2023 ᠣᠨ ᠳᠤ ᠪᠥᠬᠦ ᠣᠷᠣᠨ ᠤ ᠠᠵᠤ ᠠᠬᠤᠶ ᠰᠢᠨ᠎ᠡ ᠵᠠᠮ ᠢᠶᠠᠷ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠳᠠᠬᠢᠨ ᠪᠢᠴᠢᠭᠯᠡᠪᠡ
ᠨᠡᠶᠢᠲᠡᠯᠡᠭᠰᠡᠨ ᠴᠠᠭ᠄
2024/1/20
           ︵2024 ᠤᠨ ᠤ1 ᠰᠠᠷ᠎ᠠ ᠶᠢᠨ 19 ᠤ ᠡᠳᠦᠷ︶       ᠦᠪᠡᠷᠳᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ       ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠦᠪᠦᠷ ᠮᠤᠩᠭᠤᠯ ᠳᠠᠬᠢ       ᠪᠠᠶᠢᠴᠠᠭᠠᠯᠲᠠ ᠶᠢᠨ ᠶᠡᠷᠦᠩᠬᠡᠢ ᠠᠩᠬᠢ     2023 ᠣᠨ ᠳᠤ ᠪᠥᠬᠦ ᠣᠷᠣᠨ ᠤ ᠠᠵᠤ ᠠᠬᠤᠶ ᠰᠢᠨ᠎ᠡ ᠵᠠᠮ ᠢᠶᠠᠷ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠳᠠᠬᠢᠨ ᠪᠢᠴᠢᠭᠯᠡᠪᠡ    2023 ᠣᠨ᠂ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠭᠠᠳᠠᠭᠠᠳᠤ ᠣᠷᠴᠢᠨ ᠨᠥᠬᠦᠴᠡᠯ ᠪᠠ ᠠᠵᠤ ᠠᠬᠤᠶ ᠶᠢᠨ ᠰᠡᠷᠭᠦᠯᠲᠡ ᠶᠢᠨ ᠶᠠᠪᠤᠴᠠ ᠳᠠᠬᠢ ᠬᠦᠴᠢᠷ ᠪᠡᠷᠬᠡᠰᠢᠶᠡᠯ ᠬᠠᠷᠰᠢ ᠰᠠᠭᠠᠳ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠨᠠᠶᠢᠳᠠᠪᠤᠷᠢᠵᠢᠭᠤᠯᠬᠤ ᠪᠠᠷ ᠶᠡᠷᠦᠩᠬᠡᠶ ᠭᠠᠷᠳᠠᠴᠠ ᠪᠤᠯᠭᠠᠨ᠂ ︽ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ︾ ᠬᠠᠷᠠᠯᠲᠠ ᠶᠢᠨ ᠲᠤᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠥᠭᠡᠷᠡᠴᠢᠯᠡᠯᠲᠡ ᠬᠢᠵᠦ᠂ ᠬᠥᠭᠵᠢᠯᠲᠡ ᠶᠢ ᠠᠬᠢᠭᠤᠯᠤᠨ᠂ ᠢᠲᠡᠭᠡᠯ ᠵᠣᠷᠢᠭ ᠢᠶᠠᠨ ᠬᠦᠪᠴᠢᠯᠡᠵᠦ᠂ ᠣᠷᠴᠢᠨ ᠲᠣᠭᠤᠷᠢᠨ ᠢ ᠰᠢᠯᠢᠳᠡᠭᠵᠢᠬᠦᠯᠦᠨ᠂ ᠪᠦᠬᠦ ᠣᠷᠣᠨ ᠤ ᠠᠵᠤ ᠠᠬᠤᠢ ᠵᠣᠷᠢᠭᠲᠠᠢ ᠪᠠᠷ ᠰᠢᠨ᠎ᠡ ᠵᠠᠮ ᠨᠡᠬᠡᠬᠡᠨ᠂ ᠡᠷᠡᠯᠬᠡᠭᠯᠡᠨ ᠲᠡᠮᠡᠴᠡᠵᠦ᠂ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃    ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠪᠡᠯ᠂ 2023 ᠣᠨ ᠤ ᠪᠥᠬᠦ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 24627 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠲᠦᠷᠦᠭᠦᠦ ᠵᠢᠯ ᠤᠨ ᠬᠢ ᠠᠴᠠ 7.3% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2737 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 5.5% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 