2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/10/12
         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ                   ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ         ᠡᠳ᠋ ᠤᠨ ᠵᠠᠰᠠᠭ ᠤᠨ ᠲᠢᠩᠬᠢᠮ               2023 ᠣᠨ ᠤ 10 ᠰᠠᠷ᠎ᠠ ᠶᠢᠨ 9 ᠤ ᠡᠳᠦᠷ     2022 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠪᠲᠤᠯᠤᠯᠳᠠ ᠶᠢ ᠶᠡᠭᠡ ᠪᠠᠷ ᠠᠬᠢᠭᠤᠯᠵᠤ᠂ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠲᠣᠭᠲᠠᠭᠤᠨ ᠢᠶᠠᠷ ᠨᠡᠮᠡᠭᠳᠡᠪᠡ᠃     ᠨᠢᠭᠡ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ     2022 ᠣᠨ ᠳᠤ᠂ ᠪᠥᠬᠦ ᠣᠷᠣᠨ ᠨᠡᠶᠢᠲᠡ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ 209.5 ᠳ᠋ᠦᠩᠰᠢᠭᠤᠷ ᠲᠥᠭᠦᠷᠢᠭ ᠣᠷᠣᠭᠤᠯᠵᠤ᠂ 2021 ᠣᠨ ᠤ ᠬᠢ ᠠᠴᠠ 19.4 ᠳ᠋ᠦᠩᠰᠢᠭᠤᠷ ᠲᠥᠭᠦᠷᠢᠭ ᠨᠡᠮᠡᠭᠳᠡᠵᠦ᠂ 10.2% ᠢᠶᠠᠷ ᠨᠡᠮᠡᠭᠳᠡᠪᠡ︔ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ︵ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵2︶ ᠤᠨ ᠬᠠᠷᠢᠴᠠᠯ︶ ᠨᠢ 0.90% ᠪᠠᠶᠢᠵᠤ᠂ 2021 ᠣᠨ ᠤ ᠬᠢ ᠲᠠᠢ ᠲᠡᠩᠴᠡᠪᠡ ︵3︶᠃     ᠠᠵᠢᠯᠯᠠᠭ᠎ᠠ ᠶᠢᠨ ᠲᠥᠷᠥᠯ ᠢᠶᠠᠷ ᠬᠤᠪᠢᠶᠠᠪᠠᠯ᠂ ᠪᠥᠬᠦ ᠣᠷᠣᠨ ᠤ ᠰᠠᠭᠤᠷᠢ ᠰᠤᠳᠤᠯᠭᠠᠨ ᠤ ᠵᠠᠷᠤᠳᠠᠯ 8.1 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 48.8% ᠪᠠᠷ ᠨᠡᠮᠡᠭᠳᠡᠪᠡ︔ ᠬᠡᠷᠡᠭᠯᠡᠭᠡᠨ ᠤ ᠰᠤᠳᠤᠯᠭᠠᠨ ᠤ ᠵᠠᠷᠤᠳᠠᠯ 16.8 ᠳ᠋ᠦᠩᠰᠢᠭᠤᠷ ᠲᠥᠭᠦᠷᠢᠭ ᠲᠤ ᠬᠦᠷᠴᠦ᠂ 9.3% ᠪᠠᠷ ᠪᠠᠭᠤᠷᠠᠪᠠ︔ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ 184.7 ᠳ᠋ᠦᠩᠰᠢᠭᠤᠷ ᠲᠥᠭᠦᠷᠢᠭ ᠲᠤ ᠬᠦᠷᠴᠦ᠂ 11.1% ᠪᠠᠷ ᠨᠡᠮᠡᠭᠳᠡᠪᠡ᠃ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠡᠵᠡᠯᠡᠬᠦ ᠬᠠᠷᠢᠴᠠᠯ ᠨᠢ ᠲᠣᠰ ᠲᠣᠰ 3.9%᠂ 8.0% ᠪᠠ 88.1% ᠪᠣᠯᠪᠠ᠃     ᠠᠵᠢᠯᠯᠠᠭ᠎ᠠ ᠶᠢᠨ ᠭᠤᠤᠯ ᠴᠣᠭᠴᠠ ᠠᠴᠠ ᠦᠵᠡᠪᠡᠯ᠂ ᠡᠯ᠎ᠡ ᠲᠥᠷᠥᠯ ᠤᠨ ᠠᠵᠤ ᠠᠬᠤᠶᠢᠯᠠᠯ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ 182.2 ᠳ᠋ᠦᠩᠰᠢᠭᠤᠷ ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 11.7% ᠪᠠᠷ ᠨᠡᠮᠡᠭᠳᠡᠪᠡ︔ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ ᠶᠢᠨ ᠵᠠᠷᠤᠳᠠᠯ 14.5 ᠳ᠋ᠦᠩᠰᠢᠭᠤᠷ ᠲᠥᠭᠦᠷᠢᠭ ᠲᠤ ᠬᠦᠷᠴᠦ᠂ 6.9% ᠪᠠᠷ ᠨᠡᠮᠡᠭᠳᠡᠪᠡ︔ ᠳᠡᠭᠡᠳᠦ ᠵᠡᠷᠭᠡ ᠶᠢᠨ ᠰᠤᠷᠭᠠᠭᠤᠯᠢ ᠶᠢᠨ ᠵᠠᠷᠤᠳᠠᠯ 8.6 ᠳ᠋ᠦᠩᠰᠢᠭᠤᠷ ᠲᠥᠭᠦᠷᠢᠭ ᠪᠠᠶᠢᠵᠤ᠂ 5.4% ᠪᠠᠷ ᠪᠠᠭᠤᠷᠠᠪᠠ᠃ ᠠᠵᠤ ᠠᠬᠤᠶᠢᠯᠠᠯ᠂ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠵᠠᠷᠤᠳᠠᠯ ᠤᠨ ᠡᠵᠡᠯᠡᠬᠦ ᠬᠠᠷᠢᠴᠠᠯ ᠨᠢ ᠲᠣᠰ ᠲᠣᠰ 87.0%᠂ 6.9% ᠪᠠ 4.1% ᠳᠤ ᠬᠦᠷᠴᠡᠶ᠃     ᠠᠵᠤ ᠦᠢᠯᠡᠰ ᠤᠨ ᠰᠠᠯᠠᠭ᠎ᠠ ᠮᠥᠴᠢᠷ ᠬᠤᠪᠢᠶᠠᠵᠤ ᠦᠵᠡᠪᠡᠯ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ 18.1 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.5 ᠳ᠋ᠦᠩᠰᠢᠭᠤᠷ ᠲᠥᠭᠦᠷᠢᠭ ᠨᠡᠮᠡᠭᠳᠡᠨ᠂ 44.1% ᠪᠠᠷ ᠨᠡᠮᠡᠭᠳᠡᠵᠦ᠂ ᠣᠷᠣᠭᠤᠯᠤᠯᠲᠠ ᠶᠢᠨ ᠡᠷᠴᠢᠮ ︵ᠡᠵᠡᠩᠨᠡᠯᠲᠡ ᠶᠢᠨ ᠣᠷᠣᠯᠭ᠎ᠠ ᠯᠤᠭ᠎ᠠ ᠶᠢᠨ ᠬᠠᠷᠢᠴᠠᠯ︶ ᠨᠢ 2.60% ᠪᠠᠶᠢᠵᠤ᠂ ᠲᠦᠷᠦᠭᠦᠦ ᠵᠢᠯ ᠤᠨ ᠬᠢ ᠠᠴᠠ 0.13 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠲᠣᠨᠣᠭᠯᠠᠯ ᠦᠢᠯᠡᠳᠬᠦ ᠦᠢᠯᠡᠰ ᠢ ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ 26.