2023 ᠣᠨ ᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2024/1/20
1.jpg
     1 ᠳ᠋ᠤᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2023 ᠣᠨ ᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠶ ᠠᠩᠭᠢ ᠶᠢᠨ ᠳᠠᠷᠤᠭ᠎ᠠ ᠸᠠᠩ ᠳ᠋ᠧ ᠪᠢᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
2.jpg
 
3.jpg 
     ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ    ᠲᠠᠨ ᠤ ᠰᠠᠶ᠋ᠢ ᠶᠢᠨ ᠲᠠᠨᠢᠯᠴᠠᠭᠤᠯᠤᠭᠰᠠᠨ ᠪᠥᠬᠦ ᠣᠷᠣᠨ ᠤ ᠭᠤᠤᠯ ᠪᠣᠯᠬᠤ ᠬᠤᠷᠸ᠎ᠠ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠪᠠᠶᠢᠳᠠᠯ ᠠᠴᠠ ᠦᠵᠡᠪᠡᠯ᠂ ᠨᠢᠭᠡ ᠪᠦᠯᠦᠭ ᠠᠵᠤ ᠠᠬᠤᠶ ᠶᠢᠨ ᠲᠤᠭ᠎ᠠ ᠪᠠᠷᠢᠮᠲᠠ ᠨᠢ ᠬᠥᠮᠦᠰ ᠢ ᠵᠣᠷᠢᠭᠵᠢᠭᠤᠯᠵᠤ᠂ ᠦᠷ᠎ᠡ ᠪᠦᠲᠦᠭᠡᠯ ᠨᠢ ᠬᠥᠮᠦᠰ ᠢ ᠵᠣᠷᠢᠭᠵᠢᠭᠤᠯᠪᠠ᠃ ᠲᠠ ᠮᠠᠨ ᠤ ᠣᠷᠣᠨ ᠤ ᠡᠨᠡ ᠨᠢᠭᠡ ᠵᠢᠯ ᠤᠨ ᠠᠵᠤ ᠠᠬᠤᠶ ᠶᠢᠨ ᠠᠵᠢᠯᠯᠠᠭᠠᠨ ᠢ ᠬᠡᠷᠬᠢᠨ ᠦᠨᠡᠯᠡᠵᠦ ᠪᠠᠶᠢᠬᠤ ᠪᠣᠶ︖ 2024 ᠣᠨ ᠤ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠲᠠ ᠶᠠᠮᠠᠷ ᠪᠠᠷᠠᠯᠠᠯ ᠲᠠᠢ ᠪᠤᠢ︖ ᠪᠠᠶᠠᠷᠯᠠᠯ᠎ᠠ᠃
4.jpg  
     ᠼᠤᠤ ᠰᠧ ᠶᠠᠩ᠄    ᠲᠠᠨ ᠤ ᠠᠰᠠᠭᠤᠯᠲᠠ ᠳᠤ ᠪᠠᠶᠠᠷᠯᠠᠯ᠎ᠠ᠃ 2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠡᠨᠡ ᠵᠢᠯ᠂ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ ᠥᠪᠥᠷ ᠮᠣᠩᠭᠤᠯ ᠤᠨ ᠬᠥᠭᠵᠢᠯᠲᠡ ᠳᠤ ᠰᠤᠳᠠᠯ ᠪᠠᠷᠢᠵᠤ ᠴᠢᠭᠯᠡᠯ ᠲᠣᠭᠲᠠᠭᠠᠪᠠ︔ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠨᠡᠶᠢᠲᠡᠯᠡᠵᠦ᠂ ᠥᠪᠥᠷ ᠮᠣᠩᠭᠤᠯ ᠳᠤ ᠯᠤᠲᠤ ᠶᠡᠭᠡ ᠤᠯᠤᠰ ᠲᠥᠷᠥ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠣᠯᠭᠤᠪᠠ᠃ ᠡᠨᠡ ᠨᠢᠭᠡ ᠵᠢᠯ ᠳᠤ᠂ ᠪᠦᠬᠦ ᠣᠷᠣᠨ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠡᠷᠡᠮᠡᠬᠡᠶᠢᠯᠡᠨ ᠲᠡᠮᠡᠴᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠤᠨ ︽ᠰᠢᠨ᠎ᠡ ᠵᠠᠮ ᠢᠶᠠᠷ ᠵᠠᠮᠨᠠᠨ᠂ ᠳᠤᠮᠳᠠ ᠲᠦᠪᠰᠢᠨ ᠳᠤ ᠤᠷᠤᠭᠰᠢᠯᠠᠬᠤ︾ ᠬᠠᠷᠠᠯᠲᠠ ᠶᠢᠨ ᠲᠣᠭᠤᠷᠢᠨ ᠳᠤ ᠬᠦᠴᠦᠯᠡᠨ ᠴᠢᠷᠮᠠᠶᠢᠵᠤ ᠥᠨᠳᠥᠷ ᠲᠦᠪᠰᠢᠨ ᠳᠤ ᠭᠠᠷᠴᠤ᠂ ᠨᠡᠮᠡᠭᠳᠡᠯ ᠤᠨ ᠬᠥᠳᠡᠯᠭᠡᠬᠦ ᠡᠨᠧᠷᠭᠢ ᠲᠠᠰᠤᠷᠠᠯᠲᠠ ᠦᠭᠡᠢ ᠴᠢᠩᠭᠠᠷᠠᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ︽ᠥᠪᠥᠷ ᠮᠣᠩᠭᠤᠯ ᠤᠨ ᠬᠠᠷᠢᠭᠤᠯᠲᠠ ᠶᠢᠨ ᠬᠠᠭᠤᠳᠠᠰᠤ︾ ᠶᠢᠨ ᠶᠠᠰᠤ ᠴᠢᠨᠠᠷ ᠰᠠᠶᠢᠨ᠂ ᠬᠤᠪᠢ ᠶᠢᠨ ᠵᠢᠩ ᠭᠦᠢᠴᠡᠳ᠂ ᠠᠵᠤ ᠠᠬᠤᠢ ᠶᠢᠨ ︽ᠠᠮᠵᠢᠯᠲᠠ ᠶᠢᠨ ᠬᠠᠭᠤᠳᠠᠰᠤ︾  ᠶᠢ ᠨᠤᠳᠠᠯᠠᠭᠤᠰᠢᠳᠠᠢ ᠪᠠᠶᠢᠨ᠎ᠠ᠃ ᠠᠳᠡ ᠪᠢ 6 ᠦᠰᠦᠭ ᠢᠶᠠᠷ 2023 ᠣᠨ ᠤ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠭᠤᠣᠯ ᠣᠨᠴᠠᠯᠢᠭ ᠢ ᠬᠤᠷᠢᠶᠠᠩᠭᠤᠶᠢᠯᠠᠶ᠎ᠠ᠃    ᠨᠢᠭᠡᠳᠦᠭᠡᠷ ᠦᠰᠦᠭ ᠨᠢ ︽ᠣᠨᠣᠪᠴᠢᠲᠠᠶ︾᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠣᠨᠣᠪᠴᠢᠲᠠᠶ ᠪᠥᠭᠡᠳ ᠪᠦᠲᠦᠮᠵᠢᠲᠡᠶ᠃ ᠨᠠᠷᠢᠨ ᠪᠤᠳᠤᠯᠢᠶᠠᠨᠲᠠᠶ ᠭᠠᠳᠠᠭᠠᠳᠤ ᠣᠷᠴᠢᠨ ᠤ ᠬᠤᠪᠢᠷᠠᠯᠲᠠ ᠪᠣᠯᠤᠨ ᠥᠷᠢᠰᠥᠯᠳᠦᠭᠡᠨ ᠢ ᠬᠦᠴᠦᠲᠡᠶ ᠠᠷᠭᠠᠴᠠᠭᠠᠵᠤ᠂ ᠪᠦᠬᠦ ᠣᠷᠣᠨ ᠤ ᠠᠵᠤ ᠠᠬᠤᠢ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠶᠢᠨ ᠲᠦᠯᠦᠭᠡ᠂ 2023 ᠣᠨ ᠳᠤ ᠣᠷᠣᠨ ᠳᠠᠶᠠᠭᠠᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠬᠦ ᠵᠡᠷᠭᠡ ᠲᠤᠭᠤᠷᠢᠨ ᠳᠤ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠪᠠ ᠠᠵᠢᠯᠯᠠᠭᠠᠨ ᠤ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠰᠢᠷᠢᠰ ᠠᠷᠭ᠎ᠠ ᠬᠡᠮᠵᠢᠶ᠎ᠡ᠂ ᠠᠵᠢᠯ ᠤᠨ ᠬᠠᠮ ᠠᠷᠭ᠎ᠠ ᠪᠤᠳᠤᠯᠭ᠎ᠠ᠂ ᠥᠭᠡᠷᠡᠴᠢᠯᠡᠯᠲᠡ ᠶᠢᠨ ᠬᠠᠮ ᠠᠷᠭ᠎ᠠ ᠪᠤᠳᠤᠯᠭ᠎ᠠ ᠭᠠᠷᠭᠠᠨ᠂ ᠵᠢᠯ ᠤᠨ ᠡᠬᠢᠨ ᠳᠤ ᠨᠡᠶᠢᠲᠡᠯᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 62 ᠵᠤᠷᠪᠤᠰ᠂ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ 120 ᠵᠤᠷᠪᠤᠰ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠠᠴᠠ ︽ᠰᠦ ᠶᠢᠨ ᠦᠢᠯᠡᠰ ᠤᠨ ᠶᠢᠰᠦᠨ ᠵᠤᠷᠪᠤᠰ︾ ᠤᠨ ᠲᠠᠰ ᠳᠡᠪᠰᠢᠭᠰᠡᠨ ᠬᠡᠪᠯᠡᠯ ᠪᠠ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ ᠬᠦᠷᠲᠡᠯ᠎ᠡ︔ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠷᠬᠡ ᠲᠡᠭᠰᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠬᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠡᠷᠦᠩᠬᠡᠶ ᠲᠥᠰᠦᠯ ᠢ ᠲᠣᠭᠲᠠᠭᠠᠬᠤ᠂ 44 ᠵᠦᠢᠯ ᠤᠨ ᠪᠣᠳᠠᠲᠠᠶ ᠡᠭᠦᠷᠭᠡ ᠶᠢ ᠲᠣᠳᠣᠷᠬᠠᠶᠢᠯᠠᠬᠤ ᠵᠡᠷᠭᠡ ᠬᠦᠷᠲᠡᠯ᠎ᠡ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯ ᠢ ᠪᠠᠲᠤᠯᠠᠬᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠠᠰᠢᠭ ᠢ ᠪᠠᠳᠠᠷᠠᠭᠤᠯᠬᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠥᠭᠡᠳᠡᠯᠡᠨ ᠰᠠᠶᠢᠵᠢᠷᠠᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠲᠣᠬᠢᠷᠠᠭᠤᠯᠬᠤ ᠶᠢ ᠣᠯᠠᠨ ᠤᠳᠠᠭ᠎ᠠ᠂ ᠪᠦᠬᠦ ᠲᠠᠯ᠎ᠠ ᠪᠠᠷ᠂ ᠣᠯᠠᠨ ᠨᠢᠭᠲᠠᠴᠠ ᠪᠠᠷ ᠴᠢᠩᠭᠠᠳᠬᠠᠵᠤ᠂ ᠴᠠᠭ ᠲᠤᠬᠠᠶ ᠳᠤᠨᠢ ᠤᠷᠢᠳᠴᠢᠯᠠᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠣᠨᠣᠪᠴᠢᠲᠠᠶ ᠲᠣᠬᠢᠷᠠᠭᠤᠯᠤᠨ ᠡᠵᠡᠮᠳᠡᠵᠦ᠂ ᠪᠦᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠡᠨ ᠳᠤ ᠰᠠᠨᠠᠭᠠᠴᠢᠯᠠᠭᠠᠲᠤ ᠪᠠᠶᠢᠷᠢ ᠶᠢ ᠣᠯᠵᠤ᠂ ᠳᠠᠪᠠᠭᠤᠯᠢᠭ ᠪᠠᠶᠢᠷᠢ ᠶᠢ ᠲᠡᠮᠡᠴᠡᠨ ᠣᠯᠬᠤ ᠶᠢ ᠦᠨᠡᠨ ᠬᠦ ᠪᠠᠲᠤᠯᠠᠪᠠ᠃    ᠬᠤᠶᠠᠳᠤᠭᠠᠷ ᠦᠰᠦᠭ ᠨᠢ ︽ᠲᠦᠷᠭᠡᠨ︾᠂ ᠠᠵᠤ ᠠᠬᠤᠶ ᠶᠢᠨ ᠨᠡᠮᠡᠭᠳᠡᠯ ᠤᠨ ᠬᠠᠨᠳᠤᠰᠢ ᠲᠦᠷᠭᠡᠳᠪᠡ᠃ 2023 ᠣᠨ ᠤ ᠠᠵᠤ ᠠᠬᠤᠶ ᠶᠢᠨ ᠠᠵᠢᠯᠯᠠᠭᠠᠨ ᠤ ᠬᠠᠨᠳᠤᠰᠢ ᠶᠢ ᠡᠷᠭᠢᠴᠡᠭᠦᠯᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ GDP 5.6% ᠪᠠᠷ ᠨᠡᠮᠡᠭᠳᠡᠵᠦ᠂ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠪᠥᠬᠦ ᠵᠢᠯ ᠳᠤ ᠳᠠᠬᠢᠨ ᠨᠢᠭᠡ ᠠᠯᠬᠤᠮ ᠤᠷᠤᠭᠰᠢᠯᠠᠵᠤ᠂ 7.3% ᠶᠢᠨ ᠨᠡᠯᠢᠶᠡᠳ ᠥᠨᠳᠥᠷ ᠨᠡᠮᠡᠭᠳᠡᠯ ᠤᠨ ᠲᠦᠪᠰᠢᠨ ᠢ ᠪᠡᠶᠡᠯᠡᠭᠦᠯᠵᠦ᠂ 2016 ᠣᠨ ᠠᠴᠠ ᠨᠠᠰᠢᠬᠢ ᠬᠠᠮᠤᠭ ᠤᠨ ᠥᠨᠳᠥᠷ ᠨᠡᠮᠡᠭᠳᠡᠯ ᠤᠨ ᠬᠤᠷᠳᠤᠴᠠ ᠳᠤ ᠬᠥᠷᠪᠡ᠃ ᠪᠥᠬᠦ ᠵᠢᠯ ᠤᠨ ᠨᠡᠮᠡᠭᠳᠡᠯ ᠤᠨ ᠬᠤᠷᠳᠤᠴᠠ ᠳᠤ ︽ᠱᠠᠲᠤᠯᠢᠭ ᠮᠠᠶ᠋ᠢᠭ︾ ᠤᠨ ᠳᠡᠭᠡᠭᠰᠢᠯᠡᠬᠦ ᠮᠤᠷᠤᠶ ᠱᠤᠭᠤᠮ ᠢᠯᠡᠷᠡᠵᠦ᠂ ᠮᠠᠨ ᠤ ᠣᠷᠣᠨ ᠤ ᠠᠵᠤ ᠠᠬᠤᠶ ᠶᠢᠨ ᠠᠵᠢᠯᠯᠠᠭᠠᠨ ᠨᠢᠭᠡᠨᠲᠡ ︽ᠰᠡᠷᠭᠦᠯᠲᠡ︾ ᠪᠠ ︽ᠲᠣᠭᠲᠠᠭᠤᠨ︾ ᠤ ᠰᠠᠭᠤᠷᠢᠨ ᠳᠡᠭᠡᠷ᠎ᠡ ︽ᠲᠦᠷᠭᠡᠨ︾ ᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠡᠭᠦᠨ ᠤ ᠬᠠᠮᠲᠤ᠂ ᠭᠤᠯᠳᠤ ᠲᠠᠯ᠎ᠠ ᠠᠴᠠ ᠦᠵᠡᠪᠡᠯ᠂ 2022 ᠣᠨ ᠤ 4.4% ᠶᠢᠨ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠠᠶᠢᠵᠤ᠂ ᠬᠢᠵᠢᠭ ᠤᠨ ᠪᠠᠶᠢᠳᠠᠯ ᠤᠨ ᠭᠤᠷᠪᠠᠨ ᠵᠢᠯ ︵2020 - 2022 ᠣᠨ︶ ᠤᠨ 3.7% ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ ᠴᠤ ᠲᠦᠷᠭᠡᠨ ᠪᠠᠶᠢᠨ᠎ᠠ᠃    ᠭᠤᠷᠪᠠᠳᠤᠭᠠᠷ ᠦᠰᠦᠭ ᠨᠢ ︽ᠲᠣᠭᠲᠠᠭᠤᠨ︾᠂ ᠠᠵᠤ ᠦᠢᠯᠡᠰ ᠤᠨ ᠬᠥᠭᠵᠢᠯᠲᠡ ᠲᠣᠭᠲᠠᠭᠤᠨ ᠤ ᠳᠤᠮᠳᠠ ᠪᠠᠬᠢᠵᠢᠪᠡ ᠃ ᠭᠤᠷᠪᠠᠨ ᠠᠵᠤ ᠦᠢᠯᠡᠰ ᠠᠴᠠ ᠦᠵᠡᠪᠡᠯ᠂ ᠬᠠᠮᠵᠢᠯᠴᠠᠨ ᠬᠥᠭᠵᠢᠬᠦ ᠶᠢ ᠪᠡᠶᠡᠯᠡᠭᠦᠯᠵᠦ᠂ ᠠᠵᠤ ᠠᠬᠤᠢ ᠶᠢᠨ ᠦᠨᠳᠦᠰᠦᠨ ᠪᠠᠶᠢᠳᠠᠯ ᠢ ᠪᠠᠲᠤᠳᠬᠠᠪᠠ᠃ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ᠃ 2023 ᠣᠨ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 5.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠬᠢ ᠠᠴᠠ 1.0 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠠᠮᠤ ᠪᠤᠳᠠᠭ᠎ᠠ᠂ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠵᠦ᠂ ︽ᠠᠮᠤ ᠶᠢᠨ ᠰᠠᠩ︾᠂ ︽ᠮᠢᠬᠠᠨ ᠤ ᠬᠦᠮᠦᠷᠭᠡ︾᠂ ︽ᠰᠦ ᠶᠢᠨ ᠬᠦᠨᠦᠭ︾  ᠢ ᠨᠠᠩ ᠳᠦᠭᠦᠷᠭᠡᠪᠡ᠃ ᠠᠵᠤ ᠦᠢᠯᠡᠳᠪᠦᠷᠢ ᠶᠢᠨ ᠲᠠᠯ᠎ᠠ ᠪᠠᠷ᠂ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 7.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠬᠢ ᠠᠴᠠ 0.6 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ 40.2% ᠢ ᠡᠵᠡᠯᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠳᠡᠭᠡᠷ᠎ᠡ ᠵᠢᠯ ᠤᠨ ᠬᠢ ᠠᠴᠠ 7.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 6 ᠰᠠᠷ᠎ᠠ ᠳᠠᠷᠠᠭᠠᠯᠠᠨ 7% ᠠᠴᠠ ᠳᠡᠭᠡᠭᠰᠢ ᠪᠠᠶᠢᠬᠤ ᠶᠢ ᠪᠠᠲᠤᠯᠠᠪᠠ᠂ ᠢᠯᠠᠩᠭᠤᠶ᠎ᠠ 7.4% ᠶᠢᠨ ᠨᠡᠮᠡᠭᠳᠡᠯ ᠤᠨ ᠬᠤᠷᠳᠤᠴᠠ ᠨᠢ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠥᠬᠡᠶ᠂ ᠵᠢᠱᠢᠯᠲᠡ ᠨᠢ ᠪᠠᠭᠤᠷᠠᠶ ᠳᠠᠪᠬᠤᠴᠠᠭᠰᠠᠨ ᠡᠨᠧᠷᠭᠢ ᠵᠡᠷᠭᠡ ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠳᠤᠤᠷ᠎ᠠ ᠡᠷᠭᠢᠯᠲᠡ ᠳᠤᠤᠷ᠎ᠠ ᠪᠡᠶᠡᠯᠡᠭᠳᠡᠭᠰᠡᠨ ᠶᠤᠮ᠂ ᠬᠤᠷᠸ᠎ᠠ ᠠᠵᠤ ᠠᠬᠤᠶ ᠶᠢᠨ ᠠᠬᠤᠶ ᠪᠠᠶᠢᠳᠠᠯ ᠳᠤᠤᠷ᠎ᠠ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠳᠠᠷᠤᠯᠲᠠ ᠶᠢ ᠳᠠᠭᠠᠭᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠡᠴᠦᠰ ᠲᠡᠭᠡᠨ ᠶᠡᠷᠦ ᠪᠤᠰᠤ ᠶᠢᠨ ᠠᠮᠵᠢᠯᠲᠠ ᠪᠦᠲᠦᠮᠵᠢ ᠤᠯᠪᠠ᠂ ᠡᠨᠡ ᠨᠢ ᠬᠢᠯᠪᠠᠷ ᠪᠤᠰᠤ ᠭᠡᠵᠦ ᠬᠡᠯᠡᠵᠦ ᠪᠣᠯᠬᠤ ᠪᠥᠭᠡᠳ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠤᠶᠠᠨ ᠬᠠᠲᠠᠨ ᠴᠢᠨᠠᠷ ᠪᠣᠯᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠷᠠᠭᠤᠯᠤᠭᠰᠠᠨ ᠦᠷ᠎ᠡ ᠪᠦᠲᠦᠮᠵᠢ ᠶᠢ ᠢᠯᠡᠷᠡᠭᠦᠯᠦᠭᠰᠡᠨ ᠪᠠᠶᠢᠨ᠎ᠠ᠃ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ 2023 ᠣᠨ ᠳᠤ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠳᠤ ᠣᠷᠣᠵᠤ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠬᠢ ᠠᠴᠠ 4.3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 45.6% ᠳᠤ ᠬᠦᠷᠴᠦ᠂ ᠳᠡᠭᠡᠷ᠎ᠡ ᠵᠢᠯ ᠤᠨ ᠬᠢ ᠠᠴᠠ 15.6 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠨᠡᠮᠡᠷᠢᠯᠡᠪᠡ᠃     ᠳᠥᠷᠪᠡᠳᠦᠭᠡᠷ ᠦᠰᠦᠭ ᠨᠢ ︽ᠰᠢᠯᠢᠳᠡᠭ︾ ᠪᠠᠶᠢᠵᠤ᠂ ᠪᠦᠲᠦᠴᠡ ᠶᠢᠨ ᠲᠤᠬᠢᠷᠠᠭᠤᠯᠤᠯᠳᠠ ᠶᠢ ᠨᠡᠩ ᠰᠢᠯᠢᠳᠡᠭᠵᠢᠭᠦᠯᠪᠡ᠃ ᠥᠩᠭᠡᠷᠡᠭᠰᠡᠨ ᠨᠢᠭᠡ ᠵᠢᠯ ᠳᠤ᠂ ᠪᠦᠬᠦ ᠣᠷᠣᠨ ᠳᠠᠶᠠᠭᠠᠷ ︽ᠬᠡᠯᠬᠢᠶᠡᠲᠦ ᠰᠡᠳᠬᠢᠬᠦᠢ︾ ᠪᠠᠷ ᠤᠯᠠᠮᠵᠢᠯᠠᠯᠲᠤ ᠠᠵᠤ ᠦᠢᠯᠡᠰ ᠢ ᠲᠤᠬᠢᠷᠠᠭᠤᠯᠤᠨ ᠰᠢᠯᠢᠳᠡᠭᠵᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠴᠢᠬᠤᠯᠠ ᠶᠡᠭᠡ ᠲᠦᠷᠦᠯ ᠵᠦᠢᠯ ᠢ ᠭᠦᠨᠵᠡᠭᠡᠢ ᠰᠦᠪᠡᠭᠴᠢᠯᠡᠨ ᠪᠣᠳᠠᠲᠠᠶᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ︽ᠦᠨ᠎ᠡ ᠦᠷᠲᠡᠭ︾ ᠢ ᠬᠦᠴᠦᠯᠡᠨ ᠳᠡᠭᠡᠭᠰᠢᠯᠡᠭᠦᠯᠪᠡ᠃ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 12.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 4.7 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ 60.7% ᠳᠤ ᠬᠦᠷᠴᠦ᠂ ᠲᠦᠷᠦᠭᠦᠦ ᠵᠢᠯ ᠤᠨ ᠬᠢ ᠠᠴᠠ ᠪᠠᠨ 1.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠠᠵᠤ ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠨᠡᠯᠢᠶᠡᠳ ᠲᠦᠷᠭᠡᠨ ᠬᠥᠭᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠦᠷᠭᠦᠯᠵᠢᠯᠡᠨ ᠲᠦᠷᠭᠡᠨ ᠪᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ ᠴᠥᠮ ᠲᠦᠷᠦᠭᠦᠦ ᠵᠢᠯ ᠤᠨ ᠬᠢ ᠠᠴᠠ ᠡᠳᠦᠢ ᠲᠡᠳᠦᠢ ᠳᠡᠭᠡᠭᠰᠢᠯᠡᠪᠡ᠃    ᠲᠠᠪᠤᠳᠤᠭᠠᠷ ᠦᠰᠦᠭ ᠨᠢ ︽ᠤᠷᠤᠭᠰᠢᠯᠠᠬᠤ︾᠂ ︽ᠲᠠᠪᠤᠨ ᠶᠡᠭᠡ ᠡᠭᠦᠷᠭᠡ︾ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ ᠲᠣᠭᠲᠠᠭᠤᠨ ᠪᠥᠭᠡᠳ ᠶᠠᠰᠤ ᠴᠢᠨᠠᠷ ᠢ ᠳᠡᠭᠡᠭᠰᠢᠯᠡᠭᠦᠯᠬᠦ ᠳᠤ ︽ᠵᠢᠷᠦᠬᠡ ᠴᠢᠩᠭᠠᠷᠠᠭᠤᠯᠬᠤ ᠡᠮ︾ ᠢ ᠣᠷᠣᠭᠤᠯᠪᠠ᠃ ᠵᠢᠱᠢᠶᠡᠯᠡᠪᠡᠯ᠂ ︽ᠬᠤᠶᠠᠷ ᠰᠠᠭᠤᠷᠢᠨ︾ ᠤ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠢᠳᠡ ᠬᠦᠴᠦᠲᠡᠢ ᠶᠠᠪᠤᠭᠳᠠᠪᠠ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠪᠣᠯᠤᠨ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ ᠨᠡᠶᠢᠯᠡᠭᠡᠳ 60% ᠶᠢ ᠳᠠᠪᠠᠪᠠ᠃ ᠪᠥᠬᠦ ᠣᠷᠣᠨ ᠤ ᠣᠯᠠᠨ ᠵᠦᠢᠯ ᠤᠨ ᠭᠤᠤᠯ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠭᠠᠷᠤᠯᠲᠠ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠨᠡᠭᠦᠷᠡᠰᠦᠨ ᠤ ᠭᠠᠷᠤᠯᠲᠠ ᠪᠥᠬᠦ ᠤᠯᠤᠰ ᠲᠤ 2 ᠳ᠋ᠤᠭᠠᠷ ᠲᠤ ᠣᠷᠣᠵᠤ᠂ ᠪᠥᠬᠦ ᠤᠯᠤᠰ ᠤᠨ ᠲᠦᠭᠦᠬᠡᠶ ᠨᠡᠭᠦᠷᠡᠰᠦᠨ ᠤ ᠭᠠᠷᠤᠯᠲᠠ ᠶᠢᠨ 26.0% ᠢ ᠡᠵᠡᠯᠡᠵᠦ᠂ ᠡᠳᠦᠷ ᠪᠦᠷᠢ ᠶᠢᠨ ᠳᠤᠮᠳᠠᠴᠢ ᠭᠠᠷᠤᠯᠲᠠ 330 ᠲᠦᠮᠡᠨ ᠲᠣᠨ ᠠᠴᠠ ᠳᠡᠭᠡᠭᠰᠢ ᠪᠠᠶᠢᠨ᠎ᠠ︔ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠦ ᠤᠯᠤᠰ ᠤᠨ ᠲᠡᠷᠢᠭᠦᠨ ᠳᠤ ᠣᠷᠣᠵᠤ᠂ ᠳᠡᠭᠡᠷ᠎ᠡ ᠵᠢᠯ ᠤᠨ ᠬᠢ ᠠᠴᠠ 14.3% ᠪᠠᠷ ᠨᠡᠮᠡᠭᠳᠡᠵᠦ᠂ ᠪᠥᠬᠦ ᠤᠯᠤᠰ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ 8.4% ᠶᠢ ᠡᠵᠡᠯᠡᠪᠡ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠲᠦᠷᠭᠡᠨ ᠪᠥᠭᠡᠳ ᠯᠠᠪᠳᠠᠭᠤᠨ ᠢᠶᠠᠷ ᠪᠦᠳᠦᠭᠡᠨ ᠪᠠᠶᠢᠭᠤᠯᠤᠨ᠎ᠠ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 11.6% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 4.2 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠪᠠᠰᠠ ᠵᠢᠱᠢᠶᠡᠯᠡᠪᠡᠯ᠂ ︽ᠬᠥᠭᠦᠷᠭᠡᠨ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ᠃ 2023 ᠣᠨ ᠳᠤ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ 1800 ᠳ᠋ᠦᠩᠰᠢᠭᠤᠷ ᠲᠥᠭᠦᠷᠢᠭ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︔ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ ᠳ᠋ᠦᠩᠰᠢᠭᠤᠷ ᠲᠣᠨ ᠢ ᠳᠠᠪᠠᠵᠤ᠂ ᠳᠠᠬᠢᠨ ᠰᠢᠨ᠎ᠡ ᠳᠡᠭᠲᠡᠷ ᠲᠤ ᠭᠠᠷᠪᠠ᠃    ᠵᠢᠷᠭᠤᠳᠤᠭᠠᠷ ᠨᠢ ︽ᠠᠮᠢᠳᠤᠯᠢᠭ︾ ᠪᠠᠶᠢᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠴᠢᠩᠭᠠᠷᠠᠪᠠ᠃ ᠣᠷᠣᠨ ᠳᠠᠶᠠᠭᠠᠷ ᠢᠶᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠬᠤ ᠶᠢ ᠳᠠᠭᠠᠯᠳᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠬᠡᠪᠴᠢᠶ᠎ᠡ ᠲᠠᠰᠤᠷᠠᠯᠲᠠ ᠥᠬᠡᠶ ᠪᠤᠵᠠᠭᠠᠶᠢᠷᠠᠪᠠ᠃ 2023 ᠣᠨ ᠤ ᠡᠴᠦᠰ ᠲᠤ᠂ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ 270 ᠲᠦᠮᠡᠨ ᠡᠷᠦᠬᠡ ᠶᠢ ᠳᠠᠪᠠᠪᠠ᠃ ᠡᠭᠦᠨ ᠳᠤ᠂ ᠪᠥᠬᠦ ᠵᠢᠯ ᠳᠤ ᠡᠵᠡᠩᠨᠡᠯᠲᠡ ᠶᠢᠨ ᠪᠡᠶᠡᠴᠢ ᠴᠣᠭᠴᠠ ᠶᠢ ᠨᠡᠶᠢᠲᠡ 45.9 ᠲᠦᠮᠡᠨ ᠡᠷᠦᠬᠡ ᠰᠢᠨ᠎ᠡ ᠪᠠᠷ ᠪᠠᠶᠢᠭᠤᠯᠪᠠ᠃ ︽ᠳᠥᠷᠪᠡᠨ ᠬᠡᠪᠴᠢᠶᠡᠵᠢᠯ ᠠᠴᠠ ᠳᠡᠭᠡᠭᠰᠢᠬᠢ︾ ᠪᠦᠷᠢᠳᠬᠡᠯ ᠳᠤ ᠣᠷᠣᠭᠤᠯᠤᠭᠰᠠᠨ ᠨᠢᠭᠡᠴᠡ ᠠᠴᠠ ᠦᠵᠡᠪᠡᠯ᠂ 1.2 ᠲᠦᠮᠡᠨ ᠡᠷᠦᠬᠡ ᠠᠴᠠ ᠳᠠᠪᠠᠵᠤ᠂ ᠲᠦᠷᠦᠭᠦᠦ ᠵᠢᠯ ᠤᠨ ᠡᠴᠦᠰ ᠤᠨ ᠬᠢ ᠠᠴᠠ 1135 ᠡᠷᠦᠬᠡ ᠨᠡᠮᠡᠭᠳᠡᠵᠦ᠂ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠡᠪᠴᠢᠶ᠎ᠡ ᠲᠣᠭᠲᠠᠭᠤᠨ ᠢᠶᠠᠷ ᠥᠷᠭᠡᠳᠴᠦ᠂ 2023 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠡ 43.4 ᠲᠦᠮᠡᠨ ᠡᠷᠦᠬᠡ ᠪᠣᠯᠵᠣ᠂ ᠳᠡᠭᠡᠷ᠎ᠡ ᠵᠢᠯ ᠤᠨ ᠡᠴᠦᠰ ᠤᠨ ᠬᠢ ᠠᠴᠠ 3.4 ᠲᠦᠮᠡᠨ ᠡᠷᠦᠬᠡ ᠨᠡᠮᠡᠭᠳᠡᠵᠦ᠂ ᠪᠥᠬᠦ ᠣᠷᠣᠨ ᠤ ᠬᠠᠤᠯᠢ ᠶᠢᠨ ᠡᠷᠬᠡᠲᠡᠨ ᠤ ᠨᠢᠭᠡᠴᠡ ᠶᠢᠨ ᠲᠤᠭ᠎ᠠ ᠳᠤ ᠡᠵᠡᠯᠡᠬᠦ ᠬᠤᠪᠢ ᠶᠢᠨ ᠵᠢᠩ ᠨᠢ ᠨᠠᠢᠮᠠᠨ ᠬᠤᠪᠢ ᠰᠢᠬᠠᠮ ᠪᠣᠯᠵᠠᠶ᠃    ᠶᠡᠷᠦᠩᠬᠡᠶ ᠳᠤᠨᠢ ᠠᠪᠴᠤ ᠦᠵᠡᠪᠡᠯ᠂ ᠪᠥᠬᠦ ᠣᠷᠣᠨ ᠤ ᠠᠵᠤ ᠠᠬᠤᠶ ᠶᠢᠨ ᠦᠷᠭᠦᠯᠵᠢᠯᠡᠨ ᠰᠠᠶᠢᠵᠢᠷᠠᠬᠤ ᠳᠠᠯᠳᠠ ᠬᠦᠴᠦᠨ ᠶᠡᠭᠡ ᠬᠥᠳᠡᠯᠭᠡᠬᠦ ᠬᠦᠴᠦᠨ ᠭᠦᠢᠴᠡᠳ ᠪᠠᠶᠢᠵᠤ᠂ ᠠᠵᠤ ᠠᠬᠤᠶ ᠶᠢᠨ ᠬᠡᠮᠵᠢᠶ᠎ᠡ ᠶᠢᠨ ᠨᠡᠮᠡᠭᠳᠡᠯ᠂ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠪᠠ ᠥᠷᠭᠡᠨ ᠠᠭᠤᠳᠠᠮ ᠣᠷᠣᠨ ᠵᠠᠶ ᠲᠠᠢ ᠶᠤᠮ᠂ ᠢᠯᠠᠩᠭᠤᠶ᠎ᠠ ᠶᠡᠭᠡ ᠴᠢᠭᠯᠡᠯ ᠢ ᠶᠡᠷᠦᠩᠬᠡᠶ ᠱᠦᠵᠢ ᠰᠢ ᠶᠢᠨ ᠫᠢᠩ ᠠᠯᠢ ᠡᠷᠲᠡ ᠪᠢᠳᠡᠨ ᠳᠤ ᠲᠣᠳᠣᠷᠬᠠᠶ ᠵᠢᠭᠠᠵᠤ ᠥᠭᠴᠡᠶ᠂ ᠶᠡᠷᠦᠩᠬᠡᠶ ᠰᠡᠳᠬᠢᠮᠵᠢ ᠶᠢᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠴᠤ ᠨᠢᠭᠡᠨᠲᠡ ᠲᠣᠳᠣᠷᠬᠠᠶ ᠪᠣᠯᠵᠠᠶ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ ᠲᠦᠷᠭᠡᠨ ᠠᠭᠢᠵᠤ ᠨᠠᠶᠢᠳᠠᠪᠤᠷᠢᠵᠢᠭᠤᠯᠬᠤ ᠶᠢ ᠳᠠᠭᠠᠯᠳᠤᠨ᠂ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠳᠠᠪᠬᠤᠴᠠᠨ ᠬᠦᠴᠦᠯᠡᠬᠦ ᠶᠢ ᠳᠠᠭᠠᠯᠳᠤᠨ᠂ ᠪᠥᠬᠦ ᠣᠷᠣᠨ ᠤ ᠠᠵᠤ ᠠᠬᠤᠶ ᠶᠢᠨ ᠰᠠᠭᠤᠷᠢ ᠨᠠᠩ ᠪᠠᠲᠤ ᠪᠠᠬᠢ ᠪᠣᠯᠵᠣ᠂ ᠨᠠᠩ ᠪᠠᠲᠤ ᠪᠠᠬᠢ ᠪᠣᠯᠬᠤ ᠪᠣᠯᠤᠨ᠎ᠠ᠃ 2024 ᠣᠨ ᠳᠤ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠠᠯᠲᠠ ᠪᠠᠨ ᠭᠤᠶᠢᠪᠢᠰᠢ ᠥᠬᠡᠶ ᠲᠣᠭᠲᠠᠭᠠᠨ᠂ ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠳᠠᠭ ᠯᠠ ᠶᠤᠮ ᠪᠣᠯ᠂ ᠪᠥᠬᠦ ᠣᠷᠣᠨ ᠤ ᠠᠵᠤ ᠠᠬᠤᠶ ᠶᠢᠨ ᠥᠭᠡᠳᠡᠯᠡᠨ ᠳᠠᠪᠰᠢᠬᠤ ᠬᠠᠨᠳᠤᠰᠢ ᠯᠠᠪᠲᠠᠶ ᠲᠠᠰᠤᠷᠠᠯᠲᠠ ᠥᠬᠡᠶ ᠪᠠᠬᠢᠵᠢᠨ ᠴᠢᠩᠭᠠᠷᠠᠵᠤ᠂ ᠯᠠᠪᠲᠠᠶ᠎ᠠ ᠥᠪᠥᠷ ᠮᠣᠩᠭᠤᠯ ᠤᠨ ︽ᠲᠣᠭᠲᠠᠭᠤᠨ ᠪᠠᠶᠢᠯᠭᠠᠬᠤ︾ ︽ᠤᠷᠤᠭᠰᠢᠯᠠᠬᠤ︾ ᠪᠠᠷ ᠪᠥᠬᠦ ᠤᠯᠤᠰ ᠤᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠵᠦ ᠴᠢᠳᠠᠨ᠎ᠠ᠃    ︽ᠥᠪᠥᠷ ᠮᠣᠩᠭᠤᠯ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ     ᠥᠭᠦᠯᠡᠭᠴᠢ ᠲᠠ ᠰᠠᠶᠢᠨ ᠦᠦ︕ 2023 ᠣᠨ ᠳᠤ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠂ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠳᠤ ᠭᠤᠤᠯᠳᠠᠭᠤ ᠶᠠᠮᠠᠷ ᠶᠠᠮᠠᠷ ᠣᠨᠴᠠᠯᠢᠭ ᠢᠯᠡᠷᠡᠭᠰᠡᠨ ᠪᠣᠶ︖ ᠶᠠᠮᠠᠷ ᠶᠠᠮᠠᠷ ᠬᠦᠴᠦᠨ ᠵᠦᠢᠯ ᠨᠢ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠠᠬᠢᠭᠤᠯᠬᠤ ᠦᠢᠯᠡᠳᠦᠯ ᠦᠵᠡᠭᠦᠯᠦᠭᠰᠡᠨ ᠪᠤᠢ︖ ᠪᠠᠶᠠᠷᠯᠠᠯ᠎ᠠ᠃ 
