2023 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/4/27
       ︽ᠥᠪᠥᠷ ᠮᠣᠩᠭᠤᠯ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠰᠠᠶᠢᠨ ᠪᠠᠶᠢᠨ᠎ᠠ ᠦᠦ᠃ ᠲᠠ ᠰᠠᠶ᠋ᠢᠬᠠᠨ ᠡᠨᠡ ᠵᠢᠯ ᠤᠨ ᠨᠢᠭᠡᠳᠦᠭᠡᠷ ᠤᠯᠠᠷᠢᠯ ᠤᠨ ᠥᠪᠥᠷ ᠮᠣᠩᠭᠤᠯ ᠤᠨ ᠭᠤᠤᠯ ᠪᠣᠯᠬᠤ ᠠᠵᠤ ᠠᠬᠤᠶ ᠶᠢᠨ ᠲᠤᠭ᠎ᠠ ᠪᠠᠷᠢᠮᠲᠠ ᠶᠢ ᠵᠠᠷᠯᠠᠨ ᠮᠡᠳᠡᠭᠳᠡᠪᠡ᠂ ᠲᠠ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠡᠷᠬᠢᠨ ᠦᠨᠡᠯᠡᠬᠦ ᠪᠣᠶ︖ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖      ᠬᠠᠷᠢᠭᠤᠯᠲᠠ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠬᠤᠷ᠂ ᠰᠠᠶᠢᠨ ᠡᠬᠢᠯᠡᠯᠲᠡ ᠲᠠᠢ ᠪᠣᠯᠭᠠᠵᠤ᠂ ᠪᠦᠬᠦ ᠣᠷᠣᠨ ᠤ ᠠᠵᠤ ᠠᠬᠤᠶ ᠶᠢᠨ ᠯᠠᠪᠳᠠᠭᠤᠨ ᠢᠶᠠᠷ ᠤᠷᠤᠭᠰᠢ ᠬᠥᠭᠵᠢᠬᠦ ᠶᠢ ᠦᠨᠡᠨᠬᠦ ᠪᠠᠲᠤᠯᠠᠬᠤ ᠨᠢ ᠳᠠᠷᠠᠭᠠᠴᠢ ᠶᠢᠨ ᠱᠠᠲᠤ ᠦᠶ᠎ᠡ ᠴᠢᠨᠠᠭᠰᠢᠯᠠᠪᠠᠯ ᠪᠦᠬᠦ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠶᠢᠮᠦ ᠠᠴᠠ᠂ ᠣᠯᠠᠨ ᠢᠶᠠᠷ ᠢᠶᠠᠨ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠬᠠᠨᠳᠤᠰᠢ ᠳᠤ ᠣᠨᠴᠠᠭᠠᠶ ᠠᠩᠬᠠᠷᠤᠯ ᠲᠠᠯᠪᠢᠵᠤ ᠪᠠᠶᠢᠨ᠎ᠠ᠃ ᠡᠨᠡ ᠵᠢᠯ ᠠᠴᠠ ᠨᠠᠰᠢ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠵᠢᠯ ᠡᠬᠢᠯᠡᠮᠡᠭᠴᠡ ᠪᠠᠨ ᠶᠡᠭᠡ ᠪᠠᠷ ᠬᠢᠬᠦ᠂ ᠲᠦᠷᠭᠡᠨ ᠬᠢᠬᠦ᠂ ᠰᠢᠪᠳᠤᠯᠤᠯᠳᠠ ᠭᠠᠷᠭᠠᠬᠤ ᠶᠢ ᠪᠠᠷᠢᠮᠳᠠᠯᠠᠵᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ ᠤ ᠳᠤᠮᠳᠠ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠨᠢᠭᠡᠳᠦᠭᠡᠷ ᠤᠯᠠᠷᠢᠯ ᠳᠤ ᠪᠥᠬᠦ ᠣᠷᠣᠨ ᠤ ᠠᠵᠤ ᠠᠬᠤᠶ 5.6 % ᠪᠠᠷ ᠨᠡᠮᠡᠭᠳᠡᠪᠡ᠂ ᠡᠨᠡ ᠬᠦ 5.6 % ᠶᠢ ᠣᠯᠤᠭᠰᠠᠨ ᠨᠢ ᠬᠢᠯᠪᠠᠷ ᠪᠤᠰᠤ ᠶᠤᠮ᠂ ︽ᠲᠣᠭᠲᠠᠭᠤᠨ ᠪᠠᠶᠢᠯᠭᠠᠬᠤ︾ ᠪᠠ ︽ᠤᠷᠤᠭᠰᠢᠯᠠᠬᠤ︾ ᠬᠠᠨᠳᠤᠰᠢ ᠶᠢ ᠪᠠᠲᠤᠯᠠᠭᠰᠠᠨ ᠢᠶᠠᠷ ᠪᠠᠷᠠᠬᠤ ᠥᠬᠡᠶ᠂ ᠪᠠᠰᠠ ᠪᠥᠬᠦ ᠣᠷᠣᠨ ᠤ ᠠᠵᠤ ᠠᠬᠤᠶ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ᠂ ᠨᠠᠩ ᠴᠤ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠴᠠᠭ ᠢ ᠵᠠᠪᠳᠤᠨ᠂ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠡᠷᠴᠢ ᠵᠣᠷᠢᠭ ᠢᠶᠠᠨ ᠬᠥᠪᠴᠢᠯᠡᠨ ᠴᠢᠷᠮᠠᠶᠢᠵᠤ ᠪᠠᠶᠢᠭᠠᠳ ᠣᠯᠤᠭᠰᠠᠨ ᠶᠤᠮ᠂ ᠡᠶᠢᠮᠦ ᠠᠴᠠ ᠬᠢᠯᠪᠠᠷ ᠪᠤᠰᠤ ᠪᠠᠷ ᠢᠷᠡᠭᠰᠡᠨ ᠶᠤᠮ᠃ ᠬᠤᠷᠢᠶᠠᠩᠭᠤᠶᠢᠯᠠᠪᠠᠯ ᠪᠦᠬᠦ ᠣᠷᠣᠨ ᠤ ᠠᠵᠤ ᠠᠬᠤᠶ ᠶᠢᠨ ᠠᠵᠢᠯᠯᠠᠭᠠᠨ ᠨᠢ ᠭᠤᠣᠯᠳᠠᠭᠤ ᠳᠣᠣᠷᠠᠬᠢ ᠮᠡᠲᠦ ᠬᠡᠳᠦᠨ ᠣᠨᠴᠠᠯᠢᠭ ᠲᠠᠢ᠄      ᠨᠢᠭᠡᠳᠦᠭᠡᠷ ᠣᠨᠴᠠᠯᠢᠭ ᠨᠢ᠂ ᠲᠥᠯᠥᠪᠵᠢᠭᠦᠯᠭᠡ ᠪᠠᠶᠢᠷᠢᠯᠠᠭᠤᠯᠤᠯᠲᠠ ᠡᠷᠲᠡ᠃ ᠡᠨᠡ ᠨᠢ ᠭᠤᠣᠯᠳᠠᠭᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠤᠷᠤᠭᠰᠢᠯᠠᠭᠤᠯᠬᠤ ᠳᠡᠭᠡᠷ᠎ᠡ ᠢᠯᠡᠷᠡᠵᠦ ᠪᠠᠶᠢᠨ᠎ᠠ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠮᠠᠨ ᠤ ᠣᠷᠣᠨ ᠤ ᠪᠥᠬᠦ ᠵᠢᠯ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠢ ᠲᠣᠭᠲᠠᠭᠠᠭᠰᠠᠨ ᠤ ᠳᠠᠷᠠᠭ᠎ᠠ᠂ ᠪᠥᠬᠦ ᠣᠷᠣᠨ ᠤ ᠳᠡᠭᠡᠳᠦ ᠳᠤᠤᠷᠠᠳᠤ ᠱᠠᠲᠤᠨ ᠤ ᠬᠢᠨ ᠬᠠᠷᠠᠯᠲᠠ ᠪᠠᠨ ᠲᠣᠭᠲᠠᠭᠠᠵᠤ᠂ ᠶᠡᠭᠡ ᠪᠠᠷ ᠠᠵᠢᠯᠯᠠᠵᠤ ᠲᠦᠷᠭᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 120 ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ︽ᠲᠣᠭᠲᠠᠭᠤᠨ︾ ᠪᠠ ︽ᠤᠷᠤᠭᠰᠢᠯᠠᠯᠲᠠ︾ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠪᠠ᠃      ᠬᠤᠶᠠᠳᠤᠭᠠᠷ ᠣᠨᠴᠠᠯᠢᠭ ᠨᠢ᠂ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠨ᠎ᠠ᠃ ᠰᠠᠶ᠋ᠢ ᠶᠢᠨ ᠮᠡᠳᠡᠭᠳᠡᠯ ᠳᠤ ᠳᠤᠷᠠᠳᠤᠭᠰᠠᠨ ᠨᠢ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 5.6 % ᠪᠠᠷ ᠨᠡᠮᠡᠭᠳᠡᠵᠦ᠂ ᠨᠢᠳᠤᠨᠤᠨ ᠤ ᠪᠥᠬᠦ ᠵᠢᠯ ᠤᠨ ᠬᠢ ᠠᠴᠠ 1.4 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠭᠤᠷᠪᠠᠳᠤᠭᠠᠷ ᠠᠵᠤ ᠦᠢᠯᠡᠰ ᠠᠴᠠ ᠦᠵᠡᠪᠡᠯ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ ᠴᠥᠮ ᠨᠢᠳᠤᠨᠤᠨ ᠤ ᠪᠦᠬᠦ ᠵᠢᠯ ᠤᠨ ᠬᠢ ᠠᠴᠠ ᠵᠢᠭᠠᠬᠠᠨ ᠲᠦᠷᠭᠡᠨ ᠪᠣᠯᠪᠠ᠃ ᠲᠠᠷᠢᠶᠠᠯᠠᠩ ᠮᠠᠯ ᠠᠵᠤ ᠠᠬᠤᠶ ᠠᠴᠠ ᠦᠵᠡᠪᠡᠯ᠂ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠮᠬᠢ ᠵᠢᠷᠤᠮ ᠲᠠᠢ ᠠᠭᠢᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠨᠡᠮᠡᠭᠳᠡᠵᠦ᠂ ᠮᠠᠯ ᠤᠨ ᠲᠤᠭ᠎ᠠ ᠲᠣᠯᠣᠭᠠᠶ ᠪᠠ ᠮᠢᠬᠠᠨ ᠤ ᠲᠥᠷᠥᠯ ᠤᠨ ᠭᠠᠷᠤᠯᠲᠠ ᠴᠥᠮ ᠲᠣᠭᠲᠠᠭᠤᠨ ᠢᠶᠠᠷ ᠨᠡᠮᠡᠭᠳᠡᠪᠡ᠃ ᠠᠵᠤ ᠦᠢᠯᠡᠳᠪᠦᠷᠢ ᠶᠢᠨ ᠲᠠᠯ᠎ᠠ ᠠᠴᠠ ᠦᠵᠡᠪᠡᠯ᠂ ᠠᠵᠤ ᠦᠢᠯᠡᠰ ᠤᠨ ᠡᠷᠭᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 38 ᠠᠵᠢᠯ ᠲᠥᠷᠥᠯ ᠤᠨ ᠲᠣᠮᠣ ᠲᠥᠷᠥᠯ ᠪᠠ 295 ᠵᠦᠢᠯ ᠤᠨ ᠦᠢᠯᠡᠳᠬᠦᠨ ᠤ ᠭᠠᠷᠤᠯᠲᠠ ᠴᠥᠮ ᠨᠢᠳᠤᠨᠤᠨ ᠠᠴᠠ ᠨᠠᠰᠢᠬᠢ 60 % ᠶᠢ ᠳᠠᠪᠠᠭᠰᠠᠨ ᠨᠡᠮᠡᠭᠳᠡᠯ ᠤᠨ ᠬᠡᠪᠴᠢᠶ᠎ᠡ ᠪᠠᠨ ᠪᠠᠲᠤᠯᠠᠪᠠ᠃ ᠦᠢᠯᠡᠴᠢᠯᠡᠭᠡᠨ ᠤ ᠦᠢᠯᠡᠰ ᠠᠴᠠ ᠦᠵᠡᠪᠡᠯ᠂ ᠰᠡᠷᠭᠦᠯᠲᠡ ᠶᠢᠨ ᠪᠠᠶᠢᠳᠠᠯ ᠰᠠᠶᠢᠨ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠡᠷᠭᠦᠬᠦ ᠶᠢ ᠳᠠᠭᠠᠯᠳᠤᠨ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠠᠯᠬᠤᠮ ᠠᠯᠬᠤᠮ ᠢᠶᠠᠷ ᠢᠯᠡᠷᠡᠵᠦ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢᠳᠤᠨᠤᠨ ᠤ ᠪᠥᠬᠦ ᠵᠢᠯ ᠤᠨ ᠬᠢ ᠠᠴᠠ 2.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃       ᠭᠤᠷᠪᠠᠳᠤᠭᠠᠷ ᠣᠨᠴᠠᠯᠢᠭ ᠨ᠊᠂ ᠢ ᠬᠤᠪᠢ ᠨᠡᠮᠡᠷᠢ ᠶᠢᠨ ᠦᠢᠯᠡᠳᠦᠯ ᠳᠤᠪᠤᠶᠢᠮ᠎ᠠ᠃ ᠠᠵᠤ ᠦᠢᠯᠡᠳᠪᠦᠷᠢ ᠪᠣᠯ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ︽ᠨᠢᠷᠤᠭᠤ ᠲᠤᠯᠭᠠᠭᠤᠷᠢ︾ ᠮᠥᠨ᠂ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠬᠤ ︽ᠲᠤᠭᠳᠠᠮᠠᠯ ᠤᠳᠤ︾ ᠪᠣᠯᠬᠤ ᠪᠥᠭᠡᠳ ᠪᠠᠰᠠ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠵᠤ ᠲᠡᠰ ᠳᠡᠪᠰᠢᠭᠦᠯᠬᠦ ᠶᠢᠨ ︽ᠭᠤᠣᠯ ᠲᠠᠶᠢᠨ ᠤ ᠲᠠᠯᠠᠪᠤᠷ︾ ᠪᠣᠯᠤᠨ᠎ᠠ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠠᠵᠤ ᠦᠢᠯᠡᠳᠪᠦᠷᠢ ᠨᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 2.6 ᠵᠠᠭᠤᠨ ᠤ ᠬᠤᠪᠢ ᠶᠢᠨ ᠴᠡᠭ ᠨᠡᠮᠡᠭᠳᠡᠬᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 3.4 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠵᠤ᠂ ᠦᠢᠯᠡᠳᠦᠯ ᠨᠢ ᠳᠣᠪᠤᠶᠢᠪᠠ᠃ ᠪᠦᠲᠦᠴᠡ ᠶᠢᠨ ᠲᠣᠬᠢᠷᠠᠭᠤᠯᠤᠯᠲᠠ ᠠᠴᠠ ᠦᠵᠡᠪᠡᠯ᠂ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.2 % ᠢᠶᠠᠷ ᠨᠡᠮᠡᠭᠳᠡᠵᠦ᠂ ᠨᠡᠭᠦᠷᠡᠰᠦᠨ ᠤ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 1.1 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 4.5 ᠵᠠᠭᠤᠨ ᠤ ᠬᠤᠪᠢ ᠶᠢᠨ ᠴᠡᠭ ᠳᠠᠶᠢᠴᠢᠯᠠᠪᠠ᠃      ᠳᠥᠷᠪᠡᠳᠦᠭᠡᠷ ᠣᠨᠴᠠᠯᠢᠭ ᠨᠢ᠂ ᠬᠡᠷᠡᠭᠴᠡᠭᠡ ᠶᠢ ᠲᠣᠭᠲᠠᠭᠤᠨ ᠢᠶᠠᠷ ᠥᠷᠭᠡᠳᠬᠡᠬᠦ ᠶᠠᠪᠤᠳᠠᠯ ᠪᠣᠯᠤᠨ᠎ᠠ᠃ ᠪᠠᠯᠠ ᠣᠷᠣᠭᠤᠯᠤᠯᠲᠠ ᠶᠢᠨ ᠲᠠᠯ᠎ᠠ ᠪᠠᠷ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠬᠥᠳᠡᠯᠭᠡᠭᠦᠷ᠂ ᠲᠥᠷᠥᠯ ᠵᠦᠢᠯ ᠤᠨ ᠳᠠᠶᠢᠴᠢᠯᠠᠯᠲᠠ ᠳᠤᠤᠷ᠎ᠠ᠂ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠪᠠᠯᠠ ᠣᠷᠣᠭᠤᠯᠤᠯᠲᠠ 1 - 2 ᠳ᠋ᠤᠭᠠᠷ ᠰᠠᠷ᠎ᠠ ᠶᠢᠨ ᠳᠡᠭᠡᠳᠦ ᠪᠠᠶᠢᠷᠢ ᠶᠢᠨ ᠠᠵᠢᠯᠯᠠᠭᠠᠨ ᠤ ᠪᠠᠶᠢᠳᠠᠯ ᠢᠶᠠᠨ ᠦᠷᠭᠦᠯᠵᠢᠯᠡᠭᠦᠯᠵᠦ᠂ ᠢᠯᠠᠩᠭᠤᠶ᠎ᠠ ᠭᠤᠤᠯᠳᠠᠯᠭ᠎ᠠ ᠲᠠᠢ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠰᠠᠭᠤᠷᠢ ᠲᠥᠬᠦᠭᠡᠷᠦᠮᠵᠢ ᠪᠠ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠵᠣ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 50.3% ᠪᠠ 62.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠶᠢᠰᠦᠨ ᠬᠤᠪᠢ ᠶᠢ ᠳᠠᠪᠠᠪᠠ᠃ ᠬᠡᠷᠡᠭᠯᠡᠭᠡᠨ ᠤ ᠲᠠᠯ᠎ᠠ ᠪᠠᠷ᠂ ᠬᠡᠷᠡᠭᠯᠡᠭᠡᠨ ᠤ ᠵᠢᠱᠢᠯᠲᠡ ᠲᠠᠰᠤᠷᠠᠯᠲᠠ ᠦᠭᠡᠢ ᠰᠠᠶᠢᠵᠢᠷᠠᠬᠤ ᠶᠢ ᠳᠠᠭᠠᠯᠳᠤᠨ᠂ ᠬᠡᠷᠡᠭᠴᠡᠭᠡ ᠨᠡᠮᠡᠭᠳᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠡᠷᠭᠦᠪᠡ᠃ 3 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 17.2 % ᠢᠶᠠᠷ ᠨᠡᠮᠡᠭᠳᠡᠪᠡ᠃      ᠲᠠᠪᠤᠳᠤᠭᠠᠷ ᠣᠨᠴᠠᠯᠢᠭ ᠨᠢ᠂ ᠰᠢᠨ᠎ᠡ ᠠᠵᠤ ᠦᠢᠯᠡᠰ ᠲᠦᠷᠭᠡᠪᠴᠢᠯᠡᠨ ᠪᠤᠶᠢᠵᠢᠪᠠ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 20.5% ᠪᠠᠷ ᠨᠡᠮᠡᠭᠳᠡᠵᠦ᠂ ᠴᠥᠮ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠠᠶ᠃ ᠬᠡᠷᠡᠭᠯᠡᠭᠡᠨ ᠤ ᠰᠢᠨ᠎ᠡ ᠵᠠᠭᠪᠤᠷ ᠡᠷᠴᠢᠮᠲᠡᠶ ᠨᠡᠮᠡᠭᠳᠡᠵᠦ᠂ ᠪᠥᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠵᠦ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠳᠠᠬᠢ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠪᠥᠬᠦ ᠵᠢᠯ ᠤᠨ ᠬᠢ ᠠᠴᠠ 0.4 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠰᠢᠨ᠎ᠡ ᠪᠠᠷ ᠬᠥᠭᠵᠢᠭᠰᠡᠨ ᠠᠵᠢᠯ ᠲᠥᠷᠥᠯ ᠤᠨ ᠡᠵᠡᠩᠨᠡᠯᠲᠡ ᠰᠠᠶᠢᠵᠢᠷᠠᠵᠤ᠂ 1 —2 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 5.0 % ᠢᠶᠠᠷ ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 18.8 % ᠪᠠᠷ ᠨᠡᠮᠡᠭᠳᠡᠪᠡ᠃      ᠶᠡᠷᠦᠩᠬᠡᠢ ᠳᠤᠨᠢ ᠠᠪᠴᠤ ᠦᠵᠡᠪᠡᠯ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠠᠬᠢ ᠢᠳᠡᠪᠬᠢᠲᠡᠢ ᠬᠦᠴᠦᠨ ᠵᠦᠢᠯ ᠲᠠᠰᠤᠷᠠᠯᠳᠠ ᠦᠭᠡᠢ ᠬᠤᠷᠠᠮᠳᠤᠵᠤ ᠪᠠᠶᠢᠭ᠎ᠠ ᠪᠣᠯᠪᠠᠴᠤ ᠮᠥᠨ ᠯᠡ ᠮᠠᠰᠢ ᠤᠯᠠᠨ ᠲᠣᠭᠲᠠᠪᠤᠷᠢ ᠦᠭᠡᠢ᠂ ᠲᠣᠭᠲᠠᠭᠤᠨ ᠪᠤᠰᠤ ᠬᠦᠴᠦᠨ ᠵᠦᠢᠯ ᠳᠤ ᠲᠤᠯᠭᠠᠷᠠᠵᠤ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠵᠢᠯ ᠤᠨ ᠠᠵᠢᠯ ᠤᠨ ᠬᠠᠷᠠᠯᠲᠠ ᠪᠠᠨ ᠲᠣᠭᠲᠠᠭᠠᠵᠤ᠂ ᠠᠵᠤ ᠦᠢᠯᠡᠰ ᠢ ᠲᠥᠯᠥᠪᠵᠢᠭᠦᠯᠬᠦ᠂ ᠲᠥᠷᠥᠯ ᠵᠦᠢᠯ ᠢ ᠪᠥᠲᠥᠭᠡᠨ ᠪᠠᠶᠢᠭᠤᠯᠬᠤ᠂ ᠬᠡᠷᠡᠭᠯᠡᠭᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠦᠷᠭᠦᠯᠵᠢᠯᠡᠨ ᠬᠥᠭᠵᠢᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠪᠠᠶᠠᠷᠯᠠᠯ᠎ᠠ︕      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠨᠢᠭᠡᠳᠦᠭᠡᠷ ᠤᠯᠠᠷᠢᠯ ᠳᠤ ᠮᠠᠨ ᠤ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠢᠯᠠᠩᠭᠤᠶ᠎ᠠ ᠦᠢᠯᠡᠳᠬᠦ ᠦᠢᠯᠡᠰ ᠤᠨ ᠨᠡᠮᠡᠭᠳᠡᠯ ᠤᠨ ᠬᠤᠷᠳᠤᠴᠠ ᠨᠡᠯᠢᠶᠡᠳ ᠥᠨᠳᠥᠷ ᠪᠠᠶᠢᠪᠠ᠃ ᠲᠠ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠳᠠᠬᠢ ᠭᠤᠤᠯ ᠲᠤᠯᠭᠠᠭᠤᠷᠢᠯᠠᠬᠤ ᠴᠡᠭ ᠶᠠᠭᠤ ᠶᠠᠭᠤ ᠪᠠᠢᠬᠤ ᠶᠢ ᠲᠠᠨᠢᠯᠴᠠᠭᠤᠯᠤᠭᠠᠷᠠᠶ᠂ ᠪᠠᠶᠠᠷᠯᠠᠯ᠎ᠠ︕      ᠬᠠᠷᠢᠭᠤᠯᠲᠠ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠥᠪᠥᠷ ᠮᠣᠩᠭᠤᠯ ᠦᠢᠯᠡᠳᠬᠦ ᠦᠢᠯᠡᠰ ᠤᠨ ᠳᠡᠭᠡᠳᠦ ᠲᠠᠰᠵᠢᠯᠳᠠ᠂ ᠤᠶᠤᠨᠴᠢᠯᠠᠯᠳᠠ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠦᠢᠯᠡᠳᠬᠦ ᠦᠢᠯᠡᠰ ᠤᠨ ᠳᠡᠭᠡᠳᠦ ᠲᠠᠰ ᠲᠡᠶᠢᠰᠢ ᠤᠷᠤᠭᠰᠢᠯᠠᠬᠤ᠂ ᠣᠶᠤᠨᠴᠢ ᠲᠠᠰ ᠳᠡᠪᠰᠢᠬᠦ᠂ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠤᠭᠰᠠᠨ ᠢᠶᠠᠷ ᠪᠠᠷᠠᠬᠤ ᠥᠬᠡᠶ᠂ ᠬᠤᠪᠢ ᠨᠡᠮᠡᠷᠢ ᠨᠢ ᠶᠠᠪᠤᠬᠤ ᠲᠤᠲᠤᠮ ᠲᠣᠪᠤᠶᠢᠮ᠎ᠠ ᠪᠣᠯᠵᠠᠶ᠃ 3 ᠳ᠋ᠤᠭᠠᠷ ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 3.0 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠪᠥᠬᠦ ᠣᠷᠣᠨ ᠤ 29 ᠦᠢᠯᠡᠳᠬᠦ ᠦᠢᠯᠡᠰ ᠤᠨ ᠠᠵᠢᠯ ᠲᠥᠷᠥᠯ ᠤᠨ ᠲᠣᠮᠣ ᠲᠥᠷᠥᠯ ᠤᠨ ᠳᠣᠲᠣᠷ᠎ᠠ᠂ 20 ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 69.0 % ᠳᠤ ᠬᠦᠷᠴᠡᠶ᠂ ᠡᠭᠦᠨ ᠳᠤ 12 ᠠᠵᠢᠯ ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠦᠢᠯᠡᠳᠬᠦ ᠦᠢᠯᠡᠰ ᠤᠨ ᠳᠣᠲᠣᠭᠠᠳᠤ ᠪᠦᠲᠦᠴᠡ ᠠᠴᠠ ᠦᠵᠡᠪᠡᠯ᠂ ᠭᠤᠷᠪᠠᠨ ᠣᠨᠴᠠᠯᠢᠭ ᠢᠯᠡᠷᠡᠪᠡ᠃      ᠨᠢᠭᠡ ᠳᠤ᠂ ᠲᠦᠭᠦᠬᠡᠶ ᠮᠠᠲ᠋ᠧᠷᠢᠶᠠᠯ ᠦᠢᠯᠡᠳᠬᠦ ᠦᠢᠯᠡᠰ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠮᠠᠲ᠋ᠧᠷᠢᠶᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠦ᠂ 1 - 2 ᠳ᠋ᠤᠭᠠᠷ ᠰᠠᠷ᠎ᠠ ᠶᠢᠨ ᠬᠢ ᠠᠴᠠ 1.3 ᠵᠠᠭᠤᠨ ᠤ ᠬᠤᠪᠢ ᠶᠢᠨ ᠴᠡᠭ ᠲᠦᠷᠭᠡᠳᠴᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 1.4 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠠᠵᠢᠯ ᠲᠥᠷᠥᠯ ᠠᠴᠠ ᠦᠵᠡᠪᠡᠯ᠂ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠬᠠᠮᠤᠭ ᠤᠨ ᠲᠦᠷᠭᠡᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 30.4 % ᠳᠤ ᠬᠦᠷᠴᠡᠶ︔ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠬᠠᠪᠲᠠᠭᠠᠶᠢᠷᠠᠭᠤᠯᠤᠨ ᠪᠣᠯᠪᠠᠰᠤᠷᠠᠭᠤᠯᠬᠤ ᠦᠢᠯᠡᠰ 10.0 % ᠨᠡᠮᠡᠭᠳᠡᠪᠡ ᠦᠢᠯᠡᠳᠬᠦᠨ ᠠᠴᠠ ᠦᠵᠡᠪᠡᠯ᠂  ᠱᠦᠢᠨᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 40.0 % ᠪᠠᠷ ᠨᠡᠮᠡᠭᠳᠡᠵᠦ᠂ ᠬᠥᠩᠭᠡᠨ ᠴᠠᠭᠠᠨ ᠤ ᠮᠠᠲ᠋ᠧᠷᠢᠶᠠᠯ 24.5% ᠪᠠᠷ ᠨᠡᠮᠡᠭᠳᠡᠵᠦ᠂ ᠲᠡᠮᠦᠷ ᠤᠨ ᠬᠠᠶᠢᠯᠤᠰᠢ 13.6% ᠪᠠᠷ ᠨᠡᠮᠡᠭᠳᠡᠵᠦ᠂ ᠪᠣᠯᠣᠳ ᠮᠠᠲ᠋ᠧᠷᠢᠶᠠᠯ 9.4% ᠪᠠᠷ ᠨᠡᠮᠡᠭᠳᠡᠪᠡ᠃      ᠬᠤᠶᠠᠷ ᠲᠤ᠂ ᠬᠡᠷᠡᠭᠯᠡᠭᠡᠨ ᠤ ᠵᠦᠢᠯ ᠤᠨ ᠦᠢᠯᠡᠳᠬᠦ ᠦᠢᠯᠡᠰ ᠤᠨ ᠨᠡᠮᠡᠭᠳᠡᠯ ᠲᠦᠷᠭᠡᠳᠪᠡ᠃ ᠬᠡᠷᠡᠭᠯᠡᠭᠡᠨ ᠤ ᠬᠡᠷᠡᠭᠴᠡᠭᠡ ᠲᠦᠷᠭᠡᠨ ᠰᠡᠷᠭᠦᠬᠦ ᠶᠢ ᠳᠠᠭᠠᠯᠳᠤᠨ᠂ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ᠃ ᠠᠵᠢᠯ ᠲᠥᠷᠥᠯ ᠠᠴᠠ ᠦᠵᠡᠪᠡᠯ᠂ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 49.1% ᠨᠡᠮᠡᠭᠳᠡᠵᠦ᠂ ᠢᠳᠡᠭᠡᠨ ᠤ ᠵᠦᠢᠯ ᠤᠨ ᠦᠢᠯᠡᠳᠬᠦ ᠦᠢᠯᠡᠰ 14.7% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠨᠡᠶᠢᠲᠡ 0.8 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠪᠦᠲᠦᠭᠡᠭᠳᠡᠬᠦᠨ ᠠᠴᠠ ᠦᠵᠡᠪᠡᠯ᠂ ᠬᠢᠲᠠᠳ ᠪᠡᠯᠡᠨ ᠡᠮ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 30.3% ᠪᠠᠷ ᠨᠡᠮᠡᠭᠳᠡᠵᠦ᠂ ᠰᠢᠨ᠎ᠡ ᠰᠣᠷᠭᠤᠭ᠂ ᠬᠦᠢᠲᠡᠨ ᠢᠶᠠᠷ ᠬᠠᠳᠠᠭᠠᠯᠠᠭᠰᠠᠨ ᠮᠢᠬ᠎ᠠ 24.9% ᠪᠠᠷ ᠨᠡᠮᠡᠭᠳᠡᠵᠦ᠂ ᠴᠠᠭᠠᠨ ᠢᠳᠡᠭᠡᠨ 17.5% ᠪᠠᠷ ᠨᠡᠮᠡᠭᠳᠡᠪᠡ᠃      ᠭᠤᠷᠪᠠ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠲᠦᠷᠭᠡᠨ ᠬᠥᠭᠵᠢᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 12.8 ᠵᠠᠭᠤᠨ ᠤ ᠴᠡᠭ ᠲᠦᠷᠭᠡᠨ ᠪᠣᠯᠵᠣ᠂ ᠲᠦᠷᠦᠭᠦᠦ ᠵᠢᠯ ᠤᠨ 4 ᠰᠠᠷ᠎ᠠ ᠠᠴᠠ ᠨᠠᠰᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠰᠢᠨ᠎ᠡ ᠪᠠᠷ ᠬᠥᠭᠵᠢᠭᠰᠡᠨ ᠦᠢᠯᠡᠳᠬᠦᠨ ᠤ ᠳᠣᠲᠣᠷ᠎ᠠ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.5 ᠳᠠᠬᠢᠨ ᠨᠡᠮᠡᠭᠳᠡᠵᠦ᠂ ᠡᠯᠧᠺᠲᠷᠣᠨ ᠲᠣᠨᠤᠭ 18.1% ᠨᠡᠮᠡᠭᠳᠡᠵᠦ᠂ ᠲᠠᠩ ᠲᠠᠯᠠᠰᠲᠤ ᠴᠠᠬᠢᠭᠤᠷ 16.0% ᠨᠡᠮᠡᠭᠳᠡᠪᠡ᠃ ᠪᠠᠶᠠᠷᠯᠠᠯ᠎ᠠ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠲᠠ ᠰᠠᠶᠢᠨ ᠦᠦ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠪᠠ᠂ ᠲᠠ ᠨᠢᠭᠡᠳᠦᠭᠡᠷ ᠤᠯᠠᠷᠢᠯ ᠤᠨ ᠬᠡᠷᠡᠭᠯᠡᠭᠡᠨ ᠤ ᠲᠤᠭ᠎ᠠ ᠪᠠᠷᠢᠮᠲᠠ ᠶᠢ ᠬᠡᠷᠬᠢᠨ ᠦᠨᠡᠯᠡᠬᠦ ᠪᠣᠶ︖ ᠳᠠᠷᠠᠭ᠎ᠠ ᠠᠯᠬᠤᠮ ᠤᠨ ᠬᠡᠷᠡᠭᠯᠡᠭᠡᠨ ᠤ ᠬᠠᠨᠳᠤᠰᠢ ᠶᠠᠮᠠᠷ ᠪᠣᠶ︖      ᠬᠠᠷᠢᠭᠤᠯᠲᠠ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠰᠢᠯᠵᠢᠬᠦ ᠶᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ︽ᠠᠮᠢᠵᠢᠷᠠᠯ ᠤᠨ ᠬᠦᠴᠦᠨ ᠲᠠᠢ ᠥᠪᠥᠷ ᠮᠣᠩᠭᠤᠯ ᠵᠣᠯ ᠵᠢᠷᠭᠠᠯᠲᠤ ᠬᠡᠷᠡᠭᠯᠡᠭᠡ ᠶᠢ ᠡᠳ᠋ᠯᠡᠬᠦ︾ ᠠᠵᠢᠯᠯᠠᠭ᠎ᠠ ᠥᠷᠨᠢᠭᠦᠯᠬᠦ᠂ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ᠂ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢ ᠬᠦᠴᠦᠲᠡᠶ ᠠᠬᠢᠭᠤᠯᠵᠤ᠂ ᠰᠡᠷᠭᠦᠯᠲᠡ ᠶᠢᠨ ᠪᠠᠶᠢᠳᠠᠯ ᠢ ᠤᠯᠠᠮ ᠴᠢᠨᠠᠭᠰᠢᠳᠠ ᠪᠠᠬᠢᠵᠢᠭᠦᠯᠪᠡ᠃      ᠨᠢᠭᠡ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠡᠷᠭᠦᠵᠦ᠂ ᠬᠢᠵᠢᠭ ᠤᠨ ᠪᠠᠶᠢᠳᠠᠯ ᠤᠨ ᠡᠮᠦᠨᠡᠬᠢ ᠠᠳᠠᠯᠢ ᠬᠤᠭᠤᠴᠠᠭᠠᠨ ᠤ ᠲᠦᠪᠰᠢᠨ ᠠᠴᠠ ᠰᠠᠶᠢᠨ ᠪᠣᠯᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 1286.0 ᠳ᠋ᠦᠩᠰᠢᠭᠤᠷ ᠲᠥᠭᠦᠷᠢᠭ ᠲᠤᠬᠦᠷᠴᠦ᠂ 2019 ᠣᠨ ᠠᠴᠠ ᠨᠠᠭᠠᠰᠢᠬᠢ ᠨᠢᠭᠡᠳᠦᠭᠡᠷ ᠤᠯᠠᠷᠢᠯ ᠤᠨ ᠲᠤᠭ᠎ᠠ ᠬᠡᠮᠵᠢᠶ᠎ᠡ ᠠᠩᠬ᠎ᠠ ᠤᠳᠠᠭ᠎ᠠ 