2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ [1] | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ | ᠡᠳ᠋ ᠤᠨ ᠵᠠᠰᠠᠭ ᠤᠨ ᠲᠢᠩᠬᠢᠮ | 2024 ᠣᠨ ᠤ 10 ᠰᠠᠷ᠎ᠠ ᠶᠢᠨ 12 ᠤᠨ ᠡᠳᠦᠷ | | 2023 ᠣᠨ ᠳᠤ᠂ ᠥᠪᠥᠷ ᠮᠣᠩᠭᠤᠯ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠭᠦᠨᠵᠡᠭᠡᠶ ᠨᠠᠶᠢᠳᠠᠪᠤᠷᠢᠵᠢᠭᠤᠯᠵᠤ᠂ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠳᠤ ᠪᠥᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ | ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠷᠤᠯᠭ᠎ᠠ ᠶᠢ ᠲᠦᠷᠭᠡᠳᠬᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ | ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠳᠣᠪᠤᠶᠢᠯᠭᠠᠪᠠ᠃ | ᠨᠢᠭᠡ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ | 2023 ᠣᠨ ᠳᠤ᠂ ᠪᠥᠬᠦ ᠣᠷᠣᠨ ᠨᠡᠶᠢᠲᠡ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R& D︶ | ᠶᠢᠨ ᠵᠠᠷᠤᠳᠠᠯ 228.1 ᠳ᠋ᠦᠩᠰᠢᠭᠤᠷ ᠲᠥᠭᠦᠷᠢᠭ ᠣᠷᠣᠭᠤᠯᠵᠤ᠂ ᠳᠡᠭᠡᠷ᠎ᠡ ᠵᠢᠯ ᠤᠨ ᠬᠢ ᠠᠴᠠ 18.6 | ᠳ᠋ᠦᠩᠰᠢᠭᠤᠷ ᠲᠥᠭᠦᠷᠢᠭ ᠨᠡᠮᠡᠭᠳᠡᠵᠦ᠂ 8.9% ᠪᠠᠷ ᠨᠡᠮᠡᠭᠳᠡᠪᠡ︔ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ | ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ︵ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠦᠷᠳᠡᠭ ᠯᠦᠭᠡ ᠶᠢᠨ ᠬᠠᠷᠢᠴᠠᠯ [2]︶ ᠨᠢ 0.93% ᠪᠠᠶᠢᠵᠤ᠂ ᠲᠦᠷᠦᠭᠦᠦ ᠵᠢᠯ ᠤᠨ ᠬᠢ ᠠᠴᠠ 0.03 | ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ | ᠠᠵᠢᠯᠲᠠᠨ ᠤ ᠪᠥᠬᠦ ᠴᠠᠭ ᠤᠨ ᠠᠵᠢᠯ ᠤᠨ ᠬᠡᠮᠵᠢᠶ᠎ᠡ ᠪᠠᠷ ᠪᠤᠳᠤᠭᠰᠠᠨ ᠬᠥᠮᠦᠨ ᠳᠤᠮᠳᠠᠴᠢ ᠶᠢᠨ ᠵᠠᠷᠤᠳᠠᠯ ᠨᠢ 56.4 | ᠲᠦᠮᠡᠨ ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 0.8 ᠲᠦᠮᠡᠨ ᠲᠥᠭᠦᠷᠢᠭ ᠨᠡᠮᠡᠭᠳᠡᠪᠡ᠃ | ᠠᠵᠢᠯᠯᠠᠭ᠎ᠠ ᠶᠢᠨ ᠲᠥᠷᠥᠯ ᠬᠡᠯᠪᠡᠷᠢ ᠠᠴᠠ ᠦᠵᠡᠪᠡᠯ᠂ ᠪᠥᠬᠦ ᠣᠷᠣᠨ ᠤ ᠰᠠᠭᠤᠷᠢ ᠰᠤᠳᠤᠯᠭᠠᠨ ᠤ ᠵᠠᠷᠤᠳᠠᠯ 7. | 6 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 5.6% ᠪᠠᠷ ᠪᠠᠭᠤᠷᠠᠪᠠ︔ ᠬᠡᠷᠡᠭᠯᠡᠭᠡᠨ ᠤ | ᠰᠤᠳᠤᠯᠤᠯ ᠤᠨ ᠵᠠᠷᠤᠳᠠᠯ 17.0 ᠳ᠋ᠦᠩᠰᠢᠭᠤᠷ ᠲᠥᠭᠦᠷᠢᠭ ᠪᠠᠶᠢᠵᠤ᠂ 1.3% ᠪᠠᠷ ᠨᠡᠮᠡᠭᠳᠡᠪᠡ︔ | ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ 203.5 ᠳ᠋ᠦᠩᠰᠢᠭᠤᠷ ᠲᠥᠭᠦᠷᠢᠭ ᠲᠤ ᠬᠦᠷᠴᠦ᠂ 10.2% ᠢᠶᠠᠷ | ᠨᠡᠮᠡᠭᠳᠡᠪᠡ᠃ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ | ᠵᠠᠷᠤᠳᠠᠯ ᠤᠨ ᠡᠵᠡᠯᠡᠬᠦ ᠬᠠᠷᠢᠴᠠᠯ ᠨᠢ ᠲᠣᠰ ᠲᠣᠰ 3.4%᠂ 7.4% ᠪᠠ 89.2% ᠪᠣᠯᠪᠠ᠃ | ᠠᠵᠢᠯᠯᠠᠭ᠎ᠠ ᠶᠢᠨ ᠭᠤᠤᠯ ᠴᠣᠭᠴᠠ ᠠᠴᠠ ᠦᠵᠡᠪᠡᠯ᠂ ᠡᠯ᠎ᠡ ᠲᠥᠷᠥᠯ ᠤᠨ ᠠᠵᠤ ᠠᠬᠤᠶᠢᠯᠠᠯ ᠤᠨ ᠰᠤᠳᠤᠯᠭᠠᠨ | ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ 201.1 ᠳ᠋ᠦᠩᠰᠢᠭᠤᠷ ᠲᠥᠭᠦᠷᠢᠭ ᠪᠠᠶᠢᠵᠤ᠂ | ᠲᠦᠷᠦᠭᠦᠦ ᠵᠢᠯ ᠤᠨ ᠬᠢ ᠠᠴᠠ 10.4% ᠪᠠᠷ ᠨᠡᠮᠡᠭᠳᠡᠪᠡ︔ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ | ᠪᠠᠶᠢᠭᠤᠯᠤᠮᠵᠢ ᠶᠢᠨ ᠵᠠᠷᠤᠳᠠᠯ 11.9 ᠳ᠋ᠦᠩᠰᠢᠭᠤᠷ ᠲᠥᠭᠦᠷᠢᠭ ᠲᠤ ᠬᠦᠷᠴᠦ᠂ 18.1% ᠪᠠᠷ ᠪᠠᠭᠤᠷᠠᠪᠠ︔ | ᠳᠡᠭᠡᠳᠦ ᠵᠡᠷᠭᠡ ᠶᠢᠨ ᠰᠤᠷᠭᠠᠭᠤᠯᠢ ᠶᠢᠨ ᠵᠠᠷᠤᠳᠠᠯ 10.8 ᠳ᠋ᠦᠩᠰᠢᠭᠤᠷ ᠲᠥᠭᠦᠷᠢᠭ ᠪᠠᠶᠢᠵᠤ᠂ 25.0% ᠢᠶᠠᠷ | ᠨᠡᠮᠡᠭᠳᠡᠪᠡ᠃ ᠠᠵᠤ ᠠᠬᠤᠶᠢᠯᠠᠯ᠂ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ᠂ ᠳᠡᠭᠡᠳᠦ | ᠵᠡᠷᠭᠡ ᠶᠢᠨ ᠰᠤᠷᠭᠠᠭᠤᠯᠢ ᠶᠢᠨ ᠵᠠᠷᠤᠳᠠᠯ ᠤᠨ ᠡᠵᠡᠯᠡᠬᠦ ᠬᠠᠷᠢᠴᠠᠯ ᠨᠢ ᠲᠣᠰ ᠲᠣᠰ 88.2%᠂ 5.2% ᠪᠠ 4. | 7% ᠳᠤ ᠬᠦᠷᠴᠡᠶ᠃ | ᠭᠠᠵᠠᠷ ᠣᠷᠣᠨ ᠬᠤᠪᠢᠶᠠᠵᠤ ᠦᠵᠡᠪᠡᠯ᠂ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ | ᠵᠠᠷᠤᠳᠠᠯ ᠨᠢ ᠲᠦᠷᠦᠭᠦᠦ ᠭᠤᠷᠪᠠ ᠳᠤ ᠵᠢᠭᠰᠠᠭᠠᠭᠳᠠᠭᠰᠠᠨ ᠨᠢ ᠪᠤᠭᠤᠲᠤ ᠬᠤᠲᠠ ︵82.4 ᠳ᠋ᠦᠩᠰᠢᠭᠤᠷ | ᠲᠥᠭᠦᠷᠢᠭ︶᠂ ᠣᠷᠳᠣᠰ ᠬᠤᠲᠠ ︵53.2 ᠳ᠋ᠦᠩᠰᠢᠭᠤᠷ ᠲᠥᠭᠦᠷᠢᠭ︶ ᠪᠠ ᠬᠥᠬᠡᠬᠤᠲᠠ ︵45.9 ᠳ᠋ᠦᠩᠰᠢᠭᠤᠷ | ᠲᠥᠭᠦᠷᠢᠭ︶ ᠪᠣᠯᠤᠨ᠎ᠠ᠃ ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ ᠤᠨ | ᠣᠷᠣᠭᠤᠯᠤᠯᠲᠠ ᠶᠢᠨ ᠬᠦᠴᠦᠯᠡᠴᠡ ︵ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ [3] ᠯᠤᠭ᠎ᠠ ᠶᠢᠨ | ᠬᠠᠷᠢᠴᠠᠯ︶ ᠨᠢ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭᠰᠠᠨ ᠠᠶᠢᠮᠠᠭ ᠬᠤᠲᠠ 3 ᠪᠠᠶᠢᠵᠤ᠂ | ᠳᠠᠷᠠᠭᠠᠯᠠᠨ ᠪᠤᠭᠤᠲᠤ ᠬᠤᠲᠠ ︵1.93%︶᠂ ᠬᠥᠬᠡᠬᠤᠲᠠ ︵1.21%︶ ᠪᠠ ᠦᠬᠠᠶ ᠬᠤᠲᠠ ︵1.12%︶ | ᠪᠣᠯᠤᠨ᠎ᠠ᠃ | ᠬᠦᠰᠦᠨᠦᠭᠲᠦ ᠨᠢᠭᠡ 223 ᠣᠨ ᠤ ᠡᠯ᠎ᠡ ᠠᠶᠢᠮᠠᠭ ᠬᠤᠲᠠ ᠶᠢᠨ ᠰᠤᠳᠤᠯᠭᠠᠨ ᠪᠠ ᠲᠤᠷᠰᠢᠯᠲᠠ ᠶᠢᠨ | ᠬᠥᠭᠵᠢᠯᠲᠡ ︵R&D︶ ᠶᠢᠨ ᠵᠠᠷᠤᠳᠠᠯ ᠤᠨ ᠪᠠᠶᠢᠳᠠᠯ | | ᠬᠤᠶᠠᠷ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠪᠠᠶᠢᠳᠠᠯ | 2023 ᠣᠨ ᠳᠤ᠂ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ | 75.0 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 32.0 ᠳ᠋ᠦᠩᠰᠢᠭᠤᠷ ᠲᠥᠭᠦᠷᠢᠭ | ᠨᠡᠮᠡᠭᠳᠡᠨ᠂ 74.4% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ | ᠬᠤᠪᠢ ᠶᠢᠨ ᠵᠢᠩ ᠨᠢ 1.1% ᠪᠣᠯᠵᠠᠶ᠃ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 21.4 ᠳ᠋ᠦᠩᠰᠢᠭᠤᠷ ᠲᠥᠭᠦᠷᠢᠭ ᠪᠠᠶᠢᠵᠤ᠂ | 163.4% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 2.0% ᠪᠣᠯᠪᠠ︔ ᠠᠶᠢᠮᠠᠭ ᠬᠤᠲᠠ ᠶᠢᠨ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ [4] 53.6 ᠳ᠋ᠦᠩᠰᠢᠭᠤᠷ ᠲᠥᠭᠦᠷᠢᠭ ᠲᠤ ᠬᠦᠷᠴᠦ᠂ | 53.7% ᠪᠠᠷ ᠨᠡᠮᠡᠭᠳᠡᠵᠦ᠂ ᠠᠶᠢᠮᠠᠭ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠤ | ᠡᠵᠡᠯᠡᠬᠦ ᠬᠤᠪᠢ ᠶᠢᠨ ᠵᠢᠩ ᠨᠢ 0.9% ᠪᠣᠯᠪᠠ᠃ | ᠪᠥᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ ᠣᠷᠳᠣᠰ ᠬᠤᠲᠠ᠂ ᠬᠥᠬᠡᠬᠤᠲᠠ᠂ ᠪᠤᠭᠤᠲᠤ | ᠬᠤᠲᠠ᠂ ᠦᠬᠠᠶ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠣᠷᠣᠨ | ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ ᠪᠥᠬᠦ | ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠪᠠ᠃ | ᠬᠦᠰᠦᠨᠦᠭᠲᠦ ᠬᠤᠶᠠᠷ 2023 ᠣᠨ ᠤ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠪᠠᠶᠢᠳᠠᠯ | | | ᠲᠠᠶᠢᠯᠪᠤᠷᠢ᠄ | [1] ᠲᠣᠰ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠪᠠ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R& D︶ | ᠶᠢᠨ ᠵᠠᠷᠤᠳᠠᠯ ᠤᠨ ᠲᠤᠭ᠎ᠠ ᠪᠠᠷᠢᠮᠲᠠ ᠶᠢ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠨᠡᠶᠢᠲᠡᠯᠡᠬᠦ ᠪᠣᠯᠤᠨ᠎ᠠ᠃ ᠬᠡᠰᠡᠭ ᠲᠤᠭ᠎ᠠ ᠪᠠᠷᠢᠮᠲᠠ ᠨᠢ ᠳᠥᠷᠪᠡ ᠶᠢ | ᠬᠠᠶᠠᠵᠤ ᠲᠠᠪᠤ ᠶᠢ ᠳᠡᠪᠰᠢᠭᠦᠯᠬᠦ ᠰᠢᠯᠲᠠᠭᠠᠨ ᠠᠴᠠ ᠪᠣᠯᠵᠣ᠂ ᠶᠡᠷᠦᠩᠬᠡᠶ ᠲᠤᠭ᠎ᠠ ᠪᠠ ᠬᠤᠪᠢᠶᠠᠷᠢ ᠵᠦᠢᠯ ᠨᠢ ᠨᠡᠶᠢᠯᠡᠭᠡᠳ | ᠠᠳᠠᠯᠢ ᠪᠤᠰᠤ ᠪᠠᠶᠢᠳᠠᠯ ᠣᠷᠣᠰᠢᠵᠤ ᠪᠠᠶᠢᠨ᠎ᠠ᠃ | [2] 2023 ᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ ᠠᠩᠬ᠎ᠠ | ᠠᠯᠬᠤᠮ ᠤᠨ ᠬᠠᠷᠭᠤᠭᠤᠯᠤᠨ ᠪᠤᠳᠤᠭᠰᠠᠨ ᠲᠤᠭ᠎ᠠ ᠪᠣᠯᠤᠨ᠎ᠠ᠃ | [3] 2023 ᠣᠨ ᠳᠤ ᠠᠶᠢᠮᠠᠭ ᠬᠤᠲᠠ ᠬᠤᠪᠢᠶᠠᠭᠰᠠᠨ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠨᠢ ᠠᠩᠬ᠎ᠠ ᠠᠯᠬᠤᠮ ᠤᠨ ᠬᠠᠷᠭᠤᠭᠤᠯᠤᠨ ᠪᠤᠳᠤᠭᠰᠠᠨ ᠲᠤᠭ᠎ᠠ ᠪᠣᠯᠤᠨ᠎ᠠ᠃ | [4] ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠳᠤ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠪᠡᠯᠡ ᠮᠥᠩᠭᠦ ᠪᠠᠭᠲᠠᠨ᠎ᠠ᠃ | ᠳᠠᠭᠠᠯᠳᠤᠭᠤᠯᠤᠯ᠄ | 1 . ᠭᠤᠣᠯ ᠭᠦᠢᠴᠡᠳᠬᠡᠯ ᠲᠤᠭ᠎ᠠ ᠶᠢ ᠲᠠᠶᠢᠯᠪᠤᠷᠢᠯᠠᠬᠤ | ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠭᠡᠳᠡᠭ ᠨᠢ | ᠮᠡᠳᠡᠭᠦᠯᠦᠯᠲᠡ ᠶᠢᠨ ᠬᠤᠭᠤᠴᠠᠭᠠᠨ ᠳᠤ ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ ︵R&D︶ ᠶᠢᠨ | ᠠᠵᠢᠯᠯᠠᠭ᠎ᠠ ᠶᠢ ᠬᠡᠷᠡᠭᠵᠢᠭᠦᠯᠬᠦ ᠶᠢᠨ ᠲᠥᠯᠥᠭᠡ ᠪᠣᠳᠠᠲᠠᠢ ᠡᠭᠦᠰᠦᠭᠰᠡᠨ ᠪᠦᠬᠦ ᠵᠠᠷᠤᠳᠠᠯ ᠢ ᠵᠢᠭᠠᠵᠤ ᠪᠠᠶᠢᠨ᠎ᠠ᠃ | ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠭᠡᠳᠡᠭ ᠨᠢ ᠮᠡᠳᠡᠯᠭᠡ ᠶᠢᠨ ᠬᠠᠳᠠᠭᠠᠯᠠᠯᠲᠠ ︵ᠪᠠᠰᠠ | ᠬᠥᠮᠦᠨ ᠲᠥᠷᠥᠯᠬᠢᠲᠡᠨ᠂ ᠰᠣᠶᠣᠯ ᠪᠠ ᠨᠡᠶᠢᠭᠡᠮ ᠤᠨ ᠬᠤᠯᠪᠣᠭᠳᠠᠯ ᠪᠦᠬᠦᠢ ᠮᠡᠳᠡᠯᠭᠡ ᠪᠠᠭᠲᠠᠨ᠎ᠠ︶ ᠶᠢ ᠨᠡᠮᠡᠭᠳᠡᠭᠦᠯᠬᠦ | ᠵᠢᠴᠢ ᠤᠤᠯ ᠤᠨ ᠪᠠᠶᠢᠭᠰᠠᠨ ᠮᠡᠳᠡᠯᠭᠡ ᠶᠢᠨ ᠰᠢᠨ᠎ᠡ ᠬᠡᠷᠡᠭᠯᠡᠭᠡ ᠶᠢ ᠵᠢᠷᠤᠵᠤ ᠲᠥᠯᠥᠪᠯᠡᠬᠦ ᠶᠢᠨ ᠲᠥᠯᠥᠭᠡ ᠬᠢᠭᠰᠡᠨ | ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ ᠢ ᠵᠢᠭᠠᠵᠤ ᠪᠠᠶᠢᠨ᠎ᠠ᠂ ᠡᠭᠦᠨ ᠳᠤ ᠰᠠᠭᠤᠷᠢ ᠰᠤᠳᠤᠯᠭᠠᠨ᠂ | ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠵᠡᠷᠭᠡ ᠭᠤᠷᠪᠠᠨ ᠵᠦᠢᠯ ᠤᠨ ᠬᠡᠯᠪᠡᠷᠢ ᠪᠠᠭᠲᠠᠨ᠎ᠠ᠃ | ᠳᠡᠯᠡᠬᠡᠢ ᠳᠡᠭᠡᠷ᠎ᠡ ᠶᠡᠷᠦ ᠳᠡᠭᠡᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠠᠵᠢᠯᠯᠠᠭ᠎ᠠ ᠶᠢᠨ | ᠬᠡᠪᠴᠢᠶ᠎ᠡ ᠪᠠ ᠡᠷᠴᠢᠮ ᠤᠨ ᠭᠦᠢᠴᠡᠳᠬᠡᠯ ᠲᠤᠭ᠎ᠠ ᠨᠢ ᠨᠢᠭᠡ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠪᠣᠳᠠᠲᠤ ᠬᠦᠴᠦᠨ ᠪᠠ ᠭᠤᠣᠯᠯᠠᠬᠤ ᠦᠷᠢᠰᠦᠯᠳᠦᠬᠦ ᠬᠦᠴᠦᠨ ᠢ ᠲᠤᠰᠬᠠᠳᠠᠭ᠃ | ᠰᠠᠭᠤᠷᠢ ᠰᠤᠳᠤᠯᠤᠯ ᠭᠡᠳᠡᠭ ᠪᠣᠯ ᠶᠠᠮᠠᠷ ᠴᠤ ᠣᠨᠴᠠ ᠲᠣᠭᠲᠠᠭᠰᠠᠨ ᠬᠡᠷᠡᠭᠯᠡᠯᠲᠡ ᠪᠤᠶᠤ ᠬᠡᠷᠡᠭᠯᠡᠯᠲᠡ ᠶᠢᠨ | ᠵᠣᠷᠢᠯᠭ᠎ᠠ ᠦᠭᠡᠢ ᠨᠢᠭᠡ ᠵᠦᠢᠯ ᠤᠨ ᠲᠤᠷᠰᠢᠯᠲᠠ ᠶᠢᠨ ᠴᠢᠨᠠᠷᠲᠠᠢ ᠪᠤᠶᠤ ᠤᠨᠤᠯ ᠤᠨ ᠴᠢᠨᠠᠷᠲᠠᠢ ᠠᠵᠢᠯ ᠢ ᠵᠢᠭᠠᠵᠤ | ᠪᠤᠢ᠂ ᠲᠡᠭᠦᠨ ᠤ ᠭᠤᠣᠯ ᠵᠣᠷᠢᠯᠭ᠎ᠠ ᠨᠢ ᠳᠠᠷᠤᠢ ᠦᠵᠡᠭᠳᠡᠯ ᠪᠠ ᠪᠣᠳᠠᠲᠤ ᠬᠡᠷᠡᠭ ᠢ ᠠᠵᠢᠭᠯᠠᠵᠤ ᠪᠣᠯᠬᠤ ᠦᠨᠳᠦᠰᠦᠨ | ᠤᠭ ᠶᠣᠰᠣ᠂ ᠵᠢᠮ᠎ᠡ ᠶᠣᠰᠣ ᠪᠠ ᠰᠢᠨ᠎ᠡ ᠮᠡᠳᠡᠯᠭᠡ ᠶᠢ ᠤᠯᠬᠤ ᠶᠠᠪᠤᠳᠠᠯ ᠪᠣᠯᠤᠨ᠎ᠠ᠃ | ᠬᠡᠷᠡᠭᠯᠡᠭᠡᠨ ᠤ ᠰᠤᠳᠤᠯᠤᠯ ᠰᠢᠨ᠎ᠡ ᠮᠡᠳᠡᠯᠭᠡ ᠣᠯᠵᠤ ᠶᠠᠮᠠᠷ ᠨᠢᠭᠡᠨ ᠣᠨᠴᠠᠭᠠᠢ ᠪᠣᠳᠠᠲᠤ ᠵᠣᠷᠢᠯᠭ᠎ᠠ ᠪᠤᠶᠤ | ᠬᠠᠷᠠᠯᠲᠠ ᠳᠠᠭᠠᠨ ᠬᠦᠷᠬᠦ ᠶᠢᠨ ᠲᠥᠯᠥᠭᠡ ᠥᠷᠨᠢᠭᠦᠯᠦᠭᠰᠡᠨ ᠠᠩᠬᠠᠨ ᠤ ᠴᠢᠨᠠᠷᠲᠠᠢ ᠰᠤᠳᠤᠯᠤᠯ ᠢ ᠵᠢᠭᠠᠵᠤ ᠪᠠᠶᠢᠨ᠎ᠠ᠃ | ᠬᠡᠷᠡᠭᠯᠡᠭᠡᠨ ᠤ ᠰᠤᠳᠤᠯᠭᠠᠨ ᠪᠣᠯ ᠰᠠᠭᠤᠷᠢ ᠰᠤᠳᠤᠯᠭᠠᠨ ᠤ ᠦᠷ᠎ᠡ ᠪᠦᠲᠦᠭᠡᠯ ᠤᠨ ᠪᠣᠯᠣᠯᠴᠠᠭᠠᠲᠤ ᠬᠡᠷᠡᠭᠴᠡᠭᠡ ᠶᠢ | ᠲᠣᠭᠲᠠᠭᠠᠬᠤ ᠪᠤᠶᠤ ᠣᠨᠴᠠ ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠪᠠ ᠤᠷᠢᠳᠴᠢᠯᠠᠨ ᠲᠣᠭᠲᠠᠭᠠᠭᠰᠠᠨ | ᠬᠠᠷᠠᠯᠲᠠ ᠶᠢ ᠲᠣᠭᠲᠠᠭᠠᠬᠤ ᠰᠢᠨ᠎ᠡ ᠠᠷᠭ᠎ᠠ ᠪᠣᠯᠤᠨ᠎ᠠ᠃ | ᠲᠤᠷᠰᠢᠯᠲᠠ ᠶᠢᠨ ᠬᠥᠭᠵᠢᠯᠲᠡ ᠰᠢᠨᠵᠢᠯᠡᠬᠦ ᠤᠬᠠᠭᠠᠨ ᠤ ᠰᠤᠳᠤᠯᠭᠠᠨ᠂ ᠪᠣᠳᠠᠲᠤ ᠲᠤᠷᠰᠢᠯᠭ᠎ᠠ ᠠᠴᠠ ᠣᠯᠤᠭᠰᠠᠨ | ᠮᠡᠳᠡᠯᠭᠡ ᠪᠠ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠪᠤᠰᠤᠳ ᠮᠡᠳᠡᠯᠭᠡ ᠶᠢ ᠠᠰᠢᠭᠯᠠᠨ᠂ ᠰᠢᠨ᠎ᠡ | ᠦᠢᠯᠡᠳᠬᠦᠨ᠂ ᠤᠷᠠᠯᠠᠯ ᠢ ᠨᠡᠭᠡᠭᠡᠬᠦ ᠪᠤᠶᠤ ᠤᠳᠤ ᠪᠠᠶᠢᠭ᠎ᠠ ᠦᠢᠯᠡᠳᠬᠦᠨ᠂ ᠤᠷᠠᠯᠠᠯ ᠢ ᠥᠭᠡᠷᠡᠴᠢᠯᠡᠨ | ᠰᠠᠶᠢᠵᠢᠷᠠᠭᠤᠯᠬᠤ ᠪᠠᠷ ᠬᠢᠭᠰᠡᠨ ᠰᠢᠰᠲ᠋ᠧᠮᠲᠦ ᠴᠢᠨᠠᠷᠲᠠᠢ ᠰᠤᠳᠤᠯᠭᠠᠨ ᠢ ᠵᠢᠭᠠᠵᠤ ᠪᠠᠶᠢᠨ᠎ᠠ᠃ | 2 . ᠪᠦᠷᠢᠳᠬᠡᠯ ᠤᠨ ᠬᠡᠪᠴᠢᠶ᠎ᠡ | ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ ᠤᠨ ᠪᠦᠷᠢᠳᠬᠡᠬᠦ ᠬᠦᠷᠢᠶ᠎ᠡ | ᠬᠡᠪᠴᠢᠶ᠎ᠡ ᠨᠢ ᠪᠦᠬᠦ ᠨᠡᠶᠢᠭᠡᠮ ᠢᠶᠠᠷ ᠢᠶᠠᠨ R&D ᠠᠵᠢᠯᠯᠠᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠪᠣᠯᠤᠨ᠎ᠠ᠂ ᠪᠣᠳᠠᠲᠠᠶ ᠪᠠᠷ ᠵᠠᠰᠠᠭ ᠤᠨ ᠣᠷᠳᠣᠨ ᠤ ᠬᠠᠷᠢᠶ᠎ᠠ ᠰᠤᠳᠤᠯᠭᠠᠨ ᠤ ᠪᠠᠶᠢᠭᠤᠯᠤᠮᠵᠢ᠂ ᠳᠡᠭᠡᠳᠦ ᠵᠡᠷᠭᠡ ᠶᠢᠨ | ᠰᠤᠷᠭᠠᠭᠤᠯᠢ ᠵᠢᠴᠢ R&D ᠠᠵᠢᠯᠯᠠᠭ᠎ᠠ ᠶᠢᠨ ᠬᠠᠷᠢᠴᠠᠩᠭᠤᠶ ᠨᠢᠭᠲᠠ ᠲᠥᠪᠯᠡᠷᠡᠭᠰᠡᠨ ᠠᠵᠢᠯ ᠲᠥᠷᠥᠯ ︵ | ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠭᠤᠷᠬᠠᠶ ᠮᠠᠯᠲᠠᠬᠤ ᠦᠢᠯᠡᠰ᠂ | ᠦᠢᠯᠡᠳᠬᠦ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ | ᠬᠥᠮᠥᠷᠭᠡᠯᠡᠨ ᠬᠠᠳᠠᠭᠠᠯᠠᠬᠤ ᠪᠠ ᠰᠢᠦᠳᠠᠨ ᠤ ᠦᠢᠯᠡᠰ᠂ ᠵᠠᠩᠭᠢ ᠳᠠᠮᠵᠢᠯᠭᠠᠨ᠂ ᠵᠥᠭᠡᠯᠡᠨ ᠲᠣᠨᠤᠭ ᠪᠠ ᠮᠡᠳᠡᠭᠡ | ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠲᠦᠷᠢᠶᠡᠰᠦᠯᠡᠬᠦ ᠪᠠ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ | ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ ᠣᠯᠠᠨ ᠨᠡᠶᠢᠲᠡ ᠶᠢᠨ | ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ | ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠵᠡᠷᠭᠡ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ | ᠪᠠᠭᠲᠠᠨ᠎ᠠ᠃ | 3 . ᠪᠠᠶᠢᠴᠠᠭᠠᠬᠤ ᠠᠷᠭ᠎ᠠ | ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ ︵R&D︶ ᠵᠠᠷᠤᠳᠠᠯ ᠤᠨ ᠲᠤᠬᠠᠢ ᠪᠠᠶᠢᠴᠠᠭᠠᠬᠤ ᠠᠷᠭ᠎ᠠ | ᠭᠡᠪᠡᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ᠎ᠠ᠂ ᠲᠤᠰᠬᠠᠶ᠂ | ᠨᠢᠭᠡᠳᠦᠭᠡᠷ ᠳᠡᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠡᠪᠴᠢᠶ᠎ᠡ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠵᠠᠮ ᠬᠠᠷᠢᠯᠴᠠᠭ᠎ᠠ ᠲᠡᠭᠡᠭᠡᠪᠦᠷᠢ ᠪᠠᠭᠲᠠᠨ᠎ᠠ᠂ ᠬᠥᠮᠥᠷᠭᠡᠯᠡᠯᠲᠡ ᠪᠠ ᠰᠢᠦᠳᠠᠨ ᠤ ᠦᠢᠯᠡᠰ᠂ | ᠵᠠᠩᠭᠢ ᠳᠠᠮᠵᠢᠯᠭᠠᠨ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ | ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠲᠣᠭᠤᠷᠢᠨ ᠪᠠ | ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ | ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠠᠵᠤ ᠠᠬᠤᠶᠢᠯᠠᠯ᠂ ᠵᠠᠰᠠᠭ ᠤᠨ ᠣᠷᠳᠣᠨ ᠳᠤ | ᠬᠠᠷᠢᠶᠠᠯᠠᠭᠳᠠᠬᠤ ᠰᠤᠳᠤᠯᠤᠯ ᠤᠨ ᠪᠠᠶᠢᠭᠤᠯᠤᠮᠵᠢ ᠵᠠᠰᠠᠭ ᠤᠨ ᠣᠷᠳᠣᠨ ᠳᠤ ᠪᠡᠶ᠎ᠡ ᠪᠠᠨ ᠳᠠᠭᠠᠭᠠᠭᠰᠠᠨ ᠬᠠᠤᠯᠢ ᠶᠢᠨ | ᠡᠷᠬᠡᠲᠡᠨ ᠤ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠮᠡᠷᠭᠡᠵᠢᠯ ᠤᠨ ᠨᠡᠭᠡᠭᠡᠯᠲᠡ ᠶᠢᠨ ᠪᠠᠶᠢᠭᠤᠯᠤᠮᠵᠢ ᠳᠤ | ᠬᠠᠷᠢᠶᠠᠯᠠᠭᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠬᠢᠭᠡᠳ ᠰᠤᠷᠪᠤᠯᠵᠢ ᠪᠢᠴᠢᠭ ᠤᠨ | ᠪᠠᠶᠢᠭᠤᠯᠤᠮᠵᠢ ᠵᠡᠷᠭᠡ ᠨᠢᠭᠡᠴᠡ ᠵᠢᠴᠢ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠪᠤᠰᠤᠳ ᠠᠵᠤ ᠠᠬᠤᠶᠢᠯᠠᠯ ᠤᠨ ᠪᠤᠰᠤ ᠬᠠᠤᠯᠢ ᠶᠢᠨ ᠡᠷᠬᠡᠲᠡᠨ ᠤ ᠨᠢᠭᠡᠴᠡ᠂ ᠳᠡᠭᠡᠳᠦ ᠰᠤᠷᠭᠠᠭᠤᠯᠢ | ᠵᠢᠴᠢ ᠬᠠᠷᠢᠶᠠᠲᠤ ᠡᠮᠨᠡᠯᠭᠡ ᠶᠢᠨ ᠬᠤᠷᠢᠶ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ ᠤᠯᠬᠤ ᠠᠷᠭ᠎ᠠ ᠶᠢ | ᠬᠡᠷᠡᠭᠯᠡᠨ᠎ᠡ︔ ᠬᠡᠪᠴᠢᠶᠡᠵᠢᠯ ᠠᠴᠠ ᠳᠣᠷᠣᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠳ ᠰᠤᠭᠤᠴᠢᠨ ᠪᠠᠶᠢᠴᠠᠭᠠᠵᠤ ᠲᠥᠰᠦᠭᠡᠯᠡᠨ ᠪᠤᠳᠤᠬᠤ | ᠠᠷᠭ᠎ᠠ ᠪᠠᠷ ᠣᠯᠤᠭᠰᠠᠨ︔ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠤᠶᠢᠵᠢᠭᠤᠯᠬᠤ ᠬᠠᠮᠢᠶ᠎ᠠ ᠪᠦᠬᠦᠢ ᠠᠵᠤ | ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ | ᠪᠦᠷᠢᠳᠬᠡᠯ ᠤᠨ ᠬᠡᠪᠴᠢᠶᠡᠨ ᠳᠠᠬᠢ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ ᠬᠤᠷᠢᠶ᠎ᠠ ᠳᠤ | ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠦᠭᠡᠶ ᠪᠠᠷ ᠣᠯᠤᠭᠰᠠᠨ︔ ᠪᠤᠰᠤᠳ ᠠᠵᠢᠯ ᠲᠥᠷᠥᠯ ᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠪᠣᠯ ᠬᠤᠶᠠᠳᠤᠭᠠᠷ ᠤᠳᠠᠭᠠᠨ ᠤ ᠪᠥᠬᠦ ᠤᠯᠤᠰ ᠤᠨ R&D ᠡᠬᠢ ᠪᠠᠶᠠᠯᠢᠭ ᠢ | ᠢᠯᠭᠠᠷᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠲᠥᠰᠦᠭᠡᠯᠡᠨ ᠪᠤᠳᠤᠬᠤ ᠵᠡᠷᠭᠡ ᠠᠷᠭ᠎ᠠ ᠪᠠᠷ ᠤᠯᠪᠠ᠃ | | | |