2023 ᠣᠨ ᠤ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/7/21
 2023年上半年全区经济运行情况答记者问1.jpg
     7 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠸᠠᠩ ᠴᠤᠸᠠᠨ ᠵᠢᠩ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠶ ᠠᠩᠭᠢ ᠶᠢᠨ ᠳᠠᠷᠤᠭ᠎ᠠ ᠸᠠᠩ ᠳ᠋ᠧ ᠪᠢᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
2023年上半年全区经济运行情况答记者问2.jpg
2023年上半年全区经济运行情况答记者问3.jpg 
     ︽ᠥᠪᠥᠷ ᠮᠣᠩᠭᠤᠯ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ᠂ ᠲᠠ ᠮᠠᠨ ᠤ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠡᠷᠬᠢᠨ ᠦᠨᠡᠯᠡᠬᠦ ᠪᠣᠶ︖ ᠲᠠ ᠮᠠᠨ ᠤ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠬᠥᠭᠵᠢᠯᠲᠡ ᠶᠢᠨ ︽ᠬᠢᠷᠢ ᠪᠦᠲᠦᠮᠵᠢ ᠶᠢᠨ ᠬᠠᠭᠤᠳᠠᠰᠤ︾ ᠶᠢᠨ ᠪᠣᠳᠠᠲᠠᠶ ᠢᠯᠡᠷᠡᠯ ᠢ ᠨᠠᠷᠢᠨ ᠲᠠᠨᠢᠯᠴᠠᠭᠤᠯᠤᠭᠠᠳ ᠥᠭᠭᠦᠨ᠎ᠡ ᠦᠦ︖ ᠪᠠᠶᠠᠷᠯᠠᠯ᠎ᠠ᠃
2023年上半年全区经济运行情况答记者问4.jpg
     ᠸᠠᠩ ᠴᠤᠸᠠᠨ ᠵᠢᠩ᠄  ᠲᠠᠨ ᠤ ᠠᠰᠠᠭᠤᠯᠲᠠ ᠳᠤ ᠲᠠᠯᠠᠷᠬᠠᠵᠤ ᠪᠠᠶᠢᠨ᠎ᠠ᠃ ᠰᠠᠶ᠋ᠢᠬᠠᠨ ᠨᠡᠶᠢᠲᠡᠯᠡᠭᠰᠡᠨ ᠪᠠᠶᠢᠳᠠᠯ ᠠᠴᠠ ᠦᠵᠡᠪᠡᠯ᠂ ᠮᠠᠨ ᠤ ᠣᠷᠣᠨ ᠤ ᠠᠵᠤ ᠠᠬᠤᠶ ᠳᠡᠭᠡᠷ᠎ᠡ ᠬᠠᠭᠠᠰ ᠵᠢᠯ ᠳᠤ ᠦᠨᠡᠬᠡᠷ ᠶᠡᠷᠦ ᠪᠤᠰᠤ ᠶᠢᠨ ᠢᠯᠡᠷᠡᠯ ᠲᠠᠢ ᠪᠣᠯᠵᠠᠶ᠃ ᠡᠨᠡ ᠬᠦ ᠠᠮᠵᠢᠯᠲᠠ ᠶᠢᠨ ᠠᠷᠤ ᠳᠤ᠂ ᠪᠦᠬᠦ ᠣᠷᠣᠨ ᠤ ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ ᠲᠦᠷᠭᠡᠳᠬᠡᠭᠰᠡᠨ ᠦᠷ᠎ᠡ ᠪᠦᠲᠦᠮᠵᠢ ᠶᠢᠨ ᠢᠯᠡᠷᠡᠯ ᠪᠠᠶᠢᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠴᠢᠷ ᠢ ᠲᠤᠭᠤᠯᠤᠨ ᠤᠷᠤᠭᠰᠢᠯᠠᠨ ᠲᠠᠪᠰᠢᠬᠤ ᠡᠷᠴᠢ ᠵᠣᠷᠢᠭ᠂ ᠬᠦᠴᠢᠷ ᠢ ᠰᠦᠷᠦᠨ ᠤᠷᠤᠭᠰᠢᠯᠠᠬᠤ ᠡᠷᠴᠢ ᠵᠣᠷᠢᠭ ᠢ ᠭᠡᠷᠡᠴᠢᠯᠡᠭᠰᠡᠨ ᠪᠥᠭᠡᠳ ᠪᠢᠳᠡᠨ ᠤ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠤᠷᠤᠭᠰᠢᠯᠠᠬᠤ ᠢᠲᠡᠭᠡᠯ ᠵᠣᠷᠢᠭ ᠢ ᠨᠡᠩ ᠪᠠᠲᠤᠳᠬᠠᠭᠰᠠᠨ ᠪᠠᠶᠢᠨ᠎ᠠ᠃ ᠬᠡᠷᠪᠡ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠬᠠᠨᠳᠤᠰᠢ ᠶᠢ ᠨᠢᠳᠤᠨᠤᠨ ᠲᠠᠢ ᠵᠣᠯᠭᠠᠭᠤᠯᠪᠠᠯ᠂ ︽ᠳᠣᠣᠷ᠎ᠠ ᠪᠠᠶᠢᠷᠢ ᠠᠴᠠ ᠰᠡᠷᠭᠦᠬᠦ ᠪᠦᠬᠦ ᠲᠠᠯ᠎ᠠ ᠪᠠᠷ ᠳᠡᠭᠡᠭᠰᠢᠯᠡᠬᠦ ᠦᠷᠭᠦᠯᠵᠢᠯᠡᠨ ᠰᠠᠶᠢᠵᠢᠷᠠᠬᠤ︾ ᠡᠶᠢᠮᠦᠷᠬᠦ ᠰᠡᠷᠭᠦᠯᠲᠡ ᠶᠢᠨ ᠶᠠᠪᠤᠴᠠ ᠢᠯᠡᠷᠡᠬᠦ ᠪᠣᠯᠤᠨ᠎ᠠ᠃ ᠲᠤᠬᠠᠶᠢᠯᠠᠪᠠᠯ᠂ ᠨᠢᠳᠤᠨᠤᠨ ᠵᠢᠯ ᠤᠨ ᠪᠥᠬᠦ ᠵᠢᠯ ᠤᠨ ᠬᠢᠵᠢᠭ ᠤᠨ ᠪᠠᠶᠢᠳᠠᠯ ᠤᠨ ᠨᠥᠯᠥᠭᠡ ᠳᠤᠤᠷ᠎ᠠ ᠪᠥᠬᠦ ᠣᠷᠣᠨ ᠤ GDP 4.2% ᠢᠶᠠᠷ ᠨᠡᠮᠡᠭᠳᠡᠵᠦ᠂ ᠬᠠᠮᠤᠭ ᠤᠨ ᠳᠤᠤᠷ᠎ᠠ ᠴᠡᠭ ᠪᠣᠯᠵᠠᠶ᠂ ᠡᠨᠡ ᠵᠢᠯ ᠤᠨ ᠨᠢᠭᠡᠳᠦᠭᠡᠷ ᠤᠯᠠᠷᠢᠯ ᠳᠤ 5.6% ᠪᠠᠷ ᠨᠡᠮᠡᠭᠳᠡᠵᠦ᠂ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠂ ᠡᠨᠡ ᠬᠦ ᠰᠠᠭᠤᠷᠢᠨ ᠳᠡᠭᠡᠷ᠎ᠡ ᠦᠷᠭᠦᠯᠵᠢᠯᠡᠨ ᠳᠡᠭᠡᠭᠰᠢᠯᠡᠵᠦ᠂ ᠳᠡᠭᠡᠷ᠎ᠡ ᠬᠠᠭᠠᠰ ᠵᠢᠯ ᠳᠤ 7.3% ᠶᠢᠨ ᠨᠡᠯᠢᠶᠡᠳ ᠥᠨᠳᠥᠷ ᠨᠡᠮᠡᠭᠳᠡᠯ ᠤᠨ ᠲᠦᠪᠰᠢᠨ ᠳᠤ ᠬᠦᠷᠴᠦ᠂ ᠢᠯᠠᠩᠭᠤᠶ᠎ᠠ ᠭᠤᠷᠪᠠᠨ ᠠᠵᠤ ᠦᠢᠯᠡᠰ ᠤᠨ ᠨᠡᠮᠡᠭᠳᠡᠯ ᠥᠷᠲᠡᠭ ᠬᠠᠮᠵᠢᠯᠴᠠᠨ ᠬᠦᠴᠦᠯᠡᠵᠦ᠂ ᠨᠡᠮᠡᠭᠳᠡᠯ ᠤᠨ ᠬᠤᠷᠳᠤᠴᠠ ᠨᠢ ᠴᠥᠮ ᠨᠢᠭᠡᠳᠦᠭᠡᠷ ᠤᠯᠠᠷᠢᠯ ᠤᠨ ᠬᠢ ᠠᠴᠠ ᠢᠯᠡᠳᠲᠡ ᠲᠦᠷᠭᠡᠳᠴᠦ᠂ ᠥᠪᠥᠷ ᠮᠣᠩᠭᠤᠯ ᠤᠨ ᠠᠵᠤ ᠠᠬᠤᠶ ᠶᠢᠨ ᠳᠠᠯᠳᠠ ᠬᠦᠴᠦᠨ ᠶᠡᠭᠡ᠂ ᠤᠶᠠᠨ ᠬᠠᠲᠠᠨ ᠴᠢᠨᠠᠷ ᠭᠦᠢᠴᠡᠳ ᠪᠠᠶᠢᠬᠤ ᠣᠨᠴᠠᠯᠢᠭ ᠢ ᠢᠯᠡᠷᠡᠭᠦᠯᠪᠡ᠃ ᠰᠠᠶ᠋ᠢ ᠶᠢᠨ ᠮᠡᠳᠡᠭᠳᠡᠯ ᠳᠤ ᠳᠤᠷᠠᠳᠤᠭᠰᠠᠨ ᠵᠠᠷᠢᠮ ᠢᠯᠡ ᠲᠣᠳᠣ ᠭᠦᠢᠴᠡᠳᠭᠡᠯ ᠲᠤᠭ᠎ᠠ ᠠᠴᠠ ᠭᠠᠳᠠᠨ᠎ᠠ᠂ ᠳᠡᠭᠡᠷ᠎ᠡ ᠬᠠᠭᠠᠰ ᠵᠢᠯ ᠤᠨ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠪᠦᠲᠦᠮᠵᠢ ᠶᠢᠨ ᠬᠠᠭᠤᠳᠠᠰᠤ ᠨᠢ ᠳᠤᠤᠷᠠᠬᠢ ᠮᠡᠲᠦ ︽ᠲᠠᠪᠤᠨ ᠬᠦᠴᠦᠲᠡᠶ︾ ᠳᠡᠭᠡᠷ᠎ᠡ ᠢᠯᠡᠷᠡᠵᠦ ᠪᠠᠶᠢᠨ᠎ᠠ᠃      ᠨᠢᠭᠡᠳᠦᠭᠡᠷ ᠲᠤ᠂ ᠭᠤᠣᠯᠯᠠᠬᠤ ᠠᠵᠤ ᠦᠢᠯᠡᠰ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠬᠦ ᠳᠤ ᠪᠠᠲᠤ ᠪᠠᠬᠢ ᠰᠠᠭᠤᠷᠢ ᠲᠠᠯᠪᠢᠪᠡ᠃ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠦᠷᠭᠦᠯᠵᠢᠯᠡᠨ ᠲᠦᠷᠭᠡᠳᠴᠦ᠂ ᠲᠠᠷᠢᠶᠠᠯᠠᠩ ᠮᠠᠯ ᠠᠵᠤ ᠠᠬᠤᠶ᠂ ᠡᠨᠧᠷᠭᠢ ᠶᠢᠨ ᠠᠵᠤ ᠦᠢᠯᠡᠳᠪᠦᠷᠢ ᠵᠡᠷᠭᠡ ᠣᠷᠣᠨ ᠤ ᠳᠣᠲᠣᠷᠠᠬᠢ ᠭᠤᠣᠯᠯᠠᠬᠤ ᠠᠵᠤ ᠦᠢᠯᠡᠰ ᠲᠤ ᠬᠤᠶᠠᠷ ︽ᠲᠣᠭᠲᠠᠭᠤᠨ ᠤ ᠳᠤᠮᠳᠠ ᠨᠡᠮᠡᠭᠳᠡᠯ ᠲᠠᠢ ᠪᠠᠶᠢᠬᠤ︾ ᠪᠠᠶᠢᠳᠠᠯ ᠢᠯᠡᠷᠡᠪᠡ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠨᠡᠮᠡᠭᠳᠡᠪᠡ᠃ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠠᠴᠠ ᠦᠵᠡᠪᠡᠯ᠂ ᠲᠦᠷᠦᠭᠦᠦ ᠬᠠᠭᠠᠰ ᠵᠢᠯ ᠳᠤ᠂ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ᠂ ᠰᠢᠷ᠎ᠠ ᠪᠤᠷᠴᠠᠭ᠂ ᠲᠣᠰᠣᠯᠢᠭ ᠲᠠᠷᠢᠮᠠᠯ ᠤᠨ ᠳᠠᠷᠢᠬᠤ ᠲᠠᠯᠠᠪᠠᠶ ᠴᠥᠮ ᠤᠯᠤᠰ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠦᠬᠡᠷ ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠥ ᠵᠡᠷᠭᠡ ᠭᠤᠤᠯ ᠪᠣᠯᠬᠤ ᠮᠠᠯ ᠤᠨ ᠠᠰᠢᠭ ᠰᠢᠮ᠎ᠡ ᠶᠢᠨ ᠭᠠᠷᠤᠯᠲᠠ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ ᠲᠣᠰ ᠲᠣᠰ 2.8᠂ 0.5 ᠪᠠ 3.4 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 6.4 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠪᠡ᠃ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ ᠪᠥᠬᠦ ᠤᠯᠤᠰ ᠲᠤ 2 ᠳ᠋ᠤᠭᠠᠷ ᠲᠤ ᠵᠢᠭᠰᠠᠭᠠᠭᠳᠠᠵᠤ᠂ ᠡᠳᠦᠷ ᠳᠤᠮᠳᠠᠴᠢ ᠶᠢᠨ ᠭᠠᠷᠤᠯᠲᠠ 300 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠪᠠ︔ ᠴᠠᠬᠢᠯᠭᠠᠨ ᠬᠦᠴᠦᠨ ᠤ ᠦᠢᠯᠡᠳᠪᠦᠷᠢᠯᠡᠯ ᠦᠷᠭᠦᠯᠵᠢᠯᠡᠨ ᠲᠦᠷᠭᠡᠳᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠲᠤ ᠲᠡᠷᠢᠭᠦᠯᠡᠵᠦ᠂ ᠳᠡᠭᠡᠷ᠎ᠡ ᠬᠠᠭᠠᠰ ᠵᠢᠯ ᠳᠤ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠨᠡᠶᠢᠲᠡ 1388.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠡᠳᠦᠷ ᠳᠤᠮᠳᠠᠴᠢ ᠶᠢᠨ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃     ᠬᠤᠶᠠᠳᠤᠭᠠᠷ ᠲᠤ᠂ ᠭᠤᠣᠯᠳᠠᠯᠭ᠎ᠠ ᠲᠠᠢ ᠵᠦᠢᠯᠡᠰ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠭᠴᠢ ᠬᠦᠴᠦᠨ ᠢ ᠬᠦᠴᠦᠲᠡᠢ ᠬᠠᠩᠭᠠᠪᠠ᠃ ᠡᠨᠡ ᠵᠢᠯ ᠠᠴᠠ ᠨᠠᠰᠢ᠂ ᠪᠥᠬᠦ ᠣᠷᠣᠨ ᠳᠠᠶᠠᠭᠠᠷ ᠢᠶᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠠᠳᠬᠤᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠪᠠ ᠳᠡᠯᠡᠬᠡᠶ ᠶᠢᠨ ᠰᠢᠨ᠎ᠡ ᠡᠨᠧᠷᠭᠢ ᠶᠢᠨ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠤᠯᠤᠰ ᠠᠯᠤᠰᠯᠠᠭᠰᠠᠨ ᠺᠣᠮᠫᠠᠨᠢ ᠶᠢᠨ ︽ᠥᠪᠥᠷ ᠮᠣᠩᠭᠤᠯ ᠤᠨ ᠠᠶᠠᠯᠠᠯ︾ ᠵᠡᠷᠭᠡ ᠲᠣᠮᠣ ᠬᠡᠯᠪᠡᠷᠢ ᠶᠢᠨ ᠲᠤᠰᠬᠠᠶ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠳᠡᠭᠡᠷ᠎ᠡ ᠬᠠᠭᠠᠰ ᠵᠢᠯ ᠳᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠡᠯᠡ ᠮᠥᠩᠭᠦ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠪᠡᠯᠡ ᠣᠷᠣᠭᠤᠯᠤᠯᠲᠠ ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠲᠦᠷᠦᠯ ᠵᠦᠢᠯ ᠬᠤᠶᠠᠷ ᠮᠢᠩᠭ᠎ᠠ ᠭᠠᠷᠤᠢ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 340 ᠨᠡᠮᠡᠭᠳᠡᠵᠦ᠂ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 37.3% ᠪᠠᠷ ᠨᠡᠮᠡᠭᠳᠡᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 