ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠠᠵᠤ ᠠᠬᠤᠶ ᠲᠣᠭᠲᠠᠭᠤᠨ ᠨᠡᠮᠡᠭᠳᠡᠵᠦ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/10/22
      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ      ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ               ︵2024 ᠣᠨ ᠤ 10 ᠰᠠᠷ᠎ᠠ ᠶᠢᠨ 21 ᠤ ᠡᠳᠦᠷ︶    ᠡᠨᠡ ᠵᠢᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠪᠥᠬᠦ ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠤᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠬᠥᠳᠡᠯᠭᠡᠭᠴᠢ ᠬᠦᠴᠦᠨ ᠪᠤᠯᠭᠠᠨ᠂ ᠬᠦᠴᠢᠷ ᠢ ᠰᠦᠷᠦᠨ ᠤᠷᠤᠭᠰᠢᠯᠠᠵᠤ᠂ ᠢᠳᠡᠪᠬᠢᠳᠡᠢ ᠠᠵᠢᠯᠯᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠬᠡᠷᠡᠭᠵᠢᠬᠦᠯᠦᠨ᠂ ︽ᠬᠤᠶᠠᠷ ᠴᠢᠬᠤᠯᠠ︾ ︽ᠬᠤᠶᠠᠷ ᠰᠢᠨ᠎ᠡ︾ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠲᠦᠷᠦᠭᠦᠦ ᠭᠤᠷᠪᠠᠨ ᠤᠯᠠᠷᠢᠯ ᠳᠤ᠂ ᠪᠦᠬᠦ ᠣᠷᠣᠨ ᠤ ᠠᠵᠤ ᠠᠬᠤᠶ ᠲᠣᠭᠲᠠᠭᠤᠨ ᠢᠶᠠᠷ ᠨᠡᠮᠡᠭᠳᠡᠨ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠦᠷᠭᠡᠯᠡᠨ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃   ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 17875.5 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9012.5 ᠳ᠋ᠦᠩᠰᠢᠭᠤᠷ ᠲᠥᠭᠦᠷᠢᠭ ᠲᠤ ᠬᠦᠷᠴᠦ᠂ 7.5% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8017.0 ᠳ᠋ᠦᠩᠰᠢᠭᠤᠷ ᠲᠥᠭᠦᠷᠢᠭ ᠲᠤ ᠬᠦᠷᠴᠦ᠂ 4.4% ᠪᠠᠷ ᠨᠡᠮᠡᠭᠳᠡᠪᠡ᠃    ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃    ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃ ᠠᠮᠤ ᠪᠤᠳᠠᠭᠠᠨ ᠤ  ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠠᠮᠤᠷ ᠤᠨ ᠬᠤᠷᠢᠶᠠᠯᠲᠠ ᠶᠢᠨ ᠠᠵᠢᠯ ᠡᠮᠬᠢ ᠵᠢᠷᠤᠮ ᠲᠠᠢ ᠠᠭᠢᠵᠤ᠂ ᠪᠥᠬᠦ ᠵᠢᠯ ᠤᠨ ᠡᠯᠪᠡᠭ ᠬᠤᠷᠢᠶᠠᠯᠲᠠ ᠤᠯᠬᠤ ᠪᠣᠯᠤᠮᠵᠢ ᠲᠠᠢ ᠪᠠᠶᠢᠨ᠎ᠠ᠃ ᠮᠠᠯ ᠠᠵᠤ ᠠᠬᠤᠶ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠭᠤᠷᠪᠠᠳᠤᠭᠠᠷ ᠤᠯᠠᠷᠢᠯ ᠤᠨ ᠡᠴᠦᠰ ᠲᠤ᠂ ᠪᠥᠬᠦ ᠣᠷᠣᠨ ᠤ ᠠᠮᠢᠳᠤ ᠭᠠᠭ᠋ᠠᠶ ᠶᠢᠨ ᠲᠤᠭ᠎ᠠ 634.6 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠢᠶᠠᠷ ᠨᠡᠮᠡᠭᠳᠡᠪᠡ︔ 948.4 ᠲᠦᠮᠡᠨ ᠦᠬᠡᠷ ᠲᠡᠵᠢᠭᠡᠵᠦ᠂ 3.0% ᠢᠶᠠᠷ ᠨᠡᠮᠡᠭᠳᠡᠪᠡ︔ ᠮᠠᠯ ᠤᠨ ᠲᠤᠭ᠎ᠠ ᠲᠣᠯᠣᠭᠠᠢ 6353.9 ᠲᠦᠮᠡ ᠳᠤ ᠬᠦᠷᠴᠦ᠂ 1.6% ᠪᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 199.