ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 3909.1 ᠳ᠋ᠦᠩᠰᠢᠭᠤᠷ ᠲᠥᠭᠦᠷᠢᠭ ᠲᠤ ᠬᠦᠷᠴᠦ ︵ᠳᠣᠷᠣᠭᠰᠢ ᠴᠥᠮ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠭᠡᠵᠦ ᠲᠣᠪᠴᠢᠯᠠᠨ᠎ᠠ︶᠂ ᠠᠳᠠᠯᠢ | ᠬᠤᠭᠤᠴᠠᠭᠠᠨ ᠤ ᠬᠢ ᠠᠴᠠ 3.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-8 ᠳ᠋ᠤᠭᠠᠷ | ᠰᠠᠷ᠎ᠠ ᠶᠢᠨ ᠬᠢ ᠠᠴᠠ 0.2 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0. | 6 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ 5 ᠳ᠋ᠤᠭᠠᠷ ᠰᠠᠷ᠎ᠠ ᠠᠴᠠ ᠡᠬᠢᠯᠡᠨ ᠵᠠᠯᠭᠠᠭ᠎ᠠ ᠪᠠᠷ 5 ᠰᠠᠷ᠎ᠠ | ᠳᠡᠭᠡᠭᠰᠢᠯᠡᠬᠦ ᠬᠠᠨᠳᠤᠰᠢ ᠪᠠᠨ ᠪᠠᠲᠤᠯᠠᠪᠠ᠃ | ᠨᠢᠭᠡ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠲᠣᠭᠲᠠᠭᠤᠨ ᠢᠶᠠᠷ ᠬᠥᠭᠵᠢᠪᠡ᠃ ᠲᠦᠷᠦᠭᠦᠦ ᠭᠤᠷᠪᠠᠨ | ᠤᠯᠠᠷᠢᠯ ᠳᠤ᠂ ᠪᠥᠬᠦ ᠣᠷᠣᠨ ᠤ ᠬᠤᠲᠠ ᠪᠠᠯᠭᠠᠰᠤ ᠪᠠ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠲᠣᠰ ᠲᠣᠰ 3387.6 ᠳ᠋ᠦᠩᠰᠢᠭᠤᠷ ᠲᠥᠭᠦᠷᠢᠭ ᠪᠠ 521.6 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.3% ᠪᠠ 4.3% ᠪᠠᠷ | ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ | ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠶᠢᠨ ᠬᠢ ᠠᠴᠠ 1 ᠵᠠᠭᠤᠨ ᠤ ᠬᠤᠪᠢ ᠶᠢᠨ ᠴᠡᠭ ᠲᠦᠷᠭᠡᠨ | ᠪᠣᠯᠪᠠ᠃ | ᠬᠤᠶᠠᠷ᠂ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 3475.8 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.8 ᠵᠠᠭᠤᠨ ᠤ ᠬᠤᠪᠢ ᠶᠢᠨ ᠴᠡᠭ | ᠲᠦᠷᠭᠡᠳᠪᠡ᠃ ᠡᠭᠦᠨ ᠳᠤ᠂ ᠬᠢᠵᠠᠭᠠᠷᠯᠠᠭᠰᠠᠨ ᠨᠢᠭᠡᠴᠢ ᠠᠮᠤ ᠲᠣᠰᠣ ᠢᠳᠡᠭᠡᠨ ᠤ ᠲᠥᠷᠥᠯ᠂ ᠤᠮᠳᠠᠭᠠᠨ ᠤ | ᠲᠥᠷᠥᠯ᠂ ᠠᠷᠢᠬᠢ ᠲᠠᠮᠠᠬᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 19. | 1%᠂ 23.5% ᠪᠠ 5.1% ᠨᠡᠮᠡᠭᠳᠡᠪᠡ︔ ᠡᠳᠦᠷ ᠲᠤᠲᠤᠮ ᠤᠨ ᠬᠡᠷᠡᠭᠰᠡᠯ ᠤᠨ ᠲᠥᠷᠥᠯ ᠪᠠ ᠬᠢᠲᠠᠳ | ᠧᠦ᠋ᠷᠣᠫᠠ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 14.4% ᠪᠠ 4. | 6% ᠨᠡᠮᠡᠭᠳᠡᠪᠡ︔ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ᠂ ᠴᠢᠮᠡᠭᠡ ᠨᠡᠪᠲᠡᠷᠡᠭᠦᠯᠭᠡ ᠶᠢᠨ | ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 63.5% ᠪᠠ 89.3% ᠪᠠᠷ ᠨᠡᠮᠡᠭᠳᠡᠪᠡ᠃ ᠮᠠᠰᠢᠨ ᠲᠡᠷᠭᠡᠨ ᠤ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠲᠦᠷᠭᠡᠳᠴᠦ᠂ ᠪᠥᠬᠦ | ᠣᠷᠣᠨ ᠤ ᠬᠢᠵᠠᠭᠠᠷᠯᠠᠭᠰᠠᠨ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠳᠡᠭᠡᠷ᠎ᠡ ᠬᠠᠭᠠᠰ ᠵᠢᠯ ᠤᠨ ᠬᠢ ᠠᠴᠠ 3.9 ᠵᠠᠭᠤᠨ ᠤ ᠬᠤᠪᠢ ᠶᠢᠨ ᠴᠡᠭ ᠲᠦᠷᠭᠡᠳᠪᠡ᠃ | ᠭᠤᠷᠪᠠ᠂ ᠢᠳᠡᠭᠡᠨ ᠤᠮᠳᠠᠭᠠᠨ ᠤ ᠬᠡᠷᠡᠭᠯᠡᠭᠡ ᠨᠡᠮᠡᠭᠳᠡᠯ ᠢᠶᠠᠨ ᠪᠠᠲᠤᠯᠠᠪᠠ᠃ ᠲᠦᠷᠦᠭᠦᠦ ᠭᠤᠷᠪᠠᠨ ᠤᠯᠠᠷᠢᠯ ᠳᠤ᠂ | ᠰᠠᠭᠤᠭᠠᠯᠢ ᠠᠷᠠᠳ ᠤᠨ ᠭᠠᠳᠠᠭᠰᠢ ᠭᠠᠷᠴᠤ ᠵᠤᠭᠠᠴᠠᠬᠤ ᠬᠦᠰᠡᠯ ᠴᠢᠩᠭᠠᠷᠠᠬᠤ ᠶᠢ ᠳᠠᠭᠠᠯᠳᠤᠨ᠂ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠶ ᠪᠠᠶᠢᠵᠤ᠂ ᠢᠳᠡᠭᠡᠨ ᠤᠮᠳᠠᠭᠠᠨ ᠤ ᠬᠡᠷᠡᠭᠯᠡᠭᠡ ᠶᠢᠨ | ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠪᠠ᠃ ᠪᠥᠬᠦ ᠣᠷᠣᠨ ᠤ ᠢᠳᠡᠭᠡᠨ ᠤᠮᠳᠠᠭᠠᠨ ᠤ ᠣᠷᠣᠯᠭ᠎ᠠ 433.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠵᠦ᠂ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ 5.7 ᠵᠠᠭᠤᠨ ᠤ ᠬᠤᠪᠢ ᠶᠢᠨ ᠴᠡᠭ | ᠥᠨᠳᠥᠷ ᠪᠣᠯᠪᠠ᠃ | ᠳᠥᠷᠪᠡ᠂ ᠰᠦᠯᠵᠢᠶᠡᠨ ᠤ ᠵᠢᠵᠢᠭᠯᠡᠨ ᠪᠣᠷᠣᠯᠠᠭᠤᠯᠬᠤ ᠠᠵᠢᠯᠯᠠᠭ᠎ᠠ ᠦᠷᠭᠦᠯᠵᠢᠯᠡᠨ ᠬᠥᠭᠵᠢᠶᠡᠨ ᠲᠠᠢ ᠶᠠᠪᠤᠭᠳᠠᠵᠤ | ᠪᠠᠶᠢᠨ᠎ᠠ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠨ ᠬᠥᠭᠵᠢᠬᠦ ᠶᠢ ᠳᠠᠭᠠᠯᠳᠤᠨ᠂ ᠳᠠᠪᠬᠤᠴᠠᠭᠰᠠᠨ | ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠪᠠ ᠪᠣᠷᠣᠯᠠᠭᠤᠯᠭ᠎ᠠ ᠶᠢ ᠠᠬᠢᠭᠤᠯᠬᠤ ᠡᠷᠴᠢᠮ ᠴᠢᠩᠭᠠᠷᠠᠵᠤ᠂ | ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠶᠠᠪᠤᠳᠠᠯ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ | ᠪᠣᠷᠣᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ ᠠᠴᠠ 5.9 ᠵᠠᠭᠤᠨ ᠤ ᠬᠤᠪᠢ ᠶᠢᠨ ᠴᠡᠭ | ᠥᠨᠳᠥᠷ ᠪᠣᠯᠵᠣ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ ᠳᠤ | ᠡᠵᠡᠯᠡᠬᠦ ᠬᠤᠪᠢ ᠶᠢᠨ ᠵᠢᠩ ᠨᠢ 8.8% ᠪᠣᠯᠵᠠᠶ᠃ ᠡᠭᠦᠨ ᠳᠤ᠂ ᠬᠢᠵᠠᠭᠠᠷᠯᠠᠭᠰᠠᠨ ᠨᠢᠭᠡᠴᠢ ᠶᠢᠨ ᠰᠦᠯᠵᠢᠶᠡᠨ | ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠤᠭ᠎ᠠ ᠡᠨᠡ ᠵᠢᠯ ᠠᠴᠠ ᠨᠠᠰᠢᠬᠢ ᠬᠤᠶᠠᠷ ᠣᠷᠣᠨᠲᠤ ᠲᠤᠭ᠎ᠠ ᠶᠢᠨ | ᠨᠡᠮᠡᠭᠳᠡᠯ ᠤᠨ ᠬᠠᠨᠳᠤᠰᠢ ᠪᠠᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 30.6% ᠪᠠᠷ ᠨᠡᠮᠡᠭᠳᠡᠪᠡ᠃ |