| | 10 ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠲᠦᠷᠦᠭᠦᠦ ᠭᠤᠷᠪᠠᠨ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ | ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠸᠠᠩ | ᠴᠤᠸᠠᠨ ᠵᠢᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ | ᠰᠠᠶ᠋ᠢᠬᠠᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠠᠴᠠ ᠨᠠᠰᠢ᠂ ᠮᠠᠨ ᠤ ᠣᠷᠣᠨ ᠤ ᠠᠵᠤ | ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ | ᠪᠠᠶᠢᠨ᠎ᠠ᠂ ᠲᠠ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠣᠨᠴᠠᠯᠢᠭ ᠢ ᠳᠠᠬᠢᠨ ᠨᠠᠷᠢᠨ | ᠲᠠᠶᠢᠯᠪᠤᠷᠢᠯᠠᠵᠤ ᠥᠭᠭᠦᠨ᠎ᠡ ᠦᠦ︖ ᠪᠠᠶᠠᠷᠯᠠᠯ᠎ᠠ᠃ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠡᠨᠡ ᠵᠢᠯ ᠠᠴᠠ ᠨᠠᠭᠠᠰᠢ᠂ ᠨᠠᠷᠢᠨ ᠪᠤᠳᠤᠯᠢᠶᠠᠨᠲᠠᠢ | ᠬᠤᠪᠢᠷᠠᠯᠲᠠ ᠶᠡᠬᠡᠲᠡᠢ ᠳᠣᠲᠣᠭᠠᠳᠤ ᠭᠠᠳᠠᠭᠠᠳᠤ ᠶᠢᠨ ᠣᠷᠴᠢᠨ ᠳᠤ ᠬᠠᠨᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ | ᠨᠡᠮᠡᠭᠳᠡᠭᠦᠯᠬᠦ ᠶᠢ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠳᠣᠲᠣᠭᠠᠳᠤ | ᠬᠡᠷᠡᠭᠴᠡᠭᠡ ᠪᠠᠨ ᠥᠷᠭᠡᠳᠬᠡᠵᠦ᠂ ᠢᠲᠡᠭᠡᠯ ᠵᠣᠷᠢᠭ ᠢᠶᠠᠨ ᠬᠥᠪᠴᠢᠯᠡᠵᠦ᠂ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ | ᠬᠤᠰᠢᠭᠤᠴᠢᠯᠠᠨ ᠬᠦᠴᠦᠯᠡᠵᠦ᠂ ᠬᠤᠷᠸ᠎ᠠ ᠲᠦᠷᠦ ᠶᠢᠨ ᠪᠤᠳᠤᠯᠭ᠎ᠠ ᠶᠢ ᠣᠨᠣᠴᠠᠲᠠᠢ ᠬᠡᠷᠡᠭᠵᠢᠭᠦᠯᠪᠡ᠃ ᠪᠦᠬᠦ ᠣᠷᠣᠨ | ᠳᠠᠶᠠᠭᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠵᠦ᠂ ᠪᠦᠯᠬᠦᠮᠳᠡᠨ ᠲᠡᠮᠡᠴᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠢ ᠶᠢᠨ ᠡᠷᠭᠢᠯᠲᠡ | ᠳᠤᠮᠳᠠᠬᠢ ᠡᠯ᠎ᠡ ᠵᠦᠢᠯ ᠤᠨ ᠬᠦᠴᠢᠷᠳᠡᠯ ᠪᠣᠯᠤᠨ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠪᠦᠬᠦ ᠣᠷᠣᠨ ᠤ ᠠᠵᠤ | ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠪᠠ᠃ | ᠭᠤᠷᠪᠠᠨ ᠠᠵᠤ ᠦᠢᠯᠡᠰ ᠠᠴᠠ ᠠᠪᠴᠤ ᠦᠵᠡᠪᠡᠯ᠂ ᠭᠤᠷᠪᠠᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠲᠣᠰ ᠲᠣᠰ 5.3%᠂ 7.5% ᠪᠠ 4.4% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ | ᠠᠵᠤ ᠦᠢᠯᠡᠰ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠬᠠᠮᠵᠢᠯᠴᠠᠨ ᠬᠦᠴᠦᠯᠡᠵᠦ᠂ ᠬᠠᠩᠭᠠᠯᠭ᠎ᠠ ᠶᠢᠨ ᠲᠠᠯ᠎ᠠ ᠠᠴᠠ ᠠᠵᠤ | ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠨᠢ ᠥᠪᠥᠷ ᠮᠣᠩᠭᠤᠯ ᠤᠨ ᠣᠳᠣᠬᠠᠨ ᠤ ᠠᠵᠤ ᠠᠬᠤᠢ ᠶᠢᠨ | ᠡᠷᠭᠢᠯᠲᠡ ᠶᠢᠨ ᠣᠨᠴᠠᠯᠢᠭ ᠪᠣᠯᠬᠤ ᠪᠠᠷ ᠪᠠᠷᠠᠬᠤ ᠦᠭᠡᠢ ᠪᠠᠰᠠ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ | ᠴᠢᠬᠤᠯᠠ ᠲᠤᠯᠭᠠᠭᠤᠷᠢᠯᠠᠯ ᠪᠣᠯᠤᠨ᠎ᠠ᠃ ᠪᠣᠳᠠᠲᠠᠢ ᠪᠠᠷ ᠠᠪᠴᠤ ᠦᠵᠡᠪᠡᠯ᠂ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄ | ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂ ᠮᠠᠯ ᠠᠵᠤ ᠠᠬᠤᠶ ᠲᠠᠷᠢᠶᠠᠯᠠᠩ ᠨᠢ | ᠣᠳᠣᠬᠢᠴᠢᠯᠠᠭᠰᠠᠨ ᠲᠣᠮᠣ ᠠᠵᠤ ᠦᠢᠯᠡᠰ ᠢ ᠴᠣᠭᠴᠠᠯᠠᠬᠤ᠂ ᠠᠵᠤ ᠦᠢᠯᠡᠰ ᠢᠶᠠᠷ ᠣᠷᠣᠨ ᠢᠶᠠᠨ ᠬᠦᠴᠦᠷᠬᠡᠭᠵᠢᠭᠦᠯᠬᠦ | ᠬᠠᠷᠠᠯᠲᠠ ᠶᠢ ᠪᠥᠲᠥᠭᠡᠨ ᠪᠠᠶᠢᠭᠤᠯᠬᠤ ᠳᠤ ᠬᠦᠴᠦᠯᠡᠬᠦ ᠬᠡᠷᠡᠭᠲᠡᠶ ᠭᠡᠵᠦ ᠳᠤᠷᠠᠳᠴᠠᠶ᠃ ᠪᠥᠬᠦ ᠣᠷᠣᠨ ᠤ ᠳᠡᠭᠡᠳᠦ ᠳᠤᠤᠷᠠᠳᠤ | ᠱᠠᠲᠤ ᠪᠠᠷ ᠢᠶᠠᠨ ᠭᠠᠵᠠᠷ ᠤᠨ ᠤᠰᠤᠨ ᠤ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠭᠤᠮᠢ ᠶᠢ ᠡᠪᠳᠡᠵᠦ᠂ | ᠠᠮᠤ ᠪᠤᠳᠠᠭ᠎ᠠ ᠮᠢᠬ᠎ᠠ ᠰᠦ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠵᠤ ᠦᠶᠢᠯᠡᠰᠵᠢᠯᠲᠡ ᠶᠢ ᠤᠷᠲᠤᠳᠬᠠᠵᠤ᠂ ᠠᠷᠭ᠎ᠠ | ᠪᠦᠬᠦᠨ ᠢ ᠰᠦᠪᠡᠭᠴᠢᠯᠡᠨ ᠲᠤᠭ᠎ᠠ ᠬᠡᠮᠵᠢᠶ᠎ᠡ ᠶᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠨᠠᠯᠲᠠ ᠶᠢ | ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠬᠢᠷᠢ ᠲᠦᠪᠰᠢᠨ ᠢ ᠪᠥᠬᠦ ᠬᠦᠴᠦᠨ ᠢᠶᠠᠷ ᠠᠬᠢᠭᠤᠯᠪᠠ᠃ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0. | 2 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠤ ᠬᠠᠮᠲᠤ᠂ ᠢᠳᠡᠭᠡᠨ ᠤ ᠲᠣᠮᠣ ᠦᠵᠡᠯᠲᠡ ᠶᠢ ᠢᠳᠡᠪᠬᠢᠲᠡᠶ | ᠦᠢᠯᠡᠳᠦᠯᠭᠡᠵᠢᠬᠦᠯᠵᠦ᠂ ︽ᠬᠤᠯᠢᠰᠢᠨ ᠢᠳᠡᠭᠡᠨ︾ ᠢ ᠰᠠᠶᠢᠲᠤᠷ ᠠᠳᠬᠤᠵᠤ᠂ ︽ᠮᠢᠬᠠᠨ ᠫᠢᠯᠠ︾ ᠶᠢ | ᠲᠣᠭᠲᠠᠪᠤᠷᠢᠵᠢᠭᠤᠯᠵᠤ᠂ ᠪᠥᠬᠦ ᠣᠷᠣᠨ ᠤ ᠢᠳᠡᠰᠢᠨ ᠨᠣᠭᠤᠭ᠎ᠠ ᠵᠢᠴᠢ ᠢᠳᠡᠰᠢᠨ ᠮᠥᠭᠦ ᠶᠢᠨ ᠭᠠᠷᠤᠯᠲᠠ ᠪᠠ ᠭᠠᠭ᠋ᠠᠶ ᠦᠬᠡᠷ | ᠬᠤᠨᠢ ᠵᠢᠭᠦᠷᠲᠡᠨ ᠤ ᠮᠢᠬᠠᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 9.8% ᠪᠠ 5.0% ᠪᠠᠷ | ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ 1.1 ᠪᠠ 0.7 ᠵᠠᠭᠤᠨ ᠤ ᠬᠤᠪᠢ ᠶᠢᠨ ᠴᠡᠭ | ᠲᠦᠷᠭᠡᠳᠴᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠦᠴᠦᠨ | ᠴᠢᠳᠠᠯ ᠢᠶᠠᠨ ᠡᠷᠭᠦᠪᠡ᠃ | ᠬᠤᠶᠠᠷ ᠲᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠠᠵᠢᠯᠯᠠᠪᠠ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠬᠡᠳᠦ᠋ᠢᠪᠡᠷ 1-8 ᠰᠠᠷ᠎ᠠ ᠶᠢᠨ ᠬᠢ ᠠᠴᠠ ᠡᠳᠦᠶ ᠲᠡᠳᠦᠶ ᠠᠯᠭᠤᠷ | ᠪᠣᠯᠤᠭᠰᠠᠨ ᠪᠣᠯᠪᠠᠴᠤ ᠪᠠᠶᠢᠳᠠᠯ ᠢ ᠵᠠᠳᠠᠯᠬᠤ ᠳᠤ ᠣᠳᠣᠬᠠᠨ ᠤ ᠪᠠᠶᠢᠳᠠᠯ ᠢ ᠦᠵᠡᠬᠦ ᠬᠡᠷᠡᠭᠲᠡᠶ ᠮᠥᠷᠲᠡᠭᠡᠨ ᠨᠡᠩ ᠴᠤ | ᠬᠥᠭᠵᠢᠯᠲᠡ ᠶᠢᠨ ᠬᠠᠨᠳᠤᠰᠢ ᠶᠢ ᠦᠵᠡᠬᠦ ᠬᠡᠷᠡᠭᠲᠡᠶ᠃ ᠡᠨᠡ ᠵᠢᠯ ᠠᠴᠠ ᠨᠠᠰᠢ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠢᠮᠠᠭᠲᠠ 7% ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠪᠠᠨ ᠪᠠᠲᠤᠯᠠᠪᠠ᠃ | ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠮᠥᠨ ᠬᠦ ᠬᠦᠷᠦᠯᠴᠡᠬᠦ ᠥᠬᠡᠶ᠂ ᠪᠥᠭᠡᠮ ᠲᠠᠸᠠᠷ ᠤᠨ ᠦᠨ᠎ᠡ ᠬᠠᠩᠰᠢ ᠶᠢᠨ | ᠬᠡᠯᠪᠡᠯᠵᠡᠯᠲᠡ ᠲᠠᠢ ᠪᠠᠶᠢᠬᠤ ᠬᠤᠷᠸ᠎ᠠ ᠣᠷᠴᠢᠨ ᠨᠥᠬᠦᠴᠡᠯ ᠳᠤᠤᠷ᠎ᠠ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ | ᠠᠬᠤᠶ ᠡᠶᠢᠮᠦ ᠨᠢᠭᠡᠨ ᠪᠠᠶᠢᠳᠠᠯ ᠢ ᠲᠡᠮᠡᠴᠡᠨ ᠣᠯᠵᠤ ᠴᠢᠳᠠᠭᠰᠠᠨ ᠨᠢ ᠲᠦᠢᠯ ᠤᠨ ᠬᠢᠯᠪᠠᠷ ᠪᠤᠰᠤ ᠪᠥᠭᠡᠳ ᠮᠠᠨ ᠤ ᠣᠷᠣᠨ ᠤ | ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠤᠶᠠᠨ ᠬᠠᠲᠠᠨ ᠴᠢᠨᠠᠷ ᠢ ᠴᠤ ᠳᠣᠪᠤᠶᠢᠯᠭᠠᠭᠰᠠᠨ ᠪᠠᠶᠢᠨ᠎ᠠ᠃ | ᠠᠵᠤ ᠦᠢᠯᠡᠳᠪᠦᠷᠢ ᠶᠢᠨ ᠲᠤᠬᠠᠢ ᠶᠠᠷᠢᠬᠤ ᠳᠤ᠂ ᠣᠳᠣᠬᠠᠨ ᠳᠤ ᠮᠠᠨ ᠤ ᠣᠷᠣᠨ ᠦᠳᠲᠡᠷ ᠲᠦᠷᠭᠡᠨ ᠬᠥᠭᠵᠢᠵᠦ | ᠪᠠᠶᠢᠭ᠎ᠠ ᠰᠢᠨ᠎ᠡ ᠡᠨᠧᠷᠭᠢ ᠶᠢᠨ ᠠᠵᠤ ᠦᠢᠯᠡᠰ ᠢ ᠠᠳᠡ ᠳᠤᠷᠠᠳᠬᠤ ᠦᠭᠡᠢ ᠪᠠᠶᠢᠬᠤ ᠶᠢᠨ ᠠᠷᠭ᠎ᠠ ᠦᠭᠡᠢ᠃ ᠤᠯᠠᠨ ᠤ | ᠮᠡᠳᠡᠭᠡᠵᠢ ᠪᠠᠷ᠂ ᠮᠠᠨ ᠤ ᠣᠷᠣᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠥᠪᠡᠷᠮᠢᠴᠡ | ᠳᠠᠪᠠᠭᠤᠯᠢᠭ ᠲᠠᠢ ᠶᠤᠮ᠃ ᠡᠨᠡ ᠵᠢᠯ ᠠᠴᠠ ᠨᠠᠰᠢ᠂ ᠪᠥᠬᠦ ᠣᠷᠣᠨ ᠳᠠᠶᠠᠭᠠᠷ ︽ᠴᠠᠬᠢᠯᠭᠠᠨ ᠤ ᠰᠤᠷᠪᠤᠯᠵᠢ ᠶᠢ ᠨᠡᠮᠡᠭᠳᠡᠭᠦᠯᠬᠦ᠂ | ᠴᠠᠬᠢᠯᠭᠠᠨ ᠤ ᠲᠤᠤᠷ ᠢ ᠰᠢᠯᠢᠳᠡᠭᠵᠢᠭᠦᠯᠬᠦ᠂ ᠰᠢᠩᠭᠡᠭᠡᠨ ᠠᠪᠬᠤ ᠶᠢ ᠥᠷᠭᠡᠳᠬᠡᠬᠦ᠂ ᠨᠥᠭᠡᠴᠡ ᠡᠨᠧᠷᠭᠢ ᠶᠢ ᠴᠢᠩᠭᠠᠳᠬᠠᠬᠤ︾ | ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠲᠥᠯᠥᠪᠵᠢᠭᠦᠯᠭᠡ ᠪᠠᠶᠢᠷᠢᠰᠢᠭᠤᠯᠤᠯᠲᠠ ᠪᠠ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠰᠢᠯᠢᠳᠡᠭᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠢᠳᠡᠪᠬᠢᠲᠡᠶ ᠠᠬᠢᠴᠠ ᠲᠠᠢ ᠪᠣᠯᠪᠠ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠠᠴᠠ ᠦᠵᠡᠪᠡᠯ᠂ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠰᠢᠨ᠎ᠡ ᠪᠠᠷ | ᠨᠡᠮᠡᠭᠳᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 33.6% ᠪᠠᠷ ᠨᠡᠮᠡᠭᠳᠡᠵᠦ᠂ ᠪᠥᠬᠦ ᠣᠷᠣᠨ ᠤ ᠴᠠᠬᠢᠯᠭᠠᠨ | ᠬᠦᠴᠦᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠪᠡ᠃ ᠰᠢᠨ᠎ᠡ ᠡᠨᠧᠷᠭᠢ ᠪᠠᠷ | ᠴᠠᠬᠢᠯᠭᠠᠨ ᠭᠠᠷᠭᠠᠭᠰᠠᠨ ᠪᠠᠶᠢᠳᠠᠯ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠪᠠᠷ ᠴᠠᠬᠢᠯᠭᠠᠨ | ᠭᠠᠷᠭᠠᠭᠰᠠᠨ ᠬᠡᠮᠵᠢᠶ᠎ᠡ 1347 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23. | 5% ᠪᠠᠷ ᠨᠡᠮᠡᠭᠳᠡᠵᠦ᠂ ᠪᠥᠬᠦ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ 13.9 ᠵᠠᠭᠤᠨ ᠤ | ᠬᠤᠪᠢ ᠶᠢᠨ ᠴᠡᠭ ᠥᠨᠳᠥᠷ ᠪᠣᠯᠪᠠ᠃ ᠰᠢᠨ᠎ᠡ ᠡᠨᠧᠷᠭᠢ ᠶᠢᠨ ᠬᠠᠮᠢᠶ᠎ᠠ ᠪᠥᠬᠦᠶ ᠠᠵᠤ ᠦᠢᠯᠡᠰ ᠠᠴᠠ ᠦᠵᠡᠪᠡᠯ᠂ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16.5% ᠪᠠᠷ ᠨᠡᠮᠡᠭᠳᠡᠪᠡ᠃ ᠡᠭᠦᠨ ᠳᠤ᠂ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ 42.2% ᠢᠶᠠᠷ ᠨᠡᠮᠡᠭᠳᠡᠪᠡ᠃ | ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠪᠡ᠃ | ᠡᠨᠡ ᠵᠢᠯ ᠠᠴᠠ ᠨᠠᠰᠢ᠂ ᠪᠦᠬᠦ ᠣᠷᠣᠨ ᠢᠶᠠᠷ ᠢᠶᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ | ᠪᠠᠶᠢᠷᠢᠯᠠᠭᠤᠯᠤᠯᠲᠠ ᠶᠣᠰᠣᠭᠠᠷ᠂ ᠦᠢᠯᠡᠴᠢᠯᠡᠭᠡᠨ ᠤ ᠦᠢᠯᠡᠰ ᠢᠯᠠᠩᠭᠤᠶ᠎ᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠤᠷᠳᠤᠴᠠ ᠪᠠᠨ ᠲᠦᠷᠭᠡᠳᠬᠡᠬᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠳᠡᠭᠡ ᠵᠠᠩᠭᠢ ᠶᠢᠨ ᠮᠡᠷᠭᠡᠵᠢᠯ ᠢᠶᠠᠷ | ᠲᠥᠯᠥᠭᠡᠯᠡᠭᠦᠯᠦᠭᠰᠡᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ | ᠪᠠᠶᠢᠨ᠎ᠠ᠃ 1-8 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ | ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠤᠨ ᠲᠠᠭᠠᠭᠤᠯᠭ᠎ᠠ ᠳᠣᠣᠷ᠎ᠠ᠂ ᠬᠡᠪᠴᠢᠶᠡᠵᠢᠯ ᠠᠴᠠ ᠳᠡᠭᠡᠭᠰᠢᠬᠢ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 43.2% ᠢᠶᠠᠷ ᠨᠡᠮᠡᠭᠳᠡᠵᠦ᠂ 1-7 ᠰᠠᠷ᠎ᠠ ᠶᠢᠨ ᠬᠢ ᠠᠴᠠ 8.4 ᠵᠠᠭᠤᠨ ᠤ ᠬᠤᠪᠢ ᠶᠢᠨ ᠴᠡᠭ | ᠲᠦᠷᠭᠡᠳᠪᠡ︔ ᠡᠭᠦᠨ ᠤ ᠬᠠᠮᠲᠤ᠂ ᠪᠥᠬᠦ ᠣᠷᠣᠨ ᠳᠤ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠶᠢᠨ ᠪᠠᠶᠢᠴᠠᠭᠠᠵᠤ ᠬᠡᠮᠵᠢᠨ ᠵᠢᠷᠤᠬᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠬᠡᠮᠵᠢᠯᠲᠡ᠂ ᠪᠠᠷᠢᠯᠭ᠎ᠠ ᠶᠢᠨ ᠵᠢᠷᠤᠭ ᠲᠥᠯᠥᠪᠯᠡᠭᠡ ᠵᠡᠷᠭᠡ ᠲᠤᠬᠠᠶᠢᠯᠠᠭᠰᠠᠨ ᠠᠵᠢᠯ ᠤᠨ ᠬᠡᠮᠵᠢᠶ᠎ᠡ | ᠶᠡᠭᠡ ᠬᠡᠮᠵᠢᠶ᠎ᠡ ᠪᠠᠷ ᠨᠡᠮᠡᠭᠳᠡᠭᠰᠡᠨ ᠳᠠᠶᠢᠴᠢᠯᠠᠯᠲᠠ ᠳᠤᠤᠷ᠎ᠠ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 45.7% ᠪᠠᠷ ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠠᠵᠤ ᠠᠬᠤᠶ ᠶᠢᠨ | ᠠᠵᠢᠯᠯᠠᠭᠠᠨ ᠨᠢ ᠲᠤᠭ᠎ᠠ ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠶᠢ | ᠪᠡᠶᠡᠯᠡᠭᠦᠯᠪᠡ᠃ ᠡᠭᠦᠨ ᠤ ᠵᠡᠷᠭᠡᠴᠡᠭᠡᠪᠡᠷ᠂ ᠬᠤᠷᠸ᠎ᠠ ᠠᠵᠤ ᠠᠬᠤᠢ ᠶᠢᠨ ᠠᠵᠢᠯᠯᠠᠭᠠᠨ ᠤ ᠳᠤᠮᠳᠠ ᠵᠠᠷᠢᠮ ᠰᠢᠨ᠎ᠡ ᠪᠠᠶᠢᠳᠠᠯ᠂ | ᠰᠢᠨ᠎ᠡ ᠬᠤᠪᠢᠷᠠᠯᠲᠠ᠂ ᠪᠦᠲᠦᠮᠵᠢᠲᠡᠢ ᠬᠡᠷᠡᠭᠴᠡᠭᠡ ᠮᠥᠨ ᠯᠡ ᠢᠯᠡᠳᠲᠡ ᠬᠦᠷᠦᠯᠴᠡᠬᠦ ᠦᠭᠡᠢ ᠪᠠᠶᠢᠵᠤ᠂ ᠬᠡᠰᠡᠭ ᠠᠵᠢᠯ | ᠲᠦᠷᠦᠯ ᠤᠨ ᠠᠵᠤ ᠠᠬᠤᠶᠢᠯᠠᠯ ᠤᠨ ᠡᠵᠡᠩᠨᠡᠯᠲᠡ ᠮᠥᠨ ᠯᠡ ᠳᠠᠷᠤᠯᠲᠠ ᠶᠢ ᠳᠠᠭᠠᠭᠠᠵᠤ ᠪᠠᠶᠢᠬᠤ ᠶᠢ ᠴᠤ ᠲᠣᠳᠣᠷᠬᠠᠢ ᠣᠯᠵᠤ | ᠬᠠᠷᠠᠬᠤ ᠬᠡᠷᠡᠭᠲᠡᠢ᠃ ᠭᠡᠪᠡᠴᠦ ᠮᠠᠨ ᠤ ᠣᠷᠣᠨ ᠤ ᠠᠵᠤ ᠠᠬᠤᠶ ᠶᠢᠨ ᠰᠠᠭᠤᠷᠢ ᠪᠠᠶᠢᠳᠠᠯ ᠲᠣᠭᠲᠠᠭᠤᠨ᠂ ᠤᠶᠠᠨ ᠬᠠᠲᠠᠨ | ᠴᠢᠨᠠᠷ ᠭᠦᠢᠴᠡᠳ ᠪᠠᠶᠢᠵᠤ᠂ ᠢᠯᠠᠩᠭᠤᠶ᠎ᠠ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠲᠠᠰᠤᠷᠠᠯᠲᠠ ᠥᠬᠡᠶ ᠢᠯᠡᠷᠡᠬᠦ ᠶᠢ | ᠳᠠᠭᠠᠯᠳᠤᠨ᠂ ᠨᠢᠭᠡ ᠪᠦᠯᠦᠭ ᠭᠤᠤᠯᠳᠠᠯᠭ᠎ᠠ ᠲᠠᠢ ᠬᠦᠷᠢᠶ᠎ᠡ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠪᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠤ ᠳᠠᠭᠠᠭᠤᠯᠭ᠎ᠠ ᠳᠤᠤᠷ᠎ᠠ᠂ ᠪᠥᠬᠦ ᠣᠷᠣᠨ ᠳᠠᠶᠠᠭᠠᠷ ᠯᠠᠪᠲᠠᠶ ︽ᠪᠠᠷᠠᠭᠠᠨ ᠡᠭᠦᠯᠡ | ᠬᠠᠷᠠᠭ᠎ᠠ ᠬᠠᠯᠬᠠᠯᠠᠬᠤ ᠠᠴᠠ ᠠᠶᠤᠬᠤ ᠥᠬᠡᠶ︾ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠵᠤ | ᠠᠬᠤᠶ ᠶᠢᠨ ᠥᠭᠡᠳᠡᠯᠡᠬᠦ᠂ ᠪᠦᠲᠦᠴᠡ ᠶᠢᠨ ᠰᠢᠯᠢᠳᠡᠭᠵᠢᠬᠦ᠂ ᠬᠥᠭᠵᠢᠯᠲᠡ ᠶᠢᠨ ᠰᠠᠶᠢᠵᠢᠷᠠᠬᠤ ᠶᠢ ᠪᠥᠬᠦ ᠬᠦᠴᠦᠨ ᠢᠶᠠᠷ | ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠦᠨ᠎ᠡ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ ᠪᠠᠶᠠᠷᠯᠠᠯ᠎ᠠ︕ | ︽ᠥᠪᠥᠷ ᠮᠣᠩᠭᠤᠯ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ | ᠥᠭᠦᠯᠡᠭᠴᠢ ᠲᠠ ᠰᠠᠶᠢᠨ ᠦᠦ᠂ ᠲᠠᠨ ᠤ ᠰᠠᠶ᠋ᠢ ᠶᠢᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠪᠥᠬᠦ | ᠣᠷᠣᠨ ᠤ ᠲᠦᠷᠦᠭᠦᠦ ᠭᠤᠷᠪᠠᠨ ᠤᠯᠠᠷᠢᠯ ᠳᠤ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠬᠥᠭᠵᠢᠪᠡ᠃ | ᠲᠡᠭᠡᠪᠡᠯ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠲᠤᠯᠭᠠᠭᠤᠷᠢᠯᠠᠬᠤ ᠬᠦᠴᠦᠨ ᠵᠦᠢᠯ ᠨᠢ | ᠶᠠᠭᠤ ᠪᠣᠶ︖ ᠪᠠᠶᠠᠷᠯᠠᠯ᠎ᠠ᠃ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠦᠴᠦᠯᠡᠬᠦ ᠪᠠ | ᠦᠷ᠎ᠡ ᠪᠦᠲᠦᠮᠵᠢ ᠭᠠᠷᠭᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠬᠤ ᠵᠢᠴᠢ ᠰᠢᠨ᠎ᠡ | ᠬᠥᠳᠡᠯᠭᠡᠭᠴᠢ ᠡᠨᠧᠷᠭᠢ ᠶᠢ ᠲᠦᠷᠭᠡᠳᠬᠡᠨ ᠪᠤᠶᠢᠵᠢᠭᠤᠯᠬᠤ ᠵᠡᠷᠭᠡ ᠬᠦᠴᠦᠨ ᠵᠦᠢᠯ ᠤᠨ ᠶᠡᠷᠦᠩᠬᠡᠶᠢᠯᠡᠭᠰᠡᠨ ᠦᠢᠯᠡᠳᠦᠯ | ᠳᠤᠤᠷ᠎ᠠ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ | ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠪᠣᠳᠠᠲᠠᠶ ᠪᠠᠷ ᠦᠵᠡᠪᠡᠯ᠂ ᠠᠵᠤ ᠦᠢᠯᠡᠳᠪᠦᠷᠢ ᠶᠢᠨ ᠲᠣᠭᠲᠠᠭᠤᠨ | ᠨᠡᠮᠡᠭᠳᠡᠯ ᠢ ᠲᠤᠯᠭᠠᠭᠤᠷᠢᠯᠠᠬᠤ ᠢᠳᠡᠪᠬᠢ ᠬᠦᠴᠦᠨ ᠵᠦᠢᠯ ᠨᠢ ᠭᠤᠤᠯᠳᠠᠭᠤ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠃ | ᠨᠢᠭᠡ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ 4000 ᠶᠢ | ᠳᠠᠪᠠᠪᠠ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠢ 4000 ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ︾ ᠭᠡᠵᠦ ᠳᠤᠷᠠᠳᠴᠠᠶ᠃ | 9 ᠳ᠋ᠤᠭᠡᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ 4004 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 266 ᠡᠷᠦᠬᠡ ᠴᠡᠪᠡᠷ | ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 2.7 | ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 37.5% ᠪᠣᠯᠪᠠ᠃ ︽ | ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ 2021 ᠣᠨ ᠤ ᠡᠬᠢᠨ ᠤ 3011 ᠡᠷᠦᠬᠡ ᠪᠠᠶᠢᠭᠰᠠᠨ ᠠᠴᠠ ᠪᠠᠨ | ᠣᠲᠣ 4004 ᠡᠷᠦᠬᠡ ᠪᠣᠯᠵᠣ ᠨᠡᠮᠡᠭᠳᠡᠨ᠂ 993 ᠡᠷᠦᠬᠡ ᠴᠡᠪᠡᠷ ᠨᠡᠮᠡᠭᠳᠡᠵᠦ᠂ 1000 ᠰᠢᠬᠠᠮ ᠰᠢᠨ᠎ᠡ ᠪᠠᠷ ᠨᠡᠮᠡᠭᠳᠡᠭᠰᠡᠨ | ᠠᠵᠤ ᠠᠬᠤᠶᠢᠯᠠᠯ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠳᠤ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠪᠡ᠃ | ᠬᠤᠶᠠᠷ ᠲᠤ᠂ ᠡᠨᠧᠷᠭᠢ ᠶᠢᠨ ᠠᠵᠤ ᠦᠢᠯᠡᠳᠪᠦᠷᠢ ᠠᠵᠤ ᠦᠢᠯᠡᠳᠪᠦᠷᠢ ᠶᠢᠨ ᠨᠡᠮᠡᠭᠳᠡᠯ ᠢ ᠬᠦᠴᠦᠲᠡᠶ ᠲᠤᠯᠭᠠᠭᠤᠷᠢᠯᠠᠪᠠ᠃ | ᠡᠨᠡ ᠵᠢᠯ ᠠᠴᠠ ᠨᠠᠭᠠᠰᠢ᠂ ᠪᠥᠬᠦ ᠣᠷᠣᠨ ᠳᠠᠶᠠᠭᠠᠷ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠶᠡᠭᠡ ᠪᠠᠷ | ᠳᠡᠭᠡᠭᠰᠢᠯᠡᠭᠦᠯᠵᠦ᠂ ᠣᠨᠴᠠᠭᠠᠶ ᠴᠠᠭ ᠠᠭᠤᠷ ᠣᠯᠠᠨ᠂ ᠴᠠᠬᠢᠯᠭᠠᠨ ᠬᠡᠷᠡᠭᠯᠡᠬᠦ ᠳᠠᠭᠠᠭᠠᠴᠠ ᠥᠨᠳᠥᠷ᠂ ᠠᠵᠢᠯᠯᠠᠭᠠᠨ ᠤ ᠠᠶᠤᠯ | ᠲᠦᠭᠰᠢᠭᠦᠷᠢ ᠶᠡᠭᠡ ᠵᠡᠷᠭᠡ ᠣᠯᠠᠨ ᠳᠠᠪᠬᠤᠷ ᠰᠢᠯᠭᠠᠯᠲᠠ ᠶᠢ ᠪᠦᠲᠦᠮᠵᠢᠲᠡᠶ ᠠᠷᠭᠠᠴᠠᠵᠤ᠂ ᠤᠯᠤᠰ ᠤᠨ ᠡᠨᠧᠷᠭᠢ ᠶᠢᠨ ᠠᠮᠤᠷ | ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠪᠡ᠃ ᠲᠦᠷᠦᠭᠦᠦ ᠭᠤᠷᠪᠠᠨ ᠤᠯᠠᠷᠢᠯ ᠳᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ ᠪᠠ | ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠤᠨ ᠲᠡᠷᠢᠭᠦᠨ ᠳᠤ ᠣᠷᠣᠵᠤ᠂ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠢ 3.9 ᠵᠠᠭᠤᠨ ᠤ ᠬᠤᠪᠢ ᠶᠢᠨ ᠴᠡᠭ ᠳᠠᠶᠢᠴᠢᠯᠠᠪᠠ᠃ | ᠭᠤᠷᠪᠠ ᠳᠤ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠴᠢᠩᠭᠠᠷᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ | ᠪᠤᠶᠢᠵᠢᠭᠤᠯᠤᠨ ᠪᠤᠵᠠᠭᠠᠶᠢᠷᠠᠭᠤᠯᠬᠤ ᠶᠢ ᠢᠮᠠᠭᠲᠠ ᠪᠠᠷᠢᠮᠲᠠᠯᠠᠵᠤ᠂ ᠨᠡᠩ ᠤᠯᠠᠨ ᠰᠢᠨ᠎ᠡ ᠠᠵᠤ ᠠᠬᠤᠢ ᠶᠢᠨ ᠨᠡᠮᠡᠭᠳᠡᠯ ᠤᠨ | ᠴᠡᠭ ᠢ ᠪᠦᠷᠢᠯᠳᠦᠭᠦᠯᠬᠦ ᠶᠢ ᠠᠬᠢᠭᠤᠯᠪᠠ᠃ ᠰᠠᠯᠬᠢ ᠬᠡᠷᠡᠯ ᠴᠠᠬᠢᠯᠭᠠᠨ ᠵᠡᠷᠭᠡ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠬᠦ ᠶᠢᠨ | ᠬᠠᠮᠲᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠳᠡᠭᠡᠳᠦ ᠦᠵᠦᠭᠦᠷᠵᠢᠬᠦ᠂ ᠤᠶᠤᠨᠵᠢᠬᠤ᠂ ᠪᠣᠬᠢᠷᠲᠤᠯ ᠥᠬᠡᠶ | ᠬᠥᠭᠵᠢᠬᠦ ᠶᠢ ᠲᠦᠷᠭᠡᠳᠬᠡᠨ ᠠᠬᠢᠭᠤᠯᠪᠠ᠃ ᠪᠢᠳᠡᠨ ᠤ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠡᠨᠡ ᠲᠠᠯ᠎ᠠ ᠶᠢᠨ | ᠦᠷ᠎ᠡ ᠳ᠋ᠦᠩ ᠪᠠᠰᠠ ᠨᠡᠯᠢᠶᠡᠳ ᠢᠯᠡᠷᠬᠡᠶ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41. | 8% ᠪᠠᠷ ᠨᠡᠮᠡᠭᠳᠡᠵᠦ᠂ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ 43.4% ᠪᠠᠷ ᠨᠡᠮᠡᠭᠳᠡᠵᠦ᠂ ᠲᠣᠰ | ᠲᠣᠰ 9 ᠰᠠᠷ᠎ᠠ ᠪᠠ 15 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠨᠢ ᠨᠢᠳᠤᠨᠤᠨ ᠤ ᠠᠳᠠᠯᠢ ᠬᠤᠭᠤᠴᠠᠭᠠᠨ ᠳᠤ 20.0% ᠪᠠᠷ ᠨᠡᠮᠡᠭᠳᠡᠭᠰᠡᠨ ᠥᠨᠳᠥᠷ ᠰᠠᠭᠤᠷᠢ ᠶᠢᠨ | ᠬᠤᠭᠤᠴᠠᠭᠠᠨ ᠳᠤ 31.6% ᠪᠠᠷ ᠦᠷᠭᠦᠯᠵᠢᠯᠡᠨ ᠨᠡᠮᠡᠭᠳᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠢ ᠲᠦᠷᠭᠡᠳᠬᠡᠨ ᠪᠤᠶᠢᠵᠢᠭᠤᠯᠵᠤ ᠭᠠᠷᠭᠠᠪᠠ᠃ | ᠶᠡᠷᠦᠩᠬᠡᠶᠢᠯᠡᠪᠡᠯ᠂ ᠲᠦᠷᠦᠭᠦᠦ ᠭᠤᠷᠪᠠᠨ ᠤᠯᠠᠷᠢᠯ ᠳᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ | ᠲᠣᠭᠲᠠᠭᠤᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠨᠡᠮᠡᠭᠳᠡᠯ᠂ | ᠲᠣᠭᠲᠠᠭᠤᠨ ᠠᠵᠢᠯᠯᠠᠭᠠᠨ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠡᠭᠦᠨ ᠤ ᠬᠠᠮᠲᠤ᠂ ᠣᠳᠣᠬᠠᠨ ᠤ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠥᠬᠡᠶ᠂ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ | ᠳᠤᠤᠷ᠎ᠠ᠂ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠬᠢᠷᠢ ᠬᠡᠮᠵᠢᠶ᠎ᠡ ᠨᠡᠯᠢᠶᠡᠳ ᠳᠤᠤᠷ᠎ᠠ ᠪᠠᠶᠢᠬᠤ ᠵᠡᠷᠭᠡ ᠬᠦᠴᠢᠷᠳᠡᠯ | ᠮᠥᠨ ᠬᠦ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠶ᠂ ᠭᠡᠪᠡᠴᠦ ᠦᠯᠡᠳᠡᠭᠡᠯ ᠲᠥᠷᠥ ᠶᠢᠨ ᠪᠣᠳᠣᠯᠭ᠎ᠠ ᠪᠠ | ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠳᠠᠭᠠᠯᠳᠤᠨ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠥᠭᠵᠢᠨ ᠪᠤᠵᠠᠭᠠᠶᠢᠷᠬᠠᠤ ᠨᠢ ᠴᠦ ᠪᠥᠬᠦ ᠣᠷᠣᠨ ᠤ ᠠᠵᠤ | ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠳᠤ ᠨᠠᠩ ᠣᠯᠠᠨ ᠬᠥᠳᠡᠯᠭᠡᠬᠦ ᠬᠦᠴᠦᠨ ᠬᠠᠩᠭᠠᠵᠤ᠂ ᠠᠵᠤ | ᠦᠢᠯᠡᠳᠪᠦᠷᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ ᠴᠢᠨᠠᠷ ᠴᠢᠨᠰᠠᠭ᠎ᠠ ᠶᠢ ᠨᠡᠮᠡᠭᠳᠡᠭᠦᠯᠵᠦ᠂ ᠯᠠᠪᠳᠠᠭᠤᠨ ᠢᠶᠠᠷ ᠬᠤᠯᠠ | ᠠᠶᠠᠯᠠᠬᠤ ᠶᠢ ᠠᠬᠢᠭᠤᠯᠬᠤ ᠪᠣᠯᠤᠨ᠎ᠠ᠃ ᠪᠠᠶᠠᠷᠯᠠᠯ᠎ᠠ᠃ | ᠲᠥᠪ ᠷᠠᠳᠢᠤ᠋ ᠨᠡᠪᠲᠡᠷᠡᠬᠦᠯᠪᠡ ᠶᠢᠨ ᠰᠦᠯᠵᠢᠶᠡᠨ ᠤ ᠰᠤᠷᠪᠤᠯᠵᠢᠯᠠᠭᠴᠢ᠄ | ᠡᠨᠡ ᠵᠢᠯ ᠠᠴᠠ ᠨᠠᠰᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠂ ᠲᠥᠷᠥ ᠶᠢᠨ | ᠪᠣᠳᠣᠯᠭ᠎ᠠ ᠶᠢᠨ ᠦᠷ᠎ᠡ ᠪᠦᠲᠦᠮᠵᠢ ᠶᠠᠮᠠᠷ ᠵᠡᠷᠭᠡ ᠪᠣᠶ︖ ᠪᠠᠶᠠᠷᠯᠠᠯ᠎ᠠ᠃ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠪᠣᠳᠠᠲᠠᠶ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ 43 ᠤᠯᠤᠰ ᠤᠨ ᠶᠠᠮᠤᠨ ᠵᠥᠪᠯᠡᠯ᠂ ᠨᠢᠭᠡᠴᠢ ᠢᠵᠢ ᠪᠦᠷᠢᠳᠦᠭᠦᠯᠬᠦ | ᠲᠥᠷᠥ ᠶᠢᠨ ᠪᠣᠳᠣᠯᠭ᠎ᠠ ᠶᠢ 47 ᠵᠦᠢᠯ ᠨᠡᠶᠢᠲᠡᠯᠡᠵᠦ᠂ 800 ᠠᠴᠠ ᠳᠡᠭᠡᠭᠰᠢᠬᠢ ᠨᠠᠷᠢᠯᠢᠬᠵᠢᠭᠤᠯᠤᠭᠰᠠᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠤᠷᠲᠤᠳᠬᠠᠨ ᠥᠷᠭᠡᠳᠬᠡᠵᠦ᠂ ᠥᠪᠥᠷ ᠮᠣᠩᠭᠤᠯ ᠳᠤ ︽ᠦᠨ᠎ᠡ ᠥᠷᠲᠡᠭ︾ ᠭᠦᠢᠴᠡᠳ | ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠡᠶ᠃ ᠡᠭᠦᠨ ᠤ ᠬᠠᠮᠲᠤ᠂ ᠮᠠᠨ ᠤ ᠣᠷᠣᠨ ᠠᠩᠬᠠᠷᠤᠯ ᠢᠶᠠᠨ | ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠣᠨᠣᠴᠠᠲᠠᠶ ᠥᠷᠨᠢᠭᠦᠯᠵᠦ᠂ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ | ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.0% ᠪᠠᠷ | ᠨᠡᠮᠡᠭᠳᠡᠵᠦ᠂ ᠪᠥᠬᠦ ᠤᠯᠤᠰ ᠤᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠦᠭᠰᠡᠨ ᠮᠤᠵᠢ ᠶᠢᠨ ᠨᠢᠭᠡ ᠪᠣᠯᠵᠠᠶ᠃ | ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ | ᠨᠢᠭᠡᠳᠦᠭᠡᠷ ᠲᠤ᠂ ᠴᠢᠬᠤᠯᠠ ᠶᠡᠭᠡ ᠲᠦᠷᠦᠯ ᠵᠦᠢᠯ ᠤᠨ ᠲᠤᠭ᠎ᠠ ᠬᠡᠮᠵᠢᠶ᠎ᠡ ᠨᠡᠮᠡᠭᠳᠡᠵᠦ᠂ ᠬᠤᠪᠢ ᠨᠡᠮᠡᠷᠢ ᠲᠤᠪᠤᠶᠢᠮ᠎ᠠ | ᠪᠣᠯᠪᠠ᠃ ᠣᠷᠣᠨ ᠳᠠᠶᠠᠭᠠᠷ ᠢᠶᠠᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠮᠠᠭᠲᠠ ᠠᠵᠤ | ᠠᠬᠤᠶ ᠶᠢᠨ ᠨᠡᠮᠡᠭᠳᠡᠯ ᠢ ᠠᠬᠢᠭᠤᠯᠬᠤ ᠬᠦᠴᠦᠲᠡᠶ ᠭᠠᠷᠳᠠᠴᠠ ᠪᠣᠯᠭᠠᠵᠤ᠂ ᠡᠨᠡ ᠵᠢᠯ ᠦᠷᠭᠦᠯᠵᠢᠯᠡᠨ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠡᠭᠡᠷ᠎ᠡ ᠶᠡᠭᠡ ᠬᠦᠴᠦ ᠣᠷᠣᠭᠤᠯᠵᠤ᠂ ᠠᠵᠤ ᠦᠢᠯᠡᠰ ᠤᠨ ᠪᠦᠯᠦᠭᠵᠢᠯ ᠪᠠ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠮᠥᠩᠭᠦ ᠣᠷᠣᠭᠤᠯᠵᠤ᠂ ᠴᠢᠬᠤᠯᠠ ᠶᠡᠭᠡ | ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠡᠬᠢᠯᠡᠭᠦᠯᠵᠦ᠂ ᠡᠷᠲᠡᠬᠡᠨ ᠪᠥᠲᠥᠭᠡᠨ ᠪᠠᠶᠢᠭᠤᠯᠬᠤ ᠶᠢ | ᠠᠬᠢᠭᠤᠯᠪᠠ᠃ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠠᠷᠢᠯᠭ᠎ᠠ ᠶᠢᠨ ᠲᠥᠷᠥᠯ ᠵᠦᠢᠯ 2812 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 175 ᠨᠡᠮᠡᠭᠳᠡᠵᠦ᠂ | ᠪᠠᠯᠠ ᠣᠷᠣᠭᠤᠯᠤᠯᠲᠠ ᠶᠢᠨ ᠨᠡᠮᠡᠭᠳᠡᠯ ᠢ 13.4% ᠪᠠᠷ ᠪᠡᠶᠡᠯᠡᠭᠦᠯᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 9.9 | ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ ᠶᠢᠰᠦᠨ ᠬᠤᠪᠢ ᠰᠢᠬᠠᠮ | ᠪᠣᠯᠪᠠ᠃ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ | 567 ᠪᠠᠶᠢᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 23. | 7% ᠳᠤ ᠬᠦᠷᠴᠡᠶ᠃ | ᠬᠤᠶᠠᠳᠤᠭᠠᠷ ᠲᠤ᠂ ᠠᠷᠠᠳ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ᠃ ᠠᠷᠠᠳ ᠤᠨ ᠪᠠᠯᠠ | ᠣᠷᠣᠭᠤᠯᠤᠯᠲᠠ ᠶᠢ ᠵᠣᠷᠢᠭᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠤᠯᠬᠤ ᠶᠢ ᠳᠠᠭᠠᠯᠳᠤᠨ᠂ ᠠᠷᠠᠳ ᠤᠨ ᠪᠠᠯᠠ ᠣᠷᠣᠭᠤᠯᠤᠯᠲᠠ ᠶᠢᠨ ᠬᠦᠰᠡᠯ ᠡᠷᠡᠮᠡᠯᠵᠡᠯ ᠪᠠ ᠴᠢᠳᠠᠪᠤᠷᠢ | ᠲᠠᠰᠤᠷᠠᠯᠲᠠ ᠥᠬᠡᠶ ᠴᠢᠩᠭᠠᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠷᠠᠳ ᠤᠨ ᠪᠠᠯᠠ | ᠣᠷᠣᠭᠤᠯᠤᠯᠲᠠ 7.3% ᠪᠠᠷ ᠨᠡᠮᠡᠭᠳᠡᠵᠦ᠂ 1-8 ᠳ᠋ᠤᠭᠠᠷ ᠰᠠᠷ᠎ᠠ ᠶᠢᠨ ᠬᠢ ᠠᠴᠠ 2.3 ᠵᠠᠭᠤᠨ ᠤ ᠬᠤᠪᠢ ᠶᠢᠨ ᠴᠡᠭ | ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 3.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢ ᠬᠠᠰᠤᠪᠠᠯ᠂ ᠠᠷᠠᠳ ᠤᠨ ᠪᠠᠯᠠ | ᠣᠷᠣᠭᠤᠯᠤᠯᠲᠠ 12.7% ᠪᠠᠷ ᠨᠡᠮᠡᠭᠳᠡᠵᠦ᠂ 1-8 ᠰᠠᠷ᠎ᠠ ᠶᠢᠨ ᠬᠢ ᠠᠴᠠ 3.1 ᠵᠠᠭᠤᠨ ᠤ ᠬᠤᠪᠢ ᠶᠢᠨ ᠴᠡᠭ | ᠳᠡᠭᠡᠭᠰᠢᠯᠡᠵᠡᠶ᠃ ᠡᠭᠦᠨ ᠳᠤ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠣᠯᠤᠨ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠯ ᠴᠢᠩᠭ᠎ᠠ ᠪᠠᠶᠢᠵᠤ᠂ 3.3 | ᠳᠠᠬᠢᠨ ᠨᠡᠮᠡᠭᠳᠡᠵᠦ᠂ ᠪᠥᠬᠦ ᠣᠷᠣᠨ ᠤ ᠠᠷᠠᠳ ᠤᠨ ᠪᠠᠯᠠ ᠣᠷᠣᠭᠤᠯᠤᠯᠲᠠ ᠶᠢ 2.8 ᠵᠠᠭᠤᠨ ᠤ ᠬᠤᠪᠢ ᠶᠢᠨ ᠴᠡᠭ ᠢᠶᠠᠷ | ᠨᠡᠮᠡᠭᠳᠡᠭᠦᠯᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 40% ᠰᠢᠬᠠᠮ ᠪᠣᠯᠵᠠᠶ᠃ | ᠭᠤᠷᠪᠠᠳᠤᠭᠠᠷ ᠲᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠡᠨᠡ | ᠵᠢᠯ ᠠᠴᠠ ᠨᠠᠰᠢ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠳᠠᠭᠠᠯᠳᠤᠨ᠂ | ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠨᠡᠯᠢᠶᠡᠳ ᠲᠦᠷᠭᠡᠨ ᠨᠡᠮᠡᠭᠳᠡᠬᠦ ᠶᠢ ᠳᠠᠶᠢᠴᠢᠯᠠᠪᠠ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ 1-8 ᠳ᠋ᠤᠭᠠᠷ ᠰᠠᠷ᠎ᠠ ᠶᠢᠨ ᠬᠢ ᠠᠴᠠ 2.9 ᠵᠠᠭᠤᠨ ᠤ | ᠬᠤᠪᠢ ᠶᠢᠨ ᠴᠡᠭ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 4.7 ᠵᠠᠭᠤᠨ ᠤ ᠬᠤᠪᠢ ᠶᠢᠨ ᠴᠡᠭ | ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠪᠠᠯᠠ ᠣᠷᠣᠭᠤᠯᠤᠯᠲᠠ ᠦᠷᠭᠦᠯᠵᠢᠯᠡᠨ ᠥᠷᠭᠡᠳᠴᠦ᠂ 21.1% ᠨᠡᠮᠡᠭᠳᠡᠨ᠂ ᠪᠥᠬᠦ ᠣᠷᠣᠨ ᠤ ᠰᠠᠭᠤᠷᠢ | ᠪᠡᠯᠡᠳᠬᠡᠮᠵᠢ ᠶᠢᠨ ᠪᠠᠯᠠ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 90% ᠶᠢ ᠳᠠᠪᠠᠪᠠ︔ | ᠴᠠᠬᠢᠯᠭᠠᠨ ᠬᠤᠯᠪᠣᠭ᠎ᠠ ᠷᠠᠳᠢᠣ᠋ ᠲᠧᠯᠸᠢᠰ ᠪᠠ ᠳᠠᠭᠠᠭᠤᠯᠢ ᠣᠳᠣᠨ ᠤ ᠳᠠᠮᠵᠢᠭᠤᠯᠭ᠎ᠠ ᠶᠢᠨ ᠦᠢᠯᠡᠴᠢᠯᠡᠭᠡ᠂ ᠢᠨᠲ᠋ᠧᠷ | ᠰᠦᠯᠵᠢᠶ᠎ᠡ ᠪᠠ ᠬᠠᠮᠢᠶ᠎ᠠ ᠪᠥᠬᠦᠶ ᠦᠢᠯᠡᠴᠢᠯᠡᠭᠡᠨ ᠤ ᠪᠠᠯᠠ ᠣᠷᠣᠭᠤᠯᠤᠯᠲᠠ ᠢᠯᠡᠳᠲᠡ ᠲᠦᠷᠭᠡᠳᠴᠦ᠂ ᠨᠡᠶᠢᠲᠡ 1.4 | ᠳᠠᠬᠢᠨ ᠨᠡᠮᠡᠭᠳᠡᠪᠡ᠃ | ᠳᠥᠷᠪᠡᠳᠦᠭᠡᠷ ᠲᠤ᠂ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠡᠯᠡ ᠣᠷᠣᠭᠤᠯᠤᠯᠲᠠ ᠶᠢ ᠲᠦᠷᠭᠡᠪᠴᠢᠯᠡᠨ ᠠᠬᠢᠭᠤᠯᠪᠠ᠃ | ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠲᠥᠷᠥ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠡᠯ᠎ᠡ | ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠲᠥᠬᠦᠭᠡᠷᠦᠮᠵᠢ ᠰᠢᠨᠡᠳᠬᠡᠬᠦ ᠢᠳᠡᠪᠬᠢᠵᠢᠯ ᠢ ᠪᠦᠲᠦᠮᠵᠢᠲᠡᠶ | ᠳᠠᠶᠢᠴᠢᠯᠠᠪᠠ᠃ 9 ᠳ᠋ᠤᠭᠡᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠣᠷᠣᠨ ᠳᠤ 500 ᠲᠦᠮᠡ ᠵᠢᠴᠢ ᠲᠡᠭᠦᠨ ᠠᠴᠠ | ᠳᠡᠭᠡᠭᠰᠢᠬᠢ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ 119 ᠰᠢᠨ᠎ᠡ ᠪᠠᠷ ᠨᠡᠮᠡᠭᠳᠡᠵᠦ᠂ ᠲᠤᠭ᠎ᠠ ᠬᠡᠮᠵᠢᠶ᠎ᠡ ᠶᠢᠨ | ᠪᠥᠬᠦ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ᠳᠠᠬᠢ ᠡᠵᠡᠯᠡᠬᠦ ᠬᠤᠪᠢ ᠶᠢᠨ ᠵᠢᠩ ᠨᠢ 60% ᠶᠢ ᠳᠠᠪᠠᠵᠤ᠂ | ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 1.0 ᠵᠠᠭᠤᠨ ᠤ ᠬᠤᠪᠢ ᠶᠢᠨ ᠴᠡᠭ ᠨᠡᠮᠡᠭᠳᠡᠭᠦᠯᠪᠡ᠃ ᠡᠭᠦᠨ ᠳᠤ᠂ ᠦᠢᠯᠡᠳᠬᠦ | ᠦᠢᠯᠡᠰ ᠪᠠ ᠠᠭᠤᠷᠬᠠᠶ ᠮᠠᠯᠲᠠᠬᠤ ᠦᠢᠯᠡᠰ ᠤᠨ ᠲᠥᠬᠦᠭᠡᠷᠦᠮᠵᠢ ᠶᠢᠨ ᠰᠢᠨᠡᠴᠢᠯᠡᠯᠲᠡ ᠯᠠᠪᠳᠠᠭᠤᠨ ᠢᠶᠠᠷ ᠠᠭᠢᠵᠤ᠂ ᠲᠥᠷᠥᠯ | ᠵᠦᠢᠯ ᠤᠨ ᠲᠤᠭ᠎ᠠ ᠬᠡᠮᠵᠢᠶ᠎ᠡ ᠶᠢᠨ ᠪᠥᠬᠦ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ᠳᠠᠬᠢ ᠡᠵᠡᠯᠡᠬᠦ ᠬᠤᠪᠢ ᠶᠢᠨ | ᠵᠢᠩ ᠨᠢ ᠬᠠᠭᠠᠰ ᠠᠴᠠ ᠳᠠᠪᠠᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ ᠨᠡᠶᠢᠲᠡ 0.4 ᠵᠠᠭᠤᠨ ᠤ ᠬᠤᠪᠢ ᠶᠢᠨ | ᠴᠡᠭ ᠳᠠᠶᠢᠴᠢᠯᠠᠪᠠ᠃ | ᠲᠠᠷᠠᠭᠠᠴᠢ ᠶᠢᠨ ᠱᠠᠲᠤᠨ ᠳᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠬᠦᠴᠦᠯᠡᠨ ᠥᠷᠭᠡᠳᠬᠡᠵᠦ᠂ | ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠶᠡᠭᠡ ᠬᠡᠪᠴᠢᠶᠡᠨ ᠤ ᠲᠤᠨᠤᠭ | ᠲᠥᠬᠦᠭᠡᠷᠦᠮᠵᠢ ᠶᠢ ᠰᠢᠨᠡᠴᠢᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠬᠥᠭᠵᠢᠭᠡᠵᠦ᠂ ᠨᠡᠮᠡᠭᠳᠡᠯ ᠢ ᠲᠣᠭᠲᠠᠪᠤᠷᠢᠵᠢᠭᠤᠯᠬᠤ ᠪᠠ ᠨᠥᠭᠡᠴᠡ | ᠬᠦᠴᠦᠨ ᠢ ᠨᠡᠮᠡᠭᠳᠡᠭᠦᠯᠬᠦ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ | ᠬᠠᠩᠭᠠᠬᠤ ᠬᠡᠷᠡᠭᠲᠡᠢ᠃ ᠪᠠᠶᠠᠷᠯᠠᠯ᠎ᠠ︕ | ᠳᠡᠭᠦᠯᠢᠯᠳᠡ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ | ᠪᠢ ᠪᠥᠬᠦ ᠣᠷᠣᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠵᠦ᠂ ᠢᠯᠠᠩᠭᠤᠶ᠎ᠠ ᠪᠥᠬᠦ | ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ | ᠬᠤᠷᠳᠤᠴᠠ ᠰᠠᠷ᠎ᠠ ᠳᠠᠷᠠᠭᠠᠯᠠᠨ ᠳᠡᠭᠡᠭᠰᠢᠯᠡᠵᠦ ᠪᠠᠶᠢᠬᠤ ᠶᠢ ᠣᠯᠵᠤ ᠬᠠᠷᠠᠯ᠎ᠠ᠃ ᠲᠠ ᠪᠦᠬᠦ ᠣᠷᠣᠨ ᠤ ᠬᠡᠷᠡᠭᠯᠡᠭᠡᠨ ᠤ ᠵᠠᠬ᠎ᠠ | ᠳᠡᠯᠭᠡᠭᠦᠷ ᠤᠨ ᠬᠥᠭᠵᠢᠯᠲᠡ ᠶᠢᠨ ᠪᠠᠢᠳᠠᠯ ᠪᠠ ᠭᠤᠤᠯ ᠣᠨᠴᠠᠯᠢᠭ ᠢ ᠲᠠᠨᠢᠯᠴᠠᠭᠤᠯᠤᠭᠠᠳ ᠥᠭᠭᠦᠨ᠎ᠡ ᠦᠦ︖ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠡᠨᠡ ᠵᠢᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢ ᠢᠳᠡᠪᠬᠢᠲᠡᠶ ᠰᠡᠷᠭᠦᠭᠡᠨ ᠥᠷᠭᠡᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠬᠡᠷᠡᠭᠯᠡᠭᠡ ᠶᠢ ᠠᠬᠢᠭᠤᠯᠬᠤ ᠠᠯᠢ ᠣᠯᠠᠨ ᠠᠷᠭ᠎ᠠ ᠬᠡᠮᠵᠢᠶ᠎ᠡ ᠲᠣᠭᠲᠠᠭᠠᠵᠤ᠂ ᠬᠡᠷᠡᠭᠯᠡᠭᠡᠨ ᠤ ᠳᠠᠯᠳᠠ ᠬᠦᠴᠦᠨ ᠢ | ᠠᠯᠬᠤᠮ ᠠᠯᠬᠤᠮ ᠢᠶᠠᠷ ᠬᠥᠭᠵᠢᠭᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠳᠤ ᠬᠦᠴᠦᠲᠡᠶ ᠲᠤᠯᠭᠠᠭᠤᠷᠢᠯᠠᠯ | ᠬᠠᠩᠭᠠᠪᠠ᠃ ᠣᠳᠣᠬᠠᠨ ᠳᠤ᠂ ᠮᠠᠨ ᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠤ ᠲᠠᠸᠠᠷ ᠤᠨ ᠪᠣᠷᠣᠯᠠᠭᠤᠯᠭ᠎ᠠ | ᠲᠣᠭᠲᠠᠭᠤᠨ ᠢᠶᠠᠷ ᠨᠡᠮᠡᠭᠳᠡᠵᠦ᠂ ᠢᠳᠡᠭᠡᠨ ᠤᠮᠳᠠᠭᠠᠨ ᠤ ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ᠂ | ᠰᠦᠯᠵᠢᠶᠡᠨ ᠤ ᠬᠡᠷᠡᠭᠯᠡᠭᠡ ᠦᠷᠭᠦᠯᠵᠢᠯᠡᠨ ᠬᠥᠭᠵᠢᠶᠡᠨ ᠲᠠᠢ ᠪᠠᠶᠢᠬᠤ ᠣᠨᠴᠠᠯᠢᠭ ᠢᠯᠡᠷᠡᠪᠡ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ | ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠵᠦ᠂ 5 ᠰᠠᠷ᠎ᠠ ᠳᠠᠷᠠᠭᠠᠯᠠᠨ ᠳᠡᠭᠡᠭᠰᠢᠯᠡᠬᠦ ᠬᠠᠨᠳᠤᠰᠢ ᠪᠠᠨ | ᠪᠠᠲᠤᠯᠠᠪᠠ᠃ | ᠨᠢᠭᠡ ᠳᠤ᠂ ᠲᠠᠸᠠᠷ ᠤᠨ ᠪᠣᠷᠣᠯᠠᠭᠤᠯᠭ᠎ᠠ ᠲᠣᠭᠲᠠᠭᠤᠨ ᠢᠶᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ | ᠣᠷᠣᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ | ᠳᠡᠭᠡᠷ᠎ᠡ ᠬᠠᠭᠠᠰ ᠵᠢᠯ ᠤᠨ ᠬᠢ ᠠᠴᠠ 0.8 ᠵᠠᠭᠤᠨ ᠤ ᠬᠤᠪᠢ ᠶᠢᠨ ᠴᠡᠭ ᠲᠦᠷᠭᠡᠳᠪᠡ᠃ ᠦᠨᠳᠦᠰᠦᠨ ᠠᠮᠢᠳᠤᠷᠠᠯ ᠤᠨ | ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠵᠦ᠂ ᠪᠥᠬᠦ ᠣᠷᠣᠨ ᠤ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠠᠷᠢᠬᠢ | ᠲᠠᠮᠠᠬᠢ ᠶᠢᠨ ᠲᠥᠷᠥᠯ ᠤᠨ ᠲᠠᠸᠠᠷ ᠲᠣᠰ ᠲᠣᠰ 19.1%᠂ 23.5% ᠪᠠ 5.1% ᠨᠡᠮᠡᠭᠳᠡᠪᠡ᠃ ᠬᠡᠰᠡᠭ ᠲᠠᠰ | ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠢᠶᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 63.5% | ᠪᠠ 89.3% ᠪᠠᠷ ᠨᠡᠮᠡᠭᠳᠡᠪᠡ᠃ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ | ᠦᠷᠭᠦᠯᠵᠢᠯᠡᠨ ᠦᠷ᠎ᠡ ᠪᠦᠲᠦᠮᠵᠢ ᠤᠯᠬᠤ ᠶᠢ ᠳᠠᠭᠠᠯᠳᠤᠨ᠂ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠨᠡᠮᠡᠭᠳᠡᠯ ᠤᠨ | ᠬᠤᠷᠳᠤᠴᠠ ᠲᠦᠷᠭᠡᠳᠪᠡ᠃ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 5.0% ᠢᠶᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 3.9 ᠵᠠᠭᠤᠨ ᠤ ᠬᠤᠪᠢ ᠶᠢᠨ ᠴᠡᠭ | ᠲᠦᠷᠭᠡᠳᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ 79.3% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 14.2 ᠵᠠᠭᠤᠨ ᠤ ᠬᠤᠪᠢ ᠶᠢᠨ ᠴᠡᠭ ᠲᠦᠷᠭᠡᠳᠴᠦ᠂ 4 ᠰᠠᠷ᠎ᠠ | ᠳᠠᠷᠠᠭᠠᠯᠠᠨ ᠰᠠᠷ᠎ᠠ ᠳᠠᠷᠠᠭᠠᠯᠠᠨ ᠲᠦᠷᠭᠡᠨ ᠪᠣᠯᠪᠠ᠃ | ᠬᠤᠶᠠᠷ ᠲᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ | ᠰᠠᠭᠤᠭᠠᠯᠢ ᠠᠷᠠᠳ ᠤᠨ ᠭᠠᠳᠠᠭᠰᠢ ᠭᠠᠷᠴᠤ ᠵᠢᠭᠤᠯᠴᠢᠯᠠᠬᠤ ᠬᠦᠰᠡᠯ ᠤᠨ ᠴᠢᠩᠭᠠᠷᠠᠬᠤ ᠶᠢ ᠳᠠᠭᠠᠯᠳᠤᠨ᠂ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠶ ᠪᠣᠯᠵᠣ᠂ ᠢᠳᠡᠭᠡᠨ ᠤᠮᠳᠠᠭᠠᠨ ᠤ ᠬᠡᠷᠡᠭᠯᠡᠭᠡ ᠶᠢᠨ | ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠢᠳᠡᠭᠡᠨ | ᠤᠮᠳᠠᠭᠠᠨ ᠤ ᠣᠷᠣᠯᠭ᠎ᠠ 433.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8. | 5% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ 5.7 | ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠭᠤᠷᠪᠠ ᠳᠤ᠂ ᠰᠦᠯᠵᠢᠶᠡᠨ ᠤ ᠬᠡᠷᠡᠭᠯᠡᠭᠡ ᠦᠷᠭᠦᠯᠵᠢᠯᠡᠨ ᠬᠥᠭᠵᠢᠶᠡᠨ ᠲᠠᠢ ᠪᠠᠶᠢᠨ᠎ᠠ᠃ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠲᠦᠷᠭᠡᠨ ᠬᠥᠭᠵᠢᠬᠦ ᠶᠢ ᠳᠠᠭᠠᠯᠳᠤᠨ᠂ ᠳᠠᠪᠬᠤᠴᠠᠭᠰᠠᠨ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ | ᠪᠠ ᠪᠣᠷᠣᠯᠠᠭᠤᠯᠭ᠎ᠠ ᠶᠢ ᠠᠬᠢᠭᠤᠯᠬᠤ ᠡᠷᠴᠢᠮ ᠴᠢᠩᠭᠠᠷᠠᠵᠤ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠶᠠᠪᠤᠳᠠᠯ | ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠣᠳᠠᠲᠤ | ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.3% ᠪᠠᠷ | ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ | ᠬᠤᠷᠳᠤᠴᠠ ᠠᠴᠠ 5.9 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠨᠢᠭᠡᠴᠢ ᠶᠢᠨ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠤᠭ᠎ᠠ ᠨᠢ ᠡᠨᠡ ᠵᠢᠯ ᠠᠴᠠ ᠨᠠᠭᠠᠰᠢᠬᠢ | ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠬᠠᠨᠳᠤᠰᠢ ᠪᠠᠨ ᠦᠷᠭᠦᠯᠵᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 30.6% ᠪᠠᠷ ᠨᠡᠮᠡᠭᠳᠡᠪᠡ᠃ | ᠬᠡᠯᠡᠯᠭᠡᠨ ᠥᠬᠡᠶ᠂ ᠬᠡᠷᠡᠭᠯᠡᠭᠡᠨ ᠤ ᠬᠦᠰᠡᠯ ᠡᠷᠡᠮᠡᠯᠵᠡᠯ ᠬᠦᠷᠦᠯᠴᠡᠬᠦ ᠥᠬᠡᠶ᠂ ᠬᠡᠷᠡᠭᠯᠡᠭᠡᠨ ᠤ ᠲᠠᠯᠠᠪᠤᠷ ᠲᠠᠩ ᠴᠤᠯᠭᠤᠶ | ᠵᠡᠷᠭᠡ ᠣᠯᠠᠨ ᠬᠦᠴᠦᠨ ᠵᠦᠢᠯ ᠤᠨ ᠨᠥᠯᠥᠭᠡ ᠠᠴᠠ ᠪᠣᠯᠵᠣ᠂ ᠮᠠᠨ ᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ | ᠰᠡᠷᠭᠦᠯᠲᠡ ᠶᠢᠨ ᠰᠠᠭᠤᠷᠢ ᠮᠥᠨ ᠬᠦ ᠪᠠᠲᠤ ᠪᠠᠬᠢ ᠪᠢᠰᠢ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠬᠡᠷᠡᠭᠯᠡᠭᠡᠨ ᠤ | ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠦᠷᠭᠦᠯᠵᠢᠯᠡᠨ | ᠠᠮᠵᠢᠵᠤ᠂ ᠬᠡᠷᠡᠭᠯᠡᠭᠡᠨ ᠤ ᠳᠠᠯᠳᠠ ᠴᠢᠳᠠᠪᠤᠷᠢ ᠶᠢ ᠲᠠᠰᠤᠷᠠᠯᠲᠠ ᠥᠬᠡᠶ ᠬᠥᠭᠵᠢᠭᠡᠵᠦ᠂ ᠬᠠᠩᠭᠠᠯᠭ᠎ᠠ ᠶᠢᠨ ᠪᠦᠲᠦᠴᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠶ ᠬᠠᠩᠭᠠᠯᠭ᠎ᠠ ᠪᠠᠷ ᠬᠡᠷᠡᠭᠯᠡᠭᠡᠨ ᠤ ᠰᠢᠨ᠎ᠡ ᠬᠡᠷᠡᠭᠴᠡᠭᠡ ᠶᠢ ᠬᠥᠲᠥᠯᠥᠨ | ᠳᠠᠭᠠᠭᠤᠯᠬᠤ ᠬᠡᠷᠡᠭᠲᠡᠶ᠃ ᠪᠠᠶᠠᠷᠯᠠᠯ᠎ᠠ᠃ | |