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 1.2 ᠳ᠋ᠦᠩᠰᠢᠭᠤᠷ ᠲᠥᠭᠦᠷᠢᠭ ᠨᠡᠮᠡᠭᠳᠡᠨ᠂ 4.7% ᠪᠠᠷ ᠨᠡᠮᠡᠭᠳᠡᠵᠦ᠂ ᠣᠷᠣᠭᠤᠯᠤᠯᠲᠠ ᠶᠢᠨ ᠡᠷᠴᠢᠮ ᠨᠢ 2.67% ᠪᠠᠶᠢᠵᠤ᠂ ᠲᠦᠷᠦᠭᠦᠦ ᠵᠢᠯ ᠤᠨ ᠬᠢ ᠠᠴᠠ 0.27 ᠵᠠᠭᠤᠨ ᠤ  ᠬᠤᠪᠢ ᠶᠢᠨ ᠴᠡᠭ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠠᠵᠢᠯ ᠲᠥᠷᠥᠯ ᠤᠨ ᠶᠡᠭᠡ ᠲᠥᠷᠥᠯ 7 ᠪᠠᠶᠢᠵᠤ᠂ ᠡᠨᠡ 7 ᠠᠵᠢᠯ ᠲᠥᠷᠥᠯ ᠤᠨ ᠵᠠᠷᠤᠳᠠᠯ ᠤᠨ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 76.3% ᠪᠣᠯᠤᠨ᠎ᠠ ︵ᠳᠠᠭᠠᠯᠳᠤᠭᠤᠯᠤᠯ ᠬᠦᠰᠦᠨᠦᠭᠲᠦ 1 ᠶᠢ ᠦᠵᠡ︶᠃     ᠭᠠᠵᠠᠷ ᠣᠷᠣᠨ ᠬᠤᠪᠢᠶᠠᠵᠤ ᠦᠵᠡᠪᠡᠯ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠨᠢ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠨᠢ ᠪᠤᠭᠤᠲᠤ ᠬᠤᠲᠠ ︵77.5 ᠳ᠋ᠦᠩᠰᠢᠭᠤᠷᠲᠥᠭᠦᠷᠢᠭ︶᠂ ᠬᠥᠬᠡᠬᠤᠲᠠ ︵44.5 ᠳ᠋ᠦᠩᠰᠢᠭᠤᠷ ᠲᠥᠭᠦᠷᠢᠭ︶ ᠪᠠ ᠣᠷᠳᠣᠰ ᠬᠤᠲᠠ ︵44.1 ᠳ᠋ᠦᠩᠰᠢᠭᠤᠷ ᠲᠥᠭᠦᠷᠢᠭ︶ ᠪᠣᠯᠤᠨ᠎ᠠ᠃ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ︵ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ︵4︶ ᠯᠤᠭ᠎ᠠ ᠶᠢᠨ ᠬᠠᠷᠢᠴᠠᠯ︶ ᠨᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭᠰᠠᠨ ᠠᠶᠢᠮᠠᠭ ᠬᠤᠲᠠ 3 ᠪᠠᠶᠢᠵᠤ᠂ ᠪᠤᠭᠤᠲᠤ ᠬᠤᠲᠠ᠂ ᠬᠥᠬᠡᠬᠤᠲᠠ ᠪᠣᠯᠤᠨ ᠦᠬᠠᠶ ᠬᠤᠲᠠ ︵ᠨᠠᠷᠢᠨ ᠪᠠᠶᠢᠳᠠᠯ ᠢ ᠳᠠᠭᠠᠯᠳᠤᠭᠤᠯᠤᠯ ᠬᠦᠰᠦᠨᠦᠭᠲᠦ 2 ᠲᠤ ᠦᠵᠡ︶ ᠶᠢ ᠳᠠᠷᠠᠭᠠᠯᠠᠨ᠎ᠠ᠃     ᠬᠤᠶᠠᠷ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠪᠠᠶᠢᠳᠠᠯ     2022 ᠣᠨ ᠳᠤ᠂ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 43.0 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 7.7 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 21.8% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ ᠨᠢ 