1200 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠬᠡᠪᠴᠢᠶ᠎ᠡ ᠨᠢ 2019 ᠣᠨ ᠤ ᠨᠢᠭᠡᠳᠦᠭᠡᠷ ᠤᠯᠠᠷᠢᠯ ᠤᠨ ᠬᠢ ᠠᠴᠠ 110 ᠳ᠋ᠦᠩᠰᠢᠭᠤᠷ ᠲᠥᠭᠦᠷᠢᠭ ᠨᠡᠮᠡᠭᠳᠡᠪᠡ᠃     ᠬᠤᠶᠠᠷ ᠲᠤ᠂ ᠠᠷᠠᠳ ᠤᠨ ᠠᠮᠢᠳᠤᠷᠠᠯ ᠤᠨ ᠲᠠᠸᠠᠷ ᠤᠨ ᠲᠤᠯᠭᠠᠭᠤᠷᠢᠯᠠᠬᠤ ᠦᠢᠯᠡᠳᠦᠯ ᠲᠣᠭᠲᠠᠪᠤᠷᠢᠵᠢᠵᠤ᠂ ᠲᠠᠰ ᠳᠡᠪᠰᠢᠭᠰᠡᠨ ᠲᠥᠷᠥᠯ ᠤᠨ ᠲᠠᠸᠠᠷ ᠤᠨ ᠬᠡᠷᠡᠭᠯᠡᠭᠡ ᠲᠦᠷᠭᠡᠨ ᠰᠡᠷᠭᠦᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤᠮᠳᠠᠭᠠᠨ᠂ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 20.8% ᠳᠤ ᠬᠦᠷᠴᠡᠶ︔ ᠬᠢᠲᠠᠳ ᠧᠦ᠋ᠷᠣᠫᠠ ᠡᠮ ᠤᠨ ᠲᠥᠷᠥᠯ 25.5% ᠪᠠᠷ ᠨᠡᠮᠡᠭᠳᠡᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 10.5% ᠳᠤ ᠬᠦᠷᠴᠡᠶ᠃ ᠲᠠᠰ ᠳᠡᠪᠰᠢᠭᠦᠯᠬᠦ ᠲᠥᠷᠥᠯ ᠤᠨ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠥᠬᠡᠶ ᠢᠯᠡᠷᠡᠵᠦ᠂ ᠭᠤᠶᠣᠯᠠᠯ ᠤᠨ ᠡᠳ᠋ ᠤᠨ ᠲᠥᠷᠥᠯ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 4.9% ᠪᠠ 4.1% ᠪᠠᠷ ᠨᠡᠮᠡᠭᠳᠡᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 25.0 ᠪᠠ 5.5 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃      ᠭᠤᠷᠪᠠ ᠳᠤ᠂ ᠣᠷᠣᠨ ᠰᠠᠭᠤᠴᠠ ᠶᠢᠨ ᠲᠦᠷᠦᠯ ᠤᠨ ᠲᠠᠸᠠᠷ ᠤᠨ ᠨᠡᠮᠡᠭᠳᠡᠯ ᠲᠦᠷᠭᠡᠳᠴᠦ᠂ ᠮᠠᠰᠢᠨ ᠲᠡᠷᠭᠡᠨ ᠤ ᠲᠦᠷᠦᠯ ᠤᠨ ᠲᠠᠸᠠᠷ ᠤᠨ ᠨᠡᠮᠡᠭᠳᠡᠯ ᠰᠡᠷᠭᠦᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠣᠷᠣᠰᠢᠨ ᠰᠠᠭᠤᠬᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠵᠦ᠂ ᠨᠢᠳᠤᠨᠤᠨ ᠤ ᠪᠥᠬᠦ ᠵᠢᠯ ᠤᠨ ᠬᠢ ᠠᠴᠠ 36.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠦ᠂ ᠳᠡᠭᠡᠷ᠎ᠡ ᠵᠢᠯ ᠤᠨ ᠳᠥᠷᠪᠡᠳᠦᠭᠡᠷ ᠤᠯᠠᠷᠢᠯ ᠲᠠᠢ ᠬᠠᠷᠢᠴᠠᠭᠤᠯᠪᠠᠯ᠂ ᠨᠡᠮᠡᠭᠳᠡᠯ ᠤᠨ ᠬᠤᠷᠳᠤᠴᠠ ᠨᠢ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠣ ᠬᠤᠪᠢᠷᠠᠪᠠ᠃ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠳᠡᠭᠡᠳᠦ ᠬᠤᠷᠳᠤᠴᠠ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 1.9 ᠳᠠᠬᠢᠨ ᠨᠡᠮᠡᠭᠳᠡᠪᠡ᠃     ᠳᠥᠷᠪᠡ ᠳᠤ᠂ ᠬᠠᠷᠢᠯᠴᠠᠬᠤ ᠮᠠᠶ᠋ᠢᠭ ᠤᠨ ᠬᠡᠷᠡᠭᠯᠡᠭᠡ ᠢᠯᠡᠳᠲᠡ ᠰᠡᠷᠭᠦᠵᠦ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠨ ᠬᠥᠭᠵᠢᠪᠡ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠪᠠ ᠢᠳᠡᠭᠡᠨ ᠤᠮᠳᠠᠭᠠᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 4.5 ᠪᠠ 24.3 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠨ ᠬᠥᠭᠵᠢᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 70.3% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 16.6% ᠳᠤ ᠬᠥᠷᠪᠡ᠃ ᠪᠠᠶᠠᠷᠯᠠᠯ᠎ᠠ᠃     ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠰᠤᠷᠪᠤᠯᠵᠢᠯᠠᠭᠴᠢ᠄ ᠥᠭᠦᠯᠡᠭᠴᠢ ᠠᠴᠠ ᠠᠰᠠᠭᠤᠬᠤ ᠨᠢ᠂ ᠰᠠᠶ᠋ᠢᠬᠠᠨ ᠵᠠᠷᠯᠠᠨ ᠮᠡᠳᠡᠭᠳᠡᠭᠰᠡᠨ ᠲᠤᠭ᠎ᠠ ᠪᠠᠷᠢᠮᠲᠠ ᠶᠢᠨ ᠪᠠᠶᠢᠳᠠᠯ ᠠᠴᠠ ᠦᠵᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠪᠠᠯᠠ ᠣᠷᠣᠭᠤᠯᠤᠯᠲᠠ ᠳᠡᠭᠡᠷ᠎ᠡ ᠵᠢᠯ ᠤᠨ ᠥᠨᠳᠥᠷ ᠨᠡᠮᠡᠭᠳᠡᠯ ᠤᠨ ᠬᠤᠷᠳᠤᠴᠠ ᠶᠢᠨ ᠰᠠᠭᠤᠷᠢᠨ ᠳᠡᠭᠡᠷ᠎ᠡ ᠨᠡᠯᠢᠶᠡᠳ ᠲᠦᠷᠭᠡᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠵᠦ᠂ ᠭᠤᠤᠯᠳᠠᠭᠤ ᠶᠠᠮᠠᠷ ᠶᠠᠮᠠᠷ ᠬᠦᠴᠦᠨ ᠵᠦᠢᠯ ᠠᠴᠠ ᠳᠠᠶᠢᠴᠢᠯᠠᠭᠰᠠᠨ ᠪᠣᠶ︖     ᠬᠠᠷᠢᠭᠤᠯᠤᠭᠰᠠᠨ ᠨᠢ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠢᠶᠠᠷ ᠢᠶᠠᠨ ᠬᠥᠭᠵᠢᠯᠲᠡ ᠪᠠᠨ ᠲᠦᠷᠭᠡᠳᠬᠡᠬᠦ᠂ ᠬᠥᠭᠵᠢᠯᠲᠡ ᠶᠢ ᠶᠡᠬᠡᠪᠡᠷ ᠠᠳᠬᠤᠬᠤ ᠣᠨᠣᠯᠵᠢᠬᠤᠨ ᠢ ᠪᠣᠶ ᠪᠣᠯᠭᠠᠵᠤ᠂ ᠪᠦᠬᠦ ᠬᠦᠴᠦᠨ ᠢᠶᠠᠷ ᠢᠶᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠪᠦᠬᠦ ᠣᠷᠣᠨ ᠤ ᠪᠡᠯᠡ ᠣᠷᠣᠭᠤᠯᠤᠯᠲᠠ ᠶᠢᠨ ᠨᠡᠯᠢᠶᠡᠳ ᠲᠦᠷᠭᠡᠨ ᠨᠡᠮᠡᠭᠳᠡᠬᠦ ᠪᠠᠶᠢᠳᠠᠯ ᠢ ᠪᠠᠲᠤᠯᠠᠬᠤ ᠶᠢ ᠲᠦᠯᠬᠢᠨ ᠠᠬᠢᠭᠤᠯᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 39.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 2022 ᠣᠨ ᠤ ᠪᠥᠬᠦ ᠵᠢᠯ ᠤᠨ ᠬᠢ ᠠᠴᠠ 21.6 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠳᠠᠶᠢᠴᠢᠯᠠᠬᠤ ᠡᠯᠧᠮᠧᠨ᠋ᠲ ᠲᠤ ᠭᠤᠣᠯᠳᠠᠭᠤ ᠲᠦᠷᠪᠡᠨ ᠲᠠᠯ᠎ᠠ ᠪᠤᠢ᠄      ᠨᠢᠭᠡ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠥᠮᠥᠷᠭᠡ ᠳᠤ ᠰᠢᠨ᠎ᠡ ᠪᠠᠷ ᠣᠷᠣᠭᠤᠯᠬᠤ ᠵᠦᠢᠯᠡᠰ ᠤᠨ ᠲᠤᠭ᠎ᠠ ᠨᠡᠮᠡᠭᠳᠡᠪᠡ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠶᠡᠭᠡ ᠪᠠᠷ ᠠᠬᠢᠭᠤᠯᠵᠤ᠂ ᠪᠥᠬᠦ ᠣᠷᠣᠨ ᠤ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠲᠤᠭ᠎ᠠ ᠶᠡᠭᠡ ᠪᠠᠷ ᠨᠡᠮᠡᠭᠳᠡᠪᠡ᠃ ᠨᠢᠭᠡᠳᠦᠭᠡᠷᠤᠯᠠᠷᠢᠯ ᠳᠤ᠂ ᠪᠥᠬᠦ ᠣᠷᠣᠨ ᠤ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ 344 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 117 ᠨᠡᠮᠡᠭᠳᠡᠵᠡᠶ᠃ ᠡᠭᠦᠨ ᠳᠤ᠂ 5000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠬᠥᠮᠥᠷᠭᠡ ᠳᠤ ᠰᠢᠨ᠎ᠡ ᠪᠠᠷ ᠣᠷᠣᠭᠤᠯᠬᠤ ᠪᠠᠯᠠ ᠣᠷᠣᠭᠤᠯᠤᠯᠲᠠ ᠶᠢᠨ ᠲᠥᠷᠥᠯ ᠵᠦᠢᠯ 169 ᠪᠠᠶᠢᠵᠤ᠂ 58 ᠨᠡᠮᠡᠭᠳᠡᠪᠡ᠃      ᠬᠤᠶᠠᠷ ᠲᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠲᠦᠷᠭᠡᠳᠴᠦ᠂ ᠪᠡᠯᠡ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠠᠬᠢᠭᠤᠯᠪᠠ᠃ ᠣᠶᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠢᠶᠠᠷ ᠢᠶᠠᠨ ᠤᠯᠤᠰ ᠤᠨ ᠰᠢᠨ᠎ᠡ ᠡᠨᠧᠷᠭᠢ ᠶᠢ ᠶᠡᠬᠡᠪᠡᠷ ᠬᠥᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠲᠣᠮᠣ ᠬᠡᠯᠪᠡᠷᠢ ᠶᠢᠨ ᠰᠠᠯᠬᠢ ᠭᠡᠷᠡᠯ ᠤᠨ ᠰᠠᠭᠤᠷᠢᠨ ᠭᠠᠵᠠᠷ ᠪᠣᠯᠤᠨ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ᠂ ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠲᠦᠷᠭᠡᠳᠴᠦ᠂ ᠪᠦᠬᠦ ᠣᠷᠣᠨ ᠤ ᠪᠡᠯᠡ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠳᠠᠶᠢᠴᠢᠯᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠨᠢ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 128.8 ᠵᠠᠭᠤᠨ ᠤ ᠴᠡᠭ ᠥᠨᠳᠥᠷ ᠪᠣᠯᠪᠠ᠃ ᠡᠭᠦᠨ ᠳᠤ᠂ ᠬᠡᠷᠡᠯ ᠴᠡᠨᠡᠭ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠᠷᠢᠯᠭ᠎ᠠ ᠶᠢᠨ ᠲᠥᠷᠥᠯ ᠵᠦᠢᠯ 115 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 50 ᠨᠡᠮᠡᠭᠳᠡᠵᠦ᠂ ᠪᠠᠯᠠ ᠣᠷᠣᠭᠤᠯᠤᠯᠲᠠ ᠶᠢᠨ ᠨᠡᠮᠡᠭᠳᠡᠯ ᠢ 1.4 ᠳᠠᠬᠢᠨ ᠢᠶᠠᠷ ᠪᠡᠶᠡᠯᠡᠭᠦᠯᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 14.7 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠪᠠ᠃ ᠰᠢᠨ᠎ᠡ ᠡᠨᠧᠷᠭᠢ ᠶᠢᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 3.0 ᠳᠠᠬᠢᠨ ᠢᠶᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠢ 15.6 ᠵᠠᠭᠤᠨ ᠤ ᠬᠤᠪᠢ ᠶᠢᠨ ᠴᠡᠭ ᠳᠠᠶᠢᠴᠢᠯᠠᠪᠠ᠃      ᠭᠤᠷᠪᠠ ᠳᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠲᠦᠷᠭᠡᠳᠪᠡ᠃ ᠮᠠᠨ ᠤ ᠣᠷᠣᠨ ᠦᠢᠯᠡᠳᠬᠦ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠢᠳᠡᠪᠬᠢᠲᠡᠶ ᠳᠡᠮᠵᠢᠵᠦ ᠪᠣᠶ᠃ ᠡᠨᠡ ᠵᠢᠯ ᠠᠴᠠ ᠨᠠᠰᠢ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠵᠦ᠂ ᠨᠢᠭᠡᠳᠦᠭᠡᠷ ᠤᠯᠠᠷᠢᠯ ᠳᠤ ᠠᠳᠠᠯᠢ ᠬᠤᠭᠤᠴᠠᠭᠠᠨ ᠤ ᠬᠢ ᠠᠴᠠ 62.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 23.4 ᠵᠠᠭᠤᠨ ᠤ ᠬᠤᠪᠢ ᠶᠢᠨ ᠴᠡᠭ ᠥᠨᠳᠥᠷᠪᠣᠯᠵᠣ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠣᠯᠵᠠᠶ︔ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 36.1% ᠳᠤ ᠬᠦᠷᠴᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 5.2 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 19.4 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠲᠣᠨᠣᠭᠯᠠᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 3.1 ᠳᠠᠬᠢᠨ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 2.6 ᠳᠠᠬᠢᠨ ᠨᠡᠮᠡᠭᠳᠡᠪᠡ᠃      ᠳᠥᠷᠪᠡ ᠳᠤ᠂ ᠲᠤᠰᠬᠠᠶ ᠵᠦᠢᠯ ᠤᠨ ᠵᠢᠭᠡᠯᠡᠯᠭᠡ ᠲᠠᠯᠪᠢᠬᠤ ᠠᠬᠢᠴᠠ ᠲᠦᠷᠭᠡᠳᠴᠦ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠳᠤ ᠬᠦᠴᠦᠨ ᠨᠡᠮᠡᠷᠢᠯᠡᠪᠡ᠃ ᠣᠷᠣᠨ ᠨᠤᠲᠤᠭ ᠤᠨ ᠲᠤᠰᠬᠠᠶ ᠵᠦᠢᠯ ᠤᠨ ᠵᠢᠭᠡᠯᠡᠯᠭᠡ ᠶᠢᠨ ᠬᠡᠪᠴᠢᠶ᠎ᠡ ᠨᠡᠮᠡᠭᠳᠡᠭᠰᠡᠨ ᠪᠠ ᠲᠠᠷᠬᠠᠭᠠᠬᠤ ᠠᠬᠢᠴᠠ ᠲᠦᠷᠭᠡᠳᠦᠭᠰᠡᠨ ᠵᠡᠷᠭᠡ ᠬᠦᠴᠦᠨ ᠵᠦᠢᠯ ᠤᠨ ᠠᠬᠢᠭᠤᠯᠤᠯ ᠳᠤᠤᠷ᠎ᠠ᠂ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 36.3% ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.7 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 16.9 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠵᠠᠮ ᠲᠡᠭᠡᠭᠡᠪᠦᠷᠢ ᠶᠢᠨ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52.5% ᠪᠠᠷ ᠨᠡᠮᠡᠭᠳᠡᠵᠦ᠂ ᠪᠥᠬᠦ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 3.4 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠪᠠᠶᠠᠷᠯᠠᠯ᠎ᠠ᠃  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号