5.jpg
    ᠸᠠᠩ ᠳ᠋ᠧ ᠪᠢᠨ᠄    ᠲᠠᠨ ᠤ ᠠᠰᠠᠭᠤᠯᠲᠠ ᠳᠤ ᠪᠠᠶᠠᠷᠯᠠᠯ᠎ᠠ᠃ ᠥᠪᠥᠷ ᠮᠣᠩᠭᠤᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠤᠯᠤᠰ ᠤᠨ ᠠᠮᠤ ᠪᠤᠳᠠᠭᠠᠨ ᠤ ᠲᠣᠭᠲᠠᠭᠤᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠳᠤᠮᠳᠠ ᠴᠢᠬᠤᠯᠠ ᠪᠠᠶᠢᠷᠢ ᠰᠠᠭᠤᠷᠢ ᠲᠠᠢ ᠶᠤᠮ᠂ ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ 2023 ᠣᠨ ᠳᠤ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠳᠡᠭᠲᠡᠷ ᠲᠤ ᠭᠠᠷᠴᠤ᠂ ᠡᠯᠪᠡᠭ ᠬᠤᠷᠢᠶᠠᠯᠲᠠ ᠣᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠵᠡᠶ᠃ ᠶᠡᠷᠦᠩᠬᠡᠶ ᠳᠤᠨᠢ ᠠᠪᠴᠤ ᠦᠵᠡᠪᠡᠯ᠂ ᠪᠦᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠳᠣᠣᠷᠠᠬᠢ ᠮᠡᠲᠦ ᠬᠡᠳᠦᠨ ᠣᠨᠴᠠᠯᠢᠭ ᠲᠠᠢ᠄    ᠨᠢᠭᠡ ᠳᠤ᠂ ᠠᠮᠤ ᠪᠤᠳᠠᠭ᠎ᠠ ᠳᠠᠷᠢᠬᠤ ᠲᠠᠯᠠᠪᠠᠶ ︽ᠵᠢᠷᠭᠤᠭᠠᠨ ᠵᠢᠯ ᠳᠠᠷᠠᠭᠠᠯᠠᠨ ᠨᠡᠮᠡᠭᠳᠡᠪᠡ︾᠃ 2023 ᠣᠨ ᠳᠤ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 10477.1 ᠲᠦᠮᠡᠨ ᠮᠥ ᠳᠤ ᠬᠦᠷᠴᠦ᠂ ᠨᠢᠭᠡᠨᠲᠡ ᠨᠠᠢᠮᠠᠨ ᠵᠢᠯ ᠳᠠᠷᠠᠭᠠᠯᠠᠨ 1 ᠳ᠋ᠦᠩᠰᠢᠭᠤᠷ ᠮᠥ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠪᠥᠬᠦ ᠤᠯᠤᠰ ᠲᠤ ᠲᠠᠪᠤᠳᠤᠭᠠᠷ ᠲᠤ ᠣᠷᠣᠵᠤ᠂ ᠪᠥᠬᠦ ᠤᠯᠤᠰ ᠤᠨ ᠠᠮᠤ ᠪᠤᠳᠠᠭ᠎ᠠ ᠳᠠᠷᠢᠬᠤ ᠲᠠᠯᠠᠪᠠᠶ ᠶᠢᠨ 5.9% ᠶᠢ ᠡᠵᠡᠯᠡᠪᠡ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ 2023 ᠣᠨ ᠳᠤ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ ᠳᠡᠭᠡᠷ᠎ᠡ ᠵᠢᠯ ᠤᠨ ᠬᠢ ᠠᠴᠠ 49.3 ᠲᠦᠮᠡᠨ ᠮᠥ ᠨᠡᠮᠡᠭᠳᠡᠵᠦ᠂ ᠵᠢᠷᠭᠤᠭᠠᠨ ᠵᠢᠯ ᠳᠠᠷᠠᠭᠠᠯᠠᠨ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠳᠥᠷᠪᠡᠳᠦᠭᠡᠷ ᠲᠤ ᠣᠷᠣᠪᠠ᠃    ᠬᠤᠶᠠᠷ ᠲᠤ᠂ ᠭᠤᠤᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠤᠯᠠᠮ ᠳᠡᠭᠡᠭᠰᠢᠯᠡᠪᠡ᠃ 2023 ᠣᠨ ᠤ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠨᠢ ᠮᠥ ᠪᠦᠷᠢ ᠳᠡᠭᠡᠨ 378 ᠺᠢᠯᠣᠭ᠍ᠷᠠᠮ ᠪᠠᠶᠢᠵᠤ᠂ ᠳᠡᠭᠡᠷ᠎ᠡ ᠵᠢᠯ ᠤᠨ ᠬᠢ ᠠᠴᠠ ᠪᠠᠨ 4 ᠺᠢᠯᠣᠭ᠍ᠷᠠᠮ ᠰᠢᠬᠠᠮ ᠨᠡᠮᠡᠭᠳᠡᠵᠦ᠂ 1.0% ᠪᠠᠷ ᠨᠡᠮᠡᠭᠳᠡᠪᠡ᠃ ᠡᠷᠳᠡᠨᠢ ᠰᠢᠰᠢ᠂ ᠪᠣᠭᠤᠳᠠᠶ᠂ ᠲᠥᠮᠥᠰᠥ᠂ ᠤᠰᠤᠨ ᠲᠤᠲᠤᠷᠭ᠎ᠠ ᠳᠥᠷᠪᠡᠨ ᠵᠦᠢᠯ ᠤᠨ ᠭᠤᠤᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠤᠰᠤ ᠳᠤᠮᠳᠠᠴᠢ ᠪᠠᠷ ᠲᠦᠷᠦᠭᠦᠦ ᠵᠢᠯ ᠤᠨ ᠬᠢ ᠠᠴᠠ ᠡᠳᠦᠶ ᠲᠡᠳᠦᠶ ᠨᠡᠮᠡᠭᠳᠡᠵᠦ᠂ ᠡᠷᠳᠡᠨᠢ ᠰᠢᠰᠢ᠂ ᠲᠥᠮᠥᠰᠥ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠲᠦᠪᠰᠢᠨ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠡᠭᠦᠨ ᠳᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠮᠥ ᠪᠦᠷᠢ 495 ᠺᠢᠯᠣᠭ᠍ᠷᠠᠮ ᠪᠠᠶᠢᠵᠤ᠂ 0.6% ᠪᠠᠷ ᠨᠡᠮᠡᠭᠳᠡᠪᠡ︔ ᠲᠥᠮᠥᠰᠥ ᠶᠢᠨ ᠲᠠᠯᠠᠪᠠᠶ ᠨᠢᠭᠡᠴᠢ ᠶᠢᠨ ᠤᠨᠠᠯᠲᠠ ᠨᠢ ᠮᠥ ᠪᠦᠷᠢ 351 ᠺᠢᠯᠣᠭ᠍ᠷᠠᠮ ᠪᠠᠶᠢᠵᠤ᠂ 7.1% ᠪᠠᠷ ᠨᠡᠮᠡᠭᠳᠡᠪᠡ᠃    ᠭᠤᠷᠪᠠ ᠳᠤ᠂ ᠠᠮᠤ ᠪᠤᠳᠠᠭᠠᠨ ᠤ ᠭᠠᠷᠤᠯᠲᠠ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃ ᠳᠠᠷᠢᠬᠤ ᠲᠠᠯᠠᠪᠠᠶ ᠪᠣᠯᠤᠨ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠬᠤᠤᠰ ᠢᠶᠠᠷ ᠳᠡᠭᠡᠭᠰᠢᠯᠡᠭᠰᠡᠨ ᠪᠠᠶᠢᠳᠠᠯ ᠳᠤᠤᠷ᠎ᠠ᠂ 2023 ᠣᠨ ᠳᠤ ᠪᠥᠬᠦ ᠣᠷᠣᠨ ᠬᠤᠷᠢᠳᠤᠭᠠᠷ ᠤᠳᠠᠭ᠎ᠠ ᠶᠢᠨ ᠡᠯᠪᠡᠭ ᠬᠤᠷᠢᠶᠠᠯᠲᠠ ᠶᠢᠨ ᠵᠢᠯ ᠢ ᠤᠭᠲᠤᠨ ᠠᠪᠴᠢᠷᠠᠵᠤ᠂ ᠠᠮᠤ ᠪᠤᠳᠠᠭᠠᠨ ᠤ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ 791.6 ᠳ᠋ᠦᠩᠰᠢᠭᠤᠷ ᠵᠢᠩ ᠳᠤᠬᠦᠷᠴᠦ᠂ ᠵᠢᠷᠭᠤᠭᠠᠨ ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠭᠤᠷᠪᠠᠨ ᠵᠢᠯ ᠳᠠᠷᠠᠭᠠᠯᠠᠨ ᠪᠥᠬᠦ ᠤᠯᠤᠰ ᠲᠤ ᠵᠢᠷᠭᠤᠳᠤᠭᠠᠷ ᠲᠤ ᠵᠢᠭᠰᠠᠭᠠᠭᠳᠠᠵᠤ᠂ ᠪᠥᠬᠦ ᠤᠯᠤᠰ ᠤᠨ ᠠᠮᠤ ᠪᠤᠳᠠᠭᠠᠨ ᠤ ᠶᠡᠷᠦᠩᠬᠡᠶ ᠤᠨᠠᠯᠲᠠ ᠶᠢᠨ 5.7% ᠶᠢ ᠡᠵᠡᠯᠡᠪᠡ᠃ ᠭᠠᠷᠤᠯᠲᠠ ᠨᠡᠮᠡᠭᠳᠡᠭᠰᠡᠨ ᠶᠡᠷᠦᠩᠬᠡᠶ ᠬᠡᠮᠵᠢᠶ᠎ᠡ ᠠᠴᠠ ᠦᠵᠡᠪᠡᠯ᠂ 2023 ᠣᠨ ᠳᠤ ᠪᠥᠬᠦ ᠣᠷᠣᠨ ᠤ ᠠᠮᠤ ᠪᠤᠳᠠᠭᠠᠨ ᠤ ᠤᠨᠠᠯᠲᠠ 11.4 ᠳ᠋ᠦᠩᠰᠢᠭᠤᠷ ᠵᠢᠩ ᠨᠡᠮᠡᠭᠳᠡᠵᠦ᠂ ᠪᠥᠬᠦ ᠤᠯᠤᠰ ᠤᠨ ᠨᠡᠮᠡᠭᠳᠡᠯ ᠤᠨ ᠬᠡᠮᠵᠢᠶᠡᠨ ᠤ 6.4% ᠶᠢ ᠡᠵᠡᠯᠡᠪᠡ᠃    2023 ᠣᠨ ᠤ ᠥᠪᠥᠷ ᠮᠣᠩᠭᠤᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠠᠬᠢᠭᠤᠯᠬᠤ ᠠᠰᠢᠭᠲᠠᠶ ᠡᠯᠧᠮᠧᠨ᠋ᠲ ᠲᠤ ᠳᠤᠤᠷᠠᠬᠢ ᠬᠡᠳᠦᠨ ᠲᠠᠯ᠎ᠠ ᠪᠣᠶ᠄    ᠨᠢᠭᠡ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠲᠣᠬᠢᠷᠠᠮᠵᠢᠲᠠᠢ᠃ 2023 ᠣᠨ ᠳᠤ᠂ ᠥᠪᠥᠷ ᠮᠣᠩᠭᠤᠯ ᠤᠨ ᠶᠡᠬᠡᠩᠬᠢ ᠲᠠᠷᠢᠶᠠᠯᠠᠬᠤ ᠣᠷᠣᠨ ᠤ ᠠᠮᠤ ᠪᠤᠳᠠᠭᠠᠨ ᠤ ᠲᠠᠷᠢᠮᠠᠯ ᠤᠨ ᠪᠥᠬᠦ ᠤᠷᠭᠤᠯᠲᠠ ᠶᠢᠨ ᠬᠤᠭᠤᠴᠠᠭᠠᠨ  ᠳᠤ᠂ ᠠᠭᠤᠷ ᠠᠮᠢᠰᠬᠤᠯ ᠤᠨ ᠨᠥᠬᠦᠴᠡᠯ ᠲᠣᠬᠢᠷᠠᠮᠵᠢᠲᠠᠶ᠂ ᠢᠯᠠᠩᠭᠤᠶ᠎ᠠ ᠳᠤᠮᠳᠠ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠠᠮᠤ ᠪᠤᠳᠠᠭᠠᠨ ᠤ ᠭᠠᠷᠤᠯᠲᠠ ᠶᠢᠨ ᠣᠷᠣᠨ ᠳᠤ᠂ ᠬᠠᠪᠤᠷ ᠤᠨ ᠲᠠᠷᠢᠶᠠᠯᠠᠭ᠎ᠠ ᠶᠢᠨ ᠳᠠᠷᠠᠭ᠎ᠠ ᠬᠤᠷ᠎ᠠ ᠲᠤᠨᠳᠠᠰᠤ ᠢᠯᠡᠭᠦᠦ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠠᠮᠤ ᠪᠤᠳᠠᠭᠠᠨ ᠤ ᠲᠠᠷᠢᠮᠠᠯ ᠤᠨ ᠤᠷᠭᠤᠯᠲᠠ ᠪᠠ ᠤᠨᠠᠯᠲᠠ ᠶᠢᠨ ᠪᠦᠷᠢᠯᠳᠦᠯ ᠳᠤ ᠠᠰᠢᠭᠲᠠᠶ ᠪᠠᠶᠢᠳᠠᠭ᠃    ᠬᠤᠶᠠᠷ ᠲᠤ᠂ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠥᠪᠥᠷ ᠮᠣᠩᠭᠤᠯ ᠤᠨ ᠡᠯ᠎ᠡ ᠱᠠᠲᠤᠨ ᠤ ᠵᠠᠰᠠᠭ ᠤᠨ ᠣᠷᠳᠣᠨ ᠠᠮᠤ ᠪᠤᠳᠠᠭᠠᠨ ᠤ ᠦᠢᠯᠡᠳᠪᠦᠷᠢᠯᠡᠯ ᠤᠨ ᠡᠯ᠎ᠡ  ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠠᠲᠠᠷᠰᠢᠭᠤᠯᠬᠤ ᠶᠢ ᠪᠦᠲᠦᠮᠵᠢᠲᠡᠶ ᠬᠤᠷᠢᠭᠯᠠᠵᠤ᠂ ︽ᠰᠠᠶᠢᠨ ᠲᠠᠷᠢᠶᠠᠨ ᠭᠠᠵᠠᠷ ᠢ ᠠᠮᠤ ᠪᠤᠳᠠᠭ᠎ᠠ ᠲᠠᠷᠢᠬᠤ ᠳᠤ ᠬᠡᠷᠡᠭᠯᠡᠬᠦ︾ ᠶᠢ ᠪᠠᠷᠢᠮᠲᠠᠯᠠᠨ᠂ ᠡᠭᠦᠷᠭᠡ ᠶᠢ ᠵᠠᠳᠠᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠮᠤ ᠪᠤᠳᠠᠭᠠᠨ ᠤ ᠤᠨᠠᠯᠲᠠ ᠶᠡᠬᠡᠲᠡᠶ ᠰᠢᠶᠠᠨ ᠳᠤ ᠨᠥᠬᠦᠪᠥᠷᠢ ᠥᠭᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠷᠣᠨ ᠨᠤᠲᠤᠭ ᠤᠨ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ ᠢᠳᠡᠪᠬᠢᠵᠢᠯ ᠢ ᠭᠦᠢᠴᠡᠳ ᠳᠠᠶᠢᠴᠢᠯᠠᠪᠠ᠃ ᠡᠭᠦᠨ ᠤ ᠬᠠᠮᠲᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠳᠣᠬᠢᠶ᠎ᠠ ᠶᠢ ᠭᠦᠢᠴᠡᠳ ᠪᠠᠳᠠᠷᠠᠭᠤᠯᠤᠨ᠂ ᠲᠠᠷᠢᠶᠠᠴᠢᠳ ᠲᠤ ᠠᠰᠢᠭ ᠬᠦᠷᠲᠡᠭᠡᠬᠦ ᠣᠯᠠᠨ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠤᠤᠷ᠎ᠠ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠪᠦᠲᠦᠮᠵᠢᠲᠡᠶ ᠳᠠᠶᠢᠴᠢᠯᠠᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃    ᠭᠤᠷᠪᠠ ᠳᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠲᠠᠰᠤᠷᠠᠯᠲᠠ ᠦᠭᠡᠢ ᠳᠠᠪᠰᠢᠪᠠ᠃ 2023 ᠣᠨ ᠳᠤ᠂ ᠥᠪᠥᠷ ᠮᠣᠩᠭᠤᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠲᠠᠷᠢᠶᠠᠨ ᠦᠷ᠎ᠡ ᠶᠢ ᠦᠵᠡᠵᠦ ᠰᠣᠩᠭᠤᠬᠤ︾ ᠲᠠᠪᠴᠠᠩ ᠢ ᠪᠠᠶᠢᠭᠤᠯᠤᠨ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ︽ᠨᠢᠭᠡ ᠰᠦᠷᠴᠢᠯᠲᠡ ᠪᠠᠷ ᠢᠯᠡᠭᠦᠦ ᠠᠬᠢᠭᠤᠯᠬᠤ︾ ᠠᠵᠢᠯᠯᠠᠭ᠎ᠠ ᠶᠢ ᠬᠡᠷᠡᠭᠵᠢᠭᠦᠯᠦᠨ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠳᠠᠶᠢᠴᠢᠯᠠᠪᠠ᠃ ᠡᠯ᠎ᠡ ᠵᠦᠢᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠷᠠᠯᠲᠠ ᠤᠢᠭᠡᠢ ᠳᠠᠪᠰᠢᠯᠲᠠ ᠪᠣᠯᠤᠨ ᠳᠡᠯᠭᠡᠷᠡᠭᠦᠯᠦᠨ ᠬᠡᠷᠡᠭᠯᠡᠬᠦ ᠨᠢ ᠪᠦᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠦᠭᠰᠡᠨᠪᠠᠶᠢᠨ᠎ᠠ᠃    ᠳᠡᠭᠡᠷᠡᠬᠢ ᠡᠯ᠎ᠡ ᠲᠠᠯ᠎ᠠ ᠶᠢᠨ ᠬᠦᠴᠦᠨ ᠵᠦᠢᠯ ᠨᠢ ᠪᠥᠬᠦ ᠣᠷᠣᠨ ᠤ 2023 ᠣᠨ ᠤ ᠠᠮᠤ ᠪᠤᠳᠠᠭᠠᠨ ᠤ ᠤᠨᠠᠯᠲᠠ ᠶᠢᠨ ᠰᠢᠨ᠎ᠡ ᠲᠡᠮᠳᠡᠭᠯᠡᠯ ᠢ ᠡᠭᠦᠳᠬᠦ ᠶᠢ ᠬᠦᠴᠦᠲᠡᠶ ᠪᠠᠲᠤᠯᠠᠪᠠ᠃    ︽ᠳᠤᠮᠳᠠᠳᠤ ᠤᠯᠤᠰ ᠤᠨ ᠠᠵᠤ ᠠᠬᠤᠶ ᠶᠢᠨ ᠤᠳᠤᠷᠢᠳᠤᠮᠵᠢ︾ ᠰᠣᠨᠢᠨ ᠤ ᠰᠤᠷᠪᠤᠯᠵᠢᠯᠠᠭᠴᠢ    ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢ ᠶᠡᠭᠡ ᠪᠠᠷ ᠬᠥᠭᠵᠢᠭᠦᠯᠵᠦ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠤᠯ ᠤᠨ ᠬᠥᠭᠵᠢᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ 2023 ᠣᠨ ᠤ ᠮᠠᠨ ᠤ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠢᠯᠠᠰ ᠴᠡᠭ ᠶᠠᠭᠤ ᠶᠠᠭᠤ ᠪᠠᠶᠢᠬᠤ ᠪᠣᠶ︖ ᠪᠠᠶᠠᠷᠯᠠᠯ᠎ᠠ᠃ 
