ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠦᠷᠢᠮ︾ ᠤᠨ ᠬᠤᠯᠪᠣᠭᠳᠠᠯ | ᠪᠥᠬᠦᠶ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ 2023 ᠣᠨ ᠳᠤ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ | ᠲᠠᠪᠤᠳᠤᠭᠠᠷ ᠤᠳᠠᠭᠠᠨ ᠤ ᠪᠥᠬᠦ ᠤᠯᠤᠰ ᠠᠴᠠ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2022﹈ 22 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠠᠴᠠ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠣᠳᠠᠲᠠᠶ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠤᠤᠷᠠᠬᠢ ᠮᠡᠲᠦ | ᠮᠡᠳᠡᠭᠳᠡᠶ᠎ᠡ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ | ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ | ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠵᠤ᠂ | ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ | ᠳᠤᠰᠬᠠᠨ᠎ᠠ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ | ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠂ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠠᠩᠬ᠎ᠠ ᠤᠳᠠᠭ᠎ᠠ | ᠨᠢᠭᠡᠳᠦᠯᠲᠡᠶ ᠲᠥᠯᠥᠪᠯᠡᠨ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠠᠵᠤ ᠦᠢᠯᠡᠰ ᠪᠣᠯᠤᠨ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ ᠂ ᠪᠠᠶᠢᠷᠢᠯᠠᠭᠤᠯᠤᠯᠲᠠ ᠪᠠ ᠦᠷ᠎ᠡ ᠠᠰᠢᠭ ᠢ ᠪᠦᠬᠦ | ᠲᠠᠯ᠎ᠠ ᠪᠠᠷ ᠪᠠᠶᠢᠴᠠᠭᠠᠨ᠂ ᠡᠯ᠎ᠡ ᠲᠥᠷᠥᠯ ᠤᠨ ᠨᠢᠭᠡᠴᠡ ᠶᠢᠨ ᠦᠨᠳᠦᠰᠦᠨ ᠪᠠᠶᠢᠳᠠᠯ ᠢ ᠲᠣᠳᠣᠷᠬᠠᠶ ᠤᠶᠢᠯᠠᠭᠠᠵᠤ᠂ | ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠬᠤᠭᠤᠷᠣᠨᠳᠣᠬᠢ ᠠᠵᠤ ᠠᠬᠤᠶ ᠶᠢᠨ ᠬᠠᠷᠢᠯᠴᠠᠭ᠎ᠠ ᠶᠢ | ᠡᠵᠡᠮᠰᠢᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ | ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢ ᠭᠦᠨᠵᠡᠭᠡᠶᠢᠷᠡᠬᠦᠯᠬᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠰᠢᠨ᠎ᠡ ᠠᠬᠢᠴᠠ ᠶᠢ ᠪᠤᠰᠤᠳᠴᠢ ᠪᠠᠷ | ᠲᠤᠰᠬᠠᠨ᠎ᠠ᠃ ᠨᠡᠶᠢᠳᠡᠮ ᠪᠠᠶᠢᠴᠠᠭᠠᠯᠲᠠ ᠪᠠᠷ ᠳᠠᠮᠵᠢᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠪᠠᠬᠢᠵᠢᠭᠦᠯᠵᠦ᠂ | ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠤᠷᠸ᠎ᠠ ᠠᠵᠤ ᠠᠬᠤᠶ ᠶᠢᠨ | ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠶ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠬᠤ ᠬᠡᠷᠡᠭᠲᠡᠶ᠃ | ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯᠤᠨ ᠬᠡᠪᠴᠢᠶ᠎ᠡ | ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷᠠᠬᠢ | ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠬᠦ ᠪᠦᠬᠦ ᠬᠠᠤᠯᠢ ᠶᠢᠨ | ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠣᠯᠤᠨ ᠬᠤᠪᠢ ᠶᠢᠨ ᠡᠵᠡᠩᠨᠡᠯᠲᠡ ᠶᠢᠨ | ᠡᠷᠦᠬᠡ ᠪᠣᠯᠤᠨ᠎ᠠ᠃ ᠪᠣᠳᠠᠲᠠᠢ ᠬᠡᠪᠴᠢᠶᠡᠨ ᠳᠤ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ | ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ | ᠪᠠᠷᠢᠯᠭ᠎ᠠ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ | ᠬᠥᠮᠥᠷᠭᠡᠯᠡᠯᠲᠡ ᠪᠠ ᠰᠢᠦᠳᠠᠨ ᠤ ᠦᠢᠯᠡᠰ᠂ ᠬᠤᠨᠤᠭ ᠪᠠ ᠢᠳᠡᠭᠡᠨ ᠤᠮᠳᠠᠭᠠᠨ ᠤ ᠦᠢᠯᠡᠰ᠂ ᠵᠠᠩᠭᠢ ᠳᠠᠮᠵᠢᠯᠭᠠᠨ᠂ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ | ᠦᠢᠯᠡᠰ᠂ ᠭᠡᠷ ᠪᠠᠶᠢᠰᠢᠩ ᠭᠠᠵᠠᠷ ᠬᠦ᠋ᠷᠦᠩᠭᠡ ᠶᠢᠨ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ | ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ᠂ | ᠰᠤᠷᠭᠠᠬᠤ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ | ᠦᠢᠯᠡᠰ᠂ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ | ᠵᠡᠷᠭᠡ ᠪᠠᠭᠳᠠᠨ᠎ᠠ᠃ | ᠭᠤᠷᠪᠠ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠴᠠᠭ | ᠨᠡᠶᠢᠳᠡᠮ ᠪᠠᠶᠢᠴᠠᠭᠠᠯᠲᠠ ᠶᠢᠨ ᠭᠤᠤᠯ ᠠᠭᠤᠯᠭ᠎ᠠ ᠳᠤ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠦᠨᠳᠦᠰᠦᠨ | ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ | ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ | ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠷᠠᠯᠵᠢᠶᠠᠨ ᠤ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ | ᠬᠠᠨᠳᠤᠰᠢ ᠪᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠦᠷᠢᠯᠳᠦᠴᠡ ᠶᠢᠨ ᠪᠠᠶᠢᠳᠠᠯ ᠵᠡᠷᠭᠡ ᠶᠢ | ᠪᠠᠭᠲᠠᠭᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠳ᠋ᠤᠭᠠᠷ ᠰᠠᠷ᠎ᠠ ᠶᠢᠨ 31 ᠤ | ᠡᠳᠦᠷ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠣᠨ ᠤ ᠮᠠᠲ᠋ᠧᠷᠢᠶᠠᠯ | ᠪᠣᠯᠤᠨ᠎ᠠ᠃ | ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠭᠤᠯᠭ᠎ᠠ | ᠣᠯᠠᠰᠢᠷᠠᠵᠤ᠂ ᠮᠡᠷᠭᠡᠵᠢᠯ ᠤᠨ ᠱᠠᠭᠠᠷᠳᠠᠯᠭ᠎ᠠ ᠳᠡᠭᠡᠭᠰᠢᠯᠡᠨ᠂ ᠠᠵᠢᠯ ᠤᠨ ᠬᠦᠴᠢᠷᠳᠡᠯ ᠶᠡᠬᠡᠰᠴᠦ ᠪᠠᠶᠢᠭ᠎ᠠ ᠪᠣᠯᠬᠤᠷ᠂ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ | ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠪᠠᠨ ᠲᠣᠪᠤᠶᠢᠯᠭᠠᠨ᠂ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ | ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ︵ᠪᠣᠳᠠᠲᠠᠶ ᠪᠠᠶᠢᠳᠠᠯ ᠢ ᠠᠰ ᠲᠤᠨᠢ ᠮᠡᠳᠡᠭᠳᠡᠨ᠎ᠡ︶ ᠶᠢ | ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠰᠤᠳᠤᠯᠬᠤ ᠪᠠ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠤᠰ ᠲᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠬᠠᠷᠢᠭᠤᠴᠠᠵᠤ᠂ ᠨᠢᠭᠲᠠ ᠬᠠᠮᠵᠢᠯᠴᠠᠨ᠂ | ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠶᠢ ᠬᠦᠴᠦ ᠪᠠᠨ ᠬᠠᠮᠲᠤᠳᠬᠠᠨ | ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠦᠬᠦ ᠣᠷᠣᠨ ᠤ | ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ | ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠤᠴᠢᠷ ᠤᠳ ᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ ᠵᠣᠬᠢᠴᠠᠭᠤᠯᠤᠨ᠎ᠠ︔ ᠲᠤᠭ᠎ᠠ | ᠪᠠᠷᠢᠮᠲᠠ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠳᠤ ᠬᠤᠯᠪᠣᠭᠳᠠᠬᠤ ᠲᠠᠯ᠎ᠠ ᠶᠢᠨ ᠵᠦᠢᠯᠡᠰ ᠢ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠲᠤᠭ᠎ᠠ ᠪᠠᠷᠢᠮᠲᠠ ᠶᠢᠨ ᠲᠥᠪ ᠠᠴᠠ | ᠬᠠᠷᠢᠭᠤᠴᠠᠨ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ | ᠬᠤᠯᠪᠣᠭᠳᠠᠬᠤ ᠤᠴᠢᠷ ᠤᠳ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠠᠴᠠ ᠬᠠᠷᠢᠭᠤᠴᠠᠨ ᠵᠣᠬᠢᠴᠠᠭᠤᠯᠤᠨ᠎ᠠ︔ ᠠᠵᠤ ᠠᠬᠤᠶᠢᠯᠠᠯ ᠪᠣᠯᠤᠨ ᠬᠤᠪᠢ ᠶᠢᠨ | ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠨᠡᠷᠡᠰ ᠤᠨ ᠲᠡᠭᠦᠪᠦᠷᠢ ᠳᠤ ᠬᠤᠯᠪᠣᠭᠳᠠᠬᠤ ᠲᠠᠯ᠎ᠠ ᠶᠢᠨ | ᠤᠴᠢᠷ ᠤᠳ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠤᠨ᠎ᠠ︔ ᠪᠠᠶᠢᠭᠤᠯᠭ᠎ᠠ | ᠪᠣᠯᠤᠨ ᠠᠵᠢᠯ ᠦᠢᠯᠡᠰ ᠤᠨ ᠨᠢᠭᠡᠴᠡ ᠶᠢᠨ ᠨᠡᠷᠡᠰ ᠤᠨ ᠲᠡᠭᠦᠪᠦᠷᠢ ᠳᠤ ᠬᠤᠯᠪᠣᠭᠳᠠᠬᠤ ᠲᠠᠯ᠎ᠠ ᠶᠢᠨ ᠤᠴᠢᠷ ᠤᠳ ᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ | ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ | ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠵᠢᠴᠢ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠶᠢᠨ ᠨᠡᠷᠡᠰ ᠤᠨ ᠲᠡᠭᠦᠪᠦᠷᠢ ᠳᠤ ᠬᠤᠯᠪᠣᠭᠳᠠᠬᠤ ᠲᠠᠯ᠎ᠠ ᠶᠢᠨ ᠤᠴᠢᠷ ᠤᠳ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠶ ᠣᠷᠣᠯᠠᠬᠤ ᠲᠡᠮᠳᠡᠭ ᠤᠨ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠲᠠᠯ᠎ᠠ ᠳᠤ | ᠬᠤᠯᠪᠣᠭᠳᠠᠬᠤ ᠤᠴᠢᠷ ᠤᠳ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠷᠢᠭᠤᠴᠠᠨ ᠵᠣᠬᠢᠴᠠᠭᠤᠯᠤᠨ᠎ᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠤᠪᠢᠳᠠᠨ | ᠬᠠᠮᠢᠶᠠᠷᠬᠤ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠢᠯᠡᠰ ᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠵᠣᠬᠢᠴᠠᠭᠤᠯᠤᠨ᠎ᠠ︔ | ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠵᠢᠴᠢ ᠬᠤᠯᠪᠣᠭᠳᠠᠯ | ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ | ᠰᠢᠰᠲ᠋ᠧᠮ ᠤᠨ ᠢᠶᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠬᠤ | ᠬᠡᠷᠡᠭᠲᠡᠶ︔ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ | ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢᠨ ᠬᠡᠷᠡᠭᠯᠡᠬᠦ ᠬᠠᠨᠳᠤᠰᠢ ᠶᠢ ᠪᠠᠶᠢᠴᠠᠭᠠᠬᠤ ᠡᠭᠦᠷᠭᠡ ᠶᠢ ᠵᠣᠬᠢᠶᠠᠨ | ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠨᠢᠭᠡᠴᠡ ᠨᠦᠭᠦᠳ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ | ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠪᠣᠯᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ | ᠣᠨᠣᠪᠴᠢᠲᠠᠶ ᠬᠠᠩᠭᠠᠬᠤ ᠬᠡᠷᠡᠭᠲᠡᠶ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠴᠤ ᠵᠣᠬᠢᠴᠠᠩᠭᠤᠶ ᠪᠦᠬᠦᠢ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠲᠤᠰ ᠭᠠᠵᠠᠷ | ᠣᠷᠣᠨ ᠤ ᠪᠠᠨ ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ | ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ | ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠣᠯᠤᠨ ᠰᠠᠭᠤᠭᠠᠯᠢ ᠠᠷᠠᠳ ᠤᠨ ᠵᠥᠪᠯᠡᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠪᠣᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ | ᠠᠰᠠᠷ ᠤᠨ ᠠᠳᠠᠯ ᠠᠬᠤᠶ ᠪᠣᠯᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠢ ᠭᠦᠢᠴᠡᠳ | ᠠᠰᠢᠭᠯᠠᠨ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠣᠷᠣᠨ ᠨᠤᠲᠤᠭ ᠤᠨ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠥᠬᠦᠴᠡᠯ ᠳᠤ ᠨᠡᠶᠢᠴᠡᠬᠦ | ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ | ᠬᠤᠯᠪᠣᠭᠳᠠᠯ ᠪᠦᠬᠦᠢ ᠨᠢᠭᠡᠴᠡ ᠠᠴᠠ ᠵᠥᠪᠳᠡᠯᠴᠡᠨ ᠰᠢᠯᠵᠢᠭᠦᠯᠵᠦ᠂ ᠤᠷᠢᠨ ᠬᠡᠷᠡᠭᠯᠡᠭᠰᠡᠨ ᠠᠵᠢᠯᠲᠠᠨ ᠤ | ᠬᠥᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠥᠭᠴᠦ᠂ ᠵᠥᠪᠳᠡᠯᠴᠡᠨ ᠰᠢᠯᠵᠢᠭᠦᠯᠦᠭᠰᠡᠨ | ᠠᠵᠢᠯᠲᠠᠨ ᠤ ᠤᠤᠯ ᠤᠨ ᠨᠢᠭᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ | ᠦᠭᠡᠶ ᠪᠠᠶᠢᠬᠤ ᠶᠢ ᠪᠠᠲᠤᠯᠠᠵᠤ ᠪᠣᠯᠤᠨ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠢᠳᠡᠪᠬᠢᠲᠡᠶ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ | ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ | ᠲᠣᠭᠲᠠᠪᠤᠷᠢᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠲᠠᠪᠤ᠂ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ | ᠵᠠᠷᠤᠳᠠᠯ ᠢ ᠣᠳᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠠᠷᠭ᠎ᠠ ᠵᠠᠮ ᠢᠶᠠᠷ ᠲᠥᠪ ᠤᠨ ᠪᠠ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠪᠠᠷ ᠡᠭᠦᠷᠭᠡᠯᠡᠵᠦ᠂ ᠵᠣᠬᠢᠴᠠᠩᠭᠤᠶ | ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠴᠠᠭ ᠬᠤᠭᠤᠴᠠᠭ᠎ᠠ ᠶᠣᠰᠣᠭᠠᠷ ᠰᠠᠯᠭᠠᠨ ᠥᠭᠴᠦ᠂ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ | ᠪᠠᠲᠤᠯᠠᠬᠤ ᠬᠡᠷᠡᠭᠲᠡᠶ᠃ ᠡᠯ᠎ᠡ ᠠᠶᠢᠮᠠᠭ ᠬᠤᠲᠠ ᠨᠤᠭᠤᠳ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ | ᠲᠣᠭᠤᠷᠢᠭ︶ ᠢᠯᠠᠩᠭᠤᠶ᠎ᠠ ᠡᠳ᠋ ᠤᠨ ᠵᠠᠰᠠᠭ ᠤᠨ ᠲᠠᠯ᠎ᠠ ᠪᠠᠷ ᠬᠦᠴᠢᠷᠳᠡᠯᠲᠡᠶ ᠬᠤᠰᠢᠭᠤ ᠰᠢᠶᠠᠨ ︵ᠬᠤᠲᠠ᠂ | ᠲᠣᠭᠤᠷᠢᠭ︶ ᠤ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ | ᠬᠢᠬᠦ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ | ᠴᠢᠩᠭᠠᠳᠬᠠᠨ᠂ ᠰᠠᠶᠢᠲᠤᠷ ᠭᠠᠮᠨᠠᠨ ᠠᠷᠪᠢᠯᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠨ᠂ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠎ᠠ᠃ ᠨᠡᠶᠢᠳᠡᠮ ᠪᠠᠶᠢᠴᠠᠭᠠᠯᠲᠠ ᠶᠢᠨ | ᠠᠵᠢᠯᠲᠠᠨ ᠪᠣᠯᠤᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠦᠬᠦᠨ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ︽ᠪᠦᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ | ᠬᠦᠰᠦᠨᠦᠭᠲᠦ ᠶᠢ ᠴᠠᠭ ᠬᠤᠭᠤᠴᠠᠭ᠎ᠠ ᠶᠣᠰᠣᠭᠠᠷ᠂ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠃ ᠶᠠᠮᠠᠷᠪᠠ | ᠨᠢᠭᠡᠴᠡ ᠪᠣᠯᠤᠨ ᠬᠤᠪᠢ ᠬᠥᠮᠦᠨ ᠭᠡᠳ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠶ᠂ ᠮᠡᠳᠡᠭᠦᠯᠬᠦ ᠶᠢ | ᠲᠡᠪᠴᠢᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠶ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠨᠢᠭᠡᠴᠡ | ᠪᠠ ᠬᠤᠪᠢ ᠬᠥᠮᠦᠨ ᠤ ᠮᠠᠲ᠋ᠧᠷᠢᠶᠠᠯ ᠢ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ ᠬᠢᠵᠠᠭᠠᠷᠯᠠᠨ | ᠲᠣᠭᠲᠠᠭᠠᠵᠤ᠂ ᠶᠠᠮᠠᠷᠪᠠ ᠨᠢᠭᠡᠴᠡ ᠠᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠱᠠᠩᠨᠠᠵᠤ ᠲᠣᠷᠭᠠᠬᠤ ᠶᠢᠨ | ᠦᠨᠳᠦᠰᠦᠯᠡᠯ ᠪᠣᠯᠭᠠᠵᠤ ᠪᠣᠯᠬᠤ ᠦᠭᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ | ᠠᠵᠢᠯᠲᠠᠳ ᠨᠡᠶᠢᠳᠡᠮ ᠪᠠᠶᠢᠴᠠᠭᠠᠯᠲᠠ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠣᠯᠤᠨ ᠨᠡᠶᠢᠳᠡᠮ | ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ ᠡᠭᠦᠷᠭᠡ ᠪᠠᠨ ᠡᠷᠬᠡᠪᠰᠢ ᠴᠢᠩᠭ᠎ᠠ ᠭᠦᠢᠴᠡᠳᠬᠡᠬᠦ ᠬᠡᠷᠡᠭᠲᠡᠶ︔ ᠵᠥᠪᠰᠢᠶᠡᠷᠡᠭᠦᠯᠦᠭᠡᠳᠦᠶ ᠪᠣᠯ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ | ᠨᠡᠶᠢᠲᠡᠯᠡᠵᠦ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠶᠢᠨ ᠠᠵᠢᠯ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ | ᠨᠡᠪᠲᠡᠷᠡᠭᠦᠯᠦᠨ ᠢᠯᠡᠴᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠲᠤᠭ᠎ᠠ ᠪᠠᠷᠢᠮᠲᠠ ᠶᠢᠨ | ᠶᠠᠰᠤ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ | ᠲᠥᠰᠦᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠪᠤᠴᠠ ᠶᠢ ᠵᠢᠷᠤᠮᠵᠢᠭᠤᠯᠵᠤ᠂ | ᠤᠴᠢᠷ ᠶᠠᠪᠤᠳᠠᠯ ᠤᠨ ᠡᠮᠦᠨ᠎ᠡ ᠬᠤᠶᠢᠨᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ | ᠪᠠᠶᠢᠴᠠᠭᠠᠬᠤ ᠶᠢ ᠴᠢᠩᠭᠠᠳᠬᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ | ᠵᠣᠬᠢᠶᠠᠬᠤ ᠶᠢ ᠦᠨᠡᠨ ᠬᠦ ᠰᠡᠷᠭᠡᠶᠢᠯᠡᠬᠦ ᠪᠠ ᠵᠠᠯᠬᠠᠭᠠᠨ ᠰᠢᠢᠳᠬᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠪᠠ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ | ᠶᠠᠰᠤ ᠴᠢᠨᠠᠷ ᠢ ᠮᠥᠷᠳᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠳᠡᠮ | ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠪᠦᠲᠦᠮᠵᠢᠲᠡᠶ | ᠮᠡᠷᠭᠡᠵᠢᠯ ᠤᠨ ᠠᠷᠭ᠎ᠠ ᠪᠠᠷᠢᠯ ᠪᠣᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ | ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃ ᠴᠠᠭ ᠲᠤᠨᠢ ᠲᠣᠬᠢᠷᠠᠭᠤᠯᠤᠨ ᠨᠡᠶᠢᠳᠡᠮ ᠪᠠᠶᠢᠴᠠᠭᠠᠯᠲᠠ ᠶᠢᠨ ᠠᠵᠢᠯ | ᠥᠷᠨᠢᠭᠦᠯᠦᠭᠰᠡᠨ ᠪᠠᠶᠢᠳᠠᠯ ᠢ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠬᠤ ᠬᠡᠷᠡᠭᠲᠡᠶ᠃ | ︵ᠭᠤᠷᠪᠠ︶ ᠠᠷᠭ᠎ᠠ ᠪᠠᠷᠢᠯ ᠤᠨ ᠰᠢᠨ᠎ᠡ ᠶᠢ ᠡᠭᠦᠳᠬᠦ ᠬᠡᠷᠡᠭᠳᠡᠢ᠃ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠭᠡᠷᠡᠴᠢ ᠦᠨᠡᠮᠯᠡᠯ ᠤᠨ ᠮᠡᠳᠡᠭᠡ ᠵᠠᠩᠭᠢ | ᠵᠡᠷᠭᠡ ᠶᠢᠨ ᠨᠡᠶᠢᠳᠡᠮ ᠪᠠᠶᠢᠴᠠᠭᠠᠯᠲᠠ ᠳᠤᠮᠳᠠᠬᠢ ᠬᠡᠷᠡᠭᠯᠡᠯᠲᠡ ᠶᠢ ᠠᠬᠢᠭᠤᠯᠤᠨ᠂ ᠰᠦᠯᠵᠢᠶ᠎ᠡ ᠪᠠᠷ ᠲᠠᠭᠯᠠᠨ | ᠮᠡᠳᠡᠭᠦᠯᠬᠦ ᠶᠢ ᠡᠯᠧᠺᠲᠷᠣᠨ ᠦᠵᠦᠭᠦᠷ ᠢᠶᠠᠷ ᠲᠤᠬᠠᠶ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠯᠤᠭ᠎ᠠ | ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠰᠢᠢᠳᠪᠦᠷᠢᠯᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠬᠡᠷᠡᠭᠴᠡᠭᠡ ᠳᠤ ᠵᠣᠬᠢᠴᠠᠭᠤᠯᠤᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠰᠦᠯᠵᠢᠶ᠎ᠡ ᠪᠠᠷ ᠳᠠᠮᠵᠢᠭᠤᠯᠤᠨ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠪᠡᠶ᠎ᠡ ᠪᠠᠨ ᠳᠠᠭᠠᠭᠠᠵᠤ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ | ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠠᠬᠢᠭᠤᠯᠤᠨ᠎ᠠ᠃ | ︵ᠳᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢᠨ ᠤᠬᠠᠭᠠᠯᠠᠬᠤ ᠪᠠ ᠵᠣᠬᠢᠶᠠᠨ ᠪᠠᠶᠢᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ | ᠬᠡᠷᠡᠭᠲᠡᠶ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠵᠠᠮ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠠ | ᠱᠠᠭᠠᠷᠳᠠᠯᠭ᠎ᠠ ᠶᠢ ᠥᠷᠭᠡᠨ ᠳᠡᠯᠭᠡᠷ ᠭᠦᠨᠵᠡᠭᠡᠶ ᠤᠬᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ | ᠴᠣᠯᠭᠤᠷᠠᠨ ᠭᠠᠷᠤᠭᠰᠠᠨ ᠨᠡᠶᠢᠲᠡᠯᠢᠭ ᠦᠢᠯᠡ ᠶᠠᠪᠤᠳᠠᠯ ᠢ ᠤᠬᠠᠭᠤᠯᠤᠨ᠂ ᠬᠠᠤᠯᠢ ᠰᠠᠬᠢᠯᠭ᠎ᠠ ᠠᠴᠠ ᠵᠥᠷᠢᠴᠡᠭᠰᠡᠨ | ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠢᠯᠡᠴᠢᠯᠡᠵᠦ᠂ ᠥᠷᠭᠡᠨ ᠣᠯᠠᠨ ᠨᠡᠶᠢᠳᠡᠮ ᠪᠠᠶᠢᠴᠠᠭᠠᠭᠳᠠᠬᠤ | ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ | ᠬᠠᠮᠵᠢᠯᠴᠠᠭᠤᠯᠵᠤ᠂ ᠪᠦᠬᠦ ᠨᠡᠶᠢᠭᠡᠮ ᠢᠶᠠᠷ ᠢᠶᠠᠨ ᠨᠡᠶᠢᠳᠡᠮ ᠪᠠᠶᠢᠴᠠᠭᠠᠯᠲᠠ ᠳᠤ ᠢᠳᠡᠪᠬᠢᠲᠡᠶ ᠣᠷᠣᠯᠴᠠᠭᠤᠯᠤᠨ᠂ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠶ | ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠨ᠎ᠠ᠃ | ︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠶ ᠳᠤᠨᠢ | ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠠᠨ᠂ | ᠪᠦᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠤᠳᠤᠯᠤᠨ ᠮᠠᠭᠠᠳᠯᠠᠵᠤ᠂ ᠬᠤᠷᠸ᠎ᠠ ᠲᠠᠯ᠎ᠠ ᠶᠢᠨ ᠰᠢᠢᠳᠪᠦᠷᠢᠳᠦ | ᠪᠣᠳᠣᠯᠭ᠎ᠠ ᠲᠣᠭᠲᠠᠭᠠᠬᠤ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ | ᠪᠦᠷᠢᠳᠬᠡᠯ ᠤᠨ ᠵᠥᠪᠯᠡᠯᠭᠡ ᠥᠭᠬᠦ ᠶᠢᠨ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃ | | 2023 ᠣᠨ ᠤ 2 ᠰᠠᠷ᠎ᠠ ᠶᠢᠨ 13 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ |