ ᠮᠤᠵᠢ᠂ ᠱᠠᠨᠰᠢ ᠮᠤᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠠᠴᠠ ᠲᠣᠰ ᠲᠣᠰ 0.1᠂ 0.1᠂ 0.2᠂ 0.3᠂ 0.5 ᠪᠠ 0.6 ᠵᠠᠭᠤᠨ ᠤ ᠬᠤᠪᠢ ᠶᠢᠨ ᠴᠡᠭ ᠳᠤᠤᠷ᠎ᠠ ᠪᠣᠯᠵᠣ᠂ ᠬᠠᠷᠠᠮᠥ᠋ᠷᠡᠨ ᠮᠤᠵᠢ ᠲᠠᠢ ᠲᠡᠩᠴᠡᠵᠦ᠂ ᠭᠠᠨᠰᠦ ᠮᠤᠵᠢ ᠠᠴᠠ 0.2 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠳᠡᠭᠡᠳᠦ ᠬᠠᠭᠠᠰ ᠵᠢᠯ ᠳᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠬᠡᠳᠦ᠋ᠢᠪᠡᠷ ᠶᠡᠷᠦᠩᠬᠡᠶ ᠳᠡᠭᠡᠨ ᠨᠠᠮᠵᠢᠭᠤᠨ ᠥᠰᠬᠦ ᠪᠠᠶᠢᠳᠠᠯ ᠲᠠᠢ ᠪᠠᠶᠢᠭᠰᠠᠨ ᠪᠣᠯᠪᠠᠴᠤ ᠥᠰᠥᠯᠲᠡ ᠶᠢᠨ ᠬᠡᠮᠵᠢᠶ᠎ᠡ ᠨᠢ 1-5 ᠳ᠋ᠤᠭᠠᠷ ᠰᠠᠷ᠎ᠠ ᠶᠢᠨ 1.4% ᠠᠴᠠ 0.2 ᠵᠠᠭᠤᠨ ᠤ ᠬᠤᠪᠢ ᠶᠢᠨ ᠴᠡᠭ ᠥᠷᠭᠡᠳᠴᠦ᠂ ᠨᠢᠭᠡᠳᠦᠭᠡᠷ ᠤᠯᠠᠷᠢᠯ ᠤᠨ 0.9% ᠠᠴᠠ 0.7 ᠵᠠᠭᠤᠨ ᠤ ᠬᠤᠪᠢ ᠶᠢᠨ ᠴᠡᠭ ᠥᠷᠭᠡᠳᠴᠦ᠂ ᠥᠰᠥᠯᠲᠡ ᠶᠢᠨ ᠬᠡᠮᠵᠢᠶ᠎ᠡ ᠨᠢ ᠠᠯᠬᠤᠮ ᠠᠯᠬᠤᠮ ᠢᠶᠠᠷ ᠥᠷᠭᠡᠳᠬᠦ ᠪᠠᠶᠢᠳᠠᠯ ᠲᠠᠢ ᠪᠠᠶᠢᠨ᠎ᠠ᠃         ᠡᠭᠦᠨ ᠳᠤ ᠭᠤᠣᠯᠳᠠᠭᠤ ᠭᠤᠷᠪᠠᠨ ᠲᠠᠯ᠎ᠠ ᠶᠢᠨ ᠰᠢᠯᠲᠠᠭᠠᠨ ᠪᠤᠢ᠄           ᠨᠢᠭᠡ ᠳᠤ᠂ ᠴᠢᠶ᠋ᠢᠦ᠂ ᠴᠠᠶᠢᠶ᠋ᠢᠦ ᠲᠣᠰᠣᠨ ᠤ ᠦᠨ᠎ᠡ ᠦᠷᠭᠦᠯᠵᠢᠯᠡᠨ ᠥᠰᠴᠦ᠂ CPI ᠶᠢᠨ ᠢᠳᠡᠭᠡᠨ ᠤ ᠪᠤᠰᠤ ᠵᠦᠢᠯ ᠤᠨ ᠦᠨ᠎ᠡ ᠲᠦᠷᠭᠡᠨ ᠥᠰᠬᠦ ᠶᠢ ᠠᠬᠢᠭᠤᠯᠪᠠ᠃ ᠡᠨᠡ ᠵᠢᠯ ᠠᠴᠠ ᠨᠠᠰᠢ᠂ ᠴᠢᠯᠠᠭᠤᠨ ᠲᠣᠰᠣ ᠵᠡᠷᠭᠡ ᠣᠯᠠᠨ ᠤᠯᠤᠰ ᠤᠨ ᠪᠥᠭᠡᠮ ᠲᠠᠸᠠᠷ ᠤᠨ ᠦᠨ᠎ᠡ ᠦᠷᠭᠦᠯᠵᠢᠯᠡᠨ ᠥᠰᠦᠭᠰᠡᠨ ᠤ ᠨᠥᠯᠥᠭᠡ ᠪᠠᠷ᠂ ᠤᠯᠤᠰ ᠤᠨ ᠳᠣᠲᠣᠭᠠᠳᠤ ᠶᠢᠨ ᠪᠣᠯᠪᠠᠰᠤᠷᠠᠭᠤᠯᠤᠭᠰᠠᠨ ᠲᠣᠰᠣᠨ ᠤ ᠦᠨ᠎ᠡ ᠵᠣᠬᠢᠴᠠᠩᠭᠤᠶ ᠪᠠᠷ ᠥᠰᠴᠦ᠂ 6 ᠰᠠᠷ᠎ᠠ ᠶᠢᠨ ᠡᠴᠦᠰ ᠪᠣᠯᠲᠠᠯ᠎ᠠ᠂ ᠡᠨᠡ ᠵᠢᠯ ᠮᠠᠨ ᠤ ᠤᠯᠤᠰ ᠤᠨ ᠴᠢᠯᠠᠭᠤᠨ ᠲᠣᠰᠣᠨ ᠤ ᠦᠨ᠎ᠡ ᠳᠤ ᠲᠣᠬᠢᠷᠠᠭᠤᠯᠤᠯᠲᠠ ᠬᠢᠬᠦ ᠠᠷᠪᠠᠨ ᠬᠤᠶᠠᠷ ᠴᠣᠩᠬᠤ ︽ᠠᠷᠪᠠ ᠥᠰᠴᠦ ᠬᠤᠶᠠᠷ ᠪᠠᠭᠤᠷᠠᠵᠠᠶ︾᠃ ᠡᠨᠡᠬᠦ ᠠᠬᠤᠶ ᠪᠠᠶᠢᠳᠠᠯ ᠳᠤᠤᠷ᠎ᠠ᠂ ᠥᠪᠥᠷ ᠮᠣᠩᠭᠤᠯ ᠤᠨ ᠴᠢᠶ᠋ᠢᠦ ᠲᠣᠰᠣ᠂ ᠴᠠᠶᠢᠶ᠋ᠢᠦ ᠲᠣᠰᠣᠨ ᠤ ᠦᠨ᠎ᠡ ᠵᠣᠬᠢᠴᠠᠩᠭᠤᠶ ᠪᠠᠷ ᠥᠰᠴᠦ᠂ ᠳᠡᠭᠡᠷ᠎ᠡ ᠬᠠᠭᠠᠰ ᠵᠢᠯ ᠳᠤ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 26.9% ᠪᠠ 29.5% ᠪᠠᠷ ᠥᠰᠴᠦ᠂ ᠪᠥᠬᠦ ᠣᠷᠣᠨ ᠤ CPI ᠶᠢᠨ ᠢᠳᠡᠭᠡᠨ ᠤ ᠪᠤᠰᠤ ᠵᠦᠢᠯ ᠤᠨ ᠦᠨ᠎ᠡ ᠶᠡᠷᠦᠩᠬᠡᠶ ᠳᠡᠭᠡᠨ 2.2% ᠢᠶᠠᠷ ᠥᠰᠴᠦ᠂ ᠲᠣᠰ ᠡᠭᠡᠯᠵᠢ ᠶᠢᠨ ᠪᠠᠷᠠᠭᠠᠨ ᠤ ᠦᠨ᠎ᠡ ᠶᠢᠨ ᠥᠰᠥᠯᠲᠡ ᠶᠢ ᠠᠬᠢᠭᠤᠯᠬᠤ ᠭᠤᠤᠯ ᠬᠦᠴᠦᠨ ᠵᠦᠢᠯ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠴᠢᠶ᠋ᠢᠦ ᠴᠠᠶᠢᠶ᠋ᠢᠦ ᠲᠣᠰᠣᠨ ᠤ ᠦᠨ᠎ᠡ ᠬᠠᠩᠰᠢ ᠦᠷᠭᠦᠯᠵᠢᠯᠡᠨ ᠥᠰᠴᠦ ᠡᠯ᠎ᠡ ᠲᠥᠷᠥᠯ ᠤᠨ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠡᠭᠡᠭᠡᠪᠦᠷᠢ ᠶᠢᠨ ᠥᠪᠡᠷ ᠤᠨ ᠥᠷᠲᠡᠭ ᠤᠨ ᠨᠡᠮᠡᠭᠳᠡᠯ ᠢ ᠠᠬᠢᠭᠤᠯᠵᠤ᠂ ᠡᠴᠦᠰ ᠲᠡᠭᠡᠨ ᠬᠡᠷᠡᠭᠯᠡᠭᠡᠨ ᠤ ᠦᠨ᠎ᠡ ᠬᠠᠩᠰᠢ ᠳᠤ ᠢᠯᠡᠷᠡᠵᠦ᠂ ᠪᠠᠷᠠᠭᠠᠨ ᠤ ᠦᠨ᠎ᠡ ᠶᠢᠨ ᠶᠡᠷᠦᠩᠬᠡᠶ ᠳᠡᠭᠡᠨ ᠥᠰᠬᠦ ᠪᠠᠶᠢᠳᠠᠯ ᠢ ᠳᠠᠮ ᠢᠶᠠᠷ ᠠᠬᠢᠭᠤᠯᠤᠭᠰᠠᠨ ᠪᠠᠶᠢᠨ᠎ᠠ︔ ᠴᠢᠶ᠋ᠢᠦ ᠴᠠᠶᠢᠶ᠋ᠢᠦ ᠲᠣᠰᠣᠨ ᠤ ᠦᠨ᠎ᠡ ᠶᠢᠨ 6 ᠰᠠᠷ᠎ᠠ ᠶᠢᠨ 14 ᠤ ᠡᠳᠦᠷ ᠤᠨ ᠦᠨ᠎ᠡ ᠶᠢᠨ ᠲᠣᠬᠢᠷᠠᠭᠤᠯᠤᠯᠲᠠ ᠶᠢᠨ ᠬᠡᠮᠵᠢᠶ᠎ᠡ ᠨᠡᠯᠢᠶᠡᠳ ᠶᠡᠭᠡ ᠪᠠᠶᠢᠭ᠎ᠠ ᠨᠢ ᠲᠦᠷᠦᠭᠦᠦ ᠬᠠᠭᠠᠰ ᠵᠢᠯ ᠤᠨ CPI  ᠶᠢᠨ ᠥᠰᠥᠯᠲᠡ ᠶᠢᠨ ᠬᠡᠮᠵᠢᠶ᠎ᠡ ᠨᠢ 1—5 ᠰᠠᠷ᠎ᠠ ᠶᠢᠨ  ᠬᠢ ᠠᠴᠠ ᠶᠡᠭᠡ ᠪᠣᠯᠤᠭᠰᠠᠨ ᠤ ᠴᠢᠬᠤᠯᠠ ᠰᠢᠯᠲᠠᠭᠠᠨ ᠪᠣᠯᠤᠨ᠎ᠠ᠃         ᠬᠤᠶᠠᠷ ᠲᠤ᠂ ᠭᠠᠭ᠋ᠠᠶ ᠶᠢᠨ ᠮᠢᠬᠠᠨ ᠤ ᠦᠨ᠎ᠡ ᠥᠰᠬᠦ ᠵᠠᠮ ᠳᠤ ᠤᠷᠤᠭᠰᠠᠨ ᠠᠴᠠ CPI ᠶᠢᠨ ᠢᠳᠡᠭᠡᠨ ᠤ ᠵᠦᠢᠯ ᠤᠨ ᠦᠨ᠎ᠡ ᠶᠢᠨ ᠪᠠᠭᠤᠷᠠᠯᠲᠠ ᠪᠠᠭᠠᠰᠴᠠᠶ᠃ ᠳᠡᠭᠡᠷ᠎ᠡ ᠬᠠᠭᠠᠰ ᠵᠢᠯ ᠤᠨ ᠭᠠᠭ᠋ᠠᠶ ᠶᠢᠨ ᠮᠢᠬ᠎ᠠ ᠶᠢᠨ ᠦᠨ᠎ᠡ ᠬᠠᠩᠰᠢ ᠶᠢ ᠬᠤᠪᠢᠷᠠᠭᠤᠯᠬᠤ ᠠᠴᠠ ᠡᠮᠦᠨᠡᠬᠢ ᠬᠤᠭᠤᠴᠠᠭᠠᠨ ᠤ ᠪᠠᠭᠤᠷᠠᠯᠲᠠ ᠶᠢᠨ ᠪᠠᠶᠢᠳᠠᠯ ᠨᠢ ᠥᠰᠬᠦ ᠵᠠᠮ ᠳᠤ ᠤᠷᠤᠭᠰᠠᠨ ᠪᠠ ᠨᠢᠳᠤᠨᠤᠨ ᠤ ᠠᠳᠠᠯᠢ ᠬᠤᠭᠤᠴᠠᠭᠠᠨ ᠤ ᠭᠠᠭ᠋ᠠᠶ ᠶᠢᠨ ᠮᠢᠬ᠎ᠠ ᠶᠢᠨ ᠦᠨ᠎ᠡ ᠬᠠᠩᠰᠢ ᠶᠢᠨ ᠰᠠᠭᠤᠷᠢ ᠲᠤᠭ᠎ᠠ ᠪᠠᠭᠤᠷᠠᠭᠰᠠᠨ ᠳᠠᠪᠬᠤᠷ ᠬᠦᠴᠦᠨ ᠵᠦᠢᠯ ᠤᠨ ᠨᠥᠯᠥᠭᠡᠯᠡᠯ ᠳᠤᠤᠷ᠎ᠠ᠂ ᠡᠨᠡ ᠵᠢᠯ ᠤᠨ CPI ᠶᠢᠨ ᠢᠳᠡᠭᠡᠨ ᠤ ᠵᠦᠢᠯ ᠤᠨ ᠳᠣᠲᠣᠷᠠᠬᠢ ᠭᠠᠭ᠋ᠠᠶ ᠶᠢᠨ ᠮᠢᠬ᠎ᠠ ᠶᠢᠨ ᠦᠨ᠎ᠡ ᠬᠠᠩᠰᠢ ᠶᠢᠨ ᠪᠠᠭᠤᠷᠠᠯᠲᠠ ᠶᠢᠨ ᠬᠡᠮᠵᠢᠶ᠎ᠡ ᠰᠠᠷ᠎ᠠ ᠳᠠᠷᠠᠭᠠᠯᠠᠨ ᠪᠠᠭᠠᠰᠴᠤ᠂ 6 ᠳ᠋ᠤᠭᠠᠷ ᠰᠠᠷ᠎ᠠ ᠪᠣᠯᠬᠤ ᠳᠤ ᠪᠥᠬᠦ ᠣᠷᠣᠨ ᠤ ᠭᠠᠭ᠋ᠠᠶ ᠶᠢᠨ ᠮᠢᠬ᠎ᠠ ᠶᠢᠨ ᠳᠤᠮᠳᠠᠴᠢ ᠦᠨ᠎ᠡ ᠬᠠᠩᠰᠢ ᠦᠨᠳᠦᠰᠦᠨ ᠳᠡᠭᠡᠨ ᠨᠢᠳᠤᠨᠤᠨ ᠤ ᠠᠳᠠᠯᠢ ᠰᠠᠷ᠎ᠠ ᠶᠢᠨ ᠬᠢᠷᠢ ᠲᠦᠪᠰᠢᠨ ᠳᠤ ᠬᠦᠷᠴᠦ᠂ ᠡᠭᠦᠨ ᠤ ᠤᠯᠠᠮ ᠠᠴᠠ ᠡᠨᠡ ᠵᠢᠯ ᠤᠨ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠢᠳᠡᠭᠡᠨ ᠤ ᠵᠦᠢᠯ ᠤᠨ ᠦᠨ᠎ᠡ ᠬᠠᠩᠰᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1-5 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠬᠤᠪᠢ ᠶᠢᠨ ᠴᠡᠭ ᠪᠠᠭᠠᠰᠴᠤ᠂ ᠨᠢᠭᠡᠳᠦᠭᠡᠷ ᠤᠯᠠᠷᠢᠯ ᠤᠨ ᠬᠢ ᠠᠴᠠ 2.6 ᠵᠠᠭᠤᠨ ᠤ ᠬᠤᠪᠢ ᠶᠢᠨ ᠴᠡᠭ ᠪᠠᠭᠠᠰᠴᠤ᠂ CPI ᠳᠤ ᠦᠵᠡᠬᠦᠯᠬᠦ ᠡᠰᠡᠷᠭᠦ ᠳᠠᠶᠢᠴᠢᠯᠠᠬᠤ ᠦᠢᠯᠡᠳᠦᠯ ᠢᠯᠡᠷᠭᠡᠢ ᠪᠠᠭᠤᠷᠠᠵᠠᠢ᠃         ᠭᠤᠷᠪᠠ ᠳᠤ᠂ ᠬᠡᠷᠡᠭᠯᠡᠭᠡ ᠰᠠᠶᠢᠵᠢᠷᠠᠭᠰᠠᠨ ᠠᠴᠠ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠪᠠᠭ᠎ᠠ ᠥᠰᠬᠦ ᠦᠵᠡᠭᠳᠡᠯ ᠢᠯᠡᠷᠡᠪᠡ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠡᠳᠦ᠋ᠢᠪᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠥᠪᠥᠷ ᠮᠣᠩᠭᠤᠯ ᠤᠨ ᠡᠯ᠎ᠡ ᠭᠠᠵᠠᠷ ᠲᠤ ᠪᠠᠶᠢᠨ ᠳᠠᠬᠢᠨ ᠳᠡᠯᠭᠡᠷᠡᠭᠰᠡᠨ ᠪᠣᠯᠪᠠᠴᠤ᠂ ᠶᠡᠷᠦᠩᠬᠡᠶ ᠳᠤᠨᠢ ᠴᠠᠭ ᠲᠤᠬᠠᠶ ᠳᠤᠨᠢ ᠡᠵᠡᠮᠳᠡᠵᠦ᠂ ᠨᠡᠶᠢᠭᠡᠮ ᠤᠨ ᠡᠮᠬᠢ ᠳᠢᠭᠯᠢᠮ ᠨᠡᠯᠢᠶᠡᠳ ᠲᠦᠷᠭᠡᠨ ᠰᠡᠷᠭᠦᠵᠦ᠂ ᠬᠢᠵᠢᠭ ᠤᠨ ᠳᠠᠷᠠᠭᠠᠬᠢ ᠬᠡᠷᠡᠭᠯᠡᠭᠡᠨ ᠤ ᠬᠦᠰᠡᠯ ᠡᠷᠡᠮᠡᠯᠵᠡᠯ ᠨᠡᠮᠡᠭᠳᠡᠵᠦ᠂ ᠬᠡᠷᠡᠭᠯᠡᠭᠡᠨ ᠤ ᠬᠡᠷᠡᠭᠴᠡᠭᠡ ᠰᠠᠶᠢᠵᠢᠷᠠᠭᠰᠠᠨ ᠤ ᠳᠡᠭᠡᠷ᠎ᠡ᠂ ᠬᠥᠮᠦᠨ ᠤ ᠬᠦᠴᠦᠨ ᠤ ᠥᠪᠡᠷ ᠤᠨ ᠥᠷᠲᠡᠭ ᠨᠡᠮᠡᠭᠳᠡᠭᠰᠡᠨ᠂ ᠬᠠᠮᠢᠶ᠎ᠠ ᠪᠥᠬᠦᠶ ᠵᠠᠷᠤᠳᠠᠯ ᠨᠡᠮᠡᠭᠳᠡᠭᠰᠡᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠪᠥᠬᠦ ᠣᠷᠣᠨ ᠤ CPI ᠶᠢᠨ ᠦᠢᠯᠡᠴᠢᠯᠡᠭᠡᠨ ᠤ ᠲᠥᠷᠥᠯ ᠵᠦᠢᠯ ᠳᠠᠬᠢ ᠬᠤᠪᠴᠠᠰᠤ ᠬᠤᠨᠠᠷ ᠤᠨ ᠦᠢᠯᠡᠴᠢᠯᠡᠭᠡᠨ ᠤ ᠰᠦᠢᠳᠭᠡᠯ᠂ ᠨᠢᠰᠬᠡᠯ ᠤᠨ ᠪᠢᠯᠧᠲ᠂ ᠴᠢᠮᠡᠭᠡ ᠬᠤᠯᠪᠣᠭᠠᠨ ᠤ ᠦᠢᠯᠡᠴᠢᠯᠡᠭᠡ᠂ ᠺᠢᠨᠣ᠋ ᠵᠢᠴᠢ ᠲᠣᠭᠯᠠᠯᠲᠠ ᠶᠢᠨ ᠪᠢᠯᠧᠲ᠂ ᠮᠥᠩᠭᠦᠨ ᠭᠦᠢᠯᠭᠡᠭᠡ ᠵᠢᠴᠢ ᠳᠠᠭᠠᠳᠬᠠᠯ ᠤᠨ ᠦᠢᠯᠡᠴᠢᠯᠡᠭᠡᠨ ᠤ ᠦᠨ᠎ᠡ ᠲᠣᠰ ᠲᠣᠰ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.0%᠂ 4.6%᠂ 3.1%᠂ 4.9%᠂2.6% ᠦᠰᠴᠦ᠂ ᠪᠦᠬᠦ ᠤᠷᠤᠨ ᠤ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.2% ᠪᠠᠭᠤᠷᠠᠵᠤ ᠪᠠᠶᠢᠭᠰᠠᠨ ᠠᠴᠠ 0.6% ᠪᠠᠷ ᠨᠡᠮᠡᠭᠳᠡᠪᠡ᠃         ᠳᠡᠭᠡᠷ᠎ᠡ ᠳᠤᠷᠠᠳᠤᠭᠰᠠᠨ ᠢ ᠬᠤᠷᠢᠶᠠᠩᠭᠤᠶᠢᠯᠠᠪᠠᠯ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠪᠥᠬᠦ ᠣᠷᠣᠨ ᠤ CPI ᠶᠢᠨ ᠥᠰᠥᠯᠲᠡ ᠶᠢᠨ ᠬᠡᠮᠵᠢᠶ᠎ᠡ ᠨᠢ ᠬᠡᠳᠦ᠋ᠢᠪᠡᠷ 1-5 ᠳ᠋ᠤᠭᠠᠷ ᠰᠠᠷ᠎ᠠ ᠶᠢᠨ ᠬᠢ ᠠᠴᠠ ᠡᠳᠦᠶ ᠲᠡᠳᠦᠶ ᠨᠡᠮᠡᠭᠳᠡᠭᠰᠡᠨ ᠪᠣᠯᠪᠠᠴᠤ ᠶᠡᠷᠦᠩᠬᠡᠶ ᠠᠵᠢᠯᠯᠠᠭᠠᠨ ᠤ ᠪᠠᠶᠢᠳᠠᠯ ᠨᠢ ᠮᠥᠨ ᠯᠡ ᠨᠠᠮᠵᠢᠭᠤᠨ ᠥᠰᠥᠯᠲᠡ ᠶᠢᠨ ᠬᠡᠪᠴᠢᠶᠡᠨ ᠳᠤ ᠪᠠᠶᠢᠵᠤ᠂ ᠠᠵᠢᠯᠯᠠᠭᠠᠨ ᠤ ᠪᠠᠶᠢᠳᠠᠯ ᠨᠢ ᠪᠥᠬᠦ ᠤᠯᠤᠰ ᠵᠢᠴᠢ ᠡᠷᠬᠢᠨ ᠲᠣᠭᠤᠷᠢᠨ ᠤ ᠮᠤᠵᠢ ᠣᠷᠣᠨ ᠤ ᠬᠠᠨᠳᠤᠰᠢ ᠲᠠᠢ ᠦᠨᠳᠦᠰᠦᠨ ᠳᠡᠭᠡᠨ ᠠᠳᠠᠯᠢ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠣᠯᠠᠨ ᠤᠯᠤᠰ ᠤᠨ ᠪᠥᠭᠡᠮ ᠲᠠᠸᠠᠷ ᠤᠨ ᠦᠨ᠎ᠡ ᠬᠠᠩᠰᠢ ᠦᠷᠭᠦᠯᠵᠢᠯᠡᠨ ᠥᠰᠴᠦ᠂ ᠤᠯᠤᠰ ᠤᠨ ᠳᠣᠲᠣᠭᠠᠳᠤ ᠶᠢᠨ ᠭᠠᠭ᠋ᠠᠶ ᠶᠢᠨ ᠮᠢᠬᠠᠨ ᠤ ᠦᠨ᠎ᠡ ᠬᠠᠩᠰᠢ ᠦᠷᠭᠦᠯᠵᠢᠯᠡᠨ ᠥᠰᠬᠦ ᠬᠠᠨᠳᠤᠰᠢ ᠶᠢᠨ ᠨᠥᠯᠥᠭᠡ ᠠᠴᠠ ᠪᠣᠯᠵᠣ᠂ ᠪᠥᠬᠦ ᠣᠷᠣᠨ ᠤ CPI ᠳᠤ ᠮᠥᠨ ᠬᠦ ᠵᠣᠬᠢᠬᠤ ᠥᠰᠥᠯᠲᠡ ᠶᠢᠨ ᠳᠠᠷᠤᠯᠲᠠ ᠣᠷᠣᠰᠢᠵᠤ ᠪᠠᠶᠢᠨ᠎ᠠ᠃ ᠭᠡᠪᠡᠴᠦ᠂ ᠤᠯᠤᠰ ᠠᠴᠠ ᠠᠮᠢᠳᠤ ᠭᠠᠭ᠋ᠠᠶ ᠶᠢᠨ ᠠᠵᠤ ᠦᠢᠯᠡᠰ ᠢ ᠲᠣᠬᠢᠷᠠᠭᠤᠯᠤᠨ ᠡᠵᠡᠮᠳᠡᠬᠦ ᠡᠷᠴᠢᠮ ᠴᠢᠩᠭᠠᠷᠠᠬᠤ᠂ ᠣᠯᠠᠨ ᠤᠯᠤᠰ ᠤᠨ ᠲᠦᠭᠦᠬᠡᠶ ᠲᠣᠰᠣᠨ ᠤ ᠦᠨ᠎ᠡ ᠬᠠᠩᠰᠢ ᠱᠠᠲᠤ ᠦᠶᠡᠴᠢ ᠴᠢᠨᠠᠷᠲᠠᠶ ᠪᠠᠷ ᠪᠠᠭᠤᠷᠠᠬᠤ᠂ ᠤᠯᠠᠷᠢᠯ ᠤᠨ ᠴᠢᠨᠠᠷᠲᠠᠶ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠨᠡᠮᠡᠭᠳᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠯᠠᠮ ᠨᠢᠭᠡ ᠠᠯᠬᠤᠮ ᠰᠠᠶᠢᠵᠢᠷᠠᠬᠤ ᠵᠡᠷᠭᠡ ᠠᠰᠢᠭᠲᠠᠶ ᠬᠦᠴᠦᠨ ᠵᠦᠢᠯ ᠢᠯᠡᠷᠡᠬᠦ ᠶᠢ ᠳᠠᠭᠠᠯᠳᠤᠨ᠂ ᠪᠠᠰᠠ ᠨᠢᠭᠡ ᠪᠦᠯᠦᠭ CPI ᠶᠢᠨ ᠥᠰᠥᠯᠲᠡ ᠶᠢᠨ ᠣᠷᠣᠨ ᠵᠠᠶ ᠶᠢ ᠠᠷᠢᠯᠭᠠᠵᠤ ᠴᠢᠳᠠᠨ᠎ᠠ᠃ ᠡᠶᠢᠮᠦ ᠠᠴᠠ᠂ ᠰᠡᠭᠦᠯᠴᠢ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠶᠡᠷᠦᠩᠬᠡᠶ ᠬᠢᠷᠢ ᠲᠦᠪᠰᠢᠨ ᠢ ᠲᠣᠭᠲᠠᠭᠤᠨ ᠪᠠᠶᠢᠯᠭᠠᠬᠤ ᠨᠢ ᠮᠥᠨ ᠬᠦ ᠨᠡᠯᠢᠶᠡᠳ ᠰᠠᠶᠢᠨ ᠰᠠᠭᠤᠷᠢ ᠲᠠᠢ ᠪᠠᠶᠢᠵᠤ᠂ ᠪᠥᠬᠦ ᠣᠷᠣᠨ ᠤ CPI ᠨᠢ ᠦᠷᠭᠦᠯᠵᠢᠯᠡᠨ ᠵᠦᠶ ᠵᠣᠬᠢᠰᠲᠠᠶ ᠣᠷᠣᠨ ᠵᠠᠶ ᠳᠤ ᠠᠵᠢᠯᠯᠠᠬᠤ ᠪᠣᠯᠤᠨ᠎ᠠ᠃         ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠣᠷᠣᠨ ᠤ ᠳᠣᠲᠣᠷᠠᠬᠢ ᠬᠢᠵᠢᠭ ᠤᠨ ᠪᠠᠶᠢᠳᠠᠯ ᠢ ᠪᠦᠲᠦᠮᠵᠢᠲᠡᠶ ᠬᠢᠵᠠᠭᠠᠷᠯᠠᠬᠤ ᠶᠢ ᠳᠠᠭᠠᠯᠳᠤᠨ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢᠨ ᠪᠠᠶᠢᠳᠠᠯ ᠶᠠᠮᠠᠷ ᠵᠡᠷᠭᠡ ᠪᠣᠶ︖ ᠢᠯᠠᠩᠭᠤᠶ᠎ᠠ ᠮᠠᠨ ᠤ ᠣᠷᠣᠨ ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠯᠡᠭᠡ ᠶᠢ ᠪᠠᠲᠤᠯᠠᠬᠤ ᠲᠠᠯ᠎ᠠ ᠪᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖
          ᠲᠢᠶᠠᠨ ᠰᠢᠨ ᠿᠤ᠋᠄           ᠲᠠᠨ ᠤ ᠠᠰᠠᠭᠤᠭᠰᠠᠨ ᠳᠤ ᠪᠠᠶᠠᠷᠯᠠᠯ᠎ᠠ᠃ ᠳᠡᠭᠡᠷ᠎ᠡ ᠬᠠᠭᠠᠰ ᠵᠢᠯ ᠳᠤ᠂ ᠬᠢᠵᠢᠭ ᠤᠨ ᠪᠠᠶᠢᠳᠠᠯ ᠢ ᠪᠦᠲᠦᠮᠵᠢᠲᠡᠶ ᠡᠵᠡᠮᠳᠡᠬᠦ ᠶᠢ ᠳᠠᠭᠠᠯᠳᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠠᠯᠬᠤᠮ ᠠᠯᠬᠤᠮ ᠢᠶᠠᠷ ᠰᠡᠷᠭᠦᠵᠦ ᠪᠠᠶᠢᠬᠤ ᠶᠢᠨ ᠳᠡᠭᠡᠷ᠎ᠡ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠢᠯᠡᠳᠲᠡ ᠦᠷ᠎ᠡ ᠪᠦᠲᠦᠮᠵᠢ ᠣᠯᠵᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠡᠷᠭᠦᠬᠦ ᠪᠠᠶᠢᠳᠠᠯ ᠲᠠᠢ ᠪᠣᠯᠵᠣ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ 1—5 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄           ᠨᠢᠭᠡ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠰᠠᠷ᠎ᠠ ᠳᠠᠷᠠᠭᠠᠯᠠᠨ ᠰᠡᠷᠭᠦᠪᠡ᠃ 6 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠣ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 3 ᠳ᠋ᠤᠭᠠᠷ ᠰᠠᠷ᠎ᠠ᠂ 4 ᠳ᠋ᠤᠭᠡᠷ ᠰᠠᠷ᠎ᠠ᠂ 5 ᠳ᠋ᠤᠭᠠᠷ ᠰᠠᠷ᠎ᠠ ᠶᠢᠨ ᠬᠢ ᠠᠴᠠ ᠲᠣᠰ ᠲᠣᠰ 10.8᠂ 9.1 ᠪᠠ 6.3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠰᠠᠷ᠎ᠠ ᠳᠠᠷᠠᠭᠠᠯᠠᠨ ᠰᠡᠷᠭᠦᠬᠦ ᠪᠠᠶᠢᠳᠠᠯ ᠲᠠᠢ ᠪᠣᠯᠪᠠ᠃         ᠬᠤᠶᠠᠷ ᠲᠤ᠂ ᠦᠨᠳᠦᠰᠦᠨ ᠠᠮᠢᠳᠤᠷᠠᠯ ᠤᠨ ᠲᠦᠷᠦᠯ ᠤᠨ ᠬᠡᠷᠡᠭᠯᠡᠭᠡᠨ ᠤ ᠲᠤᠯᠭᠠᠭᠤᠷᠢᠯᠠᠯ ᠬᠦᠴᠦᠲᠡᠢ ᠪᠠᠶᠢᠨ᠎ᠠ᠃ ᠪᠥᠬᠦ ᠣᠷᠣᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠦᠭᠰᠡᠨ ᠪᠠᠶᠢᠳᠠᠯ ᠳᠤᠤᠷ᠎ᠠ᠂ ᠡᠯ᠎ᠡ ᠭᠠᠵᠠᠷ ᠤᠨ ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠤ ᠬᠡᠲᠦ ᠡᠵᠡᠩᠨᠡᠯᠲᠡ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠠᠷᠠᠳ ᠤᠨ ᠠᠮᠢᠳᠤᠷᠠᠯ ᠤᠨ ᠦᠨᠳᠦᠰᠦᠨ ᠲᠥᠷᠥᠯ ᠤᠨ ᠲᠠᠸᠠᠷ ᠤᠨ ᠬᠡᠷᠡᠭᠯᠡᠭᠡ ᠦᠷᠭᠦᠯᠵᠢᠯᠡᠨ ᠨᠡᠮᠡᠭᠳᠡᠪᠡ᠃ ᠲᠦᠷᠦᠭᠦᠦ ᠬᠠᠭᠠᠰ ᠵᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤᠮᠳᠠᠭᠠᠨ᠂ ᠠᠷᠢᠬᠢ ᠲᠠᠮᠠᠬᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 22.