2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠭᠤᠤᠯ ᠲᠤᠭ᠎ᠠ ᠪᠠᠷᠢᠮᠲᠠ ᠶᠢᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/3/22
      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠬᠤᠪᠢᠷᠠᠯᠲᠠ ᠶᠢᠨ ᠥᠯᠢᠭᠡᠷ ᠠᠪᠬᠤ ᠪᠠᠶᠢᠴᠠᠭᠠᠯᠲᠠ ᠶᠢ ᠪᠥᠬᠦ ᠣᠷᠣᠨ ᠢᠶᠠᠷ ᠶᠡᠷᠦᠩᠬᠡᠶ ᠴᠣᠭᠴᠠ ᠪᠣᠯᠭᠠᠵᠤ᠂ 108 ᠬᠤᠰᠢᠭᠤ ᠰᠢᠶᠠᠨ ︵ᠬᠤᠲᠠ᠂ ᠲᠣᠭᠤᠷᠢᠭ︶ ︵ᠡᠭᠦᠨ ᠳᠤ᠂ ᠬᠤᠰᠢᠭᠤ ᠰᠢᠶᠠᠨ ᠲᠣᠭᠤᠷᠢᠭ 103᠂ ᠨᠡᠭᠡᠭᠡᠯᠲᠡ ᠶᠢᠨ ᠣᠷᠣᠨ 4᠂ ᠬᠠᠮᠢᠶᠠᠷᠤᠯᠲᠠ ᠶᠢᠨ ᠵᠥᠪᠯᠡᠯ 1︶ ᠢᠶᠠᠷ ᠶᠡᠷᠦᠩᠬᠡᠶ ᠴᠣᠭᠴᠠ ᠪᠣᠯᠭᠠᠵᠤ᠂ ᠳᠠᠪᠬᠤᠷᠭ᠎ᠠ ᠬᠤᠪᠢᠶᠠᠭᠰᠠᠨ᠂ ᠰᠦᠷᠦᠭᠯᠡᠭᠰᠡᠨ᠂ ᠲᠣᠬᠢᠶᠠᠯᠳᠤᠮᠵᠢ ᠶᠢᠨ ᠬᠠᠷᠢᠴᠠᠯ ᠤᠨ ᠥᠯᠢᠭᠡᠷ ᠠᠪᠬᠤ ᠠᠷᠭ᠎ᠠ ᠶᠢ ᠠᠪᠴᠤ᠂ ᠨᠡᠶᠢᠲᠡ 3432 ᠲᠣᠰᠬᠤᠨ ᠤ ᠲᠠᠰ ᠤᠨ ᠥᠯᠢᠭᠡᠷ ᠠᠪᠴᠤ᠂ 20 . 2 ᠲᠦᠮᠡᠨ ᠡᠷᠦᠬᠡ ᠳᠤ ᠪᠠᠶᠢᠴᠠᠭᠠᠯᠲᠠ ᠬᠢᠨ᠎ᠠ᠃ ᠡᠳᠦᠭᠡ ᠬᠥᠮᠦᠨ ᠠᠮᠠ ᠶᠢᠨ ᠬᠤᠪᠢᠷᠠᠯᠲᠠ ᠶᠢ ᠦᠨᠳᠦᠰᠦᠯᠡᠨ ᠰᠤᠭᠤᠴᠢᠨ ᠪᠠᠶᠢᠴᠠᠭᠠᠭᠰᠠᠨ ᠲᠤᠭ᠎ᠠ ᠪᠠᠷᠢᠮᠲᠠ ᠶᠢ ᠲᠥᠰᠦᠭᠡᠯᠡᠨ ᠪᠤᠳᠤᠭᠰᠠᠨ ᠪᠥᠬᠦ ᠣᠷᠣᠨ ᠤ 2022 ᠣᠨ ᠤ ᠬᠥᠮᠦᠨ ᠠᠮᠠ ᠶᠢᠨ ᠭᠤᠤᠯ ᠪᠣᠯᠬᠤ ᠲᠤᠭ᠎ᠠ ᠪᠠᠷᠢᠮᠲᠠ ᠶᠢ ᠳᠤᠤᠷᠠᠬᠢ ᠮᠡᠲᠦ ᠨᠡᠶᠢᠲᠡᠯᠡᠪᠡ᠄       ᠨᠢᠭᠡ᠂ ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠢ ᠬᠡᠮᠵᠢᠶ᠎ᠡ       2022 ᠣᠨ ᠤ ᠡᠴᠦᠰ ᠲᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 2401.17 ᠲᠦᠮᠡ ᠪᠣᠯᠵᠣ᠂ 2021 ᠣᠨ ᠤ ᠡᠴᠦᠰ ᠤᠨ ᠬᠢ ᠠᠴᠠ 1.17 ᠲᠦᠮᠡ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 0.05 % ᠪᠣᠯᠪᠠ᠃       ᠬᠤᠶᠠᠷ᠂ ᠬᠤᠳᠠ ᠲᠣᠰᠬᠤᠨ ᠤ ᠪᠦᠲᠦᠴᠡ       2022 ᠣᠨ ᠤ ᠡᠴᠦᠰ ᠲᠤ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠦᠨ ᠠᠮᠠ 1647.20 ᠲᠦᠮᠡ ᠪᠠᠶᠢᠵᠤ᠂ 2021 ᠣᠨ ᠤ ᠡᠴᠦᠰ ᠤᠨ ᠬᠢ ᠠᠴᠠ 10.16 ᠲᠦᠮᠡ ᠨᠡᠮᠡᠭᠳᠡᠵᠡᠶ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠦᠨ ᠠᠮᠠ 753.97 ᠲᠦᠮᠡ ᠪᠠᠶᠢᠵᠤ᠂ 2021 ᠣᠨ ᠤ ᠡᠴᠦᠰ ᠤᠨ ᠬᠢ ᠠᠴᠠ 8.99 ᠲᠦᠮᠡ ᠪᠠᠭᠠᠰᠪᠠ᠃ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 68.60 % ᠬᠦᠷᠴᠦ᠂ 2021 ᠣᠨ ᠤ ᠬᠢ ᠠᠴᠠ 0.39 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃       ᠭᠤᠷᠪᠠ᠂ ᠨᠠᠰᠤᠨ ᠤ ᠪᠦᠷᠢᠯᠳᠦᠯ       2022 ᠣᠨ ᠤ ᠡᠴᠦᠰ ᠪᠣᠯᠬᠤ ᠳᠤ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ 0-15 ᠨᠠᠰᠤᠨ ᠤ ᠬᠥᠮᠦᠨ ᠠᠮᠠ 343.13 ᠲᠦᠮᠡ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 14.29 % ᠶᠢ ᠡᠵᠡᠯᠡᠪᠡ︔ 16 - 59 ᠨᠠᠰᠤᠨ ᠤ ᠬᠥᠮᠦᠨ ᠠᠮᠠ 1542.99 ᠲᠦᠮᠡ ᠪᠠᠶᠢᠵᠤ᠂ 64.26 % ᠶᠢ ᠡᠵᠡᠯᠡᠪᠡ︔ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 515.05 ᠲᠦᠮᠡ ᠪᠠᠶᠢᠵᠤ᠂ 21.45% ᠶᠢ ᠡᠵᠡᠯᠡᠪᠡ᠃ 2021 ᠣᠨ ᠲᠠᠢ ᠬᠠᠷᠢᠴᠠᠭᠤᠯᠪᠠᠯ᠂ 0-15 ᠨᠠᠰᠤᠨ ᠤ ᠬᠥᠮᠦᠨ ᠠᠮᠠ 9.87 ᠲᠦᠮᠡ ᠪᠠᠭᠠᠰᠴᠤ᠂ ᠬᠤᠪᠢ ᠶᠢᠨ ᠵᠢᠩ ᠨᠢ 0.42 ᠵᠠᠭᠤᠨ ᠤ ᠬᠤᠪᠢ ᠶᠢᠨ ᠴᠡᠭ ᠪᠠᠭᠤᠷᠠᠪᠠ︔ 16 - 59 ᠨᠠᠰᠤᠨ ᠤ ᠬᠥᠮᠦᠨ ᠠᠮᠠ 17.01 ᠲᠦᠮᠡ ᠪᠠᠭᠠᠰᠴᠤ᠂ ᠬᠤᠪᠢ ᠶᠢᠨ ᠵᠢᠩ ᠨᠢ 0.74 ᠵᠠᠭᠤᠨ ᠤ ᠬᠤᠪᠢ ᠶᠢᠨ ᠴᠡᠭ ᠪᠠᠭᠤᠷᠠᠪᠠ︔ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 28 . 