11704 ᠳ᠋ᠦᠩᠰᠢᠭᠤᠷ ᠲᠥᠭᠦᠷᠢᠭ ᠲᠤ ᠬᠦᠷᠴᠦ᠂ 8.1%  ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 10186 ᠳ᠋ᠦᠩᠰᠢᠭᠤᠷ ᠲᠥᠭᠦᠷᠢᠭ ᠲᠤ ᠬᠦᠷᠴᠦ᠂ 7.0% ᠪᠠᠷ ᠨᠡᠮᠡᠭᠳᠡᠪᠡ᠃    ᠠᠮᠤ ᠪᠤᠳᠠᠭ᠎ᠠ ᠲᠣᠭᠲᠠᠭᠤᠨ ᠢᠶᠠᠷ ᠡᠯᠪᠡᠭ ᠬᠤᠷᠢᠶᠠᠯᠲᠠ ᠣᠯᠵᠤ᠂ ᠮᠠᠯ ᠠᠵᠤ ᠠᠬᠤᠶ ᠦᠷᠭᠦᠯᠵᠢᠯᠡᠨ ᠨᠡᠮᠡᠭᠳᠡᠵᠦ᠂ ᠤᠮᠠᠷᠠᠲᠤ ᠬᠢᠯᠢ ᠶᠢᠨ ᠠᠮᠤ ᠪᠤᠳᠠᠭᠠᠨ ᠤ ᠬᠥᠮᠥᠷᠭᠡ ᠶᠢᠨ ᠨᠥᠭᠡᠴᠡ ᠬᠦᠴᠦ ᠨᠠᠩ ᠭᠦᠢᠴᠡᠳ ᠪᠣᠯᠪᠠ᠃     ᠠᠮᠤ ᠪᠤᠳᠠᠭ᠎ᠠ ᠲᠠᠷᠢᠬᠤ ᠲᠠᠯᠠᠪᠠᠢ ᠨᠡᠮᠡᠭᠳᠡᠯ ᠢᠶᠠᠨ ᠪᠠᠲᠤᠯᠠᠪᠠ᠃ 2023 ᠣᠨ ᠳᠤ᠂ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 10477.1 ᠲᠦᠮᠡᠨ ᠮᠥ ᠳᠤ ᠬᠦᠷᠴᠦ᠂ ᠳᠡᠭᠡᠷ᠎ᠡ ᠵᠢᠯ ᠤᠨ ᠬᠢ ᠠᠴᠠ 49.3 ᠲᠦᠮᠡᠨ ᠮᠥ ᠨᠡᠮᠡᠭᠳᠡᠪᠡ᠃ ᠠᠮᠤ ᠪᠤᠳᠠᠭᠠᠨ ᠤ ᠶᠡᠷᠦᠩᠬᠡᠶ ᠤᠨᠠᠯᠲᠠ ᠪᠠ ᠲᠠᠯᠠᠪᠠᠶ ᠨᠢᠭᠡᠴᠢ ᠶᠢᠨ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ ᠪᠦᠬᠦ ᠣᠷᠣᠨ ᠤ ᠠᠮᠤ ᠪᠤᠳᠠᠭᠠᠨ ᠤ ᠶᠡᠷᠦᠩᠬᠡᠶ ᠤᠨᠠᠯᠲᠠ 791.6 ᠳ᠋ᠦᠩᠰᠢᠭᠤᠷ ᠵᠢᠩ ᠪᠠᠶᠢᠵᠤ᠂ ᠳᠡᠭᠡᠷ᠎ᠡ ᠵᠢᠯ ᠤᠨ ᠬᠢ ᠠᠴᠠ 11.4 ᠳ᠋ᠦᠩᠰᠢᠭᠤᠷ ᠵᠢᠩ ᠨᠡᠮᠡᠭᠳᠡᠵᠦ᠂ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ︔ ᠠᠮᠤ ᠪᠤᠳᠠᠭᠠᠨ ᠤ ᠲᠠᠷᠢᠮᠠᠯ ᠤᠨ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠮᠥ ᠪᠦᠷᠢ ᠳᠤ 378 ᠺᠢᠯᠣᠭ᠍ᠷᠠᠮ ᠬᠦᠷᠴᠦ᠂ ᠳᠡᠭᠡᠷ᠎ᠡ ᠵᠢᠯ ᠤᠨ ᠬᠢ ᠠᠴᠠ ᠪᠠᠷᠤᠭ ᠮᠥ ᠪᠦᠷᠢ ᠳᠤ 4 ᠺᠢᠯᠣᠭ᠍ᠷᠠᠮ ᠳᠡᠭᠡᠭᠰᠢᠯᠡᠵᠡᠶ᠃ ᠮᠠᠯ ᠠᠵᠤ ᠠᠬᠤᠶ ᠶᠢᠨ ᠦᠢᠯᠡᠳᠪᠦᠷᠢᠯᠡᠯ ᠠᠷᠪᠠ ᠶᠢᠰᠦᠨ ᠵᠢᠯ ᠳᠠᠷᠠᠭᠠᠯᠠᠨ ᠲᠣᠭᠲᠠᠪᠤᠷᠢᠵᠢᠪᠠ᠃ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 285.4 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 2.7% ᠪᠠᠷ ᠨᠡᠮᠡᠭᠳᠡᠪᠡ᠃ ᠡᠭᠦᠨ ᠳᠤ᠂ ᠭᠠᠭ᠋ᠠᠶ ᠶᠢᠨ ᠮᠢᠬ᠎ᠠ 75.7 ᠲᠦᠮᠡᠨ ᠲᠣᠨ᠂ ᠦᠬᠡᠷ ᠤᠨ ᠮᠢᠬ᠎ᠠ 77.8 ᠲᠦᠮᠡᠨ ᠲᠣᠨ᠂ ᠬᠤᠨᠢᠨ ᠮᠢᠬ᠎ᠠ 108.8 ᠲᠦᠮᠡᠨ ᠲᠣᠨ᠂ ᠵᠢᠭᠦᠷᠲᠡᠨ ᠤ ᠮᠢᠬ᠎ᠠ 23.0 ᠲᠦᠮᠡᠨ ᠲᠣᠨ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠠᠬᠢᠴᠠ ᠲᠠᠢ ᠪᠣᠯᠪᠠ᠃ ᠪᠥᠬᠦ ᠣᠷᠣᠨ ᠤ ᠰᠠᠭᠠᠯᠢ ᠶᠢᠨ ᠦᠨᠢᠶ᠎ᠡ 168.7 ᠲᠦᠮᠡᠨ ᠲᠣᠯᠣᠭᠠᠶ ᠪᠠᠶᠢᠵᠤ᠂ ᠳᠡᠭᠡᠷ᠎ᠡ ᠵᠢᠯ ᠤᠨ ᠬᠢ ᠠᠴᠠ 6.1% ᠪᠠᠷ ᠨᠡᠮᠡᠭᠳᠡᠪᠡ︔ ᠦᠨᠢᠶᠡᠨ ᠰᠦ ᠶᠢᠨ ᠭᠠᠷᠤᠯᠲᠠ 792.6 ᠲᠦᠮᠡᠨ ᠲᠣᠨ ᠳᠤ ᠬᠦᠷᠴᠦ᠂ 8.0% ᠢᠶᠠᠷ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠴᠠᠭᠠᠨ ᠢᠳᠡᠭᠡᠨ ᠤ ᠭᠠᠷᠤᠯᠲᠠ 473.0 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 13.2% ᠢᠶᠠᠷ ᠨᠡᠮᠡᠭᠳᠡᠪᠡ᠃    ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠠᠭᠢᠵᠤ ᠶᠠᠰᠤ ᠴᠢᠨᠠᠷ ᠢ ᠳᠡᠭᠡᠭᠰᠢᠯᠡᠭᠦᠯᠦᠨ᠂ ᠬᠥᠳᠡᠯᠭᠡᠭᠴᠢ ᠡᠨᠧᠷᠭᠢ ᠶᠢᠨ ᠰᠣᠯᠢᠭᠳᠠᠯ ᠲᠦᠷᠭᠡᠳᠴᠦ᠂ ᠰᠠᠭᠤᠷᠢ ᠴᠢᠯᠠᠭᠤ ᠶᠢᠨ ᠦᠢᠯᠡᠳᠦᠯ ᠲᠣᠪᠤᠶᠢᠮ᠎ᠠ ᠢᠯᠡᠷᠡᠪᠡ᠃     2023 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 7.4% ᠪᠠᠷ ᠨᠡᠮᠡᠭᠳᠡᠪᠡ᠃ 38 ᠠᠵᠢᠯ ᠲᠥᠷᠥᠯ ᠤᠨ ᠶᠡᠭᠡ ᠲᠥᠷᠥᠯ ᠳᠣᠲᠣᠷ᠎ᠠ 30 ᠠᠵᠢᠯ ᠲᠥᠷᠥᠯ ᠤᠨ ᠬᠢᠨᠢ ᠨᠡᠮᠡᠭᠳᠡᠯ ᠲᠠᠢ ᠪᠣᠯᠪᠠ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 2.1% ᠪᠠᠷ ᠨᠡᠮᠡᠭᠳᠡᠵᠦ᠂ ᠦᠢᠯᠡᠳᠬᠦ ᠦᠢᠯᠡᠰ 11.7% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 16.3% ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠲᠦᠷᠦᠭᠦᠦ ᠵᠢᠯ ᠤᠨ ᠬᠢ ᠠᠴᠠ 8.0% ᠨᠡᠮᠡᠭᠳᠡᠵᠡᠶ︔ ᠬᠤᠪᠢ ᠣᠷᠣᠭᠤᠯᠤᠯᠲᠠ ᠶᠢᠨ ᠳᠦᠷᠢᠮᠲᠦ ᠠᠵᠤ ᠠᠬᠤᠶᠢᠯᠠᠯ 7.2% ᠢᠶᠠᠷ ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 17.7% ᠪᠠᠷ ᠨᠡᠮᠡᠭᠳᠡᠪᠡ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠲᠦᠷᠭᠡᠳᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 13.5% ᠪᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ 9.6% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 11.4% ᠪᠠᠷ ᠨᠡᠮᠡᠭᠳᠡᠵᠦ᠂ ᠬᠤᠪᠣᠷ ᠰᠢᠷᠣᠶ ᠶᠢᠨ ᠠᠵᠤ ᠦᠢᠯᠡᠰ 21.0% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠰᠢᠨ᠎ᠡ ᠦᠢᠯᠡᠳᠬᠦᠨ ᠤ ᠭᠠᠷᠤᠯᠲᠠ ᠶᠢᠨ ᠳᠣᠲᠣᠷ᠎ᠠ᠂ ᠲᠠᠩ ᠲᠠᠯᠠᠰᠲᠤ ᠴᠠᠬᠢᠭᠤᠷ 58.9 ᠲᠦᠮᠡᠨ ᠲᠣᠨ ᠳᠤ ᠬᠦᠷᠴᠦ᠂ 42.3% ᠪᠠᠷ ᠨᠡᠮᠡᠭᠳᠡᠪᠡ︔ ᠬᠤᠪᠣᠷ ᠰᠢᠷᠣᠶ ᠶᠢᠨ ᠨᠢᠭᠡᠳᠪᠦᠷᠢ 11.0 ᠲᠦᠮᠡᠨ ᠲᠣᠨ ᠪᠠᠶᠢᠵᠤ᠂ ᠳᠡᠭᠡᠷ᠎ᠡ ᠵᠢᠯ ᠤᠨ ᠬᠢ ᠲᠠᠢ ᠲᠡᠩᠴᠡᠪᠡ︔ ᠨᠡᠭᠦᠷᠡᠰᠦ ᠪᠠᠷ ᠠᠯᠺᠧᠨ ᠬᠢᠵᠦ᠂ 11.5% ᠪᠠᠷ ᠨᠡᠮᠡᠭᠳᠡᠪᠡ᠃ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ᠃ ᠡᠨᠧᠷᠭᠢ ᠶᠢᠨ ᠰᠤᠷᠪᠤᠯᠵᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 4.4% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠨᠡᠭᠦᠷᠡᠰᠦᠨ ᠤ ᠭᠠᠷᠤᠯᠲᠠ 12.1 ᠳ᠋ᠦᠩᠰᠢᠭᠤᠷ ᠲᠣᠨ ᠳᠤ ᠬᠦᠷᠴᠦ᠂ ᠴᠠᠬᠢᠯᠭᠠᠨ ᠭᠠᠷᠭᠠᠭᠰᠠᠨ ᠬᠡᠮᠵᠢᠶ᠎ᠡ 7450.5 ᠳ᠋ᠦᠩᠰᠢᠭᠤᠷ ᠺᠢᠯᠤᠸᠠᠲ ᠴᠠᠭ ᠪᠣᠯᠪᠠ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠰᠦᠨ ᠮᠢᠩᠭᠠᠨ ᠲᠦᠮᠡᠨ ᠺᠢᠯᠤᠸᠠᠲ ᠢᠳᠠᠪᠠᠵᠤ᠂ 9322.6 ᠲᠦᠮᠡᠨ ᠺᠢᠯᠤᠸᠠᠲ ᠲᠤ ᠬᠦᠷᠴᠦ᠂ ᠲᠦᠷᠦᠭᠦᠦ ᠵᠢᠯ ᠤᠨ ᠡᠴᠦᠰ ᠤᠨ ᠬᠢ ᠠᠴᠠ 50.8% ᠪᠠᠷ ᠨᠡᠮᠡᠭᠳᠡᠪᠡ᠃ ᠠᠵᠤ ᠠᠬᠤᠶᠢᠯᠠᠯ ᠤᠨ ᠦᠷ᠎ᠡ ᠠᠰᠢᠭ ᠠᠴᠠ ᠦᠵᠡᠪᠡᠯ᠂ 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠪᠥᠬᠦ ᠲᠤᠭ᠎ᠠ 2936.7 ᠳ᠋ᠦᠩᠰᠢᠭᠤᠷ ᠲᠥᠭᠦᠷᠢᠭ ᠲᠤ ᠬᠥᠷᠪᠡ᠃    ᠭᠤᠤᠯᠳᠠᠯᠭ᠎ᠠ ᠲᠠᠢ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠶ᠂ ᠡᠵᠡᠩᠨᠡᠯᠲᠡ ᠶᠢᠨ ᠦᠷ᠎ᠡ ᠠᠰᠢᠭ ᠢᠯᠡᠳᠲᠡ ᠰᠠᠶᠢᠵᠢᠷᠠᠵᠤ᠂ ᠦᠢᠯᠡᠴᠢᠯᠡᠭᠡᠨ ᠤ ᠦᠢᠯᠡᠰ ᠲᠦᠷᠭᠡᠨ ᠰᠡᠷᠭᠦᠪᠡ᠃     2023 ᠣᠨ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 7.0% ᠢᠶᠠᠷ ᠨᠡᠮᠡᠭᠳᠡᠵᠦ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ ᠨᠢ 41.4% ᠪᠣᠯᠵᠠᠶ᠃ ᠭᠤᠤᠯᠳᠠᠯᠭ᠎ᠠ ᠲᠠᠢ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠶ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 4.8% ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠬᠢ 10.0% ᠪᠠᠷ ᠨᠡᠮᠡᠭᠳᠡᠵᠦ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠢ 20.8% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠬᠢ 9.0% ᠪᠠᠷ ᠨᠡᠮᠡᠭᠳᠡᠵᠦ᠂ ᠪᠤᠰᠤᠳ ᠦᠢᠯᠡᠴᠢᠯᠡᠭᠡᠨ ᠤ ᠦᠢᠯᠡᠰ ᠤᠨ ᠬᠢ 6.1% ᠪᠠᠷ ᠨᠡᠮᠡᠭᠳᠡᠪᠡ᠃ ᠠᠵᠤ ᠠᠬᠤᠶᠢᠯᠠᠯ ᠤᠨ ᠦᠷ᠎ᠡ ᠠᠰᠢᠭ ᠲᠦᠷᠭᠡᠨ ᠨᠡᠮᠡᠭᠳᠡᠪᠡ᠃ 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠪᠡ᠃ 