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠪᠠᠷ ᠨᠡᠮᠡᠭᠳᠡᠪᠡ᠃ ᠡᠭᠦᠨ ᠳᠤ᠂ ᠭᠠᠭ᠋ᠠᠶ ᠶᠢᠨ ᠮᠢᠬ᠎ᠠ᠂ ᠦᠬᠡᠷ ᠤᠨ ᠮᠢᠬ᠎ᠠ᠂ ᠵᠢᠭᠦᠷᠲᠡᠨ ᠤ ᠮᠢᠬᠠᠨ ᠤ ᠭᠠᠷᠤᠯᠲᠠ ᠲᠣᠰ ᠲᠣᠰ 6.1%᠂ 12.7% ᠪᠠ 17.3% ᠨᠡᠮᠡᠭᠳᠡᠵᠦ᠂ ᠬᠤᠨᠢᠨ ᠮᠢᠬᠠᠨ ᠤ ᠭᠠᠷᠤᠯᠲᠠ 2.8% ᠪᠠᠭᠤᠷᠠᠪᠠ᠃    ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠰᠢᠨ᠎ᠡ ᠬᠥᠳᠡᠯᠭᠡᠭᠴᠢ ᠡᠨᠧᠷᠭᠢ ᠶᠢᠨ ᠨᠡᠮᠡᠭᠳᠡᠯ ᠬᠦᠴᠦᠲᠡᠢ ᠪᠣᠯᠪᠠ᠃     ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠵᠦ᠂ ᠦᠢᠯᠡᠳᠬᠦ ᠦᠢᠯᠡᠰ 9.0% ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.9% ᠨᠡᠮᠡᠭᠳᠡᠪᠡ᠃ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 31.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 34.6 ᠪᠠ 24.4 ᠵᠠᠭᠤᠨ ᠤ ᠬᠤᠪᠢ ᠶᠢᠨ ᠴᠡᠭ ᠠᠴᠠ ᠲᠦᠷᠭᠡᠨ ᠪᠣᠯᠪᠠ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 7.4% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 3.7% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠠᠴᠠ ᠦᠵᠡᠪᠡᠯ᠂ ᠨᠡᠭᠦᠷᠡᠰᠦᠨ ᠤ ᠭᠠᠷᠤᠯᠲᠠ 9.5 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 5990.7 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 9.6% ᠪᠠᠷ ᠨᠡᠮᠡᠭᠳᠡᠪᠡ᠂ ᠡᠭᠦᠨ ᠳᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 20.9% ᠪᠠᠷ ᠨᠡᠮᠡᠭᠳᠡᠪᠡ︔ ᠪᠤᠯᠤᠳ ᠮᠠᠲ᠋ᠧᠷᠢᠶᠠᠯ ᠤᠨ ᠭᠠᠷᠤᠯᠲᠠ 2550.6 ᠲᠦᠮᠡᠨ ᠲᠣᠨ ᠳᠤ ᠬᠦᠷᠴᠦ᠂ 1.5% ᠪᠠᠷ ᠨᠡᠮᠡᠭᠳᠡᠪᠡ︔ ᠬᠤᠪᠣᠷ ᠰᠢᠷᠣᠶ ᠶᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ ᠤᠨ ᠭᠠᠷᠤᠯᠲᠠ ᠲᠣᠰ ᠲᠣᠰ 2.4 ᠳᠠᠬᠢᠨ ᠪᠠ 1.2 ᠳᠠᠬᠢᠨ ᠨᠡᠮᠡᠭᠳᠡᠪᠡ᠃ 1-8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 18856.4 ᠳ᠋ᠦᠩᠰᠢᠭᠤᠷ ᠲᠥᠭᠦᠷᠢᠭ ᠲᠤ ᠬᠦᠷᠴᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 2014.5 ᠳ᠋ᠦᠩᠰᠢᠭᠤᠷ ᠲᠥᠭᠦᠷᠢᠭ ᠲᠤ ᠬᠥᠷᠪᠡ᠃    ᠭᠤᠷᠪᠠ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠨ᠎ᠠ᠃     ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠬᠢ 2.5% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠬᠢ 5.6% ᠪᠠᠷ ᠨᠡᠮᠡᠭᠳᠡᠪᠡ᠃ 1-8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 10 ᠠᠵᠢᠯ ᠲᠥᠷᠥᠯ ᠤᠨ ᠳᠣᠲᠣᠷᠠᠬᠢ 7 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠡᠮᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 43.2% ᠢᠶᠠᠷ ᠨᠡᠮᠡᠭᠳᠡᠪᠡ᠃    ᠳᠥᠷᠪᠡ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠭᠲᠠᠭᠤᠨ ᠤ ᠳᠤᠮᠳᠠ ᠲᠦᠷᠭᠡᠳᠴᠦ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠬᠦᠴᠦᠲᠡᠶ ᠳᠠᠶᠢᠴᠢᠯᠠᠭᠳᠠᠪᠠ᠃     ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 11.0% ᠪᠠᠷ ᠨᠡᠮᠡᠭᠳᠡᠵᠦ᠂ 1-8 ᠳ᠋ᠤᠭᠠᠷ ᠰᠠᠷ᠎ᠠ ᠶᠢᠨ ᠬᠢ ᠠᠴᠠ 0.6 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 3.2% ᠢᠶᠠᠷ ᠨᠡᠮᠡᠭᠳᠡᠵᠦ᠂ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 3.4% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 59.8% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 12.3% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 4.6% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 65.4% ᠪᠣᠯᠪᠠ᠃    ᠲᠠᠪᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠢᠶᠠᠷ ᠳᠡᠭᠡᠭᠰᠢᠯᠡᠵᠦ᠂ ᠳᠡᠰ ᠳᠡᠪᠰᠢᠭᠰᠡᠨ ᠲᠥᠷᠥᠯ ᠤᠨ ᠬᠡᠰᠡᠭ ᠲᠠᠸᠠᠷ ᠤᠨ ᠪᠣᠷᠣᠯᠠᠭᠤᠯᠭ᠎ᠠ ᠲᠦᠷᠭᠡᠨ ᠨᠡᠮᠡᠭᠳᠡᠪᠡ᠃    ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 3909.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠵᠦ᠂ 1-8 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠬᠤᠪᠢ ᠶᠢᠨ ᠴᠡᠭ ᠲᠦᠷᠭᠡᠳᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.3% ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 2.8% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.1% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠥᠷᠥᠯ 14.4% ᠪᠠᠷ ᠨᠡᠮᠡᠭᠳᠡᠪᠡ᠃ ᠬᠡᠰᠡᠭ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠢᠶᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠲᠥᠷᠥᠯ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 63.5%᠂ 79.3% ᠪᠠ 89.3% ᠨᠡᠮᠡᠭᠳᠡᠵᠡᠶ᠃    ᠵᠢᠷᠭᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢ ᠲᠣᠭᠲᠠᠭᠤᠨ ᠢᠶᠠᠷ ᠠᠵᠢᠯᠯᠠᠭᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠬᠠᠩᠰᠢ ᠶᠢᠨ ᠪᠠᠭᠤᠷᠠᠯᠲᠠ ᠶᠢᠨ ᠬᠡᠮᠵᠢᠶ᠎ᠡ ᠶᠢ ᠪᠠᠭᠠᠰᠬᠠᠪᠠ᠃     ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0.4% ᠪᠠᠷ ᠥᠰᠪᠡ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ ᠬᠠᠩᠰᠢ 1.2% ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 2.0% ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.2% ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.3% ᠥᠰᠴᠦ᠂ ᠵᠠᠮ ᠬᠠᠷᠢᠯᠴᠠᠭ᠎ᠠ ᠮᠡᠳᠡᠭᠡ ᠬᠤᠯᠪᠣᠭᠠᠨ ᠤ ᠦᠨ᠎ᠡ ᠬᠠᠩᠰᠢ 1.1% ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ ᠬᠠᠩᠰᠢ 1.7% ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ 1.9% ᠥᠰᠴᠦ᠂ ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 5.2% ᠥᠰᠴᠡᠶ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 3.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 1.4 ᠵᠠᠭᠤᠨ ᠤ ᠬᠤᠪᠢ ᠶᠢᠨ ᠴᠡᠭ ᠪᠠᠭᠠᠰᠴᠠᠶ︔ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 2.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 0.8 ᠵᠠᠭᠤᠨ ᠤ ᠬᠤᠪᠢ ᠶᠢᠨ ᠴᠡᠭ ᠪᠠᠭᠠᠰᠪᠠ᠃    ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ ᠪᠠᠭᠠᠰᠪᠠ᠃     ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 29724 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠷ᠎ᠡ ᠳᠡᠭᠡᠷ᠎ᠡ ᠪᠠᠨ 5.0% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 39070 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠷ᠎ᠡ ᠳᠡᠭᠡᠷ᠎ᠡ ᠪᠠᠨ 4.3% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14753 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠷ᠎ᠡ ᠳᠡᠭᠡᠷ᠎ᠡ ᠪᠠᠨ 6.4% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.65 ᠪᠣᠯᠵᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.05 ᠪᠠᠭᠠᠰᠪᠠ᠃    ᠶᠡᠷᠦᠩᠬᠡᠶ ᠳᠤᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠴᠢᠨᠠᠷ ᠰᠠᠶᠢᠲᠠᠶ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ ᠡᠭᠦᠨ ᠤ ᠬᠠᠮᠲᠤ᠂ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠡᠭᠡᠳᠡᠷᠡᠭᠡᠨ ᠪᠤᠳᠤᠯᠢᠶᠠᠨᠲᠠᠶ᠂ ᠠᠶᠤᠯ ᠲᠦᠭᠰᠢᠭᠦᠷᠢ ᠥᠷᠢᠰᠥᠯᠳᠦᠭᠡᠨ ᠣᠯᠠᠰᠢᠷᠠᠵᠤ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠳᠤ ᠮᠥᠨ ᠬᠦ ᠨᠠᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠥᠬᠡᠶ ᠪᠤᠶᠢᠵᠢᠭᠤᠯᠤᠨ ᠪᠤᠵᠠᠭᠠᠶᠢᠷᠠᠭᠤᠯᠵᠤ᠂ ᠴᠠᠭ ᠮᠥᠴᠡ ᠲᠠᠢ ᠤᠷᠤᠯᠳᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃    ᠳᠠᠭᠠᠯᠲᠠ ᠲᠠᠶᠢᠯᠪᠤᠷᠢ    ︵1︶ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠶᠢ ᠥᠯᠥ ᠬᠤᠪᠢᠰᠬᠤ ᠦᠨ᠎ᠡ ᠪᠠᠷ ᠪᠤᠳᠤᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠶᠢ ᠠᠳᠠᠯᠢᠳᠬᠠᠵᠤ ᠪᠣᠯᠬᠤ ᠦᠨ᠎ᠡ ᠪᠠᠷ ᠪᠤᠳᠤᠪᠠᠯ᠂ ᠴᠥᠮ ᠪᠣᠳᠠᠲᠠᠶ ᠨᠡᠮᠡᠭᠳᠡᠯ ᠤᠨ ᠬᠤᠷᠳᠤᠴᠠ ᠪᠣᠯᠤᠨ᠎ᠠ︔ ᠪᠤᠰᠤᠳ ᠭᠦᠢᠴᠡᠳᠬᠡᠬᠦ ᠲᠤᠭ᠎ᠠ ᠶᠢᠨ ᠣᠨᠴᠠᠭᠠᠢ ᠲᠣᠳᠣᠷᠬᠠᠶᠢᠯᠠᠯᠲᠠ ᠠᠴᠠ ᠪᠤᠰᠤᠳ ᠢ ᠨᠢ ᠤᠳᠤ ᠶᠢᠨ ᠦᠨ᠎ᠡ ᠪᠠᠷ ᠪᠤᠳᠤᠵᠤ᠂ ᠨᠡᠷᠡᠯᠡᠭᠰᠡᠨ ᠨᠡᠮᠡᠭᠳᠡᠯ ᠤᠨ ᠬᠤᠷᠳᠤᠴᠠ ᠪᠣᠯᠭᠠᠨ᠎ᠠ᠃    ︵2︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠄ ᠪᠦᠷᠢᠳᠬᠡᠬᠦ ᠬᠦᠷᠢᠶ᠎ᠡ ᠬᠡᠪᠴᠢᠶ᠎ᠡ ᠨᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠃    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠶᠢᠨ ᠠᠵᠤ ᠠᠬᠤᠶᠢᠯᠠᠯ ᠤᠨ ᠬᠡᠪᠴᠢᠶ᠎ᠡ ᠳᠤ ᠵᠢᠯ ᠪᠦᠷᠢ ᠬᠤᠪᠢᠷᠠᠯᠲᠠ ᠭᠠᠷᠤᠭᠰᠠᠨ ᠠᠴᠠ ᠪᠣᠯᠵᠣ᠂ ᠲᠣᠰ ᠵᠢᠯ ᠤᠨ ᠲᠤᠭ᠎ᠠ ᠪᠠᠷᠢᠮᠲᠠ ᠶᠢ ᠳᠡᠭᠡᠷ᠎ᠡ ᠵᠢᠯ ᠤᠨ ᠬᠢ ᠲᠠᠢ ᠬᠠᠷᠢᠴᠠᠭᠤᠯᠬᠤ᠂ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠶᠢ ᠪᠤᠳᠤᠬᠤ ᠵᠡᠷᠭᠡ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠬᠦ ᠬᠤᠷᠳᠤᠴᠠ ᠶᠢ ᠪᠠᠲᠤᠯᠠᠬᠤ ᠶᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭᠠᠨ ᠤ ᠲᠤᠭ᠎ᠠ ᠬᠢᠭᠡᠳ ᠲᠣᠰ ᠬᠤᠭᠤᠴᠠᠭᠠᠨ ᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠡᠪᠴᠢᠶ᠎ᠡ ᠨᠢ ᠠᠯᠢ ᠴᠢᠳᠠᠬᠤ ᠪᠠᠷ ᠨᠢᠭᠡᠳᠦᠯᠲᠡᠶ ᠪᠣᠯᠵᠣ᠂ ᠳᠡᠭᠡᠷ᠎ᠡ ᠵᠢᠯ ᠤᠨ ᠨᠡᠶᠢᠲᠡᠯᠡᠭᠰᠡᠨ ᠲᠤᠭ᠎ᠠ ᠪᠠᠷᠢᠮᠲᠠ ᠯᠤᠭ᠎ᠠ ᠬᠡᠯᠡᠯᠭᠡ ᠶᠢᠨ ᠵᠥᠷᠢᠶ᠎ᠡ ᠣᠷᠣᠰᠢᠵᠤ ᠪᠠᠶᠢᠨ᠎ᠠ᠃ ᠡᠭᠦᠨ ᠤ ᠭᠤᠣᠯ ᠰᠢᠯᠲᠠᠭᠠᠨ ᠨᠢ᠄ ᠨᠢᠭᠡ ᠳᠤ ᠲᠤᠭ᠎ᠠ ᠪᠦᠷᠢᠳᠬᠡᠯ ᠤᠨ ᠨᠢᠭᠡᠴᠡ ᠶᠢᠨ ᠬᠡᠪᠴᠢᠶᠡᠨ ᠳᠤ ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶᠢᠯᠠᠯ ᠨᠢ ᠬᠡᠪᠴᠢᠶ᠎ᠡ ᠳᠤ ᠬᠦᠷᠴᠦ ᠪᠠᠶᠢᠴᠠᠭᠠᠯᠲᠠ ᠬᠢᠬᠦ ᠬᠡᠪᠴᠢᠶᠡᠨ ᠳᠤ ᠣᠷᠣᠳᠠᠭ᠂ ᠪᠠᠰᠠ ᠵᠠᠷᠢᠮ ᠠᠵᠤ ᠠᠬᠤᠶᠢᠯᠠᠯ ᠨᠢ ᠬᠡᠪᠴᠢᠶ᠎ᠡ ᠪᠠᠨ ᠪᠠᠭ᠎ᠠ ᠪᠣᠯᠭᠠᠭᠰᠠᠨ ᠠᠴᠠ ᠪᠣᠯᠵᠣ ᠪᠠᠶᠢᠴᠠᠭᠠᠯᠲᠠ ᠬᠢᠬᠦ ᠬᠡᠪᠴᠢᠶ᠎ᠡ ᠠᠴᠠ ᠤᠬᠤᠷᠢᠨ ᠭᠠᠷᠳᠠᠭ᠂ ᠪᠠᠰᠠ ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ᠂ ᠳᠠᠮᠫᠤᠷᠠᠬᠤ᠂ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠵᠡᠷᠭᠡ ᠨᠥᠯᠥᠭᠡ ᠲᠠᠢ ᠪᠠᠶᠢᠳᠠᠭ᠃ ᠬᠤᠶᠠᠷ ᠲᠤ ᠬᠡᠰᠡᠭ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠦᠢᠯᠡᠳᠬᠦᠨ ᠤ ᠭᠠᠷᠤᠯᠲᠠ ᠶᠢᠨ ᠲᠤᠭ᠎ᠠ ᠪᠠᠷᠢᠮᠲᠠ ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢᠯ ᠤᠨ ᠪᠠᠶᠢᠴᠠᠭᠠᠯᠲᠠ ᠶᠢ ᠦᠨᠳᠦᠰᠦᠯᠡᠨ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠦᠢᠯᠡᠳᠪᠦᠷᠢᠯᠡᠬᠦ ᠬᠡᠮᠵᠢᠶ᠎ᠡ ᠳᠤ ᠰᠢᠭᠰᠢᠯᠲᠡ ᠬᠢᠪᠡ᠃    ︵3︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠶ︶᠄ ᠬᠤᠲᠠ ᠪᠠᠯᠭᠠᠰᠤ ᠪᠠ ᠬᠥᠳᠡᠭᠡ ᠲᠣᠰᠬᠤᠨ ᠤ ᠡᠯ᠎ᠡ ᠵᠦᠢᠯ ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠶᠢᠨ ᠠᠵᠤ ᠠᠬᠤᠶᠢᠯᠠᠯ᠂ ᠠᠵᠢᠯ ᠦᠢᠯᠡᠰ᠂ ᠵᠠᠰᠠᠭ ᠵᠠᠬᠢᠷᠭᠠᠨ ᠤ ᠨᠢᠭᠡᠴᠡ ᠵᠢᠴᠢ ᠬᠤᠲᠠ ᠪᠠᠯᠭᠠᠰᠤ ᠶᠢᠨ ᠬᠤᠪᠢ ᠶᠢᠨ ᠡᠷᠦᠬᠡ ᠠᠴᠠ ᠶᠠᠪᠤᠭᠳᠠᠭᠤᠯᠬᠤ ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠵᠢᠴᠢ 500 ᠲᠦᠮᠡᠨ ᠲᠥᠭᠦᠷᠢᠭ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢ ᠵᠢᠭᠠᠵᠤ ᠪᠤᠶ᠂ ᠡᠭᠦᠨ ᠳᠤ ᠤᠤᠯ ᠤᠨ ᠬᠡᠪᠰᠢᠭᠰᠡᠨ ᠬᠤᠲᠠ ᠪᠠᠯᠭᠠᠰᠤ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠤᠨ ᠤ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠪᠠᠭᠲᠠᠭᠠᠨ᠎ᠠ᠃    ︵4︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠠᠯᠠᠪᠠᠢ᠄ ᠮᠡᠳᠡᠭᠦᠯᠦᠯᠲᠡ ᠶᠢᠨ ᠬᠤᠭᠤᠴᠠᠭᠠᠨ ᠳᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠭᠰᠠᠨ ᠭᠡᠷ᠎ᠡ ᠶᠢᠨ ᠶᠡᠷᠦᠩᠬᠡᠢ ᠲᠠᠯᠠᠪᠠᠢ ︵ᠲᠤᠬᠠᠶᠢᠯᠠᠪᠠᠯ ᠬᠤᠶᠠᠷ ᠡᠲᠡᠭᠡᠳ ᠤᠨ ᠭᠠᠷ ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭᠠᠯᠠᠬᠤ ᠭᠡᠷ᠎ᠡ ᠳᠤ ᠨᠤᠲᠠᠯᠠᠨ ᠲᠣᠭᠲᠠᠭᠠᠭᠰᠠᠨ ᠪᠠᠷᠢᠯᠭ᠎ᠠ ᠶᠢᠨ ᠲᠠᠯᠠᠪᠠᠢ︶ ᠶᠢ ᠵᠢᠭᠠᠵᠤ ᠪᠠᠶᠢᠨ᠎ᠠ᠃ ᠲᠣᠰ ᠭᠦᠢᠴᠡᠳᠭᠡᠯ ᠲᠤᠭ᠎ᠠ ᠨᠢ ᠬᠤᠷᠠᠮᠳᠤᠯ ᠲᠤᠭ᠎ᠠ ᠪᠠᠷᠢᠮᠲᠠ᠃    ᠪᠦᠷᠢᠳᠬᠡᠬᠦ ᠬᠡᠪᠴᠢᠶ᠎ᠡ᠄ ᠨᠡᠭᠡᠭᠡᠨ ᠡᠵᠡᠩᠨᠡᠬᠦ ᠠᠵᠢᠯᠯᠠᠭ᠎ᠠ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ ᠪᠥᠬᠦ ᠬᠠᠤᠯᠢ ᠶᠢᠨ ᠡᠷᠬᠡᠲᠡᠨ ᠤ ᠨᠢᠭᠡᠴᠡ᠃    ᠪᠠᠶᠢᠴᠠᠭᠠᠬᠤ ᠠᠷᠭ᠎ᠠ ᠮᠠᠶ᠋ᠢᠭ᠄ ᠰᠠᠷ᠎ᠠ ᠰᠠᠷ᠎ᠠ ︵1 ᠳ᠋ᠤᠭᠡᠷ ᠰᠠᠷ᠎ᠠ ᠠᠴᠠ ᠭᠠᠳᠠᠨ᠎ᠠ︶ ᠪᠠᠷ ᠪᠦᠬᠦ ᠲᠠᠯ᠎ᠠ ᠶᠢᠨ ᠪᠠᠶᠢᠴᠠᠭᠠᠯᠲᠠ ᠬᠢᠨ᠎ᠡ᠃    ︵5︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠤᠭ᠎ᠠ᠄ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠲᠣᠰ ᠵᠢᠯ ᠳᠤ ᠲᠠᠸᠠᠷ ᠤᠨ ᠭᠡᠷ ᠪᠠᠶᠢᠰᠢᠩ ᠢ ᠬᠤᠳᠠᠯᠳᠤᠬᠤ ᠭᠡᠷ᠎ᠡ ᠶᠢᠨ ᠪᠦᠭᠦ ᠦᠨ᠎ᠡ ᠶᠢᠨ ᠵᠣᠭᠤᠰ ︵ᠲᠤᠬᠠᠶᠢᠯᠠᠪᠠᠯ ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭᠠᠯᠠᠬᠤ ᠭᠡᠷ᠎ᠡ ᠳᠤ ᠲᠣᠭᠲᠠᠭᠠᠭᠰᠠᠨ ᠭᠡᠷ᠎ᠡ ᠶᠢᠨ ᠪᠦᠭᠦ ᠦᠨ᠎ᠡ ᠶᠢ ᠵᠢᠭᠠᠵᠤ ᠪᠠᠶᠢᠨ᠎ᠠ︶᠃ ᠲᠣᠰ ᠭᠦᠢᠴᠡᠳᠭᠡᠯ ᠲᠤᠭ᠎ᠠ ᠨᠢ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ ᠲᠠᠯᠠᠪᠠᠢ ᠲᠠᠢ ᠠᠳᠠᠯᠢ᠃    ︵6︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠄ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶ ᠨᠢ ᠠᠷᠠᠯᠵᠢᠶᠠᠯᠠᠬᠤ ᠪᠠᠷ ᠳᠠᠮᠵᠢᠭᠤᠯᠤᠨ ᠬᠤᠪᠢ ᠬᠥᠮᠦᠨ᠂ ᠨᠡᠶᠢᠭᠡᠮ ᠤᠨ ᠪᠦᠯᠦᠭᠯᠡᠯ ᠤᠨ ᠦᠢᠯᠡᠳᠪᠦᠷᠢᠯᠡᠯ ᠤᠨ ᠪᠤᠰᠤ᠂ ᠡᠵᠡᠩᠨᠡᠯᠲᠡ ᠶᠢᠨ ᠪᠤᠰᠤ ᠬᠡᠷᠡᠭᠯᠡᠭᠡᠨ ᠤ ᠪᠣᠳᠠᠲᠤ ᠲᠠᠸᠠᠷ ᠤᠨ ᠵᠣᠭᠤᠰ ᠤᠨ ᠲᠤᠭ᠎ᠠ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠠᠳ ᠣᠯᠤᠭᠰᠠᠨ ᠣᠷᠣᠯᠭ᠎ᠠ ᠶᠢᠨ ᠵᠣᠭᠤᠰ ᠤᠨ ᠲᠤᠭ᠎ᠠ ᠶᠢ ᠵᠢᠭᠠᠵᠤ ᠪᠣᠶ᠃ ᠬᠤᠪᠢ ᠬᠥᠮᠦᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠪᠠ ᠬᠢᠯᠢ ᠳᠤ ᠣᠷᠣᠵᠤ ᠢᠷᠡᠭᠰᠡᠨ ᠬᠥᠮᠦᠰ ᠪᠠᠭᠲᠠᠨ᠎ᠠ᠂ ᠨᠡᠶᠢᠭᠡᠮ ᠤᠨ ᠪᠦᠯᠦᠭᠯᠡᠯ ᠳᠤ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠴᠡᠷᠢᠭ ᠠᠩᠭᠢ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠠᠭᠤᠭᠠᠯᠢ ᠠᠷᠠᠳ ᠤᠨ ᠵᠥᠪᠯᠡᠯ ᠪᠤᠶᠤ ᠭᠠᠴᠠᠭᠠᠨ ᠤ ᠠᠷᠠᠳ ᠤᠨ ᠵᠥᠪᠯᠡᠯ ᠵᠡᠷᠭᠡᠪᠠᠭᠲᠠᠨ᠎ᠠ᠃    ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠪᠦᠷᠢᠳᠬᠡᠬᠦ ᠬᠡᠪᠴᠢᠶ᠎ᠡ ᠪᠣᠯ᠄ ᠲᠠᠸᠠᠷ ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠬᠢᠵᠦ ᠪᠠᠶᠢᠭ᠎ᠠ ᠪᠤᠶᠤ ᠬᠤᠭᠤᠯᠠ ᠤᠮᠳᠠᠭᠠᠨ ᠤ ᠦᠢᠯᠡᠴᠢᠯᠡᠭᠡᠨ ᠬᠠᠩᠭᠠᠵᠤ ᠪᠠᠶᠢᠭ᠎ᠠ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠣᠯᠤᠨ ᠬᠤᠪᠢ ᠶᠢᠨ ᠡᠷᠦᠬᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠭᠡᠳᠡᠭ ᠨᠢ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 200 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠬᠤᠨᠤᠭ ᠪᠠ ᠬᠤᠭᠤᠯᠠ ᠤᠮᠳᠠᠭᠠᠨ ᠤ ᠠᠵᠤ ᠠᠬᠤᠶᠢᠯᠠᠯ ︵ᠨᠢᠭᠡᠴᠡ᠂ ᠬᠤᠪᠢ ᠶᠢᠨᠡᠷᠦᠬᠡ︶ ᠢ ᠵᠢᠭᠠᠵᠤ ᠪᠤᠶ᠃   ︵7︶ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠭᠡᠳᠡᠭ ᠨᠢ ᠰᠠᠭᠤᠭᠠᠯᠢ ᠠᠷᠠᠳ ᠤᠨ ᠬᠠᠮᠤᠭ ᠡᠴᠦᠰ ᠤᠨ ᠬᠡᠷᠡᠭᠯᠡᠭᠡᠨ ᠤ ᠵᠠᠷᠤᠯᠭ᠎ᠠ ᠪᠠ ᠬᠠᠳᠠᠭᠠᠯᠠᠮᠵᠢ ᠶᠢᠨ ᠨᠡᠶᠢᠯᠡᠪᠦᠷᠢ ᠶᠢ ᠵᠢᠭᠠᠵᠤ ᠪᠠᠶᠢᠨ᠎ᠠ᠂ ᠲᠤᠬᠠᠶᠢᠯᠠᠪᠠᠯ ᠰᠠᠭᠤᠭᠠᠯᠢ ᠠᠷᠠᠳ ᠤᠨ ᠴᠢᠯᠥᠭᠡᠲᠡᠢ ᠪᠠᠷ ᠡᠵᠡᠮᠳᠡᠵᠦ ᠪᠣᠯᠬᠤ ᠣᠷᠣᠯᠭ᠎ᠠ ᠪᠣᠯᠤᠨ᠎ᠠ᠂ ᠡᠭᠦᠨ ᠳᠤ ᠪᠡᠯᠡᠨ ᠵᠣᠭᠤᠰ ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ ᠤᠨ ᠣᠷᠣᠯᠭ᠎ᠠ ᠴᠤ ᠪᠠᠭᠲᠠᠨ᠎ᠠ᠃ ᠣᠷᠣᠯᠭ᠎ᠠ ᠶᠢᠨ ᠢᠷᠡᠯᠲᠡ ᠶᠣᠰᠣᠭᠠᠷ᠂ ᠡᠵᠡᠮᠳᠡᠵᠦ ᠪᠣᠯᠬᠤ ᠣᠷᠣᠯᠭ᠎ᠠ ᠳᠤ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠪᠠᠭᠲᠠᠨ᠎ᠠ᠃   ︵8︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ ︵Consumerpriceindex᠂ ᠳᠥᠭᠦᠮᠴᠢᠯᠡᠭᠡᠳ CPI ᠭᠡᠳᠡᠭ︶᠄ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠢᠷᠢ ᠬᠡᠮᠵᠢᠶ᠎ᠡ ᠶᠢᠨ ᠴᠠᠭ ᠤᠨ ᠬᠤᠪᠢᠷᠠᠯᠲᠠ ᠶᠢ ᠳᠠᠭᠠᠯᠳᠤᠨ ᠬᠤᠪᠢᠷᠠᠬᠤ ᠬᠠᠷᠢᠴᠠᠩᠭᠤᠶ ᠲᠤᠭ᠎ᠠ ᠶᠢ ᠬᠡᠮᠵᠢᠵᠦ᠂ ᠰᠠᠭᠤᠭᠠᠯᠢ ᠠᠷᠠᠳ ᠤᠨ ᠬᠤᠳᠠᠯᠳᠤᠨ ᠠᠪᠤᠭᠰᠠᠨ ᠠᠮᠢᠳᠤᠷᠠᠯ ᠤᠨ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠶᠡᠷᠦᠩᠬᠡᠶᠢᠯᠡᠨ ᠲᠤᠰᠬᠠᠨ᠎ᠠ᠃   ︵9︶ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠶᠢᠨ ᠢᠯᠡᠳᠬᠡᠭᠴᠢ ᠲᠤᠭ᠎ᠠ᠄ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠲᠤᠭ᠎ᠠ ︵Producerpriceindexforlndustrial Products᠂ ᠳᠥᠭᠦᠮᠴᠢᠯᠡᠭᠡᠳ PPI ᠭᠡᠳᠡᠭ︶ ᠪᠣᠯᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠶᠢ ᠪᠠᠭᠲᠠᠭᠠᠨ᠎ᠠ᠃    ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠲᠤᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠢ ᠠᠩᠬ᠎ᠠ ᠤᠳᠠᠭ᠎ᠠ ᠬᠤᠳᠠᠯᠳᠤᠬᠤ ᠦᠶ᠎ᠡ ᠶᠢᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠠᠪᠰᠠᠷ ᠤᠨ ᠣᠷᠣᠭᠤᠯᠤᠯᠲᠠ ᠪᠣᠯᠬᠤ ᠦᠢᠯᠡᠳᠬᠦᠨ ᠤ ᠬᠤᠳᠠᠯᠳᠤᠨ ᠠᠪᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃    ︵10︶ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ᠂ ᠦᠨᠢᠶᠡᠨ ᠰᠦ ᠶᠢᠨ ᠭᠠᠷᠤᠯᠲᠠ᠂ ᠭᠠᠭ᠋ᠠᠶ ᠦᠬᠡᠷ ᠬᠤᠨᠢ ᠵᠢᠭᠦᠷᠲᠡᠨ ᠤ ᠪᠠᠶᠢᠭ᠎ᠠ ᠲᠤᠭ᠎ᠠ᠂ ᠦᠨ᠎ᠡ ᠬᠠᠩᠰᠢ ᠶᠢᠨ ᠵᠢᠭᠠᠯᠲᠠ ᠲᠤᠭ᠎ᠠ᠂ ᠰᠠᠭᠤᠭᠠᠯᠢ ᠠᠷᠠᠳ ᠤᠨ ᠣᠷᠣᠯᠭ᠎ᠠ ᠶᠢᠨ ᠲᠤᠭ᠎ᠠ ᠪᠠᠷᠢᠮᠲᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠠᠴᠠ ᠢᠷᠡᠯᠲᠡ ᠲᠠᠢ᠃    ︵11︶ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠦᠭᠰᠡᠨ ᠰᠢᠯᠲᠠᠭᠠᠨ ᠠᠴᠠ ᠪᠣᠯᠵᠣ᠂ ᠶᠡᠷᠦᠩᠬᠡᠶ ᠲᠤᠭ᠎ᠠ ᠨᠢ ᠬᠤᠪᠢᠶᠠᠷᠢ ᠵᠦᠢᠯ ᠲᠠᠢ ᠨᠡᠶᠢᠯᠡᠭᠡᠳ ᠠᠳᠠᠯᠢ ᠥᠬᠡᠶ ᠪᠠᠶᠢᠳᠠᠯ ᠣᠷᠣᠰᠢᠵᠤ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号