ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ | ᠶᠡᠷᠦᠩᠬᠡᠶ ᠠᠩᠭᠢ | ︵2023 ᠣᠨ ᠤ 1 ᠰᠠᠷ᠎ᠠ ᠶᠢᠨ 18 ᠤ ᠡᠳᠦᠷ︶ | 2022 ᠣᠨ ᠳᠤ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠪᠠ ᠪᠡᠷᠬᠡ | ᠬᠠᠲᠠᠭᠤᠵᠢᠯᠲᠠᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠪᠦᠬᠦ ᠣᠷᠣᠨ ᠳᠠᠶᠠᠭᠠᠷ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠲᠠᠪᠤᠨ | ᠲᠤᠮᠤ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠤᠷᠤᠭᠤᠳᠠᠬᠤ | ᠳᠠᠷᠤᠯᠲᠠ ᠶᠢ ᠢᠳᠡᠪᠬᠢᠲᠡᠢ ᠠᠷᠭᠠᠴᠠᠭᠠᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠦᠬᠦ ᠣᠷᠣᠨ ᠤ ᠠᠵᠤ ᠠᠬᠤᠢ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠬᠦᠴᠢᠷ ᠤᠨ ᠳᠤᠮᠳᠠ ᠠᠮᠵᠢᠯᠲᠠ ᠤᠯᠬᠤ ᠶᠢ ᠲᠦᠷᠭᠡᠳᠬᠡᠪᠡ᠃ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠵᠠᠯᠭᠠᠭ᠎ᠠ ᠪᠠᠷ ᠲᠣᠭᠲᠠᠭᠤᠨ ᠪᠠᠶᠢᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠲᠣᠭᠲᠠᠭᠤᠨ ᠤ ᠳᠤᠮᠳᠠ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ | ᠦᠷᠭᠦᠯᠵᠢᠯᠡᠨ ᠥᠷᠭᠡᠳᠬᠡᠵᠦ᠂ ᠬᠥᠳᠡᠯᠭᠡᠬᠦ ᠡᠨᠧᠷᠭᠢ ᠶᠢᠨ ᠰᠣᠯᠢᠭᠳᠠᠯ ᠲᠦᠷᠭᠡᠨ ᠪᠥᠭᠡᠳ ᠲᠣᠭᠲᠠᠭᠤᠨ ᠪᠠᠶᠢᠨ᠎ᠠ᠃ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ | ᠦᠷ᠎ᠡ ᠳ᠋ᠦᠩ ᠢ ᠦᠨᠳᠦᠰᠦᠯᠡᠪᠡᠯ᠂ 2022 ᠣᠨ ᠳᠤ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ 23159 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠳᠡᠭᠡᠷ᠎ᠡ | ᠵᠢᠯ ᠤᠨ ᠬᠢ ᠠᠴᠠ 4.2% ᠢᠶᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2654 | ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 4.3% ᠪᠠᠷ ᠨᠡᠮᠡᠭᠳᠡᠪᠡ︔ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 11242 ᠳ᠋ᠦᠩᠰᠢᠭᠤᠷ ᠲᠥᠭᠦᠷᠢᠭ ᠲᠤ ᠬᠦᠷᠴᠦ᠂ 6.5 % ᠪᠠᠷ ᠨᠡᠮᠡᠭᠳᠡᠪᠡ︔ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9263 ᠳ᠋ᠦᠩᠰᠢᠭᠤᠷ ᠲᠥᠭᠦᠷᠢᠭ ᠲᠤ ᠬᠦᠷᠴᠦ᠂ 2.2% ᠪᠠᠷ | ᠨᠡᠮᠡᠭᠳᠡᠪᠡ᠃ | ᠨᠢᠭᠡ᠂ ᠠᠮᠤ ᠪᠤᠳᠠᠭ᠎ᠠ ᠡᠯᠪᠡᠭ ᠲᠠᠷᠢᠶᠠᠯᠠᠩ ᠲᠣᠭᠲᠠᠭᠤᠨ ᠪᠠᠶᠢᠵᠤ᠂ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ | ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠴᠢᠯᠠᠭᠤ ᠶᠢᠨ ᠦᠢᠯᠡᠳᠦᠯ ᠢ ᠤᠯᠠᠮ ᠢᠯᠡᠷᠡᠭᠦᠯᠪᠡ᠃ | ᠠᠮᠤ ᠪᠤᠳᠠᠭᠠᠨ ᠤ ᠭᠠᠷᠤᠯᠲᠠ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ 2022 | ᠣᠨ ᠳᠤ᠂ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ 780.1 ᠳ᠋ᠦᠩᠰᠢᠭᠤᠷ ᠵᠢᠩ ᠳᠤ ᠬᠦᠷᠴᠦ᠂ ᠳᠡᠭᠡᠷ᠎ᠡ | ᠵᠢᠯ ᠤᠨ ᠬᠢ ᠠᠴᠠ 1.6% ᠪᠠᠷ ᠨᠡᠮᠡᠭᠳᠡᠵᠦ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠳᠤᠮᠳᠠᠴᠢ ᠤᠨᠠᠯᠲᠠ | ᠮᠥ ᠪᠦᠷᠢ ᠳᠤ 748.1 ᠵᠢᠩ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠮᠥ ᠪᠦᠷᠢ ᠳᠤ 4.3 ᠵᠢᠩ ᠳᠡᠭᠡᠭᠰᠢᠯᠡᠵᠦ᠂ | ᠠᠮᠤ ᠪᠤᠳᠠᠭᠠᠨ ᠤ ᠶᠡᠷᠦᠩᠬᠡᠶ ᠤᠨᠠᠯᠲᠠ ᠪᠣᠯᠤᠨ ᠲᠠᠯᠠᠪᠠᠶ ᠨᠢᠭᠡᠴᠢ ᠶᠢᠨ ᠤᠨᠠᠯᠲᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ ᠮᠠᠯ ᠠᠵᠤ ᠠᠬᠤᠶ ᠶᠢᠨ ᠦᠢᠯᠡᠳᠪᠦᠷᠢᠯᠡᠯ ᠠᠷᠪᠠᠨ ᠨᠠᠢᠮᠠᠨ ᠵᠢᠯ ᠳᠠᠷᠠᠭᠠᠯᠠᠨ ᠲᠣᠭᠲᠠᠪᠤᠷᠢᠵᠢᠪᠠ᠃ ᠪᠥᠬᠦ | ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 277.8 ᠲᠦᠮᠡᠨ ᠲᠣᠨ ᠳᠤ ᠬᠦᠷᠴᠦ᠂ ᠳᠡᠭᠡᠷ᠎ᠡ | ᠵᠢᠯ ᠤᠨ ᠬᠢ ᠠᠴᠠ 2 8% ᠪᠠᠷ ᠨᠡᠮᠡᠭᠳᠡᠪᠡ᠃ ᠡᠭᠦᠨ ᠳᠤ᠂ ᠭᠠᠭ᠋ᠠᠢ ᠶᠢᠨ ᠮᠢᠬ᠎ᠠ 73.7 ᠲᠦᠮᠡᠨ ᠲᠣᠨ ᠳᠤ ᠬᠦᠷᠴᠦ᠂ 9. | 3% ᠪᠠᠷ ᠨᠡᠮᠡᠭᠳᠡᠪᠡ︔ ᠦᠬᠡᠷ ᠤᠨ ᠮᠢᠬ᠎ᠠ 71.9 ᠲᠦᠮᠡᠨ ᠲᠣᠨ ᠳᠤ ᠬᠦᠷᠴᠦ᠂ 4.6% ᠪᠠᠷ ᠨᠡᠮᠡᠭᠳᠡᠪᠡ᠃ ᠰᠦ | ᠰᠠᠭᠠᠯᠢ ᠶᠢᠨ ᠦᠢᠯᠡᠰ ᠤᠨ ᠬᠥᠭᠵᠢᠯᠲᠡ ᠲᠣᠭᠲᠠᠭᠤᠨ ᠢᠶᠠᠷ ᠠᠭᠢᠪᠠ᠃ ᠪᠥᠬᠦ ᠣᠷᠣᠨ ᠤ ᠰᠠᠭᠠᠯᠢ ᠶᠢᠨ ᠦᠨᠢᠶ᠎ᠡ 159.0 | ᠲᠦᠮᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 10.9% ᠪᠠᠷ ᠨᠡᠮᠡᠭᠳᠡᠪᠡ︔ ᠦᠨᠢᠶᠡᠨ ᠰᠦ ᠶᠢᠨ ᠭᠠᠷᠤᠯᠲᠠ 733. | 8 ᠲᠦᠮᠡᠨ ᠲᠣᠨ ᠳᠤ ᠬᠦᠷᠴᠦ᠂ 9.0% ᠢᠶᠠᠷ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠴᠠᠭᠠᠨ | ᠢᠳᠡᠭᠡᠨ ᠤ ᠭᠠᠷᠤᠯᠲᠠ 415.2 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 12.6% ᠪᠠᠷ ᠨᠡᠮᠡᠭᠳᠡᠪᠡ᠃ | ᠬᠤᠶᠠᠷ᠂ ᠲᠣᠭᠲᠠᠭᠤᠨ ᠪᠠᠶᠢᠯᠭᠠᠬᠤ ᠶᠢᠨ ᠳᠤᠮᠳᠠ ᠶᠠᠰᠤ ᠴᠢᠨᠠᠷ ᠢ ᠳᠡᠭᠡᠭᠰᠢᠯᠡᠭᠦᠯᠦᠨ᠂ ᠲᠣᠪᠤᠶᠢᠮ᠎ᠠ ᠬᠤᠪᠢ ᠨᠡᠮᠡᠷᠢ | ᠦᠵᠡᠭᠦᠯᠵᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠦᠷᠭᠡᠨ ᠨᠡᠮᠡᠭᠳᠡᠯ ᠢ ᠪᠠᠲᠤᠯᠠᠪᠠ᠃ | 2022 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠳᠡᠭᠡᠷ᠎ᠡ ᠵᠢᠯ ᠤᠨ ᠬᠢ ᠠᠴᠠ 8.1% ᠪᠠᠷ ᠨᠡᠮᠡᠭᠳᠡᠪᠡ᠃ 38 ᠠᠵᠢᠯ ᠲᠥᠷᠥᠯ ᠤᠨ ᠲᠣᠮᠣ ᠲᠥᠷᠥᠯ ᠤᠨ | ᠳᠣᠲᠣᠷ᠎ᠠ᠂ 25 ᠠᠵᠢᠯ ᠲᠥᠷᠥᠯ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 65.8% ᠳᠤ ᠬᠦᠷᠴᠦ᠂ | ᠪᠥᠬᠦ ᠣᠷᠣᠨ ᠤ ᠠᠵᠤ ᠠᠬᠤᠶ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠲᠦᠷᠦᠭᠦᠦ | ᠵᠢᠯ ᠤᠨ ᠬᠢ ᠠᠴᠠ ᠪᠠᠨ 6.8% ᠪᠠᠷ ᠨᠡᠮᠡᠭᠳᠡᠵᠦ᠂ ᠦᠢᠯᠡᠳᠬᠦ ᠦᠢᠯᠡᠰ 10.9% ᠪᠠᠷ ᠨᠡᠮᠡᠭᠳᠡᠵᠦ᠂ ᠴᠠᠬᠢᠯᠭᠠᠨ | ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 5. | 5% ᠪᠠᠷ ᠨᠡᠮᠡᠭᠳᠡᠪᠡ᠃ ᠭᠤᠤᠯᠳᠠᠯᠭ᠎ᠠ ᠲᠠᠢ ᠠᠵᠤ ᠦᠢᠯᠡᠰ ᠤᠨ ᠲᠤᠯᠭᠠᠭᠤᠷᠢᠯᠠᠯ ᠬᠦᠴᠦᠲᠡᠶ᠃ ᠡᠨᠧᠷᠭᠢ ᠶᠢᠨ ᠠᠵᠤ | ᠦᠢᠯᠡᠳᠪᠦᠷᠢ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ᠂ ᠲᠣᠨᠣᠭᠯᠠᠯ ᠦᠢᠯᠡᠳᠬᠦ ᠦᠢᠯᠡᠰ ᠤᠨ | ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ ᠲᠣᠰ ᠲᠣᠰ 7.6%᠂ 10.3% ᠪᠠ 43.3% ᠪᠠᠷ | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠨᠡᠶᠢᠲᠡ 6.9 ᠵᠠᠭᠤᠨ ᠤ ᠬᠤᠪᠢ ᠶᠢᠨ | ᠴᠡᠭ ᠳᠠᠶᠢᠴᠢᠯᠠᠪᠠ᠃ ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠪᠤᠶᠢᠵᠢᠪᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠦᠷᠳᠡᠭ | ᠲᠦᠷᠦᠭᠦᠦ ᠵᠢᠯ ᠤᠨ ᠬᠢ ᠠᠴᠠ 19.9% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 33.6% ᠪᠠᠷ | ᠨᠡᠮᠡᠭᠳᠡᠪᠡ᠃ ᠠᠵᠤ ᠦᠢᠯᠡᠳᠪᠦᠷᠢ ᠶᠢᠨ ᠰᠢᠨ᠎ᠡ ᠦᠢᠯᠡᠳᠬᠦᠨ ᠤ ᠳᠣᠲᠣᠷ᠎ᠠ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ | ᠴᠠᠬᠢᠭᠤᠷ᠂ ᠬᠤᠪᠣᠷ ᠰᠢᠷᠣᠶ ᠶᠢᠨ ᠨᠢᠭᠡᠳᠪᠦᠷᠢ ᠶᠢᠨ ᠭᠠᠷᠤᠯᠲᠠ ᠲᠣᠰ ᠲᠣᠰ 41.2 ᠲᠦᠮᠡᠨ ᠲᠣᠨ᠂ 13.9 ᠲᠦᠮᠡᠨ | ᠲᠣᠨ ᠪᠠ 10.7 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ ᠲᠣᠰ ᠲᠣᠰ 25.7%᠂ 108.7% | ᠪᠠ 22.7% ᠪᠠᠷ ᠨᠡᠮᠡᠭᠳᠡᠪᠡ᠃ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠲᠣᠭᠲᠠᠭᠤᠨ ᠪᠥᠭᠡᠳ | ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠨᠡᠭᠦᠷᠡᠰᠦᠨ ᠤ ᠭᠠᠷᠤᠯᠲᠠ 11.7 | ᠳ᠋ᠦᠩᠰᠢᠭᠤᠷ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 10.1% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ | ᠬᠡᠮᠵᠢᠶ᠎ᠡ 6440.3 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 7.0% ᠢᠶᠠᠷ ᠨᠡᠮᠡᠭᠳᠡᠪᠡ᠃ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ 2022 ᠣᠨ ᠤ 1 - 11 ᠳ᠋ᠦᠭᠡᠷ ᠰᠠᠷ᠎ᠠ ᠳᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ | ᠠᠰᠢᠭ ᠤᠯᠵᠠᠪᠤᠷᠢ ᠶᠢᠨ ᠶᠡᠷᠦᠩᠬᠡᠶ ᠲᠤᠭ᠎ᠠ 3860.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 23.8% ᠪᠠᠷ ᠨᠡᠮᠡᠭᠳᠡᠪᠡ᠃ | ᠭᠤᠷᠪᠠ᠂ ᠶᠡᠷᠦᠩᠬᠡᠶ ᠨᠡᠮᠡᠭᠳᠡᠯ ᠲᠠᠢ᠂ ᠦᠨᠳᠦᠰᠦᠨ ᠳᠡᠭᠡᠨ ᠲᠣᠭᠲᠠᠭᠤᠨ ᠪᠠᠶᠢᠵᠤ᠂ ᠦᠢᠯᠡᠴᠢᠯᠡᠭᠡᠨ ᠤ | ᠦᠢᠯᠡᠰ ᠤᠨ ᠠᠵᠢᠯᠯᠠᠭᠠᠨ ᠵᠢᠱᠢᠭᠰᠡᠨ ᠠᠴᠠ ᠰᠠᠶᠢᠨ ᠪᠣᠯᠪᠠ᠃ | 2022 ᠣᠨ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ ᠨᠢ 40.0% ᠪᠠᠶᠢᠵᠤ᠂ ᠠᠵᠤ ᠠᠬᠤᠶ ᠶᠢᠨ | ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ 25.8% ᠪᠣᠯᠤᠨ᠎ᠠ᠃ ᠠᠵᠢᠯ ᠲᠥᠷᠥᠯ ᠬᠤᠪᠢᠶᠠᠵᠤ ᠦᠵᠡᠪᠡᠯ᠂ | ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 3. | 5% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ 5.3% ᠪᠠᠷ ᠨᠡᠮᠡᠭᠳᠡᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 11.6% ᠪᠠᠷ ᠨᠡᠮᠡᠭᠳᠡᠪᠡ᠃ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠦᠷᠭᠦᠯᠵᠢᠯᠡᠨ ᠨᠡᠮᠡᠭᠳᠡᠪᠡ᠃ 2022 | ᠣᠨ ᠤ 1 - 11 ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ᠃ ᠡᠭᠦᠨ ᠳᠤ᠂ | ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ 10.8% ᠪᠠᠷ ᠨᠡᠮᠡᠭᠳᠡᠵᠦ᠂ ᠮᠡᠳᠡᠭᠡ ᠵᠠᠩᠭᠢ ᠶᠢᠨ | ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 7.3% ᠪᠠᠷ | ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 10.1% ᠪᠠᠷ | ᠨᠡᠮᠡᠭᠳᠡᠪᠡ᠃ | ᠳᠥᠷᠪᠡ᠂ ᠠᠮᠢᠵᠢᠷᠠᠯ ᠤᠨ ᠬᠦᠴᠦᠨ ᠨᠢ ᠴᠢᠩᠭᠠᠷᠠᠵᠤ᠂ ᠪᠦᠲᠦᠴᠡ ᠨᠢ ᠰᠢᠯᠢᠳᠡᠭᠵᠢᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ | 2022 ᠣᠨ ᠳᠤ᠂ ᠠᠯᠢ ᠣᠯᠠᠨ ᠣᠨᠣᠪᠴᠢᠲᠠᠶ ᠪᠦᠲᠦᠮᠵᠢᠲᠡᠶ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ | ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠤᠤᠷ᠎ᠠ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠲᠦᠷᠦᠭᠦᠦ ᠵᠢᠯ ᠤᠨ ᠬᠢ ᠠᠴᠠ 17.6% ᠪᠠᠷ ᠨᠡᠮᠡᠭᠳᠡᠪᠡ᠃ ᠡᠭᠦᠨ ᠳᠤ᠂ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 13.6% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ | ᠪᠡᠯᠡ ᠣᠷᠣᠭᠤᠯᠤᠯᠲᠠ 44.8% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠬᠤ | ᠵᠠᠩᠭᠢᠯᠠᠭ᠎ᠠ ᠶᠢᠨ ᠬᠦᠴᠦᠨ ᠪᠣᠯᠪᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠪᠠ ᠦᠢᠯᠡᠳᠬᠦ | ᠦᠢᠯᠡᠰ ᠤᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠶ ᠪᠠᠶᠢᠵᠤ᠂ ᠲᠦᠷᠦᠭᠦᠦ ᠵᠢᠯ ᠤᠨ ᠬᠢ ᠠᠴᠠ ᠲᠣᠰ | ᠲᠣᠰ 35.3% ᠪᠠ 42.6% ᠪᠠᠷ ᠨᠡᠮᠡᠭᠳᠡᠵᠦ᠂ ᠴᠥᠮ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠠᠴᠠ ᠲᠦᠷᠭᠡᠨ ᠪᠣᠯᠵᠠᠶ᠃ ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ 59.1% ᠪᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠤᠨ ᠪᠠᠯᠠ ᠣᠷᠣᠭᠤᠯᠤᠯᠲᠠ 120.2% ᠢᠶᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ | ᠣᠷᠣᠭᠤᠯᠤᠯᠲᠠ ᠡᠷᠴᠢᠮ ᠲᠠᠢ ᠨᠡᠮᠡᠭᠳᠡᠵᠦ᠂ ᠲᠦᠷᠦᠭᠦᠦ ᠵᠢᠯ ᠤᠨ ᠬᠢ ᠠᠴᠠ 49.2% ᠢᠶᠠᠷ ᠨᠡᠮᠡᠭᠳᠡᠪᠡ᠃ ᠡᠭᠦᠨ ᠳᠤ | ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢ 91.6% ᠪᠠᠷ ᠨᠡᠮᠡᠭᠳᠡᠭᠦᠯᠵᠦ᠂ ᠳᠡᠭᠡᠳᠦ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢ 17.5% ᠪᠠᠷ ᠨᠡᠮᠡᠭᠳᠡᠭᠦᠯᠦᠨ᠎ᠡ᠃ ᠰᠢᠨ᠎ᠡ | ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠲᠦᠷᠭᠡᠳᠴᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ | ᠣᠷᠣᠭᠤᠯᠤᠯᠲᠠ ᠲᠦᠷᠦᠭᠦᠦ ᠵᠢᠯ ᠤᠨ ᠬᠢ ᠠᠴᠠ 79.0% ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠠᠴᠠ 61.4 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ | ᠲᠠᠪᠤ᠂ ᠲᠥᠷᠥ ᠶᠢᠨ ᠪᠣᠳᠣᠯᠭ᠎ᠠ ᠤᠷᠢᠳᠴᠢᠯᠠᠭᠰᠠᠨ᠂ ᠪᠠᠲᠤᠯᠠᠭ᠎ᠠ ᠬᠦᠴᠦᠲᠡᠶ ᠪᠠᠶᠢᠵᠤ᠂ ᠬᠡᠷᠡᠭᠯᠡᠭᠡᠨ ᠤ ᠵᠠᠬ᠎ᠠ | ᠳᠡᠯᠭᠡᠭᠦᠷ ᠳᠠᠷᠤᠯᠲᠠ ᠶᠢ ᠳᠠᠭᠠᠭᠠᠨ ᠳᠠᠭᠠᠭᠠᠵᠤ ᠤᠷᠤᠭᠰᠢᠯᠠᠵᠤ ᠪᠠᠶᠢᠨ᠎ᠠ᠃ | 2022 ᠣᠨ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠶ ᠲᠤᠭ᠎ᠠ 4971.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 1.8% ᠪᠠᠷ | ᠪᠠᠭᠤᠷᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ | ᠲᠣᠬᠢᠷᠠᠭᠤᠯᠬᠤ ᠶᠢ ᠳᠠᠭᠠᠯᠳᠤᠨ᠂ ᠰᠠᠭᠤᠭᠠᠯᠢ ᠠᠷᠠᠳ ᠤᠨ ᠭᠠᠳᠠᠭᠰᠢ ᠭᠠᠷᠬᠤ ᠬᠡᠷᠡᠭᠯᠡᠭᠡ ᠠᠯᠬᠤᠮ ᠠᠯᠬᠤᠮ ᠢᠶᠠᠷ | ᠨᠡᠮᠡᠭᠳᠡᠵᠦ᠂ ᠢᠯᠠᠩᠭᠤᠶ᠎ᠠ ᠬᠡᠷᠡᠭᠯᠡᠭᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠡᠮᠦᠨ᠎ᠡ ᠨᠢ ᠬᠦᠴᠦᠯᠡᠵᠦ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ | ᠲᠦᠷᠦᠭᠦᠦ ᠵᠢᠯ ᠤᠨ ᠬᠢ ᠠᠴᠠ 2.0% ᠢᠶᠠᠷ ᠨᠡᠮᠡᠭᠳᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠶ ᠪᠥᠭᠡᠳ | ᠪᠦᠲᠦᠮᠵᠢᠲᠡᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠤᠰᠤ ᠢᠳᠡᠭᠡᠨ ᠤ ᠵᠦᠢᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ ᠵᠢᠯ ᠤᠨ ᠬᠢ ᠠᠴᠠ 24.2 % ᠢᠶᠠᠷ ᠨᠡᠮᠡᠭᠳᠡᠵᠦ᠂ ᠡᠳᠦᠷ | ᠲᠤᠳᠤᠮ ᠤᠨ ᠬᠡᠷᠡᠭᠯᠡᠭᠡᠨ ᠤ ᠵᠦᠢᠯ ᠤᠨ ᠲᠦᠷᠦᠯ 16.3% ᠪᠠᠷ ᠨᠡᠮᠡᠭᠳᠡᠵᠦ᠂ ᠬᠢᠲᠠᠳ ᠧᠦ᠋ᠷᠣᠫᠠ ᠡᠮ ᠤᠨ ᠵᠦᠢᠯ ᠤᠨ | ᠲᠦᠷᠦᠯ 12.8% ᠪᠠᠷ ᠨᠡᠮᠡᠭᠳᠡᠪᠡ᠃ ᠰᠦᠯᠵᠢᠶᠡᠨ ᠤ ᠵᠢᠵᠢᠭᠯᠡᠨ ᠬᠤᠳᠠᠯᠳᠤᠬᠤ ᠬᠠᠷᠢᠴᠠᠯ ᠳᠡᠭᠡᠭᠰᠢᠯᠡᠪᠡ᠃ ᠪᠣᠳᠠᠲᠤ | ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 6.9% ᠪᠣᠯᠵᠣ᠂ ᠲᠦᠷᠦᠭᠦᠦ ᠵᠢᠯ ᠤᠨ ᠬᠢ ᠠᠴᠠ | 0.9 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠣᠯᠠᠨ | ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 75.8% ᠪᠠᠷ | ᠨᠡᠮᠡᠭᠳᠡᠪᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠴᠢᠩᠭ᠎ᠠ᠃ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ | ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠢᠯᠡᠳᠲᠡ ᠦᠢᠯᠡᠳᠦᠯ | ᠭᠠᠷᠭᠠᠵᠤ ᠪᠠᠶᠢᠭ᠎ᠠ ᠪᠠᠶᠢᠳᠠᠯ ᠳᠤᠤᠷ᠎ᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠰᠢᠨ᠎ᠡ ᠡᠨᠧᠷᠭᠢ ᠶᠢᠨ | ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ ᠲᠦᠷᠦᠭᠦᠦ | ᠵᠢᠯ ᠤᠨ ᠬᠢ ᠠᠴᠠ 1.9 ᠳᠠᠬᠢᠨ ᠨᠡᠮᠡᠭᠳᠡᠵᠡᠶ᠃ | ᠵᠢᠷᠭᠤᠭ᠎ᠠ᠂ ᠠᠷᠭ᠎ᠠ ᠬᠡᠮᠵᠢᠶ᠎ᠡ ᠬᠦᠴᠦᠲᠡᠶ᠂ ᠵᠠᠬ᠎ᠠ ᠳᠡᠯᠭᠡᠭᠦᠷ ᠲᠣᠭᠲᠠᠭᠤᠨ᠂ ᠪᠠᠷᠠᠭᠠᠨ ᠤ ᠦᠨ᠎ᠡ ᠶᠢᠨ | ᠥᠰᠥᠯᠲᠡ ᠶᠢᠨ ᠬᠡᠮᠵᠢᠶ᠎ᠡ ᠨᠠᠮᠵᠢᠭᠤᠬᠠᠨ ᠪᠠᠶᠢᠨ᠎ᠠ᠃ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠢᠶᠠᠷ ᠥᠰᠪᠡ᠃ 2022 ᠣᠨ ᠳᠤ᠂ ᠪᠥᠬᠦ | ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠳᠡᠭᠡᠷ᠎ᠡ ᠵᠢᠯ ᠤᠨ ᠬᠢ ᠠᠴᠠ 1.8% ᠪᠠᠷ ᠥᠰᠴᠦ᠂ | ᠣᠨ ᠤ ᠪᠠᠷᠠᠭᠠᠨ ᠤ ᠦᠨ᠎ᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠠᠴᠠ 1.2 ᠵᠠᠭᠤᠨ ᠤ ᠬᠤᠪᠢ ᠶᠢᠨ ᠴᠡᠭ ᠳᠤᠤᠷ᠎ᠠ | ᠪᠣᠯᠪᠠ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠶᠢᠨ ᠬᠢ 1.7% ᠥᠰᠴᠦ᠂ ᠬᠥᠳᠡᠭᠡ ᠲᠣᠰᠬᠤᠨ ᠤ ᠬᠢ | 2.0% ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ | ᠦᠨ᠎ᠡ ᠴᠥᠮ ᠠᠳᠠᠯᠢ ᠪᠤᠰᠤ ᠬᠡᠮᠵᠢᠶ᠎ᠡ ᠪᠠᠷ ᠥᠰᠬᠦ ᠬᠠᠨᠳᠤᠰᠢ ᠲᠠᠢ ᠪᠠᠶᠢᠨ᠎ᠠ᠃ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢᠳ ᠤᠨ ᠦᠨ᠎ᠡ ᠶᠢᠨ ᠥᠰᠥᠯᠲᠡ ᠶᠢᠨ ᠬᠡᠮᠵᠢᠶ᠎ᠡ ᠦᠷᠭᠦᠯᠵᠢᠯᠡᠨ ᠪᠠᠭᠤᠷᠠᠪᠠ᠃ 2022 ᠣᠨ ᠳᠤ᠂ ᠪᠥᠬᠦ | ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠲᠦᠷᠦᠭᠦᠦ | ᠵᠢᠯ ᠤᠨ ᠬᠢ ᠠᠴᠠ ᠪᠠᠨ 8.6% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ ᠲᠦᠷᠦᠭᠦᠦ ᠵᠢᠯ ᠤᠨ ᠬᠢ ᠠᠴᠠ ᠪᠠᠨ 19. | 8 ᠵᠠᠭᠤᠨ ᠤ ᠬᠤᠪᠢ ᠶᠢᠨ ᠴᠡᠭ ᠪᠠᠭᠤᠷᠠᠪᠠ᠃ ᠡᠭᠦᠨ ᠳᠤ᠂ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢ ᠠᠴᠠ | ᠭᠠᠷᠭᠠᠬᠤ ᠦᠨ᠎ᠡ 9.0% ᠪᠠᠷ ᠥᠰᠴᠦ᠂ ᠠᠮᠢᠳᠤᠷᠠᠯ ᠤᠨ ᠬᠡᠷᠡᠭᠰᠡᠯ ᠤᠨ ᠦᠢᠯᠡᠳᠪᠦᠷᠢ ᠠᠴᠠ ᠭᠠᠷᠭᠠᠬᠤ ᠦᠨ᠎ᠡ 4.4% | ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ ᠲᠦᠷᠦᠭᠦᠦ ᠵᠢᠯ ᠤᠨ ᠬᠢ ᠠᠴᠠ ᠲᠣᠰ ᠲᠣᠰ 21.7 ᠪᠠ 2.3 ᠵᠠᠭᠤᠨ ᠤ | ᠬᠤᠪᠢ ᠶᠢᠨ ᠴᠡᠭ ᠪᠠᠭᠤᠷᠠᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ | ᠲᠦᠷᠦᠭᠦᠦ ᠵᠢᠯ ᠤᠨ ᠬᠢ ᠠᠴᠠ 11.2% ᠢᠶᠠᠷ ᠥᠰᠪᠡ᠃ | ᠳᠣᠯᠤᠭ᠎ᠠ᠂ ᠣᠷᠣᠯᠭ᠎ᠠ ᠨᠡᠮᠡᠭᠳᠡᠵᠦ᠂ ᠵᠥᠷᠢᠶ᠎ᠡ ᠪᠠᠭᠠᠰᠴᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ | ᠬᠡᠮᠵᠢᠶ᠎ᠡ ᠲᠠᠰᠤᠷᠠᠯᠲᠠ ᠤᠢᠭᠡᠢ ᠳᠡᠭᠡᠭᠰᠢᠯᠡᠪᠡ᠃ | ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ 2022 ᠣᠨ ᠳᠤ᠂ ᠪᠥᠬᠦ ᠣᠷᠣᠨ ᠤ ᠪᠥᠬᠦ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35921 ᠲᠥᠭᠦᠷᠢᠭ ᠲᠤ ᠬᠦᠷᠴᠦ᠂ | ᠳᠡᠭᠡᠷ᠎ᠡ ᠵᠢᠯ ᠤᠨ ᠬᠢ ᠠᠴᠠ 5.3% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠵᠥᠷᠢᠶ᠎ᠡ ᠤᠯᠠᠮ ᠨᠢᠭᠡ ᠠᠯᠬᠤᠮ ᠪᠠᠭᠠᠰᠪᠠ᠃ ᠪᠥᠬᠦ ᠣᠷᠣᠨ ᠤ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 46295 ᠲᠥᠭᠦᠷᠢᠭ ᠲᠤ ᠬᠦᠷᠴᠦ᠂ 4.3% ᠪᠠᠷ | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 19641 ᠲᠥᠭᠦᠷᠢᠭ ᠲᠤ ᠬᠦᠷᠴᠦ᠂ 7.1% ᠪᠠᠷ ᠨᠡᠮᠡᠭᠳᠡᠪᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.36 ᠪᠣᠯᠵᠣ᠂ ᠲᠦᠷᠦᠭᠦᠦ ᠵᠢᠯ ᠤᠨ ᠬᠢ ᠠᠴᠠ 0.06 ᠪᠠᠭᠠᠰᠪᠠ᠃ | ᠶᠡᠷᠦᠩᠬᠡᠶ ᠳᠤᠨᠢ ᠠᠪᠴᠤ ᠦᠵᠡᠪᠡᠯ᠂ ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠳᠠᠭᠠᠭᠤᠯᠭ᠎ᠠ ᠳᠤᠤᠷ᠎ᠠ᠂ ᠪᠥᠬᠦ ᠣᠷᠣᠨ ᠤ ᠠᠵᠤ ᠠᠬᠤᠶ ᠳᠠᠷᠤᠯᠲᠠ ᠶᠢ ᠲᠤᠯᠵᠤ᠂ ᠪᠠᠶᠢᠳᠠᠯ ᠢ | ᠰᠥᠷᠥᠨ ᠤᠷᠤᠭᠰᠢᠯᠠᠵᠤ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠡᠶ᠃ | ᠭᠡᠪᠡᠴᠦ ᠣᠳᠣᠬᠠᠨ ᠤ ᠠᠵᠤ ᠠᠬᠤᠢ ᠶᠢᠨ ᠠᠵᠢᠯᠯᠠᠭᠠᠨ ᠮᠥᠨ ᠯᠡ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠳᠤ | ᠲᠤᠯᠭᠠᠷᠠᠵᠤ᠂ ᠠᠵᠤ ᠠᠬᠤᠢ ᠶᠢᠨ ᠪᠠᠭᠤᠷᠠᠬᠤ ᠳᠠᠷᠤᠯᠲᠠ ᠮᠥᠨ ᠯᠡ ᠨᠡᠯᠢᠶᠡᠳ ᠶᠡᠭᠡ ᠪᠠᠶᠢᠬᠤ ᠶᠢ ᠰᠡᠷᠭᠡᠭ ᠢᠶᠠᠷ ᠣᠯᠵᠤ | ᠬᠠᠷᠠᠬᠤ ᠬᠡᠷᠡᠭᠲᠡᠢ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠳᠠᠷᠠᠭ᠎ᠠ | ᠠᠯᠬᠤᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ | ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠳᠠᠯᠠᠨ᠂ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠢᠯᠡᠴᠢᠯᠡᠬᠦ ᠪᠠ ᠠᠭᠤᠰᠤᠯᠴᠠᠨ᠂ ᠴᠢᠨᠠᠷ | ᠰᠠᠶᠢᠲᠠᠶ ᠬᠥᠭᠵᠢᠯᠲᠡ ᠪᠠᠷ ᠭᠤᠤᠯ ᠰᠡᠳᠦᠪ ᠪᠤᠯᠭᠠᠵᠤ᠂ ︽ᠲᠠᠪᠤᠨ ᠲᠤᠮᠤ ᠡᠭᠦᠷᠭᠡ︾ ᠳᠤ ᠠᠩᠬᠠᠷᠤᠯ ᠢᠶᠠᠨ | ᠲᠦᠪᠯᠡᠷᠡᠬᠦᠯᠵᠦ᠂ ᠡᠷᠴᠢ ᠬᠦᠴᠦ᠂ ᠶᠠᠰᠤ ᠴᠢᠨᠠᠷ᠂ ᠦᠷ᠎ᠡ ᠪᠦᠳᠦᠮᠵᠢ ᠶᠢ ᠳᠡᠭᠡᠭᠰᠢᠯᠡᠬᠦᠯᠬᠦ ᠪᠠᠶᠢᠳᠠᠯ ᠢᠶᠠᠷ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ | ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ | ᠤᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠵᠤ᠂ ᠠᠵᠤ ᠠᠬᠤᠢ ᠶᠢᠨ | ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠳᠤᠯᠠᠬᠤ ᠬᠡᠷᠡᠭᠳᠡᠢ᠃ | ᠳᠠᠭᠠᠯᠳᠤᠭᠤᠯᠤᠯ᠄ | ︵1︶ ᠮᠠᠨ ᠤ ᠤᠯᠤᠰ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ | ᠬᠠᠷᠭᠤᠭᠤᠯᠤᠨ ᠪᠤᠳᠤᠬᠤ ᠪᠠ ᠲᠤᠭ᠎ᠠ ᠪᠠᠷᠢᠮᠲᠠ ᠨᠡᠶᠢᠲᠡᠯᠡᠬᠦ ᠲᠦᠷᠢᠮ ᠤᠨ ᠲᠣᠭᠲᠠᠭᠠᠯ ᠶᠣᠰᠣᠭᠠᠷ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠬᠠᠷᠭᠤᠭᠤᠯᠤᠨ ᠪᠤᠳᠤᠬᠤ ᠳᠤ ᠠᠩᠬ᠎ᠠ ᠠᠯᠬᠤᠮ ᠤᠨ ᠬᠠᠷᠭᠤᠭᠤᠯᠤᠨ | ᠪᠤᠳᠤᠬᠤ ᠪᠠ ᠡᠴᠦᠰ ᠤᠨ ᠬᠢᠨᠠᠨ ᠬᠠᠷᠭᠤᠭᠤᠯᠬᠤ ᠬᠤᠶᠠᠷ ᠠᠯᠬᠤᠮ ᠳᠠᠷᠠᠭ᠎ᠠ ᠪᠠᠭᠲᠠᠨ᠎ᠠ᠃ ᠡᠴᠦᠰ ᠤᠨ ᠬᠠᠷᠭᠤᠭᠤᠯᠤᠨ | ᠳᠣᠲᠣᠯᠠᠭᠰᠠᠨ ᠢᠶᠠᠷ᠂ 2021 ᠣᠨ ᠳᠤ᠂ ᠥᠪᠥᠷ ᠮᠣᠩᠭᠤᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ ᠣᠲᠣ ᠶᠢᠨ ᠦᠨ᠎ᠡ ᠶᠢᠨ ᠶᠡᠷᠦᠩᠬᠡᠶ ᠬᠡᠮᠵᠢᠶ᠎ᠡ ᠨᠢ 21166.0 ᠳ᠋ᠦᠩᠰᠢᠭᠤᠷ ᠲᠥᠭᠦᠷᠢᠭ ᠪᠠᠶᠢᠵᠤ᠂ ᠥᠯᠥ | ᠬᠤᠪᠢᠰᠬᠤ ᠦᠨ᠎ᠡ ᠪᠠᠷ ᠪᠤᠳᠤᠪᠠᠯ᠂ ᠲᠦᠷᠦᠭᠦᠦ ᠵᠢᠯ ᠤᠨ ᠬᠢ ᠠᠴᠠ 6.7% ᠪᠠᠷ ᠨᠡᠮᠡᠭᠳᠡᠪᠡ᠃ | ︵2︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠄ ᠪᠦᠷᠢᠳᠬᠡᠬᠦ ᠬᠦᠷᠢᠶ᠎ᠡ ᠬᠡᠪᠴᠢᠶ᠎ᠡ ᠨᠢ ᠵᠢᠯ ᠤᠨ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪᠴᠢᠶ᠎ᠡ ᠳᠤ ᠵᠢᠯ ᠪᠦᠷᠢ | ᠬᠤᠪᠢᠷᠠᠯᠲᠠ ᠭᠠᠷᠤᠭᠰᠠᠨ ᠠᠴᠠ ᠪᠣᠯᠵᠣ᠂ ᠲᠣᠰ ᠵᠢᠯ ᠤᠨ ᠲᠤᠭ᠎ᠠ ᠪᠠᠷᠢᠮᠲᠠ ᠶᠢ ᠳᠡᠭᠡᠷ᠎ᠡ ᠵᠢᠯ ᠤᠨ ᠬᠢ ᠲᠠᠢ ᠬᠠᠷᠢᠴᠠᠭᠤᠯᠬᠤ᠂ | ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠶᠢ ᠪᠤᠳᠤᠬᠤ ᠵᠡᠷᠭᠡ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠬᠦ ᠬᠤᠷᠳᠤᠴᠠ ᠶᠢ ᠪᠠᠲᠤᠯᠠᠬᠤ ᠶᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭᠠᠨ ᠤ | ᠲᠤᠭ᠎ᠠ ᠬᠢᠭᠡᠳ ᠲᠣᠰ ᠬᠤᠭᠤᠴᠠᠭᠠᠨ ᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠡᠪᠴᠢᠶ᠎ᠡ ᠨᠢ ᠠᠯᠢ ᠴᠢᠳᠠᠬᠤ ᠪᠠᠷ | ᠨᠢᠭᠡᠳᠦᠯᠲᠡᠶ ᠪᠣᠯᠵᠣ᠂ ᠳᠡᠭᠡᠷ᠎ᠡ ᠵᠢᠯ ᠤᠨ ᠨᠡᠶᠢᠲᠡᠯᠡᠭᠰᠡᠨ ᠲᠤᠭ᠎ᠠ ᠪᠠᠷᠢᠮᠲᠠ ᠯᠤᠭ᠎ᠠ ᠬᠡᠯᠡᠯᠭᠡ ᠶᠢᠨ ᠵᠥᠷᠢᠶ᠎ᠡ ᠣᠷᠣᠰᠢᠵᠤ | ᠪᠠᠶᠢᠨ᠎ᠠ᠃ ᠡᠭᠦᠨ ᠤ ᠭᠤᠣᠯ ᠰᠢᠯᠲᠠᠭᠠᠨ ᠨᠢ᠄ ᠨᠢᠭᠡ ᠳᠤ ᠲᠤᠭ᠎ᠠ ᠪᠦᠷᠢᠳᠬᠡᠯ ᠤᠨ ᠨᠢᠭᠡᠴᠡ ᠶᠢᠨ ᠬᠡᠪᠴᠢᠶᠡᠨ ᠳᠤ | ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶᠢᠯᠠᠯ ᠨᠢ ᠬᠡᠪᠴᠢᠶ᠎ᠡ ᠳᠤ ᠬᠦᠷᠴᠦ ᠪᠠᠶᠢᠴᠠᠭᠠᠯᠲᠠ ᠬᠢᠬᠦ | ᠬᠡᠪᠴᠢᠶᠡᠨ ᠳᠤ ᠣᠷᠣᠳᠠᠭ᠂ ᠪᠠᠰᠠ ᠵᠠᠷᠢᠮ ᠠᠵᠤ ᠠᠬᠤᠶᠢᠯᠠᠯ ᠨᠢ ᠬᠡᠪᠴᠢᠶ᠎ᠡ ᠪᠠᠨ ᠪᠠᠭ᠎ᠠ ᠪᠣᠯᠭᠠᠭᠰᠠᠨ ᠠᠴᠠ ᠪᠣᠯᠵᠣ | ᠪᠠᠶᠢᠴᠠᠭᠠᠯᠲᠠ ᠬᠢᠬᠦ ᠬᠡᠪᠴᠢᠶ᠎ᠡ ᠠᠴᠠ ᠤᠬᠤᠷᠢᠨ ᠭᠠᠷᠳᠠᠭ᠂ ᠪᠠᠰᠠ ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ | ᠣᠷᠣᠭᠤᠯᠤᠭᠰᠠᠨ ᠠᠵᠤ ᠠᠬᠤᠶᠢᠯᠠᠯ᠂ ᠳᠠᠮᠫᠤᠷᠠᠬᠤ᠂ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠵᠡᠷᠭᠡ ᠨᠥᠯᠥᠭᠡ ᠲᠠᠢ | ᠪᠠᠶᠢᠳᠠᠭ᠃ ᠬᠤᠶᠠᠷ ᠲᠤ ᠬᠡᠰᠡᠭ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠦᠢᠯᠡᠳᠬᠦᠨ ᠤ ᠭᠠᠷᠤᠯᠲᠠ ᠶᠢᠨ ᠲᠤᠭ᠎ᠠ | ᠪᠠᠷᠢᠮᠲᠠ ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢᠯ ᠤᠨ | ᠪᠠᠶᠢᠴᠠᠭᠠᠯᠲᠠ ᠶᠢ ᠦᠨᠳᠦᠰᠦᠯᠡᠨ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠭᠠᠵᠠᠷ ᠣᠷᠣᠨ ᠠᠯᠤᠰᠯᠠᠨ | ᠳᠠᠪᠬᠤᠷᠳᠠᠭᠤᠯᠤᠨ ᠦᠢᠯᠡᠳᠪᠦᠷᠢᠯᠡᠬᠦ ᠬᠡᠮᠵᠢᠶ᠎ᠡ ᠳᠤ ᠰᠢᠭᠰᠢᠯᠲᠡ ᠬᠢᠪᠡ᠃ | ︵3︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠶ︶᠄ | ᠬᠤᠲᠠ ᠪᠠᠯᠭᠠᠰᠤ ᠪᠠ ᠬᠥᠳᠡᠭᠡ ᠲᠣᠰᠬᠤᠨ ᠤ ᠡᠯ᠎ᠡ ᠵᠦᠢᠯ ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠶᠢᠨ ᠠᠵᠤ | ᠠᠬᠤᠶᠢᠯᠠᠯ᠂ ᠠᠵᠢᠯ ᠦᠢᠯᠡᠰ᠂ ᠵᠠᠰᠠᠭ ᠵᠠᠬᠢᠷᠭᠠᠨ ᠤ ᠨᠢᠭᠡᠴᠡ ᠵᠢᠴᠢ ᠬᠤᠲᠠ ᠪᠠᠯᠭᠠᠰᠤ ᠶᠢᠨ ᠬᠤᠪᠢ ᠶᠢᠨ ᠡᠷᠦᠬᠡ ᠠᠴᠠ | ᠶᠠᠪᠤᠭᠳᠠᠭᠤᠯᠬᠤ ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠵᠢᠴᠢ 500 | ᠲᠦᠮᠡᠨ ᠲᠥᠭᠦᠷᠢᠭ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢ ᠵᠢᠭᠠᠵᠤ ᠪᠤᠶ᠂ ᠡᠭᠦᠨ ᠳᠤ ᠤᠤᠯ ᠤᠨ | ᠬᠡᠪᠰᠢᠭᠰᠡᠨ ᠬᠤᠲᠠ ᠪᠠᠯᠭᠠᠰᠤ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠤᠨ ᠤ | ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ | ᠪᠠᠭᠲᠠᠭᠠᠨ᠎ᠠ᠃ | ︵4︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ ᠪᠦᠷᠢᠳᠬᠡᠬᠦ | ᠬᠦᠷᠢᠶ᠎ᠡ ᠬᠡᠪᠴᠢᠶ᠎ᠡ ᠪᠣᠯ ᠲᠠᠸᠠᠷ ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠪᠤᠶᠤ ᠢᠳᠡᠭᠡᠨ ᠤᠮᠳᠠᠭᠠᠨ ᠤ ᠦᠢᠯᠡᠴᠢᠯᠡᠭᠡ | ᠬᠠᠩᠭᠠᠬᠤ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠠᠵᠤ ᠦᠢᠯᠡᠰ ᠤᠨ ᠠᠵᠢᠯᠯᠠᠭᠠᠨ ᠤ ᠨᠢᠭᠡᠴᠢ ᠪᠠ ᠬᠤᠪᠢ ᠶᠢᠨ | ᠡᠷᠦᠬᠡ ᠪᠣᠯᠤᠨ᠎ᠠ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠭᠡᠳᠡᠭ ᠨᠢ ᠣᠨ ᠤ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ | ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 500 ᠲᠦᠮᠡᠨ ᠲᠥᠭᠦᠷᠢᠭ ᠵᠢᠴᠢ | ᠲᠡᠭᠦᠨ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 200 | ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠬᠤᠨᠤᠭ ᠪᠠ ᠬᠤᠭᠤᠯᠠ ᠤᠮᠳᠠᠭᠠᠨ ᠤ ᠠᠵᠤ ᠠᠬᠤᠶᠢᠯᠠᠯ ︵ᠨᠢᠭᠡᠴᠡ᠂ | ᠬᠤᠪᠢ ᠶᠢᠨ ᠡᠷᠦᠬᠡ︶ ᠢ ᠵᠢᠭᠠᠵᠤ ᠪᠤᠶ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠠᠵᠤ ᠠᠬᠤᠶᠢᠯᠠᠯ ︵ | ᠨᠢᠭᠡᠴᠡ᠂ ᠬᠤᠪᠢ ᠶᠢᠨ ᠡᠷᠦᠬᠡ︶ ᠤᠨ ᠬᠡᠪᠴᠢᠶ᠎ᠡ ᠳᠤ ᠵᠢᠯ ᠪᠦᠷᠢ ᠬᠤᠪᠢᠷᠠᠯᠲᠠ ᠭᠠᠷᠬᠤ ᠪᠣᠯᠬᠤᠷ᠂ ᠲᠤᠰ ᠵᠢᠯ ᠤᠨ ᠲᠤᠭ᠎ᠠ | ᠪᠠᠷᠢᠮᠲᠠ ᠶᠢ ᠳᠡᠭᠡᠷ᠎ᠡ ᠵᠢᠯ ᠤᠨ ᠬᠢ ᠲᠠᠢ ᠠᠳᠠᠯᠢᠳᠬᠠᠵᠤ ᠪᠣᠯᠬᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠵᠡᠷᠭᠡ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠬᠤ ᠳᠤ ᠬᠡᠷᠡᠭᠯᠡᠭᠰᠡᠨ ᠠᠳᠠᠯᠢ ᠬᠤᠭᠤᠴᠠᠭᠠᠨ ᠤ ᠲᠤᠭ᠎ᠠ ᠨᠢ ᠲᠤᠰ ᠬᠤᠭᠤᠴᠠᠭᠠᠨ ᠤ | ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶ ᠤᠨ ᠪᠦᠷᠢᠳᠬᠡᠬᠦ ᠬᠡᠪᠴᠢᠶ᠎ᠡ ᠯᠦᠭᠡ ᠬᠠᠷᠢᠯᠴᠠᠨ ᠨᠢᠭᠡᠳᠦᠯᠲᠡᠶ | ᠪᠠᠶᠢᠬᠤ ᠶᠢ ᠪᠠᠲᠤᠯᠠᠬᠤ ᠶᠢᠨ ᠲᠤᠰᠠᠳᠠ᠂ ᠳᠡᠭᠡᠷ᠎ᠡ ᠵᠢᠯ ᠤᠨ ᠨᠡᠶᠢᠲᠡᠯᠡᠭᠰᠡᠨ ᠲᠤᠭ᠎ᠠ ᠪᠠᠷᠢᠮᠲᠠ ᠲᠠᠢ ᠬᠡᠯᠡᠯᠭᠡ ᠶᠢᠨ ᠵᠥᠷᠢᠶ᠎ᠡ | ᠣᠷᠣᠰᠢᠵᠤ ᠪᠠᠶᠢᠨ᠎ᠠ᠃ ᠡᠭᠦᠨ ᠤ ᠭᠤᠣᠯ ᠰᠢᠯᠲᠠᠭᠠᠨ ᠨᠢ ᠵᠢᠯ ᠪᠦᠷᠢ ᠴᠥᠮ ᠬᠡᠰᠡᠭ ᠠᠵᠤ ᠠᠬᠤᠶᠢᠯᠠᠯ ︵ᠨᠢᠭᠡᠴᠢ᠂ | ᠬᠤᠪᠢ ᠶᠢᠨ ᠡᠷᠦᠭᠡ︶ ᠬᠢᠵᠠᠭᠠᠷ ᠲᠣᠭᠠᠨ ᠤ ᠪᠠᠷᠢᠮᠵᠢᠶ᠎ᠠ ᠳᠤ ᠬᠦᠷᠴᠦ ᠪᠠᠶᠢᠴᠠᠭᠠᠬᠤ ᠬᠡᠪᠴᠢᠶᠡᠨ ᠳᠤ ᠣᠷᠣᠬᠤ ᠶᠢᠨ ᠬᠠᠮᠲᠤ | ᠪᠠᠰᠠ ᠬᠡᠰᠡᠭ ᠠᠵᠤ ᠠᠬᠤᠶᠢᠯᠠᠯ ︵ᠨᠢᠭᠡᠴᠢ᠂ ᠬᠤᠪᠢ ᠶᠢᠨ ᠡᠷᠦᠭᠡ︶ ᠬᠡᠪᠴᠢᠶ᠎ᠡ ᠨᠢ ᠪᠠᠭ᠎ᠠ ᠪᠣᠯᠤᠭᠰᠠᠨ ᠠᠴᠠ ᠬᠢᠵᠠᠭᠠᠷ | ᠲᠣᠭᠠᠨ ᠤ ᠪᠠᠷᠢᠮᠵᠢᠶ᠎ᠠ ᠳᠤ ᠬᠦᠷᠦᠭᠰᠡᠨ ᠦᠭᠡᠢ ᠠᠴᠠ ᠪᠤᠯᠵᠤ ᠪᠠᠶᠢᠴᠠᠭᠠᠬᠤ ᠬᠡᠪᠴᠢᠶ᠎ᠡ ᠠᠴᠠ ᠤᠬᠤᠷᠢᠨ ᠭᠠᠷᠴᠤ᠂ ᠪᠠᠰᠠ | ᠰᠢᠨ᠎ᠡ ᠪᠠᠷ ᠠᠵᠢᠯ ᠡᠬᠢᠯᠡᠭᠦᠯᠦᠭᠰᠡᠨ᠂ ᠳᠠᠮᠫᠤᠷᠠᠭᠰᠠᠨ᠂ ᠬᠦᠴᠦᠨ ᠦᠭᠡᠢ ᠪᠣᠯᠭᠠᠭᠰᠠᠨ ᠠᠵᠤ ᠠᠬᠤᠶᠢᠯᠠᠯ ︵ᠨᠢᠭᠡᠴᠢ᠂ | ᠬᠤᠪᠢ ᠶᠢᠨ ᠡᠷᠦᠭᠡ︶ ᠤᠨ ᠨᠥᠯᠥᠭᠡ ᠠᠴᠠ ᠪᠣᠯᠤᠭᠰᠠᠨ ᠶᠤᠮ᠃ | ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠲᠤᠭ᠎ᠠ ᠭᠡᠳᠡᠭ ᠨᠢ ᠣᠯᠠᠨ ᠨᠡᠶᠢᠲᠡ ᠶᠢᠨ ᠲᠤᠤᠷ ᠰᠦᠯᠵᠢᠶ᠎ᠡ ᠶᠢᠨ | ᠠᠷᠠᠯᠵᠢᠶᠠᠨ ᠤ ᠲᠠᠪᠴᠠᠩ ︵ᠥᠪᠡᠰᠦᠪᠡᠨ ᠪᠠᠶᠢᠭᠤᠯᠤᠭᠰᠠᠨ ᠰᠦᠯᠵᠢᠶᠡᠨ ᠥᠷᠲᠡᠭᠡ ᠪᠠ ᠭᠤᠷᠪᠠᠳᠠᠬᠢ ᠡᠲᠡᠭᠡᠳ ᠤᠨ | ᠲᠠᠪᠴᠠᠩ ᠪᠠᠭᠲᠠᠨ᠎ᠠ︶ ᠢᠶᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠪᠠ ᠦᠢᠯᠡᠴᠢᠯᠡᠭᠡᠨ ᠤ ᠵᠢᠵᠢᠭᠯᠡᠨ ᠬᠤᠳᠠᠯᠳᠤᠬᠤ | ᠲᠤᠭ᠎ᠠ ᠶᠢᠨ ᠨᠡᠶᠢᠯᠡᠪᠦᠷᠢ ᠶᠢ ᠵᠢᠭᠠᠵᠤ ᠪᠣᠶ᠃ ᠲᠠᠸᠠᠷ ᠪᠠ ᠦᠢᠯᠡᠴᠢᠯᠡᠭᠡ ᠳᠤ ᠪᠣᠳᠠᠲᠤ ᠶᠠᠭᠤᠮ᠎ᠠ ᠶᠢᠨ ᠲᠠᠸᠠᠷ ᠪᠠ ᠪᠣᠳᠠᠲᠤ | ᠶᠠᠭᠤᠮ᠎ᠠ ᠶᠢᠨ ᠪᠤᠰᠤ ᠲᠠᠸᠠᠷ ︵ᠵᠢᠱᠢᠶᠡᠯᠡᠪᠡᠯ ᠬᠡᠶᠢᠰᠪᠦᠷᠢ ᠲᠠᠸᠠᠷ᠂ ᠦᠢᠯᠡᠴᠢᠯᠡᠭᠡᠨ ᠤ ᠲᠦᠷᠦᠯ ᠤᠨ ᠲᠠᠸᠠᠷ ᠵᠡᠷᠭᠡ︶ | ᠪᠠᠭᠲᠠᠨ᠎ᠠ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠳᠤ ᠪᠣᠳᠠᠲᠤ ᠶᠠᠭᠤᠮ᠎ᠠ ᠶᠢᠨ | ᠲᠠᠸᠠᠷ ᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠲᠤᠭ᠎ᠠ ᠪᠠᠭᠲᠠᠨ᠎ᠠ᠂ ᠪᠣᠳᠠᠲᠤ ᠶᠠᠭᠤᠮ᠎ᠠ ᠶᠢᠨ ᠪᠤᠰᠤ ᠲᠠᠸᠠᠷ ᠢ | ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠲᠤᠭ᠎ᠠ ᠪᠠᠭᠲᠠᠬᠤ ᠦᠭᠡᠶ᠃ | ︵5︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ ︵ | Consumerpriceindex᠂ ᠳᠥᠭᠦᠮᠴᠢᠯᠡᠭᠡᠳ CPI ᠭᠡᠳᠡᠭ︶᠄ ᠰᠠᠭᠤᠭᠠᠯᠢ ᠠᠷᠠᠳ ᠤᠨ ᠠᠮᠢᠳᠤᠷᠠᠯ ᠤᠨ | ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠢᠷᠢ ᠬᠡᠮᠵᠢᠶ᠎ᠡ ᠶᠢᠨ ᠴᠠᠭ ᠤᠨ ᠬᠤᠪᠢᠷᠠᠯᠲᠠ ᠶᠢ | ᠳᠠᠭᠠᠯᠳᠤᠨ ᠬᠤᠪᠢᠷᠠᠬᠤ ᠬᠠᠷᠢᠴᠠᠩᠭᠤᠶ ᠲᠤᠭ᠎ᠠ ᠶᠢ ᠬᠡᠮᠵᠢᠵᠦ᠂ ᠰᠠᠭᠤᠭᠠᠯᠢ ᠠᠷᠠᠳ ᠤᠨ ᠬᠤᠳᠠᠯᠳᠤᠨ ᠠᠪᠬᠤ ᠠᠮᠢᠳᠤᠷᠠᠯ ᠤᠨ | ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠶᠡᠷᠦᠩᠬᠡᠶᠢᠯᠡᠨ | ᠲᠤᠰᠬᠠᠨ᠎ᠠ᠃ | ︵6︶ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠶᠢᠨ ᠢᠯᠡᠳᠬᠡᠭᠴᠢ ᠲᠤᠭ᠎ᠠ᠄ ᠡᠭᠦᠨ ᠳᠤ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠲᠤᠭ᠎ᠠ ︵ | Producer Priceindexforlndustrial Products᠂ ᠳᠥᠭᠦᠮᠴᠢᠯᠡᠭᠡᠳ PPI ᠭᠡᠳᠡᠭ︶ ᠪᠣᠯᠤᠨ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠪᠠᠭᠲᠠᠨ᠎ᠠ᠃ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ | ᠲᠤᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠢ ᠠᠩᠬ᠎ᠠ ᠤᠳᠠᠭ᠎ᠠ ᠬᠤᠳᠠᠯᠳᠤᠬᠤ ᠦᠶ᠎ᠡ ᠶᠢᠨ | ᠦᠢᠯᠡᠳᠪᠦᠷᠢ ᠠᠴᠠ ᠭᠠᠷᠭᠠᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠨᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠵᠠᠪᠰᠠᠷ ᠤᠨ ᠣᠷᠣᠭᠤᠯᠤᠯᠲᠠ ᠪᠣᠯᠬᠤ ᠦᠢᠯᠡᠳᠬᠦᠨ ᠤ ᠬᠤᠳᠠᠯᠳᠤᠨ ᠠᠪᠬᠤ | ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃ | ︵7︶ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭᠠᠯᠢ ᠠᠷᠠᠳ ᠤᠨ ᠡᠵᠡᠮᠳᠡᠵᠦ ᠪᠣᠯᠬᠤ | ᠣᠷᠣᠯᠭ᠎ᠠ ᠭᠡᠳᠡᠭ ᠨᠢ ᠰᠠᠭᠤᠭᠠᠯᠢ ᠠᠷᠠᠳ ᠤᠨ ᠬᠠᠮᠤᠭ ᠡᠴᠦᠰ ᠤᠨ ᠬᠡᠷᠡᠭᠯᠡᠭᠡᠨ ᠤ ᠵᠠᠷᠤᠯᠭ᠎ᠠ ᠪᠠ ᠬᠠᠳᠠᠭᠠᠯᠠᠮᠵᠢ ᠶᠢᠨ | ᠨᠡᠶᠢᠯᠡᠪᠦᠷᠢ ᠶᠢ ᠵᠢᠭᠠᠵᠤ ᠪᠠᠶᠢᠨ᠎ᠠ᠂ ᠲᠤᠬᠠᠶᠢᠯᠠᠪᠠᠯ ᠰᠠᠭᠤᠭᠠᠯᠢ ᠠᠷᠠᠳ ᠤᠨ ᠴᠢᠯᠥᠭᠡᠲᠡᠢ ᠪᠠᠷ ᠡᠵᠡᠮᠳᠡᠵᠦ ᠪᠣᠯᠬᠤ ᠣᠷᠣᠯᠭ᠎ᠠ | ᠪᠣᠯᠤᠨ᠎ᠠ᠂ ᠡᠭᠦᠨ ᠳᠤ ᠪᠡᠯᠡᠨ ᠵᠣᠭᠤᠰ ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ ᠤᠨ ᠣᠷᠣᠯᠭ᠎ᠠ ᠴᠤ | ᠪᠠᠭᠲᠠᠨ᠎ᠠ᠃ ᠣᠷᠣᠯᠭ᠎ᠠ ᠶᠢᠨ ᠢᠷᠡᠯᠲᠡ ᠶᠣᠰᠣᠭᠠᠷ᠂ ᠡᠵᠡᠮᠳᠡᠵᠦ ᠪᠣᠯᠬᠤ ᠣᠷᠣᠯᠭ᠎ᠠ ᠳᠤ ᠴᠠᠯᠢᠩ ᠤᠨ ᠴᠢᠨᠠᠷᠲᠠᠶ ᠣᠷᠣᠯᠭ᠎ᠠ᠂ | ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ | ᠪᠠᠭᠲᠠᠨ᠎ᠠ᠃ | ︵8︶ ᠠᠮᠤ ᠪᠤᠳᠠᠭᠠᠨ ᠤ ᠭᠠᠷᠤᠯᠲᠠ᠂ ᠮᠠᠯ ᠤᠨ ᠠᠰᠢᠭ ᠰᠢᠮ᠎ᠡ ᠶᠢᠨ ᠭᠠᠷᠤᠯᠲᠠ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ᠂ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ | ᠬᠠᠩᠰᠢ ᠶᠢᠨ ᠢᠯᠡᠳᠬᠡᠭᠴᠢ ᠲᠤᠭ᠎ᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ | ᠪᠠᠶᠢᠴᠠᠭᠠᠯᠲᠠ ᠶᠢᠨ ᠶᠡᠷᠦᠩᠬᠡᠶ ᠠᠩᠭᠢ ᠠᠴᠠ ᠢᠷᠡᠯᠲᠡ ᠲᠠᠢ ᠶᠤᠮ᠃ | ︵9︶ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠦᠭᠰᠡᠨ ᠰᠢᠯᠲᠠᠭᠠᠨ ᠠᠴᠠ ᠪᠣᠯᠵᠣ᠂ | ᠶᠡᠷᠦᠩᠬᠡᠶ ᠲᠤᠭ᠎ᠠ ᠨᠢ ᠬᠤᠪᠢᠶᠠᠷᠢ ᠵᠦᠢᠯ ᠲᠠᠢ ᠨᠡᠶᠢᠯᠡᠭᠡᠳ ᠠᠳᠠᠯᠢ ᠥᠬᠡᠶ ᠪᠠᠶᠢᠳᠠᠯ ᠣᠷᠣᠰᠢᠵᠤ ᠪᠠᠶᠢᠨ᠎ᠠ᠃ | | | | | |