95.8% ᠳᠤ ᠬᠦᠷᠴᠡᠢ᠃ ᠢᠯᠠᠩᠭᠤᠶ᠎ᠠ 900 ᠰᠢᠬᠠᠮ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠲᠦᠷᠭᠡᠨ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ᠰᠢᠨ᠎ᠡ ᠡᠨᠧᠷᠭᠢ ᠶᠢᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ᠂ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠲᠤᠰ ᠲᠤᠰ 147.4% ᠪᠠ 95.0% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠵᠠᠭᠤᠨ ᠤ ᠬᠠᠷᠢᠴᠠᠯ ᠢᠶᠠᠷ 24.8 ᠬᠤᠪᠢ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠨᠢ 70% ᠠᠴᠠ ᠳᠡᠭᠡᠭᠰᠢ ᠪᠣᠯᠪᠠ᠃     ᠭᠤᠷᠪᠠᠳᠤᠭᠠᠷ ᠲᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠥᠷᠨᠢᠨ ᠬᠥᠭᠵᠢᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠦᠴᠦᠲᠡᠢ ᠠᠬᠢᠭᠤᠯᠪᠠ᠃ ᠦᠢᠯᠡᠳᠪᠦᠷᠢᠯᠡᠯ ᠤᠨ ᠲᠠᠯ᠎ᠠ ᠠᠴᠠ ᠠᠪᠴᠤ ᠦᠵᠡᠪᠡᠯ᠂ ᠠᠵᠤ ᠦᠢᠯᠡᠳᠪᠦᠷᠢ ᠳᠠᠬᠢ ᠬᠡᠪᠴᠢᠶᠡᠵᠢᠯ ᠠᠴᠠ ᠳᠡᠭᠡᠭᠰᠢᠬᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠴᠥᠮ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠵᠦ᠂ ᠨᠢᠭᠡᠳᠦᠭᠡᠷ ᠤᠯᠠᠷᠢᠯ ᠲᠠᠢ ᠬᠠᠷᠢᠴᠠᠭᠤᠯᠪᠠᠯ ᠲᠣᠰ ᠲᠣᠰ 11.5᠂ 13.7 ᠪᠠ 0.1 ᠵᠠᠭᠤᠨ ᠤ ᠨᠢᠭᠡᠴᠢ ᠲᠦᠷᠭᠡᠨ ᠪᠣᠯᠵᠠᠶ᠃ ᠦᠢᠯᠡᠴᠢᠯᠡᠭᠡᠨ ᠤ ᠦᠢᠯᠡᠰ ᠤᠨ ᠳᠤᠮᠳᠠ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠴᠥᠮ 10% ᠠᠴᠠ ᠳᠡᠭᠡᠭᠰᠢᠬᠢ ᠨᠡᠮᠡᠭᠳᠡᠯ ᠤᠨ ᠲᠦᠪᠰᠢᠨ ᠢᠪᠠᠲᠤᠯᠠᠵᠤ᠂ ᠨᠢᠭᠡᠳᠦᠭᠡᠷ ᠤᠯᠠᠷᠢᠯ ᠤᠨ ᠬᠢ ᠠᠴᠠ ᠲᠤᠰ ᠲᠤᠰ 3.5 ᠪᠠ 5.1 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠬᠡᠷᠡᠭᠴᠡᠭᠡ ᠶᠢᠨ ᠲᠠᠯ᠎ᠠ ᠠᠴᠠ ᠦᠵᠡᠪᠡᠯ᠂ ᠰᠢᠨ᠎ᠡ ᠬᠡᠷᠡᠭᠯᠡᠭᠡᠨ ᠤ ᠵᠠᠭᠪᠤᠷ ᠡᠷᠴᠢᠮᠲᠡᠶ ᠨᠡᠮᠡᠭᠳᠡᠵᠦ᠂ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ 4.4 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ︔ ᠬᠤᠷᠰᠢᠶᠠᠨ ᠤ ᠵᠢᠵᠢᠭ ᠰᠠᠵᠢᠭ ᠵᠦᠢᠯ ᠳᠤ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠪᠦᠬᠦ ᠵᠢᠯ ᠤᠨ ᠬᠢ ᠠᠴᠠ 1.3 ᠵᠠᠭᠤᠨ ᠤ ᠬᠤᠪᠢ ᠶᠢᠨ ᠴᠡᠭ ᠳᠡᠭᠡᠭᠰᠢᠯᠡᠵᠡᠶ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 38.4 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠢᠯᠠᠩᠭᠤᠶ᠎ᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠳᠠᠬᠢᠨ ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠪᠠ᠃     ᠳᠥᠷᠪᠡᠳᠦᠭᠡᠷ ᠲᠤ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠢ ᠬᠦᠴᠦᠲᠡᠢ ᠨᠡᠮᠡᠭᠳᠡᠭᠦᠯᠪᠡ ᠃ ᠨᠢᠭᠡ ᠲᠠᠯ᠎ᠠ ᠪᠠᠷ᠂ ᠬᠡᠷᠡᠭᠯᠡᠭᠡ ᠦᠷᠭᠦᠯᠵᠢᠯᠡᠨ ᠰᠡᠷᠭᠦᠵᠦ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ᠃ ᠬᠦᠷᠦᠯᠴᠡᠬᠦ ᠬᠡᠯᠪᠡᠷᠢ ᠶᠢᠨ ᠬᠡᠷᠡᠭᠯᠡᠭᠡ ᠨᠡᠯᠢᠶᠡᠳ ᠲᠦᠷᠭᠡᠨ ᠰᠡᠷᠭᠦᠵᠦ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠬᠤᠶᠠᠷ ᠰᠠᠷ᠎ᠠ ᠳᠠᠷᠠᠭᠠᠯᠠᠨ ᠨᠡᠶᠢᠲᠡ 20% ᠠᠴᠠ ᠳᠡᠭᠡᠭᠰᠢ ᠨᠡᠮᠡᠭᠳᠡᠪᠡ᠃ ᠨᠥᠭᠦᠭᠡ ᠲᠠᠯ᠎ᠠ ᠪᠠᠷ᠂ ᠬᠡᠷᠡᠭᠯᠡᠭᠡᠨ ᠤ ᠳᠣᠲᠣᠭᠠᠳᠤ ᠪᠦᠲᠦᠴᠡ ᠠᠴᠠ ᠦᠵᠡᠪᠡᠯ᠂ ᠬᠡᠷᠡᠭᠯᠡᠭᠡᠨ ᠤ ᠲᠠᠰ ᠳᠠᠪᠰᠢᠯᠲᠠ ᠲᠠᠰᠤᠷᠠᠯᠲᠠ ᠥᠬᠡᠶ ᠲᠦᠷᠭᠡᠳᠴᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠯᠲᠠ ᠮᠥᠩᠭᠦ ᠰᠤᠪᠤᠳ ᠡᠷᠳᠡᠨᠢ᠂ ᠡᠮᠦᠰᠴᠦ ᠵᠡᠭᠦᠵᠦ ᠪᠣᠯᠬᠤ ᠣᠶᠤᠨᠴᠢ ᠲᠥᠬᠦᠭᠡᠷᠦᠮᠵᠢ ᠵᠡᠷᠭᠡ ᠲᠠᠰ ᠳᠡᠪᠰᠢᠬᠦ ᠲᠥᠷᠥᠯ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠴᠥᠮ ᠨᠡᠯᠢᠶᠡᠳ ᠲᠦᠷᠭᠡᠨ ᠨᠡᠮᠡᠭᠳᠡᠯ ᠤᠨ ᠬᠤᠷᠳᠤᠴᠠ ᠪᠠᠨ ᠪᠠᠲᠤᠯᠠᠵᠤ ᠪᠠᠶᠢᠨ᠎ᠠ᠃     ᠲᠠᠪᠤᠳᠤᠭᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢᠳᠡᠷᠡᠭᠦᠨ ᠢᠶᠠᠷ ᠦᠰᠦᠨ ᠪᠤᠶᠢᠵᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠲᠤᠭ᠎ᠠ ᠬᠡᠮᠵᠢᠶ᠎ᠡ ᠨᠢ ᠪᠥᠬᠦ ᠬᠠᠤᠯᠢ ᠶᠢᠨ ᠡᠷᠬᠡᠲᠡᠨ ᠤ ᠨᠢᠭᠡᠴᠡ ᠶᠢᠨ ᠲᠣᠭᠠᠨ ᠤ 77.7% ᠶᠢ ᠡᠵᠡᠯᠡᠵᠦ᠂ ᠳᠡᠭᠡᠷ᠎ᠡ ᠵᠢᠯ ᠤᠨ ᠡᠴᠦᠰ ᠤᠨ ᠬᠢ ᠠᠴᠠ 4.0 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠠᠷᠠᠳ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠲᠠᠰᠤᠷᠠᠯᠲᠠ ᠥᠬᠡᠶ ᠪᠤᠵᠠᠭᠠᠶᠢᠷᠠᠵᠤ᠂ ᠠᠵᠤ ᠠᠬᠤᠶ ᠳᠤ ᠦᠵᠡᠭᠦᠯᠬᠦ ᠬᠤᠪᠢ ᠨᠡᠮᠡᠷᠢ ᠨᠢ ᠲᠠᠰᠤᠷᠠᠯᠲᠠ ᠥᠬᠡᠶ ᠳᠡᠭᠡᠭᠰᠢᠯᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠯᠲᠡ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠦᠷᠢ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 46.1% ᠳᠤ ᠬᠦᠷᠴᠡᠶ᠃ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢ ᠰᠢᠯᠢᠳᠡᠭᠵᠢᠭᠦᠯᠦᠨ ᠣᠯᠠᠨ ᠡᠰᠢᠵᠢᠭᠦᠯᠦᠨ ᠬᠥᠭᠵᠢᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠤᠤᠷ᠎ᠠ᠂ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ ᠬᠤᠪᠢ ᠨᠡᠮᠡᠷᠢ ᠦᠵᠡᠭᠦᠯᠦᠭᠰᠡᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠠᠭᠠᠰ ᠲᠤᠭ᠎ᠠ ᠶᠢ ᠡᠵᠡᠯᠡᠪᠡ᠂ ᠢᠯᠠᠩᠭᠤᠶ᠎ᠠ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠴᠠ ᠦᠵᠡᠪᠡᠯ᠂ ᠠᠷᠠᠳ ᠤᠨ ᠪᠠᠯᠠ ᠣᠷᠣᠭᠤᠯᠤᠯᠲᠠ ᠪᠣᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ︽ᠭᠤᠤᠯ ᠬᠦᠴᠦᠨ︾ ᠪᠠᠶᠢᠵᠤ᠂ ᠪᠥᠬᠦ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 78.1% ᠳᠤ ᠬᠦᠷᠴᠡᠶ᠃      ᠶᠡᠷᠦᠩᠬᠡᠶ ᠳᠤᠨᠢ ᠠᠪᠴᠤ ᠦᠵᠡᠪᠡᠯ᠂ ᠪᠢᠳᠡ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠬᠤᠷᠸ᠎ᠠ ᠠᠵᠤ ᠠᠬᠤᠶ ᠶᠢᠨ ᠣᠷᠴᠢᠨ ᠨᠥᠬᠦᠴᠡᠯ ᠵᠢᠴᠢ ᠬᠡᠷᠡᠭᠴᠡᠭᠡ ᠬᠦᠷᠦᠯᠴᠡᠬᠦ ᠥᠬᠡᠶ ᠳᠠᠪᠬᠤᠴᠠᠭᠰᠠᠨ ᠡᠨᠧᠷᠭᠢ ᠵᠡᠷᠭᠡ ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠦᠷᠭᠦᠯᠵᠢᠯᠡᠨ ᠪᠠᠭᠤᠷᠠᠵᠤ ᠪᠠᠶᠢᠭ᠎ᠠ ᠪᠠᠶᠢᠳᠠᠯ ᠳᠤᠤᠷ᠎ᠠ᠂ ᠠᠵᠤ ᠠᠬᠤᠶ ᠶᠢᠨ ︽ᠲᠣᠭᠲᠠᠭᠤᠨ ᠪᠠᠶᠢᠯᠭᠠᠬᠤ︾ ᠪᠠ ︽ᠤᠷᠤᠭᠰᠢᠯᠠᠨ ᠳᠠᠪᠰᠢᠬᠤ︾ ᠶᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠡᠭᠦᠯᠴᠢ ᠶᠢᠨ ᠬᠤᠭᠤᠴᠠᠭᠠᠨ ᠤ ᠬᠥᠭᠵᠢᠯᠲᠡ ᠳᠤ ᠬᠥᠳᠡᠯᠭᠡᠬᠦ ᠡᠨᠧᠷᠭᠢ ᠬᠤᠷᠠᠮᠳᠤᠭᠤᠯᠵᠤ᠂ ᠠᠮᠵᠢᠯᠲᠠ ᠪᠦᠲᠦᠮᠵᠢ ᠣᠯᠤᠭᠰᠠᠨ ᠨᠢ ᠦᠨᠡᠬᠡᠷ ᠬᠢᠯᠪᠠᠷ ᠪᠤᠰᠤ ᠶᠤᠮ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠡᠨᠡ ᠵᠢᠯ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠪᠢᠳᠡᠨ ᠳᠤ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠬᠠᠷᠠᠯᠲᠠ ᠶᠢ ᠲᠣᠳᠣᠷᠬᠠᠶᠢᠯᠠᠭᠰᠠᠨ ᠢᠶᠠᠷ ᠪᠠᠷᠠᠬᠤ ᠥᠬᠡᠶ᠂ ᠨᠠᠩ ᠴᠤ ᠪᠢᠳᠡᠨ ᠤ ᠮᠠᠭᠲᠠᠨ ᠰᠠᠶᠢᠰᠢᠶᠠᠵᠤ᠂ ᠬᠦᠴᠦ ᠨᠡᠮᠡᠵᠦ᠂ ᠡᠷᠴᠢ ᠵᠣᠷᠢᠭ ᠢ ᠬᠥᠪᠴᠢᠯᠡᠵᠦ᠂ ᠪᠢᠳᠡᠨ ᠳᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠠᠶᠢᠨ ᠲᠠᠯ᠎ᠠ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠢ ᠣᠯᠭᠤᠭᠰᠠᠨ ᠪᠠᠶᠢᠨ᠎ᠠ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠰᠤᠷᠲᠠᠯ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠳᠠᠭ ᠯᠠ ᠶᠤᠮ ᠪᠣᠯ᠂ ᠳᠡᠭᠡᠷ᠎ᠡ ᠬᠠᠭᠠᠰ ᠵᠢᠯ ᠤᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢᠨ ᠰᠠᠭᠤᠷᠢᠨ ᠳᠡᠭᠡᠷ᠎ᠡ᠂ ᠪᠦᠬᠦ ᠣᠷᠣᠨ ᠤ ᠠᠵᠤ ᠠᠬᠤᠢ ᠶᠢᠨ ︽ᠲᠣᠭᠲᠠᠭᠤᠨ︾ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ︽ᠤᠷᠤᠭᠰᠢᠯᠠᠬᠤ︾ ᠬᠠᠨᠳᠤᠰᠢ ᠶᠢ ᠪᠠᠲᠤᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠪᠠᠷ ᠬᠦᠴᠦᠯᠡᠨ ᠴᠢᠷᠮᠠᠶᠢᠵᠤ ᠴᠢᠳᠠᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃      ᠪᠠᠶᠠᠷᠯᠠᠯ᠎ᠠ᠃      ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ ᠤᠨ ᠰᠤᠷᠪᠤᠯᠵᠢᠯᠠᠭᠴᠢ᠄ ᠥᠭᠦᠯᠡᠭᠴᠢᠲᠠ ᠰᠠᠶᠢᠨ ᠦᠦ︕ 2023 ᠣᠨ ᠤ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.7% ᠪᠠᠷ ᠥᠰᠴᠦ᠂ ᠨᠢᠭᠡᠳᠦᠭᠡᠷ ᠤᠯᠠᠷᠢᠯ ᠤᠨ 1.0% ᠠᠴᠠ 0.3 ᠵᠠᠭᠤᠨ ᠤ ᠬᠤᠪᠢ ᠶᠢᠨ ᠴᠡᠭ ᠪᠠᠭᠠᠰᠴᠠᠶ᠃ ᠲᠡᠭᠡᠪᠡᠯ᠂ ᠣᠳᠣᠬᠢ ᠱᠠᠲᠤᠨ ᠤ CPI ᠶᠢᠨ ᠶᠡᠷᠦᠩᠬᠡᠶ ᠠᠵᠢᠯᠯᠠᠭᠠᠨ ᠤ ᠪᠠᠶᠢᠳᠠᠯ ᠢ ᠲᠠ ᠬᠡᠷᠬᠢᠨ ᠦᠵᠡᠬᠦ ᠪᠤᠶ︖ CPI ᠶᠢᠨ ᠥᠰᠥᠯᠲᠡ ᠶᠢ ᠨᠥᠯᠥᠭᠡᠯᠡᠬᠦ ᠭᠤᠤᠯ ᠡᠯᠧᠮᠧᠨ᠋ᠲ ᠶᠠᠭᠤ ᠶᠠᠭᠤ ᠪᠠᠢᠬᠤ ᠪᠣᠶ︖
   2023年上半年全区经济运行情况答记者问5.jpg
      ᠸᠠᠩ ᠳ᠋ᠧ ᠪᠢᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠲᠠᠨ ᠤ ᠰᠠᠶ᠋ᠢ ᠶᠢᠨ ᠳᠤᠷᠠᠳᠤᠭᠰᠠᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠪᠠᠭᠠᠰᠬᠤ ᠬᠠᠨᠳᠤᠰᠢ ᠶᠢᠨ ᠲᠤᠬᠠᠶ ᠥᠪᠥᠷ ᠮᠣᠩᠭᠤᠯ ᠬᠢᠭᠡᠳ ᠪᠥᠬᠦ ᠤᠯᠤᠰ ᠤᠨ ᠬᠠᠨᠳᠤᠰᠢ ᠦᠨᠳᠦᠰᠦᠨ ᠳᠡᠭᠡᠨ ᠨᠢᠭᠡᠳᠦᠯᠲᠡᠶ ᠪᠠᠶᠢᠨ᠎ᠠ᠃ ᠳᠡᠭᠡᠷ᠎ᠡ ᠬᠠᠭᠠᠰ ᠵᠢᠯ ᠳᠤ ᠪᠥᠬᠦ ᠣᠷᠣᠨ ᠤ CPI ᠶᠢᠨ ᠥᠰᠥᠯᠲᠡ ᠶᠢᠨ ᠬᠡᠮᠵᠢᠶ᠎ᠡ 1 ᠳ᠋ᠤᠭᠡᠷ ᠰᠠᠷ᠎ᠠ ᠶᠢᠨ 1.7% ᠪᠠᠶᠢᠭᠰᠠᠨ ᠠᠴᠠ ᠪᠠᠨ 0.7% ᠪᠣᠯᠤᠨ ᠪᠠᠭᠠᠰᠪᠠ︔ ᠪᠥᠬᠦ ᠤᠯᠤᠰ ᠤᠨ CPI ᠶᠢᠨ ᠥᠰᠥᠯᠲᠡ ᠶᠢᠨ ᠬᠡᠮᠵᠢᠶ᠎ᠡ ᠨᠢ 1 ᠰᠠᠷ᠎ᠠ ᠳᠤ 2.1% ᠪᠠᠶᠢᠭᠰᠠᠨ ᠠᠴᠠ ᠪᠠᠨ 0.7% ᠪᠣᠯᠵᠣ ᠪᠠᠭᠠᠰᠪᠠ᠃ ᠣᠳᠣᠬᠠᠨ ᠳᠤ ᠪᠠᠷᠠᠭᠠᠨ ᠤ ᠦᠨ᠎ᠡ ᠶᠢᠨ ᠬᠢᠷᠢ ᠲᠦᠪᠰᠢᠨ ᠱᠠᠲᠤ ᠦᠶ᠎ᠡ ᠶᠢᠨ ᠴᠢᠨᠠᠷᠲᠠᠶ ᠳᠤᠤᠷ᠎ᠠ ᠪᠠᠶᠢᠷᠢᠨ ᠳᠤ ᠪᠠᠶᠢᠨ᠎ᠠ᠂ ᠵᠢᠱᠢᠯᠲᠡ ᠪᠠᠷ ᠲᠠᠷᠠᠭᠠᠴᠢ ᠶᠢᠨ ᠱᠠᠲᠤᠨ ᠳᠤ ᠠᠵᠤ ᠠᠬᠤᠶ ᠶᠢᠨ ᠰᠡᠷᠭᠦᠯᠲᠡ ᠰᠠᠶᠢᠵᠢᠷᠠᠬᠤ ᠶᠢ ᠳᠠᠭᠠᠯᠳᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠠᠯᠬᠤᠮ ᠠᠯᠬᠤᠮ ᠢᠶᠠᠷ ᠥᠷᠭᠡᠳᠴᠦ ᠪᠠᠶᠢᠬᠤ ᠶᠢᠨ ᠳᠡᠭᠡᠷ᠎ᠡ ᠨᠢᠳᠤᠨᠤᠨ ᠤ ᠠᠳᠠᠯᠢ ᠬᠤᠭᠤᠴᠠᠭᠠᠨ ᠤ ᠥᠨᠳᠥᠷ ᠰᠠᠭᠤᠷᠢ ᠲᠣᠭᠠᠨ ᠤ ᠬᠦᠴᠦᠨ ᠵᠦᠢᠯ ᠠᠯᠬᠤᠮ ᠠᠯᠬᠤᠮ ᠢᠶᠠᠷ ᠠᠷᠢᠯᠤᠭᠰᠠᠨ ᠪᠣᠯᠬᠤᠷ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠠᠯᠬᠤᠮ ᠠᠯᠬᠤᠮ ᠢᠶᠠᠷ ᠵᠦᠶ ᠵᠣᠬᠢᠰᠲᠠᠶ ᠬᠢᠷᠢ ᠬᠡᠮᠵᠢᠶᠡᠨ ᠳᠤ ᠬᠥᠷᠬᠦ ᠪᠣᠯᠤᠨ᠎ᠠ᠃     ᠲᠦᠷᠦᠭᠦᠦ ᠬᠠᠭᠠᠰ ᠵᠢᠯ ᠳᠤ᠂ CPI ᠶᠢᠨ ᠥᠰᠥᠯᠲᠡ ᠶᠢ ᠨᠥᠯᠥᠭᠡᠯᠡᠬᠦ ᠬᠦᠴᠦᠨ ᠵᠦᠢᠯ ᠬᠤᠶᠠᠷ ᠲᠠᠯ᠎ᠠ ᠪᠣᠶ᠄     ᠨᠢᠭᠡ ᠳᠤ ᠢᠳᠡᠭᠡᠨ ᠤ ᠵᠦᠢᠯ ᠤᠨ ᠦᠨ᠎ᠡ ᠬᠠᠩᠰᠢ ᠶᠢᠨ ᠥᠰᠥᠯᠲᠡ ᠨᠢ CPI ᠶᠢᠨ ᠥᠰᠥᠯᠲᠡ ᠶᠢ ᠳᠠᠶᠢᠴᠢᠯᠠᠪᠠ᠃ ᠲᠦᠷᠦᠭᠦᠦ ᠬᠠᠭᠠᠰ ᠵᠢᠯ ᠳᠤ᠂ ᠢᠳᠡᠭᠡᠨ ᠤ ᠵᠦᠢᠯ ᠤᠨ ᠦᠨ᠎ᠡ ᠬᠠᠩᠰᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.4% ᠪᠠᠷ ᠥᠰᠴᠦ᠂ CPI ᠶᠢᠨ ᠥᠰᠥᠯᠲᠡ ᠳᠤ ᠦᠵᠡᠭᠦᠯᠦᠭᠰᠡᠨ ᠨᠥᠯᠥᠭᠡ ᠶᠢᠨ ᠬᠡᠮᠵᠢᠶ᠎ᠡ ᠨᠢ 67.8% ᠬᠦᠷᠴᠡᠶ᠃ 14 ᠲᠥᠷᠥᠯ ᠤᠨ ᠢᠳᠡᠭᠡᠨ ᠤ ᠦᠨ᠎ᠡ ᠬᠠᠩᠰᠢ ᠳᠤ ︽12 ᠨᠡᠮᠡᠭᠳᠡᠵᠦ 2 ᠪᠠᠭᠤᠷᠠᠬᠤ︾ ᠪᠠᠶᠢᠳᠠᠯ ᠢᠯᠡᠷᠡᠪᠡ᠃     ᠬᠤᠶᠠᠷ ᠲᠤ ᠢᠳᠡᠭᠡᠨ ᠤ ᠪᠤᠰᠤ ᠵᠦᠢᠯ ᠤᠨ ᠦᠨ᠎ᠡ ᠬᠠᠩᠰᠢ ᠶᠢᠨ ᠥᠰᠥᠯᠲᠡ ᠨᠢ CPI ᠶᠢᠨ ᠥᠰᠥᠯᠲᠡ ᠶᠢ ᠳᠠᠶᠢᠴᠢᠯᠠᠪᠠ᠃ ᠲᠦᠷᠦᠭᠦᠦ ᠬᠠᠭᠠᠰ ᠵᠢᠯ ᠳᠤ ᠢᠳᠡᠭᠡᠨ ᠤ ᠪᠤᠰᠤ ᠵᠦᠢᠯ ᠤᠨ ᠦᠨ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3% ᠪᠠᠷ ᠥᠰᠴᠦ᠂ CPI ᠶᠢᠨ ᠥᠰᠥᠯᠲᠡ ᠶᠢ 32.2% ᠢᠶᠠᠷ ᠨᠥᠯᠥᠭᠡᠯᠡᠭᠰᠡᠨᠪᠠᠶᠢᠨ᠎ᠠ᠃ ᠡᠭᠦᠨ ᠳᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠬᠢᠷᠠᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠰᠢᠯᠢᠳᠡᠭᠵᠢᠭᠦᠯᠦᠯᠲᠡ ᠵᠢᠴᠢ ᠣᠯᠠᠨ ᠪᠠᠶᠠᠷ ᠤᠨ ᠡᠳᠦᠷ ᠤᠨ ᠨᠥᠯᠥᠭᠡᠯᠡᠯ ᠢᠶᠠᠷ᠂ ᠦᠢᠯᠡᠴᠢᠯᠡᠭᠡᠨ ᠤ ᠦᠨ᠎ᠡ ᠬᠠᠩᠰᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.8% ᠪᠠᠷ ᠥᠰᠴᠦ᠂ CPI ᠶᠢᠨ ᠥᠰᠥᠯᠲᠡ ᠶᠢ 0.27 ᠵᠠᠭᠤᠨ ᠤ ᠬᠤᠪᠢ ᠶᠢᠨ ᠴᠡᠭ ᠨᠥᠯᠥᠭᠡᠯᠡᠪᠡ᠃     ᠶᠡᠷᠦᠩᠬᠡᠶ ᠳᠤᠨᠢ ᠠᠪᠴᠤ ᠦᠵᠡᠪᠡᠯ᠂ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠡᠯᠪᠡᠭ ᠲᠣᠭᠲᠠᠭᠤᠨ ᠪᠠᠶᠢᠵᠤ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠬᠦᠴᠦᠲᠡᠶ ᠪᠠᠶᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠲᠣᠭᠲᠠᠭᠤᠨ ᠢᠶᠠᠷ ᠠᠵᠢᠯᠯᠠᠵᠤ᠂ ᠳᠤᠤᠷ᠎ᠠ ᠬᠠᠭᠠᠰ ᠵᠢᠯ ᠤᠨ ᠪᠠᠷᠠᠭᠠᠨ ᠤ ᠦᠨ᠎ᠡ ᠶᠢᠨ ᠲᠦᠪᠰᠢᠨ ᠲᠣᠭᠲᠠᠭᠤᠨ ᠪᠠᠶᠢᠳᠠᠯ ᠢᠶᠠᠨ ᠪᠠᠲᠤᠯᠠᠬᠤ ᠳᠤ ᠮᠥᠨ ᠬᠦ ᠪᠠᠲᠤ ᠪᠠᠬᠢ ᠰᠠᠭᠤᠷᠢ ᠲᠠᠢ ᠪᠠᠶᠢᠨ᠎ᠠ᠃     ᠪᠠᠶᠠᠷᠯᠠᠯ᠎ᠠ᠃     ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ᠂ ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 6.9% ᠪᠠᠷ ᠨᠡᠮᠡᠭᠳᠡᠪᠡ᠂ ᠲᠠ ᠡᠨᠡ ᠬᠦ ᠨᠡᠮᠡᠭᠳᠡᠯ ᠤᠨ ᠬᠤᠷᠳᠤᠴᠠ ᠶᠢ ᠬᠡᠷᠬᠢᠨ ᠦᠵᠡᠵᠦ ᠪᠠᠶᠢᠬᠤ ᠪᠣᠶ︖ ᠪᠠᠶᠠᠷᠯᠠᠯ᠎ᠠ᠃
2023年上半年全区经济运行情况答记者问6.jpg
     ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠣᠯᠠᠨ ᠤ ᠮᠡᠳᠡᠭᠡᠵᠢ ᠪᠠᠷ᠂ ᠮᠠᠨ ᠤ ᠣᠷᠣᠨ ᠪᠣᠯ ᠡᠨᠧᠷᠭᠢ ᠶᠢᠨ ᠲᠣᠮᠣ ᠣᠷᠣᠨ ᠪᠠᠶᠢᠵᠤ᠂ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 60% ᠰᠢᠬᠠᠮ ᠢ ᠡᠵᠡᠯᠡᠵᠦ ᠪᠠᠶᠢᠨ᠎ᠠ᠃ ᠡᠨᠡ ᠵᠢᠯ ᠠᠴᠠ ᠨᠠᠰᠢ᠂ ᠬᠡᠷᠡᠭᠴᠡᠭᠡ ᠬᠦᠷᠦᠯᠴᠡᠬᠦ ᠥᠬᠡᠶ ᠳᠠᠪᠬᠤᠴᠠᠭᠰᠠᠨ ᠡᠨᠧᠷᠭᠢ ᠵᠡᠷᠭᠡ ᠶᠡᠭᠡ ᠬᠡᠮᠵᠢᠶᠡᠨ ᠤ ᠲᠠᠸᠠᠷ ᠤᠨ ᠦᠨ᠎ᠡ ᠦᠷᠭᠦᠯᠵᠢᠯᠡᠨ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠵᠣᠬᠢᠬᠤ ᠳᠠᠷᠤᠯᠲᠠ ᠪᠣᠯᠪᠠ᠂ ᠡᠶᠢᠮᠦ ᠨᠢᠭᠡᠨ ᠪᠠᠶᠢᠳᠠᠯᠳᠤᠤᠷ᠎ᠠ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠳᠠᠷᠤᠯᠲᠠ ᠶᠢ ᠲᠤᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠭᠰᠡᠨ ᠨᠢ ᠮᠠᠰᠢ ᠬᠢᠯᠪᠠᠷ ᠪᠤᠰᠤ ᠶᠤᠮ᠃ ᠭᠤᠤᠯ ᠨᠢ ᠳᠤᠤᠷᠠᠬᠢ ᠭᠤᠷᠪᠠᠨ ᠡᠯᠧᠮᠧᠨ᠋ᠲ ᠠᠴᠠ ᠪᠣᠯᠵᠠᠶ᠃     ᠨᠢᠭᠡ ᠳᠤ᠂ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠪᠡ ᠃ ᠡᠨᠡ ᠵᠢᠯ ᠠᠴᠠ ᠨᠠᠭᠠᠰᠢ᠂ ᠪᠥᠬᠦ ᠣᠷᠣᠨ ᠳᠠᠶᠠᠭᠠᠷ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠦᠢᠯᠡᠳᠬᠦ ᠦᠢᠯᠡᠰ ᠨᠢ ᠨᠢᠭᠡᠨᠲᠡ ᠣᠳᠣᠬᠠᠨ ᠤ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠨ ᠰᠠᠨᠠᠭᠠᠴᠢᠯᠠᠭᠠᠲᠤ ᠬᠦᠴᠦᠨ ᠪᠣᠯᠵᠠᠶ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 1.2 ᠵᠠᠭᠤᠨ ᠤ ᠬᠤᠪᠢ ᠶᠢᠨ ᠴᠡᠭ ᠲᠦᠷᠭᠡᠳᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 3.9 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠭᠤᠷᠪᠠᠨ ᠰᠠᠷ᠎ᠠ ᠳᠠᠷᠠᠭᠠᠯᠠᠨ ᠲᠠᠪᠤᠨ ᠬᠤᠪᠢ ᠶᠢ ᠳᠠᠪᠠᠪᠠ᠃     ᠬᠤᠶᠠᠷ ᠲᠤ᠂ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠠᠵᠤ ᠠᠬᠤᠶᠢᠯᠠᠯ ᠤᠨ ᠳᠠᠶᠢᠴᠢᠯᠠᠯᠲᠠ ᠢᠯᠡᠷᠬᠡᠶ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠳᠠᠶᠠᠭᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠲᠥᠷᠥᠯ ᠵᠦᠢᠯ ᠤᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠠᠵᠤ ᠠᠬᠤᠶᠢᠯᠠᠯ ᠨᠢ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠳᠤ ᠲᠠᠰᠤᠷᠠᠯᠲᠠ ᠤᠢᠭᠡᠢ ᠬᠥᠳᠡᠯᠭᠡᠬᠦ ᠬᠦᠴᠦᠨ ᠢ ᠬᠠᠩᠭᠠᠭᠰᠠᠨ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 125 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 52 ᠡᠷᠦᠬᠡ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 2.6 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ᠃     ᠭᠤᠷᠪᠠ ᠳᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠᠶᠢᠳᠠᠯ ᠦᠷᠭᠦᠯᠵᠢᠯᠡᠵᠦ ᠪᠠᠶᠢᠨ᠎ᠠ᠃ ᠲᠦᠷᠦᠭᠦᠦ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 20.6%᠂ 21.0% ᠪᠠ 18.7% ᠪᠠᠷ ᠨᠡᠮᠡᠭᠳᠡᠵᠦ᠂ ᠴᠥᠮ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠪᠠ᠃ ᠠᠵᠤ ᠦᠢᠯᠡᠳᠪᠦᠷᠢ ᠶᠢᠨ ᠰᠢᠨ᠎ᠡ ᠦᠢᠯᠡᠳᠬᠦᠨ ᠤ ᠳᠣᠲᠣᠷ᠎ᠠ᠂ ᠲᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 3.1 ᠳᠠᠬᠢᠨ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 1.0 ᠳᠠᠬᠢᠨ ᠨᠡᠮᠡᠭᠳᠡᠵᠦ᠂ ᠡᠯᠧᠺᠲᠷᠣᠨ ᠲᠣᠨᠤᠭ 26.3% ᠪᠠᠷ ᠨᠡᠮᠡᠭᠳᠡᠵᠦ᠂ ᠴᠥᠮ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ᠃     ᠪᠠᠶᠠᠷᠯᠠᠯ᠎ᠠ᠃     ︽ᠬᠠᠤᠯᠢᠵᠢᠯ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ︕ ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠰᠡᠷᠭᠦᠯᠲᠡ ᠶᠢᠨ ᠪᠠᠶᠢᠳᠠᠯ ᠰᠠᠶᠢᠨ ᠪᠠᠶᠢᠨ᠎ᠠ᠂ ᠲᠡᠭᠡᠪᠡᠯ ᠰᠠᠭᠤᠭᠠᠯᠢ ᠠᠷᠠᠳ ᠤᠨ ᠣᠷᠣᠯᠭ᠎ᠠ ᠪᠠ ᠬᠡᠷᠡᠭᠯᠡᠭᠡ ᠳᠤ ᠶᠠᠮᠠᠷ ᠶᠠᠮᠠᠷ ᠭᠤᠤᠯ ᠬᠤᠪᠢᠷᠠᠯᠲᠠ ᠪᠠᠶᠢᠬᠤ ᠪᠣᠶ︖ ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠢᠷᠡᠭᠡᠳᠦᠶ ᠶᠢ ᠬᠡᠷᠬᠢᠨ ᠵᠢᠱᠢᠵᠦ ᠮᠡᠳᠡᠬᠦ ᠪᠣᠶ︖ ᠪᠠᠶᠠᠷᠯᠠᠯ᠎ᠠ᠃
2023年上半年全区经济运行情况答记者问7.jpg
     ᠸᠠᠩ ᠳ᠋ᠧ ᠪᠢᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠥᠪᠥᠷ ᠮᠣᠩᠭᠤᠯ ᠠᠷᠠᠳ ᠤᠨ ᠠᠮᠢᠳᠤᠷᠠᠯ ᠢ ᠪᠠᠲᠤᠯᠠᠬᠤ᠂ ᠬᠡᠷᠡᠭᠯᠡᠭᠡ ᠶᠢ ᠠᠬᠢᠭᠤᠯᠬᠤ ᠠᠷᠠᠳ ᠢ ᠪᠠᠶᠠᠵᠢᠭᠤᠯᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠡᠷᠡᠭᠵᠢᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠪᠠ ᠬᠡᠷᠡᠭᠯᠡᠭᠡ ᠶᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠨᠡᠮᠡᠭᠳᠡᠯ ᠢ ᠬᠦᠴᠦᠲᠡᠶ ᠠᠬᠢᠭᠤᠯᠵᠤ᠂ ᠭᠤᠤᠯᠳᠠᠭᠤ ᠳᠤᠤᠷᠠᠬᠢ ᠮᠡᠲᠦ ᠬᠤᠪᠢᠷᠠᠯᠲᠠ ᠶᠢᠨ ᠣᠨᠴᠠᠯᠢᠭ ᠢ ᠢᠯᠡᠷᠡᠭᠦᠯᠪᠡ᠄     ᠨᠢᠭᠡ ᠳᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠲᠦᠷᠭᠡᠳᠴᠦ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠢ ᠠᠴᠠ ᠳᠡᠭᠡᠭᠦᠷ ᠪᠣᠯᠪᠠ᠃     ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 1.1 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ 2022 ᠣᠨ ᠤ ᠬᠢ ᠠᠴᠠ 0.4 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠨᠡᠮᠡᠭᠳᠡᠯ ᠤᠨ ᠬᠤᠷᠳᠤᠴᠠ ᠨᠢ ᠤᠯᠠᠷᠢᠯ ᠳᠠᠷᠠᠭᠠᠯᠠᠨ ᠲᠦᠷᠭᠡᠳᠪᠡ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.7% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 7.4% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠢ ᠠᠴᠠ 2.7 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠲᠦᠷᠦᠭᠦᠦ ᠬᠠᠭᠠᠰ ᠵᠢᠯ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯ 2.91 ᠪᠣᠯᠵᠣ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 0.08 ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃     ᠬᠤᠶᠠᠷ ᠲᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠵᠠᠷᠤᠯᠭ᠎ᠠ ᠲᠦᠷᠭᠡᠨ ᠢᠶᠠᠷ ᠨᠡᠮᠡᠭᠳᠡᠵᠦ᠂ ᠦᠢᠯᠡᠴᠢᠯᠡᠭᠡᠨ ᠤ ᠴᠢᠨᠠᠷᠲᠠᠢ ᠬᠡᠷᠡᠭᠯᠡᠭᠡᠨ ᠤ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠪᠡ᠃     ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ ᠬᠦᠴᠦᠨᠰᠤᠯᠠᠯᠠᠭᠳᠠᠵᠤ᠂ ᠬᠡᠷᠡᠭᠯᠡᠭᠡᠨ ᠤ ᠵᠠᠷᠤᠯᠭ᠎ᠠ ᠲᠦᠷᠭᠡᠨ ᠨᠡᠮᠡᠭᠳᠡᠪᠡ᠃ ᠪᠥᠬᠦ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 12667 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 5.3 ᠵᠠᠭᠤᠨ ᠤ ᠬᠤᠪᠢ ᠶᠢᠨ ᠴᠡᠭ ᠲᠦᠷᠭᠡᠨ ᠪᠣᠯᠵᠠᠶ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 15162 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 8718 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠲᠣᠰ ᠲᠣᠰ ᠨᠢᠭᠡᠳᠦᠭᠡᠷ ᠤᠯᠠᠷᠢᠯ ᠤᠨ 5.0 ᠪᠠ 6.1 ᠵᠠᠭᠤᠨ ᠤ ᠬᠤᠪᠢ ᠶᠢᠨ ᠴᠡᠭ ᠠᠴᠠ ᠲᠦᠷᠭᠡᠨ ᠪᠣᠯᠪᠠ᠃     ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠦᠢᠯᠡᠴᠢᠯᠡᠭᠡᠨ ᠤ ᠴᠢᠨᠠᠷᠲᠠᠶ ᠬᠡᠷᠡᠭᠯᠡᠭᠡᠨ ᠤ ᠵᠠᠷᠤᠯᠭ᠎ᠠ 3673 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠠᠴᠠ 7.1 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠰᠠᠭᠤᠭᠠᠯᠢ ᠠᠷᠠᠳ ᠤᠨ ᠬᠡᠷᠡᠭᠯᠡᠭᠡᠨ ᠤ ᠵᠠᠷᠤᠯᠭ᠎ᠠ ᠳᠤ ᠡᠵᠡᠯᠡᠬᠦ ᠦᠢᠯᠡᠴᠢᠯᠡᠭᠡᠨ ᠤ ᠴᠢᠨᠠᠷᠲᠠᠶ ᠬᠡᠷᠡᠭᠯᠡᠭᠡᠨ ᠤ ᠵᠠᠷᠤᠯᠭ᠎ᠠ ᠶᠢᠨ ᠬᠤᠪᠢ ᠶᠢᠨ ᠵᠢᠩ 29.0% ᠪᠣᠯᠵᠣ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 1.7 ᠵᠠᠭᠤᠨ ᠤ ᠬᠤᠪᠢ ᠶᠢᠨ ᠴᠡᠭ ᠳᠡᠭᠡᠭᠰᠢᠯᠡᠵᠡᠶ᠃     ᠲᠠᠷᠠᠭᠠᠴᠢ ᠶᠢᠨ ᠱᠠᠲᠤᠨ ᠳᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠤ ᠪᠥᠬᠦ ᠲᠠᠯ᠎ᠠ ᠪᠠᠷ ᠰᠡᠷᠭᠦᠬᠦ ᠪᠠ ᠰᠦᠯᠵᠢᠶᠡᠨ ᠭᠠᠳᠠᠨᠠᠬᠢ ᠬᠡᠷᠡᠭᠯᠡᠭᠡᠨ ᠤ ᠪᠠᠶᠢᠳᠠᠯ ᠤᠨ ᠲᠦᠷᠭᠡᠨ ᠥᠷᠭᠡᠳᠬᠦ ᠶᠢ ᠳᠠᠭᠠᠯᠳᠤᠨ᠂ ᠵᠢᠱᠢᠯᠲᠡ ᠪᠠᠷ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠠᠯᠬᠤᠮ ᠠᠯᠬᠤᠮ ᠢᠶᠠᠷ ᠴᠢᠩᠭᠠᠷᠠᠵᠤ᠂ ᠬᠡᠷᠡᠭᠯᠡᠭᠡᠨ ᠤ ᠬᠡᠪᠴᠢᠶ᠎ᠡ ᠤᠯᠠᠮ ᠨᠢᠭᠡ ᠠᠯᠬᠤᠮ ᠥᠷᠭᠡᠳᠴᠦ᠂ ᠪᠦᠬᠦᠯᠢ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠬᠤ ᠪᠣᠯᠤᠨ᠎ᠠ᠃     ᠪᠠᠶᠠᠷᠯᠠᠯ᠎ᠠ᠃     ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠄ ᠥᠭᠦᠯᠡᠭᠴᠢ ᠲᠠ ᠰᠠᠶᠢᠨ ᠦᠦ᠂ ᠲᠠᠨ ᠤ ᠰᠠᠶ᠋ᠢ ᠶᠢᠨ ᠲᠠᠨᠢᠯᠴᠠᠭᠤᠯᠭ᠎ᠠ ᠠᠴᠠ ᠪᠢᠳᠡ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠡᠷᠭᠦᠬᠦ ᠪᠠᠶᠢᠳᠠᠯ ᠢ ᠣᠯᠵᠤ ᠬᠠᠷᠠᠵᠠᠶ᠂ ᠬᠤᠲᠠ ᠶᠢᠨ ᠠᠭᠤᠷ ᠠᠮᠢᠰᠬᠤᠯ ᠲᠠᠰᠤᠷᠠᠯᠲᠠ ᠥᠬᠡᠶ ᠰᠡᠷᠭᠦᠵᠦ ᠪᠠᠶᠢᠨ᠎ᠠ᠃ ᠲᠠ ᠳᠠᠬᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠥᠰᠥᠯᠲᠡ ᠶᠢᠨ ᠭᠢᠯᠠᠰ ᠴᠡᠭ ᠵᠢᠴᠢ ᠳᠠᠷᠠᠭᠠᠴᠢ ᠶᠢᠨ ᠱᠠᠲᠤᠨ ᠤ ᠬᠠᠨᠳᠤᠰᠢ ᠶᠢ ᠨᠠᠷᠢᠯᠢᠭ ᠲᠠᠨᠢᠯᠴᠠᠭᠤᠯᠵᠤ ᠪᠣᠯᠬᠤ ᠦᠦ︖
2023年上半年全区经济运行情况答记者问8.jpg