0.73% ᠪᠣᠯᠵᠠᠶ᠃ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 8.1 ᠳ᠋ᠦᠩᠰᠢᠭᠤᠷ ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 0.75% ︵5︶ ᠪᠣᠯᠤᠨ᠎ᠠ︔ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 34 . 9 ᠳ᠋ᠦᠩᠰᠢᠭᠤᠷ ᠲᠥᠭᠦᠷᠢᠭ ᠪᠠᠶᠢᠵᠤ᠂ ᠠᠶᠢᠮᠠᠭ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠤ ᠡᠵᠡᠯᠡᠬᠦ ᠬᠤᠪᠢ ᠶᠢᠨ ᠵᠢᠩ ᠨᠢ 0.73% ᠪᠣᠯᠤᠨ᠎ᠠ᠃
1.jpg
      ᠪᠦᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ ᠦᠬᠠᠶ ᠬᠤᠲᠠ᠂ ᠣᠷᠳᠣᠰ ᠬᠤᠲᠠ᠂ ᠬᠥᠬᠡᠬᠤᠲᠠ᠂ ᠪᠤᠭᠤᠲᠤ ᠬᠤᠲᠠ ᠵᠡᠷᠭᠡ 4 ᠠᠶᠢᠮᠠᠭ ᠬᠤᠲᠠ ᠶᠢᠨ ᠣᠷᠣᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠨᠢ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠠᠶᠢᠨ᠎ᠠ ︵ᠳᠠᠭᠠᠯᠳᠤᠭᠤᠯᠤᠯ ᠬᠦᠰᠦᠨᠦᠭᠲᠦ 3 ᠶᠢ ᠦᠵᠡ︶᠃      ᠳᠠᠭᠠᠯᠳᠤᠭᠤᠯᠤᠯ ᠬᠦᠰᠦᠨᠦᠭᠲᠦ 1 2022 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ
2.jpg
     ᠳᠠᠭᠠᠯᠳᠤᠭᠤᠯᠤᠯ ᠬᠦᠰᠦᠨᠦᠭᠲᠦ 2  2022 ᠣᠨ ᠤ ᠡᠯ᠎ᠡ ᠠᠶᠢᠮᠠᠭ ᠬᠤᠲᠠ ᠶᠢᠨ ᠰᠤᠳᠤᠯᠤᠯ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ
3.jpg
     ᠳᠠᠭᠠᠯᠳᠤᠭᠤᠯᠤᠯ ᠬᠦᠰᠦᠨᠦᠭᠲᠦ 3   2022 ᠣᠨ ᠤ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠪᠠᠶᠢᠳᠠᠯ
4.jpg 
    ᠲᠠᠶᠢᠯᠪᠤᠷᠢ᠄     ︵1︶ ᠲᠣᠰ ᠠᠯᠪᠠᠨ ᠮᠡᠳᠡᠭᠡ ᠶᠢᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠬᠠᠩᠭᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠲᠤᠭ᠎ᠠ ᠪᠠᠷᠢᠮᠲᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠩᠭᠠᠵᠤ᠂ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠦᠭᠰᠡᠨ ᠰᠢᠯᠲᠠᠭᠠᠨ ᠠᠴᠠ ᠪᠣᠯᠵᠣ᠂ ᠨᠡᠶᠢᠲᠡ ᠲᠤᠭ᠎ᠠ ᠪᠠ ᠵᠦᠢᠯ ᠬᠤᠪᠢᠶᠠᠭᠰᠠᠨ ᠨᠡᠶᠢᠯᠡᠪᠦᠷᠢ ᠨᠢ ᠠᠳᠠᠯᠢ ᠥᠬᠡᠶ ᠪᠠᠶᠢᠬᠤ ᠪᠠᠶᠢᠳᠠᠯ ᠣᠷᠣᠰᠢᠵᠤ ᠪᠠᠶᠢᠨ᠎ᠠ᠃     ︵2︶ 2022 ᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢᠶᠠᠷ ᠠᠩᠬ᠎ᠠ ᠠᠯᠬᠤᠮ ᠤᠨ ᠬᠠᠷᠭᠤᠭᠤᠯᠤᠨ ᠪᠤᠳᠤᠬᠤ ᠲᠤᠭ᠎ᠠ ᠪᠣᠯᠭᠠᠨ᠎ᠠ᠃     ︵3︶ 2021 ᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶ ᠤᠨ ᠡᠴᠦᠰ ᠤᠨ ᠬᠠᠷᠭᠤᠭᠤᠯᠤᠨ ᠪᠤᠳᠤᠭᠰᠠᠨ ᠲᠤᠭ᠎ᠠ ᠪᠠᠷᠢᠮᠲᠠ ᠶᠢ ᠦᠨᠳᠦᠰᠦᠯᠡᠪᠡᠯ᠂ 2021 ᠣᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠶᠢ ᠨᠢᠭᠡᠨᠲᠡ 0.90% ᠪᠣᠯᠭᠠᠨ ᠵᠠᠰᠠᠪᠤᠷᠢ ᠣᠷᠣᠭᠤᠯᠪᠠ᠃     ︵4︶ 2022 ᠣᠨ ᠳᠤ ᠠᠶᠢᠮᠠᠭ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢᠶᠠᠷ ᠠᠩᠬ᠎ᠠ ᠠᠯᠬᠤᠮ ᠤᠨ ᠬᠠᠷᠭᠤᠭᠤᠯᠤᠨ ᠪᠤᠳᠤᠬᠤ ᠲᠤᠭ᠎ᠠ ᠪᠣᠯᠭᠠᠨ᠎ᠠ᠃     ︵5︶ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠪᠡᠯᠡ ᠮᠥᠩᠭᠦ ᠪᠠᠭᠲᠠᠨ᠎ᠠ᠃     ᠳᠠᠭᠠᠯᠳᠤᠭᠤᠯᠤᠭᠰᠠᠨ ᠲᠠᠶᠢᠯᠪᠤᠷᠢ᠄     1.ᠭᠤᠣᠯ ᠭᠦᠢᠴᠡᠳᠬᠡᠯ ᠲᠤᠭ᠎ᠠ ᠶᠢ ᠲᠠᠶᠢᠯᠪᠤᠷᠢᠯᠠᠬᠤ        ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠭᠡᠳᠡᠭ ᠨᠢ ᠮᠡᠳᠡᠭᠦᠯᠦᠯᠲᠡ ᠶᠢᠨ ᠬᠤᠭᠤᠴᠠᠭᠠᠨ ᠳᠤ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢᠨ ᠲᠥᠯᠥᠭᠡ ᠪᠣᠳᠠᠲᠠᠢ ᠡᠭᠦᠰᠦᠭᠰᠡᠨ ᠪᠦᠬᠦ ᠵᠠᠷᠤᠳᠠᠯ ᠢ ᠵᠢᠭᠠᠵᠤ ᠪᠠᠶᠢᠨ᠎ᠠ᠃ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠭᠡᠳᠡᠭ ᠨᠢ ᠮᠡᠳᠡᠯᠭᠡ ᠶᠢᠨ ᠬᠠᠳᠠᠭᠠᠯᠠᠯᠲᠠ ︵ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶᠢᠭᠡᠮ ᠤᠨ ᠬᠤᠯᠪᠣᠭᠳᠠᠯ ᠪᠦᠬᠦᠢ ᠮᠡᠳᠡᠯᠭᠡ ᠪᠠᠭᠲᠠᠨ᠎ᠠ︶ ᠶᠢ ᠨᠡᠮᠡᠭᠳᠡᠭᠦᠯᠬᠦ ᠵᠢᠴᠢ ᠤᠤᠯ ᠤᠨ ᠪᠠᠶᠢᠭᠰᠠᠨ ᠮᠡᠳᠡᠯᠭᠡ ᠶᠢᠨ ᠰᠢᠨ᠎ᠡ ᠬᠡᠷᠡᠭᠯᠡᠭᠡ ᠶᠢ ᠵᠢᠷᠤᠵᠤ ᠲᠥᠯᠥᠪᠯᠡᠬᠦ ᠶᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ ᠢ ᠵᠢᠭᠠᠵᠤ ᠪᠠᠶᠢᠨ᠎ᠠ᠂ ᠡᠭᠦᠨ ᠳᠤ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠵᠡᠷᠭᠡ ᠭᠤᠷᠪᠠᠨ ᠵᠦᠢᠯ ᠤᠨ ᠬᠡᠯᠪᠡᠷᠢ ᠪᠠᠭᠲᠠᠨ᠎ᠠ᠃ ᠳᠡᠯᠡᠬᠡᠢ ᠳᠡᠭᠡᠷ᠎ᠡ ᠶᠡᠷᠦ ᠳᠡᠭᠡᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠯᠠᠭ᠎ᠠ ᠶᠢᠨ ᠬᠡᠪᠴᠢᠶ᠎ᠡ ᠪᠠ ᠡᠷᠴᠢᠮ ᠤᠨ ᠭᠦᠢᠴᠡᠳᠬᠡᠯ ᠲᠤᠭ᠎ᠠ ᠨᠢ ᠨᠢᠭᠡ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠪᠠ ᠭᠤᠣᠯᠯᠠᠬᠤ ᠦᠷᠢᠰᠦᠯᠳᠦᠬᠦ ᠬᠦᠴᠦᠨ ᠢ ᠲᠤᠰᠬᠠᠳᠠᠭ᠃     ᠰᠠᠭᠤᠷᠢ ᠰᠤᠳᠤᠯᠤᠯ ᠭᠡᠳᠡᠭ ᠪᠣᠯ ᠶᠠᠮᠠᠷ ᠴᠤ ᠣᠨᠴᠠ ᠲᠣᠭᠲᠠᠭᠰᠠᠨ ᠬᠡᠷᠡᠭᠯᠡᠯᠲᠡ ᠪᠤᠶᠤ ᠬᠡᠷᠡᠭᠯᠡᠯᠲᠡ ᠶᠢᠨ ᠵᠣᠷᠢᠯᠭ᠎ᠠ ᠦᠭᠡᠢ ᠨᠢᠭᠡ ᠵᠦᠢᠯ ᠤᠨ ᠲᠤᠷᠰᠢᠯᠲᠠ ᠶᠢᠨ ᠴᠢᠨᠠᠷᠲᠠᠢ ᠪᠤᠶᠤ ᠤᠨᠤᠯ ᠤᠨ ᠴᠢᠨᠠᠷᠲᠠᠢ ᠠᠵᠢᠯ ᠢ ᠵᠢᠭᠠᠵᠤᠪᠤᠢ᠂ ᠲᠡᠭᠦᠨ ᠤ ᠭᠤᠣᠯ ᠵᠣᠷᠢᠯᠭ᠎ᠠ ᠨᠢ ᠳᠠᠷᠤᠢ ᠦᠵᠡᠭᠳᠡᠯ ᠪᠠ ᠪᠣᠳᠠᠲᠤ ᠬᠡᠷᠡᠭ ᠢ ᠠᠵᠢᠭᠯᠠᠵᠤ ᠪᠣᠯᠬᠤ ᠦᠨᠳᠦᠰᠦᠨ ᠤᠭ ᠶᠣᠰᠣ᠂ ᠵᠢᠮ᠎ᠡ ᠶᠣᠰᠣ ᠪᠠ ᠰᠢᠨ᠎ᠡ ᠮᠡᠳᠡᠯᠭᠡ ᠶᠢ ᠤᠯᠬᠤ ᠶᠠᠪᠤᠳᠠᠯ ᠪᠣᠯᠤᠨ᠎ᠠ᠃     ᠬᠡᠷᠡᠭᠯᠡᠭᠡᠨ ᠤ ᠰᠤᠳᠤᠯᠤᠯ ᠰᠢᠨ᠎ᠡ ᠮᠡᠳᠡᠯᠭᠡ ᠣᠯᠵᠤ ᠶᠠᠮᠠᠷ ᠨᠢᠭᠡᠨ ᠣᠨᠴᠠᠭᠠᠢ ᠪᠣᠳᠠᠲᠤ ᠵᠣᠷᠢᠯᠭ᠎ᠠ ᠪᠤᠶᠤ ᠬᠠᠷᠠᠯᠲᠠ ᠳᠠᠭᠠᠨ ᠬᠦᠷᠬᠦ ᠶᠢᠨ ᠲᠥᠯᠥᠭᠡ ᠥᠷᠨᠢᠭᠦᠯᠦᠭᠰᠡᠨ ᠠᠩᠬᠠᠨ ᠤ ᠴᠢᠨᠠᠷᠲᠠᠢ ᠰᠤᠳᠤᠯᠤᠯ ᠢ ᠵᠢᠭᠠᠵᠤ ᠪᠠᠶᠢᠨ᠎ᠠ᠃ ᠬᠡᠷᠡᠭᠯᠡᠭᠡᠨ ᠤ ᠰᠤᠳᠤᠯᠭᠠᠨ ᠪᠣᠯ ᠰᠠᠭᠤᠷᠢ ᠰᠤᠳᠤᠯᠭᠠᠨ ᠤ ᠦᠷ᠎ᠡ ᠪᠦᠲᠦᠭᠡᠯ ᠤᠨ ᠪᠣᠯᠣᠯᠴᠠᠭᠠᠲᠤ ᠬᠡᠷᠡᠭᠴᠡᠭᠡ ᠶᠢ ᠲᠣᠭᠲᠠᠭᠠᠬᠤ ᠪᠤᠶᠤ ᠣᠨᠴᠠ ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠪᠠ ᠤᠷᠢᠳᠴᠢᠯᠠᠨ ᠲᠣᠭᠲᠠᠭᠠᠭᠰᠠᠨ ᠬᠠᠷᠠᠯᠲᠠ ᠶᠢ ᠲᠣᠭᠲᠠᠭᠠᠬᠤ ᠰᠢᠨ᠎ᠡ ᠠᠷᠭ᠎ᠠ ᠪᠣᠯᠤᠨ᠎ᠠ᠃     ᠲᠤᠷᠰᠢᠯᠲᠠ ᠶᠢᠨ ᠬᠥᠭᠵᠢᠯᠲᠡ ᠰᠢᠨᠵᠢᠯᠡᠬᠦ ᠤᠬᠠᠭᠠᠨ ᠤ ᠰᠤᠳᠤᠯᠭᠠᠨ᠂ ᠪᠣᠳᠠᠲᠤ ᠲᠤᠷᠰᠢᠯᠭ᠎ᠠ ᠠᠴᠠ ᠣᠯᠤᠭᠰᠠᠨ ᠮᠡᠳᠡᠯᠭᠡ ᠪᠠ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠪᠤᠰᠤᠳ ᠮᠡᠳᠡᠯᠭᠡ ᠶᠢ ᠠᠰᠢᠭᠯᠠᠨ᠂ ᠰᠢᠨ᠎ᠡ ᠦᠢᠯᠡᠳᠬᠦᠨ᠂ ᠤᠷᠠᠯᠠᠯ ᠢ ᠨᠡᠭᠡᠭᠡᠬᠦ ᠪᠤᠶᠤ ᠤᠳᠤ ᠪᠠᠶᠢᠭ᠎ᠠ ᠦᠢᠯᠡᠳᠬᠦᠨ᠂ ᠤᠷᠠᠯᠠᠯ ᠢ ᠥᠭᠡᠷᠡᠴᠢᠯᠡᠨ ᠰᠠᠶᠢᠵᠢᠷᠠᠭᠤᠯᠬᠤ ᠪᠠᠷ ᠬᠢᠭᠰᠡᠨ ᠰᠢᠰᠲ᠋ᠧᠮᠲᠦ ᠴᠢᠨᠠᠷᠲᠠᠢ ᠰᠤᠳᠤᠯᠭᠠᠨ ᠢ ᠵᠢᠭᠠᠵᠤ ᠪᠠᠶᠢᠨ᠎ᠠ᠃     2. ᠪᠦᠷᠢᠳᠬᠡᠯ ᠤᠨ ᠬᠡᠪᠴᠢᠶ᠎ᠡ     ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ ᠤᠨ ᠪᠦᠷᠢᠳᠬᠡᠬᠦ ᠬᠦᠷᠢᠶ᠎ᠡ ᠬᠡᠪᠴᠢᠶ᠎ᠡ ᠨᠢ ᠪᠦᠬᠦ ᠨᠡᠶᠢᠭᠡᠮ ᠤᠨ R&D ᠠᠵᠢᠯᠯᠠᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ᠎ᠠ᠂ ᠪᠣᠳᠠᠲᠠᠶ ᠪᠠᠷ ᠬᠡᠯᠡᠪᠡᠯ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ᠂ ᠳᠡᠭᠡᠳᠦ ᠵᠡᠷᠭᠡ ᠶᠢᠨ ᠰᠤᠷᠭᠠᠭᠤᠯᠢ ᠵᠢᠴᠢ R&D ᠠᠵᠢᠯᠯᠠᠭ᠎ᠠ ᠬᠠᠷᠢᠴᠠᠩᠭᠤᠶ ᠲᠥᠪᠯᠡᠷᠡᠭᠰᠡᠨ ᠠᠵᠢᠯ ᠲᠥᠷᠥᠯ ︵ᠲᠠᠷᠢᠶᠠᠯᠠᠩ ᠢ ᠪᠠᠭᠲᠠᠭᠠᠨ᠎ᠠ︶᠂ ᠤᠢ᠂ ᠮᠠᠯ᠂ ᠵᠢᠭᠠᠰᠤᠨ ᠠᠵᠤ ᠠᠬᠤᠶ᠂ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤᠦᠢᠯᠡᠰ᠂ ᠵᠠᠩᠭᠢ ᠳᠠᠮᠵᠢᠯᠭᠠᠨ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠵᠡᠷᠭᠡ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ᠃     3. ᠪᠠᠶᠢᠴᠠᠭᠠᠬᠤ ᠠᠷᠭ᠎ᠠ     ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ ᠤᠨ ᠲᠤᠬᠠᠢ ᠪᠠᠶᠢᠴᠠᠭᠠᠬᠤ ᠠᠷᠭ᠎ᠠ ᠭᠡᠪᠡᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ᠎ᠠ᠂ ᠲᠤᠰᠬᠠᠶ᠂ ᠨᠢᠭᠡᠳᠦᠭᠡᠷ ᠳᠡᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠡᠪᠴᠢᠶ᠎ᠡ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠵᠠᠮ ᠬᠠᠷᠢᠯᠴᠠᠭ᠎ᠠ ᠲᠡᠭᠡᠭᠡᠪᠦᠷᠢ ᠪᠠᠭᠲᠠᠨ᠎ᠠ᠂ ᠬᠥᠮᠥᠷᠭᠡᠯᠡᠯᠲᠡ ᠪᠠ ᠰᠢᠦᠳᠠᠨ ᠤ ᠦᠢᠯᠡᠰ᠂ ᠵᠠᠩᠭᠢ ᠳᠠᠮᠵᠢᠯᠭᠠᠨ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠠᠵᠤ ᠠᠬᠤᠶᠢᠯᠠᠯ᠂ ᠵᠠᠰᠠᠭ ᠤᠨ ᠣᠷᠳᠣᠨ ᠳᠤ ᠬᠠᠷᠢᠶᠠᠯᠠᠭᠳᠠᠬᠤ ᠰᠤᠳᠤᠯᠤᠯ ᠤᠨ ᠪᠠᠶᠢᠭᠤᠯᠤᠮᠵᠢ ᠵᠠᠰᠠᠭ ᠤᠨ ᠣᠷᠳᠣᠨ ᠳᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠮᠡᠷᠭᠡᠵᠢᠯ ᠤᠨ ᠨᠡᠭᠡᠭᠡᠯᠲᠡ ᠶᠢᠨ ᠪᠠᠶᠢᠭᠤᠯᠤᠮᠵᠢ ᠳᠤ ᠬᠠᠷᠢᠶᠠᠯᠠᠭᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠬᠢᠭᠡᠳ ᠰᠤᠷᠪᠤᠯᠵᠢ ᠪᠢᠴᠢᠭ ᠤᠨ ᠪᠠᠶᠢᠭᠤᠯᠤᠮᠵᠢ ᠵᠡᠷᠭᠡ ᠨᠢᠭᠡᠴᠡ ᠵᠢᠴᠢ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠤᠰᠤᠳ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠨᠢᠭᠡᠴᠡ᠂ ᠳᠡᠭᠡᠳᠦ ᠰᠤᠷᠭᠠᠭᠤᠯᠢ ᠵᠢᠴᠢ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ ᠤᠯᠬᠤ ᠠᠷᠭ᠎ᠠ ᠶᠢᠬᠡᠷᠡᠭᠯᠡᠨ᠎ᠡ︔ ᠬᠡᠪᠴᠢᠶᠡᠵᠢᠯ ᠠᠴᠠ ᠳᠣᠷᠣᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠳ ᠰᠤᠭᠤᠴᠢᠨ ᠪᠠᠶᠢᠴᠠᠭᠠᠵᠤ ᠲᠥᠰᠦᠭᠡᠯᠡᠨ ᠪᠤᠳᠤᠬᠤ ᠠᠷᠭ᠎ᠠ ᠪᠠᠷ ᠣᠯᠤᠭᠰᠠᠨ︔ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠤᠶᠢᠵᠢᠭᠤᠯᠬᠤ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠪᠦᠷᠢᠳᠬᠡᠯ ᠤᠨ ᠬᠡᠪᠴᠢᠶᠡᠨ ᠳᠠᠬᠢ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠦᠭᠡᠶ ᠪᠠᠷ ᠣᠯᠤᠭᠰᠠᠨ︔ ᠪᠤᠰᠤᠳ ᠠᠵᠢᠯ ᠲᠥᠷᠥᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯ ᠬᠤᠶᠠᠳᠤᠭᠠᠷ ᠤᠳᠠᠭᠠᠨ ᠤ ᠪᠥᠬᠦ ᠤᠯᠤᠰ ᠤᠨ R&D ᠡᠬᠢ ᠪᠠᠶᠠᠯᠢᠭ ᠢ ᠢᠯᠭᠠᠷᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠲᠥᠰᠦᠭᠡᠯᠡᠨ ᠪᠤᠳᠤᠬᠤ ᠵᠡᠷᠭᠡ ᠠᠷᠭ᠎ᠠ ᠪᠠᠷ ᠤᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号