ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ ᠶᠢ ᠬᠡᠷᠡᠭᠵᠢᠭᠦᠯᠬᠦ ᠳᠦᠷᠢᠮ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ︵ᠳᠣᠷᠣᠭᠰᠢ ᠲᠤᠭ᠎ᠠ ᠪᠦᠷᠢᠳᠬᠡᠯ ᠤᠨ ᠬᠠᠤᠯᠢ ᠭᠡᠵᠦ ᠲᠣᠪᠴᠢᠯᠠᠨ᠎ᠠ︶ ᠶᠢ ᠦᠨᠳᠦᠰᠦᠯᠡᠨ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠵᠠᠰᠠᠭ ᠵᠠᠬᠢᠷᠭᠠᠨ ᠤ ᠲᠡᠮᠳᠡᠭᠯᠡᠯ ᠢᠶᠠᠷ ᠳᠠᠮᠵᠢᠵᠤ | ᠣᠯᠤᠭᠰᠠᠨ ᠪᠣᠯ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠬᠤ ᠦᠭᠡᠶ᠃ ᠦᠯᠢᠭᠡᠷ ᠠᠪᠴᠤ | ᠪᠠᠶᠢᠴᠠᠭᠠᠬᠤ ᠪᠠᠷ ᠳᠠᠮᠵᠢᠨ᠂ ᠭᠤᠤᠯᠳᠠᠯᠭ᠎ᠠ ᠲᠠᠢ ᠪᠠᠶᠢᠴᠠᠭᠠᠯᠲᠠ ᠨᠢ ᠲᠤᠭ᠎ᠠ ᠪᠦᠷᠢᠳᠬᠡᠯ ᠤᠨ ᠬᠡᠷᠡᠭᠴᠡᠭᠡ ᠶᠢ | ᠬᠠᠩᠭᠠᠵᠤ ᠳᠡᠶᠢᠯᠪᠡᠯ᠂ ᠪᠦᠬᠦ ᠲᠠᠯ᠎ᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠬᠤ | ᠦᠭᠡᠶ᠃ | ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠭ᠎ᠠ ᠪᠦᠷᠢᠳᠬᠡᠯ ᠤᠨ ᠵᠢᠮ᠎ᠡ | ᠶᠣᠰᠣᠨ ᠤ ᠰᠤᠳᠤᠯᠭᠠᠨ ᠢ ᠴᠢᠩᠭᠠᠳᠬᠠᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠵᠡᠷᠭᠡ ᠶᠢᠨ ᠲᠤᠭ᠎ᠠ | ᠪᠦᠷᠢᠳᠬᠡᠯ ᠢ ᠲᠡᠭᠦᠯᠳᠡᠷᠵᠢᠭᠦᠯᠦᠨ᠂ ᠠᠵᠤ ᠠᠬᠤᠢ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ᠂ ᠡᠬᠢ ᠪᠠᠶᠠᠯᠢᠭ | ᠪᠣᠯᠤᠨ ᠣᠷᠴᠢᠨ ᠠᠬᠤᠢ ᠶᠢᠨ ᠲᠤᠭ᠎ᠠ ᠪᠦᠷᠢᠳᠬᠡᠯ ᠢ ᠲᠡᠭᠦᠯᠳᠡᠷᠵᠢᠭᠦᠯᠵᠦ᠂ ᠢᠨᠲ᠋ᠧᠷ ᠰᠦᠯᠵᠢᠶ᠎ᠡ᠂ ᠶᠡᠭᠡ ᠲᠤᠭ᠎ᠠ | ᠪᠠᠷᠢᠮᠲᠠ᠂ ᠡᠭᠦᠯᠡᠨ ᠪᠤᠳᠤᠯᠳᠠ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠲᠤᠭ᠎ᠠ | ᠪᠦᠷᠢᠳᠬᠡᠯ ᠤᠨ ᠠᠵᠢᠯ ᠤᠨ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠡᠷᠡᠭᠴᠡᠭᠡ ᠶᠢ ᠬᠠᠩᠭᠠᠬᠤ ᠬᠡᠷᠡᠭᠲᠡᠢ᠃ | ᠳᠥᠷᠪᠡᠳᠦᠭᠡᠷ ᠵᠦᠢᠯ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ | ᠨᠢᠭᠡᠴᠡ ᠶᠢᠨ ᠢᠶᠠᠨ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠢᠶᠠᠷ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ | ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ | ᠲᠤᠭ᠎ᠠ ᠪᠦᠷᠢᠳᠬᠡᠯ ᠤᠨ ᠬᠠᠤᠯᠢ ᠪᠣᠯᠤᠨ ᠲᠤᠰ ᠳᠦᠷᠢᠮ ᠤᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ | ᠵᠢᠴᠢ ᠬᠠᠷᠢᠭᠤᠴᠠᠯᠭᠠᠲᠠᠨ ᠲᠤᠭ᠎ᠠ ᠪᠦᠷᠢᠳᠬᠡᠯ ᠤᠨ ᠠᠵᠢᠯᠯᠠᠭ᠎ᠠ ᠶᠢᠨ ᠬᠠᠤᠯᠢ ᠶᠣᠰᠣᠭᠠᠷ ᠶᠠᠪᠤᠭᠳᠠᠬᠤ ᠶᠢ ᠪᠠᠲᠤᠯᠠᠬᠤ | ᠬᠡᠷᠡᠭᠲᠡᠶ᠂ ᠲᠤᠭ᠎ᠠ ᠪᠦᠷᠢᠳᠬᠡᠯ ᠤᠨ ᠪᠠᠶᠢᠭᠤᠯᠤᠮᠵᠢ᠂ ᠲᠤᠭ᠎ᠠ ᠪᠦᠷᠢᠳᠬᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ | ᠪᠠᠶᠢᠴᠠᠭᠠᠯᠲᠠ᠂ ᠲᠤᠭ᠎ᠠ ᠪᠦᠷᠢᠳᠬᠡᠯ ᠤᠨ ᠮᠡᠳᠡᠭᠦᠯᠦᠯᠲᠡ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢᠨ ᠡᠷᠬᠡ | ᠲᠤᠰᠢᠶᠠᠯ ᠳᠤ ᠬᠠᠯᠳᠠᠵᠤ ᠪᠣᠯᠬᠤ ᠦᠭᠡᠶ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠲᠤᠭ᠎ᠠ | ᠪᠦᠷᠢᠳᠬᠡᠯ ᠤᠨ ᠮᠠᠲ᠋ᠧᠷᠢᠶᠠᠯ ᠬᠠᠩᠭᠠᠬᠤ ᠳᠤ ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠶ᠂ ᠲᠤᠭ᠎ᠠ | ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠯᠬᠤ ᠦᠭᠡᠶ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠨᠢ ᠲᠤᠭ᠎ᠠ ᠪᠦᠷᠢᠳᠬᠡᠯ ᠤᠨ ᠬᠠᠤᠯᠢ ᠪᠣᠯᠤᠨ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠦᠨᠡᠨ ᠪᠣᠳᠠᠲᠠᠶ᠂ | ᠣᠨᠣᠪᠴᠢᠲᠠᠶ᠂ ᠪᠦᠷᠢᠨ ᠭᠦᠢᠴᠡᠳ᠂ ᠴᠠᠭ ᠲᠤᠬᠠᠶ ᠳᠤᠨᠢ ᠬᠠᠩᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ | ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠡᠪᠴᠢᠵᠦ᠂ ᠬᠤᠷᠢᠭᠯᠠᠬᠤ ᠬᠡᠷᠡᠭᠲᠡᠶ᠃ | ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠰᠢᠭ ᠬᠤᠨᠵᠢᠪᠣᠷᠢ ᠶᠢᠨ | ᠴᠢᠨᠠᠷᠲᠠᠶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠬᠤ ᠦᠭᠡᠶ᠃ | ᠤᠯᠤᠰ ᠠᠴᠠ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠡᠶᠢᠭᠡᠮ ᠠᠴᠠ ᠦᠢᠯᠡᠴᠢᠯᠡᠭᠡ | ᠬᠤᠳᠠᠯᠳᠤᠨ ᠠᠪᠬᠤ ᠪᠠᠷ ᠳᠠᠮᠵᠢᠭᠤᠯᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠮᠠᠲ᠋ᠧᠷᠢᠶᠠᠯ ᠤᠨ ᠨᠡᠭᠡᠭᠡᠨ | ᠬᠥᠭᠵᠢᠭᠦᠯᠦᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠲᠥᠯᠥᠪᠯᠡᠭᠡ ᠲᠠᠢ ᠪᠠᠷ ᠠᠬᠢᠭᠤᠯᠤᠨ᠎ᠠ᠃ | ᠬᠤᠶᠠᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ | ᠵᠢᠷᠭᠤᠳᠤᠭᠠᠷ ᠵᠦᠢᠯ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ | ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠭᠤᠣᠯ ᠠᠭᠤᠯᠭ᠎ᠠ ᠨᠢ | ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠠᠭᠤᠯᠭ᠎ᠠ ᠯᠤᠭ᠎ᠠ ᠳᠠᠪᠬᠤᠷᠳᠠᠵᠤ᠂ | ᠵᠥᠷᠢᠴᠡᠯ ᠲᠠᠢ ᠪᠠᠶᠢᠵᠤ ᠪᠣᠯᠬᠤ ᠦᠭᠡᠶ᠃ | ᠳᠣᠯᠣᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠲᠣᠭᠲᠠᠭᠠᠬᠤ | ᠪᠠᠶᠢᠭᠤᠯᠭ᠎ᠠ ︵ᠳᠣᠷᠣᠭᠰᠢ ᠲᠣᠭᠲᠠᠭᠠᠬᠤ ᠪᠠᠶᠢᠭᠤᠯᠭ᠎ᠠ ᠭᠡᠵᠦ ᠲᠣᠪᠴᠢᠯᠠᠨ᠎ᠠ︶ ᠠᠴᠠ ᠲᠥᠷᠥᠯ ᠵᠦᠢᠯ ᠤᠨ ᠴᠢᠬᠤᠯᠠ | ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠤᠨ ᠲᠤᠬᠠᠶ ᠨᠤᠲᠠᠯᠠᠯᠲᠠ ᠬᠢᠵᠦ᠂ ᠬᠤᠯᠪᠣᠭᠳᠠᠯ | ᠪᠦᠬᠦᠢ ᠣᠷᠣᠨ ᠨᠤᠲᠤᠭ᠂ ᠰᠠᠯᠠᠭ᠎ᠠ ᠮᠥᠴᠢᠷ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠪᠣᠯᠤᠨ | ᠲᠤᠰᠬᠠᠶ ᠮᠡᠷᠭᠡᠵᠢᠯᠲᠡᠨ ᠤ ᠰᠠᠨᠠᠯ ᠢ ᠬᠤᠷᠢᠶᠠᠬᠤ ᠶᠢᠨ ᠬᠠᠮᠲᠤ ᠲᠣᠭᠲᠠᠭᠠᠬᠤ ᠪᠠᠶᠢᠭᠤᠯᠭ᠎ᠠ ᠠᠴᠠ ᠬᠤᠷᠠᠯ ᠤᠨ | ᠳᠦᠷᠢᠮ ᠤᠨ ᠶᠣᠰᠣᠭᠠᠷ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠶ᠃ | ᠴᠢᠬᠤᠯᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠲᠤᠷᠰᠢᠯᠲᠠ ᠬᠢᠬᠦ ᠬᠡᠷᠡᠭᠲᠡᠶ᠃ | ᠨᠠᠢᠮᠠᠳᠤᠭᠠᠷ ᠵᠦᠢᠯ ᠲᠣᠭᠲᠠᠭᠠᠬᠤ ᠪᠠᠶᠢᠭᠤᠯᠭ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠳᠤ᠂ ᠠᠯᠪᠠᠨ ᠪᠢᠴᠢᠭ ᠤᠨ ᠬᠡᠯᠪᠡᠷᠢ ᠪᠠᠷ ᠬᠢᠨᠠᠨ ᠵᠥᠪᠰᠢᠶᠡᠷᠡᠬᠦ | ᠪᠠᠶᠢᠭᠤᠯᠭ᠎ᠠ ᠳᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ | ᠭᠤᠶᠤᠴᠢᠯᠠᠯ ᠤᠨ ᠬᠦᠰᠦᠨᠦᠭᠲᠦ᠂ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ | ᠪᠣᠯᠤᠨ ᠠᠵᠢᠯ ᠤᠨ ᠵᠠᠷᠤᠳᠠᠯ ᠤᠨ ᠢᠷᠡᠯᠲᠡ ᠶᠢᠨ ᠲᠣᠳᠣᠷᠬᠠᠶᠢᠯᠠᠯᠲᠠ ᠪᠠᠨ ᠲᠤᠰᠢᠶᠠᠬᠤ ᠬᠡᠷᠡᠭᠲᠡᠶ᠃ | ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ | ᠨᠡᠶᠢᠴᠡᠬᠦ ᠦᠭᠡᠢ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠢ | ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠢ᠂ ᠲᠣᠭᠲᠠᠭᠠᠭᠰᠠᠨ ᠪᠠᠶᠢᠭᠤᠯᠭ᠎ᠠ ᠨᠢ ᠬᠢᠨᠠᠨ | ᠵᠥᠪᠰᠢᠶᠡᠷᠡᠬᠦ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠨᠥᠬᠦᠪᠥᠷᠢᠯᠡᠨ ᠵᠠᠯᠠᠷᠠᠭᠤᠯᠬᠤ ᠬᠡᠷᠡᠭᠲᠡᠢ᠃ | ᠭᠤᠶᠤᠴᠢᠯᠠᠬᠤ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠵᠦ | ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ | ᠶᠢᠰᠦᠳᠦᠭᠡᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠳᠣᠣᠷᠠᠬᠢ | ᠨᠥᠬᠦᠴᠡᠯ ᠳᠤ ᠨᠡᠶᠢᠴᠡᠪᠡᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠵᠥᠪᠰᠢᠶᠡᠷᠡᠬᠦ ᠪᠢᠴᠢᠭᠯᠡᠭᠰᠡᠨ ᠲᠣᠭᠲᠠᠭᠠᠯ ᠭᠠᠷᠭᠠᠬᠤ | ᠬᠡᠷᠡᠭᠲᠡᠶ᠄ | ︵ᠨᠢᠭᠡ︶ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠲᠠᠢ ᠪᠤᠶᠤ ᠣᠯᠠᠨ ᠨᠡᠶᠢᠲᠡ ᠶᠢᠨ ᠬᠠᠮᠢᠶᠠᠷᠤᠯᠲᠠ ᠪᠣᠯᠤᠨ | ᠦᠢᠯᠡᠴᠢᠯᠡᠭᠡ ᠳᠤ ᠵᠠᠪᠠᠯ ᠱᠠᠭᠠᠷᠳᠠᠭᠳᠠᠬᠤ ᠵᠦᠢᠯ︔ | ︵ᠬᠤᠶᠠᠷ︶ ᠨᠢᠭᠡᠨᠲᠡ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠤᠨ ᠭᠤᠤᠯ ᠠᠭᠤᠯᠭ᠎ᠠ ᠯᠤᠭ᠎ᠠ ᠳᠠᠪᠬᠤᠴᠠᠬᠤ ᠦᠭᠡᠶ᠂ ᠵᠥᠷᠢᠴᠡᠯ ᠦᠭᠡᠶ︔ | ︵ᠭᠤᠷᠪᠠ︶ ᠭᠤᠣᠯ ᠪᠣᠯᠬᠤ ᠲᠤᠭ᠎ᠠ ᠪᠦᠷᠢᠳᠬᠡᠯ ᠤᠨ ᠭᠦᠢᠴᠡᠳᠬᠡᠬᠦ ᠲᠤᠭ᠎ᠠ ᠶᠢ ᠵᠠᠰᠠᠭ ᠵᠠᠬᠢᠷᠭᠠᠨ ᠤ ᠲᠡᠮᠳᠡᠭᠯᠡᠯ | ᠪᠤᠶᠤ ᠨᠢᠭᠡᠨᠲᠡ ᠪᠠᠶᠢᠭ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠮᠠᠲ᠋ᠧᠷᠢᠶᠠᠯ ᠢᠶᠠᠷ ᠡᠳ ᠰᠢᠭᠦᠯᠦᠨ ᠡᠮᠬᠢᠯᠡᠵᠦ | ᠣᠯᠬᠤ ᠶᠢᠨ ᠠᠷᠭ᠎ᠠ ᠦᠭᠡᠶ ᠪᠠᠶᠢᠬᠤ︔ | ︵ᠳᠥᠷᠪᠡ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠨᠢ ᠲᠤᠭ᠎ᠠ ᠪᠦᠷᠢᠳᠬᠡᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠳᠤ ᠨᠡᠶᠢᠴᠡᠵᠦ᠂ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ᠂ ᠶᠠᠪᠤᠭᠳᠠᠭᠤᠰᠢᠲᠠᠶ | ᠪᠠᠶᠢᠬᠤ︔ | ︵ᠲᠠᠪᠤ︶ ᠬᠡᠷᠡᠭᠯᠡᠭᠰᠡᠨ ᠲᠤᠭ᠎ᠠ ᠪᠦᠷᠢᠳᠬᠡᠯ ᠤᠨ ᠪᠠᠷᠢᠮᠵᠢᠶ᠎ᠠ ᠨᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠭᠰᠡᠨ ᠪᠠᠶᠢᠬᠤ︔ | ︵ᠵᠢᠷᠭᠤᠭ᠎ᠠ︶ ᠲᠣᠭᠲᠠᠭᠠᠬᠤ ᠪᠠᠶᠢᠭᠤᠯᠭ᠎ᠠ ᠨᠢ ᠲᠥᠷᠥᠯ ᠵᠦᠢᠯ ᠢ ᠬᠡᠷᠡᠭᠵᠢᠭᠦᠯᠬᠦ ᠴᠢᠳᠠᠪᠤᠷᠢ ᠲᠠᠢ ᠪᠠᠶᠢᠬᠤ᠃ | ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠬᠢᠨᠠᠨ ᠵᠥᠪᠰᠢᠶᠡᠷᠡᠬᠦ | ᠪᠠᠶᠢᠭᠤᠯᠭ᠎ᠠ ᠨᠢ ᠲᠣᠭᠲᠠᠭᠠᠭᠰᠠᠨ ᠪᠠᠶᠢᠭᠤᠯᠭ᠎ᠠ ᠳᠤ ᠵᠠᠰᠠᠪᠤᠷᠢ ᠣᠷᠣᠭᠤᠯᠬᠤ ᠰᠠᠨᠠᠯ ᠳᠤᠷᠠᠳᠬᠤ ᠬᠡᠷᠡᠭᠲᠡᠢ︔ ᠵᠠᠰᠠᠪᠤᠷᠢ | ᠣᠷᠣᠭᠤᠯᠤᠭᠰᠠᠨ ᠤ ᠲᠠᠷᠠᠭ᠎ᠠ ᠮᠥᠨ ᠡᠮᠦᠨᠡᠬᠢ ᠪᠠᠳᠠᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ | ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠦᠯᠦ ᠵᠥᠪᠰᠢᠶᠡᠷᠡᠬᠦ ᠪᠢᠴᠢᠭ ᠤᠨ ᠲᠣᠭᠲᠠᠭᠠᠯ ᠭᠠᠷᠭᠠᠬᠤ ᠶᠢᠨ ᠬᠠᠮᠲᠤ | ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ᠠᠷᠪᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠪᠤᠰᠤᠳ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠬᠢᠨᠠᠨ | ᠵᠥᠪᠰᠢᠶᠡᠷᠡᠭᠰᠡᠨ ᠲᠣᠭᠲᠠᠭᠠᠯ ᠭᠠᠷᠭᠠᠬᠤ ᠠᠴᠠ ᠡᠮᠦᠨ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ | ᠬᠤᠷᠢᠶᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 20 | ᠡᠳᠦᠷ ᠤᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠶ᠃ 20 ᠡᠳᠦᠷ ᠤᠨ ᠳᠣᠲᠣᠷ᠎ᠠ ᠲᠣᠭᠲᠠᠭᠠᠯ ᠭᠠᠷᠭᠠᠵᠤ | ᠳᠡᠶᠢᠯᠬᠦ ᠦᠭᠡᠶ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ 10 | ᠡᠳᠦᠷ ᠤᠷᠲᠤᠳᠬᠠᠵᠤ ᠪᠣᠯᠬᠤ ᠶᠢᠨ ᠬᠠᠮᠲᠤ ᠬᠢᠨᠠᠨ ᠵᠥᠪᠰᠢᠶᠡᠷᠡᠬᠦ ᠬᠤᠭᠤᠴᠠᠭ᠎ᠠ ᠶᠢ ᠤᠷᠲᠤᠳᠬᠠᠭᠰᠠᠨ | ᠰᠢᠯᠲᠠᠭᠠᠨ ᠢᠶᠠᠨ ᠲᠣᠭᠲᠠᠭᠠᠬᠤ ᠪᠠᠶᠢᠭᠤᠯᠤᠯᠭ᠎ᠠ ᠳᠤ ᠮᠡᠳᠡᠭᠳᠡᠬᠦ ᠬᠡᠷᠡᠭᠲᠡᠶ᠃ | ᠲᠣᠭᠲᠠᠭᠠᠭᠰᠠᠨ ᠪᠠᠶᠢᠭᠤᠯᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠵᠠᠰᠠᠪᠤᠷᠢ | ᠣᠷᠣᠭᠤᠯᠤᠭᠰᠠᠨ ᠴᠠᠭ ᠢ ᠬᠢᠨᠠᠨ ᠵᠥᠪᠰᠢᠶᠡᠷᠡᠬᠦ ᠬᠤᠭᠤᠴᠠᠭᠠᠨ ᠳᠤ ᠣᠷᠣᠭᠤᠯᠵᠤ ᠪᠣᠳᠣᠬᠤ ᠦᠭᠡᠶ᠃ | ᠠᠷᠪᠠᠨ ᠬᠤᠶᠠᠳᠤᠭᠠᠷ ᠵᠦᠢᠯ ᠲᠣᠭᠲᠠᠭᠠᠬᠤ ᠪᠠᠶᠢᠭᠤᠯᠭ᠎ᠠ ᠶᠢᠨ ᠭᠤᠶᠤᠴᠢᠯᠠᠨ ᠳᠠᠩᠰᠠᠯᠠᠭᠤᠯᠬᠤ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠪᠣᠯ ᠠᠯᠪᠠᠨ ᠪᠢᠴᠢᠭ ᠤᠨ ᠬᠡᠯᠪᠡᠷᠢ ᠪᠠᠷ ᠳᠠᠩᠰᠠᠯᠠᠭᠤᠯᠬᠤ | ᠪᠠᠶᠢᠭᠤᠯᠭ᠎ᠠ ᠳᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠳᠠᠩᠰᠠᠯᠠᠭᠤᠯᠬᠤ ᠭᠤᠶᠤᠴᠢᠯᠠᠯ ᠤᠨ | ᠬᠦᠰᠦᠨᠦᠭᠲᠦ ᠪᠣᠯᠤᠨ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢᠶᠠᠨ ᠲᠤᠰᠢᠶᠠᠬᠤ | ᠬᠡᠷᠡᠭᠲᠡᠶ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠪᠠᠶᠢᠴᠠᠭᠠᠭᠳᠠᠬᠤ ᠡᠲᠡᠭᠡᠳ ᠨᠢ ᠲᠣᠭᠲᠠᠭᠠᠬᠤ | ᠪᠠᠶᠢᠭᠤᠯᠤᠯᠭ᠎ᠠ ᠶᠢᠨ ᠬᠠᠷᠢᠶ᠎ᠠ ᠪᠦᠬᠦᠢ ᠰᠢᠰᠲ᠋ᠧᠮ ᠳᠤ ᠬᠠᠷᠢᠶᠠᠯᠠᠭᠳᠠᠬᠤ ᠮᠥᠷᠲᠡᠭᠡᠨ ᠭᠤᠣᠯ ᠠᠭᠤᠯᠭ᠎ᠠ ᠨᠢ ᠨᠢᠭᠡᠨᠲᠡ | ᠵᠥᠪᠰᠢᠶᠡᠷᠡᠭᠦᠯᠦᠭᠰᠡᠨ᠂ ᠳᠠᠩᠰᠠᠯᠠᠭᠤᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠯᠦᠭᠡ | ᠳᠠᠪᠬᠤᠷᠳᠠᠭᠰᠠᠨ ᠦᠭᠡᠶ᠂ ᠵᠥᠷᠢᠴᠡᠯ ᠦᠭᠡᠶ ᠪᠣᠯ᠂ ᠳᠠᠩᠰᠠᠯᠠᠬᠤ ᠪᠠᠶᠢᠭᠤᠯᠤᠯᠭ᠎ᠠ ᠬᠠᠤᠯᠢ ᠶᠣᠰᠣᠭᠠᠷ ᠳᠠᠩᠰᠠᠯᠠᠭᠤᠯᠬᠤ | ᠪᠢᠴᠢᠭ ᠤᠨ ᠳ᠋ᠤᠭᠠᠷ ᠣᠯᠭᠤᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ | ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠪᠣᠯ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠤᠶᠤ | ᠳᠠᠩᠰᠠᠯᠠᠭᠤᠯᠤᠭᠰᠠᠨ ᠪᠠᠶᠢᠭᠤᠯᠭ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠵᠢᠴᠢ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠭᠤᠣᠯ ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠤᠯᠤᠰ ᠤᠨ ᠨᠢᠭᠤᠴᠠ ᠳᠤ ᠬᠤᠯᠪᠣᠭᠳᠠᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠡᠭᠦᠨ ᠳᠤ | ᠪᠠᠭᠲᠠᠬᠤ ᠦᠭᠡᠶ᠃ | ᠠᠷᠪᠠᠨ ᠳᠥᠷᠪᠡᠳᠦᠭᠡᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠪᠤᠶᠤ ᠳᠠᠩᠰᠠᠯᠠᠬᠤ ᠪᠠᠶᠢᠭᠤᠯᠭ᠎ᠠ ᠬᠢᠨᠠᠨ | ᠵᠥᠪᠰᠢᠶᠡᠷᠡᠬᠦ ᠪᠤᠶᠤ ᠳᠠᠩᠰᠠᠯᠠᠭᠤᠯᠬᠤ ᠳᠡᠰ ᠳᠠᠷᠠᠭᠠᠯᠠᠯ ᠢᠶᠠᠨ ᠲᠣᠪᠴᠢᠯᠠᠵᠤ᠂ ᠬᠤᠭᠤᠴᠠᠭ᠎ᠠ ᠶᠢ ᠨᠢ ᠪᠣᠭᠤᠨᠢᠰᠬᠠᠬᠤ | ᠬᠡᠷᠡᠭᠲᠡᠶ᠄ | ︵ᠨᠢᠭᠡ︶ ᠭᠡᠨᠡᠳᠲᠡ ᠶᠢᠨ ᠬᠡᠷᠡᠭ ᠭᠠᠷᠪᠠᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠪᠤᠰᠢᠭᠤ ᠲᠦᠷᠭᠡᠨ | ᠶᠠᠪᠤᠭᠳᠠᠭᠤᠯᠬᠤ ᠬᠡᠷᠡᠭᠲᠡᠶ︔ | ︵ᠬᠤᠶᠠᠷ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠠᠭᠤᠯᠭ᠎ᠠ ᠳᠤ ᠬᠤᠪᠢᠷᠠᠯᠲᠠ | ᠭᠠᠷᠤᠭᠰᠠᠨ ᠦᠭᠡᠶ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠦᠴᠦᠨ ᠲᠠᠢ | ᠬᠤᠭᠤᠴᠠᠭ᠎ᠠ ᠨᠢ ᠳᠦᠭᠦᠷᠦᠭᠡᠳ ᠬᠤᠭᠤᠴᠠᠭ᠎ᠠ ᠬᠢᠵᠠᠭᠠᠷ ᠢᠶᠠᠨ ᠤᠷᠲᠤᠳᠬᠠᠬᠤ ᠴᠢᠬᠤᠯᠠ ᠲᠠᠢ ᠪᠣᠯᠤᠭᠰᠠᠨ᠃ | ᠠᠷᠪᠠᠨ ᠲᠠᠪᠤᠳᠤᠭᠠᠷ ᠵᠦᠢᠯ ᠲᠤᠭ᠎ᠠ ᠪᠦᠷᠢᠳᠬᠡᠯ ᠤᠨ ᠬᠠᠤᠯᠢ ᠶᠢᠨ ᠠᠷᠪᠠᠨ ᠳᠣᠯᠣᠳᠤᠭᠠᠷ ᠵᠦᠢᠯ ᠤᠨ | ᠬᠤᠶᠠᠳᠤᠭᠠᠷ ᠪᠠᠳᠠᠭ ᠲᠤ ᠲᠣᠭᠲᠠᠭᠠᠭᠰᠠᠨ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠪᠣᠯ ᠠᠯᠪᠠᠳᠠᠨ | ᠭᠦᠢᠴᠡᠳᠬᠡᠭᠦᠯᠬᠦ ᠪᠠᠷᠢᠮᠵᠢᠶ᠎ᠠ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠠᠵᠢᠯᠯᠠᠭ᠎ᠠ ᠨᠢ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ᠃ | ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠣᠭᠲᠠᠭᠠᠬᠤ ᠳᠤ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | ᠭᠤᠷᠪᠠᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠠᠷᠪᠠᠨ ᠵᠢᠷᠭᠤᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ᠂ ᠲᠤᠭ᠎ᠠ ᠪᠦᠷᠢᠳᠬᠡᠯ ᠤᠨ ᠠᠵᠢᠯᠲᠠᠳ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠡᠭᠡᠨ ᠲᠤᠭ᠎ᠠ ᠪᠦᠷᠢᠳᠬᠡᠯ ᠤᠨ | ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠲᠠᠭᠯᠠᠨ ᠮᠡᠳᠡᠭᠦᠯᠬᠦ ᠡᠭᠦᠷᠭᠡ᠂ ᠭᠤᠣᠯ ᠭᠦᠢᠴᠡᠳᠬᠡᠬᠦ | ᠲᠤᠭ᠎ᠠ ᠶᠢᠨ ᠠᠭᠤᠯᠭ᠎ᠠ ᠪᠣᠯᠤᠨ ᠬᠤᠯᠪᠣᠭᠳᠠᠯ ᠪᠦᠬᠦᠢ ᠲᠠᠭᠯᠠᠨ ᠮᠡᠳᠡᠭᠦᠯᠬᠦ ᠱᠠᠭᠠᠷᠳᠠᠯᠭ᠎ᠠ ᠵᠡᠷᠭᠡ ᠶᠢᠨ ᠲᠤᠬᠠᠶ ᠲᠤᠭ᠎ᠠ | ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠲᠤ ᠲᠣᠳᠣᠷᠬᠠᠶᠢᠯᠠᠯᠲᠠ ᠬᠢᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠪᠤᠶᠤ ᠪᠤᠰᠤᠳ ᠵᠣᠬᠢᠶᠠᠨ ᠪᠠᠶᠢᠭᠤᠯᠤᠯᠲᠠ ᠵᠡᠷᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠲᠤᠭ᠎ᠠ | ᠪᠦᠷᠢᠳᠬᠡᠯ ᠤᠨ ᠮᠠᠲ᠋ᠧᠷᠢᠶᠠᠯ ᠬᠠᠩᠭᠠᠬᠤ ᠳᠤ ᠲᠠᠭᠯᠠᠨ ᠮᠡᠳᠡᠭᠦᠯᠦᠭᠰᠡᠨ ᠠᠵᠢᠯᠲᠠᠨ ᠪᠣᠯᠤᠨ ᠨᠢᠭᠡᠴᠡ ᠶᠢᠨ | ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠤᠬᠤ ᠬᠡᠷᠡᠭᠲᠡᠶ᠃ ᠬᠤᠪᠢ | ᠬᠥᠮᠦᠨ ᠪᠦᠷᠢᠳᠬᠡᠭᠳᠡᠨ ᠪᠠᠶᠢᠴᠠᠭᠠᠭᠳᠠᠬᠤ ᠡᠲᠡᠭᠡᠳ ᠤᠨ ᠬᠤᠪᠢ ᠪᠠᠷ ᠲᠤᠭ᠎ᠠ ᠪᠦᠷᠢᠳᠬᠡᠯ ᠤᠨ ᠮᠠᠲ᠋ᠧᠷᠢᠶᠠᠯ | ᠬᠠᠩᠭᠠᠬᠤ ᠳᠠᠭᠠᠨ ᠲᠤᠰ ᠬᠥᠮᠦᠨ ᠨᠢ ᠭᠠᠷ ᠤᠨ ᠦᠰᠦᠭ ᠵᠢᠷᠤᠬᠤ ᠬᠡᠷᠡᠭᠲᠡᠢ᠃ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠳᠦᠷᠢᠮ ᠳᠤ ᠭᠠᠷ ᠤᠨ ᠦᠰᠦᠭ ᠵᠢᠷᠤᠬᠤ᠂ ᠠᠯᠪᠠᠨ ᠲᠠᠮᠠᠭ᠎ᠠ ᠳᠠᠷᠤᠬᠤ ᠴᠢᠬᠤᠯᠠ ᠦᠭᠡᠶ ᠭᠡᠵᠦ | ᠲᠣᠭᠲᠠᠭᠠᠭᠰᠠᠨ ᠨᠢ ᠡᠭᠦᠨ ᠳᠤ ᠪᠠᠭᠲᠠᠬᠤ ᠦᠭᠡᠶ᠃ | ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠰᠦᠯᠵᠢᠶ᠎ᠡ ᠶᠢ ᠬᠡᠷᠡᠭᠯᠡᠨ ᠲᠤᠭ᠎ᠠ ᠪᠦᠷᠢᠳᠬᠡᠯ ᠤᠨ | ᠮᠠᠲ᠋ᠧᠷᠢᠶᠠᠯ ᠬᠠᠩᠭᠠᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠰᠦᠯᠵᠢᠶ᠎ᠡ ᠪᠠᠷ ᠮᠡᠳᠡᠭᠦᠯᠦᠨ ᠬᠦᠷᠭᠡᠬᠦ ᠶᠢ ᠳᠡᠯᠭᠡᠷᠡᠭᠦᠯᠦᠨ ᠬᠡᠷᠡᠭᠯᠡᠬᠦ ᠳᠡᠭᠡᠨ ᠰᠦᠯᠵᠢᠶᠡᠨ ᠤ ᠠᠮᠤᠷ | ᠲᠦᠪᠰᠢᠨ ᠢ ᠪᠠᠲᠤᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ᠂ ᠪᠠᠯᠭᠠᠰᠤᠨ ᠤ | ᠲᠤᠭ᠎ᠠ ᠪᠦᠷᠢᠳᠬᠡᠯ ᠤᠨ ᠠᠵᠢᠯᠳᠠᠨ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠤᠨ ᠬᠠᠩᠭᠠᠭᠰᠠᠨ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠮᠠᠲ᠋ᠧᠷᠢᠶᠠᠯ ᠨᠢ ᠪᠦᠷᠢᠨ | ᠪᠤᠰᠤ ᠪᠤᠶᠤ ᠢᠯᠡᠷᠬᠡᠶ ᠪᠤᠷᠤᠭᠤ ᠲᠠᠢ ᠪᠠᠶᠢᠪᠠᠯ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠬᠠᠤᠯᠢ | ᠶᠣᠰᠣᠭᠠᠷ ᠨᠥᠬᠦᠪᠥᠷᠢᠯᠡᠬᠦ ᠪᠤᠶᠤ ᠵᠠᠯᠠᠷᠠᠭᠤᠯᠬᠤ ᠬᠡᠷᠡᠭᠲᠡᠶ᠃ | ᠬᠤᠷᠢᠳᠤᠭᠠᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠬᠢᠨᠠᠨ ᠡᠵᠡᠮᠳᠡᠬᠦ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠴᠢᠬᠤᠯᠠ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢ ᠬᠢᠨᠠᠨ ᠡᠵᠡᠮᠳᠡᠬᠦ ᠪᠠ ᠦᠨᠡᠯᠡᠨ ᠵᠢᠱᠢᠬᠦ ᠠᠵᠢᠯ ᠢ ᠴᠢᠩᠭᠠᠳᠬᠠᠬᠤ ᠬᠡᠷᠡᠭᠲᠡᠢ᠃ | ᠳᠥᠷᠪᠡᠳᠦᠭᠡᠷ ᠪᠦᠯᠦᠭ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠮᠢᠶᠠᠷᠬᠤ ᠪᠠ ᠨᠡᠶᠢᠲᠡᠯᠡᠬᠦ | ᠬᠤᠷᠢᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ᠂ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠤᠮᠳᠠ ᠣᠯᠤᠭᠰᠠᠨ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠲᠣᠬᠢᠲᠠᠢ ᠬᠠᠳᠠᠭᠠᠯᠠᠬᠤ ᠬᠡᠷᠡᠭᠲᠡᠢ᠃ | ᠤᠯᠤᠰ ᠠᠴᠠ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠭᠠᠶ ᠭᠠᠮᠰᠢᠭ ᠤᠨ ᠪᠡᠯᠡᠳᠬᠡᠯ ᠰᠢᠰᠲ᠋ᠧᠮ ᠢ | ᠪᠠᠶᠢᠭᠤᠯᠤᠨ᠎ᠠ᠃ | ᠬᠤᠷᠢᠨ ᠬᠤᠶᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠣᠯᠤᠭᠰᠠᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠠᠩᠬᠠᠨ ᠤ ᠮᠠᠲ᠋ᠧᠷᠢᠶᠠᠯ ᠢ ᠠᠳᠠᠭ ᠲᠠᠭᠠᠨ 2 ᠵᠢᠯ ᠬᠠᠳᠠᠭᠠᠯᠠᠬᠤ | ᠬᠡᠷᠡᠭᠲᠡᠶ᠃ | ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠠᠳᠠᠭ ᠲᠠᠭᠠᠨ 10 ᠵᠢᠯ | ᠬᠠᠳᠠᠭᠠᠯᠠᠵᠤ᠂ ᠴᠢᠬᠤᠯᠠ ᠪᠦᠬᠦᠢ ᠬᠤᠷᠢᠶᠠᠩᠭᠤᠶᠢᠯᠠᠭᠰᠠᠨ ᠴᠢᠨᠠᠷᠲᠠᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠥᠨᠢ | ᠡᠭᠦᠷᠢᠳᠡ ᠬᠠᠳᠠᠭᠠᠯᠠᠬᠤ ᠬᠡᠷᠡᠭᠲᠡᠶ᠃ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰ ᠲᠠᠭᠠᠨ ᠲᠣᠭᠲᠠᠭᠠᠯ ᠲᠠᠢ ᠪᠣᠯ | ᠲᠡᠷᠡ ᠲᠣᠭᠲᠠᠭᠠᠯ ᠢᠶᠠᠷ ᠨᠢ ᠬᠢᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠤᠨ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠤᠭᠰᠠᠨ ᠤᠭ ᠲᠡᠮᠳᠡᠭᠯᠡᠯ ᠪᠣᠯᠤᠨ ᠲᠤᠭ᠎ᠠ ᠪᠦᠷᠢᠳᠬᠡᠯ ᠤᠨ ᠡᠬᠡ | ᠳᠠᠩᠰᠠ ᠶᠢ ᠠᠳᠠᠭ ᠲᠠᠭᠠᠨ 2 ᠵᠢᠯ ᠬᠠᠳᠠᠭᠠᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠳᠤ ᠣᠯᠤᠭᠰᠠᠨ ᠪᠦᠬᠦ ᠤᠯᠤᠰ ᠤᠨ ᠴᠢᠨᠠᠷᠲᠠᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯᠤᠨ | ᠬᠤᠪᠢᠶᠠᠷᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠠᠴᠠ ᠨᠡᠶᠢᠲᠡᠯᠡᠬᠦ ᠪᠤᠶᠤ ᠤᠯᠤᠰ ᠤᠨ ᠲᠤᠭ᠎ᠠ | ᠪᠦᠷᠢᠳᠬᠡᠯ ᠤᠨ ᠲᠤᠪᠴᠢᠶ᠎ᠠ ᠠᠴᠠ ᠲᠡᠭᠦᠨ ᠳᠤ ᠡᠷᠬᠡ ᠣᠯᠭᠤᠵᠤ ᠲᠣᠮᠢᠯᠠᠭᠰᠠᠨ ᠪᠠᠶᠢᠴᠠᠭᠠᠬᠤ ᠪᠠᠶᠢᠭᠤᠯᠤᠮᠵᠢ ᠪᠤᠶᠤ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ | ᠨᠡᠶᠢᠲᠡᠯᠡᠨ᠎ᠡ᠃ | ᠬᠤᠷᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠵᠦ ᠣᠯᠤᠭᠰᠠᠨ ᠲᠤᠭ᠎ᠠ ᠪᠠᠷᠢᠮᠲᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠪᠠ ᠨᠢᠭᠡᠨᠲᠡ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠦᠷᠢᠮ ᠶᠣᠰᠣᠭᠠᠷ ᠨᠡᠶᠢᠲᠡᠯᠡᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠭᠡᠳ ᠣᠯᠤᠭᠰᠠᠨ ᠲᠤᠭ᠎ᠠ ᠪᠠᠷᠢᠮᠲᠠ ᠪᠠᠨ | ᠨᠡᠶᠢᠲᠡᠯᠡᠬᠦ ᠳᠤ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠨᠢᠭᠡᠨᠲᠡ ᠨᠡᠶᠢᠲᠡᠯᠡᠭᠰᠡᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠳᠤ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠪᠤᠷᠢ ᠣᠷᠣᠭᠤᠯᠬᠤ ᠴᠢᠬᠤᠯᠠᠲᠠᠢ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠤᠭ᠎ᠠ ᠪᠠᠷᠢᠮᠲᠠ ᠶᠢ ᠴᠠᠭ | ᠲᠤᠬᠠᠢ ᠳᠤᠨᠢ ᠨᠡᠶᠢᠲᠡᠯᠡᠬᠦ ᠶᠢᠨ ᠬᠠᠮᠲᠤ ᠵᠠᠰᠠᠪᠤᠷᠢ ᠣᠷᠣᠭᠤᠯᠤᠭᠰᠠᠨ ᠦᠨᠳᠦᠰᠦᠯᠡᠯ ᠪᠣᠯᠤᠨ ᠪᠠᠶᠢᠳᠠᠯ ᠤᠨ ᠲᠤᠬᠠᠢ | ᠲᠣᠳᠣᠷᠬᠠᠶᠢᠯᠠᠯᠲᠠ ᠬᠢᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠤᠣᠯ ᠪᠣᠯᠬᠤ ᠲᠤᠭ᠎ᠠ | ᠪᠦᠷᠢᠳᠬᠡᠯ ᠤᠨ ᠭᠦᠢᠴᠡᠳᠬᠡᠬᠦ ᠲᠤᠭ᠎ᠠ ᠶᠢᠨ ᠠᠭᠤᠯᠭ᠎ᠠ᠂ ᠪᠠᠶᠢᠴᠠᠭᠠᠬᠤ ᠬᠡᠪᠴᠢᠶ᠎ᠡ᠂ ᠪᠠᠶᠢᠴᠠᠭᠠᠬᠤ ᠠᠷᠭ᠎ᠠ᠂ ᠪᠣᠳᠣᠬᠤ | ᠠᠷᠭ᠎ᠠ᠂ ᠦᠯᠢᠭᠡᠷ ᠠᠪᠴᠤ ᠪᠠᠶᠢᠴᠠᠭᠠᠭᠰᠠᠨ ᠦᠯᠢᠭᠡᠷ ᠶᠠᠩᠵᠤ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ | ᠨᠡᠶᠢᠲᠡᠯᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠳᠤ ᠲᠠᠶᠢᠯᠪᠤᠷᠢ ᠲᠣᠳᠣᠷᠬᠠᠶᠢᠯᠠᠯᠲᠠ ᠬᠢᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠬᠦ ᠳᠤ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠪᠤᠭᠳᠠᠭᠤᠯᠬᠤ ᠬᠡᠷᠡᠭᠲᠡᠢ᠃ ᠨᠡᠶᠢᠲᠡᠯᠡᠬᠦ ᠠᠴᠠ ᠡᠮᠦᠨ᠎ᠡ᠂ ᠶᠠᠮᠠᠷᠪᠠ | ᠨᠢᠭᠡᠴᠡ ᠪᠣᠯᠤᠨ ᠬᠤᠪᠢ ᠬᠥᠮᠦᠨ ᠭᠡᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠨ ᠭᠠᠳᠠᠭᠰᠢ | ᠬᠠᠩᠭᠠᠵᠤ ᠪᠣᠯᠬᠤ ᠦᠭᠡᠶ᠂ ᠨᠡᠶᠢᠲᠡᠯᠡᠭᠡᠳᠦᠶ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠠᠰᠢᠭᠯᠠᠨ ᠵᠦᠢ ᠶᠣᠰᠣᠨ ᠤ | ᠪᠤᠰᠤ ᠠᠰᠢᠭ ᠲᠤᠰᠠ ᠣᠯᠵᠤ ᠪᠣᠯᠬᠤ ᠦᠭᠡᠶ᠃ | ᠬᠤᠷᠢ ᠶᠢᠰᠦᠳᠦᠭᠡᠷ ᠵᠦᠢᠯ ᠲᠤᠭ᠎ᠠ ᠪᠦᠷᠢᠳᠬᠡᠯ ᠤᠨ ᠬᠠᠤᠯᠢ ᠶᠢᠨ ᠬᠤᠷᠢᠨ ᠲᠠᠪᠤᠳᠤᠭᠠᠷ ᠵᠦᠢᠯ ᠳᠤ | ᠲᠣᠭᠲᠠᠭᠠᠭᠰᠠᠨ ᠳᠠᠩ ᠭᠠᠭᠴᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠪᠡᠶ᠎ᠡ ᠶᠢᠨ ᠭᠠᠷᠤᠯ ᠢ | ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ ᠳᠡᠶᠢᠯᠬᠦ ᠮᠠᠲ᠋ᠧᠷᠢᠶᠠᠯ ᠳᠤ ᠪᠠᠭᠳᠠᠬᠤ ᠨᠢ᠄ | ︵ᠨᠢᠭᠡ︶ ᠳᠠᠩ ᠭᠠᠭᠴᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠪᠡᠶ᠎ᠡ ᠶᠢᠨ ᠭᠠᠷᠤᠯ ᠢ | ᠰᠢᠭᠤᠳ ᠲᠣᠳᠣᠷᠬᠠᠶᠢᠯᠠᠭᠰᠠᠨ ᠮᠠᠲ᠋ᠧᠷᠢᠶᠠᠯ︔ | ︵ᠬᠤᠶᠠᠷ︶ ᠬᠡᠳᠦ᠋ᠢᠪᠡᠷ ᠳᠠᠩ ᠭᠠᠭᠴᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠪᠡᠶ᠎ᠡ | ᠭᠠᠷᠤᠯ ᠢ ᠰᠢᠭᠤᠳ ᠲᠣᠳᠣᠷᠬᠠᠶᠢᠯᠠᠭᠰᠠᠨ ᠦᠭᠡᠶ ᠪᠣᠯᠪᠠᠴᠤ ᠨᠢᠭᠡᠨᠲᠡ ᠲᠣᠳᠣᠷᠬᠠᠶᠢᠯᠠᠭᠰᠠᠨ ᠬᠠᠶᠢᠭ᠂ ᠺᠣᠳ᠋ ᠵᠡᠷᠭᠡ | ᠬᠠᠮᠢᠶ᠎ᠠ ᠪᠦᠬᠦᠢ ᠮᠡᠳᠡᠭᠡ ᠵᠠᠩᠭᠢ ᠪᠠᠷ ᠳᠠᠮᠵᠢᠭᠤᠯᠤᠨ ᠳᠠᠩ ᠭᠠᠭᠴᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠡᠲᠡᠭᠡᠳ ᠤᠨ ᠪᠡᠶ᠎ᠡ ᠭᠠᠷᠤᠯ ᠢ ᠢᠯᠭᠠᠨ ᠲᠠᠨᠢᠬᠤ ᠪᠤᠶᠤ ᠮᠠᠭᠠᠳᠯᠠᠵᠤ ᠪᠣᠯᠬᠤ ᠮᠠᠲ᠋ᠧᠷᠢᠶᠠᠯ︔ | ︵ᠭᠤᠷᠪᠠ︶ ᠳᠠᠩ ᠭᠠᠭᠴᠠ ᠪᠦᠷᠢᠳᠬᠡᠭᠳᠡᠨ ᠪᠠᠶᠢᠴᠠᠭᠠᠭᠳᠠᠬᠤ ᠡᠲᠡᠭᠡᠳ ᠤᠨ ᠪᠡᠶ᠎ᠡ ᠬᠡᠮ ᠤᠨ | ᠬᠤᠷᠢᠶᠠᠩᠭᠤᠶᠢᠯᠠᠭᠰᠠᠨ ᠮᠠᠲ᠋ᠧᠷᠢᠶᠠᠯ ᠢ ᠵᠦᠢᠴᠢᠯᠡᠨ ᠮᠠᠭᠠᠳᠯᠠᠵᠤ ᠪᠣᠯᠤᠨ᠎ᠠ᠃ | ᠭᠤᠴᠢᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠣᠯᠤᠭᠰᠠᠨ ᠳᠠᠩ ᠭᠠᠭᠴᠠ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠬᠢᠷᠢ ᠬᠡᠮ ᠢ ᠢᠯᠭᠠᠨ ᠲᠠᠨᠢᠬᠤ ᠪᠤᠶᠤ ᠮᠠᠭᠠᠳᠯᠠᠬᠤ ᠮᠠᠲ᠋ᠧᠷᠢᠶᠠᠯ ᠢ | ᠬᠠᠤᠯᠢ ᠶᠣᠰᠣᠭᠠᠷ ᠴᠢᠩᠭ᠎ᠠ ᠬᠠᠮᠢᠶᠠᠷᠴᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠳᠦᠰᠦᠯᠡᠯ | ᠪᠣᠯᠭᠠᠬᠤ ᠠᠴᠠ ᠭᠠᠳᠠᠨ᠎ᠠ᠂ ᠰᠢᠭᠤᠳ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠲᠤ ᠵᠠᠰᠠᠭ | ᠵᠠᠬᠢᠷᠭᠠᠨ ᠤ ᠵᠥᠪᠰᠢᠶᠡᠷᠡᠯ ᠣᠯᠭᠤᠬᠤ᠂ ᠵᠠᠰᠠᠭ ᠵᠠᠬᠢᠷᠭᠠᠨ ᠢᠶᠠᠷ ᠰᠢᠢᠳᠭᠡᠨ ᠲᠣᠷᠭᠠᠬᠤ ᠵᠡᠷᠭᠡ ᠵᠠᠰᠠᠭ ᠵᠠᠬᠢᠷᠭᠠᠨ ᠤ | ᠪᠣᠳᠠᠲᠠᠶ ᠦᠢᠯᠡ ᠠᠵᠢᠯᠯᠠᠭ᠎ᠠ ᠶᠠᠪᠤᠭᠤᠯᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠂ ᠲᠤᠭ᠎ᠠ ᠪᠦᠷᠢᠳᠬᠡᠯ ᠤᠨ | ᠡᠭᠦᠷᠭᠡ ᠶᠢ ᠪᠡᠶᠡᠯᠡᠭᠦᠯᠬᠦ ᠠᠴᠠ ᠪᠤᠰᠤᠳ ᠵᠣᠷᠢᠯᠭ᠎ᠠ ᠳᠤ ᠬᠡᠷᠡᠭᠯᠡᠵᠦ ᠪᠣᠯᠬᠤ ᠦᠭᠡᠶ᠃ | ᠭᠤᠴᠢᠨ ᠨᠢᠭᠡᠳᠦᠭᠡᠷ ᠵᠦᠢᠯ ᠤᠯᠤᠰ ᠠᠴᠠ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠳᠤ ᠣᠯᠤᠭᠰᠠᠨ ᠮᠠᠲ᠋ᠧᠷᠢᠶᠠᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ | ᠲᠣᠭᠲᠠᠭᠠᠭᠰᠠᠨ ᠪᠠᠶᠢᠭᠤᠯᠤᠯᠭ᠎ᠠ ᠶᠢᠨ ᠬᠠᠮᠲᠤ ᠪᠠᠷ ᠲᠣᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠥᠷᠥᠯ ᠵᠦᠢᠯ ᠳᠤ ᠣᠯᠤᠭᠰᠠᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠮᠲᠤ ᠪᠠᠷ ᠬᠡᠷᠡᠭᠯᠡᠵᠦ ᠪᠣᠯᠤᠨ᠎ᠠ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ ᠳᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠶᠢᠨ ᠠᠭᠤᠯᠭ᠎ᠠ᠂ ᠠᠷᠭ᠎ᠠ ᠮᠠᠶ᠋ᠢᠭ᠂ ᠴᠠᠭ ᠬᠤᠭᠤᠴᠠᠭ᠎ᠠ᠂ ᠠᠷᠭ᠎ᠠ ᠵᠠᠮ ᠪᠣᠯᠤᠨ ᠬᠠᠷᠢᠭᠤᠴᠠᠯᠭ᠎ᠠ | ᠵᠡᠷᠭᠡ ᠳᠤ ᠲᠣᠭᠲᠠᠭᠠᠯ ᠭᠠᠷᠭᠠᠬᠤ ᠬᠡᠷᠡᠭᠲᠡᠶ᠃ | ᠲᠠᠪᠤᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠ ᠲᠤᠭ᠎ᠠ ᠪᠦᠷᠢᠳᠬᠡᠯ ᠤᠨ ᠠᠵᠢᠯᠳᠠᠨ | ᠭᠤᠴᠢᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠰ ᠱᠠᠲᠤᠨ ᠤ ᠠᠷᠠᠳ ᠤᠨ ᠵᠠᠰᠠᠭ ᠤᠨ | ᠣᠷᠳᠣᠨ ᠪᠣᠯᠤᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠳᠠᠪᠬᠤᠷ ᠤᠳᠤᠷᠢᠳᠤᠯᠭ᠎ᠠ ᠶᠢ ᠬᠦᠯᠢᠶᠡᠵᠦ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ | ᠲᠠᠯ᠎ᠠ ᠪᠠᠷ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ | ᠤᠳᠤᠷᠢᠳᠤᠯᠭ᠎ᠠ ᠶᠢ ᠬᠦᠯᠢᠶᠡᠬᠦ ᠪᠠᠷ ᠭᠤᠣᠯ ᠪᠣᠯᠭᠠᠨ᠎ᠠ᠃ | ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠭ᠎ᠠ ᠪᠦᠷᠢᠳᠬᠡᠯ ᠤᠨ ᠠᠵᠢᠯ ᠤᠨ | ᠪᠠᠶᠢᠷᠢ ᠲᠣᠬᠢᠷᠠᠭᠤᠯᠵᠤ᠂ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ | ᠠᠵᠢᠯᠲᠠᠨ ᠲᠣᠬᠢᠷᠠᠭᠤᠯᠵᠤ᠂ ᠲᠤᠭ᠎ᠠ ᠪᠦᠷᠢᠳᠬᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠤᠳᠤᠷᠢᠳᠤᠯᠭ᠎ᠠ ᠶᠢ ᠬᠦᠯᠢᠶᠡᠬᠦ ᠬᠡᠷᠡᠭᠲᠡᠶ᠃ ᠰᠤᠮᠤ᠂ ᠪᠠᠯᠭᠠᠰᠤᠨ ᠤ | ᠲᠤᠭ᠎ᠠ ᠪᠦᠷᠢᠳᠬᠡᠯ ᠤᠨ ᠠᠵᠢᠯᠳᠡᠨ ᠢ ᠰᠢᠯᠵᠢᠭᠦᠯᠬᠦ ᠳᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠥᠪᠰᠢᠶᠡᠷᠡᠯ ᠢ ᠤᠯᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠵᠢᠯᠣᠭᠤᠳᠣᠯᠭ᠎ᠠ ᠶᠢ ᠬᠦᠯᠢᠶᠡᠨ᠎ᠡ᠃ | ᠭᠤᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠵᠦ᠂ ᠤᠯᠤᠰ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠵᠦ᠂ | ᠲᠤᠰ ᠣᠷᠣᠨ ᠨᠤᠲᠤᠭ᠂ ᠲᠤᠰ ᠰᠠᠯᠠᠭ᠎ᠠ ᠮᠥᠴᠢᠷ ᠤᠨ ᠢᠶᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠲᠦᠷᠦ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠪᠣᠯᠤᠨ ᠪᠤᠰᠤᠳ ᠵᠣᠬᠢᠶᠠᠨ ᠪᠠᠶᠢᠭᠤᠯᠤᠯᠲᠠ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠴᠢᠩᠭᠠᠳᠬᠠᠵᠤ᠂ | ᠬᠠᠤᠯᠢ ᠪᠠᠷ ᠲᠣᠭᠲᠠᠭᠠᠭᠰᠠᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠡᠭᠦᠷᠭᠡ | ᠭᠦᠢᠴᠡᠳᠬᠡᠬᠦ ᠳᠤ ᠵᠣᠬᠢᠶᠠᠨ ᠪᠠᠶᠢᠭᠤᠯᠬᠤ᠂ ᠠᠵᠢᠯᠳᠠᠨ ᠪᠠ ᠠᠵᠢᠯᠯᠠᠬᠤ ᠨᠥᠬᠦᠴᠡᠯ ᠤᠨ ᠪᠠᠲᠤᠯᠠᠭ᠎ᠠ ᠬᠠᠩᠭᠠᠬᠤ | ᠬᠡᠷᠡᠭᠲᠡᠢ᠃ | ᠭᠤᠴᠢᠨ ᠲᠠᠪᠤᠳᠤᠭᠠᠷ ᠵᠦᠢᠯ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ | ᠦᠵᠡᠭᠦᠯᠵᠦ᠂ ᠢᠯᠡᠳᠲᠡ ᠠᠮᠵᠢᠯᠲᠠ ᠣᠯᠤᠭᠰᠠᠨ ᠨᠢᠭᠡᠴᠡ ᠪᠣᠯᠤᠨ ᠬᠤᠪᠢ ᠬᠥᠮᠦᠨ ᠢ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠬᠤ ᠬᠡᠷᠡᠭᠲᠡᠶ᠃ | ᠵᠢᠷᠭᠤᠳᠤᠭᠠᠷ ᠪᠦᠯᠦᠭ ᠬᠢᠨᠠᠵᠤ ᠪᠠᠶᠢᠴᠠᠭᠠᠬᠤ | ᠭᠤᠴᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠠᠵᠢᠯ ᠬᠢᠵᠦ ᠪᠠᠶᠢᠭ᠎ᠠ | ᠠᠵᠢᠯᠲᠠᠳ ᠴᠢᠬᠤᠯᠠ ᠪᠦᠬᠦᠢ ᠬᠠᠤᠯᠢ ᠴᠠᠭᠠᠵᠠ ᠶᠢᠨ ᠮᠡᠳᠡᠯᠭᠡ ᠪᠣᠯᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ | ᠠᠵᠢᠯ ᠤᠨ ᠮᠡᠳᠡᠯᠭᠡ ᠲᠠᠢ ᠪᠠᠶᠢᠵᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠪᠣᠯᠪᠠᠰᠤᠷᠠᠯ ᠳᠤ | ᠣᠷᠣᠯᠴᠠᠬᠤ ᠶᠢᠨ ᠬᠠᠮᠲᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠯᠲᠡᠶ ᠳᠠᠷᠤᠮᠠᠯᠯᠠᠨ | ᠵᠣᠬᠢᠶᠠᠭᠰᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠡᠮᠯᠡᠯ ᠣᠯᠤᠭᠰᠠᠨ ᠪᠠᠶᠢᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠲᠤᠭ᠎ᠠ ᠪᠦᠷᠢᠳᠬᠡᠯ ᠤᠨ | ᠠᠵᠢᠯ ᠤᠨ ᠬᠢᠨᠠᠯᠲᠠ ᠪᠠᠶᠢᠴᠠᠭᠠᠯᠲᠠ ᠪᠣᠯᠤᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠡᠪᠴᠢᠵᠦ᠂ ᠬᠠᠷᠰᠢᠯᠠᠵᠤ ᠪᠣᠯᠬᠤ ᠦᠭᠡᠶ᠂ ᠲᠤᠭ᠎ᠠ | ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠥᠮᠥᠭᠯᠡᠵᠦ᠂ ᠳᠤᠷ᠎ᠠ ᠪᠠᠷ ᠨᠢ ᠲᠠᠯᠪᠢᠵᠤ | ᠪᠣᠯᠬᠤ ᠦᠭᠡᠶ᠃ | ᠭᠤᠴᠢᠨ ᠨᠠᠢᠮᠠᠳᠤᠭᠠᠷ ᠵᠦᠢᠯ ᠶᠠᠮᠠᠷᠪᠠ ᠨᠢᠭᠡᠴᠡ ᠪᠣᠯᠤᠨ ᠬᠤᠪᠢ ᠬᠥᠮᠦᠨ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠲᠤᠭ᠎ᠠ | ᠪᠦᠷᠢᠳᠬᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠬᠦ ᠠᠷᠭ᠎ᠠ ᠮᠠᠶ᠋ᠢᠭ ᠪᠣᠯᠤᠨ ᠠᠷᠭ᠎ᠠ ᠵᠠᠮ ᠢ ᠨᠡᠶᠢᠲᠡᠯᠡᠵᠦ᠂ ᠢᠯᠡᠴᠢᠯᠡᠨ ᠮᠡᠳᠡᠭᠦᠯᠦᠭᠰᠡᠨ ᠢ ᠬᠠᠤᠯᠢ ᠶᠣᠰᠣᠭᠠᠷ | ᠬᠦᠯᠢᠶᠡᠨ ᠠᠪᠴᠤ᠂ ᠬᠢᠨᠠᠨ ᠬᠠᠷᠭᠤᠭᠤᠯᠵᠤ᠂ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ | ᠨᠢᠭᠤᠴᠠ ᠶᠢ ᠬᠠᠮᠠᠭᠠᠯᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠲᠤᠭ᠎ᠠ ᠪᠦᠷᠢᠳᠬᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ | ᠬᠠᠷᠢᠭᠤᠴᠠᠨ ᠪᠠᠶᠢᠴᠠᠭᠠᠨ ᠰᠢᠢᠳᠪᠦᠷᠢᠯᠡᠨ᠎ᠡ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠳᠦᠭᠡᠷ ᠵᠦᠢᠯ ᠳᠣᠣᠷᠠᠬᠢ ᠮᠡᠲᠦ ᠪᠠᠶᠢᠳᠠᠯ ᠨᠢ ᠲᠤᠭ᠎ᠠ ᠪᠦᠷᠢᠳᠬᠡᠯ ᠤᠨ ᠬᠠᠤᠯᠢ ᠶᠢᠨ ᠭᠤᠴᠢᠨ | ᠳᠣᠯᠣᠳᠤᠭᠠᠷ ᠵᠦᠢᠯ ᠤᠨ ᠳᠥᠷᠪᠡᠳᠦᠭᠡᠷ ᠵᠤᠷᠪᠤᠰ ᠲᠤ ᠲᠣᠭᠲᠠᠭᠠᠭᠰᠠᠨ ᠲᠤᠭ᠎ᠠ ᠪᠦᠷᠢᠳᠬᠡᠯ ᠤᠨ ᠬᠠᠤᠯᠢ ᠠᠴᠠ | ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠳᠤ ᠪᠠᠶᠢᠴᠠᠭᠠᠯᠲᠠ ᠠᠯᠳᠠᠭᠰᠠᠨ ᠳᠤ ᠲᠤᠭᠠᠴᠠᠭᠳᠠᠵᠤ᠂ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠳᠤ ᠲᠣᠮᠢᠯᠠᠬᠤ | ᠪᠠᠭᠤᠯᠭᠠᠬᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠬᠠᠤᠯᠢ ᠶᠣᠰᠣᠭᠠᠷ ᠰᠢᠢᠳᠭᠡᠯ ᠣᠯᠭᠤᠬᠤ ᠶᠢᠨ | ᠬᠠᠮᠲᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠠᠴᠠ ᠢᠯᠡᠴᠢᠯᠡᠬᠦ ᠬᠡᠷᠡᠭᠲᠡᠶ᠄ | ︵ᠨᠢᠭᠡ︶ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠳᠤ ᠲᠤᠭ᠎ᠠ ᠪᠦᠷᠢᠳᠬᠡᠯ ᠢ | ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠦᠵᠡᠭᠳᠡᠯ ᠶᠡᠭᠡ ᠬᠡᠪᠴᠢᠶ᠎ᠡ ᠪᠠᠷ ᠭᠠᠷᠤᠭᠰᠠᠨ | ᠪᠤᠶᠤ ᠵᠠᠯᠭᠠᠭ᠎ᠠ ᠪᠠᠷ ᠭᠠᠷᠤᠭᠰᠠᠨ︔ | ︵ᠬᠤᠶᠠᠷ︶ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠨᠢ ᠪᠣᠳᠠᠲᠤ ᠪᠠᠶᠢᠳᠠᠯ ᠠᠴᠠ ᠬᠦᠨᠳᠦ ᠨᠣᠴᠢᠲᠠᠶ ᠵᠥᠷᠢᠵᠦ᠂ ᠣᠯᠵᠤ ᠮᠡᠳᠡᠬᠦ ᠶᠣᠰᠣᠲᠠᠶ ᠪᠠᠶᠢᠲᠠᠯ᠎ᠠ | ᠣᠯᠵᠤ ᠮᠡᠳᠡᠭᠰᠡᠨ ᠦᠭᠡᠶ︔ | ︵ᠭᠤᠷᠪᠠ︶ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠶᠢᠨ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠨᠢ ᠪᠣᠳᠠᠲᠤ ᠪᠠᠶᠢᠳᠠᠯ ᠠᠴᠠ ᠬᠦᠨᠳᠦ ᠨᠣᠴᠢᠲᠠᠶ ᠵᠥᠷᠢᠵᠦ ᠪᠠᠶᠢᠬᠤ ᠶᠢ ᠣᠯᠵᠤ ᠮᠡᠳᠡᠪᠡᠯ | ᠵᠠᠯᠠᠷᠠᠭᠤᠯᠬᠤ ᠦᠭᠡᠶ᠃ | ᠳᠥᠴᠢᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠠᠰᠢᠭ | ᠬᠤᠨᠵᠢᠪᠣᠷᠢ ᠶᠢᠨ ᠴᠢᠨᠠᠷᠲᠠᠶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ | ᠪᠣᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ ᠨᠡᠪᠲᠡᠷᠡᠭᠦᠯᠬᠦ ᠬᠡᠷᠡᠭᠲᠡᠶ︔ ᠬᠠᠤᠯᠢ ᠶᠢ ᠵᠥᠷᠢᠴᠡᠵᠦ | ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ | ᠠᠪᠤᠨ᠎ᠠ᠃ | ᠳᠥᠴᠢᠨ ᠬᠤᠶᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ | ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠬᠠᠷᠢᠭᠤᠴᠠᠯᠭᠠᠲᠠᠨ᠂ ᠲᠤᠭ᠎ᠠ ᠪᠦᠷᠢᠳᠬᠡᠯ ᠤᠨ | ᠪᠠᠶᠢᠭᠤᠯᠤᠮᠵᠢ ᠂ ᠲᠤᠭ᠎ᠠ ᠪᠦᠷᠢᠳᠬᠡᠯ ᠤᠨ ᠠᠵᠢᠯᠲᠠᠨ ᠤ ᠪᠡᠶ᠎ᠡ ᠪᠠᠨ ᠳᠠᠭᠠᠭᠠᠵᠤ ᠲᠤᠭ᠎ᠠ ᠪᠦᠷᠢᠳᠬᠡᠯ ᠤᠨ | ᠪᠠᠶᠢᠴᠠᠭᠠᠯᠲᠠ ᠬᠢᠬᠦ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠬᠢᠬᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ | ᠡᠷᠬᠡ ᠲᠤᠰᠢᠶᠠᠯ ᠳᠤ ᠬᠠᠯᠳᠠᠭᠰᠠᠨ ᠪᠤᠶᠤ ᠪᠢᠴᠢᠭ ᠮᠠᠲ᠋ᠧᠷᠢᠶᠠᠯ ᠪᠠᠭᠤᠯᠭᠠᠬᠤ᠂ ᠬᠤᠷᠠᠯ ᠤᠨ ᠪᠠᠶᠢᠷᠢᠯᠠᠭᠤᠯᠤᠯᠲᠠ ᠬᠢᠬᠦ | ᠵᠢᠴᠢ ᠪᠤᠰᠤᠳ ᠠᠷᠭ᠎ᠠ ᠮᠠᠶ᠋ᠢᠭ ᠢᠶᠠᠷ ᠪᠦᠷᠢᠳᠬᠡᠭᠳᠡᠨ ᠪᠠᠶᠢᠴᠠᠭᠠᠭᠳᠠᠬᠤ ᠡᠲᠡᠭᠡᠳ ᠪᠤᠶᠤ ᠪᠤᠰᠤᠳ ᠨᠢᠭᠡᠴᠡ᠂ | ᠠᠵᠢᠯᠳᠡᠠ ᠢ ᠰᠠᠨᠠᠭᠤᠯᠬᠤ᠂ ᠳᠤᠬᠢᠬᠤ᠂ ᠠᠯᠪᠠᠳᠠᠨ ᠵᠠᠷᠯᠢᠭᠳᠠᠵᠤ ᠪᠠᠶᠢᠭᠠᠳ ᠬᠤᠳᠠᠯ ᠬᠠᠭᠤᠷᠮᠠᠭ ᠲᠤᠭ᠎ᠠ | ᠪᠦᠷᠢᠳᠬᠡᠯ ᠤᠨ ᠮᠠᠲ᠋ᠧᠷᠢᠶᠠᠯ ᠵᠣᠬᠢᠶᠠᠭᠰᠠᠨ ᠪᠠᠶᠢᠪᠠᠯ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ᠂ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠂ ᠵᠠᠷᠯᠠᠨ ᠢᠯᠡᠴᠢᠯᠡᠬᠦ ᠬᠡᠷᠡᠭᠳᠡᠢ᠃ | ᠳᠥᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯᠯᠠᠭ᠎ᠠ ᠶᠢᠨ ᠳᠤᠮᠳᠠ ᠳᠣᠣᠷ᠎ᠠ ᠵᠢᠭᠰᠠᠭᠠᠭᠰᠠᠨ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠳᠡᠭᠡᠳᠦ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠨᠡᠶᠢᠲᠡ ᠳᠤ ᠵᠠᠷᠯᠠᠨ᠎ᠠ᠄ | ︵ᠨᠢᠭᠡ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠠᠴᠠ ᠵᠥᠷᠢᠴᠡᠨ | ᠲᠣᠭᠲᠠᠭᠠᠬᠤ᠂ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ︔ | ︵ᠬᠤᠶᠠᠷ︶ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠥᠷᠥᠯ ᠵᠦᠢᠯ ᠵᠢᠴᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠭᠤᠣᠯ ᠠᠭᠤᠯᠭ᠎ᠠ ᠶᠢ ᠲᠣᠭᠲᠠᠭᠠᠯ | ᠶᠣᠰᠣᠭᠠᠷ ᠨᠡᠶᠢᠲᠡᠯᠡᠭᠰᠡᠨ ᠦᠭᠡᠶ︔ | ︵ᠭᠤᠷᠪᠠ︶ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠭᠡᠶ︔ | ︵ᠳᠥᠷᠪᠡ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠦᠭᠰᠡᠨ ᠦᠭᠡᠶ︔ | ︵ᠲᠠᠪᠤ︶ ᠳᠠᠩ ᠭᠠᠭᠴᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠲᠤᠭ᠎ᠠ ᠪᠦᠷᠢᠳᠬᠡᠯ ᠤᠨ | ᠮᠠᠲ᠋ᠧᠷᠢᠶᠠᠯ ᠳᠤ ᠥᠪᠡᠷ ᠢᠶᠠᠨ ᠵᠠᠰᠠᠪᠤᠷᠢ ᠣᠷᠣᠭᠤᠯᠬᠤ᠃ | ᠰᠤᠮᠤ᠂ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠳᠠᠨ ᠡᠮᠦᠨᠡᠬᠢ ᠪᠠᠳᠠᠭ ᠤᠨ ᠭᠤᠷᠪᠠᠳᠤᠭᠠᠷ ᠵᠤᠷᠪᠤᠰ ᠠᠴᠠ | ᠲᠠᠪᠤᠳᠤᠭᠠᠷ ᠵᠤᠷᠪᠤᠰ ᠲᠤ ᠵᠢᠭᠰᠠᠭᠠᠭᠰᠠᠨ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ | ᠬᠠᠤᠯᠢ ᠶᠣᠰᠣᠭᠠᠷ ᠰᠢᠢᠳᠭᠡᠯ ᠥᠭᠭᠦᠨ᠎ᠡ᠃ | ᠳᠥᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠳᠦᠷᠢᠮ ᠤᠨ ᠬᠤᠷᠢᠨ | ᠳᠥᠷᠪᠡᠳᠦᠭᠡᠷ ᠵᠦᠢᠯ᠂ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠨ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢ ᠨᠡᠶᠢᠲᠡᠯᠡᠭᠰᠡᠨ ᠪᠣᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠤᠶᠤ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ ᠢᠯᠡᠴᠢᠯᠡᠬᠦ | ᠬᠡᠷᠡᠭᠲᠡᠶ᠃ | ᠳᠥᠴᠢᠨ ᠲᠠᠪᠤᠳᠤᠭᠠᠷ ᠵᠦᠢᠯ ᠬᠠᠷᠠᠬᠠᠨ ᠨᠡᠶᠢᠲᠡᠯᠡᠭᠡᠳᠦᠢ ᠲᠤᠭ᠎ᠠ ᠪᠦᠷᠢᠳᠬᠡᠯ ᠤᠨ ᠮᠠᠲ᠋ᠧᠷᠢᠶᠠᠯ ᠢ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠭᠠᠳᠠᠭᠰᠢ ᠬᠠᠩᠭᠠᠭᠰᠠᠨ ᠪᠤᠶᠤ ᠬᠠᠷᠠᠬᠠᠨ | ᠨᠡᠶᠢᠲᠡᠯᠡᠭᠡᠳᠦᠢ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠠᠰᠢᠭᠯᠠᠨ ᠵᠦᠢ ᠪᠤᠰᠤ ᠠᠰᠢᠭ ᠲᠤᠰᠠ ᠣᠯᠤᠭᠰᠠᠨ | ᠪᠠᠶᠢᠪᠠᠯ᠂ ᠲᠣᠮᠢᠯᠠᠵᠤ ᠪᠠᠭᠤᠯᠭᠠᠬᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠣᠰᠣᠭᠠᠷ | ᠰᠢᠢᠳᠭᠡᠯ ᠥᠭᠬᠦ ᠶᠢᠨ ᠬᠠᠮᠲᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠠᠴᠠ ᠵᠠᠷᠯᠠᠨ ᠮᠡᠳᠡᠭᠳᠡᠨ᠎ᠡ᠃ | ᠳᠥᠴᠢᠨ ᠵᠢᠷᠭᠤᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠭᠤᠯᠤᠮᠵᠢ ᠵᠢᠴᠢ ᠠᠵᠢᠯᠲᠠᠳ ᠲᠤ ᠳᠣᠣᠷᠠᠬᠢ | ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ | ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ | ᠵᠠᠯᠠᠷᠠᠭᠤᠯᠵᠤ᠂ ᠢᠯᠡᠴᠢᠯᠡᠬᠦ ᠬᠡᠷᠡᠭᠲᠡᠶ᠄ | ︵ᠨᠢᠭᠡ︶ ᠲᠤᠭ᠎ᠠ ᠪᠦᠷᠢᠳᠬᠡᠯ ᠤᠨ ᠠᠵᠢᠯ ᠤᠨ ᠬᠢᠨᠠᠯᠲᠠ ᠪᠠᠶᠢᠴᠠᠭᠠᠯᠲᠠ ᠪᠣᠯᠤᠨ ᠲᠤᠭ᠎ᠠ ᠪᠦᠷᠢᠳᠬᠡᠯ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠡᠪᠴᠢᠵᠦ᠂ | ᠬᠠᠷᠰᠢᠯᠠᠬᠤ︔ | ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠥᠮᠥᠭᠯᠡᠬᠦ᠂ | ᠳᠤᠷ᠎ᠠ ᠪᠠᠷ ᠨᠢ ᠲᠠᠯᠪᠢᠬᠤ︔ | ︵ᠭᠤᠷᠪᠠ︶ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠨᠢᠭᠡᠴᠡ ᠪᠤᠶᠤ | ᠬᠤᠪᠢ ᠬᠥᠮᠦᠨ ᠳᠤ ᠴᠢᠮᠡᠭᠡ ᠬᠦᠷᠭᠡᠵᠦ᠂ ᠲᠡᠭᠦᠨ ᠢ ᠬᠠᠪᠰᠤᠷᠤᠨ ᠪᠠᠶᠢᠴᠠᠭᠠᠨ ᠰᠢᠢᠳᠪᠦᠷᠢᠯᠡᠬᠦ ᠠᠴᠠ | ᠵᠠᠶᠢᠯᠠᠭᠤᠯᠤᠨ᠎ᠠ︔ | ︵ᠳᠥᠷᠪᠡ︶ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠦᠭᠰᠡᠨ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠭᠰᠡᠨ ᠦᠭᠡᠶ︔ | ︵ᠲᠠᠪᠤ︶ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ | ᠮᠡᠳᠡᠭᠦᠯᠦᠭᠰᠡᠨ ᠪᠠᠶᠢᠳᠠᠯ ᠢ ᠵᠠᠳᠠᠷᠠᠭᠤᠯᠬᠤ᠃ | ᠳᠥᠴᠢᠨ ᠳᠣᠯᠣᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠭ᠎ᠠ ᠪᠦᠷᠢᠳᠬᠡᠯ ᠤᠨ ᠬᠢᠨᠠᠯᠲᠠ ᠪᠠᠶᠢᠴᠠᠭᠠᠯᠲᠠ ᠶᠢ ᠲᠡᠪᠴᠢᠭᠰᠡᠨ᠂ ᠬᠠᠷᠰᠢᠯᠠᠭᠰᠠᠨ ᠪᠤᠶᠤ ᠤᠭ | ᠲᠡᠮᠳᠡᠭᠯᠡᠯ ᠪᠠ ᠭᠡᠷᠡᠴᠢ ᠪᠠᠷᠢᠮᠲᠠ᠂ ᠲᠤᠭ᠎ᠠ ᠪᠦᠷᠢᠳᠬᠡᠯ ᠤᠨ ᠡᠬᠡ ᠳᠠᠩᠰᠠ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠬᠦᠰᠦᠨᠦᠭᠲᠦ ᠵᠢᠴᠢ ᠪᠤᠰᠤᠳ ᠬᠤᠯᠪᠣᠭᠳᠠᠯ ᠪᠦᠬᠦᠢ ᠭᠡᠷᠡᠴᠢ ᠪᠠ ᠮᠠᠲ᠋ᠧᠷᠢᠶᠠᠯ ᠢ | ᠰᠢᠯᠵᠢᠭᠦᠯᠦᠭᠰᠡᠨ᠂ ᠨᠢᠭᠤᠭᠰᠠᠨ᠂ ᠥᠭᠡᠷᠡᠲᠦᠭᠦᠯᠦᠭᠰᠡᠨ᠂ ᠰᠦᠢᠳᠬᠡᠭᠰᠡᠨ ᠪᠠᠶᠢᠪᠠᠯ᠂ ᠳᠡᠭᠡᠳᠦ ᠱᠠᠲᠤᠨ ᠤ | ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠨᠡᠶᠢᠲᠡ ᠳᠤ ᠵᠠᠷᠯᠠᠨ᠎ᠠ᠃ | ᠳᠥᠴᠢᠨ ᠨᠠᠢᠮᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠳᠦᠷᠢᠮ ᠤᠨ ᠳᠥᠴᠢᠨ ᠨᠢᠭᠡᠳᠦᠭᠡᠷ | ᠵᠦᠢᠯ ᠠᠴᠠ ᠳᠥᠴᠢᠨ ᠳᠣᠯᠣᠳᠤᠭᠠᠷ ᠵᠦᠢᠯ ᠳᠤ ᠵᠢᠭᠰᠠᠭᠠᠭᠰᠠᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠦᠬᠦᠢ ᠭᠤᠣᠯᠴᠢᠯᠠᠨ ᠬᠠᠮᠢᠶᠠᠷᠴᠤ ᠪᠦᠬᠦᠢ ᠬᠥᠮᠦᠰ | ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠲᠣᠮᠢᠯᠠᠬᠤ ᠪᠠᠭᠤᠯᠭᠠᠬᠤ ᠪᠠᠶᠢᠭᠤᠯᠭ᠎ᠠ ᠪᠤᠶᠤ ᠬᠢᠨᠠᠨ | ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠭᠡᠯ ᠣᠯᠭᠤᠬᠤ ᠬᠡᠷᠡᠭᠲᠡᠶ᠃ | ᠳᠥᠴᠢ ᠶᠢᠰᠦᠳᠦᠭᠡᠷ ᠵᠦᠢᠯ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠤᠭ᠎ᠠ | ᠪᠦᠷᠢᠳᠬᠡᠯ ᠤᠨ ᠬᠠᠤᠯᠢ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ᠭᠤᠴᠢ ᠶᠢᠰᠦᠳᠦᠭᠡᠷ | ᠵᠦᠢᠯ ᠤᠨ ᠨᠢᠭᠡᠳᠦᠭᠡᠷ ᠪᠠᠳᠠᠭ ᠲᠤ ᠵᠢᠭᠰᠠᠭᠠᠭᠰᠠᠨ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠤᠭ᠎ᠠ | ᠪᠦᠷᠢᠳᠬᠡᠯ ᠤᠨ ᠬᠠᠤᠯᠢ ᠶᠢᠨ ᠭᠤᠴᠢᠨ ᠨᠠᠢᠮᠠᠳᠤᠭᠠᠷ ᠵᠦᠢᠯ᠂ ᠭᠤᠴᠢ ᠶᠢᠰᠦᠳᠦᠭᠡᠷ ᠵᠦᠢᠯ ᠤᠨ ᠲᠣᠭᠲᠠᠭᠠᠯ | ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠪᠣᠯ ᠲᠤᠭ᠎ᠠ ᠪᠦᠷᠢᠳᠬᠡᠯ ᠤᠨ ᠬᠠᠤᠯᠢ ᠶᠢᠨ ᠳᠥᠴᠢᠨ | ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠢ ᠦᠢᠯᠡ | ᠠᠵᠢᠯᠯᠠᠭ᠎ᠠ ᠳᠤ ᠲᠣᠭᠠᠴᠠᠭᠳᠠᠨ᠎ᠠ᠄ | ︵ᠨᠢᠭᠡ︶ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠪᠠᠶᠢᠴᠠᠭᠠᠯᠲᠠ ᠶᠢ | ᠬᠦᠴᠦᠷᠬᠡᠭᠯᠡᠯ ᠪᠤᠶᠤ ᠰᠦᠷᠳᠡᠭᠦᠯᠦᠯ ᠤᠨ ᠠᠷᠭ᠎ᠠ ᠪᠠᠷ ᠲᠡᠪᠴᠢᠬᠦ᠂ ᠬᠠᠷᠰᠢᠯᠠᠬᠤ︔ | ︵ᠬᠤᠶᠠᠷ︶ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠪᠠᠶᠢᠴᠠᠭᠠᠯᠲᠠ ᠶᠢ | ᠲᠡᠪᠴᠢᠵᠦ᠂ ᠬᠠᠷᠰᠢᠯᠠᠵᠤ᠂ ᠬᠠᠮᠢᠶ᠎ᠠ ᠪᠦᠬᠦᠢ ᠠᠵᠢᠯ ᠤᠨ ᠬᠡᠪ ᠤᠨ ᠶᠣᠰᠣᠭᠠᠷ ᠥᠷᠨᠢᠬᠦ ᠶᠢ ᠬᠦᠨᠳᠦ ᠨᠣᠴᠢᠲᠠᠶ | ᠨᠥᠯᠥᠭᠡᠯᠡᠬᠦ︔ | ︵ᠭᠤᠷᠪᠠ︶ ᠦᠨᠡᠨ ᠪᠣᠳᠠᠲᠠᠶ ᠪᠤᠰᠤ᠂ ᠪᠦᠷᠢᠨ ᠪᠤᠰᠤ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠵᠤ᠂ | ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ ᠪᠤᠶᠤ ᠮᠠᠭᠤ ᠨᠥᠯᠥᠭᠡ ᠭᠠᠷᠭᠠᠭᠰᠠᠨ︔ | ︵ᠲᠦᠷᠪᠡ︶ ᠪᠦᠷᠢᠳᠬᠡᠯ ᠤᠨ ᠬᠠᠤᠯᠢ ᠶᠢᠨ ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠲᠤ | ᠵᠢᠭᠰᠠᠭᠠᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ 1 ᠵᠢᠯ ᠤᠨ | ᠳᠣᠲᠣᠷ᠎ᠠ 3 ᠤᠳᠠᠭ᠎ᠠ ᠠᠴᠠ ᠳᠡᠭᠡᠭᠰᠢ ᠵᠠᠷᠯᠢᠭᠳᠠᠨ ᠵᠠᠯᠠᠷᠠᠭᠤᠯᠤᠭᠤᠯᠤᠨ᠎ᠠ᠃ | ᠲᠠᠪᠢᠨ ᠨᠢᠭᠡᠳᠦᠭᠡᠷ ᠵᠦᠢᠯ ᠲᠤᠭ᠎ᠠ ᠪᠦᠷᠢᠳᠬᠡᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠶᠠᠯ᠎ᠠ | ᠬᠢᠭᠰᠡᠨ ᠰᠡᠵᠢᠭᠯᠡᠯᠲᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠬᠡᠷᠡᠭ ᠢ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠰᠢᠢᠳᠪᠦᠷᠢᠯᠡᠭᠦᠯᠬᠦ ᠬᠡᠷᠡᠭᠲᠡᠢ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠲᠠᠪᠢᠨ ᠬᠤᠶᠠᠳᠤᠭᠠᠷ ᠵᠦᠢᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨᠠᠬᠢ | ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ | ᠳᠣᠲᠣᠷ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠯᠠᠭ᠎ᠠ ᠬᠢᠬᠦ ᠴᠢᠬᠤᠯᠠᠲᠠᠢ ᠪᠠᠶᠢᠪᠠᠯ᠂ ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠭᠠᠳᠠᠭᠠᠳᠤ ᠳᠤ ᠬᠤᠯᠪᠣᠭᠳᠠᠬᠤ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠬᠢᠷᠢ ᠬᠡᠮ ᠪᠦᠬᠦᠢ ᠪᠠᠶᠢᠭᠤᠯᠤᠮᠵᠢ ᠳᠤ ᠨᠠᠶᠢᠳᠠᠵᠤ ᠬᠢᠯᠭᠡᠬᠦ ᠬᠡᠷᠡᠭᠲᠡᠢ᠃ | ᠭᠠᠳᠠᠭᠠᠳᠤ ᠳᠤ ᠬᠤᠯᠪᠣᠭᠳᠠᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠢᠷᠢ ᠬᠡᠮ ᠢ ᠬᠠᠤᠯᠢ ᠶᠣᠰᠣᠭᠠᠷ | ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠪᠣᠯ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ | ᠬᠢᠨᠠᠨ ᠵᠥᠪᠰᠢᠶᠡᠷᠡᠨ᠎ᠡ︔ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠪᠴᠢᠶ᠎ᠡ ᠨᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠵᠠᠬᠢᠷᠭᠠᠨ ᠤ ᠣᠷᠣᠨ ᠢ ᠠᠯᠤᠰᠯᠠᠭᠰᠠᠨ ᠪᠣᠯ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠠᠴᠠ ᠬᠢᠨᠠᠨ ᠵᠥᠪᠰᠢᠶᠡᠷᠡᠨ᠎ᠡ᠃ | ᠭᠠᠳᠠᠭᠠᠳᠤ ᠳᠤ ᠬᠤᠯᠪᠣᠭᠳᠠᠬᠤ ᠨᠡᠶᠢᠭᠡᠮ ᠤᠨ ᠪᠠᠶᠢᠴᠠᠭᠠᠯᠲᠠ ᠶᠢᠨ ᠲᠥᠷᠥᠯ ᠵᠦᠢᠯ ᠢᠶᠠᠨ ᠬᠠᠤᠯᠢ ᠶᠣᠰᠣᠭᠠᠷ | ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠪᠣᠯ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ | ᠬᠢᠨᠠᠨ ᠵᠥᠪᠰᠢᠶᠡᠷᠡᠨ᠎ᠡ︔ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠪᠴᠢᠶ᠎ᠡ ᠨᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠵᠠᠬᠢᠷᠭᠠᠨ ᠤ ᠣᠷᠣᠨ ᠢ ᠠᠯᠤᠰᠯᠠᠭᠰᠠᠨ ᠪᠣᠯ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠠᠴᠠ ᠬᠢᠨᠠᠨ ᠵᠥᠪᠰᠢᠶᠡᠷᠡᠨ᠎ᠡ᠃ | ᠲᠠᠪᠢᠨ ᠭᠤᠷᠪᠠᠳᠤᠭᠠᠷ ᠵᠦᠢᠯ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠪᠤᠶᠤ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠭᠠᠳᠠᠭᠠᠳᠤ ᠳᠤ | ᠬᠤᠯᠪᠣᠭᠳᠠᠬᠤ ᠲᠤᠭ᠎ᠠ ᠪᠦᠷᠢᠳᠬᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠪᠠᠶᠢᠴᠠᠭᠠᠯᠲᠠ ᠬᠢᠬᠦ ᠳᠤ ᠲᠤᠭ᠎ᠠ | ᠪᠦᠷᠢᠳᠬᠡᠯ ᠤᠨ ᠬᠠᠤᠯᠢ ᠶᠢᠨ ᠭᠤᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠠᠷᠭ᠎ᠠ ᠬᠡᠮᠵᠢᠶ᠎ᠡ ᠶᠢ ᠠᠪᠬᠤ | ᠡᠷᠬᠡ ᠲᠠᠢ᠃ | ᠲᠠᠪᠢᠨ ᠳᠥᠷᠪᠡᠳᠦᠭᠡᠷ ᠵᠦᠢᠯ ᠭᠠᠳᠠᠭᠠᠳᠤ ᠳᠤ ᠬᠤᠯᠪᠣᠭᠳᠠᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠠᠵᠢᠯᠯᠠᠭ᠎ᠠ ᠶᠢ ᠬᠠᠤᠯᠢ ᠠᠴᠠ ᠵᠥᠷᠢᠴᠡᠨ ᠬᠢᠭᠰᠡᠨ ᠨᠢᠭᠡᠴᠡ᠂ ᠬᠤᠪᠢ ᠬᠥᠮᠦᠨ ᠢ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠪᠤᠶᠤ ᠪᠠᠶᠢᠴᠠᠭᠠᠬᠤ ᠶᠢ ᠨᠢ ᠵᠠᠷᠯᠢᠭᠳᠠᠨ | ᠵᠣᠭᠰᠣᠭᠠᠵᠤ᠂ ᠬᠠᠤᠯᠢ ᠠᠴᠠ ᠵᠥᠷᠢᠴᠡᠭᠰᠡᠨ ᠣᠯᠵᠠᠪᠤᠷᠢ ᠲᠠᠢ ᠪᠣᠯ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ | ᠬᠤᠷᠢᠶᠠᠮᠵᠢᠯᠠᠨ ᠠᠪᠤᠨ᠎ᠠ︔ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠨᠢ 50 ᠲᠦᠮᠡᠨ | ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ 1 | ᠲᠠᠬᠢᠨ ᠠᠴᠠ ᠳᠡᠭᠡᠭᠰᠢ 3 ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ | ᠬᠠᠤᠯᠢ ᠠᠴᠠ ᠵᠥᠷᠢᠴᠡᠭᠰᠡᠨ ᠣᠯᠵᠠᠪᠤᠷᠢ ᠨᠢ 50 ᠲᠦᠮᠡᠨ ᠲᠥᠭᠦᠷᠢᠭ ᠬᠦᠷᠬᠦ ᠦᠭᠡᠶ ᠪᠤᠶᠤ ᠬᠠᠤᠯᠢ ᠠᠴᠠ | ᠵᠥᠷᠢᠴᠡᠭᠰᠡᠨ ᠣᠯᠵᠠᠪᠤᠷᠢ ᠦᠭᠡᠶ ᠪᠣᠯ 200 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ | ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠭᠠᠳᠠᠭᠠᠳᠤ ᠳᠤ ᠬᠤᠯᠪᠣᠭᠳᠠᠬᠤ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠬᠢᠷᠢ ᠬᠡᠮ ᠢ ᠨᠢ ᠲᠦᠷ ᠵᠣᠭᠰᠣᠭᠠᠬᠤ ᠪᠤᠶᠤ ᠬᠦᠴᠦᠨ ᠦᠭᠡᠶ ᠪᠣᠯᠭᠠᠵᠤ᠂ ᠭᠠᠳᠠᠭᠠᠳᠤ ᠳᠤ | ᠬᠤᠯᠪᠣᠭᠳᠠᠬᠤ ᠨᠡᠶᠢᠭᠡᠮ ᠤᠨ ᠪᠠᠶᠢᠴᠠᠭᠠᠯᠲᠠ ᠶᠢᠨ ᠲᠥᠷᠥᠯ ᠵᠦᠢᠯ ᠢ ᠵᠥᠪᠰᠢᠶᠡᠷᠡᠭᠰᠡᠨ ᠲᠣᠭᠲᠠᠭᠠᠯ ᠢ ᠨᠢ ᠬᠦᠴᠦᠨ | ᠦᠭᠡᠶ ᠪᠣᠯᠭᠠᠨ᠎ᠠ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠲᠠᠪᠢᠨ ᠲᠠᠪᠤᠳᠤᠭᠠᠷ ᠵᠦᠢᠯ ᠲᠣᠰ ᠲᠦᠷᠢᠮ ᠢ 2017 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ 1987 ᠣᠨ ᠤ 1 ᠰᠠᠷ᠎ᠠ ᠶᠢᠨ 19 ᠤ ᠡᠳᠦᠷ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠵᠥᠪᠰᠢᠶᠡᠷᠡᠵᠦ᠂ 1987 ᠣᠨ ᠤ 2 ᠰᠠᠷ᠎ᠠ ᠶᠢᠨ 15 ᠤ ᠡᠳᠦᠷ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠠᠴᠠ ᠨᠡᠶᠢᠲᠡᠯᠡᠵᠦ᠂ 2000 ᠣᠨ ᠤ 6 ᠰᠠᠷ᠎ᠠ ᠶᠢᠨ 2 ᠤᠨ ᠡᠳᠦᠷ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠵᠠᠰᠠᠪᠤᠷᠢ ᠣᠷᠣᠭᠤᠯᠵᠤ᠂ 2000 ᠣᠨ ᠤ 6 ᠰᠠᠷ᠎ᠠ ᠶᠢᠨ 15 ᠤ | ᠡᠳᠦᠷ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠨᠡᠶᠢᠲᠡᠯᠡᠵᠦ᠂ 2005 ᠣᠨ ᠤ 12 ᠰᠠᠷ᠎ᠠ ᠶᠢᠨ | 16 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠨᠠᠷᠢᠨ ᠳᠦᠷᠢᠮ︾ ᠢ | ᠳᠠᠭᠠᠤ ᠳᠤᠨᠢ ᠬᠦᠴᠦᠨ ᠦᠭᠡᠶ ᠪᠣᠯᠭᠠᠨ᠎ᠠ᠃ | |