     ᠸᠠᠩ ᠴᠤᠸᠠᠨ ᠵᠢᠩ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠪᠠᠶᠠᠷᠯᠠᠯ᠎ᠠ᠃ ᠰᠠᠶ᠋ᠢᠬᠠᠨ ᠳᠡᠳ᠋ ᠶᠡᠷᠦᠩᠬᠡᠶ ᠠᠩᠭᠢ ᠶᠢᠨ ᠳᠠᠷᠤᠭ᠎ᠠ ᠶᠢᠨ ᠲᠠᠨᠢᠯᠴᠠᠭᠤᠯᠤᠭᠰᠠᠨ ᠪᠠᠶᠢᠳᠠᠯ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠ ᠵᠠᠷᠤᠯᠭ᠎ᠠ ᠴᠥᠮ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ᠂ ᠡᠨᠡ ᠪᠣᠯ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠡᠷᠭᠦᠬᠦ ᠶᠢᠨ ᠤᠷᠢᠲᠠᠯ ᠪᠠ ᠰᠠᠭᠤᠷᠢ ᠪᠣᠯᠤᠨ᠎ᠠ᠃ ᠡᠨᠡ ᠵᠢᠯ ᠠᠴᠠ ᠨᠠᠭᠠᠰᠢ᠂ ᠪᠥᠬᠦ ᠣᠷᠣᠨ ᠳᠠᠶᠠᠭᠠᠷ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠭᠠᠵᠠᠷ ᠤᠨ ᠬᠢᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ᠪᠣᠷᠣᠯᠠᠭᠤᠯᠭ᠎ᠠ ᠶᠢ ᠠᠬᠢᠭᠤᠯᠬᠤ ᠪᠠᠶᠢᠩᠭᠤ ᠶᠢᠨ ᠠᠵᠢᠯᠯᠠᠭ᠎ᠠ ᠥᠷᠨᠢᠭᠦᠯᠬᠦ᠂ ᠲᠦᠷᠦᠭᠦᠦ ᠳᠡᠯᠭᠡᠭᠦᠷ ᠤᠨ ᠠᠵᠤ ᠠᠬᠤᠶ᠂ ᠰᠥᠨᠢ ᠶᠢᠨ ᠠᠵᠤ ᠠᠬᠤᠶ ᠶᠢ ᠬᠥᠭᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠤ ᠭᠤᠤᠯᠳᠠᠭᠤ ᠳᠤᠤᠷᠠᠬᠢ ᠮᠡᠲᠦ ᠬᠢᠯᠠᠰ ᠴᠡᠭ ᠢᠯᠡᠷᠡᠪᠡ᠄     ᠨᠢᠭᠡ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠬᠤᠲᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠮᠡᠭᠳᠡᠯ ᠠᠳᠠᠯᠢ ᠠᠯᠬᠤᠮ ᠲᠠᠢ ᠪᠣᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 2463.8 ᠳ᠋ᠦᠩᠰᠢᠭᠤᠷ ᠲᠥᠭᠦᠷᠢᠭ ᠲᠤ ᠬᠦᠷᠴᠦ᠂ 2019 ᠣᠨ ᠠᠴᠠ ᠨᠠᠭᠠᠰᠢ᠂ ᠳᠡᠭᠡᠷ᠎ᠡ ᠬᠠᠭᠠᠰ ᠵᠢᠯ ᠳᠤ ᠠᠩᠬ᠎ᠠ ᠤᠳᠠᠭ᠎ᠠ 2400 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠬᠡᠪᠴᠢᠶ᠎ᠡ ᠨᠢ 2019 ᠣᠨ ᠤ ᠠᠳᠠᠯᠢ ᠬᠤᠭᠤᠴᠠᠭᠠᠨ ᠤ ᠬᠢ ᠠᠴᠠ 141 ᠳ᠋ᠦᠩᠰᠢᠭᠤᠷ ᠲᠥᠭᠦᠷᠢᠭ ᠨᠡᠮᠡᠭᠳᠡᠪᠡ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠨᠡᠮᠡᠭᠳᠡᠯ ᠬᠤᠲᠠ ᠪᠠᠯᠭᠠᠰᠤ ᠠᠴᠠ ᠵᠢᠭᠠᠬᠠᠨ ᠲᠦᠷᠭᠡᠨ ᠪᠠᠢᠨ᠎ᠠ᠃ ᠲᠦᠷᠦᠭᠦᠦ ᠬᠠᠭᠠᠰ ᠵᠢᠯ ᠳᠤ᠂ ᠬᠤᠲᠠ ᠪᠠᠯᠭᠠᠰᠤ ᠪᠠ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.8% ᠪᠠ 8.1% ᠪᠠᠷ ᠨᠡᠮᠡᠭᠳᠡᠪᠡ᠃     ᠬᠤᠶᠠᠷ᠂ ᠠᠷᠠᠳ ᠤᠨ ᠠᠮᠢᠳᠤᠷᠠᠯ ᠤᠨ ᠦᠨᠳᠦᠰᠦᠨ ᠲᠦᠷᠦᠯ ᠤᠨ ᠲᠠᠸᠠᠷ ᠤᠨ ᠲᠤᠯᠭᠠᠭᠤᠷᠢᠯᠠᠯ ᠬᠦᠴᠦᠲᠡᠢ ᠪᠠᠶᠢᠵᠤ᠂ ᠲᠡᠰ ᠳᠡᠪᠰᠢᠭᠦᠯᠬᠦ ᠲᠦᠷᠦᠯ ᠤᠨ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠢᠯᠡᠷᠡᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤᠮᠳᠠᠭᠠᠨ᠂ ᠠᠷᠢᠬᠢ ᠲᠠᠮᠠᠬᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 32.4% ᠳᠤ ᠬᠥᠷᠪᠡ︔ ᠡᠳᠦᠷ ᠲᠤᠳᠤᠮ ᠤᠨ ᠬᠡᠷᠡᠭᠯᠡᠭᠡᠨ ᠤ ᠵᠦᠢᠯ ᠢ 45.8% ᠪᠠᠷ ᠨᠡᠮᠡᠭᠳᠡᠵᠦ᠂ ᠬᠢᠲᠠᠳ ᠧᠦ᠋ᠷᠣᠫᠠ ᠡᠮ ᠤᠨ ᠵᠦᠢᠯ ᠢ 19.2% ᠢᠶᠠᠷ ᠨᠡᠮᠡᠭᠳᠡᠪᠡ᠃ ᠲᠠᠰ ᠳᠡᠪᠰᠢᠭᠦᠯᠬᠦ ᠲᠥᠷᠥᠯ ᠤᠨ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠥᠬᠡᠶ ᠢᠯᠡᠷᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠡᠯᠧᠺᠲᠷᠣᠨ ᠬᠡᠪᠯᠡᠭᠳᠡᠬᠦᠨ ᠪᠠ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠤ ᠲᠥᠷᠥᠯ᠂ ᠨᠣᠮ ᠰᠣᠨᠢᠨ ᠰᠡᠳᠬᠦᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 23.9%᠂ 37.9% ᠪᠠ 7.3% ᠪᠠᠷ ᠨᠡᠮᠡᠭᠳᠡᠪᠡ᠃     ᠭᠤᠷᠪᠠ᠂ ᠢᠳᠡᠭᠡᠨ ᠤᠮᠳᠠᠭᠠᠨ ᠵᠡᠷᠭᠡ ᠬᠦᠷᠦᠯᠴᠡᠬᠦ ᠬᠡᠯᠪᠡᠷᠢ ᠶᠢᠨ ᠬᠡᠷᠡᠭᠯᠡᠭᠡ ᠦᠷᠭᠦᠯᠵᠢᠯᠡᠨ ᠰᠠᠶᠢᠵᠢᠷᠠᠵᠤ᠂ ᠰᠦᠯᠵᠢᠶᠡᠨ ᠤ ᠬᠡᠷᠡᠭᠯᠡᠭᠡ ᠶᠢᠨ ᠡᠵᠡᠯᠡᠬᠦ ᠬᠠᠷᠢᠴᠠᠯ ᠲᠣᠭᠲᠠᠭᠤᠨ ᠢᠶᠠᠷ ᠳᠡᠭᠡᠭᠰᠢᠯᠡᠪᠡ᠃ ᠡᠨᠡ ᠵᠢᠯ ᠠᠴᠠ ᠨᠠᠰᠢ᠂ ᠰᠦᠯᠵᠢᠶᠡᠨ ᠭᠠᠳᠠᠨᠠᠬᠢ ᠬᠡᠷᠡᠭᠯᠡᠭᠡ ᠲᠠᠰᠤᠷᠠᠯᠲᠠ ᠥᠬᠡᠶ ᠥᠷᠭᠡᠵᠢᠵᠦ᠂ ᠣᠯᠠᠨ ᠶᠠᠩᠵᠤ ᠶᠢᠨ᠂ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠤ ᠬᠡᠷᠡᠭᠯᠡᠭᠡᠨ ᠤ ᠬᠠᠩᠭᠠᠯᠭ᠎ᠠ ᠲᠠᠰᠤᠷᠠᠯᠲᠠ ᠥᠬᠡᠶ ᠡᠯᠪᠡᠭᠵᠢᠭᠰᠡᠨ ᠠᠬᠤᠶ ᠪᠠᠶᠢᠳᠠᠯ ᠳᠤᠤᠷ᠎ᠠ᠂ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠥᠷᠭᠡᠵᠢᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 20.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 4.6 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠨ ᠬᠥᠭᠵᠢᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 102.0% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 6.6% ᠪᠣᠯᠵᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃     ᠳᠤᠤᠷ᠎ᠠ ᠬᠠᠭᠠᠰ ᠵᠢᠯ ᠤᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠠᠨᠳᠤᠰᠢ ᠶᠢᠨ ᠲᠤᠬᠠᠶ᠂ ᠮᠢᠨᠦ ᠦᠵᠡᠬᠦ ᠪᠠᠷ ᠪᠥᠬᠦ ᠣᠷᠣᠨ ᠤ ᠬᠡᠷᠡᠭᠯᠡᠭᠡ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠬᠡᠷᠡᠭᠯᠡᠭᠡ ᠶᠢᠨ ᠪᠦᠲᠦᠴᠡ ᠲᠦᠷᠭᠡᠨ ᠲᠠᠰ ᠳᠡᠪᠰᠢᠵᠦ᠂ ᠬᠡᠷᠡᠭᠯᠡᠭᠡ ᠶᠢᠨ ᠵᠠᠭᠪᠤᠷ ᠲᠠᠰᠤᠷᠠᠯᠲᠠ ᠥᠬᠡᠶ ᠰᠢᠨ᠎ᠡ ᠶᠢ ᠡᠭᠦᠳᠦᠭᠰᠡᠨ ᠨᠥᠬᠦᠴᠡᠯ ᠳᠤᠤᠷ᠎ᠠ᠂ ᠪᠥᠬᠦ ᠣᠷᠣᠨ ᠤ ᠬᠡᠷᠡᠭᠯᠡᠭᠡ ᠲᠣᠭᠲᠠᠭᠤᠨ ᠠᠵᠢᠯᠯᠠᠭᠠᠨ ᠤ ᠪᠠᠶᠢᠳᠠᠯ ᠢᠶᠠᠨ ᠪᠠᠲᠤᠯᠠᠬᠤ ᠪᠣᠯᠤᠨ᠎ᠠ᠃ ᠭᠤᠤᠯᠳᠠᠭᠤ ᠳᠤᠤᠷᠠᠬᠢ ᠮᠡᠲᠦ ᠠᠰᠢᠭᠲᠠᠶ ᠬᠦᠴᠦᠨ ᠵᠦᠢᠯ ᠪᠣᠶ᠂ ᠨᠢᠭᠡ ᠳᠤ᠂ ᠮᠠᠯᠵᠢᠬᠤ ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠲᠤ ᠨᠡᠯᠢᠶᠡᠳ ᠶᠡᠭᠡ ᠳᠠᠯᠳᠠ ᠬᠦᠴᠦᠨ ᠬᠠᠳᠠᠭᠠᠯᠠᠭᠳᠠᠵᠤ᠂ ᠬᠡᠷᠡᠭᠯᠡᠭᠡ ᠶᠢᠨ ᠨᠡᠮᠡᠭᠳᠡᠯ ᠤᠨ ᠣᠷᠣᠨ ᠵᠠᠶ ᠥᠷᠭᠡᠨ ᠠᠭᠤᠳᠠᠮ ᠪᠠᠶᠢᠨ᠎ᠠ᠃ ᠬᠤᠶᠠᠷ ᠲᠤ᠂ ᠬᠡᠷᠡᠭᠯᠡᠭᠡᠨ ᠤ ᠲᠤᠯᠭᠠᠭᠤᠷᠢᠯᠠᠬᠤ ᠬᠦᠴᠦᠨ ᠵᠦᠢᠯ ᠨᠡᠯᠢᠶᠡᠳ ᠠᠷᠪᠢᠨ ᠪᠠᠶᠢᠨ᠎ᠠ᠃ ᠨᠢᠭᠡ ᠲᠠᠯ᠎ᠠ ᠪᠠᠷ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠰᠠᠶᠢᠵᠢᠷᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠳᠤ ᠠᠰᠢᠭᠲᠠᠢ ᠪᠣᠯᠪᠠ︔ ᠨᠥᠭᠦᠭᠡ ᠲᠠᠯ᠎ᠠ ᠪᠠᠷ᠂ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠨᠢ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠢ ᠳᠡᠭᠡᠭᠰᠢᠯᠡᠭᠦᠯᠬᠦ ᠳᠤ ᠠᠰᠢᠭᠲᠠᠶ ᠶᠤᠮ᠃ ᠭᠤᠷᠪᠠ ᠳᠤ᠂ ᠬᠡᠷᠡᠭᠯᠡᠭᠡᠨ ᠤ ᠰᠢᠨ᠎ᠡ ᠬᠥᠳᠡᠯᠭᠡᠭᠴᠢ ᠡᠨᠧᠷᠭᠢ ᠨᠡᠯᠢᠶᠡᠳ ᠲᠦᠷᠭᠡᠨ ᠪᠤᠶᠢᠵᠢᠵᠤ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠲᠠᠰᠤᠷᠠᠯᠳᠠ ᠦᠭᠡᠢ ᠢᠯᠡᠷᠡᠨ ᠭᠠᠷᠴᠤ᠂ ᠰᠣᠶᠣᠯ ᠵᠢᠭᠤᠯᠴᠢᠯᠠᠯ ᠤᠨ ᠬᠡᠷᠡᠭᠯᠡᠭᠡ᠂ ᠰᠦᠯᠵᠢᠶᠡᠨ ᠳᠡᠭᠡᠷᠡᠬᠢ ᠬᠡᠷᠡᠭᠯᠡᠭᠡ ᠵᠡᠷᠭᠡ ᠶᠢᠨ ᠳᠠᠶᠢᠴᠢᠯᠠᠬᠤ ᠦᠢᠯᠡᠳᠦᠯ ᠦᠷᠭᠦᠯᠵᠢᠯᠡᠨ ᠴᠢᠩᠭᠠᠷᠠᠵᠤ᠂ ᠬᠡᠷᠡᠭᠯᠡᠭᠡᠨ ᠤ ᠨᠡᠮᠡᠭᠳᠡᠯ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠪᠡ᠃ ᠳᠡᠭᠡᠷ᠎ᠡ ᠳᠤᠷᠠᠳᠤᠭᠰᠠᠨ ᠬᠦᠴᠦᠨ ᠵᠦᠢᠯ ᠠᠴᠠ ᠭᠠᠳᠠᠨ᠎ᠠ᠂ ᠪᠢᠳᠡ ᠪᠠᠰᠠ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠤ᠂ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠬᠡᠷᠡᠭᠯᠡᠭᠡ ᠶᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠬᠡᠷᠡᠭᠯᠡᠭᠡ ᠶᠢ ᠲᠦᠷᠭᠡᠯᠡᠨ ᠪᠤᠶᠢᠵᠢᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠠᠰᠤᠷᠠᠯᠳᠠ ᠦᠭᠡᠢ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃     ᠪᠠᠶᠠᠷᠯᠠᠯ᠎ᠠ᠃     ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ᠡᠨᠡ ᠵᠢᠯ ᠠᠴᠠ ᠨᠠᠰᠢ᠂ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠢᠮᠠᠭᠲᠠ ᠥᠨᠳᠥᠷ ᠪᠠᠶᠢᠷᠢ ᠶᠢᠨ ᠠᠵᠢᠯᠯᠠᠭᠠᠨ ᠤ ᠪᠠᠶᠢᠳᠠᠯ ᠢᠶᠠᠨ ᠪᠠᠲᠤᠯᠠᠭᠰᠠᠭᠠᠷ ᠢᠷᠡᠵᠡᠶ᠂ ᠲᠠᠨ ᠤ ᠰᠠᠶ᠋ᠢ ᠶᠢᠨ ᠨᠡᠶᠢᠲᠡᠯᠡᠭᠰᠡᠨ ᠪᠠᠶᠢᠳᠠᠯ ᠠᠴᠠ ᠭᠠᠳᠠᠨ᠎ᠠ᠂ ᠪᠠᠯᠠ ᠣᠷᠣᠭᠤᠯᠤᠯᠲᠠ ᠶᠢᠨ ᠠᠵᠢᠯᠯᠠᠭᠠᠨ ᠨᠢ ᠪᠠᠰᠠ ᠶᠠᠮᠠᠷ ᠶᠠᠮᠠᠷ ᠪᠣᠳᠠᠲᠠᠶ ᠣᠨᠴᠠᠯᠢᠭ ᠲᠠᠢ ᠪᠣᠶ︖
2023年上半年全区经济运行情况答记者问9.jpg