6.jpg
    ᠼᠤᠤ ᠰᠧ ᠶᠠᠩ᠄    ᠲᠠᠨ ᠤ ᠠᠰᠠᠭᠤᠯᠲᠠ ᠳᠤ ᠪᠠᠶᠠᠷᠯᠠᠯ᠎ᠠ᠃ ᠥᠪᠥᠷ ᠮᠣᠩᠭᠤᠯ ᠪᠣᠯ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨᠮᠥᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠬᠤ ᠪᠠᠷ ᠳᠤᠷᠠᠳᠴᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠶ ᠭᠡᠵᠡᠢ᠃ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ︽ᠬᠤᠶᠠᠷ ᠢ ᠬᠤᠪᠢᠷᠠᠭᠤᠯᠬᠤ︾᠂ ︽ᠬᠤᠶᠠᠷ ᠢ ᠤᠷᠢᠳ ᠢᠶᠠᠷ ᠬᠢᠬᠦ︾᠂ ︽ᠬᠤᠶᠠᠷ ᠢ ᠳᠠᠪᠠᠭᠤᠯᠬᠤ︾ ᠬᠠᠷᠠᠯᠲᠠ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭ᠎ᠠ ᠶᠢ ᠵᠠᠪᠳᠤᠨ ᠠᠳᠬᠤᠵᠤ᠂ ᠡᠨᠧᠷᠭᠢ ᠶᠢᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠪᠡ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ 2023 ᠣᠨ ᠤ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠭᠤᠤᠯᠳᠠᠯᠭ᠎ᠠ ᠲᠠᠢ ᠬᠦᠷᠢᠶᠡᠨ ᠤ ᠭᠦᠢᠴᠡᠳᠭᠡᠯ ᠲᠤᠭ᠎ᠠ ᠶᠢᠨ ᠢᠯᠡᠷᠡᠯ ᠨᠢ ᠢᠯᠡ ᠲᠣᠳᠣ ᠪᠠᠶᠢᠵᠤ᠂ ᠭᠤᠤᠯᠳᠠᠭᠤ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄    ᠨᠢᠭᠡᠳᠦᠭᠡᠷ ᠲᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠲᠠᠪᠠᠯᠳᠠᠳᠤ ᠮᠠᠶ᠋ᠢᠭ ᠤᠨ ᠨᠡᠮᠡᠭᠳᠡᠯ ᠢ ᠪᠡᠶᠡᠯᠡᠭᠦᠯᠪᠡ᠃ 2023 ᠣᠨ ᠳᠤ᠂ ᠪᠦᠬᠦ ᠣᠷᠣᠨ ᠢᠶᠠᠷ ᠢᠶᠠᠨ ᠬᠠᠷᠠᠯᠲᠠ ᠪᠠᠨ ᠲᠣᠭᠲᠠᠭᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠱᠠᠯᠠᠪᠳᠠᠨ ᠲᠦᠷᠭᠡᠨ ᠠᠬᠢᠭᠤᠯᠪᠠ᠂ ᠰᠠᠶ᠋ᠢᠬᠠᠨ ᠳᠤᠷᠠᠳᠤᠭᠰᠠᠨ ᠢᠶᠠᠷ᠂ 12 ᠰᠠᠷ᠎ᠠ ᠶᠢᠨ ᠰᠡᠭᠦᠯᠴᠢᠪᠣᠯᠲᠠᠯ᠎ᠠ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠰᠦᠨ ᠮᠢᠩᠭᠠᠨ ᠲᠦᠮᠡᠨ ᠺᠢᠯᠤᠸᠠᠲ ᠢ ᠳᠠᠪᠠᠵᠤ᠂ ᠳᠡᠭᠡᠷ᠎ᠡ ᠵᠢᠯ ᠤᠨ ᠡᠴᠦᠰ ᠤᠨ ᠬᠢ ᠠᠴᠠ 50.8% ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 37.3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠳᠡᠭᠡᠷ᠎ᠡ ᠵᠢᠯ ᠤᠨ ᠨᠡᠮᠡᠭᠳᠡᠯ ᠤᠨ ᠬᠤᠷᠳᠤᠴᠠ ᠠᠴᠠ ᠶᠡᠭᠡ ᠬᠡᠮᠵᠢᠶ᠎ᠡ ᠪᠠᠷ ᠳᠠᠪᠠᠵᠠᠢ᠃ ᠡᠭᠦᠨ ᠳᠤ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 6961.1 ᠲᠦᠮᠡᠨ ᠺᠢᠯᠤᠸᠠᠲ ᠲᠤ ᠬᠦᠷᠴᠦ᠂ 52.4% ᠪᠠᠷ ᠨᠡᠮᠡᠭᠳᠡᠪᠡ︔ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 2306.4 ᠲᠦᠮᠡᠨ ᠺᠢᠯᠤᠸᠠᠲ ᠲᠤ ᠬᠦᠷᠴᠦ᠂ 47.1% ᠪᠠᠷ ᠨᠡᠮᠡᠭᠳᠡᠪᠡ᠃ ᠪᠦᠲᠦᠴᠡ ᠠᠴᠠ ᠦᠵᠡᠪᠡᠯ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠳᠤ ᠡᠵᠡᠯᠡᠬᠦ ᠬᠤᠪᠢ ᠶᠢᠨ ᠵᠢᠩ 43.2% ᠲᠤ ᠬᠦᠷᠴᠦ᠂ ᠳᠡᠭᠡᠷ᠎ᠡ ᠵᠢᠯ ᠤᠨ ᠬᠢ ᠠᠴᠠ 7.1 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ︽ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ︾ ᠤᠨ ᠬᠠᠷᠠᠯᠲᠠ ᠲᠡᠰᠢ ᠲᠣᠭᠲᠠᠭᠤᠨ ᠢᠶᠠᠷ ᠤᠷᠤᠭᠰᠢᠯᠠᠪᠠ᠃    ᠬᠤᠶᠠᠳᠤᠭᠠᠷ ᠲᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠲᠦᠷᠭᠡᠯᠡᠨ ᠠᠬᠢᠭᠤᠯᠪᠠ᠃ ᠦᠢᠯᠡᠳᠪᠦᠷᠢᠯᠡᠯ ᠤᠨ ᠪᠠᠶᠢᠳᠠᠯ ᠠᠴᠠ ᠦᠵᠡᠪᠡᠯ᠂ ᠰᠢᠨ᠎ᠡ ᠡᠨᠧᠷᠭᠢ ᠶᠢᠨ ᠰᠤᠷᠪᠤᠯᠵᠢ ᠵᠢᠴᠢ ᠬᠤᠯᠪᠣᠭᠳᠠᠯ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 16.1% ᠪᠠᠷ ᠨᠡᠮᠡᠭᠳᠡᠵᠦ᠂ ᠲᠦᠷᠦᠭᠦᠦ ᠵᠢᠯ ᠤᠨ ᠥᠨᠳᠥᠷ ᠨᠡᠮᠡᠭᠳᠡᠯ ᠤᠨ ᠬᠤᠷᠳᠤᠴᠠ ᠶᠢᠨ ᠰᠠᠭᠤᠷᠢᠨ ᠳᠡᠭᠡᠷ᠎ᠡ ᠮᠥᠨ ᠯᠡ ᠨᠡᠯᠢᠶᠡᠳ ᠲᠦᠷᠭᠡᠨ ᠨᠡᠮᠡᠭᠳᠡᠯ ᠤᠨ ᠬᠠᠨᠳᠤᠰᠢ ᠪᠠᠨ ᠪᠠᠲᠤᠯᠠᠵᠤ ᠪᠠᠶᠢᠨ᠎ᠠ᠃ ᠡᠭᠦᠨ ᠳᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ 11.4% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ ᠤᠨ ᠬᠢ ᠠᠴᠠ 1.8 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠪᠥᠬᠦ ᠠᠵᠤ ᠦᠢᠯᠡᠰ ᠤᠨ ᠬᠡᠯᠬᠢᠶ᠎ᠡ᠂ ᠪᠦᠯᠦᠭᠯᠡᠬᠦ ᠮᠠᠶ᠋ᠢᠭ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃ ᠦᠢᠯᠡᠳᠬᠦᠨ ᠤ ᠬᠠᠩᠭᠠᠯᠭ᠎ᠠ ᠠᠴᠠ ᠦᠵᠡᠪᠡᠯ᠂ ᠰᠢᠨ᠎ᠡ ᠡᠨᠧᠷᠭᠢ ᠶᠢᠨ ᠬᠤᠯᠪᠣᠭᠳᠠᠯ ᠪᠥᠬᠦᠶ ᠦᠢᠯᠡᠳᠬᠦᠨ ᠤ ᠭᠠᠷᠤᠯᠲᠠ ᠲᠦᠷᠭᠡᠨ ᠨᠡᠮᠡᠭᠳᠡᠵᠦ᠂ ᠨᠡᠷᠡᠨ ᠤ ᠡᠨᠧᠷᠭᠢ ᠶᠢᠨᠳ᠋ᠢᠶᠠᠨ ᡂᠢ᠂ ᠯᠢᠲ᠋ᠢ ᠢᠶᠣᠨ ᠳ᠋ᠢᠶᠠᠨ ᡂᠢ ᠶᠢᠨ ᠭᠠᠷᠤᠯᠲᠠ ᠲᠦᠷᠦᠭᠦᠦ ᠵᠢᠯ ᠤᠨ ᠬᠢ ᠠᠴᠠ ᠪᠠᠨ ᠳᠠᠬᠢᠨ ᠢᠶᠠᠷ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠭᠠᠷᠤᠯᠲᠠ 67.6% ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠪᠠᠶᠢᠳᠠᠯ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 21.1% ᠪᠠᠷ ᠨᠡᠮᠡᠭᠳᠡᠵᠦ᠂ ᠲᠦᠷᠦᠭᠦᠦ ᠵᠢᠯ ᠤᠨ ᠬᠢ ᠠᠴᠠ 12.3 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠨᠡᠯᠢᠶᠡᠳ ᠲᠦᠷᠭᠡᠨ ᠨᠡᠮᠡᠭᠳᠡᠬᠦ ᠬᠠᠨᠳᠤᠰᠢ ᠪᠠᠨ ᠪᠠᠲᠤᠯᠠᠵᠤ᠂ ᠪᠥᠬᠦ ᠴᠠᠬᠢᠯᠭᠠᠨ ᠭᠠᠷᠭᠠᠭᠰᠠᠨ ᠬᠡᠮᠵᠢᠶ᠎ᠡ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 20.1% ᠳᠤ ᠬᠦᠷᠴᠡᠶ᠃    ᠭᠤᠷᠪᠠᠳᠤᠭᠠᠷ ᠲᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠡᠯᠭᠦᠬᠦ ᠬᠦᠴᠦᠨ ᠲᠡᠭᠦᠯᠳᠡᠷ ᠪᠠᠶᠢᠨ᠎ᠠ᠃ 2023 ᠣᠨ ᠳᠤ᠂ ᠪᠥᠬᠦ ᠣᠷᠣᠨ ᠤᠯᠤᠰ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠬᠡᠷᠡᠯ ᠴᠡᠨᠡᠭ ᠤᠨ ᠰᠠᠭᠤᠷᠢᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠤᠨ ᠳᠥᠷᠪᠡᠨ ᠶᠡᠭᠡ ᠡᠯᠡᠰᠦᠨ ᠴᠥᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 70.1% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 80.9% ᠪᠣᠯᠵᠠᠶ᠃ ᠢᠯᠠᠩᠭᠤᠶ᠎ᠠ ᠮᠠᠨ ᠤ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠨᠢ ᠴᠠᠬᠢᠯᠭᠠᠨ ᠭᠠᠷᠭᠠᠬᠤ ᠪᠠᠷ ᠭᠤᠤᠯ ᠴᠣᠭᠴᠠ ᠪᠣᠯᠭᠠᠭᠰᠠᠨ ᠪᠠᠯᠠ ᠣᠷᠣᠭᠤᠯᠤᠯᠲᠠ ᠶᠢᠨ ᠪᠦᠲᠦᠴᠡ ᠠᠴᠠ ᠶᠠᠭ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠳᠠᠰᠢ ᠤᠷᠲᠤᠳᠬᠠᠨ ᠥᠷᠭᠡᠳᠬᠡᠵᠦ᠂ ᠰᠢᠨ᠎ᠡ ᠡᠨᠧᠷᠭᠢ ᠶᠢᠨ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 1.5 ᠳᠠᠬᠢᠨ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 1.2 ᠳᠠᠬᠢᠨ ᠨᠡᠮᠡᠭᠳᠡᠪᠡ᠃    ᠶᠡᠷᠦᠩᠬᠡᠶ ᠳᠤᠨᠢ ᠠᠪᠴᠤ ᠦᠵᠡᠪᠡᠯ᠂ ᠥᠩᠭᠡᠷᠡᠭᠰᠡᠨ ᠨᠢᠭᠡ ᠵᠢᠯ ᠳᠤ ᠪᠥᠬᠦ ᠣᠷᠣᠨ ᠳᠠᠶᠠᠭᠠᠷ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠰᠠᠶᠢᠲᠤᠷ ᠬᠢᠬᠦ ᠡᠨᠡ ᠬᠦ ᠠᠵᠢᠯ ᠤᠨ ᠲᠣᠭᠤᠷᠢᠨ ᠳᠤ᠂ ᠱᠠᠯᠠᠪᠳᠠᠨ ᠲᠦᠷᠭᠡᠨ ᠡᠷᠭᠢᠯᠡᠵᠦ᠂ ᠶᠡᠬᠡᠪᠡᠷ ᠠᠵᠢᠯᠯᠠᠨ ᠲᠦᠷᠭᠡᠨ ᠬᠥᠭᠵᠢᠭᠦᠯᠵᠦ᠂ ᠮᠠᠨ ᠤ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠠᠭᠠᠨᠰᠠᠭᠤᠷᠢᠯᠠᠨ᠂ ᠨᠡᠭᠦᠷᠡᠰᠦ ᠴᠠᠬᠢᠯᠭᠠᠨ ᠲᠣᠰᠣ ᠬᠡᠶ ᠰᠠᠯᠬᠢ ᠬᠡᠷᠡᠯ ᠢ ᠵᠡᠷᠭᠡ ᠪᠠᠷ ᠬᠥᠭᠵᠢᠭᠦᠯᠬᠦ ᠶᠢ ᠪᠠᠷᠢᠮᠲᠠᠯᠠᠵᠤ᠂ ᠣᠯᠠᠨ ᠵᠦᠢᠯ ᠤᠨ ᠡᠨᠧᠷᠭᠢ ᠶᠢᠨ ᠰᠤᠷᠪᠤᠯᠵᠢ ᠶᠢᠨ ᠬᠠᠮᠵᠢᠯᠴᠠᠨ ᠨᠥᠬᠦᠪᠥᠷᠢᠯᠡᠬᠦ᠂ ᠶᠡᠷᠦᠩᠬᠡᠶᠢᠯᠡᠨ ᠠᠰᠢᠭᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠡᠨᠧᠷᠭᠢ ᠬᠠᠩᠭᠠᠬᠤ ᠠᠷᠭ᠎ᠠ ᠮᠠᠶ᠋ᠢᠭ ᠢ ᠲᠦᠷᠭᠡᠪᠴᠢᠯᠡᠨ ᠪᠣᠶ ᠪᠣᠯᠭᠠᠵᠤ᠂ ᠳᠤᠮᠳᠠᠳᠤ ᠤᠯᠤᠰ ᠤᠨ ︽ᠡᠨᠧᠷᠭᠢ ᠶᠢᠨ ᠰᠤᠷᠪᠤᠯᠵᠢ ᠪᠠ ᠪᠤᠳᠠᠭᠠᠨ ᠠᠶᠠᠭ᠎ᠠ︾ ᠶᠢ ᠲᠣᠭᠲᠠᠪᠤᠷᠢᠵᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃    ᠬᠥᠬᠡᠬᠤᠲᠠ ᠶᠢᠨ ᠴᠢᠩ ᠴᠧᠩ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ    2023 ᠣᠨ ᠳᠤ᠂ ᠪᠥᠬᠦ ᠣᠷᠣᠨ ᠳᠠᠶᠠᠭᠠᠷ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ ᠦᠢᠯᠡᠳᠬᠦ ᠦᠢᠯᠡᠰ ᠤᠨ ᠳᠡᠭᠡᠳᠦ ᠦᠵᠦᠭᠦᠷᠵᠢᠯᠲᠡ᠂ ᠤᠶᠤᠨᠵᠢᠯᠳᠡ᠂ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ ᠠᠬᠢᠭᠤᠯᠪᠠ᠃ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠪᠠ᠃ ᠲᠠ ᠡᠶᠢᠮᠦ ᠥᠰᠥᠯᠲᠡ ᠶᠢᠨ ᠪᠠᠢᠳᠠᠯ ᠢ ᠬᠡᠷᠬᠢᠨ ᠦᠨᠡᠯᠡᠬᠦ ᠪᠣᠢ︖ 2023 ᠣᠨ ᠤ ᠦᠢᠯᠡᠳᠬᠦ ᠦᠢᠯᠡᠰ ᠤᠨ ᠬᠥᠭᠵᠢᠯᠲᠡ ᠨᠢ ᠶᠠᠮᠠᠷ ᠶᠠᠮᠠᠷ ᠣᠨᠴᠠᠯᠢᠭ ᠲᠠᠢ ᠪᠣᠶ︖ ᠪᠠᠶᠠᠷᠯᠠᠯ᠎ᠠ᠃ 
7.jpg