10 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠴᠥᠮ ᠨᠡᠮᠡᠭᠳᠡᠪᠡ᠃ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 6.8% ᠪᠠᠷ ᠨᠡᠮᠡᠭᠳᠡᠵᠦ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ 13.8 % ᠪᠠᠷ ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 17.5% ᠪᠠᠷ ᠨᠡᠮᠡᠭᠳᠡᠵᠦ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ 17.2% ᠢᠶᠠᠷ ᠨᠡᠮᠡᠭᠳᠡᠪᠡ᠃    ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠷᠴᠢᠮ ᠴᠢᠩᠭᠠᠷᠠᠵᠤ᠂ ᠪᠦᠲᠦᠮᠵᠢᠲᠡᠶ ᠪᠠᠯᠠ ᠣᠷᠣᠭᠤᠯᠤᠯᠲᠠ ᠦᠷᠭᠦᠯᠵᠢᠯᠡᠨ ᠥᠷᠭᠡᠳᠴᠦ᠂ ᠴᠢᠨᠠᠷ ᠰᠠᠶᠢᠲᠠᠶ ᠬᠥᠭᠵᠢᠯᠲᠡ ᠶᠢᠨ ᠨᠥᠭᠡᠴᠡ ᠬᠦᠴᠦᠨ ᠨᠠᠩ ᠭᠦᠢᠴᠡᠳ ᠪᠣᠯᠪᠠ᠃   2023 ᠣᠨ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠲᠦᠷᠦᠭᠦᠦ ᠵᠢᠯ ᠤᠨ ᠬᠢ ᠠᠴᠠ 19.8% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 8.6% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 33.1% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 4.4% ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠶ ᠪᠠᠶᠢᠵᠤ᠂ ᠲᠦᠷᠦᠭᠦᠦ ᠵᠢᠯ ᠤᠨ ᠬᠢ ᠠᠴᠠ 46.4% ᠪᠠᠷ ᠨᠡᠮᠡᠭᠳᠡᠪᠡ᠃ ᠡᠭᠦᠨ ᠳᠤ᠂ ᠴᠠᠬᠢᠯᠭᠠᠨ ᠮᠧᠬᠠᠨᠢᠭ ᠵᠢᠴᠢ ᠪᠠᠭᠠᠵᠢ ᠬᠡᠷᠡᠭᠰᠡᠯ ᠦᠢᠯᠡᠳᠬᠦ ᠦᠢᠯᠡᠰ᠂ ᠮᠡᠳᠡᠭᠡ ᠬᠤᠯᠪᠣᠭᠠᠨ ᠤ ᠲᠥᠬᠦᠭᠡᠷᠦᠮᠵᠢ᠂ ᠺᠣᠮᠫᠢᠦ᠋ᠲ᠋ᠧᠷ ᠵᠢᠴᠢ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠲᠣᠰ ᠲᠣᠰ 157.2% ᠪᠠ 109.8% ᠪᠠᠷ ᠨᠡᠮᠡᠭᠳᠡᠪᠡ᠃ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠲᠦᠷᠦᠭᠦᠦ ᠵᠢᠯ ᠤᠨ ᠬᠢ ᠠᠴᠠ 12.0% ᠢᠶᠠᠷ ᠨᠡᠮᠡᠭᠳᠡᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 1.5% ᠪᠠᠷ ᠪᠠᠭᠤᠷᠠᠪᠠ᠃ ᠪᠡᠯᠡ ᠣᠷᠣᠭᠤᠯᠤᠯᠲᠠ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠦᠭᠦᠦ ᠵᠢᠯ ᠤᠨ ᠬᠢ ᠠᠴᠠ 84.5% ᠪᠠᠷ ᠨᠡᠮᠡᠭᠳᠡᠪᠡ᠃ ᠡᠭᠦᠨ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 123.7% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 36.6% ᠪᠠᠷ ᠨᠡᠮᠡᠭᠳᠡᠪᠡ᠃ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 70.