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-5 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠬᠤᠪᠢ ᠶᠢᠨ ᠴᠡᠭ ᠲᠦᠷᠭᠡᠳᠴᠦ᠂ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤ ᠳᠡᠯᠭᠡᠭᠦᠷ᠂ ᠲᠥᠬᠦᠮ ᠳᠡᠯᠭᠡᠭᠦᠷ᠂ ᠲᠤᠰᠬᠠᠶ ᠳᠡᠯᠭᠡᠭᠦᠷ ᠪᠠ ᠬᠡᠲᠦ ᠳᠡᠯᠭᠡᠭᠦᠷ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 14.1%᠂ 18.4%᠂ 15.0 % ᠪᠠ 21.8% ᠪᠠᠷᠨᠡᠮᠡᠭᠳᠡᠪᠡ᠃           ᠭᠤᠷᠪᠠ ᠳᠤ᠂ ᠢᠳᠡᠭᠡᠨ ᠤᠮᠳᠠᠭᠠᠨ ᠤ ᠬᠡᠷᠡᠭᠯᠡᠭᠡ ᠶᠢᠨ ᠪᠠᠭᠤᠷᠠᠯᠲᠠ ᠪᠠᠭᠠᠰᠴᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠰᠠᠶᠢᠵᠢᠷᠠᠬᠤ ᠶᠢ ᠳᠠᠭᠠᠯᠳᠤᠨ᠂ ᠳᠠᠶᠢᠯᠠᠯᠭ᠎ᠠ᠂ ᠬᠤᠭᠤᠯᠠᠨ ᠭᠡᠷ ᠢ ᠡᠮᠬᠢ ᠵᠢᠷᠤᠮ ᠲᠠᠢ ᠪᠠᠷ ᠴᠢᠯᠥᠭᠡᠲᠡᠶ ᠲᠠᠯᠪᠢᠵᠤ᠂ ᠭᠠᠳᠠᠭᠰᠢ ᠭᠠᠷᠴᠤ ᠬᠤᠭᠤᠯᠠᠯᠠᠬᠤ ᠬᠥᠮᠦᠨ ᠤ ᠲᠤᠭ᠎ᠠ ᠣᠯᠠᠰᠢᠷᠠᠵᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠪᠠᠭᠤᠷᠠᠯᠲᠠ ᠶᠢᠨ ᠬᠡᠮᠵᠢᠶ᠎ᠡ ᠡᠳᠦᠶ ᠲᠡᠳᠦᠶ ᠪᠠᠭᠤᠷᠠᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 11.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1-5 ᠳ᠋ᠤᠭᠠᠷ ᠰᠠᠷ᠎ᠠ ᠶᠢᠨ ᠬᠢ ᠠᠴᠠ 1.3 ᠵᠠᠭᠤᠨ ᠤ ᠬᠤᠪᠢ ᠶᠢᠨ ᠴᠡᠭ ᠪᠠᠭᠠᠰᠴᠠᠶ᠂ ᠡᠭᠦᠨ ᠳᠤ᠂ 6 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 6.3% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 5 ᠳ᠋ᠤᠭᠠᠷ ᠰᠠᠷ᠎ᠠ ᠶᠢᠨ ᠬᠢ ᠠᠴᠠ 11.7 ᠵᠠᠭᠤᠨ ᠤ ᠬᠤᠪᠢ ᠶᠢᠨ ᠴᠡᠭ ᠪᠠᠭᠠᠰᠴᠠᠶ᠃         ᠳᠥᠷᠪᠡ ᠳᠤ᠂ ᠮᠠᠰᠢᠨ ᠲᠡᠷᠭᠡᠨ ᠤ ᠬᠡᠷᠡᠭᠯᠡᠭᠡ ᠢᠯᠡᠳᠲᠡ ᠰᠠᠶᠢᠵᠢᠷᠠᠪᠠ᠃ ᠬᠤᠳᠠᠯᠳᠤᠨ ᠠᠪᠬᠤ ᠭᠠᠶᠢᠯᠢ ᠶᠢ ᠬᠠᠭᠠᠰ ᠢᠶᠠᠷ ᠬᠠᠰᠤᠬᠤ ᠵᠢᠴᠢ ᠡᠯ᠎ᠡ ᠭᠠᠵᠠᠷ ᠤᠨ ᠨᠡᠶᠢᠲᠡᠯᠡᠭᠰᠡᠨ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠮᠠᠰᠢᠨ ᠲᠡᠷᠭᠡᠨ ᠤ ᠬᠡᠷᠡᠭᠯᠡᠭᠡ ᠵᠣᠬᠢᠬᠤ ᠬᠡᠮᠵᠢᠶ᠎ᠡ ᠪᠠᠷ ᠰᠠᠶᠢᠵᠢᠷᠠᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ 1-5 ᠳ᠋ᠤᠭᠠᠷ ᠰᠠᠷ᠎ᠠ ᠶᠢᠨ ᠬᠢ ᠠᠴᠠ 4 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠂ ᠡᠭᠦᠨ ᠳᠤ᠂ 6 ᠳ᠋ᠤᠭᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 5 ᠳ᠋ᠤᠭᠠᠷ ᠰᠠᠷ᠎ᠠ ᠶᠢᠨ ᠬᠢ ᠠᠴᠠ 20.8 ᠵᠠᠭᠤᠨ ᠤ ᠬᠤᠪᠢ ᠶᠢᠨ ᠴᠡᠭ ᠲᠦᠷᠭᠡᠳᠴᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠰᠡᠷᠭᠦᠯᠲᠡ ᠨᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠳᠤ ᠬᠦᠴᠦᠲᠡᠶ ᠠᠬᠢᠭᠤᠯᠬᠤ ᠦᠢᠯᠡᠳᠦᠯ ᠦᠵᠡᠭᠦᠯᠪᠡ᠃         ᠶᠡᠷᠦᠩᠬᠡᠶ ᠳᠤᠨᠢ ᠠᠪᠴᠤ ᠦᠵᠡᠪᠡᠯ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠠᠯᠬᠤᠮ ᠠᠯᠬᠤᠮ ᠢᠶᠠᠷ ᠰᠡᠷᠭᠦᠵᠦ ᠪᠠᠶᠢᠭ᠎ᠠ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠷᠴᠢᠮ ᠢᠶᠠᠷ ᠶᠡᠭᠡ᠂ ᠬᠡᠯᠪᠡᠷᠢ ᠨᠢ ᠰᠢᠨ᠎ᠡ᠂ ᠴᠢᠭᠯᠡᠯᠳᠦ ᠴᠢᠨᠠᠷ ᠢᠶᠠᠷ ᠴᠢᠩᠭ᠎ᠠ ᠬᠡᠷᠡᠭᠯᠡᠭᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠯᠤᠭ᠎ᠠ ᠰᠠᠯᠵᠤ ᠪᠣᠯᠤᠰᠢ ᠦᠭᠡᠶ ᠨᠢᠭᠲᠠ ᠬᠠᠷᠢᠴᠠᠭ᠎ᠠ ᠲᠠᠢ ᠪᠠᠶᠢᠵᠤ᠂ ᠢᠷᠡᠭᠡᠳᠦᠶ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠮᠥᠨ ᠬᠦ ᠦᠷᠭᠦᠯᠵᠢᠯᠡᠨ ᠰᠡᠷᠭᠦᠬᠦ ᠪᠠᠶᠢᠳᠠᠯ ᠢᠶᠠᠨ ᠪᠠᠲᠤᠯᠠᠬᠤ ᠪᠣᠯᠤᠨ᠎ᠠ᠃ ᠪᠠᠶᠠᠷᠯᠠᠯ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号