05 ᠲᠦᠮᠡ ᠨᠡᠮᠡᠭᠳᠡᠵᠦ᠂ ᠬᠤᠪᠢ ᠶᠢᠨ ᠵᠢᠩ ᠨᠢ 1.16 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠂ ᠡᠭᠦᠨ ᠳᠤ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠦᠨ ᠠᠮᠠ 20.95 ᠲᠦᠮᠡ ᠨᠡᠮᠡᠭᠳᠡᠪᠡ᠃       ᠳᠥᠷᠪᠡ᠂ ᠴᠢᠨᠠᠷ ᠤᠨ ᠢᠯᠭᠠᠯ ᠪᠦᠷᠢᠯᠳᠦᠯ       2022 ᠣᠨ ᠤ ᠡᠴᠦᠰ ᠪᠣᠯᠬᠤ ᠳᠤ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠡᠷᠡᠭᠲᠡᠶ ᠬᠥᠮᠦᠨ ᠠᠮᠠ 1224.74 ᠲᠦᠮᠡ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 51.01% ᠶᠢ ᠡᠵᠡᠯᠡᠪᠡ︔ ᠡᠮᠡᠭᠲᠡᠶ ᠬᠥᠮᠦᠨ ᠠᠮᠠ 1176.43 ᠲᠦᠮᠡ ᠪᠠᠶᠢᠵᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 48.99% ᠶᠢ ᠡᠵᠡᠯᠡᠪᠡ᠃ ᠴᠢᠨᠠᠷ ᠤᠨ ᠢᠯᠭᠠᠯ ᠤᠨ ᠬᠠᠷᠢᠴᠠᠯ ︵ᠡᠮᠡᠭᠲᠡᠶᠢᠴᠦᠳ 100᠂ ᠡᠷᠡᠭᠲᠡᠶ ᠡᠮᠡᠭᠲᠡᠶ ᠶᠢᠨ ᠬᠠᠷᠢᠴᠠᠯ︶ ᠨᠢ 104.11 ᠪᠠᠶᠢᠵᠤ᠂ 2021 ᠣᠨ ᠤ ᠬᠢ ᠠᠴᠠ 0.32 ᠪᠠᠭᠤᠷᠠᠪᠠ᠃       ᠲᠠᠪᠤ᠂ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ       2022 ᠣᠨ ᠤ ᠡᠴᠦᠰ ᠲᠤ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠳᠣᠲᠣᠷ᠎ᠠ᠂ ᠲᠥᠷᠥᠭᠰᠡᠨ ᠬᠥᠮᠦᠨ ᠠᠮᠠ 13.40 ᠲᠦᠮᠡ ᠪᠠᠶᠢᠵᠤ᠂ 2021 ᠣᠨ ᠤ ᠬᠢ ᠠᠴᠠ 1.63 ᠲᠦᠮᠡ ᠪᠠᠭᠠᠰᠪᠠ︔ ᠬᠥᠮᠦᠨ ᠠᠮᠠ ᠶᠢᠨ ᠳᠦᠷᠦᠯᠲᠡ ᠶᠢᠨ ᠨᠣᠷᠮ᠎ᠠ 5.58 ‰ ᠪᠣᠯᠵᠣ᠂ 2021 ᠣᠨ ᠤ ᠬᠢ ᠠᠴᠠ 0.68 ᠮᠢᠩᠭᠠᠨ ᠬᠤᠪᠢ ᠶᠢᠨ ᠴᠡᠭ ᠪᠠᠭᠤᠷᠠᠪᠠ︔ 18.80 ᠲᠦᠮᠡᠨ ᠬᠥᠮᠦᠨ ᠨᠠᠰᠤ ᠪᠠᠷᠠᠵᠤ᠂ 2021 ᠣᠨ ᠤ ᠬᠢ ᠠᠴᠠ 0.69 ᠲᠦᠮᠡᠨ ᠬᠥᠮᠦᠨ ᠨᠡᠮᠡᠭᠳᠡᠪᠡ︔ ᠬᠥᠮᠦᠨ ᠠᠮᠠ ᠶᠢᠨ ᠦᠬᠦᠯ ᠤᠨ ᠨᠤᠷᠮ᠎ᠠ 7.83 ‰ ᠳᠤ ᠬᠦᠷᠴᠦ᠂ 2021 ᠣᠨ ᠤ ᠬᠢ ᠠᠴᠠ 0.29 ᠮᠢᠩᠭᠠᠨ ᠬᠤᠪᠢ ᠶᠢᠨ ᠴᠡᠭ ᠳᠡᠭᠡᠭᠰᠢᠯᠡᠪᠡ︔ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠣᠷᠮ᠎ᠠ - 2.25 ‰ ᠪᠣᠯᠵᠣ᠂ 2021 ᠣᠨ ᠤ ᠬᠢ ᠠᠴᠠ 0.97 ᠮᠢᠩᠭᠠᠨ ᠤ ᠬᠤᠪᠢ ᠶᠢᠨ ᠴᠡᠭ ᠪᠠᠭᠤᠷᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号