     ᠸᠠᠩ ᠴᠤᠸᠠᠨ ᠵᠢᠩ᠄ ᠡᠨᠡ ᠵᠢᠯ ᠠᠴᠠ ᠨᠠᠭᠠᠰᠢ᠂ ᠪᠥᠬᠦ ᠣᠷᠣᠨ ᠳᠠᠶᠠᠭᠠᠷ ᠪᠠᠯᠠ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ︽ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ︾ ᠲᠥᠷᠥ ᠶᠢᠨ ᠪᠣᠳᠣᠯᠭ᠎ᠠ ᠡᠮᠦᠨ᠎ᠡ ᠨᠢ ᠬᠦᠴᠦᠯᠡᠵᠦ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠤᠷᠤᠭᠰᠢᠲᠠᠶ ᠪᠠᠶᠢᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 34.5% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.6 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠰᠠᠭᠤᠷᠢ ᠲᠤᠭ᠎ᠠ ᠨᠡᠯᠢᠶᠡᠳ ᠶᠡᠭᠡ ᠪᠠᠶᠢᠳᠠᠯ ᠳᠤᠤᠷ᠎ᠠ᠂ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠬᠤ ᠨᠢ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠲᠥᠷᠥᠯ ᠵᠦᠢᠯ ᠢ ᠰᠡᠳᠬᠢᠯ ᠨᠢᠭᠡᠳᠦᠨ ᠠᠳᠬᠤᠵᠤ᠂ ᠲᠥᠷᠥᠯ ᠵᠦᠢᠯ ᠢ ᠨᠡᠬᠡᠨ ᠭᠦᠢᠴᠡᠵᠦ᠂ ᠲᠥᠷᠥᠯ ᠵᠦᠢᠯ ᠢ ᠱᠠᠯᠠᠪᠳᠠᠨ ᠬᠢᠬᠦ ᠥᠳᠬᠡᠨ ᠵᠤᠵᠠᠭᠠᠨ ᠠᠭᠤᠷ ᠠᠮᠢᠰᠬᠤᠯ ᠢ ᠭᠦᠢᠴᠡᠳ ᠢᠯᠡᠷᠡᠭᠦᠯᠪᠡ᠃ ᠭᠤᠤᠯᠳᠠᠭᠤ ᠳᠤᠤᠷᠠᠬᠢ ᠳᠥᠷᠪᠡᠨ ᠣᠨᠴᠠᠯᠢᠭ ᠢᠯᠡᠷᠡᠪᠡ᠃     ᠨᠢᠭᠡ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠰᠢᠨ᠎ᠡ ᠪᠠᠷ ᠬᠥᠮᠥᠷᠭᠡ ᠳᠤ ᠣᠷᠣᠭᠤᠯᠬᠤ ᠲᠥᠷᠥᠯ ᠵᠦᠢᠯ ᠤᠨ ᠲᠤᠭ᠎ᠠ ᠬᠡᠮᠵᠢᠶ᠎ᠡ ᠶᠢ ᠶᠡᠬᠡᠪᠡᠷ ᠨᠡᠮᠡᠭᠳᠡᠭᠦᠯᠪᠡ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ 2104 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 175 ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠰᠢᠨ᠎ᠡ ᠪᠠᠷ ᠬᠥᠮᠥᠷᠭᠡ ᠳᠤ ᠣᠷᠣᠭᠤᠯᠬᠤ ᠪᠠᠯᠠ ᠣᠷᠣᠭᠤᠯᠤᠯᠲᠠ ᠶᠢᠨ ᠲᠥᠷᠥᠯ ᠵᠦᠢᠯ 855 ᠪᠠᠶᠢᠵᠤ᠂ 170 ᠨᠡᠮᠡᠭᠳᠡᠵᠦ᠂ ᠪᠥᠬᠦ ᠰᠢᠨ᠎ᠡ ᠪᠠᠷ ᠬᠥᠮᠥᠷᠭᠡ ᠳᠤ ᠣᠷᠣᠭᠤᠯᠬᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ 40.6% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃     ᠬᠤᠶᠠᠷ ᠲᠤ᠂ ᠲᠡᠷᠢᠭᠦᠨ ᠤ ᠦᠢᠯᠡᠳᠬᠦ ᠦᠢᠯᠡᠰ ᠢ ᠪᠤᠶᠢᠵᠢᠭᠤᠯᠬᠤ ᠶᠢ ᠴᠢᠩᠭᠠᠳᠬᠠᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠢ ᠬᠦᠴᠦᠲᠡᠢ ᠪᠣᠯᠭᠠᠪᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ᠦᠢᠯᠡᠳᠬᠦ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠬᠦ ᠦᠢᠯᠡᠰ ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠦᠬᠦ ᠬᠦᠴᠦᠨ ᠢᠶᠠᠷᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 58.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 23.6 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 15.8 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠠᠵᠢᠯ ᠲᠥᠷᠥᠯ ᠬᠤᠪᠢᠶᠠᠵᠤ ᠦᠵᠡᠪᠡᠯ᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.1 ᠳᠠᠬᠢᠨ ᠨᠡᠮᠡᠭᠳᠡᠵᠦ᠂ ᠪᠥᠬᠦ ᠣᠷᠣᠨ ᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ 19.8 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ︔ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠣᠯᠤᠨ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢ 1.0 ᠳᠠᠬᠢᠨ ᠢᠶᠠᠷ ᠨᠡᠮᠡᠭᠳᠡᠭᠦᠯᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢ ᠳᠠᠶᠢᠴᠢᠯᠠᠨ 15.5 ᠵᠠᠭᠤᠨ ᠤ ᠬᠤᠪᠢ ᠶᠢᠨ ᠴᠡᠭ ᠨᠡᠮᠡᠭᠳᠡᠭᠦᠯᠦᠨ᠎ᠡ︔ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 96.4% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 13.3 ᠵᠠᠭᠤᠨ ᠤ ᠬᠤᠪᠢ ᠶᠢᠨ ᠴᠡᠭ ᠨᠡᠮᠡᠭᠳᠡᠪᠡ᠃     ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠪᠠᠷ ᠳᠠᠶᠢᠴᠢᠯᠠᠬᠤ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠲᠦᠷᠭᠡᠳᠪᠡ᠃ ᠪᠥᠬᠦ ᠣᠷᠣᠨ ᠳᠠᠶᠠᠭᠠᠷ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ ᠬᠢᠬᠦ ᠡᠨᠡ ᠬᠦ ᠠᠵᠢᠯ ᠤᠨ ᠲᠣᠭᠤᠷᠢᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠬᠡᠯᠬᠢᠶ᠎ᠡ ᠶᠢ ᠬᠦᠴᠦᠷᠬᠡᠭᠵᠢᠭᠦᠯᠦᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠬᠦ‍ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠪᠠᠷᠢᠯᠭ᠎ᠠ ᠡᠬᠢᠯᠡᠭᠦᠯᠦᠨ ᠪᠠᠶᠢᠭᠤᠯᠵᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠯᠢᠶᠡᠳ ᠲᠦᠷᠭᠡᠨ ᠨᠡᠮᠡᠭᠳᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 79.5 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 71.9% ᠳᠤ ᠬᠦᠷᠴᠡᠶ᠃ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠢᠯ ᠤᠨ ᠪᠠᠶᠢᠭᠤᠯᠤᠯᠲᠠ ᠶᠢᠨ ᠠᠬᠢᠴᠠ ᠲᠦᠷᠭᠡᠳᠴᠦ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 60.1% ᠨᠡᠮᠡᠭᠳᠡᠵᠦ᠂ ᠨᠡᠷᠡᠨ ᠡᠨᠧᠷᠭᠢ ᠶᠢᠨ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.6 ᠳᠠᠬᠢᠨ ᠨᠡᠮᠡᠭᠳᠡᠪᠡ᠃     ᠳᠥᠷᠪᠡ ᠳᠤ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠯᠠ ᠮᠥᠩᠭᠦ ᠶᠢ  ᠭᠦᠢᠴᠡᠳ ᠨᠠᠶᠢᠳᠠᠪᠤᠷᠢᠵᠢᠭᠤᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠠᠳᠠᠯᠢ ᠬᠤᠭᠤᠴᠠᠭᠠᠨ ᠤ ᠬᠢ ᠠᠴᠠ 35.0% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 0.5 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ ᠤᠯᠤᠰ ᠤᠨ ᠲᠥᠰᠦᠪ ᠤᠨ ᠪᠡᠯᠡ ᠮᠥᠩᠭᠦ ᠶᠢ 35.5% ᠪᠠᠷ ᠨᠡᠮᠡᠭᠳᠡᠭᠦᠯᠵᠦ᠂ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠶᠢ 28.7% ᠪᠠᠷ ᠨᠡᠮᠡᠭᠳᠡᠭᠦᠯᠵᠦ᠂ ᠤᠯᠤᠰ ᠤᠨ ᠳᠣᠲᠣᠭᠠᠳᠤ ᠶᠢᠨ ᠵᠢᠭᠡᠯᠡᠯᠭᠡ ᠶᠢ 1.1 ᠲᠠᠬᠢᠨ ᠨᠡᠮᠡᠭᠳᠡᠭᠦᠯᠦᠨ᠎ᠡ᠃     ᠶᠡᠷᠦᠩᠬᠡᠶᠢᠯᠡᠪᠡᠯ᠂ ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠵᠦ᠂ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ ᠲᠠᠷᠠᠭᠠᠴᠢ ᠶᠢᠨ ᠠᠯᠬᠤᠮ ᠳᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠬᠤ ᠶᠢᠨ ᠬᠠᠮᠲᠤ ᠦᠨᠡᠨ ᠬᠦ ᠰᠠᠶᠢᠲᠤᠷ ᠠᠰᠢᠭᠯᠠᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ᠂ ︽ᠲᠠᠪᠤᠨ ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠦᠷ᠎ᠡ ᠪᠦᠲᠦᠮᠵᠢ ᠭᠠᠷᠭᠠᠪᠠ᠃     ᠪᠠᠶᠠᠷᠯᠠᠯ᠎ᠠ᠃     ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ᠂ ᠪᠢᠳᠡ ᠡᠨᠡ ᠵᠢᠯ ᠤᠨ ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠮᠠᠯ ᠠᠵᠤ ᠠᠬᠤᠶ ᠶᠢᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠭᠰᠠᠨ ᠢ ᠠᠩᠬᠠᠷᠴᠤ ᠣᠯᠵᠠᠶ᠂ ᠣᠳᠣᠬᠠᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠶᠠᠮᠠᠷ ᠶᠠᠮᠠᠷ ᠣᠨᠴᠠᠯᠢᠭ ᠲᠠᠢ ᠪᠣᠶ︖ ᠪᠠᠶᠠᠷᠯᠠᠯ᠎ᠠ᠃
2023年上半年全区经济运行情况答记者问10.jpg
     ᠸᠠᠩ ᠳ᠋ᠧ ᠪᠢᠨ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠣᠯᠠᠨ ᠤ ᠮᠡᠳᠡᠭᠡᠵᠢ ᠪᠠᠷ᠂ ᠣᠳᠣᠬᠠᠨ ᠳᠤ ᠥᠪᠥᠷ ᠮᠣᠩᠭᠤᠯ ᠶᠠᠭ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠪᠣᠶ᠂ ᠡᠨᠡ ᠵᠢᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠮᠠᠯ ᠠᠵᠤ ᠠᠬᠤᠶ ᠶᠢᠨ ᠬᠥᠭᠵᠢᠯᠲᠡ ᠲᠣᠭᠲᠠᠭᠤᠨ ᠤ ᠳᠤᠮᠳᠠ ᠲᠦᠷᠭᠡᠨ ᠬᠥᠭᠵᠢᠵᠦ᠂ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠮᠢᠬ᠎ᠠ ᠥᠨᠳᠡᠭᠡ ᠰᠥ ᠶᠢᠨ ᠭᠠᠷᠤᠯᠲᠠ 403 . 4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠦ᠂ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠢᠶᠠᠷ ᠰᠠᠶᠢᠵᠢᠷᠠᠪᠠ᠃     ᠨᠢᠭᠡ ᠳᠤ᠂ ᠦᠬᠡᠷ ᠬᠤᠨᠢᠨ ᠤ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠨᠡᠮᠡᠭᠳᠡᠪᠡ᠃     ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠳᠤ 94.5 ᠲᠦᠮᠡᠨ ᠦᠬᠡᠷ ᠬᠤᠳᠠᠯᠳᠤᠵᠤ᠂ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ︔ ᠦᠬᠡᠷ ᠤᠨ ᠮᠢᠬᠠᠨ ᠤ ᠭᠠᠷᠤᠯᠲᠠ 16.9 ᠲᠦᠮᠡᠨ ᠲᠣᠨ ᠳᠤ ᠬᠦᠷᠴᠦ᠂ 11.4% ᠪᠠᠷ ᠨᠡᠮᠡᠭᠳᠡᠨ᠂ ᠦᠬᠡᠷ ᠤᠨ ᠮᠢᠬᠠᠨ ᠤ ᠭᠠᠷᠤᠯᠲᠠ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 6.9 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃     ᠮᠠᠯ ᠤᠨ ᠭᠠᠷᠭᠠᠯᠲᠠ 2438.7 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠪᠡ︔ ᠬᠤᠨᠢᠨ ᠮᠢᠬᠠᠨ ᠤ ᠭᠠᠷᠤᠯᠲᠠ 37.8 ᠲᠦᠮᠡᠨ ᠲᠣᠨ ᠳᠤ ᠬᠦᠷᠴᠦ᠂ 12.9% ᠪᠠᠷ ᠨᠡᠮᠡᠭᠳᠡᠵᠦ᠂ ᠬᠤᠨᠢᠨ ᠮᠢᠬᠠᠨ ᠤ ᠭᠠᠷᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 7.8 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠦᠬᠡᠷ ᠬᠤᠨᠢ ᠲᠡᠵᠢᠭᠡᠨ ᠦᠷᠡᠵᠢᠭᠦᠯᠬᠦ ᠲᠣᠮᠣ ᠣᠷᠣᠨ ᠤ ᠳᠠᠪᠠᠭᠤᠯᠢᠭ ᠨᠠᠩ ᠪᠠᠲᠤᠵᠢᠪᠠ᠃     ᠬᠤᠶᠠᠷ ᠲᠤ᠂ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠰᠠᠭᠤᠷᠢ ᠪᠠᠲᠤᠵᠢᠪᠠ᠃     ᠲᠡᠵᠢᠭᠡᠵᠦ ᠪᠠᠶᠢᠭ᠎ᠠ ᠲᠤᠭ᠎ᠠ ᠬᠡᠮᠵᠢᠶ᠎ᠡ ᠠᠴᠠ ᠦᠵᠡᠪᠡᠯ᠂ ᠬᠤᠶᠠᠳᠤᠭᠠᠷ ᠤᠯᠠᠷᠢᠯ ᠤᠨ ᠡᠴᠦᠰ ᠲᠤ᠂ ᠪᠥᠬᠦ ᠣᠷᠣᠨ ᠤ ᠠᠮᠢᠳᠤ ᠭᠠᠭ᠋ᠠᠶ ᠶᠢᠨ ᠲᠤᠭ᠎ᠠ 631.9 ᠲᠦᠮᠡ ᠬᠦᠷᠴᠦ᠂ 5.6% ᠪᠠᠷ ᠨᠡᠮᠡᠭᠳᠡᠵᠡᠶ᠂ ᠡᠨᠡ ᠨᠢ ᠠᠮᠢᠳᠤ ᠭᠠᠭ᠋ᠠᠶ ᠶᠢᠨ ᠲᠤᠭ᠎ᠠ ᠲᠣᠭᠲᠠᠭᠤᠨ ᠢᠶᠠᠷ ᠥᠷᠭᠡᠳᠴᠦ᠂ ᠦᠢᠯᠡᠳᠪᠦᠷᠢᠯᠡᠬᠦ ᠴᠢᠳᠠᠪᠤᠷᠢ ᠵᠦᠶ ᠵᠣᠬᠢᠰᠲᠠᠶ ᠪᠥᠭᠡᠳ ᠭᠦᠢᠴᠡᠳ ᠪᠠᠶᠢᠬᠤ ᠶᠢ ᠬᠠᠷᠠᠭᠤᠯᠵᠤ ᠪᠠᠶᠢᠨ᠎ᠠ᠃ ᠭᠠᠭ᠋ᠠᠶ ᠶᠢᠨ ᠮᠢᠬᠠᠨ ᠤ ᠭᠠᠷᠤᠯᠲᠠ ᠠᠴᠠ ᠦᠵᠡᠪᠡᠯ᠂ ᠭᠠᠭ᠋ᠠᠶ ᠶᠢᠨ ᠮᠢᠬᠠᠨ ᠤ ᠦᠨ᠎ᠡ ᠪᠠᠭᠤᠷᠠᠭᠰᠠᠨ ᠨᠥᠯᠥᠭᠡ ᠠᠴᠠ ᠪᠣᠯᠵᠣ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠭᠠᠭ᠋ᠠᠶ ᠶᠢᠨ ᠮᠢᠬᠠᠨ ᠤ ᠭᠠᠷᠤᠯᠲᠠ 35.9 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠢᠭᠠᠬᠠᠨ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 0.4% ᠪᠣᠯᠵᠠᠶ᠃      ᠭᠤᠷᠪᠠ ᠳᠤ᠂ ᠰᠥ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠶ ᠶᠠᠪᠤᠭᠳᠠᠪᠠ᠃     ᠡᠨᠡ ᠵᠢᠯ ᠠᠴᠠ ᠨᠠᠰᠢ᠂ ᠪᠥᠬᠦ ᠣᠷᠣᠨ ︽ᠡᠪᠡᠰᠦᠨ ᠤ ᠢᠷᠡᠯᠲᠡ︾᠂ ︽ᠦᠷ᠎ᠡ ᠶᠢᠨ ᠢᠷᠡᠯᠲᠡ︾᠂ ︽ᠰᠥ ᠶᠢᠨ ᠢᠷᠡᠯᠲᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠠᠭᠠᠨ  ᠦᠢᠯᠡᠳᠪᠦᠷᠢᠯᠡᠭᠰᠡᠨ ᠴᠠᠷᠭᠠᠰᠤ ᠶᠢᠨ ᠭᠠᠷᠤᠯᠲᠠ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠶ ᠡᠪᠡᠰᠦ ᠪᠣᠷᠳᠣᠭᠠᠨ ᠤ ᠬᠠᠩᠭᠠᠯᠭ᠎ᠠ ᠶᠢ ᠳᠡᠭᠡᠭᠰᠢᠯᠡᠭᠦᠯᠵᠦ᠂ ᠰᠠᠭᠠᠯᠢ ᠶᠢᠨ ᠦᠨᠢᠶᠡᠨ ᠤ ᠴᠢᠨᠠᠷ ᠰᠠᠶᠢᠲᠠᠶ ᠦᠷ᠎ᠡ ᠶᠢᠨ ᠢᠷᠡᠯᠲᠡ ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ ᠰᠥ ᠶᠢᠨ ᠢᠷᠡᠯᠲᠡ ᠶᠢᠨ ᠰᠠᠭᠤᠷᠢᠨ ᠢ ᠪᠥᠲᠥᠭᠡᠨ ᠪᠠᠶᠢᠭᠤᠯᠵᠤ᠂ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠦᠨᠢᠶᠡᠨ ᠰᠥ ᠶᠢᠨ ᠭᠠᠷᠤᠯᠲᠠ 275.3 ᠲᠦᠮᠡᠨ ᠲᠣᠨ ᠳᠤ ᠬᠦᠷᠴᠦ᠂ 11.0% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 3.5 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃     ᠳᠥᠷᠪᠡ ᠳᠤ᠂ ᠬᠡᠷ ᠤᠨ ᠵᠢᠭᠦᠷᠲᠡᠨ ᠤ ᠦᠢᠯᠡᠳᠪᠦᠷᠢᠯᠡᠯ ᠦᠨᠳᠦᠰᠦᠨ ᠳᠡᠭᠡᠨ ᠲᠣᠭᠲᠠᠭᠤᠨ ᠪᠠᠶᠢᠨ᠎ᠠ᠃     ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠵᠢᠭᠦᠷᠲᠡᠨ ᠤ ᠥᠨᠳᠡᠭᠡ ᠶᠢᠨ ᠭᠠᠷᠤᠯᠲᠠ 30.1 ᠲᠦᠮᠡᠨ ᠲᠣᠨ ᠳᠤ ᠬᠦᠷᠴᠦ᠂ 1.7% ᠪᠠᠷ ᠨᠡᠮᠡᠭᠳᠡᠪᠡ︔ ᠵᠢᠭᠦᠷᠲᠡᠨ ᠤ ᠮᠢᠬᠠᠨ ᠤ ᠭᠠᠷᠤᠯᠲᠠ 7.4 ᠲᠦᠮᠡᠨ ᠲᠣᠨ ᠳᠤ ᠬᠦᠷᠴᠦ᠂ 1.1% ᠪᠠᠷ ᠪᠠᠭᠤᠷᠠᠪᠠ᠃ ᠶᠡᠷᠦᠩᠬᠡᠶ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠪᠥᠬᠦ ᠤᠯᠤᠰ ᠤᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃     ᠪᠠᠶᠠᠷᠯᠠᠯ᠎ᠠ᠃     ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠲᠠᠯ᠎ᠠ ᠨᠤᠲᠤᠭ ᠤᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ︕ ᠣᠳᠣᠬᠠᠨ ᠳᠤ ᠤᠯᠤᠰ ᠳᠠᠶᠠᠭᠠᠷ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ ᠪᠠᠶᠢᠨ᠎ᠠ᠂ ᠲᠠ ᠮᠠᠨ ᠤ ᠣᠷᠣᠨ ᠤ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠣᠪᠴᠢ ᠲᠠᠨᠢᠯᠴᠠᠭᠤᠯᠵᠤ ᠪᠣᠯᠤᠨ᠎ᠠ ᠦᠦ᠃ ᠪᠠᠶᠠᠷᠯᠠᠯ᠎ᠠ᠃
2023年上半年全区经济运行情况答记者问11.jpg
     ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠯᠠᠮᠵᠢᠯᠠᠭᠰᠠᠨ ᠳᠤ ᠴᠢᠨᠢ ᠲᠠᠯᠠᠷᠬᠠᠵᠤ ᠪᠠᠶᠢᠨ᠎ᠠ᠃ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠭᠰᠠᠨ ᠤ ᠳᠠᠷᠠᠭᠠᠬᠢ ᠠᠩᠬᠠᠳᠠᠭᠴᠢ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠶᠠᠪᠤᠴᠠ ᠳᠠᠬᠢ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠤ ᠳᠠᠷᠠᠭᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠠᠩᠬᠠᠳᠠᠭᠴᠢ ᠪᠦᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠪᠣᠯᠤᠨ᠎ᠠ᠃ ᠠᠵᠤ ᠠᠬᠤᠶ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠲᠤᠭ᠎ᠠ ᠬᠡᠮᠵᠢᠶ᠎ᠡ ᠦᠰᠦᠷᠦᠯᠲᠡ ᠶᠢᠨ ᠮᠠᠶ᠋ᠢᠭ ᠢᠶᠠᠷ ᠨᠡᠮᠡᠭᠳᠡᠵᠦ᠂ ᠡᠵᠡᠩᠨᠡᠯᠲᠡ ᠶᠢᠨ ᠠᠷᠭ᠎ᠠ ᠮᠠᠶ᠋ᠢᠭ ᠨᠢ ᠤᠯᠠᠮ ᠠᠴᠠ ᠤᠯᠠᠮ ᠠᠮᠢᠳᠤᠯᠢᠭ ᠣᠯᠠᠨ ᠶᠠᠩᠵᠤ ᠶᠢᠨ ᠪᠣᠯᠵᠣ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠡᠵᠡᠩᠨᠡᠯᠲᠡ ᠶᠢᠨ ᠵᠠᠭᠪᠤᠷ ᠲᠠᠰᠤᠷᠠᠯᠲᠠ ᠥᠬᠡᠶ ᠢᠯᠡᠷᠡᠨ ᠭᠠᠷᠴᠤ᠂ ᠠᠵᠢᠯ ᠲᠥᠷᠥᠯ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠡᠵᠡᠩᠨᠡᠯᠲᠡ ᠨᠠᠩ ᠲᠦᠭᠡᠮᠡᠯ ᠪᠣᠯᠪᠠ᠃ ᠡᠶᠢᠮᠦ ᠠᠴᠠ᠂ ᠲᠠᠪᠤᠳᠤᠭᠠᠷ ᠤᠳᠠᠭ᠎ᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠥᠷᠨᠢᠭᠦᠯᠬᠦ ᠨᠢ ︽ᠬᠦᠷᠦᠩᠭᠡ ᠬᠤᠭᠰᠢᠯ︾ ᠢ ᠪᠦᠬᠦ ᠲᠠᠯ᠎ᠠ ᠪᠠᠷ ᠲᠣᠳᠣᠷᠬᠠᠢᠣᠶᠢᠯᠠᠭᠠᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠣᠨᠴᠠᠯᠢᠭ ᠢ ᠣᠨᠣᠪᠴᠢᠲᠠᠢ ᠡᠵᠡᠮᠳᠡᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠲᠦᠷᠦᠭᠦᠦ ᠳᠥᠷᠪᠡᠨ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠨᠢ ᠬᠤᠶᠠᠷ ᠰᠢᠨ᠎ᠡ ᠣᠨᠴᠠᠯᠢᠭ ᠲᠠᠢ᠄ ᠨᠢᠭᠡ ᠳᠤ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠨᠢ ᠨᠠᠩ ᠪᠠᠶᠠᠯᠢᠭ ᠪᠣᠯᠪᠠ᠃ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠠᠩᠬ᠎ᠠ ᠤᠳᠠᠭ᠎ᠠ ᠨᠢᠭᠡᠳᠦᠯᠲᠡᠶ ᠲᠥᠯᠥᠪᠯᠡᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠬᠢᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠬᠢᠭᠡᠳ ᠪᠦᠲᠦᠴᠡ ᠶᠢᠨ ᠲᠤᠭ᠎ᠠ ᠪᠠᠷᠢᠮᠲᠠ ᠶᠢ ᠵᠡᠷᠭᠡᠪᠡᠷ ᠪᠠᠶᠢᠴᠠᠭᠠᠬᠤ ᠶᠢ ᠪᠡᠶᠡᠯᠡᠭᠦᠯᠪᠡ᠃ ᠡᠨᠡ ᠪᠣᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠣᠨᠴᠠᠯᠢᠭ ᠢ ᠦᠨᠳᠦᠰᠦᠯᠡᠨ ᠬᠡᠷᠡᠭᠵᠢᠭᠦᠯᠦᠭᠰᠡᠨ ᠨᠢᠭᠡ ᠤᠳᠠᠭᠠᠨ ᠤ ᠴᠢᠬᠤᠯᠠ ᠶᠡᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠥᠭᠡᠷᠡᠴᠢᠯᠡᠯᠲᠡ ᠪᠣᠯᠤᠨ᠎ᠠ᠃ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠶ ᠲᠥᠯᠥᠪᠯᠡᠨ ᠥᠷᠨᠢᠭᠦᠯᠬᠦ ᠪᠠᠷ ᠳᠠᠮᠵᠢᠭᠤᠯᠤᠨ᠂ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠬᠤᠭᠤᠷᠣᠨᠳᠣᠬᠢ ᠣᠷᠣᠭᠤᠯᠤᠯᠲᠠ ᠬᠢᠭᠡᠳ ᠭᠠᠷᠭᠠᠯᠲᠠ ᠶᠢᠨ ᠬᠠᠷᠢᠴᠠᠭ᠎ᠠ ᠶᠢ ᠨᠡᠩ ᠰᠠᠶᠢᠲᠤᠷ ᠣᠶᠢᠯᠠᠭᠠᠵᠤ᠂ ᠠᠳᠠᠯᠢ ᠪᠤᠰᠤ ᠠᠵᠢᠯ ᠲᠥᠷᠥᠯ ᠤᠨ ᠬᠤᠭᠤᠷᠣᠨᠳᠣᠬᠢ ᠠᠵᠤ ᠠᠬᠤᠶ ᠶᠢᠨ ᠬᠠᠷᠢᠯᠴᠠᠭ᠎ᠠ ᠵᠢᠴᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠬᠢᠷᠢ ᠬᠡᠮᠵᠢᠶ᠎ᠡ ᠶᠢ ᠲᠤᠰᠬᠠᠵᠤ᠂ ᠣᠳᠣᠬᠠᠨ ᠤ ᠠᠵᠤ ᠠᠬᠤᠶ ᠶᠢᠨ ᠬᠥᠭᠵᠢᠯᠲᠡ ᠶᠢᠨ ᠬᠡᠪᠴᠢᠶ᠎ᠡ ᠪᠠ ᠪᠦᠲᠦᠴᠡ ᠶᠢ ᠪᠦᠬᠦ ᠲᠠᠯ᠎ᠠ ᠪᠠᠷ ᠲᠣᠳᠣᠷᠬᠠᠶᠣᠶᠢᠯᠠᠭᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠳᠤ ᠴᠢᠬᠤᠯᠠ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ ᠪᠣᠯᠤᠨ᠎ᠠ᠃ ᠬᠤᠶᠠᠷ ᠲᠤ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠠᠷᠭ᠎ᠠ ᠪᠠᠷᠢᠯ ᠨᠢ ᠨᠡᠩ ᠲᠡᠷᠢᠭᠦᠨ ᠤ ᠪᠣᠯᠪᠠ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ PAD ᠶᠢ ᠬᠡᠷᠡᠭᠯᠡᠨ ᠨᠡᠶᠢᠳᠡᠮ ᠪᠠᠶᠢᠴᠠᠭᠠᠯᠲᠠ ᠬᠢᠬᠦ ᠶᠢ ᠠᠩᠬ᠎ᠠ ᠤᠳᠠᠭ᠎ᠠ ᠲᠤᠷᠰᠢᠭᠰᠠᠨ ᠰᠠᠭᠤᠷᠢᠨ ᠳᠡᠭᠡᠷ᠎ᠡ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠡᠯᠧᠺᠲᠷᠣᠨ ᠦᠵᠦᠭᠦᠷ ᠢ ᠪᠥᠬᠦ ᠲᠠᠯ᠎ᠠ ᠪᠠᠷ ᠬᠡᠷᠡᠭᠯᠡᠨ ᠨᠡᠶᠢᠳᠡᠮ ᠪᠠᠶᠢᠴᠠᠭᠠᠯᠲᠠ ᠬᠢᠵᠦ᠂ ᠪᠠᠶᠢᠴᠠᠭᠠᠭᠳᠠᠬᠤ ᠡᠲᠡᠭᠡᠳ ᠤᠨ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠬᠦ ᠶᠢ ᠳᠥᠯᠭᠢᠨ ᠠᠬᠢᠭᠤᠯᠵᠤ᠂ ︽ᠬᠤᠶᠠᠷ ᠠᠵᠢᠯᠲᠠᠨ︾ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠭᠰᠠᠨ ᠪᠥᠭᠡᠳ AI ᠤᠶᠤᠨᠲᠤ ᠠᠪᠢᠶᠠᠨ ᠤ ᠳᠠᠭᠤᠳᠠᠯᠲᠠ ᠶᠢᠨ ᠰᠢᠰᠲ᠋ᠧᠮ ᠢ ᠬᠡᠷᠡᠭᠯᠡᠨ ᠪᠠᠶᠢᠴᠠᠭᠠᠬᠤ ᠨᠢᠭᠡᠴᠡ ᠶᠢᠨ ᠰᠡᠵᠢᠭᠯᠡᠯ ᠢ ᠪᠠᠶᠢᠴᠠᠭᠠᠨ ᠨᠥᠬᠦᠪᠥᠷᠢᠯᠡᠬᠦ ᠪᠠᠷ ᠲᠤᠷᠰᠢᠪᠠ᠃     ᠣᠳᠣᠬᠠᠨ ᠳᠤ᠂ ᠪᠥᠬᠦ ᠣᠷᠣᠨ ᠳᠠᠶᠠᠭᠠᠷ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠡᠯ᠎ᠡ ᠵᠦᠢᠯ ᠤᠨ ᠠᠵᠢᠯ ᠢ ᠶᠠᠭ ᠶᠠᠭᠠᠷᠠᠯᠲᠠᠶ ᠠᠬᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠤᠨ ᠡᠬᠢᠨ ᠳᠤ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠰᠠᠶᠢᠲᠤᠷ ᠬᠢᠬᠦ ᠲᠤᠬᠠᠶ ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠨ ᠣᠷᠣᠭᠤᠯᠵᠤ᠂ ᠤᠷᠢᠳ ᠬᠤᠵᠢᠳ ᠪᠥᠬᠦ ᠣᠷᠣᠨ ᠤ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠥᠷᠨᠢᠭᠦᠯᠬᠦ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ ᠢ ᠵᠣᠬᠢᠶᠠᠨ ᠪᠠᠶᠢᠭᠤᠯᠵᠤ᠂ ᠪᠥᠬᠦ ᠣᠷᠣᠨ ᠤ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠶᠢᠨ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠪᠥᠬᠦ ᠣᠷᠣᠨ ᠤ ︽ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠪᠠ᠃ ᠣᠳᠣᠬᠠᠨ ᠪᠣᠯᠲᠠᠯ᠎ᠠ᠂ ᠪᠦᠬᠦ ᠣᠷᠣᠨ ᠤ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠴᠥᠮ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠠᠵᠢᠯ ᠢ ᠪᠡᠶᠡᠯᠡᠭᠦᠯᠵᠦ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠤᠬᠠᠭᠤᠯᠤᠨ ᠳᠠᠶᠢᠴᠢᠯᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠨᠡᠶᠢᠳᠡᠮ ᠪᠠᠶᠢᠴᠠᠭᠠᠯᠲᠠ ᠶᠢᠨ ᠤᠯᠤᠰ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ᠂ ᠨᠡᠶᠢᠳᠡᠮ ᠪᠠᠶᠢᠴᠠᠭᠠᠭᠴᠢ ᠪᠣᠯᠤᠨ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢ ᠰᠣᠩᠭᠤᠨ ᠤᠷᠢᠬᠤ᠂ ᠨᠡᠶᠢᠳᠡᠮ ᠪᠠᠶᠢᠴᠠᠭᠠᠯᠲᠠ ᠶᠢᠨ ᠣᠷᠣᠨ ᠢ ᠬᠤᠪᠢᠶᠠᠷᠢᠯᠠᠬᠤ ᠵᠢᠴᠢ ᠪᠠᠷᠢᠯᠭ᠎ᠠ ᠶᠢᠨ ᠵᠦᠢᠯ ᠳᠤ ᠵᠡᠭᠦᠯᠲᠡ ᠬᠠᠳᠠᠬᠤ᠂ ᠨᠢᠭᠡᠴᠡ ᠶᠢᠨ ᠢᠯᠭᠠᠷᠠᠭᠤᠯᠤᠨ ᠪᠠᠶᠢᠴᠠᠭᠠᠵᠤ ᠪᠣᠯᠪᠠᠰᠤᠷᠠᠭᠤᠯᠬᠤ᠂ ᠨᠡᠶᠢᠳᠡᠮ ᠪᠠᠶᠢᠴᠠᠭᠠᠯᠲᠠ ᠶᠢᠨ ᠡᠳ ᠪᠠᠷᠠᠭ᠎ᠠ ᠬᠤᠳᠠᠯᠳᠤᠨ ᠠᠪᠬᠤ ᠵᠡᠷᠭᠡ ᠭᠤᠣᠯᠳᠠᠯᠭ᠎ᠠ ᠲᠠᠢ ᠠᠵᠢᠯ ᠢ ᠲᠦᠷᠦᠭᠦᠯᠡᠨ ᠪᠡᠶᠡᠯᠡᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢᠳᠡᠪᠬᠢᠲᠡᠶ ᠬᠠᠮᠵᠢᠯᠴᠠᠭᠰᠠᠨ᠂ ᠬᠠᠮᠵᠢᠯᠴᠠᠨ ᠬᠠᠮᠲᠤᠷᠠᠨ ᠬᠥᠳᠡᠯᠦᠯᠴᠡᠭᠰᠡᠨ᠂ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠦᠭᠰᠡᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃     ᠳᠠᠷᠠᠭᠠᠴᠢ ᠶᠢᠨ ᠱᠠᠲᠤᠨ ᠳᠤ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠭᠤᠣᠯᠳᠠᠯᠭ᠎ᠠ ᠪᠣᠯ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠶᠠᠪᠤᠳᠠᠯ ᠪᠣᠯᠤᠨ᠎ᠠ᠃ ᠨᠢᠭᠡᠴᠡ ᠶᠢ ᠢᠯᠭᠠᠷᠠᠭᠤᠯᠤᠨ ᠪᠠᠶᠢᠴᠠᠭᠠᠬᠤ ᠪᠣᠯ ᠰᠢᠶᠠᠨ ᠤ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠠᠴᠠ ᠨᠡᠶᠢᠳᠡᠮ ᠪᠠᠶᠢᠴᠠᠭᠠᠭᠴᠢ ᠶᠢ ᠵᠣᠬᠢᠶᠠᠨᠪᠠᠶᠢᠭᠤᠯᠵᠤ᠂ ᠭᠠᠷ ᠲᠠᠭᠠᠨ ᠡᠯᠧᠺᠲᠷᠤᠨ ᠦᠵᠦᠭᠦᠷ ᠤᠨ ᠲᠥᠬᠦᠭᠡᠷᠦᠮᠵᠢ ᠶᠢ ᠬᠡᠷᠡᠭᠯᠡᠨ ᠭᠡᠷ ᠲᠤᠨᠢ ᠬᠦᠷᠴᠦ ᠨᠢᠭᠡᠳ ᠨᠢᠭᠡ ᠪᠠᠷ ᠢᠯᠭᠠᠷᠠᠭᠤᠯᠤᠨ ᠪᠠᠶᠢᠴᠠᠭᠠᠵᠤ ᠪᠠᠶᠢᠭ᠎ᠠ ᠶᠠᠪᠤᠳᠠᠯ ᠪᠣᠯᠤᠨ᠎ᠠ᠂ ᠵᠣᠷᠢᠯᠭ᠎ᠠ ᠨᠢ ᠮᠠᠨ ᠤ ᠣᠷᠣᠨ ᠳᠤ ᠠᠵᠤ ᠠᠬᠤᠶ ᠨᠡᠶᠢᠭᠡᠮ ᠤᠨ ᠠᠵᠢᠯᠯᠠᠭ᠎ᠠ ᠬᠢᠵᠦ ᠪᠠᠶᠢᠭ᠎ᠠ ᠡᠯ᠎ᠡ ᠲᠥᠷᠥᠯ ᠤᠨ ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠵᠢᠴᠢ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠦᠨᠳᠦᠰᠦᠨ ᠪᠠᠶᠢᠳᠠᠯ ᠪᠣᠯᠤᠨ ᠲᠠᠷᠬᠠᠯᠲᠠ ᠶᠢᠨ ᠪᠠᠶᠢᠳᠠᠯ ᠢ ᠲᠣᠳᠣᠷᠬᠠᠶ ᠣᠶᠢᠯᠠᠭᠠᠬᠤ ᠶᠢᠨ ᠲᠥᠯᠥᠭᠡ ᠶᠤᠮ᠃ ᠡᠨᠡ ᠬᠦ ᠲᠣᠬᠢᠶᠠᠯ ᠢ ᠠᠰᠢᠭᠯᠠᠨ᠂ ᠥᠷᠭᠡᠨ ᠣᠯᠠᠨ ᠪᠠᠶᠢᠴᠠᠭᠠᠬᠤ ᠡᠲᠡᠭᠡᠳ ᠠᠴᠠ ᠡᠷᠦᠬᠡ ᠳᠤ ᠣᠷᠣᠵᠤ ᠪᠠᠶᠢᠴᠠᠭᠠᠬᠤ ᠠᠵᠢᠯ ᠳᠤ ᠳᠡᠮᠵᠢᠯᠭᠡ ᠦᠵᠡᠭᠦᠯᠦᠨ ᠬᠠᠮᠵᠢᠯᠴᠠᠵᠤ᠂ ᠬᠠᠮᠢᠶ᠎ᠠ ᠪᠥᠬᠦᠶ ᠭᠡᠷᠡᠴᠢ ᠦᠨᠡᠮᠯᠡᠯ ᠢ ᠤᠷᠢᠳᠴᠢᠯᠠᠨ ᠪᠡᠯᠡᠳᠬᠡᠵᠦ᠂ ᠦᠨᠡᠨ ᠪᠣᠳᠠᠲᠠᠶ ᠪᠥᠭᠡᠳ ᠣᠨᠣᠪᠴᠢᠲᠠᠶ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠡᠲᠡᠭᠡᠷ ᠮᠡᠳᠡᠭᠡ ᠵᠠᠩᠭᠢ ᠶᠢ ᠵᠥᠪᠬᠡᠨ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ ᠳᠤ ᠬᠡᠷᠡᠭᠯᠡᠨ᠎ᠡ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠬᠠᠩᠭᠠᠭᠰᠠᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠪᠣᠯᠤᠨ᠎ᠠ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠠᠶᠢᠭᠤᠯᠭ᠎ᠠ ᠨᠢᠭᠡᠴᠢ ᠶᠢᠨ ᠴᠡᠪᠡᠷᠯᠡᠨ ᠪᠠᠶᠢᠴᠠᠭᠠᠬᠤ ᠠᠵᠢᠯ ᠢ ᠬᠠᠮᠲᠤ ᠪᠠᠷ ᠰᠠᠶᠢᠲᠤᠷ ᠬᠢᠵᠦ᠂ ᠤᠯᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠮᠵᠢᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠃    ᠪᠠᠶᠠᠷᠯᠠᠯ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号