ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ | ᠲᠣᠭᠲᠠᠭᠤᠨ ᠪᠠᠶᠢᠵᠤ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ | ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠨ᠂ ᠲᠦᠷᠦᠭᠦᠦ ᠭᠤᠷᠪᠠᠨ ᠤᠯᠠᠷᠢᠯ ᠳᠤ ᠤᠷᠤᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 17876 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ | ᠨᠢᠭᠡ᠂ ᠨᠢᠭᠡᠳᠦᠭᠡᠷ ᠠᠵᠤ ᠦᠢᠯᠡᠰ ᠲᠣᠭᠲᠠᠭᠤᠨ ᠤ ᠳᠤᠮᠳᠠ ᠰᠠᠶᠢᠵᠢᠷᠠᠪᠠ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠨᠢᠭᠡᠳᠦᠭᠡᠷ ᠠᠵᠤ ᠦᠢᠯᠡᠰ 846 ᠳ᠋ᠦᠩᠰᠢᠭᠤᠷ ᠲᠥᠭᠦᠷᠢᠭ ᠤᠨ ᠨᠡᠮᠡᠭᠳᠡᠯ | ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠵᠦ᠂ ᠪᠥᠬᠦ ᠤᠯᠤᠰ ᠤᠨ | ᠳᠤᠮᠳᠠᠴᠢ ᠨᠡᠮᠡᠭᠳᠡᠯ ᠤᠨ ᠬᠤᠷᠳᠤᠴᠠ ᠠᠴᠠ 1.9 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ GDP ᠶᠢᠨ | 4.7% ᠶᠢ ᠡᠵᠡᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 5. | 4% ᠪᠠᠶᠢᠵᠤ᠂ ᠠᠵᠤ ᠠᠬᠤᠶ ᠶᠢᠨ ᠨᠡᠮᠡᠭᠳᠡᠯ ᠢ 0.3 ᠵᠠᠭᠤᠨ ᠤ ᠬᠤᠪᠢ ᠶᠢᠨ ᠴᠡᠭ ᠳᠠᠶᠢᠴᠢᠯᠠᠪᠠ᠃ | ᠬᠤᠶᠠᠷ᠂ ᠬᠤᠶᠠᠳᠤᠭᠠᠷ ᠠᠵᠤ ᠦᠢᠯᠡᠰ ᠤᠨ ᠬᠥᠭᠵᠢᠯᠲᠡ ᠲᠣᠭᠲᠠᠭᠤᠨ᠃ ᠲᠦᠷᠦᠭᠦᠦ ᠭᠤᠷᠪᠠᠨ ᠤᠯᠠᠷᠢᠯ ᠳᠤ᠂ | ᠪᠥᠬᠦ ᠣᠷᠣᠨ ᠤ ᠬᠤᠶᠠᠳᠤᠭᠠᠷ ᠠᠵᠤ ᠦᠢᠯᠡᠰ 9013 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠪᠥᠬᠦ ᠤᠯᠤᠰ ᠤᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ 2.1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ GDP ᠶᠢᠨ 50. | 4% ᠶᠢ ᠡᠵᠡᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 56.5% | ᠪᠠᠶᠢᠵᠤ᠂ ᠠᠵᠤ ᠠᠬᠤᠶ ᠶᠢᠨ ᠨᠡᠮᠡᠭᠳᠡᠯ ᠢ 3.3 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠠᠵᠤ | ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠵᠦ᠂ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 7.0% ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ | ᠨᠡᠮᠡᠷᠢ ᠶᠢᠨ ᠨᠣᠷᠮ᠎ᠠ ᠨᠢ 42.5% ᠪᠣᠯᠵᠠᠶ︔ ᠪᠠᠷᠢᠯᠭ᠎ᠠ ᠶᠢᠨ ᠦᠢᠯᠡᠰ ᠨᠡᠯᠢᠶᠡᠳ ᠲᠦᠷᠭᠡᠨ ᠨᠡᠮᠡᠭᠳᠡᠯ ᠢᠶᠠᠨ | ᠪᠠᠲᠤᠯᠠᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠵᠦ᠂ ᠠᠵᠤ | ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 13.9% ᠪᠣᠯᠵᠠᠶ᠃ | ᠭᠤᠷᠪᠠ᠂ ᠭᠤᠷᠪᠠᠳᠤᠭᠠᠷ ᠠᠵᠤ ᠦᠢᠯᠡᠰ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ 8017 ᠳ᠋ᠦᠩᠰᠢᠭᠤᠷ ᠲᠥᠭᠦᠷᠢᠭ ᠤᠨ ᠨᠡᠮᠡᠭᠳᠡᠯ | ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠦ᠂ GDP ᠶᠢᠨ 44. | 8% ᠶᠢ ᠡᠵᠡᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 38.2% | ᠪᠠᠶᠢᠵᠤ᠂ ᠠᠵᠤ ᠠᠬᠤᠶ ᠶᠢᠨ ᠨᠡᠮᠡᠭᠳᠡᠯ ᠢ 2.2 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠳᠡᠭᠡᠳᠦ | ᠮᠡᠷᠭᠡᠵᠢᠯ ᠤᠨ ᠦᠢᠯᠡᠴᠢᠯᠡᠭᠡᠨ ᠤ ᠠᠵᠢᠯ ᠲᠥᠷᠥᠯ ᠨᠡᠯᠢᠶᠡᠳ ᠲᠦᠷᠭᠡᠨ ᠨᠡᠮᠡᠭᠳᠡᠵᠦ᠂ ᠮᠡᠳᠡᠭᠡ ᠵᠠᠩᠭᠢ ᠶᠢᠨ | ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.3% ᠨᠡᠮᠡᠭᠳᠡᠵᠦ᠂ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 17.8% | ᠨᠡᠮᠡᠭᠳᠡᠪᠡ᠃ | | |