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 50.3 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃    ᠲᠥᠷᠥ ᠶᠢᠨ ᠪᠣᠳᠣᠯᠭ᠎ᠠ ᠶᠢᠨ ᠦᠢᠯᠡᠳᠦᠯ ᠦᠷᠭᠦᠯᠵᠢᠯᠡᠨ ᠢᠯᠡᠷᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠰᠠᠶᠢᠵᠢᠷᠠᠪᠠ᠃     2023 ᠣᠨ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 5374.3 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 8.1% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4739.6 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 8.0% ᠢᠶᠠᠷ ᠨᠡᠮᠡᠭᠳᠡᠵᠡᠢ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 634.7 ᠳ᠋ᠦᠩᠰᠢᠭᠤᠷ ᠲᠥᠭᠦᠷᠢᠭ ᠲᠤ ᠬᠦᠷᠴᠦ᠂ 9.2% ᠢᠶᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 4707.9 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.8% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 666.4 ᠳ᠋ᠦᠩᠰᠢᠭᠤᠷ ᠲᠥᠭᠦᠷᠢᠭ ᠲᠤ ᠬᠦᠷᠴᠦ᠂ 18.4% ᠪᠠᠷ ᠨᠡᠮᠡᠭᠳᠡᠪᠡ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠯᠡᠭᠡᠨ ᠤ ᠬᠡᠷᠡᠭᠴᠡᠭᠡ ᠶᠡᠭᠡ ᠪᠠᠷ ᠨᠡᠮᠡᠭᠳᠡᠪᠡ᠃ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 449.0 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 22.1% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠳᠤ ᠡᠵᠡᠯᠡᠬᠦ ᠬᠤᠪᠢ ᠶᠢᠨ ᠵᠢᠩ ᠨᠢ 8.4% ᠳᠤ ᠬᠦᠷᠴᠦ᠂ ᠲᠦᠷᠦᠭᠦᠦ ᠵᠢᠯ ᠤᠨ ᠬᠢ ᠠᠴᠠ 1.5 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠠᠸᠠᠷ ᠤᠨ ᠲᠤᠭ᠎ᠠ ᠳᠡᠭᠡᠷ᠎ᠡ ᠵᠢᠯ ᠤᠨ ᠬᠢ ᠠᠴᠠ 87.5% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠪᠠ ᠳᠡᠰ ᠳᠡᠪᠰᠢᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠦᠷᠦᠭᠦᠦ ᠵᠢᠯ ᠤᠨ ᠬᠢ ᠠᠴᠠ 27.4% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠥᠷᠥᠯ 34.1% ᠪᠠᠷ ᠨᠡᠮᠡᠭᠳᠡᠵᠦ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ 28.5% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ 17.2% ᠢᠶᠠᠷ ᠨᠡᠮᠡᠭᠳᠡᠪᠡ᠃    ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠪᠠᠭᠤᠷᠠᠵᠤ᠂ ᠵᠠᠬ᠎ᠠ ᠳᠡᠯᠭᠡᠭᠦᠷ ᠤᠨ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠪᠤᠷᠢᠵᠢᠪᠠ᠃     ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠢᠶᠠᠷ ᠥᠰᠪᠡ᠃ 2023 ᠣᠨ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠲᠦᠷᠦᠭᠦᠦ ᠵᠢᠯ ᠤᠨ ᠬᠢ ᠠᠴᠠ ᠪᠠᠨ 0.6% ᠪᠠᠷ ᠥᠰᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠬᠥᠳᠡᠭᠡ ᠴᠥᠮ 0.6% ᠪᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠢᠮᠠᠨ ᠶᠡᠭᠡ ᠲᠥᠷᠥᠯ ᠤᠨ ᠲᠠᠸᠠᠷ ᠵᠢᠴᠢ ᠦᠢᠯᠡᠴᠢᠯᠡᠭᠡᠨ ᠤ ᠦᠨ᠎ᠡ ᠬᠠᠩᠰᠢ ︽ᠳᠣᠯᠤᠭ᠎ᠠ ᠨᠡᠮᠡᠭᠳᠡᠵᠦ ᠨᠢᠭᠡ ᠪᠠᠭᠤᠷᠠᠬᠤ︾ ᠪᠠᠶᠢᠳᠠᠯ ᠲᠠᠢ ᠪᠠᠶᠢᠨ᠎ᠠ᠃ ᠡᠭᠦᠨ ᠳᠤ᠂ ᠢᠳᠡᠭᠡᠨ ᠪᠠ ᠠᠷᠢᠬᠢ ᠲᠠᠮᠠᠬᠢ ᠶᠢᠨ ᠦᠨ᠎ᠡ 0.6% ᠪᠠᠷ ᠥᠰᠴᠦ᠂ ᠬᠤᠪᠴᠠᠰᠤ ᠬᠤᠨᠠᠷ ᠤᠨ ᠦᠨ᠎ᠡ 1.2% ᠢᠶᠠᠷ ᠥᠰᠴᠦ᠂ ᠣᠷᠣᠨ ᠰᠠᠭᠤᠴᠠ ᠶᠢᠨ ᠦᠨ᠎ᠡ 0.1% ᠪᠠᠷ ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ 0.5% ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠦᠨ᠎ᠡ 2.0% ᠪᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ 1.5% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ 3.3% ᠪᠠᠷ ᠥᠰᠴᠦ᠂ ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ 3.5% ᠪᠠᠷ ᠥᠰᠴᠡᠶ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠪᠠᠭᠤᠷᠠᠪᠠ᠃ 2023 ᠣᠨ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠲᠦᠷᠦᠭᠦᠦ ᠵᠢᠯ ᠤᠨ ᠬᠢ ᠠᠴᠠ ᠪᠠᠨ 7.9% ᠪᠠᠷ ᠪᠠᠭᠤᠷᠠᠪᠠ᠃ ᠡᠭᠦᠨ ᠳᠤ᠂ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢ ᠠᠴᠠ ᠭᠠᠷᠭᠠᠬᠤ ᠦᠨ᠎ᠡ 8.5% ᠪᠠᠷ ᠪᠠᠭᠤᠷᠠᠵᠤ᠂ ᠠᠮᠢᠳᠤᠷᠠᠯ ᠤᠨ ᠬᠡᠷᠡᠭᠰᠡᠯ ᠤᠨ ᠦᠢᠯᠡᠳᠪᠦᠷᠢ ᠠᠴᠠ ᠭᠠᠷᠭᠠᠬᠤ ᠦᠨ᠎ᠡ 1.4% ᠪᠠᠷ ᠪᠠᠭᠤᠷᠠᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ ᠤᠨ ᠬᠢ ᠠᠴᠠ 7.0% ᠪᠠᠭᠤᠷᠠᠵᠠᠢ᠃    ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠲᠠᠰᠤᠷᠠᠯᠲᠠ ᠤᠢᠭᠡᠢ ᠳᠡᠭᠡᠭᠰᠢᠯᠡᠪᠡ᠃     2023 ᠣᠨ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38130 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.1% ᠪᠠᠷ ᠨᠡᠮᠡᠭᠳᠡᠪᠡ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠠᠶ᠃ ᠪᠥᠬᠦ ᠣᠷᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 48676 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.1% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21221 ᠲᠥᠭᠦᠷᠢᠭ ᠲᠤ ᠬᠦᠷᠴᠦ᠂ 8.0% ᠢᠶᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.29 ᠪᠣᠯᠵᠣ᠂ ᠳᠡᠭᠡᠷ᠎ᠡ ᠵᠢᠯ ᠤᠨ ᠬᠢ ᠠᠴᠠ 0.07 ᠪᠠᠭᠠᠰᠪᠠ᠃    ᠶᠡᠷᠦᠩᠬᠡᠶ ᠳᠤᠨᠢ ᠠᠪᠴᠤ ᠦᠵᠡᠪᠡᠯ᠂ ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠳᠠᠭᠠᠭᠤᠯᠭ᠎ᠠ ᠳᠤᠤᠷ᠎ᠠ᠂ ᠪᠥᠬᠦ ᠣᠷᠣᠨ ᠳᠠᠶᠠᠭᠠᠷ ᠢᠮᠠᠭᠲᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠳᠬᠢᠯ ᠨᠢᠭᠡᠳᠦᠨ ᠬᠥᠭᠵᠢᠯᠲᠡ ᠶᠢ ᠰᠦᠪᠡᠭᠴᠢᠯᠡᠵᠦ᠂ ᠡᠷᠡᠮᠡᠬᠡᠶᠢᠯᠡᠨ ᠤᠷᠤᠭᠰᠢᠯᠠᠵᠤ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ︽ᠬᠤᠷᠳᠤᠳᠬᠠᠯ︾ ᠢ ᠪᠡᠶᠡᠯᠡᠭᠦᠯᠵᠦ᠂ ᠬᠥᠭᠵᠢᠯᠲᠡ ᠶᠢ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ᠃ ᠳᠠᠷᠠᠭ᠎ᠠ ᠠᠯᠬᠤᠮ  ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ︽ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠢᠲᠡᠭᠡᠯ ᠵᠣᠷᠢᠭ ᠢᠶᠠᠨᠬᠥᠪᠴᠢᠯᠡᠬᠦ᠂ ᠭᠤᠣᠯᠳᠠᠯᠭ᠎ᠠ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠰᠦᠭᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号