| | | 10 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠲᠦᠷᠦᠭᠦᠦ ᠭᠤᠷᠪᠠᠨ ᠤᠯᠠᠷᠢᠯ ᠤᠨ ᠪᠥᠬᠦ ᠣᠷᠣᠨ ᠤ ᠠᠵᠤ | ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠸᠠᠩ | ᠴᠤᠸᠠᠨ ᠵᠢᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | | | ᠠᠷᠠᠳ ᠤᠨ ᠰᠦᠯᠵᠢᠶᠡᠨ ᠤ ᠰᠤᠷᠪᠤᠯᠵᠢᠯᠠᠭᠴᠢ᠄ | ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠤᠨ ᠮᠠᠨ ᠤ ᠣᠷᠣᠨ ᠤ | ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠢᠯᠡᠷᠡᠯ ᠨᠢ ᠮᠠᠰᠢ ᠬᠤᠷᠴᠠ ᠲᠣᠳᠣ ᠪᠠᠶᠢᠨ᠎ᠠ᠂ 18 ᠤ ᠡᠳᠦᠷ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠲᠦᠷᠦᠭᠦᠦ ᠭᠤᠷᠪᠠᠨ ᠤᠯᠠᠷᠢᠯ ᠤᠨ ᠠᠵᠤ | ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠠᠴᠠ ᠪᠠᠰᠠ ᠮᠠᠨ ᠤ ᠣᠷᠣᠨ ᠤ ᠠᠵᠤ ᠠᠬᠤᠶ ᠶᠢᠨ ᠠᠵᠢᠯᠯᠠᠭᠠᠨ | ᠶᠡᠷᠦᠩᠬᠡᠶ ᠳᠡᠭᠡᠨ ᠰᠠᠶᠢᠵᠢᠷᠠᠵᠤ᠂ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ ᠴᠢᠨᠠᠷ ᠰᠠᠶᠢᠲᠠᠶ ᠤᠷᠤᠭᠰᠢᠯᠠᠵᠤ | ᠪᠠᠶᠢᠬᠤ ᠶᠢ ᠵᠢᠭᠠᠵᠤ ᠭᠠᠷᠭᠠᠪᠠ᠃ ᠲᠦᠷᠦᠭᠦᠦ ᠭᠤᠷᠪᠠᠨ ᠤᠯᠠᠷᠢᠯ ᠤᠨ ᠮᠠᠨ ᠤ ᠣᠷᠣᠨ ᠤ ᠠᠵᠤ ᠠᠬᠤᠶ ᠶᠢᠨ ᠠᠵᠢᠯᠯᠠᠭᠠᠨ ᠤ | ᠪᠦᠬᠦᠯᠢ ᠴᠣᠭᠴᠠ ᠶᠢᠨ ᠪᠠᠶᠢᠳᠠᠯ ᠢ ᠬᠡᠷᠬᠢᠨ ᠦᠨᠡᠯᠡᠬᠦ ᠪᠣᠶ︖ | | | | | ᠸᠠᠩ ᠴᠤᠸᠠᠨ ᠵᠢᠩ᠄ | ᠰᠤᠷᠪᠤᠯᠵᠢᠯᠠᠭᠴᠢ ᠶᠢᠨ ᠠᠰᠠᠭᠤᠭᠰᠠᠨ ᠳᠤ ᠪᠠᠶᠠᠷᠯᠠᠯ᠎ᠠ᠃ ᠰᠠᠶ᠋ᠢᠬᠠᠨ ᠣᠯᠠᠨ ᠳᠤ ᠲᠦᠷᠦᠭᠦᠦ ᠭᠤᠷᠪᠠᠨ ᠤᠯᠠᠷᠢᠯ ᠤᠨ | ᠥᠪᠥᠷ ᠮᠣᠩᠭᠤᠯ ᠤᠨ ᠠᠵᠤ ᠠᠬᠤᠶ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠪᠠᠶᠢᠳᠠᠯ ᠢ ᠲᠠᠨᠢᠯᠴᠠᠭᠤᠯᠪᠠ᠂ | ᠡᠭᠦᠨ ᠠᠴᠠ ᠣᠯᠠᠨ ᠢᠶᠠᠷ ᠢᠶᠠᠨ ᠦᠵᠡᠵᠦ ᠭᠠᠷᠬᠤ ᠨᠢ᠂ ᠡᠨᠡ ᠵᠢᠯ ᠠᠴᠠ ᠨᠠᠰᠢ᠂ ᠪᠥᠬᠦ ᠣᠷᠣᠨ ᠤ ᠠᠵᠤ ᠠᠬᠤᠶ ︽ | ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠵᠣ᠂ ᠳᠡᠭᠡᠷ᠎ᠡ ᠬᠠᠭᠠᠰ ᠵᠢᠯ ᠳᠤ ᠲᠣᠭᠲᠠᠭᠤᠨ ᠤ ᠳᠤᠮᠳᠠ | ᠰᠢᠯᠢᠳᠡᠭ ᠢᠶᠠᠷ ᠤᠷᠤᠭᠰᠢᠯᠠᠭᠰᠠᠨ︾ ᠰᠠᠭᠤᠷᠢᠨ ᠳᠡᠭᠡᠷ᠎ᠡ᠂ ᠲᠦᠷᠦᠭᠦᠦ ᠭᠤᠷᠪᠠᠨ ᠤᠯᠠᠷᠢᠯ ᠳᠤ ᠦᠷᠭᠦᠯᠵᠢᠯᠡᠨ ᠰᠠᠶᠢᠵᠢᠷᠠᠬᠤ | ᠬᠠᠨᠳᠤᠰᠢ ᠪᠠᠨ ᠪᠠᠲᠤᠯᠠᠵᠤ᠂ ᠤᠷᠤᠨ ᠨᠤᠲᠤᠭ ᠤᠨ ᠦᠢᠯᠡᠳᠪᠦᠷᠢᠯᠡᠯ ᠯ ᠤᠨ ᠶᠡᠷᠦᠩᠬᠡᠶ ᠥᠷᠲᠡᠭ 7.2% ᠤᠨ ᠨᠡᠯᠢᠶᠡᠳ | ᠥᠨᠳᠥᠷ ᠨᠡᠮᠡᠭᠳᠡᠯ ᠤᠨ ᠬᠤᠷᠳᠤᠴᠠ ᠶᠢ ᠪᠡᠶᠡᠯᠡᠭᠦᠯᠵᠦ᠂ ︽ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ︾ | ᠬᠠᠷᠠᠯᠲᠠ ᠳᠠᠰᠢ ᠯᠠᠪᠳᠠᠭᠤᠨ ᠪᠠᠲᠤᠲᠠᠶ ᠤᠷᠤᠭᠰᠢᠯᠠᠵᠠᠶ᠃ ᠡᠨᠡ ᠬᠦ ᠠᠮᠵᠢᠯᠲᠠ ᠶᠢ ᠣᠯᠤᠭᠰᠠᠨ ᠨᠢ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠳᠣᠲᠣᠨᠣ | ᠬᠠᠯᠠᠮᠵᠢᠯᠠᠯ ᠠᠴᠠ ᠪᠣᠯᠤᠭᠰᠠᠨ ᠶᠤᠮ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠡᠯ᠎ᠡ ᠬᠤᠯᠪᠣᠭᠳᠠᠯ ᠪᠥᠬᠦᠶ | ᠲᠠᠯ᠎ᠠ ᠶᠢᠨ ᠬᠢᠨ ᠤ ᠬᠦᠴᠦᠲᠡᠶ ᠳᠡᠮᠵᠢᠯᠭᠡ ᠠᠴᠠ ᠪᠣᠯᠤᠭᠰᠠᠨ ᠶᠤᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠪᠥᠬᠦ ᠣᠷᠣᠨ ᠢ ᠳᠠᠭᠠᠭᠤᠯᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠳᠬᠤᠭᠰᠠᠨ ᠠᠴᠠ ᠪᠣᠯᠤᠭᠰᠠᠨ ᠶᠤᠮ᠂ ᠪᠥᠬᠦ ᠣᠷᠣᠨ ᠤ ᠳᠡᠭᠡᠳᠦ ᠳᠤᠤᠷᠠᠳᠤ | ᠱᠠᠲᠤ ᠪᠠᠷ ᠢᠶᠠᠨ ᠪᠦᠯᠬᠦᠮᠳᠡᠨ ᠲᠡᠮᠡᠴᠡᠵᠦ᠂ ᠰᠢᠷᠭᠠᠭᠤ ᠴᠢᠷᠮᠠᠶᠢᠭᠰᠠᠨ ᠤ ᠦᠷ᠎ᠡ ᠳ᠋ᠦᠩ ᠮᠥᠨ᠃ ᠵᠠᠷᠯᠠᠯ ᠳᠤ ᠳᠤᠷᠠᠳᠤᠭᠰᠠᠨ | ᠬᠢᠯᠠᠰ ᠴᠡᠭ ᠠᠴᠠ ᠭᠠᠳᠠᠨ᠎ᠠ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠠᠬᠤᠶ ᠳᠤ ᠪᠠᠰᠠ ︽ | ᠯᠠᠪᠳᠠᠭᠤᠨ ᠪᠥᠭᠡᠳ ᠤᠶᠠᠨ ᠬᠠᠲᠠᠨ ᠴᠢᠨᠠᠷ ᠲᠠᠢ᠂ ᠤᠷᠤᠭᠰᠢᠯᠠᠯᠲᠠ ᠨᠢ ᠳᠠᠪᠠᠭᠤᠯᠢᠭ ᠲᠠᠢ᠂ ᠪᠠᠶᠢᠳᠠᠯ ᠪᠠᠬᠢᠵᠢᠯ ᠲᠠᠢ | ᠪᠠᠶᠢᠬᠤ︾ ᠭᠤᠷᠪᠠᠨ ᠲᠣᠪᠤᠶᠢᠮ᠎ᠠ ᠣᠨᠴᠠᠯᠢᠭ ᠢᠯᠡᠷᠡᠪᠡ᠃ | ︽ᠲᠣᠭᠲᠠᠭᠤᠨ ᠤᠶᠠᠨ ᠬᠠᠳᠠᠨ ᠴᠢᠨᠠᠷ︾ ᠢ ᠶᠠᠷᠢᠬᠤ ᠨᠢ ᠭᠤᠣᠯᠳᠠᠭᠤ ᠠᠵᠤ ᠦᠢᠯᠡᠰ ᠤᠨ ᠰᠠᠭᠤᠷᠢ ᠲᠣᠭᠲᠠᠭᠤᠨ᠂ | ᠤᠶᠠᠨ ᠬᠠᠳᠠᠨ ᠴᠢᠨᠠᠷ ᠢᠶᠠᠷ ᠭᠦᠢᠴᠡᠳ ᠪᠠᠶᠢᠬᠤ ᠳᠤ ᠢᠯᠡᠷᠡᠵᠦ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠭᠤᠷᠪᠠᠨ | ᠠᠵᠤ ᠦᠢᠯᠡᠰ ᠬᠠᠮᠵᠢᠯᠴᠠᠨ ᠬᠦᠴᠦᠯᠡᠪᠡ᠂ ᠡᠨᠡ ᠪᠣᠯ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠪᠥᠭᠡᠳ ᠲᠦᠷᠭᠡᠨ | ᠤᠷᠤᠭᠰᠢᠯᠠᠵᠤ ᠰᠢᠯᠢᠳᠡᠭ ᠢᠶᠠᠷ ᠳᠠᠪᠰᠢᠬᠤ ᠶᠢᠨ ᠰᠠᠭᠤᠷᠢ ᠪᠣᠯᠤᠨ᠎ᠠ᠃ ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ | ᠰᠠᠭᠤᠷᠢ ᠲᠣᠭᠲᠠᠭᠤᠨ᠃ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠦᠷᠳᠡᠭ 7. | 4% ᠪᠠᠷ ᠨᠡᠮᠡᠭᠳᠡᠪᠡ᠂ ᠡᠨᠡ ᠪᠣᠯ ᠬᠠᠷᠢᠴᠠᠩᠭᠤᠢ ᠪᠠᠷ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠣᠯᠤᠨ᠎ᠠ᠃ ᠠᠮᠤ | ᠪᠤᠳᠠᠭᠠᠨ ᠤ ᠦᠢᠯᠡᠳᠪᠦᠷᠢᠯᠡᠯ ᠤᠳᠠᠯ ᠥᠬᠡᠶ ᠡᠯᠪᠡᠭ ᠬᠤᠷᠢᠶᠠᠯᠲᠠ ᠣᠯᠵᠤ᠂ ᠢᠳᠡᠰᠢᠨ ᠨᠣᠭᠤᠭ᠎ᠠ᠂ ᠭᠠᠭ᠋ᠠᠶ ᠦᠬᠡᠷ ᠬᠤᠨᠢ | ᠵᠢᠭᠦᠷᠲᠡᠨ ᠤ ᠮᠢᠬᠠᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠵᠦ᠂ ᠠᠷᠠᠳ ᠣᠯᠠᠨ ᠤ ︽ᠠᠮᠤ ᠪᠤᠳᠠᠭ᠎ᠠ︾ ︽ᠬᠤᠯᠢᠰᠢᠨ | ᠢᠳᠡᠭᠡᠨ︾ ᠭᠦᠢᠴᠡᠳ ᠪᠣᠯᠪᠠ᠃ ᠬᠤᠶᠠᠷ ᠲᠤ᠂ ᠠᠵᠤ ᠦᠢᠯᠡᠳᠪᠦᠷᠢ ᠶᠢᠨ ᠲᠤᠯᠭᠠᠭᠤᠷᠢᠯᠠᠯ ᠲᠣᠭᠲᠠᠭᠤᠨ᠃ ᠲᠦᠷᠦᠭᠦᠦ | ᠭᠤᠷᠪᠠᠨ ᠤᠯᠠᠷᠢᠯ ᠳᠤ᠂ ᠠᠵᠤ ᠦᠢᠯᠡᠳᠪᠦᠷᠢ ᠨᠢ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠤᠨ 41.7% ᠶᠢ ᠡᠵᠡᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ | 36.1% ᠪᠣᠯᠵᠠᠶ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 38 ᠠᠵᠢᠯ ᠲᠥᠷᠥᠯ ᠤᠨ ᠶᠡᠭᠡ | ᠲᠥᠷᠥᠯ ᠳᠠᠬᠢ 27 ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢ | ᠦᠷᠭᠦᠯᠵᠢᠯᠡᠨ ᠲᠤᠯᠤᠭᠠᠨ ᠬᠤᠪᠢ ᠠᠴᠠ ᠳᠡᠭᠡᠭᠰᠢ ᠪᠠᠶᠢᠬᠤ ᠶᠢ ᠪᠠᠲᠤᠯᠠᠪᠠ᠃ | ᠡᠭᠦᠨ ᠳᠤ᠂ 21 ᠠᠵᠢᠯ ᠲᠥᠷᠥᠯ ᠤᠨ ᠨᠡᠮᠡᠭᠳᠡᠯ ᠳᠡᠭᠡᠷ᠎ᠡ ᠬᠠᠭᠠᠰ ᠵᠢᠯ ᠤᠨ ᠬᠢ ᠠᠴᠠ ᠲᠦᠷᠭᠡᠳᠴᠦ᠂ ᠠᠵᠢᠯ ᠲᠥᠷᠥᠯ ᠤᠨ | ᠳᠡᠭᠡᠭᠰᠢᠯᠡᠯᠲᠡ ᠨᠢ ᠲᠠᠪᠤᠨ ᠬᠤᠪᠢ ᠶᠢ ᠳᠠᠪᠠᠵᠤ᠂ ᠨᠡᠯᠢᠶᠡᠳ ᠴᠢᠩᠭ᠎ᠠ ᠤᠶᠠᠨ ᠬᠠᠲᠠᠨ ᠴᠢᠨᠠᠷ ᠢᠶᠠᠨ ᠢᠯᠡᠷᠡᠭᠦᠯᠪᠡ᠃ ᠠᠵᠤ | ᠦᠢᠯᠡᠳᠪᠦᠷᠢ ᠶᠢᠨ ᠭᠤᠷᠪᠠᠨ ᠶᠡᠭᠡ ᠲᠥᠷᠥᠯ ᠵᠦᠢᠯ ᠤᠨ ᠨᠡᠮᠡᠭᠳᠡᠯ ᠢ ᠪᠡᠶᠡᠯᠡᠭᠦᠯᠵᠦ᠂ ᠢᠯᠠᠩᠭᠤᠶ᠎ᠠ ᠦᠢᠯᠡᠳᠬᠦ ᠦᠢᠯᠡᠰ ᠨᠢ | ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ | ᠬᠦᠴᠦᠲᠡᠶ ᠬᠥᠳᠡᠯᠭᠡᠬᠦ ᠬᠦᠴᠦᠨ ᠬᠠᠩᠭᠠᠪᠠ᠃ ᠡᠨᠡ ᠵᠢᠯ ᠠᠴᠠ ᠨᠠᠰᠢ᠂ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠲᠦᠷᠭᠡᠳᠴᠦ᠂ ᠨᠢᠭᠡᠳᠦᠭᠡᠷ ᠤᠯᠠᠷᠢᠯ ᠤᠨ | ᠡᠬᠢᠯᠡᠯᠲᠡ ᠶᠢᠨ 9.6% ᠠᠴᠠ ᠳᠡᠭᠡᠷ᠎ᠡ ᠬᠠᠭᠠᠰ ᠵᠢᠯ ᠤᠨ 10.8% ᠪᠣᠯᠲᠠᠯ᠎ᠠ ᠳᠡᠭᠡᠭᠰᠢᠯᠡᠵᠦ᠂ 6 ᠰᠠᠷ᠎ᠠ ᠳᠠᠷᠠᠭᠠᠯᠠᠨ | ᠬᠤᠶᠠᠷ ᠣᠷᠣᠨᠲᠤ ᠲᠣᠭᠠᠨ ᠤ ᠨᠡᠮᠡᠭᠳᠡᠯ ᠢ ᠪᠠᠲᠤᠯᠠᠵᠤ᠂ ᠲᠦᠷᠦᠭᠦᠦ ᠭᠤᠷᠪᠠᠨ ᠤᠯᠠᠷᠢᠯ ᠳᠤ 12.5% ᠶᠢᠨ ᠨᠡᠯᠢᠶᠡᠳ | ᠥᠨᠳᠥᠷ ᠨᠡᠮᠡᠭᠳᠡᠯ ᠤᠨ ᠲᠦᠪᠰᠢᠨ ᠳᠤ ᠬᠦᠷᠴᠦ᠂ ᠪᠦᠬᠦ᠋ᠢᠯᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠤᠨ ᠬᠤᠷᠳᠤᠴᠠ ᠠᠴᠠ ᠦᠷᠭᠦᠯᠵᠢᠯᠡᠨ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠢ 4.6 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠭᠤᠷᠪᠠ ᠳᠤ᠂ ᠦᠢᠯᠡᠴᠢᠯᠡᠭᠡᠨ ᠤ | ᠦᠢᠯᠡᠰ ᠲᠣᠭᠲᠠᠭᠤᠨ ᠪᠠᠶᠢᠳᠠᠯ ᠢᠶᠠᠨ ᠰᠡᠷᠭᠦᠭᠡᠪᠡ᠃ ᠡᠨᠡ ᠵᠢᠯ ᠠᠴᠠ ᠨᠠᠭᠠᠰᠢ᠂ ᠪᠥᠬᠦ ᠣᠷᠣᠨ ᠡᠯ᠎ᠡ ᠲᠥᠷᠥᠯ ᠤᠨ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 4376 ᠤᠳᠠᠭ᠎ᠠ ᠥᠷᠨᠢᠭᠦᠯᠵᠦ᠂ 135 ᠰᠢᠯᠢᠳᠡᠭ ᠠᠩᠬᠠᠨ ᠤ ᠳᠡᠯᠭᠡᠭᠦᠷ ᠤᠨ | ᠨᠠᠷᠠᠲᠤ ᠲᠥᠷᠥᠯ ᠲᠡᠮᠳᠡᠭᠲᠦ ᠶᠢ ᠲᠡᠳᠡᠨ ᠨᠤᠲᠤᠭᠰᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠲᠦᠷᠭᠡᠨ ᠰᠡᠷᠭᠦᠵᠦ᠂ | ᠵᠤᠭᠠᠴᠠᠭᠰᠠᠳ ᠢ ᠭᠥᠯᠢᠶᠡᠨ ᠠᠪᠤᠭᠰᠠᠨ ᠬᠥᠮᠦᠨ ᠤᠳᠠᠭ᠎ᠠ ᠨᠢ ᠬᠢᠵᠢᠭ ᠤᠨ ᠡᠮᠦᠨᠡᠬᠢ ᠬᠢᠷᠢ ᠲᠦᠪᠰᠢᠨ ᠠᠴᠠ ᠥᠨᠳᠥᠷ | ᠪᠣᠯᠵᠣ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠰᠠᠶᠢᠵᠢᠷᠠᠬᠤ ᠶᠢ | ᠳᠠᠶᠢᠴᠢᠯᠠᠵᠤ᠂ 1-8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 10 ᠲᠦᠷᠦᠯ | ᠵᠦᠢᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠬᠦ ᠶᠢ ᠪᠡᠶᠡᠯᠡᠭᠦᠯᠵᠦ᠂ 4 ᠲᠥᠷᠥᠯ | ᠵᠦᠢᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ | ︽ᠤᠷᠤᠭᠰᠢᠯᠠᠯᠲᠠ ᠨᠢ ᠳᠠᠪᠠᠭᠤᠯᠢᠭ ᠲᠠᠢ︾ ᠶᠢ ᠶᠠᠷᠢᠵᠤ ᠪᠠᠶᠢᠭ᠎ᠠ ᠨᠢ ᠭᠤᠣᠯᠳᠠᠭᠤ ᠪᠦᠬᠦ ᠣᠷᠣᠨ ᠳᠠᠶᠠᠭᠠᠷ ᠢᠶᠠᠨ | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠵᠤ᠂ ᠣᠨᠴᠠᠯᠢᠭ ᠢ ᠳᠤᠪᠤᠶᠢᠯᠭᠠᠨ ᠰᠠᠶᠢᠨ ᠲᠠᠢ ᠲᠠᠯ᠎ᠠ ᠪᠠᠨ ᠪᠠᠳᠠᠷᠠᠭᠤᠯᠵᠤ ᠰᠠᠭᠠᠷᠠᠤ ᠲᠠᠯ᠎ᠠ ᠪᠠᠨ | ᠲᠡᠪᠴᠢᠵᠦ᠂ ᠠᠵᠤ ᠦᠢᠯᠡᠰ ᠢ ᠪᠤᠶᠢᠵᠢᠭᠤᠯᠬᠤ ᠠᠵᠤ ᠠᠬᠤᠶᠢᠯᠠᠯ ᠢ ᠪᠤᠶᠢᠵᠢᠭᠤᠯᠬᠤ ᠳᠡᠭᠡᠷ᠎ᠡ ᠶᠡᠬᠡᠬᠡᠨ ᠬᠦᠴᠦ ᠣᠷᠣᠭᠤᠯᠵᠤ᠂ | ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠦᠷ᠎ᠡ ᠪᠦᠲᠦᠮᠵᠢ ᠢᠯᠡᠷᠬᠡᠢ | ᠪᠤᠯᠵᠤ᠂ ᠠᠵᠤ ᠠᠬᠤᠢ ᠶᠢᠨ ᠲᠣᠭᠲᠠᠭᠤᠨ ᠢᠶᠠᠷ ᠤᠷᠤᠭᠰᠢᠯᠠᠬᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠳᠡᠯᠭᠡᠭᠴᠢ ᠬᠦᠴᠦᠨ | ᠨᠡᠮᠡᠷᠢᠯᠡᠭᠰᠡᠨ ᠳᠤ ᠢᠯᠡᠷᠡᠵᠦ ᠪᠠᠶᠢᠨ᠎ᠠ᠃ ᠵᠢᠱᠢᠶᠡᠯᠡᠪᠡᠯ᠂ ︽ᠬᠤᠶᠠᠷ ᠰᠠᠭᠤᠷᠢᠨ︾ ᠤ ᠪᠠᠶᠢᠭᠤᠯᠤᠯᠲᠠ ᠳᠤᠮᠳᠠ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠠᠶᠢᠭᠤᠯᠤᠯᠲᠠ ᠢᠳᠡ ᠬᠦᠴᠦᠲᠡᠢ | ᠶᠠᠪᠤᠭᠳᠠᠪᠠ᠃ ᠨᠢᠭᠡ ᠲᠠᠯ᠎ᠠ ᠪᠠᠷ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠪᠡ᠃ ᠡᠨᠧᠷᠭᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠪᠣᠯᠤᠨ ᠬᠤᠪᠣᠷ ᠰᠢᠷᠣᠶ ᠶᠢᠨ ᠠᠵᠤ ᠦᠢᠯᠡᠰ ᠲᠣᠭᠲᠠᠭᠤᠨ ᠢᠶᠠᠷ ᠬᠥᠭᠵᠢᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 60% ᠶᠢ ᠳᠠᠪᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ | ᠨᠣᠷᠮ᠎ᠠ ᠨᠢ 48.4% ᠳᠤ ᠬᠦᠷᠴᠡᠶ᠃ ᠡᠭᠦᠨ ᠳᠤ᠂ ᠡᠨᠧᠷᠭᠢ ᠶᠢᠨ ᠠᠵᠤ ᠦᠢᠯᠡᠳᠪᠦᠷᠢ ᠶᠢᠨ ᠬᠢᠨ ︽ᠰᠠᠭᠤᠷᠢ ᠴᠢᠯᠠᠭᠤ︾ | ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 35.2% ᠪᠣᠯᠵᠠᠶ᠃ ᠨᠥᠭᠦᠭᠡ ᠲᠠᠯ᠎ᠠ ᠪᠠᠷ᠂ ᠰᠢᠨ᠎ᠡ | ᠡᠨᠧᠷᠭᠢ ᠶᠢᠨ ᠠᠵᠤ ᠦᠢᠯᠡᠰ ᠲᠦᠷᠭᠡᠨ ᠬᠥᠭᠵᠢᠵᠦ᠂ ᠬᠢᠯᠠᠰ ᠴᠡᠭ ᠵᠠᠯᠭᠠᠭ᠎ᠠ ᠪᠠᠷ ᠢᠯᠡᠷᠡᠪᠡ᠃ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠡᠮᠵᠢᠶ᠎ᠡ 7232 ᠲᠦᠮᠡᠨ ᠺᠢᠯᠤᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22. | 1% ᠪᠠᠷ ᠨᠡᠮᠡᠭᠳᠡᠵᠦ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠳᠤ ᠡᠵᠡᠯᠡᠬᠦ ᠬᠤᠪᠢ ᠶᠢᠨ ᠵᠢᠩ ᠨᠢ 37. | 6% ᠳᠤ ᠬᠦᠷᠴᠡᠶ︔ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ | 1059.1 ᠳ᠋ᠦᠩᠰᠢᠭᠤᠷ ᠺᠢᠯᠤᠸᠠᠲ ᠴᠠᠭ ᠲᠤ | ᠬᠦᠷᠴᠦ᠂ ᠨᠢᠳᠤᠨᠤᠨ ᠤ ᠬᠢ ᠠᠴᠠ 2 ᠰᠠᠷ᠎ᠠ ᠤᠷᠢᠳᠴᠢᠯᠠᠨ ᠮᠢᠩᠭᠠᠨ ᠳ᠋ᠦᠩᠰᠢᠭᠤᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 21.9% ᠪᠠᠷ ᠨᠡᠮᠡᠭᠳᠡᠵᠦ᠂ ᠪᠥᠬᠦ ᠴᠠᠬᠢᠯᠭᠠᠨ ᠭᠠᠷᠭᠠᠯᠲᠠ ᠶᠢᠨ ᠬᠡᠮᠵᠢᠶ᠎ᠡ ᠳᠤ ᠡᠵᠡᠯᠡᠬᠦ | ᠬᠤᠪᠢ ᠶᠢᠨ ᠵᠢᠩ ᠨᠢ 19.5% ᠳᠤ ᠬᠦᠷᠴᠡᠶ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠠᠶᠢᠭᠤᠯᠤᠯᠲᠠ ᠲᠦᠷᠭᠡᠨ ᠪᠥᠭᠡᠳ ᠯᠠᠪᠳᠠᠭᠤᠨ ᠢᠶᠠᠷ ᠠᠬᠢᠪᠠ᠃ | ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠲᠦᠷᠭᠡᠳᠬᠦ ᠪᠠᠶᠢᠳᠠᠯ ᠢᠶᠠᠨ ᠪᠠᠲᠤᠯᠠᠵᠤ᠂ ᠠᠳᠠᠯᠢ | ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 12.4 ᠵᠠᠭᠤᠨ ᠤ | ᠬᠤᠪᠢ ᠶᠢᠨ ᠴᠡᠭ ᠲᠦᠷᠭᠡᠳᠪᠡ᠃ ᠦᠬᠡᠷ ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠴᠥᠮ | ᠲᠣᠭᠲᠠᠭᠤᠨ ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.4% ᠪᠠᠷ | ᠨᠡᠮᠡᠭᠳᠡᠵᠦ᠂ 6 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠬᠡᠪᠴᠢᠶᠡᠵᠢᠯ ᠠᠴᠠ | ᠳᠡᠭᠡᠭᠰᠢᠬᠢ ᠪᠥᠬᠦ ᠠᠵᠤ ᠦᠢᠯᠡᠳᠪᠦᠷᠢ ᠶᠢᠨ ᠬᠢ ᠠᠴᠠ 4.8 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ︽ᠪᠠᠶᠢᠳᠠᠯ ᠪᠠᠬᠢᠵᠢᠯ ᠲᠠᠢ︾ ᠭᠡᠳᠡᠭ ᠨᠢ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠃ ᠨᠢᠭᠡ ᠳᠤ ᠠᠵᠤ | ᠠᠬᠤᠢ ᠶᠢᠨ ᠦᠨᠳᠦᠰᠦᠨ ᠪᠠᠶᠢᠳᠠᠯ ᠲᠣᠭᠲᠠᠪᠤᠷᠢᠵᠢᠪᠠ᠃ ᠲᠦᠷᠦᠭᠦᠦ ᠭᠤᠷᠪᠠᠨ ᠤᠯᠠᠷᠢᠯ᠂ ᠮᠠᠨ ᠤ ᠣᠷᠣᠨ ᠤ ᠠᠵᠤ | ᠠᠬᠤᠶ ᠶᠢᠨ ᠶᠡᠷᠦᠩᠬᠡᠶ ᠬᠡᠮᠵᠢᠶ᠎ᠡ 16882 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠪᠦᠬᠦ | ᠤᠯᠤᠰ ᠤᠨ ᠲᠡᠷᠢᠭᠦᠨ ᠳᠤ ᠣᠷᠣᠪᠠ᠂ ᠢᠯᠠᠩᠭᠤᠶ᠎ᠠ 7.2% ᠤᠨ ᠨᠡᠮᠡᠭᠳᠡᠯ ᠤᠨ ᠬᠤᠷᠳᠤᠴᠠ ᠨᠢ ᠭᠠᠳᠠᠭᠠᠳᠤ ᠣᠷᠴᠢᠨ | ᠨᠥᠬᠦᠴᠡᠯ ᠡᠳᠦᠷ ᠢᠷᠡᠬᠦᠶ᠎ᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠤᠯᠵᠤ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠬᠦᠷᠦᠯᠴᠡᠬᠦ ᠦᠭᠡᠢ ᠪᠠᠶᠢᠳᠠᠯ ᠳᠣᠣᠷ᠎ᠠ ᠪᠡᠶᠡᠯᠡᠭᠳᠡᠭᠰᠡᠨ ᠶᠤᠮ᠃ ᠮᠡᠳᠡᠭᠡᠵᠢ᠂ ᠮᠠᠨ ᠤ ᠣᠷᠣᠨ ᠪᠣᠯ ᠡᠨᠧᠷᠭᠢ ᠶᠢᠨ | ᠡᠬᠢ ᠪᠠᠶᠠᠯᠢᠭ ᠤᠨ ᠲᠣᠮᠣ ᠮᠤᠵᠢ ᠪᠣᠯᠤᠨ᠎ᠠ᠂ ᠠᠵᠤ ᠦᠢᠯᠡᠰ ᠤᠨ ᠪᠦᠲᠦᠴᠡ ᠪᠠ ᠠᠵᠤ ᠦᠢᠯᠡᠰ ᠤᠨ ᠬᠡᠯᠬᠢᠶ᠎ᠡ ᠨᠡᠯᠢᠶᠡᠳ | ᠰᠠᠶᠢᠨ᠃ ᠡᠨᠡ ᠵᠢᠯ ᠠᠴᠠ ᠨᠠᠰᠢ᠂ ᠡᠨᠧᠷᠭᠢ ᠵᠡᠷᠭᠡ ᠪᠦᠭᠡᠮᠳᠡᠬᠦ ᠪᠦᠳᠦᠭᠡᠭᠳᠡᠭᠦᠨ ᠤ ᠦᠨ᠎ᠡ ᠬᠠᠩᠰᠢ ᠶᠢᠨ ᠳᠤᠤᠷ᠎ᠠ | ᠡᠷᠭᠢᠯᠲᠡ ᠨᠢ ᠮᠠᠨ ᠤ ᠣᠷᠣᠨ ᠤ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠳᠤ ᠨᠡᠯᠢᠶᠡᠳ ᠶᠡᠭᠡ ᠳᠠᠷᠤᠯᠲᠠ ᠪᠣᠯᠪᠠ᠂ | ᠡᠶᠢᠮᠦᠷᠬᠦ ᠬᠤᠷᠸ᠎ᠠ ᠠᠵᠤ ᠠᠬᠤᠶ ᠶᠢᠨ ᠠᠬᠤᠶ ᠶᠢᠨ ᠪᠠᠶᠢᠳᠠᠯ ᠳᠤᠤᠷ᠎ᠠ᠂ ᠮᠠᠨ ᠤ ᠣᠷᠣᠨ ᠤ ᠠᠵᠤ ᠠᠬᠤᠶ ᠳᠠᠷᠤᠯᠲᠠ ᠶᠢ | ᠳᠠᠭᠠᠭᠠᠵᠤ᠂ ᠯᠠᠪᠳᠠᠭᠤᠨ ᠪᠠᠲᠤᠲᠠᠶ ᠤᠷᠤᠭᠰᠢᠯᠠᠨ᠂ ᠡᠴᠦᠰ ᠲᠡᠭᠡᠨ ᠨᠡᠯᠢᠶᠡᠳ ᠰᠠᠶᠢᠨ ᠬᠢᠷᠢ ᠪᠦᠲᠦᠮᠵᠢ ᠣᠯᠪᠠ᠂ ᠦᠨᠡᠨ ᠢ | ᠬᠡᠯᠡᠬᠦ ᠳᠤ ᠠᠮᠠᠷ ᠦᠭᠡᠢ᠂ ᠪᠠᠰᠠ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠢ | ᠢᠯᠡᠷᠡᠭᠦᠯᠪᠡ᠃ ᠬᠤᠶᠠᠷ ᠲᠤ ᠪᠡᠯᠡ ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ ᠨᠡᠮᠡᠭᠳᠡᠯ ᠤᠨ ᠬᠠᠨᠳᠤᠰᠢ | ᠦᠷᠭᠦᠯᠵᠢᠯᠡᠨ ᠪᠠᠬᠢᠵᠢᠪᠡ᠃ ᠡᠨᠡ ᠵᠢᠯ ᠠᠴᠠ ᠨᠠᠭᠠᠰᠢ᠂ ᠪᠦᠬᠦ ᠣᠷᠣᠨ ᠢᠶᠠᠷ ᠢᠶᠠᠨ ᠠᠷᠠᠯᠵᠢᠶᠠᠴᠢᠨ ᠤᠷᠢᠵᠤ ᠪᠡᠯᠡ | ᠲᠠᠲᠠᠬᠤ ᠶᠢ ᠪᠦᠬᠦ ᠬᠦᠴᠦᠨ ᠢᠶᠠᠷ ᠠᠳᠬᠤᠵᠤ᠂ ᠲᠦᠰᠦᠯ ᠢ ᠨᠠᠶᠢᠳᠠᠪᠤᠷᠢᠵᠢᠭᠤᠯᠬᠤ ᠶᠢ ᠠᠳᠬᠤᠵᠤ᠂ ᠪᠡᠯᠡ ᠣᠷᠣᠭᠤᠯᠤᠯᠲᠠ | ᠨᠢᠳᠤᠨᠤᠨ ᠤ ᠥᠨᠳᠥᠷ ᠰᠠᠭᠤᠷᠢ ᠶᠢᠨ ᠬᠤᠭᠤᠴᠠᠭᠠᠨ ᠤ ᠰᠠᠭᠤᠷᠢᠨ ᠳᠡᠭᠡᠷ᠎ᠡ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠯ ᠢ | ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.3 ᠵᠠᠭᠤᠨ ᠤ | ᠬᠤᠪᠢ ᠶᠢᠨ ᠴᠡᠭ ᠥᠨᠳᠥᠷ ᠪᠣᠯᠪᠠ᠃ ᠢᠯᠠᠩᠭᠤᠶ᠎ᠠ ᠴᠢᠬᠤᠯᠠ ᠶᠡᠭᠡ ᠲᠦᠰᠦᠯ ᠤᠨ ᠳᠠᠶᠢᠴᠢᠯᠠᠯᠲᠠ ᠬᠦᠴᠦᠲᠡᠶ ᠪᠠᠶᠢᠵᠤ᠂ | 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠰᠦᠯ ᠤᠨ ᠲᠤᠭ᠎ᠠ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 23. | 0% ᠨᠡᠮᠡᠭᠳᠡᠵᠦ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 46.3% | ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 20.9 ᠵᠠᠭᠤᠨ ᠤ ᠬᠤᠪᠢ ᠶᠢᠨ ᠴᠡᠭ ᠳᠠᠶᠢᠴᠢᠯᠠᠪᠠ᠃ | ᠭᠤᠷᠪᠠ ᠳᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠠᠨᠳᠤᠰᠢ ᠦᠷᠭᠦᠯᠵᠢᠯᠡᠨ ᠪᠠᠬᠢᠵᠢᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ | ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠬᠤᠶᠠᠷ | ᠣᠷᠣᠨᠲᠤ ᠲᠣᠭᠠᠨ ᠤ ᠨᠡᠮᠡᠭᠳᠡᠯ ᠢ ᠪᠠᠲᠤᠯᠠᠵᠤ᠂ ᠲᠣᠰ ᠲᠣᠰ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ 12.6᠂ 8.5 ᠪᠠ 12.4 ᠵᠠᠭᠤᠨ ᠤ ᠬᠤᠪᠢ ᠶᠢᠨ ᠴᠡᠭ ᠠᠴᠠ ᠲᠦᠷᠭᠡᠨ ᠪᠣᠯᠪᠠ᠃ ᠣᠲᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠢᠯᠡᠷᠡᠯ ᠨᠡᠯᠢᠶᠡᠳ ᠰᠠᠶᠢᠨ ᠪᠠᠶᠢᠵᠤ᠂ ᠮᠡᠳᠡᠭᠡ ᠵᠠᠩᠭᠢ ᠶᠢᠨ ᠳᠠᠮᠵᠢᠭᠤᠯᠭ᠎ᠠ᠂ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠨᠢ ᠲᠦᠷᠦᠭᠦᠦ ᠬᠠᠭᠠᠰ ᠵᠢᠯ ᠤᠨ ᠬᠢ ᠠᠴᠠ 2.0 ᠵᠠᠭᠤᠨ ᠤ ᠬᠤᠪᠢ ᠶᠢᠨ ᠴᠡᠭ ᠲᠦᠷᠭᠡᠳᠪᠡ᠃ | ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠪᠦᠬᠦ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 49.7 ᠵᠠᠭᠤᠨ ᠤ ᠬᠤᠪᠢ ᠶᠢᠨ ᠴᠡᠭ ᠲᠦᠷᠭᠡᠨ ᠪᠤᠯᠵᠤ᠂ | ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠪᠡᠯᠡ ᠣᠷᠣᠭᠤᠯᠤᠯᠲᠠ ᠶᠢᠨ ᠦᠢᠯᠡᠳᠦᠯ ᠢ ᠪᠦᠲᠦᠮᠵᠢᠲᠡᠢ | ᠪᠠᠳᠠᠷᠠᠭᠤᠯᠪᠠ᠃ | ᠶᠡᠷᠦᠩᠬᠡᠶ ᠳᠤᠨᠢ ᠠᠪᠴᠤ ᠬᠡᠯᠡᠪᠡᠯ᠂ ᠪᠥᠬᠦ ᠣᠷᠣᠨ ᠤ ᠠᠵᠤ ᠠᠬᠤᠶ ᠶᠢᠨ ︽ᠲᠣᠭᠲᠠᠭᠤᠨ︾ ᠤ ᠰᠠᠭᠤᠷᠢ | ᠦᠷᠭᠦᠯᠵᠢᠯᠡᠨ ᠪᠠᠬᠢᠵᠢᠵᠦ᠂ ︽ᠤᠷᠤᠭᠰᠢᠯᠠᠬᠤ︾ ᠪᠠᠶᠢᠳᠠᠯ ᠲᠠᠰᠤᠷᠠᠯᠲᠠ ᠥᠬᠡᠶ ᠴᠢᠩᠭᠠᠷᠠᠵᠤ᠂ ᠴᠢᠨᠠᠷ ᠰᠠᠶᠢᠲᠠᠶ | ᠬᠥᠭᠵᠢᠯᠲᠡ ᠯᠠᠪᠳᠠᠭᠤᠨ ᠪᠠᠲᠤᠲᠠᠶ ᠠᠭᠢᠵᠤ᠂ ᠪᠥᠬᠦ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠪᠠ᠃ ᠢᠯᠠᠩᠭᠤᠶ᠎ᠠ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ᠪᠢᠳᠡᠨ ᠳᠤ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠪᠡ᠂ ᠡᠨᠡ ᠪᠣᠯ ᠡᠨᠡ ᠵᠢᠯ ᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠭᠰᠠᠨ ᠤ ᠳᠠᠷᠠᠭᠠᠬᠢ ᠪᠠᠰᠠ ᠨᠢᠭᠡᠨ ᠪᠠᠶᠠᠷᠳᠤ ᠶᠠᠪᠤᠳᠠᠯ ᠮᠥᠨ᠂ ᠡᠨᠡ ᠨᠢ ᠥᠪᠥᠷ | ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠣᠷᠣᠨ | ᠳᠠᠶᠠᠭᠠᠷ ᠢᠶᠠᠨ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠠᠴᠢ ᠬᠠᠷᠢᠭᠤᠯᠤᠨ ᠡᠷᠡᠮᠡᠬᠡᠶᠢᠯᠡᠨ ᠤᠷᠤᠭᠰᠢᠯᠠᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ | ᠰᠤᠷᠲᠠᠯ ᠢᠶᠠᠷ ︽ᠰᠠᠨᠠᠯ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠᠯ᠂ ᠯᠠᠪᠲᠠᠢ ︽ᠰᠢᠨ᠎ᠡ ᠵᠠᠮ ᠨᠡᠬᠡᠬᠡᠨ᠂ | ᠳᠤᠮᠳᠠ ᠲᠦᠪᠰᠢᠨ ᠳᠤ ᠤᠷᠤᠭᠰᠢᠯᠠᠬᠤ︾ ᠬᠠᠷᠠᠯᠲᠠ ᠶᠢ ᠲᠦᠷᠭᠡᠨ ᠪᠡᠶᠡᠯᠡᠭᠦᠯᠵᠦ᠂ ᠥᠪᠥᠷ ᠮᠣᠩᠭᠤᠯ ᠤᠨ ︽ᠲᠣᠭᠲᠠᠭᠤᠨ | ︾ ᠪᠠ ︽ᠤᠷᠤᠭᠰᠢᠯᠠᠨ ᠲᠠᠪᠰᠢᠬᠤ︾ ᠪᠠᠷ ᠪᠦᠬᠦ ᠤᠯᠤᠰ ᠤᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠵᠦ | ᠴᠢᠳᠠᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ ᠪᠠᠶᠠᠷᠯᠠᠯ᠎ᠠ᠃ | ︽ᠥᠪᠥᠷ ᠮᠣᠩᠭᠤᠯ ᠤᠨ ᠥᠷᠯᠥᠭᠡ ᠶᠢᠨ ᠰᠣᠨᠢᠨ︾ ᠤ ᠰᠤᠷᠪᠤᠯᠵᠢᠯᠠᠭᠴᠢ᠄ | ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠯᠠᠮ | ᠨᠢᠭᠡ ᠠᠯᠬᠤᠮ ᠲᠦᠷᠭᠡᠳᠴᠡᠶ᠂ ᠲᠠ ᠣᠳᠣᠬᠠᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠦᠬᠦᠯᠢ | ᠴᠣᠭᠴᠠ ᠶᠢᠨ ᠪᠠᠶᠢᠳᠠᠯ ᠢ ᠬᠡᠷᠬᠢᠨ ᠦᠵᠡᠵᠦ ᠪᠠᠶᠢᠬᠤ ᠪᠣᠶ︖ | | | | | ᠸᠠᠩ ᠴᠤᠸᠠᠨ ᠵᠢᠩ᠄ | ᠲᠠᠨ ᠤ ᠠᠰᠠᠭᠤᠯᠲᠠ ᠳᠤ ᠪᠠᠶᠠᠷᠯᠠᠯ᠎ᠠ᠃ ᠠᠵᠤ ᠦᠢᠯᠡᠳᠪᠦᠷᠢ ᠪᠣᠯ ᠮᠠᠨ ᠤ ᠣᠷᠣᠨ ᠤ ᠠᠵᠤ ᠠᠬᠤᠢ ᠶᠢᠨ | ᠬᠥᠭᠵᠢᠯᠲᠡ ᠶᠢᠨ ᠰᠠᠭᠤᠷᠢ ᠮᠥᠨ᠂ ᠮᠠᠨ ᠤ ᠣᠷᠣᠨ ᠤ ᠠᠵᠤ ᠠᠬᠤᠢ ᠦᠷᠭᠦᠯᠵᠢᠯᠡᠨ ᠰᠡᠷᠭᠦᠵᠦ᠂ ᠥᠭᠡᠳᠡᠯᠡᠨ ᠰᠠᠶᠢᠵᠢᠷᠠᠬᠤ | ᠰᠠᠭᠤᠷᠢ ᠰᠠᠶᠢᠨ ᠪᠢᠰᠢ᠂ ᠵᠠᠩᠭᠢᠯᠠᠭ᠎ᠠ ᠨᠢ ᠠᠵᠤ ᠦᠢᠯᠡᠳᠪᠦᠷᠢ ᠪᠣᠯᠤᠨ᠎ᠠ᠃ ᠡᠨᠡ ᠵᠢᠯ ᠠᠴᠠ ᠨᠠᠭᠠᠰᠢ᠂ ᠪᠥᠬᠦ ᠣᠷᠣᠨ | ᠳᠠᠶᠠᠭᠠᠷ ︽16 ᠵᠤᠷᠪᠤᠰ︾ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠲᠠᠯ᠎ᠠ ᠪᠠᠷ | ᠤᠯᠠᠮᠵᠢᠯᠠᠯᠲᠤ ᠠᠵᠤ ᠦᠢᠯᠡᠰ ᠤᠨ ᠰᠢᠨᠡᠴᠢᠯᠡᠯᠳᠡ ᠡᠭᠦᠳᠦᠯᠳᠡ ᠶᠢ ᠠᠳᠬᠤᠵᠤ᠂ ᠨᠥᠭᠦᠭᠡ ᠲᠠᠯ᠎ᠠ ᠪᠠᠷ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ︽ᠲᠤᠯᠭᠠᠭᠤᠷᠢ︾ ᠶᠢ ᠠᠳᠬᠤᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ | ᠠᠬᠤᠶ ᠦᠷᠭᠦᠯᠵᠢᠯᠡᠨ ᠴᠢᠨᠠᠷ ᠰᠠᠶᠢᠲᠠᠶ ᠬᠥᠭᠵᠢᠯᠲᠡ ᠳᠠᠰᠢ ᠤᠷᠤᠭᠰᠢᠯᠠᠪᠠ᠃ ᠠᠵᠤ ᠦᠢᠯᠡᠳᠪᠦᠷᠢ ᠶᠢᠨ ᠠᠵᠢᠯᠯᠠᠭᠠᠨ ᠤ | ᠪᠦᠬᠦᠯᠢ ᠴᠣᠭᠴᠠ ᠶᠢᠨ ᠪᠠᠶᠢᠳᠠᠯ ᠪᠣᠯᠤᠨ ᠢᠳᠡᠪᠬᠢᠲᠡᠢ ᠬᠤᠪᠢᠷᠠᠯᠲᠠ ᠠᠴᠠ ᠦᠵᠡᠪᠡᠯ᠂ ᠭᠤᠣᠯᠳᠠᠭᠤ ᠭᠤᠷᠪᠠᠨ | ᠣᠨᠴᠠᠯᠢᠭ ᠲᠠᠢ᠃ | ᠨᠢᠭᠡ ᠳᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠲᠠᠰᠤᠷᠠᠯᠲᠠ ᠥᠬᠡᠶ | ᠳᠡᠭᠡᠭᠰᠢᠯᠡᠪᠡ᠃ ᠰᠠᠶ᠋ᠢ ᠶᠢᠨ ᠶᠠᠷᠢᠭᠰᠠᠨ ᠢᠶᠠᠷ᠂ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠥᠬᠡᠶ᠂ ᠡᠨᠧᠷᠭᠢ ᠵᠡᠷᠭᠡ ᠪᠥᠭᠡᠮ | ᠲᠠᠸᠠᠷ ᠤᠨ ᠦᠨ᠎ᠡ ᠬᠠᠩᠰᠢ ᠦᠷᠭᠦᠯᠵᠢᠯᠡᠨ ᠪᠠᠭᠤᠷᠠᠵᠤ ᠪᠠᠶᠢᠭ᠎ᠠ ᠠᠬᠤᠶ ᠪᠠᠶᠢᠳᠠᠯ ᠳᠤᠤᠷ᠎ᠠ᠂ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.7 ᠵᠠᠭᠤᠨ ᠤ ᠬᠤᠪᠢ ᠶᠢᠨ | ᠴᠡᠭ ᠲᠦᠷᠭᠡᠳᠴᠦ᠂ 4 ᠰᠠᠷ᠎ᠠ ᠳᠠᠷᠠᠭᠠᠯᠠᠨ ︽ᠪᠠᠭ᠎ᠠ ᠠᠯᠬᠤᠮ ᠢᠶᠠᠷ ᠲᠦᠷᠭᠡᠨ ᠭᠦᠶᠦᠬᠦ︾ ᠪᠣᠯᠤᠭᠰᠠᠨ ᠨᠢ ᠮᠠᠨ ᠤ | ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠤᠶᠠᠨ ᠬᠠᠲᠠᠨ ᠴᠢᠨᠠᠷ ᠢ ᠢᠯᠡᠷᠡᠭᠦᠯᠵᠡᠶ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 98.8% ᠳᠤ | ᠬᠦᠷᠴᠦ᠂ ᠡᠨᠡ ᠵᠢᠯ ᠠᠴᠠ ᠨᠠᠰᠢᠬᠢ ᠬᠠᠮᠤᠭ ᠤᠨ ᠥᠨᠳᠥᠷ ᠲᠦᠪᠰᠢᠨ ᠳᠤ ᠬᠦᠷᠴᠦ᠂ 4 ᠰᠠᠷ᠎ᠠ ᠳᠠᠷᠠᠭᠠᠯᠠᠨ 98% ᠠᠴᠠ | ᠳᠡᠭᠡᠭᠰᠢᠬᠢ ᠲᠦᠪᠰᠢᠨ ᠳᠤ ᠬᠦᠷᠴᠦ᠂ ᠮᠠᠰᠢ ᠬᠢᠯᠪᠠᠷ ᠪᠤᠰᠤ ᠶᠤᠮ᠃ | ᠬᠤᠶᠠᠷ ᠲᠤ᠂ ᠤᠯᠠᠮᠵᠢᠯᠠᠯᠲᠤ ᠠᠵᠤ ᠦᠢᠯᠡᠰ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠪᠠ᠃ ᠰᠠᠶ᠋ᠢᠬᠠᠨ ᠳᠤᠷᠠᠳᠤᠭᠰᠠᠨ ᠢᠶᠠᠷ᠂ ᠡᠨᠧᠷᠭᠢ ᠶᠢᠨ ᠠᠵᠤ ᠦᠢᠯᠡᠳᠪᠦᠷᠢ ᠨᠢ ᠮᠥᠨ ᠬᠦ ᠮᠠᠨ ᠤ ᠣᠷᠣᠨ ᠤ | ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ︽ᠰᠠᠭᠤᠷᠢ ᠴᠢᠯᠠᠭᠤ︾ ᠪᠣᠯᠵᠣ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ 40% ᠰᠢᠬᠠᠮ ᠳᠤ | ᠬᠦᠷᠴᠡᠶ᠃ ᠡᠨᠡ ᠬᠦ ︽ᠰᠠᠭᠤᠷᠢ ᠴᠢᠯᠠᠭᠤ︾ ᠨᠢ ᠲᠡᠭᠦᠨ ᠤ ᠠᠵᠤ ᠦᠢᠯᠡᠳᠪᠦᠷᠢ ᠶᠢᠨ ᠨᠡᠮᠡᠭᠳᠡᠯ ᠳᠤ ᠬᠡᠳᠦᠢ ᠶᠡᠭᠡ ᠬᠤᠪᠢ | ᠨᠡᠮᠡᠷᠢ ᠦᠵᠡᠭᠦᠯᠦᠭᠰᠡᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠨᠡᠩ ᠴᠢᠬᠤᠯᠠ ᠨᠢ ᠤᠯᠤᠰ ᠤᠨ ᠡᠨᠧᠷᠭᠢ ᠶᠢᠨ ᠠᠮᠤᠷ | ᠲᠦᠪᠰᠢᠨ ᠢ ᠪᠠᠲᠤᠯᠠᠬᠤ ᠳᠤ ᠡᠭᠦᠷᠭᠡᠯᠡᠵᠦ ᠪᠠᠶᠢᠭ᠎ᠠ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠦᠷᠭᠦᠯᠵᠢᠯᠡᠨ ᠢᠯᠡᠷᠡᠵᠦ᠂ | ᠬᠡᠪᠴᠢᠶᠡᠵᠢᠯ ᠠᠴᠠ ᠳᠡᠭᠡᠭᠰᠢᠬᠢ ᠨᠡᠭᠦᠷᠡᠰᠦᠨ ᠤ ᠭᠠᠷᠤᠯᠲᠠ 8.98 ᠳ᠋ᠦᠩᠰᠢᠭᠤᠷ ᠲᠣᠨ ᠳᠤ ᠬᠦᠷᠴᠦ᠂ ᠦᠷᠭᠦᠯᠵᠢᠯᠡᠨ | ᠪᠥᠬᠦ ᠤᠯᠤᠰ ᠤᠨ ᠬᠤᠶᠠᠳᠤᠭᠠᠷ ᠲᠤ ᠣᠷᠣᠵᠤ᠂ ᠡᠳᠦᠷ ᠳᠤᠮᠳᠠᠴᠢ ᠶᠢᠨ ᠭᠠᠷᠤᠯᠲᠠ ᠶᠢᠨ ᠬᠡᠮᠵᠢᠶ᠎ᠡ 300 ᠲᠦᠮᠡᠨ | ᠲᠣᠨ ᠠᠴᠠ ᠳᠡᠭᠡᠭᠰᠢ ᠳᠤ ᠲᠣᠭᠲᠠᠪᠤᠷᠢᠵᠢᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 13.6% ᠪᠠᠷ ᠨᠡᠮᠡᠭᠳᠡᠵᠦ᠂ 6 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ | ᠪᠠᠲᠤᠯᠠᠪᠠ᠂ ᠡᠲᠡᠭᠡᠷ ᠲᠤᠭ᠎ᠠ ᠪᠠᠷᠢᠮᠲᠠ ᠨᠢ ᠪᠠᠰᠠ ᠥᠪᠥᠷ ᠮᠣᠩᠭᠤᠯ ᠤᠨ ᠤᠯᠤᠰ ᠤᠨ ᠡᠨᠧᠷᠭᠢ ᠬᠡᠷᠡᠭᠯᠡᠬᠦ ᠬᠡᠷᠡᠭᠴᠡᠭᠡ ᠶᠢ | ᠪᠠᠲᠤᠯᠠᠬᠤ ᠲᠠᠯ᠎ᠠ ᠪᠠᠷ ᠶᠡᠭᠡ ᠲᠠᠯ᠎ᠠ ᠶᠢ ᠶᠠᠷᠢᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠪᠠᠶᠢᠬᠤ ᠶᠢ ᠲᠤᠰᠬᠠᠪᠠ᠃ | ᠭᠤᠷᠪᠠ ᠳᠤ ᠂ᠰᠢᠨ᠎ᠡ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠬᠤᠷᠠᠮᠳᠤᠵᠤ ᠪᠠᠶᠢᠨ᠎ᠠ᠃ ᠪᠦᠬᠦ ᠣᠷᠣᠨ ᠤ | ᠠᠵᠤ ᠦᠢᠯᠡᠰ ᠤᠨ ᠳᠡᠰ ᠳᠡᠪᠰᠢᠨ ᠬᠥᠭᠵᠢᠬᠦ ᠶᠢ ᠳᠠᠭᠠᠯᠳᠤᠨ᠂ ᠮᠡᠷᠭᠡᠵᠢᠯ ᠤᠨ ᠠᠭᠤᠯᠤᠭᠳᠠᠴᠠ ᠪᠠᠷ ᠨᠡᠯᠢᠶᠡᠳ ᠥᠨᠳᠥᠷ᠂ | ᠨᠡᠮᠡᠭᠳᠡᠯ ᠥᠷᠲᠡᠭ ᠢᠶᠠᠷ ᠨᠡᠯᠢᠶᠡᠳ ᠥᠨᠳᠥᠷ ᠳᠡᠭᠡᠳᠦ ᠲᠠᠰ ᠤᠨ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠯ ᠢᠶᠠᠨ | ᠪᠠᠲᠤᠯᠠᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠶᠢ ᠪᠤᠵᠠᠭᠠᠶᠢᠷᠠᠭᠤᠯᠪᠠ᠃ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20% ᠨᠡᠮᠡᠭᠳᠡᠵᠦ᠂ ᠡᠮ ᠡᠮᠨᠡᠯᠭᠡ ᠶᠢᠨ ᠦᠢᠯᠡᠳᠬᠦ ᠦᠢᠯᠡᠰ 31. | 4% ᠨᠡᠮᠡᠭᠳᠡᠵᠦ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ | 12.4% ᠨᠡᠮᠡᠭᠳᠡᠪᠡ︔ ᠬᠢᠮᠢ ᠶᠢᠨ ᠡᠮ ᠤᠨ ᠵᠦᠢᠯ ᠤᠨ ᠤᠤᠯ ᠡᠮ᠂ ᠡᠯᠧᠺᠲᠷᠣᠨ ᠲᠣᠨᠣᠭᠯᠠᠭᠠᠰᠤ ᠵᠡᠷᠭᠡ ᠳᠡᠭᠡᠳᠦ | ᠮᠡᠷᠭᠡᠵᠢᠯ ᠤᠨ ᠦᠢᠯᠡᠳᠬᠦᠨ ᠤ ᠭᠠᠷᠤᠯᠲᠠ ᠲᠣᠰ ᠲᠣᠰ 26.0% ᠪᠠ 46.8% ᠪᠠᠷ ᠨᠡᠮᠡᠭᠳᠡᠪᠡ᠃ | ᠣᠳᠣᠬᠠᠨ ᠳᠤ᠂ ᠠᠵᠤ ᠦᠢᠯᠡᠳᠪᠦᠷᠢ ᠶᠢᠨ ᠠᠵᠤ ᠠᠬᠤᠶ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠬᠦᠴᠢᠷᠳᠡᠯ | ᠪᠣᠯ ᠬᠠᠰᠢ ᠯᠠ ᠵᠠᠬ᠎ᠠ ᠳᠡᠯᠭᠡᠭᠦᠷ ᠤᠨ ᠬᠡᠷᠡᠭᠴᠡᠭᠡ ᠬᠦᠷᠦᠯᠴᠡᠬᠦ ᠦᠭᠡᠢ᠂ ᠠᠵᠤ ᠦᠢᠯᠡᠳᠪᠦᠷᠢ ᠶᠢᠨ ᠬᠡᠯᠪᠡᠷᠢ ᠶᠢ | ᠬᠤᠪᠢᠷᠠᠭᠤᠯᠬᠤ ᠲᠤᠬᠢᠷᠠᠭᠤᠯᠤᠯᠳᠠ ᠮᠥᠨ ᠯᠡ ᠳᠠᠷᠤᠯᠲᠠ ᠳᠤ ᠲᠤᠯᠭᠠᠷᠠᠵᠤ ᠪᠠᠶᠢᠨ᠎ᠠ᠃ ᠭᠡᠪᠡᠴᠦ ᠠᠷᠭ᠎ᠠ ᠬᠡᠮᠵᠢᠶ᠎ᠡ ᠶᠡᠷᠦ ᠨᠢ | ᠬᠦᠴᠢᠷᠳᠡᠯ ᠠᠴᠠ ᠣᠯᠠᠨ ᠭᠡᠳᠡᠭ ᠢ ᠪᠢ ᠢᠲᠡᠭᠡᠵᠦ ᠪᠠᠶᠢᠨ᠎ᠠ᠂ ᠢᠯᠠᠩᠭᠤᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ︽ | ᠰᠠᠨᠠᠯ︾ ᠢ ᠨᠠᠶᠢᠳᠠᠪᠤᠷᠢᠵᠢᠭᠤᠯᠬᠤ ᠪᠠ ᠡᠨᠡ ᠵᠢᠯ ᠤᠨ ︽ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ ᠪᠥᠬᠦ ᠣᠷᠣᠨ ᠤ ᠠᠵᠤ | ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠᠶᠢᠳᠠᠯ ᠢᠶᠠᠨ | ᠪᠠᠲᠤᠯᠠᠵᠤ ᠪᠠᠶᠢᠨ᠎ᠠ᠃ ᠪᠠᠶᠠᠷᠯᠠᠯ᠎ᠠ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠰᠤᠷᠪᠤᠯᠵᠢᠯᠠᠭᠴᠢ᠄ | ᠡᠨᠡ ᠵᠢᠯ ᠠᠴᠠ ᠨᠠᠰᠢ᠂ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠢᠮᠠᠭᠲᠠ ᠥᠨᠳᠥᠷ | ᠲᠦᠪᠰᠢᠨ ᠪᠥᠬᠦᠶ ᠠᠵᠢᠯᠯᠠᠭᠠᠨ ᠤ ᠪᠠᠶᠢᠳᠠᠯ ᠢᠶᠠᠨ ᠪᠠᠲᠤᠯᠠᠭᠰᠠᠭᠠᠷ ᠢᠷᠡᠵᠡᠶ᠂ ᠲᠠᠨ ᠤ ᠰᠠᠶ᠋ᠢ ᠶᠢᠨ ᠨᠡᠶᠢᠲᠡᠯᠡᠭᠰᠡᠨ | ᠪᠠᠶᠢᠳᠠᠯ ᠠᠴᠠ ᠭᠠᠳᠠᠨ᠎ᠠ᠂ ᠪᠠᠯᠠ ᠣᠷᠣᠭᠤᠯᠤᠯᠲᠠ ᠳᠤ ᠶᠠᠮᠠᠷ ᠶᠠᠮᠠᠷ ᠲᠣᠪᠤᠶᠢᠮ᠎ᠠ ᠬᠢᠯᠠᠰ ᠴᠡᠭ ᠪᠠᠶᠢᠬᠤ ᠪᠣᠶ︖ | | | | | ᠸᠠᠩ ᠴᠤᠸᠠᠨ ᠵᠢᠩ᠄ | ᠡᠨᠡ ᠵᠢᠯ ᠠᠴᠠ ᠨᠠᠭᠠᠰᠢ᠂ ᠪᠥᠬᠦ ᠣᠷᠣᠨ ᠳᠠᠶᠠᠭᠠᠷ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠭᠥᠯᠢᠶᠡᠨ | ᠠᠪᠴᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠲᠦᠰᠦᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ | ᠳᠡᠪᠰᠢᠭᠦᠯᠬᠦ ᠶᠢ ᠬᠦᠴᠦᠲᠡᠶ ᠪᠦᠲᠦᠮᠵᠢᠲᠡᠶ ᠠᠬᠢᠭᠤᠯᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠨᠡᠮᠡᠷᠢᠯᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ | ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠥᠬᠡᠶ︶ ᠲᠦᠷᠭᠡᠨ | ᠨᠡᠮᠡᠭᠳᠡᠬᠦ ᠬᠠᠨᠳᠤᠰᠢ ᠪᠠᠨ ᠪᠠᠲᠤᠯᠠᠪᠠ᠃ ᠰᠠᠶ᠋ᠢᠬᠠᠨ ᠮᠡᠳᠡᠭᠳᠡᠭᠰᠡᠨ ᠪᠠᠶᠢᠳᠠᠯ ᠠᠴᠠ ᠭᠠᠳᠠᠨ᠎ᠠ᠂ ᠲᠣᠪᠤᠶᠢᠮ᠎ᠠ ᠬᠢᠯᠠᠰ ᠴᠡᠭ ᠨᠢ | ᠭᠤᠤᠯᠳᠠᠭᠤ ᠳᠤᠤᠷᠠᠬᠢ ᠭᠤᠷᠪᠠᠨ ᠲᠠᠯ᠎ᠠ ᠪᠣᠶ᠃ | ᠨᠢᠭᠡ ᠳᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠠᠵᠤ ᠦᠢᠯᠡᠰ ᠤᠨ ᠳᠡᠰ | ᠳᠡᠪᠰᠢᠬᠦ ᠠᠯᠬᠤᠴᠠ ᠲᠦᠷᠭᠡᠳᠪᠡ᠃ ᠡᠨᠡ ᠵᠢᠯ ᠠᠴᠠ ᠨᠠᠭᠠᠰᠢ᠂ ᠪᠥᠬᠦ ᠣᠷᠣᠨ ᠦᠢᠯᠡᠳᠬᠦ ᠦᠢᠯᠡᠰ ᠤᠨ ᠳᠡᠭᠡᠳᠦ | ᠦᠵᠦᠭᠦᠷᠵᠢᠯᠲᠡ᠂ ᠤᠶᠤᠨᠴᠢᠯᠠᠯᠳᠠ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠪᠠᠷ ᠭᠤᠤᠯ ᠰᠢᠪᠲᠤᠯᠤᠯᠲᠠ ᠶᠢᠨ | ᠴᠢᠭᠯᠡᠯ ᠪᠣᠯᠭᠠᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠴᠢᠬᠤᠯᠠ ᠶᠡᠭᠡ ᠲᠦᠰᠦᠯ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠳᠬᠦ | ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 55.6% ᠪᠠᠷ ᠨᠡᠮᠡᠭᠳᠡᠵᠦ᠂ ᠪᠥᠬᠦ ᠪᠠᠯᠠ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 29.4 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ | ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ | ᠨᠣᠷᠮ᠎ᠠ 52.3% ᠳᠤ ᠬᠦᠷᠴᠡᠶ᠃ ᠭᠤᠤᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠴᠠᠬᠢᠯᠭᠠᠨ ᠮᠧᠬᠠᠨᠢᠭ ᠪᠠ | ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.4 ᠳᠠᠬᠢᠨ | ᠨᠡᠮᠡᠭᠳᠡᠵᠦ᠂ ᠪᠥᠬᠦ ᠣᠷᠣᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ 17.6 ᠵᠠᠭᠤᠨ ᠤ ᠬᠤᠪᠢ ᠶᠢᠨ ᠴᠡᠭ | ᠨᠡᠮᠡᠭᠳᠡᠬᠦ ᠶᠢ ᠳᠠᠶᠢᠴᠢᠯᠠᠪᠠ︔ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ 1.3 ᠲᠠᠬᠢᠨ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢ 17. | 1 ᠵᠠᠭᠤᠨ ᠤ ᠬᠤᠪᠢ ᠶᠢᠨ ᠴᠡᠭ ᠲᠠᠶᠢᠴᠢᠯᠠᠪᠠ︔ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦ ᠦᠢᠯᠡᠰ ᠤᠨ | ᠪᠠᠯᠠ ᠣᠷᠣᠭᠤᠯᠤᠯᠲᠠ 96.7% ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 13.3 ᠵᠠᠭᠤᠨ ᠤ | ᠬᠤᠪᠢ ᠶᠢᠨ ᠴᠡᠭ ᠨᠡᠮᠡᠭᠳᠡᠪᠡ᠃ | ᠬᠤᠶᠠᠷ ᠲᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠲᠦᠷᠭᠡᠳᠴᠦ᠂ ᠤᠳᠤ ᠦᠶ᠎ᠡ ᠶᠢᠨ | ᠡᠨᠧᠷᠭᠢ ᠶᠢᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠪᠥᠬᠦ ᠣᠷᠣᠨ | ᠳᠠᠶᠠᠭᠠᠷ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠡᠨᠡ ᠬᠦ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ᠂ ︽ | ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠦᠢᠯᠡᠳᠬᠦ᠂ ᠲᠣᠨᠤᠭ ᠲᠥᠬᠦᠭᠡᠷᠦᠮᠵᠢ᠂ ᠰᠢᠩᠭᠡᠭᠡᠬᠦ︾ ᠳᠤ ᠠᠩᠬᠠᠷᠤᠯ ᠢᠶᠠᠨ | ᠲᠥᠪᠯᠡᠷᠡᠭᠦᠯᠦᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠰᠦᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ | ᠠᠳᠬᠤᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ | ᠣᠷᠣᠭᠤᠯᠤᠯᠲᠠ ᠶᠢᠨ ᠪᠠᠷᠢᠯᠭ᠎ᠠ ᠶᠢᠨ ᠲᠦᠰᠦᠯ 1264 ᠪᠠᠶᠢᠵᠤ᠂ ᠲᠣᠰ ᠵᠢᠯ ᠳᠤ ᠰᠢᠨ᠎ᠡ ᠪᠠᠷ ᠨᠡᠮᠡᠭᠳᠡᠭᠰᠡᠨ ᠰᠢᠨ᠎ᠡ | ᠡᠨᠧᠷᠭᠢ ᠶᠢᠨ ᠠᠵᠤ ᠦᠢᠯᠡᠰ ᠤᠨ ᠪᠠᠷᠢᠯᠭ᠎ᠠ ᠶᠢᠨ ᠲᠦᠰᠦᠯ 534 | ᠪᠠᠶᠢᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 91. | 9% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 19.2 ᠵᠠᠭᠤᠨ ᠤ ᠬᠤᠪᠢ ᠶᠢᠨ ᠴᠡᠭ ᠳᠠᠶᠢᠴᠢᠯᠠᠪᠠ᠃ | ᠡᠭᠦᠨ ᠳᠤ᠂ ᠹᠧᠩ ᠭᠤᠸᠠᠩ ᠲᠣᠮᠣ ᠰᠠᠭᠤᠷᠢᠨ ᠭᠠᠵᠠᠷ ᠤᠨ ᠴᠠᠬᠢᠯᠭᠠᠨ ᠭᠠᠷᠭᠠᠬᠤ ᠲᠦᠰᠦᠯ ᠲᠦᠷᠭᠡᠨ | ᠨᠠᠶᠢᠳᠠᠪᠤᠷᠢᠵᠢᠭᠤᠯᠤᠭᠳᠠᠵᠤ᠂ ᠪᠥᠬᠦ ᠣᠷᠣᠨ ᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠰᠦᠯ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 39.6% ᠪᠠᠷ ᠨᠡᠮᠡᠭᠳᠡᠵᠦ᠂ ᠨᠡᠷᠡᠨ ᠡᠨᠧᠷᠭᠢ ᠶᠢᠨ ᠴᠠᠬᠢᠯᠭᠠᠨ | ᠭᠠᠷᠭᠠᠬᠤ ᠲᠥᠷᠥᠯ ᠵᠦᠢᠯ ᠤᠨ ᠪᠠᠯᠠ ᠣᠷᠣᠭᠤᠯᠤᠯᠲᠠ 1.2 ᠳᠠᠬᠢᠨ ᠨᠡᠮᠡᠭᠳᠡᠪᠡ᠃ | ᠭᠤᠷᠪᠠ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠥᠨᠳᠥᠷ ᠪᠠᠶᠢᠷᠢᠨ ᠳᠤ ᠪᠠᠶᠢᠵᠤ᠂ | ᠰᠢᠨ᠎ᠡ ᠶᠢ ᠡᠭᠦᠳᠬᠦ ᠬᠥᠭᠵᠢᠯᠲᠡ ᠶᠢᠨ ᠰᠡᠯᠭᠦᠬᠦ ᠬᠦᠴᠦᠨ ᠴᠢᠩᠭᠠᠷᠠᠪᠠ᠃ ᠪᠥᠬᠦ ᠣᠷᠣᠨ ᠤ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠶᠢ ᠳᠠᠭᠠᠯᠳᠤᠨ᠂ | ᠡᠯ᠎ᠡ ᠭᠠᠵᠠᠷ ᠤᠨ ᠬᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ | ᠳᠠᠪᠠᠭᠤᠯᠢᠭ ᠤᠨᠴᠠᠯᠢᠬᠳᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠮᠡᠷᠭᠡᠵᠢᠯ ᠤᠨ ᠠᠵᠤ | ᠦᠢᠯᠡᠰ ᠤᠨ ᠲᠦᠰᠦᠯ ᠢ ᠢᠳᠡᠪᠬᠢᠲᠡᠶ ᠪᠠᠶᠢᠷᠢᠰᠢᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠳᠡᠭᠡᠳᠦ | ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠪᠠᠷᠢᠯᠭ᠎ᠠ ᠶᠢᠨ ᠲᠦᠰᠦᠯ 453᠂ 10 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠷᠢᠯᠭ᠎ᠠ ᠶᠢᠨ ᠲᠦᠰᠦᠯ 59 ᠪᠣᠶ᠃ ᠪᠥᠬᠦ | ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 75. | 9% ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.4 ᠳᠠᠬᠢᠨ ᠨᠡᠮᠡᠭᠳᠡᠪᠡ᠃ ᠡᠭᠦᠨ ᠳᠤ᠂ ᠡᠮᠴᠢᠯᠡᠭᠡᠨ ᠤ ᠪᠠᠭᠠᠵᠢ | ᠲᠥᠬᠦᠭᠡᠷᠦᠮᠵᠢ ᠵᠢᠴᠢ ᠪᠠᠭᠠᠵᠢ ᠬᠡᠮᠵᠢᠭᠦᠷᠯᠢᠭ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 5.1 ᠳᠠᠬᠢᠨ ᠨᠡᠮᠡᠭᠳᠡᠵᠦ᠂ | ᠡᠯᠧᠺᠲᠷᠣᠨ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 1.5 ᠳᠠᠬᠢᠨ ᠨᠡᠮᠡᠭᠳᠡᠪᠡ᠃ | ᠪᠠᠭᠴᠠᠯᠠᠭᠠᠳ ᠬᠡᠯᠡᠪᠡᠯ᠂ ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠳᠡᠭᠡᠳᠦ ᠬᠤᠷᠳᠤᠴᠠ ᠪᠠᠷ ᠨᠡᠮᠡᠭᠳᠡᠬᠦ᠂ ᠥᠨᠳᠥᠷ ᠲᠦᠪᠰᠢᠨ ᠢᠶᠠᠷ ᠠᠵᠢᠯᠯᠠᠬᠤ ᠪᠠᠶᠢᠳᠠᠯ ᠢᠶᠠᠨ | ᠦᠷᠭᠦᠯᠵᠢᠯᠡᠭᠦᠯᠵᠦ᠂ ᠪᠥᠬᠦ ᠣᠷᠣᠨ ᠤ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ | ᠬᠡᠮᠵᠢᠶ᠎ᠡ ᠶᠢ ᠵᠦᠶ ᠵᠣᠬᠢᠰᠲᠠᠶ ᠨᠡᠮᠡᠭᠳᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠪᠠ ᠬᠦᠴᠦᠷᠬᠡᠭ ᠶᠡᠭᠡ ᠬᠥᠳᠡᠯᠭᠡᠬᠦ | ᠬᠦᠴᠦᠨ ᠢ ᠬᠠᠩᠭᠠᠪᠠ᠃ ᠲᠠᠷᠠᠭᠠᠴᠢ ᠶᠢᠨ ᠠᠯᠬᠤᠮ ᠳᠤ ᠬᠥᠭᠵᠢᠯᠲᠡ ᠶᠢᠨ ᠬᠠᠷᠠᠯᠲᠠ ᠶᠢ ᠦᠷᠭᠦᠯᠵᠢᠯᠡᠨ ᠭᠤᠶᠢᠪᠢᠰᠢ ᠥᠬᠡᠶ | ᠪᠠᠷᠢᠮᠲᠠᠯᠠᠵᠤ᠂ ᠲᠦᠰᠦᠯ ᠤᠨ ᠪᠥᠲᠥᠭᠡᠨ ᠪᠠᠶᠢᠭᠤᠯᠤᠯᠲᠠ ᠶᠢ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠰᠢᠨ᠎ᠡ ᠡᠨᠧᠷᠭᠢ | ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠭᠦᠨᠵᠡᠭᠡᠶ ᠬᠠᠭᠠᠯᠪᠤᠷᠢᠯᠠᠨ ᠨᠠᠷᠢᠯᠢᠭ | ᠠᠵᠢᠯᠯᠠᠵᠤ᠂ ᠪᠠᠯᠠ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠶᠠᠷ | ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ︾ ᠬᠠᠷᠠᠯᠲᠠ ᠶᠢ | ᠲᠦᠷᠭᠡᠳᠬᠡᠨ ᠪᠡᠶᠡᠯᠡᠭᠦᠯᠬᠦ ᠳᠤ ᠪᠠᠷᠠᠭᠳᠠᠰᠢ ᠥᠬᠡᠶ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ᠃ ᠪᠠᠶᠠᠷᠯᠠᠯ᠎ᠠ᠃ | ᠥᠪᠥᠷ ᠮᠣᠩᠭᠤᠯ ᠤᠨ ᠲᠧᠯᠸᠢᠰ ᠬᠤᠷᠢᠶᠠᠨ ᠤ ᠰᠤᠷᠪᠤᠯᠵᠢᠯᠠᠭᠴᠢ᠄ | ᠲᠡᠭᠡᠪᠡᠯ᠂ ᠡᠨᠡ ᠵᠢᠯ ᠤᠨ ᠮᠠᠨ ᠤ ᠣᠷᠣᠨ ᠤ ᠬᠡᠷᠡᠭᠯᠡᠭᠡ ᠶᠢᠨ ᠪᠠᠶᠢᠳᠠᠯ ᠠᠴᠠ ᠦᠵᠡᠪᠡᠯ᠂ ᠲᠦᠷᠦᠭᠦᠦ ᠭᠤᠷᠪᠠᠨ | ᠤᠯᠠᠷᠢᠯ ᠤᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠳᠤ ᠶᠠᠮᠠᠷ ᠶᠠᠮᠠᠷ ᠣᠨᠴᠠᠯᠢᠭ ᠢᠯᠡᠷᠡᠭᠰᠡᠨ ᠪᠣᠶ︖ | | | | | ᠸᠠᠩ ᠴᠤᠸᠠᠨ ᠵᠢᠩ᠄ | ᠮᠠᠨ ᠤ ᠣᠷᠣᠨ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠨᠡ | ᠵᠢᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢ ᠬᠥᠭᠵᠢᠭᠡᠬᠦ ᠠᠯᠢ ᠣᠯᠠᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠬᠡᠷᠡᠭᠯᠡᠭᠡ ᠶᠢ ᠠᠬᠢᠭᠤᠯᠬᠤ ᠠᠯᠢ ᠣᠯᠠᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠵᠦ᠂ ᠵᠠᠬ᠎ᠠ | ᠳᠡᠯᠭᠡᠭᠦᠷ ᠤᠨ ᠪᠣᠷᠣᠯᠠᠭᠤᠯᠭ᠎ᠠ ᠬᠥᠭᠵᠢᠶᠡᠨᠲᠡᠶ ᠪᠣᠯᠵᠣ᠂ ᠲᠠᠸᠠᠷ ᠤᠨ ᠲᠥᠷᠥᠯ ᠢᠯᠭᠠᠯ ᠠᠴᠠ ᠦᠵᠡᠪᠡᠯ᠂ ᠲᠤᠯᠤᠭᠠᠨ | ᠬᠤᠪᠢ ᠠᠴᠠ ᠳᠡᠭᠡᠭᠰᠢᠬᠢ ᠲᠠᠸᠠᠷ ᠤᠨ ᠲᠥᠷᠥᠯ ᠤᠨ ᠥᠷᠲᠡᠭ ᠤᠨ ᠵᠢᠵᠢᠭᠯᠡᠨ ᠬᠤᠳᠠᠯᠳᠤᠬᠤ ᠲᠤᠭ᠎ᠠ ᠨᠡᠮᠡᠭᠳᠡᠯ ᠢᠶᠠᠨ | ᠪᠠᠲᠤᠯᠠᠪᠠ᠃ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠳᠤ | ᠳᠤᠤᠷᠠᠬᠢ ᠬᠡᠳᠦᠨ ᠲᠠᠯ᠎ᠠ ᠶᠢᠨ ᠣᠨᠴᠠᠯᠢᠭ ᠢᠯᠡᠷᠡᠪᠡ᠄ | ᠨᠢᠭᠡ ᠳᠤ᠂ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠤᠨ ᠬᠡᠷᠡᠭᠯᠡᠭᠡ ᠲᠣᠭᠲᠠᠭᠤᠨ ᠢᠶᠠᠷ | ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠯᠤᠭ᠎ᠠ ᠨᠢᠭᠲᠠ | ᠬᠤᠯᠪᠣᠭ᠎ᠠ ᠲᠠᠢ ᠢᠳᠡᠬᠦ᠂ ᠡᠮᠦᠰᠬᠦ᠂ ᠬᠡᠷᠡᠭᠯᠡᠬᠦ ᠲᠥᠷᠥᠯ ᠤᠨ ᠲᠠᠸᠠᠷ ᠤᠨ ᠲᠣᠭᠲᠠᠭᠤᠨ ᠨᠡᠮᠡᠭᠳᠡᠯ ᠢ ᠪᠠᠲᠤᠯᠠᠪᠠ᠃ ᠪᠦᠬᠦ | ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠠᠮᠤ ᠪᠤᠳᠠᠭ᠎ᠠ ᠲᠣᠰᠣ ᠢᠳᠡᠭᠡᠨ ᠤ ᠲᠥᠷᠥᠯ᠂ ᠠᠷᠢᠬᠢ | ᠲᠠᠮᠠᠬᠢᠨ ᠤ ᠲᠥᠷᠥᠯ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ ᠤᠨ ᠵᠢᠵᠢᠭᠯᠡᠨ ᠬᠤᠳᠠᠯᠳᠤᠬᠤ ᠲᠤᠭ᠎ᠠ ᠴᠥᠮ ᠬᠤᠶᠠᠷ | ᠣᠷᠣᠨᠲᠤ ᠲᠤᠭ᠎ᠠ ᠪᠠᠷ ᠨᠡᠮᠡᠭᠳᠡᠬᠦ ᠶᠢ ᠪᠡᠶᠡᠯᠡᠭᠦᠯᠵᠦ᠂ ᠬᠤᠪᠴᠠᠰᠤ ᠬᠤᠨᠠᠷ᠂ ᠱᠠᠬᠠᠶ ᠮᠠᠯᠠᠭᠠᠶ᠂ ᠵᠡᠭᠦᠦ ᠨᠡᠬᠡᠮᠡᠯ ᠤᠨ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠬᠤ ᠲᠤᠭ᠎ᠠ 7.6% ᠪᠠᠷ ᠨᠡᠮᠡᠭᠳᠡᠪᠡ᠃ | ᠬᠤᠶᠠᠷ ᠲᠤ᠂ ᠬᠡᠷᠡᠭᠯᠡᠭᠡᠨ ᠤ ᠲᠡᠰ ᠲᠡᠪᠰᠢᠯᠳᠡ ᠲᠦᠷᠭᠡᠳᠪᠡ᠃ ᠵᠠᠬ᠎ᠠ ᠳᠡᠯᠭᠡᠭᠦᠷ ᠤᠨ ᠬᠠᠩᠭᠠᠯᠭ᠎ᠠ ᠲᠠᠰᠤᠷᠠᠯᠲᠠ | ᠥᠬᠡᠶ ᠲᠡᠭᠦᠯᠳᠡᠷᠵᠢᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠪᠦᠲᠦᠴᠡ ᠠᠯᠬᠤᠮ ᠠᠯᠬᠤᠮ ᠢᠶᠠᠷ ᠲᠠᠰ | ᠳᠡᠪᠰᠢᠵᠦ᠂ ᠪᠣᠬᠢᠷᠲᠤᠯ ᠥᠬᠡᠶ᠂ ᠣᠷᠴᠢᠨ ᠲᠣᠭᠤᠷᠢᠨ ᠢ ᠬᠠᠮᠠᠭᠠᠯᠠᠬᠤ᠂ ᠣᠶᠤᠨᠴᠢ ᠬᠡᠷᠡᠭᠯᠡᠭᠡ ᠨᠢ ᠰᠢᠨ᠎ᠡ ᠨᠡᠮᠡᠭᠳᠡᠯ ᠤᠨ | ᠴᠡᠭ ᠪᠣᠯᠵᠠᠶ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠣᠷᠣᠯᠠᠭᠤᠯᠤᠭᠰᠠᠨ ᠲᠤᠭ᠎ᠠ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ | ᠲᠤᠭ᠎ᠠ 12.0 ᠵᠠᠭᠤᠨ ᠤ ᠬᠤᠪᠢ ᠶᠢᠨ ᠴᠡᠭ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ | ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 12.8% ᠪᠠᠷ ᠨᠡᠮᠡᠭᠳᠡᠵᠦ᠂ ᠨᠣᠮ ᠰᠣᠨᠢᠨ ᠰᠡᠳᠬᠦᠯ ᠤᠨ ᠲᠥᠷᠥᠯ ᠠᠳᠠᠯᠢ | ᠬᠤᠭᠤᠴᠠᠭᠠᠨ ᠤ ᠬᠢ ᠠᠴᠠ 12.6% ᠪᠠᠷ | ᠨᠡᠮᠡᠭᠳᠡᠪᠡ᠃ | ᠭᠤᠷᠪᠠ ᠳᠤ᠂ ᠬᠦᠷᠦᠯᠴᠡᠬᠦ ᠬᠡᠯᠪᠡᠷᠢ ᠶᠢᠨ ᠴᠤᠭᠯᠠᠷᠠᠯ ᠤᠨ ᠬᠡᠯᠪᠡᠷᠢ ᠶᠢᠨ ᠬᠡᠷᠡᠭᠯᠡᠭᠡ ᠦᠷᠭᠦᠯᠵᠢᠯᠡᠨ ᠰᠡᠷᠭᠦᠪᠡ᠃ ᠡᠨᠡ | ᠵᠢᠯ ᠠᠴᠠ ᠨᠠᠭᠠᠰᠢ᠂ ᠪᠥᠬᠦ ᠣᠷᠣᠨ ᠤ ᠡᠯ᠎ᠡ ᠭᠠᠵᠠᠷ ᠤᠨ ᠬᠢᠨ ᠡᠯ᠎ᠡ ᠲᠥᠷᠥᠯ ᠤᠨ ᠰᠣᠶᠣᠯ ᠪᠠ ᠵᠢᠭᠤᠯᠴᠢᠯᠠᠯ ᠤᠨ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠶ ᠡᠷᠭᠢᠯᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ | ᠵᠢᠭᠤᠯᠴᠢᠯᠠᠯ ᠣᠯᠠᠰᠢᠷᠠᠵᠤ᠂ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠦᠷᠭᠦᠯᠵᠢᠯᠡᠨ | ᠥᠷᠭᠡᠳᠪᠡ᠃ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠵᠢᠯ ᠤᠨ ᠡᠬᠢᠨ ᠠᠴᠠ ᠨᠠᠰᠢ ᠬᠤᠶᠠᠷ ᠣᠷᠣᠨᠲᠤ | ᠲᠤᠭ᠎ᠠ ᠶᠢᠨ ᠨᠡᠮᠡᠭᠳᠡᠯ ᠢ ᠪᠠᠲᠤᠯᠠᠵᠤ᠂ ᠲᠦᠷᠦᠭᠦᠦ ᠭᠤᠷᠪᠠᠨ ᠤᠯᠠᠷᠢᠯ ᠳᠤ ᠠᠳᠠᠯᠢ ᠬᠤᠭᠤᠴᠠᠭᠠᠨ ᠤ ᠬᠢ ᠠᠴᠠ 16. | 6% ᠪᠠᠷ ᠨᠡᠮᠡᠭᠳᠡᠵᠦ᠂ ᠬᠤᠷᠰᠢᠶ᠎ᠠ ᠶᠢᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠠ ᠲᠠᠸᠠᠷ ᠤᠨ ᠵᠢᠵᠢᠭᠯᠡᠨ | ᠬᠤᠳᠠᠯᠳᠤᠭᠰᠠᠨ ᠠᠴᠠ ᠲᠣᠰ ᠲᠣᠰ 11.5 ᠪᠠ 12.8 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ | ᠲᠦᠷᠪᠡ ᠳᠤ᠂ ᠰᠢᠨ᠎ᠡ ᠬᠡᠯᠪᠡᠷᠢ ᠶᠢᠨ ᠬᠡᠷᠡᠭᠯᠡᠭᠡ ᠥᠷᠨᠢᠩᠭᠦᠢ ᠬᠥᠭᠵᠢᠪᠡ᠃ ᠣᠶᠢᠷ᠎ᠠ ᠶᠢᠨ ᠵᠢᠯ ᠤᠨ ᠲᠤᠷᠰᠢ ᠮᠠᠨ ᠤ | ᠣᠷᠣᠨ ᠤ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠲᠠᠰᠤᠷᠠᠯᠲᠠ | ᠤᠢᠭᠡᠢ ᠴᠣᠯᠭᠤᠷᠠᠨ ᠭᠠᠷᠴᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ᠂ ᠴᠠᠭ ᠲᠤᠬᠠᠶ ᠳᠤᠨᠢ ᠵᠢᠵᠢᠭᠯᠡᠨ | ᠬᠤᠳᠠᠯᠳᠤᠬᠤ ᠵᠡᠷᠭᠡ ᠰᠢᠨ᠎ᠡ ᠪᠣᠷᠣᠯᠠᠭᠤᠯᠬᠤ ᠵᠠᠭᠪᠤᠷ ᠨᠡᠯᠢᠶᠡᠳ ᠲᠦᠷᠭᠡᠨ ᠬᠥᠭᠵᠢᠵᠦ᠂ ᠰᠦᠯᠵᠢᠶᠡᠨ ᠳᠡᠭᠡᠷ᠎ᠡ ᠵᠢᠵᠢᠭᠯᠡᠨ | ᠬᠤᠳᠠᠯᠳᠤᠬᠤ ᠨᠢ ᠦᠷᠭᠦᠯᠵᠢᠯᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠣᠳᠠᠲᠤ ᠲᠠᠸᠠᠷ ᠤᠨ | ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠵᠦ᠂ | ᠬᠤᠷᠰᠢᠶ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 8.3% ᠳᠤ ᠬᠦᠷᠴᠡᠶ᠃ | ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ ᠨᠢᠭᠡ ᠳᠠᠬᠢᠨ ᠰᠢᠬᠠᠮ ᠨᠡᠮᠡᠭᠳᠡᠵᠦ᠂ 98.9% ᠳᠤ ᠬᠦᠷᠴᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 7.0% ᠢ ᠡᠵᠡᠯᠡᠵᠦ᠂ ᠳᠡᠭᠡᠷ᠎ᠡ | ᠬᠠᠭᠠᠰ ᠵᠢᠯ ᠤᠨ ᠬᠢ ᠠᠴᠠ 0.4 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠪᠠᠶᠠᠷᠯᠠᠯ᠎ᠠ︕ | | |