ᠶᠡᠷᠦᠩᠬᠡᠢ ᠬᠥᠮᠦᠨ ᠠᠮᠠ ᠶᠢᠨ ᠦᠨᠳᠦᠰᠦᠨ ᠲᠣᠮᠢᠶᠠᠯᠠᠯ
ᠨᠡᠶᠢᠲᠡᠯᠡᠭᠰᠡᠨ ᠴᠠᠭ᠄
2024/10/18
    ᠲᠤᠭ᠎ᠠ ᠪᠦᠷᠢᠳᠬᠡᠯ ᠤᠨ ᠤᠳᠬ᠎ᠠ ᠠᠭᠤᠯᠭ᠎ᠠ ᠳᠡᠭᠡᠷᠡᠬᠢ ᠶᠡᠷᠦᠩᠬᠡᠢ ᠬᠥᠮᠦᠨ ᠠᠮᠠ ᠶᠢ ᠪᠠᠰᠠ ᠬᠥᠮᠦᠨ ᠠᠮᠠ ᠶᠢᠨ ᠶᠡᠷᠦᠩᠬᠡᠢ ᠲᠤᠭ᠎ᠠ ᠭᠡᠳᠡᠭ᠂ ᠲᠡᠷᠡ ᠨᠢ ᠵᠣᠬᠢᠬᠤ ᠴᠠᠭ᠂ ᠵᠣᠬᠢᠬᠤ ᠭᠠᠵᠠᠷ ᠣᠷᠣᠨ ᠤ ᠬᠡᠪᠴᠢᠶᠡᠨ ᠳᠠᠬᠢ ᠠᠯᠢᠪᠠ ᠠᠮᠢ ᠨᠠᠰᠤᠨ ᠤ ᠠᠵᠢᠯᠯᠠᠭ᠎ᠠ ᠲᠠᠢ ᠬᠤᠪᠢ ᠬᠥᠮᠦᠨ ᠤ ᠶᠡᠷᠦᠩᠬᠡᠶᠢᠯᠡᠯ ᠢ ᠵᠢᠭᠠᠵᠤ ᠪᠠᠶᠢᠨ᠎ᠠ᠃ ᠲᠡᠷᠡ ᠨᠢ ᠬᠦᠢᠰᠦ᠂ ᠨᠠᠰᠤ᠂ ᠦᠨᠳᠦᠰᠦᠲᠡᠨ ᠭᠡᠵᠦ ᠢᠯᠭᠠᠯ ᠦᠭᠡᠢ᠂ ᠪᠡᠶ᠎ᠡ ᠪᠠᠨ ᠳᠠᠭᠠᠭᠠᠭᠰᠠᠨ ᠠᠮᠢ ᠨᠠᠰᠤᠨ ᠤ ᠠᠵᠢᠯᠯᠠᠭ᠎ᠠ ᠲᠠᠢ ᠯᠠ ᠶᠤᠮ ᠪᠣᠯ ᠳᠠᠷᠤᠢ ᠬᠥᠮᠦᠨ ᠠᠮᠠ ᠶᠢᠨ ᠶᠡᠷᠦᠩᠬᠡᠢ ᠲᠣᠭᠠᠨ ᠤ ᠳᠣᠲᠣᠷ᠎ᠠ ᠪᠠᠭᠲᠠᠵᠤ ᠪᠠᠶᠢᠳᠠᠭ᠃ ᠶᠡᠷᠦᠩᠬᠡᠢ ᠬᠥᠮᠦᠨ ᠠᠮᠠ ᠪᠣᠯ ᠬᠥᠮᠦᠨ ᠠᠮᠠ ᠶᠢᠨ ᠪᠦᠷᠢᠳᠬᠡᠯ ᠳᠠᠬᠢ ᠬᠠᠮᠤᠭ ᠤᠨ ᠦᠨᠳᠦᠰᠦᠨ ᠭᠦᠢᠴᠡᠳᠬᠡᠬᠦ ᠲᠤᠭ᠎ᠠ ᠮᠥᠨ᠂ ᠬᠥᠮᠦᠨ ᠠᠮᠠ ᠶᠢᠨ ᠪᠦᠲᠦᠴᠡ ᠶᠢ ᠪᠤᠳᠤᠬᠤ ᠪᠠ ᠬᠥᠮᠦᠨ ᠠᠮᠠ ᠶᠢᠨ ᠲᠠᠬᠢᠨ ᠦᠢᠯᠡᠳᠪᠦᠷᠢᠯᠡᠯ ᠤᠨ ᠠᠯᠢ ᠤᠯᠠᠨ ᠭᠦᠢᠴᠡᠳᠬᠡᠬᠦ ᠲᠤᠭ᠎ᠠ ᠶᠢᠨ ᠰᠠᠭᠤᠷᠢ ᠮᠥᠨ᠂ ᠪᠠᠰᠠ ᠴᠤ ᠨᠢᠭᠡ ᠤᠯᠤᠰ ᠤᠨ ᠬᠥᠮᠦᠨ ᠠᠮᠠ ᠶᠢᠨ ᠡᠬᠢ ᠪᠠᠶᠠᠯᠢᠭ ᠢ ᠲᠤᠰᠬᠠᠬᠤ ᠴᠢᠬᠤᠯᠠ ᠭᠦᠢᠴᠡᠳᠬᠡᠬᠦ ᠲᠤᠭ᠎ᠠ ᠮᠥᠨ᠃    ᠶᠡᠷᠦᠩᠬᠡᠢ ᠬᠥᠮᠦᠨ ᠠᠮᠠ ᠶᠡᠷᠦᠳᠡᠭᠡᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠯᠡᠯᠭᠡ ᠶᠢ ᠬᠡᠷᠡᠭᠯᠡᠳᠡᠭ᠃ ᠪᠠᠶᠢᠩᠭᠤ ᠰᠠᠭᠤᠭ᠎ᠠ ᠬᠥᠮᠦᠨ ᠠᠮᠠ ᠪᠣᠯ ᠳᠡᠯᠡᠬᠡᠶ ᠳᠡᠭᠡᠷ᠎ᠡ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠬᠢᠬᠦ ᠪᠠ ᠬᠥᠮᠦᠨ ᠠᠮᠠ ᠶᠢᠨ ᠪᠠᠶᠢᠴᠠᠭᠠᠯᠲᠠ ᠬᠢᠬᠦ ᠳᠤ ᠦᠷᠭᠦᠯᠵᠢ ᠬᠡᠷᠡᠭᠯᠡᠳᠡᠭ ᠲᠤᠭ᠎ᠠ ᠪᠦᠷᠢᠳᠬᠡᠯ ᠤᠨ ᠰᠢᠰᠲ᠋ᠧᠮ ᠤᠨ ᠨᠢᠭᠡ ᠪᠣᠯᠤᠨ᠎ᠠ᠂ ᠲᠡᠷᠡ ᠨᠢ ᠶᠠᠮᠠᠷ ᠨᠢᠭᠡᠨ ᠭᠠᠵᠠᠷ ᠣᠷᠣᠨ ᠳᠤ ᠪᠠᠶᠢᠩᠭᠤ ᠰᠠᠭᠤᠳᠠᠭ ᠬᠥᠮᠦᠨ ᠠᠮᠠ ᠶᠢ ᠵᠢᠭᠠᠵᠤ ᠪᠠᠶᠢᠨ᠎ᠠ᠃ ᠣᠳᠣᠬᠠᠨ ᠳᠤ ᠳᠤᠮᠳᠠᠳᠤ ᠤᠯᠤᠰ ᠲᠤ ᠪᠠᠶᠢᠩᠭᠤ ᠰᠠᠭᠤᠭ᠎ᠠ ᠬᠥᠮᠦᠨ ᠠᠮᠠ ᠭᠡᠳᠡᠭ ᠨᠢ ᠶᠠᠮᠠᠷ ᠨᠢᠭᠡᠨ ᠭᠠᠵᠠᠷ ᠣᠷᠣᠨ ᠳᠤ ᠬᠠᠭᠠᠰ ᠵᠢᠯ ᠠᠴᠠ ᠳᠡᠭᠡᠭᠰᠢ ᠪᠣᠳᠠᠲᠠᠢ ᠰᠠᠭᠤᠵᠤ ᠪᠠᠶᠢᠭ᠎ᠠ ᠬᠥᠮᠦᠨ ᠠᠮᠠ ᠶᠢ ᠵᠢᠭᠠᠵᠤ ᠪᠠᠶᠢᠨ᠎ᠠ᠃ ᠡᠭᠦᠨ ᠳᠤ ᠭᠤᠣᠯᠳᠠᠭᠤ᠄ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠪᠥᠭᠡᠳ ᠡᠷᠦᠬᠡ ᠠᠮᠠ ᠨᠢ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠪᠤᠶᠤ ᠡᠷᠦᠬᠡ ᠠᠮᠠ ᠶᠢᠨ ᠳᠠᠩᠰᠠ ᠪᠠᠨ ᠲᠣᠭᠲᠠᠭᠠᠭᠠᠳᠤᠶ ᠬᠥᠮᠦᠨ︔ ᠲᠤᠰ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠳᠤ ᠰᠠᠭᠤᠵᠤ ᠪᠠᠶᠢᠭ᠎ᠠ ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ ᠠᠴᠠ ᠪᠠᠨ ᠰᠠᠯᠤᠭᠰᠠᠨ ᠰᠢᠶᠠᠩ ᠪᠠᠯᠭᠠᠰᠤ ᠶᠢᠨ ᠵᠡᠭᠡᠯᠢ ᠭᠤᠳᠤᠮᠵᠢ ᠶᠢᠨ ᠬᠠᠭᠠᠰ ᠵᠢᠯ ᠠᠴᠠ ᠳᠡᠭᠡᠭᠰᠢ ᠬᠥᠮᠦᠨ︔ ᠡᠷᠦᠬᠡ ᠠᠮᠠ ᠨᠢ ᠲᠣᠰ ᠰᠢᠶᠠᠩ ᠪᠠᠯᠭᠠᠰᠤ ᠵᠡᠭᠡᠯᠢ ᠭᠤᠳᠤᠮᠵᠢ ᠳᠤ ᠪᠠᠶᠢᠬᠤ ᠮᠥᠷᠲᠡᠭᠡᠨ ᠭᠠᠳᠠᠭᠰᠢ ᠭᠠᠷᠤᠭᠠᠳ ᠬᠠᠭᠠᠰ ᠵᠢᠯ ᠪᠣᠯᠤᠭ᠎ᠠ ᠦᠭᠡᠢ ᠪᠤᠶᠤ ᠬᠢᠯᠢ ᠶᠢᠨ ᠭᠠᠳᠠᠨ᠎ᠠ ᠠᠵᠢᠯᠯᠠᠵᠤ ᠰᠤᠷᠤᠯᠴᠠᠵᠤ ᠪᠠᠶᠢᠭ᠎ᠠ ᠬᠥᠮᠦᠨ᠃    ᠶᠡᠷᠦᠩᠬᠡᠢ ᠬᠥᠮᠦᠨ ᠠᠮᠠ ᠨᠢ ᠬᠥᠮᠦᠨ ᠠᠮᠠ ᠶᠢᠨ ᠲᠦᠷᠦᠭᠦ᠂ ᠤᠢᠬᠦᠬᠦ᠂ ᠨᠡᠭᠦᠵᠦ ᠣᠷᠣᠬᠤ᠂ ᠨᠡᠭᠦᠵᠦ ᠭᠠᠷᠬᠤ ᠶᠢ ᠲᠡᠭᠠᠯᠳᠦᠠ ᠬᠤᠪᠢᠷᠠᠳᠠᠭ᠃ ᠳᠤᠮᠳᠠᠳᠤ ᠤᠯᠤᠰ ᠤᠨ ᠶᠡᠷᠦᠩᠬᠡᠢ ᠬᠥᠮᠦᠨ ᠠᠮᠠ ᠶᠢᠨ ᠬᠤᠪᠢᠷᠠᠯᠲᠠ ᠨᠢ ᠭᠤᠤᠯᠳᠠᠭᠤ ᠬᠥᠮᠦᠨ ᠠᠮᠠ ᠶᠢᠨ ᠠᠶᠠᠨᠳᠠᠭᠠᠨ ᠤ ᠬᠤᠪᠢᠷᠠᠯᠲᠠ ᠠᠴᠠ ᠢᠷᠡᠯᠲᠡ ᠲᠠᠢ᠂ ᠶᠡᠷᠦ ᠳᠡᠭᠡᠨ ᠬᠥᠮᠦᠨ ᠠᠮᠠ ᠶᠢᠨ ᠠᠶᠠᠨᠳᠠᠭᠠᠨ ᠤ ᠨᠡᠮᠡᠭᠳᠡᠯ ᠤᠨ ᠨᠣᠷᠮ᠎ᠠ ᠪᠠᠷ ᠲᠤᠰᠬᠠᠳᠠᠭ᠃ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ ᠭᠡᠳᠡᠭ ᠨᠢ ᠨᠢᠭᠡ ᠵᠢᠯ ᠤᠨ ᠳᠣᠲᠣᠷ᠎ᠠ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠲᠤᠭ᠎ᠠ ᠪᠣᠯᠤᠨ ᠵᠢᠯ ᠤᠨ ᠳᠤᠮᠳᠠᠴᠢ ᠶᠡᠷᠦᠩᠬᠡᠢ ᠬᠥᠮᠦᠨ ᠤ ᠲᠤᠭ᠎ᠠ ᠶᠢᠨ ᠬᠠᠷᠢᠴᠠᠯ ᠢ ᠵᠢᠭᠠᠵᠤ ᠪᠠᠶᠢᠨ᠎ᠠ᠂ ᠡᠭᠦᠨ ᠢ ᠶᠡᠷᠦ ᠳᠡᠭᠡᠨ ᠮᠢᠩᠭᠠᠨ ᠬᠤᠪᠢ ᠶᠢᠨ ᠲᠤᠭ᠎ᠠ ᠪᠠᠷ ᠢᠯᠡᠳᠬᠡᠳᠡᠭ᠃ ᠲᠡᠷᠡ ᠪᠣᠯ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠬᠢᠷᠢ ᠬᠡᠮᠵᠢᠶ᠎ᠡ ᠪᠠ ᠬᠤᠷᠳᠤᠴᠠ ᠶᠢ ᠲᠣᠳᠣᠷᠬᠠᠶᠢᠯᠠᠬᠤ ᠶᠡᠷᠦᠩᠬᠡᠶᠢᠯᠡᠭᠰᠡᠨ ᠴᠢᠨᠠᠷᠲᠠᠢ ᠭᠦᠢᠴᠡᠳᠬᠡᠯ ᠲᠤᠭ᠎ᠠ ᠮᠥᠨ᠃    ᠬᠥᠮᠦᠨ ᠠᠮᠠ ᠶᠢᠨ ᠠᠶᠠᠨᠳᠠᠭᠠᠨ ᠥᠰᠬᠦ ᠨᠤᠷᠮ᠎ᠠ = ᠬᠥᠮᠦᠨ ᠠᠮᠠ ᠶᠢᠨ ᠲᠦᠷᠦᠭᠦ ᠨᠤᠷᠮ᠎ᠠ - ᠬᠥᠮᠦᠨ ᠠᠮᠠ ᠶᠢᠨ ᠦᠬᠦᠯᠲᠡ ᠶᠢᠨ ᠨᠤᠷᠮ᠎ᠠ
 
ᠢᠷᠡᠯᠲᠡ᠄ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号