    ᠼᠤᠤ ᠰᠧ ᠶᠠᠩ᠄    ᠲᠠᠨ ᠤ ᠠᠰᠠᠭᠤᠯᠲᠠ ᠳᠤ ᠪᠠᠶᠠᠷᠯᠠᠯ᠎ᠠ᠃ ᠣᠯᠠᠨ ᠤ ᠮᠡᠳᠡᠭᠡᠵᠢ ᠪᠠᠷ᠂ ᠦᠢᠯᠡᠳᠬᠦ ᠦᠢᠯᠡᠰ ᠪᠣᠯ ᠠᠵᠤ ᠦᠢᠯᠡᠳᠪᠦᠷᠢ ᠶᠢᠨ ᠭᠤᠤᠯ ᠴᠣᠭᠴᠠ ᠮᠥᠨ᠂ ᠠᠵᠤ ᠦᠢᠯᠡᠳᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ︽ᠭᠤᠤᠯ ᠲᠡᠶᠢᠨ ᠤ ᠲᠠᠯᠠᠪᠤᠷ︾ ᠮᠥᠨ᠃ 2023 ᠣᠨ ᠳᠤ᠂ ᠪᠥᠬᠦ ᠣᠷᠣᠨ ᠳᠠᠶᠠᠭᠠᠷ ︽ᠦᠢᠯᠡᠳᠬᠦ ᠦᠢᠯᠡᠰ ᠤᠨ ᠳᠡᠭᠡᠳᠦ ᠦᠵᠦᠭᠦᠷᠴᠢᠯᠡᠬᠦ᠂ ᠤᠶᠤᠨᠴᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠠᠬᠢᠭᠤᠯᠬᠤ ᠲᠤᠬᠠᠶ ᠰᠠᠨᠠᠯ︾ ᠵᠢᠴᠢ ᠲᠥᠬᠦᠷ ᠲᠥᠰᠦᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠡᠷᠢᠭᠦᠨ ᠤ ᠦᠢᠯᠡᠳᠬᠦ ᠦᠢᠯᠡᠰ ᠤᠨ ᠰᠦᠷᠦᠭᠵᠢᠯ ᠢ ᠥᠨᠳᠥᠷ ᠪᠠᠷᠢᠮᠵᠢᠶ᠎ᠠ ᠪᠠᠷ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠳᠤᠤᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ ᠠᠬᠢᠭᠤᠯᠪᠠ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 11.7% ᠪᠠᠷ ᠨᠡᠮᠡᠭᠳᠡᠵᠦ᠂ 9 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠳᠤ ᠲᠣᠪᠤᠶᠢᠮ᠎ᠠ ᠬᠤᠪᠢ ᠨᠡᠮᠡᠷᠢ ᠦᠵᠡᠭᠦᠯᠪᠡ᠂ ᠪᠣᠳᠠᠲᠠᠶ ᠪᠠᠷ ᠦᠵᠡᠪᠡᠯ ᠳᠤᠤᠷᠠᠬᠢ ᠳᠥᠷᠪᠡᠨ ᠣᠨᠴᠠᠯᠢᠭ ᠲᠠᠢ᠄    ᠨᠢᠭᠡ ᠳᠤ᠂ ᠦᠢᠯᠡᠳᠬᠦ ᠦᠢᠯᠡᠰ ᠤᠨ ᠬᠤᠪᠢ ᠨᠡᠮᠡᠷᠢ ᠶᠢᠨ ᠦᠢᠯᠡᠳᠦᠯ ᠲᠠᠰᠤᠷᠠᠯᠲᠠ ᠦᠭᠡᠢ ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 4.3 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 58.0% ᠳᠤ ᠬᠦᠷᠴᠦ᠂ ᠳᠡᠭᠡᠷ᠎ᠡ ᠵᠢᠯ ᠤᠨ ᠬᠢ ᠠᠴᠠ 8.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠪᠥᠬᠦ ᠣᠷᠣᠨ ᠤ 29 ᠦᠢᠯᠡᠳᠬᠦ ᠦᠢᠯᠡᠰ ᠤᠨ ᠠᠵᠢᠯ ᠲᠥᠷᠥᠯ ᠤᠨ ᠲᠣᠮᠣ ᠲᠥᠷᠥᠯ ᠤᠨ ᠳᠣᠲᠣᠷ᠎ᠠ᠂ 23 ᠠᠵᠢᠯ ᠲᠥᠷᠥᠯ ᠤᠨ ᠨᠡᠮᠡᠭᠳᠡᠯ ᠥᠷᠲᠡᠭ ᠨᠢ ᠲᠦᠷᠦᠭᠦᠦ ᠵᠢᠯ ᠤᠨ ᠬᠢ ᠠᠴᠠ ᠪᠠᠨ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 79.3% ᠪᠣᠯᠪᠠ᠃ ᠡᠭᠦᠨ ᠳᠤ᠂ 16 ᠠᠵᠢᠯ ᠲᠥᠷᠥᠯ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃    ᠬᠤᠶᠠᠷ ᠲᠤ᠂ ᠦᠢᠯᠡᠳᠬᠦ ᠦᠢᠯᠡᠰ ᠤᠨ ᠳᠡᠭᠡᠳᠦ ᠲᠡᠰᠵᠢᠯᠳᠡ ᠶᠢ ᠯᠠᠪᠳᠠᠭᠤᠨ ᠪᠠᠲᠤᠲᠠᠢ ᠠᠬᠢᠭᠤᠯᠪᠠ᠃ ᠪᠦᠬᠦ ᠣᠷᠣᠨ ᠤ ᠠᠵᠤ ᠦᠢᠯᠡᠰ ᠤᠨ ᠳᠡᠰ ᠳᠡᠪᠰᠢᠨ ᠬᠥᠭᠵᠢᠬᠦ ᠶᠢ ᠳᠠᠭᠠᠯᠳᠤᠨ᠂ ᠮᠡᠷᠭᠡᠵᠢᠯ ᠤᠨ ᠠᠭᠤᠯᠤᠭᠳᠠᠴᠠ ᠪᠠ ᠨᠡᠮᠡᠯᠲᠡ ᠥᠷᠲᠡᠭ ᠢᠶᠠᠷ ᠨᠡᠯᠢᠶᠡᠳ ᠥᠨᠳᠥᠷ ᠳᠡᠭᠡᠳᠦ ᠲᠠᠰ ᠤᠨ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ᠃ 2023 ᠣᠨ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 11.4% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 4.0 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠡᠭᠦᠨ ᠳᠤ᠂ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 24.6% ᠪᠠᠷ ᠨᠡᠮᠡᠭᠳᠡᠪᠡ᠃    ᠭᠤᠷᠪᠠ ᠳᠤ᠂ ᠲᠣᠨᠣᠭᠯᠠᠯ ᠦᠢᠯᠡᠳᠬᠦ ᠦᠢᠯᠡᠰ ᠤᠨ ᠲᠤᠯᠭᠠᠭᠤᠷᠢᠯᠠᠬᠤ ᠦᠢᠯᠡᠳᠦᠯ ᠴᠢᠩᠭᠠᠷᠠᠪᠠ᠃ 2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 9.6% ᠪᠠᠷ ᠨᠡᠮᠡᠭᠳᠡᠵᠦ᠂ 2022 ᠣᠨ ᠳᠤ 43.3% ᠪᠠᠷ ᠨᠡᠮᠡᠭᠳᠡᠭᠰᠡᠨ ᠰᠠᠭᠤᠷᠢᠨ ᠳᠡᠭᠡᠷ᠎ᠡ ᠲᠦᠷᠭᠡᠨ ᠨᠡᠮᠡᠭᠳᠡᠭᠰᠡᠨ ᠪᠠᠶᠢᠨ᠎ᠠ᠃ 8 ᠲᠣᠨᠣᠭᠯᠠᠯ ᠤᠨ ᠶᠡᠭᠡ ᠲᠥᠷᠥᠯ ᠤᠨ ᠠᠵᠢᠯ ᠲᠥᠷᠥᠯ ᠤᠨ ᠳᠣᠲᠣᠷ᠎ᠠ᠂ 6 ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠠᠶ᠃ ᠡᠭᠦᠨ ᠳᠤ᠂ ᠴᠠᠬᠢᠯᠭᠠᠨ ᠮᠧᠬᠠᠨᠢᠭ᠂ ᠲᠡᠮᠦᠷᠯᠢᠭ ᠪᠦᠲᠦᠭᠡᠭᠳᠡᠬᠦᠨ ᠵᠡᠷᠭᠡ ᠠᠵᠢᠯ ᠲᠥᠷᠥᠯ ᠤᠨ ᠬᠢᠨ ᠳᠡᠭᠡᠳᠦ ᠬᠡᠮᠵᠢᠶ᠎ᠡ ᠪᠠᠷ ᠠᠵᠢᠯᠯᠠᠵᠤ᠂ ᠨᠡᠮᠡᠭᠳᠡᠯ ᠥᠷᠲᠡᠭ ᠨᠢ ᠲᠦᠷᠦᠭᠦᠦ ᠵᠢᠯ ᠤᠨ ᠬᠢ ᠠᠴᠠ ᠲᠣᠰ ᠲᠣᠰ 89.2% ᠪᠠ 28.3% ᠪᠠᠷ ᠨᠡᠮᠡᠭᠳᠡᠵᠦ᠂ ᠪᠥᠬᠦ ᠣᠷᠣᠨ ᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠳᠠᠶᠢᠴᠢᠯᠠᠨ 11.4% ᠪᠠᠷ ᠨᠡᠮᠡᠭᠳᠡᠪᠡ᠃    ᠳᠥᠷᠪᠡ ᠳᠤ᠂ ᠲᠦᠭᠦᠬᠡᠶ ᠮᠠᠲ᠋ᠧᠷᠢᠶᠠᠯ ᠬᠠᠩᠭᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ ᠮᠠᠲ᠋ᠧᠷᠢᠶᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 11.7% ᠪᠠᠷ ᠨᠡᠮᠡᠭᠳᠡᠵᠦ᠂ ᠳᠤᠤᠷ᠎ᠠ ᠬᠠᠭᠠᠰ ᠵᠢᠯ ᠠᠴᠠ ᠨᠠᠭᠠᠰᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠭᠤᠤᠯ ᠪᠣᠯᠬᠤ ᠦᠢᠯᠡᠳᠬᠦᠨ ᠤ ᠳᠣᠲᠣᠷ᠎ᠠ᠂ ᠬᠥᠩᠭᠡᠨ ᠴᠠᠭᠠᠨ ᠤ ᠮᠠᠲ᠋ᠧᠷᠢᠶᠠᠯ ᠤᠨ ᠭᠠᠷᠤᠯᠲᠠ 34.1% ᠪᠠᠷ ᠨᠡᠮᠡᠭᠳᠡᠵᠦ᠂ ᠪᠣᠯᠣᠳ ᠮᠠᠲ᠋ᠧᠷᠢᠶᠠᠯ ᠤᠨ ᠭᠠᠷᠤᠯᠲᠠ 11.1% ᠪᠠᠷ ᠨᠡᠮᠡᠭᠳᠡᠵᠦ᠂ ᠳᠤᠤᠷᠠᠳᠤ ᠤᠷᠤᠰᠬᠠᠯ ᠤᠨ ᠦᠢᠯᠡᠳᠪᠦᠷᠢᠯᠡᠯ ᠳᠤ ᠪᠠᠲᠤ ᠪᠠᠬᠢ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂ ᠪᠥᠬᠦ ᠣᠷᠣᠨ ᠤ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠡᠯ᠎ᠡ ᠭᠤᠭᠴᠣᠭᠠᠨ ᠤ ᠦᠢᠯᠡᠳᠪᠦᠷᠢᠯᠡᠯ ᠤᠨ ᠴᠢᠳᠠᠪᠤᠷᠢ ᠶᠢᠨ ᠲᠠᠰᠤᠷᠠᠯᠲᠠ ᠥᠬᠡᠶ ᠢᠯᠡᠷᠡᠬᠦ ᠶᠢ ᠳᠠᠭᠠᠯᠳᠤᠨ᠂ ᠲᠠᠩ ᠲᠠᠯᠠᠰᠲᠤ ᠴᠠᠬᠢᠭᠤᠷ ᠤᠨ ᠭᠠᠷᠤᠯᠲᠠ ᠲᠦᠷᠦᠭᠦᠦ ᠵᠢᠯ ᠤᠨ ᠬᠢ ᠠᠴᠠ 42.3% ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 2.1 ᠳᠠᠬᠢᠨ ᠨᠡᠮᠡᠭᠳᠡᠵᠦ᠂ ᠬᠡᠷᠡᠯ ᠴᠡᠨᠡᠭ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠠᠰᠢᠭᠲᠠᠶ ᠨᠥᠬᠦᠴᠡᠯ ᠢ ᠪᠦᠷᠢᠯᠳᠦᠭᠦᠯᠵᠦ ᠥᠭᠴᠡᠶ᠃    ᠪᠦᠬᠦᠯᠢ ᠴᠣᠭᠴᠠ ᠠᠴᠠ ᠠᠪᠴᠤ ᠦᠵᠡᠪᠡᠯ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠦᠷᠭᠦᠯᠵᠢᠯᠡᠨ ᠰᠡᠷᠭᠦᠭᠡᠭᠰᠡᠨ ᠪᠠ ᠲᠦᠷᠭᠡᠳᠬᠡᠭᠰᠡᠨ ᠣᠨᠴᠠᠯᠢᠭ ᠨᠡᠯᠢᠶᠡᠳ ᠢᠯᠡᠷᠬᠡᠶ ᠪᠠᠶᠢᠨ᠎ᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠬᠡᠷᠡᠭᠴᠡᠭᠡ ᠬᠦᠷᠦᠯᠴᠡᠬᠦ ᠥᠬᠡᠶ ᠪᠠᠶᠢᠬᠤ ᠪᠣᠯ ᠮᠥᠨ ᠬᠦ ᠣᠳᠣᠬᠠᠨ ᠤ ᠦᠢᠯᠡᠳᠬᠦ ᠦᠢᠯᠡᠰ ᠤᠨ ᠰᠡᠷᠭᠦᠨ ᠬᠥᠭᠵᠢᠬᠦ ᠳᠤ ᠲᠤᠯᠭᠠᠷᠠᠵᠤ ᠪᠠᠶᠢᠭ᠎ᠠ ᠲᠡᠷᠢᠭᠦᠨ ᠴᠢᠬᠤᠯᠠ ᠬᠦᠴᠢᠷᠳᠡᠯ ᠪᠠᠶᠢᠵᠤ᠂ ᠦᠢᠯᠡᠳᠬᠦ ᠦᠢᠯᠡᠰ ᠤᠨ ᠰᠡᠷᠭᠦᠨ ᠰᠠᠶᠢᠵᠢᠷᠠᠬᠤ ᠰᠠᠭᠤᠷᠢ ᠶᠢ ᠮᠥᠨ ᠬᠦ ᠪᠠᠬᠢᠵᠢᠭᠦᠯᠬᠦ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠭᠡᠪᠡᠴᠦ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠪᠠᠶᠢᠷᠢᠯᠠᠭᠤᠯᠤᠯᠲᠠ ᠪᠦᠬᠦ ᠲᠠᠯ᠎ᠠ ᠪᠠᠷ ᠥᠷᠨᠢᠬᠦ ᠶᠢ ᠳᠠᠭᠠᠯᠳᠤᠨ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠢᠳᠡᠪᠬᠢ ᠦᠢᠯᠡᠳᠦᠯ ᠠᠭᠠᠵᠢᠮ ᠢᠶᠠᠷ ᠢᠯᠡᠷᠡᠵᠦ᠂ ᠦᠢᠯᠡᠳᠬᠦ ᠦᠢᠯᠡᠰ ᠤᠨ ᠳᠣᠲᠣᠭᠠᠳᠤ ᠬᠥᠳᠡᠯᠭᠡᠬᠦ ᠬᠦᠴᠦᠨ ᠯᠠᠪᠲᠠᠢ ᠤᠯᠠᠮ ᠴᠢᠩᠭᠠᠷᠠᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠢᠲᠡᠭᠡᠯ ᠵᠣᠷᠢᠭ ᠨᠡᠩ ᠭᠦᠢᠴᠡᠳ᠂ ᠢᠷᠡᠭᠡᠳᠦᠢ ᠨᠡᠩ ᠰᠠᠶᠢᠨ ᠪᠣᠯᠬᠤ ᠶᠢ ᠪᠢᠳᠡ ᠪᠠᠲᠤ ᠢᠲᠡᠭᠡᠵᠦ ᠪᠠᠶᠢᠨ᠎ᠠ᠃    ᠤᠮᠠᠷᠠᠲᠤ ᠬᠢᠵᠠᠭᠠᠷ ᠰᠣᠨᠢᠨ ᠮᠡᠳᠡᠭᠡᠨ ᠤ ᠰᠤᠷᠪᠤᠯᠵᠢᠯᠠᠭᠴᠢ    ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠥᠨᠳᠥᠷ ᠲᠦᠪᠰᠢᠨ ᠢᠶᠠᠷ ᠨᠡᠮᠡᠭᠳᠡᠬᠦ ᠶᠢ ᠪᠠᠲᠤᠯᠠᠵᠤ᠂ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠬᠥᠳᠡᠯᠭᠡᠬᠦ ᠡᠨᠧᠷᠭᠢ ᠬᠠᠩᠭᠠᠪᠠ᠃ ᠢᠯᠠᠩᠭᠤᠶ᠎ᠠ 2023 ᠣᠨ ᠠᠴᠠ ᠨᠠᠰᠢ ᠡᠶᠢᠮᠦ ᠨᠢᠭᠡᠨ ᠳᠡᠭᠡᠳᠦ ᠬᠤᠷᠳᠤᠴᠠ ᠪᠠᠷ ᠨᠡᠮᠡᠭᠳᠡᠬᠦ ᠬᠠᠨᠳᠤᠰᠢ ᠶᠢ ᠪᠠᠲᠤᠯᠠᠭᠰᠠᠭᠠᠷ ᠢᠷᠡᠵᠡᠶ᠂ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠭᠵᠢᠯᠲᠡ ᠳᠤ ᠶᠠᠮᠠᠷ ᠶᠠᠮᠠᠷ ᠬᠢᠯᠠᠰ ᠴᠡᠭ ᠪᠠᠶᠢᠬᠤ ᠪᠣᠶ︖ ᠪᠠᠶᠠᠷᠯᠠᠯ᠎ᠠ᠃ 
8.jpg
    ᠼᠤᠤ ᠰᠧ ᠶᠠᠩ᠄    ᠲᠠᠨ ᠤ ᠠᠰᠠᠭᠤᠯᠲᠠ ᠳᠤ ᠪᠠᠶᠠᠷᠯᠠᠯ᠎ᠠ᠃ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠠᠬᠢᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠪᠠᠯᠠ ᠣᠷᠣᠭᠤᠯᠤᠯᠲᠠ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃ 2023 ᠣᠨ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠶᠢᠨ ᠪᠠᠷᠢᠯᠭ᠎ᠠ ᠶᠢᠨ ᠲᠥᠷᠥᠯ ᠵᠦᠢᠯ ᠤᠨ ᠲᠤᠭ᠎ᠠ ᠬᠡᠮᠵᠢᠶ᠎ᠡ ᠳᠡᠭᠡᠷ᠎ᠡ ᠵᠢᠯ ᠤᠨ ᠬᠢ ᠠᠴᠠ 11.7% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢ ᠳᠡᠭᠡᠷ᠎ᠡ ᠵᠢᠯ ᠤᠨ ᠬᠢ ᠠᠴᠠ 19.8% ᠪᠠᠷ ᠨᠡᠮᠡᠭᠳᠡᠭᠦᠯᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠬᠢ ᠠᠴᠠ 2.2 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠵᠢᠱᠢᠭᠰᠡᠨ ᠬᠠᠷᠠᠯᠲᠠ ᠠᠴᠠ 9.8 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠬᠢᠯᠠᠰ ᠴᠡᠭ ᠨᠢ ᠭᠤᠤᠯᠳᠠᠭᠤ ᠳᠥᠷᠪᠡᠨ ᠲᠠᠯ᠎ᠠ ᠳᠤ ᠲᠥᠪᠯᠡᠷᠡᠪᠡ᠄    ᠨᠢᠭᠡᠳᠦᠭᠡᠷ ᠲᠤ᠂ ᠠᠷᠠᠯᠵᠢᠶᠠᠴᠢᠨ ᠤᠷᠢᠵᠤ ᠣᠷᠣᠭᠤᠯᠤᠨ ᠠᠪᠴᠢᠷᠠᠬᠤ ᠬᠢᠷᠢ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠪᠡ᠃ ᠪᠥᠬᠦ ᠣᠷᠣᠨ ᠳᠠᠶᠠᠭᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠲᠦᠢᠯ ᠤᠨ ᠣᠨᠣᠪᠴᠢᠲᠠᠶ ᠪᠠᠷ ᠬᠤᠳᠠᠯᠳᠤᠭᠠᠴᠢᠨ ᠤᠷᠢᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠯᠢᠶᠡᠳ ᠲᠦᠷᠭᠡᠨ ᠨᠡᠮᠡᠭᠳᠡᠬᠦ ᠶᠢ ᠬᠦᠴᠦᠲᠡᠶ ᠠᠬᠢᠭᠤᠯᠪᠠ᠃ 2023 ᠣᠨ ᠳᠤ᠂ ᠪᠥᠬᠦ ᠣᠷᠣᠨ ᠤ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ 5588 ᠪᠠᠶᠢᠵᠤ᠂ ᠳᠡᠭᠡᠷ᠎ᠡ ᠵᠢᠯ ᠤᠨ ᠬᠢ ᠠᠴᠠ 602 ᠨᠡᠮᠡᠭᠳᠡᠪᠡ︔ ᠪᠦᠬᠦ ᠪᠡᠯᠡ ᠣᠷᠣᠭᠤᠯᠤᠯᠲᠠ ᠶᠢ 10574 ᠳ᠋ᠦᠩᠰᠢᠭᠤᠷ ᠲᠥᠭᠦᠷᠢᠭ ᠢᠶᠠᠷ ᠵᠢᠱᠢᠵᠦ᠂ 40.6% ᠪᠠᠷ ᠨᠡᠮᠡᠭᠳᠡᠪᠡ᠃ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠳᠡᠭᠡᠷ᠎ᠡ ᠵᠢᠯ ᠤᠨ ᠬᠢ ᠠᠴᠠ 19.2% ᠢᠶᠠᠷ ᠨᠡᠮᠡᠭᠳᠡᠪᠡ᠃    ᠬᠤᠶᠠᠳᠤᠭᠠᠷ ᠲᠤ᠂ ᠲᠤᠮᠤ ᠲᠦᠷᠦᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ᠃ 2023 ᠣᠨ ᠳᠤ᠂ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠠᠬᠢᠭᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠨᠡᠯᠢᠶᠡᠳ ᠥᠨᠳᠥᠷ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ ᠪᠥᠬᠦ ᠵᠢᠯ ᠳᠤ ᠨᠡᠶᠢᠲᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 2709 ᠪᠠᠶᠢᠵᠤ᠂ ᠳᠡᠭᠡᠷ᠎ᠡ ᠵᠢᠯ ᠤᠨ ᠬᠢ ᠠᠴᠠ 285 ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ 30.0% ᠢ ᠡᠵᠡᠯᠡᠪᠡ︔ ᠪᠠᠯᠠ ᠣᠷᠣᠭᠤᠯᠤᠯᠲᠠ ᠶᠢ ᠲᠦᠷᠦᠭᠦᠦ ᠵᠢᠯ ᠤᠨ ᠬᠢ ᠠᠴᠠ 25.9% ᠪᠠᠷ ᠨᠡᠮᠡᠭᠳᠡᠭᠦᠯᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 6.1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ 72.9% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 90.6% ᠳᠤ ᠬᠦᠷᠴᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠪᠠᠯᠠ ᠣᠷᠣᠭᠤᠯᠤᠯᠲᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠪᠡ᠃    ᠭᠤᠷᠪᠠ ᠳᠤ᠂ ᠰᠢᠨ᠎ᠡ ᠡᠨᠧᠷᠭᠢ ᠶᠢᠨ ᠠᠵᠤ ᠦᠢᠯᠡᠰ ᠢᠶᠠᠷ ᠪᠠᠯᠠ ᠣᠷᠣᠭᠤᠯᠤᠯᠲᠠ ᠶᠢᠨ ᠨᠡᠮᠡᠭᠳᠡᠯ ᠢ ᠬᠥᠲᠥᠯᠥᠨ ᠳᠠᠭᠠᠭᠤᠯᠪᠠ᠃ ᠪᠥᠬᠦ ᠣᠷᠣᠨ ᠳᠠᠶᠠᠭᠠᠷ ᠢᠶᠠᠨ ᠰᠢᠨ᠎ᠡ ᠡᠨᠧᠷᠭᠢ ᠶᠢᠨ ᠬᠥᠭᠵᠢᠯᠲᠡ ᠶᠢᠨ ︽ᠰᠠᠯᠬᠢᠨ ᠤ ᠠᠮᠠ︾ ᠶᠢ ᠴᠢᠩᠭ᠎ᠠ ᠠᠳᠬᠤᠵᠤ᠂ ᠡᠨᠧᠷᠭᠢ ᠶᠢᠨ ᠠᠵᠤ ᠠᠬᠤᠶ ᠶᠢᠨ ᠣᠯᠠᠨ ᠡᠰᠢᠵᠢᠯᠲᠡ᠂ ᠳᠤᠤᠷ᠎ᠠ ᠨᠡᠭᠦᠷᠡᠰᠦᠲᠥ᠋ᠷᠥᠭᠴᠢᠲᠦ᠂ ᠳᠡᠭᠡᠳᠦ ᠲᠠᠰᠵᠢᠯᠳᠡ ᠶᠢ ᠠᠬᠢᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢ ᠨᠡᠯᠢᠶᠡᠳ ᠲᠦᠷᠭᠡᠨ ᠨᠡᠮᠡᠭᠳᠡᠭᠦᠯᠪᠡ᠃ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 70.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 16.0 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ 22.4% ᠪᠠᠷ ᠨᠡᠮᠡᠭᠳᠡᠵᠦ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ 54.8% ᠪᠠᠷ ᠨᠡᠮᠡᠭᠳᠡᠪᠡ᠃    ᠳᠥᠷᠪᠡᠳᠦᠭᠡᠷ ᠲᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠴᠢᠩᠭᠠᠷᠠᠵᠤ ᠪᠠᠶᠢᠨ᠎ᠠ᠃ 2023 ᠣᠨ ᠳᠤ᠂ ᠮᠠᠨ ᠤ ᠣᠷᠣᠨ ᠳᠠᠪᠠᠭᠤᠯᠢᠭ ᠤᠨᠴᠠᠯᠢᠬᠳᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠪᠠᠷ ᠭᠤᠤᠯᠳᠠᠭᠤᠯᠵᠤ᠂ ᠪᠥᠬᠦ ᠣᠷᠣᠨ ᠤ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠢᠳᠡᠪᠬᠢᠲᠡᠶ ᠠᠬᠢᠭᠤᠯᠵᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠪᠡ᠃ ᠪᠥᠬᠦ ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ 49.2% ᠤᠨ ᠥᠨᠳᠥᠷ ᠨᠡᠮᠡᠭᠳᠡᠯ ᠤᠨ ᠬᠤᠷᠳᠤᠴᠠ ᠶᠢᠨ ᠰᠠᠭᠤᠷᠢᠨ ᠳᠡᠭᠡᠷ᠎ᠡ 84.5% ᠶᠢᠨ ᠥᠨᠳᠥᠷ ᠨᠡᠮᠡᠭᠳᠡᠯ ᠢ ᠪᠡᠶᠡᠯᠡᠭᠦᠯᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 64.7 ᠵᠠᠭᠤᠨ ᠤ ᠬᠤᠪᠢ ᠶᠢᠨ ᠴᠡᠭ ᠥᠨᠳᠥᠷ ᠪᠣᠯᠪᠠ︔ ᠪᠥᠬᠦ ᠪᠠᠯᠠ ᠣᠷᠣᠭᠤᠯᠤᠯᠲᠠ ᠶᠢᠨ 11.0% ᠢ ᠡᠵᠡᠯᠡᠵᠦ᠂ ᠲᠦᠷᠦᠭᠦᠦ ᠵᠢᠯ ᠤᠨ ᠬᠢ ᠠᠴᠠ 3.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 6.0 ᠵᠠᠭᠤᠨ ᠤ ᠬᠤᠪᠢ ᠶᠢᠨ ᠴᠡᠭ ᠳᠠᠶᠢᠴᠢᠯᠠᠪᠠ᠃    ᠶᠡᠷᠦᠩᠬᠡᠶ ᠳᠤᠨᠢ ᠠᠪᠴᠤ ᠦᠵᠡᠪᠡᠯ᠂ ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠬᠤ ᠶᠢᠨ ᠬᠠᠮᠲᠤ ᠪᠠᠰᠠ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠪᠠᠷ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠲᠠᠷᠠᠭᠠᠴᠢ ᠶᠢᠨ ᠠᠯᠬᠤᠮ ᠳᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠬᠦ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ︽ᠠᠷᠠᠯᠵᠢᠶᠠᠴᠢᠨ ᠤᠷᠢᠬᠤ ᠶᠢ ᠠᠳᠬᠤᠵᠤ᠂ ᠲᠥᠷᠥᠯ ᠵᠦᠢᠯ ᠭᠠᠷᠭᠠᠬᠤ᠂ ᠪᠠᠯᠠ ᠣᠷᠣᠭᠤᠯᠤᠯᠲᠠ ᠶᠢ ᠥᠷᠭᠡᠳᠬᠡᠵᠦ᠂ ᠬᠥᠳᠡᠯᠭᠡᠬᠦ ᠡᠨᠧᠷᠭᠢ ᠶᠢ ᠨᠡᠮᠡᠭᠳᠡᠭᠦᠯᠬᠦ︾ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠬᠤᠷᠠᠮᠳᠤᠭᠤᠯᠵᠤ ᠥᠭᠬᠦ ᠬᠡᠷᠡᠭᠲᠡᠶ᠃    ︽ᠬᠤᠲᠠ ᠶᠢᠨ ᠮᠥᠩᠭᠦᠨ ᠭᠦᠢᠯᠭᠡᠭᠡ ᠰᠣᠨᠢᠨ︾ ᠤ ᠰᠤᠷᠪᠤᠯᠵᠢᠯᠠᠭᠴᠢ    ᠥᠭᠦᠯᠡᠭᠴᠢ ᠲᠠ ᠰᠠᠶᠢᠨ ᠦᠦ︕ ᠪᠢᠳᠡ 2023 ᠣᠨ ᠤ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠶᠡᠷᠦᠩᠬᠡᠶ ᠲᠦᠪᠰᠢᠨ ᠳᠡᠭᠡᠷ᠎ᠡ ᠵᠢᠯ ᠤᠨ ᠬᠢ ᠠᠴᠠ 0.6% ᠪᠠᠷ ᠳᠡᠭᠡᠭᠰᠢᠯᠡᠭᠰᠡᠨ ᠢ ᠣᠯᠵᠤ ᠬᠠᠷᠠᠯ᠎ᠠ᠂ ᠣᠳᠣᠬᠠᠨ ᠤ CPI ᠶᠢᠨ ᠠᠵᠢᠯᠯᠠᠭᠠᠨ ᠨᠢ ᠭᠤᠤᠯᠳᠠᠭᠤ ᠶᠠᠮᠠᠷ ᠶᠠᠮᠠᠷ ᠣᠨᠴᠠᠯᠢᠭ ᠲᠠᠢ ᠪᠣᠶ︖ ᠲᠠ ᠣᠳᠣᠬᠠᠨ ᠤ ᠪᠠᠷᠠᠭ᠎ᠠ ᠶᠢᠨ ᠦᠨ᠎ᠡ ᠶᠢᠨ ᠪᠠᠶᠢᠳᠠᠯ ᠪᠠ ᠢᠷᠡᠭᠡᠳᠦᠶ ᠶᠢ ᠬᠡᠷᠬᠢᠨ ᠦᠨᠡᠯᠡᠬᠦ ᠪᠣᠢ︖ ᠪᠠᠶᠠᠷᠯᠠᠯ᠎ᠠ᠃ 
9.jpg
    ᠸᠠᠩ ᠳ᠋ᠧ ᠪᠢᠨ᠄    ᠲᠠᠨ ᠤ ᠠᠰᠠᠭᠤᠯᠲᠠ ᠳᠤ ᠪᠠᠶᠠᠷᠯᠠᠯ᠎ᠠ᠃ ᠪᠠᠷᠠᠭᠠᠨ ᠤ ᠦᠨ᠎ᠡ ᠶᠢᠨ ᠪᠠᠶᠢᠳᠠᠯ ᠪᠣᠯ ᠣᠯᠠᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠪᠣᠯᠤᠨ᠎ᠠ᠂ ᠶᠡᠷᠦᠩᠬᠡᠶ ᠳᠤᠨᠢ ᠠᠪᠴᠤ ᠦᠵᠡᠪᠡᠯ᠂ 2023 ᠣᠨ ᠳᠤ ᠥᠪᠥᠷ ᠮᠣᠩᠭᠤᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠲᠦᠷᠦᠭᠦᠦ ᠵᠢᠯ ᠤᠨ ᠬᠢ ᠠᠴᠠ 0.6% ᠪᠠᠷ ᠥᠰᠴᠦ᠂ ᠪᠥᠬᠦ ᠵᠢᠯ ᠤᠨ ᠪᠠᠷᠠᠭᠠᠨ ᠤ ᠦᠨ᠎ᠡ ᠶᠢᠨ ᠲᠦᠪᠰᠢᠨ ᠲᠣᠭᠲᠠᠭᠤᠨ ᠢᠶᠠᠷ ᠥᠰᠦᠭᠰᠡᠨ ᠪᠥᠭᠡᠳ ᠪᠥᠬᠦ ᠤᠯᠤᠰ ᠤᠨ ᠪᠠᠷᠠᠭᠠᠨ ᠤ ᠦᠨ᠎ᠡ ᠶᠢᠨ ᠬᠠᠨᠳᠤᠰᠢ ᠲᠠᠢ ᠦᠨᠳᠦᠰᠦᠨ ᠳᠡᠭᠡᠨ ᠨᠢᠭᠡᠳᠦᠯᠲᠡᠶ ᠪᠠᠶᠢᠨ᠎ᠠ᠃    ᠪᠥᠬᠦ ᠵᠢᠯ ᠠᠴᠠ ᠠᠪᠴᠤ ᠦᠵᠡᠪᠡᠯ᠂ CPI ᠶᠢ ᠪᠦᠷᠢᠯᠳᠦᠭᠦᠯᠦᠭᠰᠡᠨ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠳᠤ ︽ᠳᠣᠯᠤᠭ᠎ᠠ ᠨᠢ ᠥᠰᠴᠦ ᠨᠢᠭᠡ ᠨᠢ ᠪᠠᠭᠤᠷᠠᠬᠤ︾ ᠪᠠᠶᠢᠳᠠᠯ ᠢᠯᠡᠷᠡᠪᠡ᠃ ᠪᠤᠰᠤᠳ ᠬᠡᠷᠡᠭᠰᠡᠯ ᠵᠢᠴᠢ ᠦᠢᠯᠡᠴᠢᠯᠡᠭᠡ᠂ ᠡᠮᠴᠢᠯᠡᠭᠡ ᠡᠷᠡᠭᠦᠯᠵᠢᠯ ᠬᠤᠶᠠᠷ ᠶᠡᠭᠡ ᠲᠥᠷᠥᠯ ᠤᠨ ᠦᠨ᠎ᠡ ᠬᠠᠩᠰᠢ ᠢᠯᠡᠳᠲᠡ ᠥᠰᠴᠦ᠂ ᠲᠣᠰ ᠲᠣᠰ 3.5% ᠪᠠ 3.3% ᠪᠠᠷ ᠥᠰᠴᠦ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ᠂ ᠬᠤᠪᠴᠠᠰᠤ ᠬᠤᠨᠠᠷ ᠬᠤᠶᠠᠷ ᠶᠡᠭᠡ ᠲᠥᠷᠥᠯ ᠤᠨ ᠦᠨ᠎ᠡ ᠬᠠᠩᠰᠢ ᠳᠠᠷᠠᠭᠠᠯᠠᠪᠠᠯ᠂ ᠲᠣᠰ ᠲᠣᠰ 1.5% ᠪᠠ 1.2% ᠢᠶᠠᠷ ᠥᠰᠴᠦ᠂ ᠢᠳᠡᠭᠡᠨ ᠠᠷᠢᠬᠢ ᠲᠠᠮᠠᠬᠢ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡ ᠪᠠ ᠣᠷᠣᠨ ᠰᠠᠭᠤᠴᠠ ᠵᠡᠷᠭᠡ ᠭᠤᠷᠪᠠᠨ ᠶᠡᠭᠡ ᠲᠥᠷᠥᠯ ᠤᠨ ᠦᠨ᠎ᠡ ᠬᠠᠩᠰᠢ ᠲᠣᠰ ᠲᠣᠰ 0.6%᠂ 0.5% ᠪᠠ 0.1% ᠪᠠᠷ ᠥᠰᠴᠦ᠂ ᠵᠥᠪᠬᠡᠨ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠲᠥᠷᠥᠯ ᠤᠨ ᠦᠨ᠎ᠡ ᠬᠠᠩᠰᠢ 2.0% ᠢᠶᠠᠷ ᠪᠠᠭᠤᠷᠠᠪᠠ᠃ ᠠᠩᠬᠠᠷᠤᠭᠤᠰᠢᠲᠠᠶ ᠨᠢ᠂ ᠪᠥᠬᠦ ᠣᠷᠣᠨ ᠤ ᠦᠢᠯᠡᠴᠢᠯᠡᠭᠡᠨ ᠤ ᠬᠡᠷᠡᠭᠴᠡᠭᠡ ᠦᠷᠭᠦᠯᠵᠢᠯᠡᠨ ᠰᠡᠷᠭᠦᠬᠦ ᠶᠢ ᠳᠠᠭᠠᠯᠳᠤᠨ᠂ ᠦᠢᠯᠡᠴᠢᠯᠡᠭᠡᠨ ᠤ ᠦᠨ᠎ᠡ ᠲᠦᠷᠦᠭᠦᠦ ᠵᠢᠯ ᠤᠨ ᠬᠢ ᠠᠴᠠ 1.3% ᠪᠠᠷ ᠥᠰᠴᠦ᠂ CPI ᠶᠢᠨ ᠥᠰᠥᠯᠲᠡ ᠶᠢ ᠪᠠᠷᠤᠭ 0.46 ᠵᠠᠭᠤᠨ ᠤ ᠬᠤᠪᠢ ᠶᠢᠨ ᠴᠡᠭ ᠨᠥᠯᠥᠭᠡᠯᠡᠵᠡᠶ᠃    ᠣᠶᠢᠷ᠎ᠠ ᠶᠢᠨ ᠬᠤᠭᠤᠴᠠᠭᠠᠨ ᠠᠴᠠ ᠦᠵᠡᠪᠡᠯ᠂ 2023 ᠣᠨ ᠤ 12 ᠰᠠᠷ᠎ᠠ ᠳᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠠᠴᠠ 0.3% ᠥᠰᠴᠦ᠂ ᠥᠰᠥᠯᠲᠡ ᠶᠢᠨ ᠬᠡᠮᠵᠢᠶ᠎ᠡ ᠨᠢ 11 ᠰᠠᠷ᠎ᠠ ᠠᠴᠠ 0.3 ᠵᠠᠭᠤᠨ ᠤ ᠬᠤᠪᠢ ᠶᠢᠨ ᠴᠡᠭ  ᠨᠡᠮᠡᠭᠳᠡᠵᠡᠶ᠃ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ︽ᠵᠢᠷᠭᠤᠭ᠎ᠠ ᠥᠰᠴᠦ ᠬᠤᠶᠠᠷ ᠪᠠᠭᠤᠷᠠᠬᠤ︾ ᠪᠠᠶᠢᠳᠠᠯ ᠢᠯᠡᠷᠡᠪᠡ᠃ ᠡᠭᠦᠨ ᠳᠤ᠂ ᠡᠮᠴᠢᠯᠡᠭᠡ ᠡᠷᠡᠭᠦᠯᠵᠢᠯ᠂ ᠪᠤᠰᠤᠳ ᠬᠡᠷᠡᠭᠰᠡᠯ ᠵᠢᠴᠢ ᠦᠢᠯᠡᠴᠢᠯᠡᠭᠡ᠂ ᠬᠤᠪᠴᠠᠰᠤ ᠬᠤᠨᠠᠷ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡ᠂ ᠣᠷᠣᠨ ᠰᠠᠭᠤᠴᠠ ᠶᠢᠨ ᠦᠨ᠎ᠡ ᠲᠣᠰ ᠲᠣᠰ 4.7%᠂ 4.0%᠂ 2.1%᠂ 1.7%᠂ 0.7% ᠪᠠ 0.5% ᠪᠠᠷ ᠥᠰᠴᠡᠶ︔ ᠢᠳᠡᠭᠡᠨ ᠠᠷᠢᠬᠢ ᠲᠠᠮᠠᠬᠢ ᠪᠠ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠦᠨ᠎ᠡ ᠲᠣᠰ ᠲᠣᠰ 1.5% ᠪᠠ 2.2% ᠪᠠᠭᠤᠷᠠᠪᠠ᠃ 2023 ᠣᠨ ᠤ 12 ᠳ᠋ᠤᠭᠠᠷ ᠰᠠᠷ᠎ᠠ ᠳᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 11  ᠳ᠋ᠤᠭᠡᠷ ᠰᠠᠷ᠎ᠠ ᠳᠤ 0.2% ᠢᠶᠠᠷ ᠪᠠᠭᠤᠷᠠᠵᠤ ᠪᠠᠶᠢᠭᠰᠠᠨ ᠠᠴᠠ ᠪᠠᠨ 0.3% ᠪᠠᠷ ᠥᠰᠬᠦ ᠪᠣᠯᠵᠣ᠂ ᠠᠳᠠᠯᠢ ᠬᠤᠭᠤᠴᠠᠭᠠᠨ ᠤ ᠬᠢ ᠪᠠ ᠬᠠᠷᠢᠴᠠᠭᠤᠯᠤᠭᠰᠠᠨ ᠥᠰᠥᠯᠲᠡ ᠶᠢᠨ ᠬᠡᠮᠵᠢᠶ᠎ᠡ ᠨᠢ ᠴᠥᠮ ᠳᠡᠭᠡᠭᠰᠢᠯᠡᠬᠦ ᠬᠠᠨᠳᠤᠰᠢ ᠢᠯᠡᠷᠡᠭᠰᠡᠨ ᠨᠢ ᠪᠥᠬᠦ ᠣᠷᠣᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠥᠬᠡᠶ ᠰᠡᠷᠭᠦᠵᠦ ᠰᠠᠶᠢᠵᠢᠷᠠᠬᠤ ᠶᠢ ᠬᠠᠷᠠᠭᠤᠯᠵᠤ ᠪᠠᠶᠢᠨ᠎ᠠ᠃    ᠰᠠᠶ᠋ᠢᠬᠠᠨ ᠲᠠᠨᠢᠯᠴᠠᠭᠤᠯᠤᠭᠰᠠᠨ ᠶᠡᠷᠦᠩᠬᠡᠶ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠣᠯᠤᠨ ᠭᠤᠤᠯ ᠭᠦᠢᠴᠡᠳᠭᠡᠯ ᠲᠤᠭ᠎ᠠ ᠶᠢᠨ ᠬᠤᠪᠢᠷᠠᠯᠲᠠ ᠠᠴᠠ ᠦᠵᠡᠪᠡᠯ᠂ ᠥᠪᠥᠷ ᠮᠣᠩᠭᠤᠯ ᠤᠨ ᠠᠵᠤ ᠠᠬᠤᠶ ᠶᠢᠨ ᠠᠵᠢᠯᠯᠠᠭᠠᠨ ᠪᠦᠬᠦᠯᠢ ᠴᠣᠭᠴᠠ ᠳᠡᠭᠡᠷ᠎ᠡ ᠪᠠᠨ ᠦᠷᠭᠦᠯᠵᠢᠯᠡᠨ ᠰᠡᠷᠭᠦᠵᠦ ᠰᠠᠶᠢᠵᠢᠷᠠᠬᠤ ᠬᠠᠨᠳᠤᠰᠢ ᠲᠠᠢ ᠪᠠᠶᠢᠨ᠎ᠠ᠃ ᠬᠤᠶᠢᠰᠢᠳᠠ ᠶᠢᠨ ᠨᠢᠭᠡ ᠬᠤᠭᠤᠴᠠᠭᠠᠨ ᠤ ᠪᠠᠷᠠᠭᠠᠨ ᠤ ᠦᠨ᠎ᠡ ᠶᠢᠨ ᠬᠠᠨᠳᠤᠰᠢ ᠶᠢ ᠤᠯᠠᠨ ᠲᠠᠯ᠎ᠠ ᠠᠴᠠ ᠶᠡᠷᠦᠩᠬᠡᠶᠢᠯᠡᠨ ᠮᠠᠭᠠᠳᠯᠠᠬᠤ ᠬᠡᠷᠡᠭᠲᠡᠢ᠃ ᠬᠡᠷᠡᠭᠴᠡᠭᠡ ᠶᠢᠨ ᠦᠵᠦᠭᠦᠷ ᠤᠨ ᠲᠠᠯ᠎ᠠ ᠪᠠᠷ᠂ ᠣᠳᠣᠬᠠᠨ ᠳᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠵᠤ᠂ ᠲᠠᠸᠠᠷ ᠪᠠ ᠦᠢᠯᠡᠴᠢᠯᠡᠭᠡᠨ ᠤ ᠬᠡᠷᠡᠭᠴᠡᠭᠡ ᠦᠷᠭᠦᠯᠵᠢᠯᠡᠨ ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠵᠣᠬᠢᠬᠤ ᠥᠰᠬᠦ ᠣᠷᠣᠨ ᠵᠠᠶ ᠲᠠᠢ ᠪᠠᠶᠢᠨ᠎ᠠ᠃ ᠬᠠᠩᠭᠠᠯᠭ᠎ᠠ ᠶᠢᠨ ᠦᠵᠦᠭᠦᠷ ᠤᠨ ᠲᠠᠯ᠎ᠠ ᠪᠠᠷ᠂ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠡᠯᠪᠡᠭ ᠪᠥᠭᠡᠳ ᠲᠣᠭᠲᠠᠭᠤᠨ ᠪᠠᠶᠢᠵᠤ᠂ ᠢᠳᠡᠭᠡᠨ ᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠪᠠ᠃ ᠡᠭᠦᠨ ᠤ ᠬᠠᠮᠲᠤ ᠪᠥᠬᠦ ᠣᠷᠣᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠬᠦᠴᠦᠲᠡᠶ ᠪᠠᠶᠢᠵᠤ᠂ ᠠᠷᠠᠳ ᠣᠯᠠᠨ ᠤ ᠠᠮᠢᠳᠤᠷᠠᠯ ᠤᠨ ᠬᠡᠷᠡᠭᠯᠡᠭᠡᠨ ᠤ ᠬᠡᠷᠡᠭᠴᠡᠭᠡ ᠶᠢ ᠰᠠᠶᠢᠲᠤᠷ ᠪᠠᠲᠤᠯᠠᠵᠤ ᠴᠢᠳᠠᠨ᠎ᠠ᠃ 2024 ᠣᠨ ᠳᠤ᠂ ᠣᠷᠣᠭᠤᠯᠤᠯᠲᠠ ᠶᠢᠨ ᠴᠢᠨᠠᠷᠲᠠᠶ᠂ ᠦᠶᠡᠯᠡᠯ ᠤᠨ ᠴᠢᠨᠠᠷᠲᠠᠶ᠂ ᠤᠯᠠᠷᠢᠯ ᠤᠨ ᠴᠢᠨᠠᠷᠲᠠᠶ ᠬᠦᠴᠦᠨ ᠵᠦᠢᠯ ᠤᠨ ᠬᠤᠪᠢᠷᠠᠯᠲᠠ ᠶᠢ ᠳᠠᠭᠠᠯᠳᠤᠨ᠂ CPI ᠶᠢᠨ ᠰᠠᠭᠤᠷᠢ ᠲᠣᠭᠠᠨ ᠤ ᠦᠢᠯᠡᠳᠦᠯ ᠠᠯᠬᠤᠮ ᠠᠯᠬᠤᠮ ᠢᠶᠠᠷ ᠪᠠᠭᠤᠷᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠰᠡᠷᠭᠦᠵᠦ᠂ ᠵᠢᠱᠢᠯᠲᠡ ᠪᠠᠷ ᠬᠤᠶᠢᠰᠢᠳᠠ ᠪᠥᠬᠦ ᠣᠷᠣᠨ ᠤ CPI ᠨᠠᠮᠵᠢᠭᠤᠬᠠᠨ ᠳᠡᠭᠡᠭᠰᠢᠯᠡᠬᠦ ᠪᠠᠶᠢᠳᠠᠯ ᠳᠤ ᠣᠷᠣᠰᠢᠬᠤ ᠪᠣᠯᠤᠨ᠎ᠠ᠃    ︽ᠤᠮᠠᠷᠠᠲᠤ ᠶᠢᠨ ᠰᠢᠨ᠎ᠡ ᠰᠣᠨᠢᠨ︾ ᠤ ᠰᠤᠷᠪᠤᠯᠵᠢᠯᠠᠭᠴᠢ     ᠥᠭᠦᠯᠡᠭᠴᠢ ᠲᠠ ᠰᠠᠶᠢᠨ ᠦᠦ︕ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠵᠣᠭᠤᠰᠣᠨ ᠴᠦᠩᠬᠦ︾ ᠪᠣᠯ ᠪᠢᠳᠡᠨ ᠤ ᠮᠠᠰᠢ ᠠᠩᠬᠠᠷᠴᠤ ᠪᠠᠶᠢᠭ᠎ᠠ ᠰᠡᠳᠦᠪ ᠪᠣᠯᠤᠨ᠎ᠠ᠂ ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠳᠤ᠂ 2023 ᠣᠨ ᠳᠤ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠂ ᠮᠠᠨ ᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠳᠤ ᠶᠠᠮᠠᠷ ᠶᠠᠮᠠᠷ ᠬᠢᠯᠠᠰ ᠴᠡᠭ ᠪᠠᠶᠢᠬᠤ ᠶᠢ ᠨᠠᠷᠢᠨ ᠲᠠᠨᠢᠯᠴᠠᠭᠤᠯᠤᠭᠠᠳ ᠥᠭᠭᠦᠨ᠎ᠡ ᠦᠦ︖ ᠪᠠᠶᠠᠷᠯᠠᠯ᠎ᠠ᠃ 
10.jpg
    ᠸᠠᠩ ᠳ᠋ᠧ ᠪᠢᠨ᠄    ᠲᠠᠨ ᠤ ᠠᠰᠠᠭᠤᠯᠲᠠ ᠳᠤ ᠪᠠᠶᠠᠷᠯᠠᠯ᠎ᠠ᠃ ᠣᠷᠣᠯᠭ᠎ᠠ ᠶᠢᠨ ᠬᠤᠪᠢᠶᠠᠷᠢᠯᠠᠯᠲᠠ ᠪᠣᠯ ᠠᠷᠠᠳ ᠤᠨ ᠠᠮᠢᠳᠤᠷᠠᠯ ᠤᠨ ᠡᠬᠢ ᠰᠤᠷᠪᠤᠯᠵᠢ ᠮᠥᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠠᠮᠤᠭ ᠤᠨ ᠴᠢᠬᠤᠯᠠ᠂ ᠬᠠᠮᠤᠭ ᠤᠨ ᠰᠢᠭᠤᠳ ᠠᠷᠭ᠎ᠠ ᠮᠠᠶ᠋ᠢᠭ ᠮᠥᠨ᠃ ᠡᠨᠡ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠠᠷᠠᠳ ᠲᠦᠮᠡᠨ ᠳᠤ ᠬᠦᠷᠲᠡᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠥᠪᠥᠷ ᠮᠣᠩᠭᠤᠯ ᠤᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠪᠡ᠃ ᠭᠤᠣᠯ ᠭᠢᠯᠠᠰ ᠴᠡᠭ ᠨᠢ ᠳᠣᠣᠷᠠᠬᠢ ᠭᠤᠷᠪᠠᠨ ᠲᠠᠯ᠎ᠠ ᠪᠠᠷ ᠢᠯᠡᠷᠡᠨ᠎ᠡ᠄    ᠨᠢᠭᠡ ᠳᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠠᠯᠬᠤᠴᠠ ᠲᠦᠷᠭᠡᠳᠪᠡ᠃ 2023 ᠣᠨ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38130 ᠲᠥᠭᠦᠷᠢᠭ ᠲᠤ ᠬᠦᠷᠴᠦ᠂ ᠪᠥᠬᠦ ᠤᠯᠤᠰ ᠤᠨ 31 ᠮᠤᠵᠢ ᠬᠤᠲᠠ ᠶᠢᠨ ᠳᠣᠲᠣᠷ᠎ᠠ ᠶᠢᠰᠦᠳᠦᠭᠡᠷ ᠲᠤ ᠣᠷᠣᠵᠤ᠂ ᠳᠡᠭᠡᠷ᠎ᠡ ᠵᠢᠯ ᠤᠨ ᠡᠮᠦᠨᠡᠬᠢ ᠠᠴᠠ 1 ᠣᠷᠣᠨ ᠰᠢᠯᠵᠢᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 48676 ᠲᠥᠭᠦᠷᠢᠭ ᠲᠤ ᠬᠦᠷᠴᠦ᠂ ᠪᠥᠬᠦ ᠤᠯᠤᠰ ᠤᠨ 31 ᠮᠤᠵᠢ ᠬᠤᠲᠠ ᠶᠢᠨ ᠳᠣᠲᠣᠷ᠎ᠠ 11 ᠳ᠋ᠦᠭᠡᠷ ᠲᠤ ᠵᠢᠭᠰᠠᠭᠠᠭᠳᠠᠵᠠᠶ︔ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21221 ᠲᠥᠭᠦᠷᠢᠭ ᠲᠤ ᠬᠦᠷᠴᠦ᠂ ᠪᠥᠬᠦ ᠤᠯᠤᠰ ᠤᠨ 31 ᠮᠤᠵᠢ ᠬᠤᠲᠠ ᠶᠢᠨ ᠳᠣᠲᠣᠷ᠎ᠠ 12 ᠳ᠋ᠤᠭᠠᠷ ᠲᠤ ᠵᠢᠭᠰᠠᠭᠠᠭᠳᠠᠪᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ 2023 ᠣᠨ ᠤ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.4 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠡᠭᠦᠨ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠪᠣᠯᠤᠨ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ 0.4 ᠪᠠ 0.6 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠠᠴᠠ ᠦᠵᠡᠪᠡᠯ᠂ ᠪᠥᠬᠦ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.0% ᠨᠡᠮᠡᠭᠳᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.3 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠣᠷᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠡᠮᠡᠭᠳᠡᠯ ᠤᠨ ᠬᠤᠷᠳᠤᠴᠠ ᠠᠴᠠ 2.9 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ᠃    ᠬᠤᠶᠠᠷ ᠲᠤ᠂ ᠴᠠᠯᠢᠩ ᠤᠨ ᠴᠢᠨᠠᠷᠲᠠᠢ ᠣᠷᠣᠯᠭ᠎ᠠ ᠪᠠ ᠡᠵᠡᠩᠨᠡᠯᠲᠡ ᠶᠢᠨ ᠴᠡᠪᠡᠷ ᠣᠷᠣᠯᠭ᠎ᠠ ᠨᠡᠯᠢᠶᠡᠳ ᠲᠦᠷᠭᠡᠨ ᠨᠡᠮᠡᠭᠳᠡᠪᠡ᠃ 2023 ᠣᠨ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠴᠠᠯᠢᠩ ᠤᠨ ᠴᠢᠨᠠᠷᠲᠠᠶ ᠣᠷᠣᠯᠭ᠎ᠠ 19896 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠰᠠᠭᠤᠭᠠᠯᠢ ᠠᠷᠠᠳ ᠤᠨ ᠣᠷᠣᠯᠭ᠎ᠠ ᠠᠴᠠ 0.7 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠴᠠᠯᠢᠩ ᠤᠨ ᠴᠢᠨᠠᠷᠲᠠᠶ ᠣᠷᠣᠯᠭ᠎ᠠ ᠲᠣᠰ ᠲᠣᠰ 5.9% ᠪᠠ 7.7%ᠨᠡᠮᠡᠭᠳᠡᠵᠡᠶ᠃    2023 ᠣᠨ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ 10171 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠬᠤᠨᠤᠭ ᠪᠠᠭᠤᠳᠠᠯ ᠢᠳᠡᠭᠡᠨ ᠤᠮᠳᠠᠭᠠᠨ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠵᠡᠷᠭᠡ ᠠᠵᠢᠯ ᠲᠥᠷᠥᠯ ᠤᠨ ᠡᠵᠡᠩᠨᠡᠯᠲᠡ ᠶᠢᠨ ᠰᠠᠶᠢᠵᠢᠷᠠᠬᠤ ᠬᠠᠨᠳᠤᠰᠢ ᠶᠢᠨ ᠳᠠᠶᠢᠴᠢᠯᠠᠯᠲᠠ ᠳᠤᠤᠷ᠎ᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ 4.1% ᠪᠠᠷ ᠨᠡᠮᠡᠭᠳᠡᠪᠡ᠃ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ︾᠂ ᠠᠮᠤ ᠪᠤᠳᠠᠭᠠᠨ ᠤ ᠦᠨ᠎ᠡ ᠬᠠᠩᠰᠢ ᠶᠡᠷᠦᠩᠬᠡᠶ ᠳᠡᠭᠡᠨ ᠲᠣᠭᠲᠠᠭᠤᠨ ᠪᠥᠭᠡᠳ ᠰᠠᠶᠢᠵᠢᠷᠠᠯᠲᠠ ᠲᠠᠢ ᠪᠣᠯᠤᠭᠰᠠᠨ ᠵᠡᠷᠭᠡ ᠠᠰᠢᠭᠲᠠᠶ ᠬᠦᠴᠦᠨ ᠵᠦᠢᠯ ᠤᠨ ᠳᠠᠶᠢᠴᠢᠯᠠᠯᠲᠠ ᠳᠤᠤᠷ᠎ᠠ᠂ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ 8.3% ᠪᠠᠷ ᠨᠡᠮᠡᠭᠳᠡᠪᠡ᠃    ᠭᠤᠷᠪᠠ ᠳᠤ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ 2023 ᠣᠨ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ 1847 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ ᠲᠣᠰ ᠲᠣᠰ 1.2% ᠪᠠ 15.8% ᠨᠡᠮᠡᠭᠳᠡᠪᠡ᠃    2023 ᠣᠨ ᠳᠤ᠂ ᠪᠥᠬᠦ ᠣᠷᠣᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠴᠢᠨᠠᠭᠰᠢᠳᠠ ᠲᠡᠭᠦᠯᠳᠡᠷᠵᠢᠵᠦ᠂ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠥᠬᠡᠶ ᠴᠢᠩᠭᠠᠷᠠᠪᠠ᠃ 2023 ᠣᠨ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠰᠢᠯᠵᠢᠭᠦᠯᠦᠭᠰᠡᠨ ᠴᠡᠪᠡᠷ ᠣᠷᠣᠯᠭ᠎ᠠ 6216 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠰᠢᠯᠵᠢᠭᠦᠯᠦᠭᠰᠡᠨ ᠴᠡᠪᠡᠷ ᠣᠷᠣᠯᠭ᠎ᠠ ᠲᠣᠰ ᠲᠣᠰ 4.8% ᠪᠠ 6.9% ᠨᠡᠮᠡᠭᠳᠡᠪᠡ᠃    ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠲᠠᠯ᠎ᠠ ᠨᠤᠲᠤᠭ ᠤᠨ ᠪᠦᠷᠢᠨ ᠵᠠᠭᠤᠴᠢᠯᠠᠭᠤᠷ ᠤᠨ ᠰᠤᠷᠪᠤᠯᠵᠢᠯᠠᠭᠴᠢ     ᠣᠳᠣᠬᠠᠨ ᠳᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠠᠭ ᠶᠠᠭᠠᠷᠠᠯᠲᠠᠶ ᠶᠠᠪᠤᠭᠳᠠᠵᠤ ᠪᠠᠶᠢᠨ᠎ᠠ᠃ ᠣᠳᠣᠬᠠᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠠᠮᠠᠷ ᠵᠡᠷᠭᠡ ᠪᠣᠶ︖ ᠲᠠᠷᠠᠭᠠᠴᠢ ᠶᠢᠨ ᠱᠠᠲᠤᠨ ᠳᠤ ᠶᠠᠮᠠᠷ ᠶᠠᠮᠠᠷ ᠠᠵᠢᠯ ᠤᠨ ᠲᠣᠬᠢᠷᠠᠭᠤᠯᠤᠯᠲᠠ ᠪᠠᠶᠢᠬᠤ ᠪᠣᠶ︖ ᠪᠠᠶᠠᠷᠯᠠᠯ᠎ᠠ᠃ 
11.jpg
    ᠼᠤᠤ ᠰᠧ ᠶᠠᠩ᠄    ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠠᠩᠬᠠᠷᠤᠯ ᠲᠠᠯᠪᠢᠭᠰᠠᠨ ᠳᠤ ᠴᠢᠨᠢ ᠲᠠᠯᠠᠷᠬᠠᠵᠤ ᠪᠠᠶᠢᠨ᠎ᠠ᠃ ᠲᠤᠬᠠᠶ ᠶᠢᠨ ᠲᠠᠯᠠᠪᠠᠶ ᠶᠢᠨ ᠳᠡᠩᠰᠡᠯᠡᠯᠲᠡ ᠪᠣᠯ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠭᠤᠭᠴᠤᠭ᠎ᠠ ᠮᠥᠨ᠂ ᠪᠠᠶᠢᠴᠠᠭᠠᠭᠳᠠᠬᠤ ᠡᠲᠡᠭᠡᠳ ᠭᠠᠭᠴᠠ ᠬᠦ ᠨᠡᠶᠢᠳᠡᠮ ᠪᠠᠶᠢᠴᠠᠭᠠᠯᠲᠠ ᠳᠤᠮᠳᠠ ᠦᠨᠡᠨ ᠪᠣᠳᠠᠲᠠᠶ᠂ ᠣᠨᠣᠪᠴᠢᠲᠠᠶ ᠲᠤᠭ᠎ᠠ ᠪᠠᠷᠢᠮᠲᠠ ᠬᠠᠩᠭᠠᠪᠠᠯ ᠰᠠᠶ᠋ᠢ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠬᠦᠴᠦᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ ᠴᠢᠳᠠᠨ᠎ᠠ᠃ ᠣᠳᠣᠬᠠᠨ ᠳᠤ᠂ ᠨᠡᠶᠢᠳᠡᠮ ᠪᠠᠶᠢᠴᠠᠭᠠᠯᠲᠠ ᠶᠢᠨ ᠪᠦᠷᠢᠳᠬᠡᠬᠦ ᠠᠵᠢᠯ ᠶᠠᠭ ᠡᠮᠬᠢ ᠴᠡᠭᠴᠡ ᠲᠠᠢ ᠶᠠᠪᠤᠭᠳᠠᠵᠤ᠂ ᠪᠦᠬᠦ ᠣᠷᠣᠨ ᠤ 3.7 ᠲᠦᠮᠡᠨ ᠨᠡᠶᠢᠳᠡᠮ ᠪᠠᠶᠢᠴᠠᠭᠠᠭᠴᠢ ᠪᠣᠯᠤᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠤᠭᠤᠳᠤᠭᠴᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠡᠷᠡᠮᠡᠬᠡᠶᠢᠯᠡᠨ ᠲᠡᠮᠡᠴᠡᠵᠦ᠂ 4 ᠰᠠᠷ᠎ᠠ ᠰᠢᠬᠠᠮ ᠤᠨ ᠬᠤᠭᠤᠴᠠᠭᠠᠨ ᠳᠤ᠂ ᠪᠦᠬᠦ ᠣᠷᠣᠨ ᠤ 63 ᠲᠦᠮᠡ ᠰᠢᠬᠠᠮ ᠨᠢᠭᠡᠴᠡ᠂ 10.6 ᠲᠦᠮᠡᠨ ᠬᠤᠪᠢ ᠶᠢᠨ ᠡᠵᠡᠩᠨᠡᠯᠲᠡ ᠶᠢᠨ ᠡᠷᠦᠬᠡ ᠳᠤ ᠲᠤᠭ᠎ᠠ ᠪᠠᠷᠢᠮᠲᠠ ᠴᠤᠭᠯᠠᠭᠤᠯᠤᠨ ᠳᠠᠩᠰᠠᠯᠠᠭᠤᠯᠵᠤ ᠪᠠᠶᠢᠨ᠎ᠠ᠃ ᠲᠤᠬᠠᠶ ᠶᠢᠨ ᠲᠠᠯᠠᠪᠠᠶ ᠶᠢᠨ ᠳᠡᠩᠰᠡᠯᠡᠨ ᠲᠡᠮᠳᠡᠭᠯᠡᠬᠦ ᠠᠵᠢᠯ ᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠦᠷ᠎ᠡ ᠪᠦᠲᠦᠮᠵᠢ ᠲᠠᠢ ᠪᠠᠷ ᠪᠡᠶᠡᠯᠡᠭᠦᠯᠬᠦ ᠶᠢᠨ ᠲᠤᠰᠠᠳᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ 2023 ᠣᠨ ᠳᠤ ᠪᠢᠳᠡ ᠨᠢᠭᠡᠨᠲᠡ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠢ ᠬᠤᠪᠢᠶᠠᠷᠢᠯᠠᠬᠤ ᠪᠠ ᠵᠢᠷᠤᠭ ᠵᠢᠷᠤᠬᠤ᠂ ︽ᠬᠡᠪᠢᠰ ᠬᠡᠯᠪᠡᠷᠢ︾ ᠪᠠᠷ ᠡᠷᠦᠬᠡ ᠳᠤ ᠣᠷᠣᠵᠤ ᠢᠯᠭᠠᠷᠠᠭᠤᠯᠤᠨ ᠪᠠᠶᠢᠴᠠᠭᠠᠬᠤ᠂ ᠰᠡᠵᠢᠭ ᠢ ᠪᠠᠶᠢᠴᠠᠭᠠᠨ ᠣᠷᠬᠢᠭᠳᠠᠭᠰᠠᠨ ᠢ ᠨᠥᠬᠦᠪᠥᠷᠢᠯᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠰᠢᠯᠭᠠᠨ ᠠᠪᠬᠤ ᠵᠡᠷᠭᠡ ᠠᠵᠢᠯ ᠢ ᠪᠡᠶᠡᠯᠡᠭᠦᠯᠵᠦ᠂ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠂ ᠨᠡᠶᠢᠳᠡᠮ ᠪᠠᠶᠢᠴᠠᠭᠠᠯᠲᠠ ᠶᠢᠨ ᠨᠢᠭᠡᠳᠦᠯᠲᠡᠶ ᠪᠥᠭᠡᠳ ᠪᠦᠷᠢᠨ ᠪᠦᠲᠦᠨ ᠡᠬᠡ ᠳᠡᠪᠲᠡᠷ ᠢ ᠪᠦᠷᠢᠯᠳᠦᠭᠦᠯᠵᠦ᠂ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠶᠢ ᠤᠷᠤᠭᠰᠢᠲᠠᠶ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ ᠲᠠᠷᠠᠭᠠᠴᠢ ᠶᠢᠨ ᠱᠠᠲᠤᠨ ᠳᠤ᠂ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄    ᠨᠢᠭᠡᠳᠦᠭᠡᠷ ᠲᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ ᠶᠢ ᠪᠠᠲᠤ ᠰᠠᠬᠢᠨ᠎ᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠣᠯ ᠨᠡᠶᠢᠳᠡᠮ ᠪᠠᠶᠢᠴᠠᠭᠠᠯᠲᠠ ᠳᠤ ᠦᠢᠯᠡᠴᠢᠯᠡᠬᠦ ᠬᠤᠷᠸ᠎ᠠ ᠲᠠᠯ᠎ᠠ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢᠨ ᠦᠨᠳᠦᠰᠦᠨ ᠤᠷᠢᠲᠠᠯ ᠪᠣᠯᠬᠤ ᠪᠥᠭᠡᠳ ᠮᠥᠨ ᠴᠦ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠱᠠᠭᠠᠷᠳᠠᠯᠭ᠎ᠠ ᠪᠣᠯᠤᠨ᠎ᠠ᠃ ᠲᠠᠷᠠᠭᠠᠴᠢ ᠶᠢᠨ ᠱᠠᠲᠤᠨ ᠳᠤ᠂ ᠪᠢᠳᠡ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠭᠦᠯᠵᠦ᠂ ᠪᠥᠬᠦ ᠴᠤᠪᠤᠷᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ ᠵᠠᠳᠠᠯᠤᠯᠲᠠ ᠬᠢᠵᠦ᠂ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠪᠠ ᠪᠣᠳᠠᠲᠠᠶ ᠭᠠᠵᠠᠷ ᠲᠤᠨᠢ ᠰᠤᠭᠤᠴᠢᠨ ᠪᠠᠶᠢᠴᠠᠭᠠᠬᠤ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠬᠦ ᠶᠢᠨ ᠬᠠᠮᠲᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠡᠬᠢ ᠰᠤᠷᠪᠤᠯᠵᠢ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠦᠨᠳᠦᠰᠦ ᠪᠠᠷᠢᠮᠲᠠ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃    ᠬᠤᠶᠠᠷ ᠲᠤ᠂ ᠨᠡᠶᠢᠳᠡᠮ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠶ ᠶᠢᠨ ᠳᠡᠩᠰᠡᠯᠡᠯᠲᠡ ᠶᠢ ᠴᠢᠩᠭ᠎ᠠ ᠠᠳᠬᠤᠨ᠎ᠠ᠃ ᠨᠢᠭᠡ ᠲᠠᠯ᠎ᠠ ᠪᠠᠷ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠲᠤᠬᠠᠶ ᠶᠢᠨ ᠲᠠᠯᠠᠪᠠᠶ ᠳᠤ ᠳᠡᠩᠰᠡᠯᠡᠨ ᠲᠡᠮᠳᠡᠭᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠠᠵᠢᠯ ᠤᠨ ᠲᠣᠬᠢᠷᠠᠭᠤᠯᠤᠯᠲᠠ ᠪᠠ ᠰᠢᠮᠳᠠᠭᠤᠯᠤᠨ ᠪᠠᠶᠢᠴᠠᠭᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠡᠯ᠎ᠡ ᠭᠠᠵᠠᠷ ᠣᠷᠣᠨ ᠤ ᠲᠤᠬᠠᠶ ᠶᠢᠨ ᠲᠠᠯᠠᠪᠠᠶ ᠳᠤ ᠳᠡᠩᠰᠡᠯᠡᠨ ᠲᠡᠮᠳᠡᠭᠯᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠠᠬᠢᠭᠤᠯᠤᠨ᠎ᠠ᠃ ᠨᠥᠭᠦᠭᠡ ᠲᠠᠯ᠎ᠠ ᠪᠠᠷ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠤᠨ ᠡᠷᠴᠢᠮ ᠢ ᠦᠷᠭᠦᠯᠵᠢᠯᠡᠨ ᠪᠠᠲᠤᠯᠠᠨ᠎ᠠ᠃ ᠨᠡᠶᠢᠳᠡᠮ ᠪᠠᠶᠢᠴᠠᠭᠠᠯᠲᠠ ᠶᠢ ᠡᠬᠢᠯᠡᠭᠦᠯᠦᠭᠰᠡᠨ ᠠᠴᠠ ᠨᠠᠰᠢ᠂ ᠪᠥᠬᠦ ᠣᠷᠣᠨ ᠤ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠠᠯᠢ ᠣᠯᠠᠨ ᠡᠯᠪᠡᠭ ᠪᠠᠶᠠᠯᠢᠭ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠤᠬᠠᠭᠤᠯᠭ᠎ᠠ ᠶᠢᠨ ᠡᠷᠴᠢᠮ ᠢᠶᠠᠨ ᠰᠤᠯᠠᠷᠠᠭᠤᠯᠬᠤ ᠥᠬᠡᠶ᠂ ︽ᠳᠤᠯᠠᠭᠠᠨ ᠤ ᠬᠡᠮᠵᠢᠶ᠎ᠡ︾ ᠶᠢ ᠪᠠᠭᠤᠷᠠᠭᠤᠯᠬᠤ ᠥᠬᠡᠶ ᠪᠠᠶᠢᠬᠤ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠪᠣᠰᠤᠭ᠎ᠠ ᠴᠣᠭᠴᠠᠲᠤ᠂ ᠣᠯᠠᠨ ᠲᠠᠰ ᠳᠠᠪᠬᠤᠷᠭ᠎ᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠥᠷᠨᠢᠭᠦᠯᠵᠦ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠦᠵᠡᠯ ᠰᠠᠨᠠᠭᠠᠨ ᠤ ᠡᠷᠡᠭᠡᠯᠵᠡᠯ ᠢ ᠠᠷᠢᠯᠭᠠᠵᠤ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠳᠡᠮᠵᠢᠯᠭᠡ ᠬᠠᠮᠵᠢᠯᠴᠠᠭ᠎ᠠ ᠶᠢ ᠴᠢᠷᠮᠠᠶᠢᠨ ᠣᠯᠵᠤ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠦᠨᠡᠨ ᠮᠥᠨ ᠢᠶᠠᠷ ᠲᠠᠭᠯᠠᠨ ᠮᠡᠳᠡᠭᠦᠯᠬᠦ ᠶᠢ ᠪᠠᠲᠤᠯᠠᠨ᠎ᠠ᠃    ᠭᠤᠷᠪᠠᠳᠤᠭᠠᠷ ᠲᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠭᠦᠢᠴᠡᠳ ᠰᠠᠶᠢᠲᠤᠷ ᠬᠢᠬᠦ ︽ᠰᠡᠭᠦᠯᠴᠢ ᠶᠢᠨ ᠬᠠᠭᠠᠰ ᠵᠣᠬᠢᠶᠠᠯ︾ ᠪᠣᠯᠤᠨ᠎ᠠ᠃ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠣᠯᠤᠭᠰᠠᠨ ᠶᠡᠭᠡ ᠬᠡᠮᠵᠢᠶᠡᠨ ᠤ ᠲᠤᠭ᠎ᠠ ᠪᠠᠷᠢᠮᠲᠠ ᠨᠢ ᠲᠦᠢᠯ ᠤᠨ ᠡᠷᠬᠢᠮ ᠨᠠᠨᠳᠢᠨ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠦᠷᠳᠡᠭ ᠢ ᠬᠠᠮᠤᠭ ᠤᠨ ᠶᠡᠭᠡ ᠪᠣᠯᠭᠠᠬᠤ ᠨᠢ ᠮᠥᠨ ᠴᠦ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠭᠤᠭᠴᠤᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠢᠴᠢ ᠬᠡᠷᠡᠭᠯᠡᠬᠦ ᠶᠢ ᠭᠤᠤᠯᠳᠠᠯᠭ᠎ᠠ ᠲᠠᠢ ᠰᠠᠶᠢᠲᠤᠷ ᠬᠢᠨ᠎ᠠ᠃ ᠨᠢᠭᠡ ᠲᠠᠯ᠎ᠠ ᠪᠠᠷ᠂ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠲᠡᠷᠡ ᠳᠠᠷᠤᠶ ᠳᠤᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠨᠡᠶᠢᠭᠡᠮ ᠨᠡᠶᠢᠲᠡ ᠳᠤ ᠢᠯᠡ ᠪᠣᠯᠭᠠᠵᠤ᠂ ᠨᠡᠶᠢᠳᠡᠮ ᠪᠠᠶᠢᠴᠠᠭᠠᠯᠲᠠ ᠶᠢᠨ ᠣᠨ ᠤ ᠣᠶᠢᠯᠠᠪᠤᠷᠢ ᠶᠢ ᠨᠠᠶᠢᠷᠠᠭᠤᠯᠤᠨ ᠬᠡᠪᠯᠡᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠢᠯᠥᠭᠡᠲᠡᠶ ᠪᠣᠯᠭᠠᠬᠤ ᠠᠷᠭ᠎ᠠ ᠵᠠᠮ ᠪᠣᠯᠤᠨ ᠬᠠᠮᠲᠤᠪᠠᠷ ᠡᠳ᠋ᠯᠡᠬᠦ ᠠᠷᠭ᠎ᠠ ᠮᠠᠶ᠋ᠢᠭ ᠢ ᠥᠷᠭᠡᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠭᠡᠮ ᠳᠡᠭᠡᠷ᠎ᠡ ᠬᠠᠮᠲᠤᠪᠠᠷ  ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠬᠤ ᠬᠡᠷᠡᠭᠲᠡᠶ︔ ᠨᠥᠭᠦᠭᠡ ᠲᠠᠯ᠎ᠠ ᠪᠠᠷ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠦᠨᠵᠡᠭᠡᠶ ᠠᠭᠤᠳᠠᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠬᠤ ᠵᠢᠴᠢ ᠲᠠᠶᠢᠯᠪᠤᠷᠢᠯᠠᠨ ᠰᠤᠳᠤᠯᠬᠤ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠵᠦ᠂ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠡᠲᠡᠭᠡᠳ ᠲᠤ ᠦᠢᠯᠡᠴᠢᠯᠡᠬᠦ ᠬᠡᠷᠡᠭᠲᠡᠶ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号